ᠵᠠᠰᠠᠭ ᠵᠠᠬᠢᠷᠭᠠᠨ ᠤ ᠬᠠᠤᠯᠢ ᠶᠢᠨ ᠲᠤᠰᠠᠯᠠᠮᠵᠢ ᠶᠢᠨ ᠬᠢᠨᠠᠨ ᠵᠥᠪᠰᠢᠶᠡᠷᠡᠯ
ᠨᠡᠶᠢᠲᠡᠯᠡᠭᠰᠡᠨ ᠴᠠᠭ᠄
2022/5/19
ᠬᠦᠯᠢᠶᠡᠨ ᠰᠢᠢᠳᠪᠦᠷᠢᠯᠡᠬᠦ ᠨᠥᠬᠦᠴᠡᠯ        ᠬᠠᠤᠯᠢ ᠴᠠᠭᠠᠵᠠ ᠶᠢᠨ ᠲᠤᠰᠠᠯᠠᠮᠵᠢ ᠬᠦᠷᠲᠡᠬᠦ ᠡᠲᠡᠭᠡᠳ᠄        ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠪᠠᠲᠤᠯᠠᠬᠤ ᠶᠢᠨ ᠲᠥᠯᠥᠭᠡ ᠬᠠᠪᠰᠤᠷᠤᠯᠭ᠎ᠠ ᠬᠦᠷᠲᠡᠬᠦ ᠴᠢᠬᠤᠯᠠᠲᠠᠢ ᠴᠦ ᠠᠵᠤ ᠠᠬᠤᠢ ᠶᠢᠨ ᠬᠦᠴᠢᠷᠳᠡᠯ ᠠᠴᠠ ᠪᠣᠯᠵᠤ ᠬᠠᠤᠯᠢ ᠴᠠᠭᠠᠵᠠ ᠶᠢᠨ ᠦᠢᠯᠡᠴᠢᠯᠡᠭᠡᠨ ᠤ ᠰᠦᠢᠳᠬᠡᠯ ᠢ ᠳᠥᠯᠥᠬᠦ ᠴᠢᠳᠠᠪᠤᠷᠢ ᠦᠭᠡᠢ ᠠᠷᠠᠳ ᠢᠷᠭᠡᠨ᠃ ᠵᠠᠭᠠᠯᠳᠤᠭᠳᠠᠭᠴᠢ ᠨᠢ ᠰᠣᠬᠤᠷ᠂ ᠳᠦᠯᠡᠢ᠂ ᠶᠠᠪᠠ᠂ ᠵᠡᠮᠳᠡᠭ ᠬᠥᠮᠥᠨ ᠪᠤᠶᠤ ᠨᠠᠰᠤᠨ ᠳᠤ ᠦᠯᠦ ᠬᠦᠷᠦᠭᠰᠡᠦᠠ ᠮᠥᠷᠲᠡᠭᠡᠨ ᠥᠮᠥᠭᠯᠡᠭᠴᠢ ᠳᠤ ᠨᠠᠶᠢᠳᠠᠭᠰᠠᠨ ᠦᠭᠡᠢ᠃ ᠵᠠᠭᠠᠯᠳᠤᠭᠳᠠᠭᠴᠢ ᠠᠯᠠᠬᠤ ᠡᠷᠡᠭᠦᠦ ᠪᠠᠷ ᠰᠢᠢᠳᠬᠡᠭᠳᠡᠬᠦ ᠪᠣᠯᠣᠯᠴᠠᠭ᠎ᠠ ᠲᠠᠢ ᠴᠦ ᠥᠮᠥᠭᠯᠡᠭᠴᠢ ᠳᠤ ᠨᠠᠶᠢᠳᠠᠭᠰᠠᠨ ᠦᠭᠡᠢ ᠃ ᠠᠷᠠᠳ ᠤᠨ ᠰᠢᠭᠦᠬᠦ ᠬᠤᠷᠢᠶᠠᠨ ᠠᠴᠠ ᠥᠮᠥᠭᠯᠡᠬᠦ ᠪᠠᠷ ᠵᠢᠭᠠᠨ ᠲᠣᠭᠲᠠᠭᠠᠭᠰᠠᠨ ᠪᠤᠰᠤᠳ ᠡᠷᠡᠭᠦᠦ ᠶᠢᠨ ᠬᠡᠷᠡᠭ ᠤᠨ ᠵᠠᠭᠠᠯᠳᠤᠭᠳᠠᠭᠴᠢ᠃        ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ᠄        1. ᠬᠠᠤᠯᠢ ᠴᠠᠭᠠᠵᠠ ᠶᠢᠨ ᠲᠤᠰᠠᠯᠠᠮᠵᠢ ᠭᠤᠶᠤᠴᠢᠯᠠᠭᠰᠠᠨ ᠤᠴᠢᠷ ᠰᠢᠯᠲᠠᠭᠠᠨ ᠨᠢ ᠠᠷᠤ ᠬᠤᠷᠴᠢᠨ ᠬᠤᠰᠢᠭᠤᠨ ᠤ ᠬᠠᠷᠢᠶ᠎ᠠ ᠣᠷᠣᠨ ᠳᠤ ᠡᠭᠦᠰᠦᠭᠰᠡᠨ ᠪᠥᠭᠡᠳ ᠠᠷᠤ ᠬᠤᠷᠴᠢᠨ ᠬᠤᠰᠢᠭᠤᠨ ᠤ ᠰᠢᠭᠦᠬᠦ ᠬᠤᠷᠢᠶ᠎ᠠ ᠵᠢᠴᠢ ᠪᠤᠰᠤᠳ ᠪᠠᠶᠢᠭᠤᠯᠤᠮᠵᠢ ᠶᠢᠨ ᠬᠠᠷᠢᠶᠠᠯᠠᠯ ᠳᠤ ᠬᠠᠷᠢᠶᠠᠯᠠᠭᠳᠠᠨ᠎ᠠ᠃        2. ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠪᠠᠲᠤᠯᠠᠬᠤ ᠬᠠᠤᠯᠢ ᠴᠠᠭᠠᠵᠠ ᠶᠢᠨ ᠲᠤᠰᠠᠯᠠᠮᠵᠢ ᠬᠦᠷᠲᠡᠬᠦ ᠱᠠᠭᠠᠷᠳᠠᠯᠭ᠎ᠠ ᠲᠠᠢ ᠪᠠᠶᠢᠬᠤ ᠶᠢ ᠭᠡᠷᠡᠴᠢᠯᠡᠬᠦ ᠭᠦᠢᠴᠡᠳ ᠰᠢᠯᠲᠠᠭᠠᠨ᠂ ᠭᠡᠷᠡᠴᠢ ᠪᠠᠷᠢᠮᠲᠠ ᠲᠠᠢ ᠮᠥᠷᠲᠡᠭᠡᠨ ᠡᠷᠬᠡ ᠪᠠᠨ ᠪᠡᠶᠡᠯᠡᠭᠦᠯᠬᠦ ᠪᠣᠯᠣᠯᠴᠠᠭ᠎ᠠ ᠲᠠᠢ ᠪᠠᠶᠢᠬᠤ᠃        3. ᠠᠵᠤ ᠠᠬᠤᠢ ᠶᠢᠨ ᠬᠦᠴᠢᠷᠳᠡᠯ ᠠᠴᠠ ᠪᠣᠯᠵᠤ ᠬᠠᠤᠯᠢ ᠴᠠᠭᠠᠵᠠ ᠶᠢᠨ ᠦᠢᠯᠡᠴᠢᠯᠡᠭᠡᠨ ᠤ ᠵᠠᠷᠤᠳᠠᠯ ᠢ ᠲᠦᠯᠦᠭᠦ ᠴᠢᠳᠠᠪᠤᠷᠢ ᠦᠭᠡᠢ ᠪᠤᠶᠤ ᠲᠥᠯᠥᠬᠦ ᠪᠦᠷᠢᠨ ᠴᠢᠳᠠᠪᠤᠷᠢ ᠦᠭᠡᠢ ᠪᠠᠶᠢᠬᠤ᠃ᠲᠣᠭᠲᠠᠭᠠᠭᠰᠠᠨ ᠦᠨᠳᠦᠰᠦᠯᠡᠯ      【 ᠵᠠᠰᠠᠭ ᠵᠠᠬᠢᠷᠭᠠᠨ ᠤ ᠬᠠᠤᠯᠢ ᠲᠣᠭᠲᠠᠭᠠᠯ】︽ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 385 ᠳ᠋ᠤᠭᠠᠷ ᠲᠣᠭᠠᠲᠤ︶ ᠤᠨ ᠠᠷᠪᠠᠨ ᠨᠠᠢᠮᠠᠳᠤᠭᠠᠷ ᠵᠤᠷᠪᠤᠰ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠢ ᠣᠯᠣᠭᠰᠠᠨ ᠤ ᠲᠠᠷᠠᠭ᠎ᠠ ᠬᠢᠨᠠᠨ ᠪᠠᠶᠢᠴᠠᠭᠠᠬᠤ ᠬᠡᠷᠡᠭᠲᠡᠢ᠃ ᠭᠤᠶᠤᠴᠢᠯᠠᠭᠴᠢ ᠶᠢᠨ ᠳᠡᠪᠰᠢᠭᠦᠯᠦᠭᠰᠡᠨ ᠦᠨᠡᠮᠯᠡᠯ᠂ ᠭᠡᠷᠡᠴᠢᠯᠡᠬᠦ ᠮᠠᠲ᠋ᠧᠷᠢᠶᠠᠯ ᠨᠢ ᠪᠦᠷᠢᠨ ᠭᠦᠢᠴᠡᠳ ᠪᠤᠰᠤ ᠭᠡᠵᠦ ᠦᠵᠡᠪᠡᠯ᠂ ᠴᠢᠬᠤᠯᠠ ᠪᠦᠬᠦᠢ ᠨᠥᠬᠦᠪᠦᠷᠢ ᠪᠤᠶᠤ ᠲᠣᠳᠣᠷᠬᠠᠶᠢᠯᠠᠯᠲᠠ ᠬᠢᠯᠭᠡᠬᠦ ᠪᠠᠷ ᠭᠤᠶᠤᠴᠢᠯᠠᠭᠴᠢ ᠳᠤ ᠱᠠᠭᠠᠷᠳᠠᠵᠤ᠂ ᠭᠤᠶᠤᠴᠢᠯᠠᠭᠴᠢ ᠱᠠᠭᠠᠷᠳᠠᠯᠭ᠎ᠠ ᠶᠣᠰᠣᠭᠠᠷ ᠨᠥᠬᠦᠪᠦᠷᠢ ᠪᠤᠶᠤ ᠲᠣᠳᠣᠷᠬᠠᠶᠢᠯᠠᠯᠲᠠ ᠬᠢᠭᠰᠡᠨ ᠦᠭᠡᠢ ᠪᠣᠯ ᠭᠤᠶᠤᠴᠢᠯᠠᠯ ᠢᠶᠠᠨ ᠬᠦᠴᠦᠨ ᠦᠭᠡᠢ ᠪᠣᠯᠭᠠᠭᠰᠠᠨ ᠢᠶᠠᠷ ᠪᠤᠳᠤᠨ᠎ᠠ᠃ ᠭᠤᠶᠤᠴᠢᠯᠠᠭᠴᠢ ᠶᠢᠨ ᠲᠤᠰᠢᠶᠠᠭᠰᠠᠨ ᠦᠨᠡᠮᠯᠡᠯ᠂ ᠭᠡᠷᠡᠴᠢᠯᠡᠬᠦ ᠮᠠᠲ᠋ᠧᠷᠢᠶᠠᠯ ᠢ ᠪᠠᠶᠢᠴᠠᠭᠠᠨ ᠲᠣᠳᠣᠯᠠᠬᠤ ᠴᠢᠬᠤᠯᠠᠲᠠᠢ ᠭᠡᠵᠦ ᠦᠵᠡᠪᠡᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠪᠠᠶᠢᠭᠤᠯᠭ᠎ᠠ᠂ ᠨᠢᠭᠡᠴᠢ ᠳᠤ ᠪᠠᠶᠢᠴᠠᠭᠠᠨ ᠲᠣᠳᠣᠯᠠᠯᠲᠠ ᠬᠢᠨ᠎ᠡ᠃        ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠨᠥᠬᠦᠴᠡᠯ ᠳᠤ ᠨᠡᠶᠢᠴᠡᠭᠰᠡᠨ ᠪᠣᠯ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠴᠠᠭ ᠲᠤᠬᠠᠢ ᠳᠤᠨᠢ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠪᠠᠷ ᠲᠣᠭᠲᠠᠭᠠᠨ᠎ᠠ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠦᠭᠡᠢ ᠪᠣᠯ ᠭᠤᠶᠤᠴᠢᠯᠠᠭᠴᠢ ᠳᠤ ᠤᠴᠢᠷ ᠰᠢᠯᠲᠠᠭᠠᠨ ᠢ ᠪᠢᠴᠢᠭ ᠢᠶᠠᠷ ᠮᠡᠳᠡᠭᠳᠡᠬᠦ ᠬᠡᠷᠡᠭᠲᠡᠢ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠲᠢᠶᠠᠨ ᠶᠤᠸᠠᠨ ᠶᠡᠭᠡ ᠵᠡᠭᠡᠯᠢ ᠶᠢᠨ ᠡᠮᠦᠨ᠎ᠡ᠂ ᠲᠡᠮᠦᠷ ᠵᠠᠮ ᠤᠨ ᠬᠥᠭᠦᠷᠭᠡ ᠶᠢᠨ ᠵᠡᠭᠦᠨ ︵ᠱᠧᠦ ᠺᠠᠩ ᠢ ᠰᠤᠪᠢᠯᠠᠯᠲᠠ ᠶᠢᠨ ᠬᠦᠷᠢᠶᠡᠯᠡᠩ ᠤᠨ ᠡᠮᠦᠨ᠎ᠡ ᠡᠭᠦᠳᠡᠨ ᠤ ᠶᠡᠭᠡ ᠲᠢᠩᠬᠢᠮ︶ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠤ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠥᠷᠲᠡᠭᠡᠨ ᠳᠤ ᠪᠠᠭᠤᠭᠰᠠᠨ ᠤ ᠳᠠᠷᠠᠭ᠎ᠠ ᠡᠮᠦᠨᠡᠰᠢ 1000 ᠮᠧᠲᠷ ᠤᠨ ᠭᠠᠵᠠᠷ ︵ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠰᠢᠯᠭᠠᠨ ᠪᠠᠶᠢᠴᠠᠭᠠᠬᠤ ᠲᠥᠪ ᠤᠨ ᠪᠠᠷᠠᠭᠤᠨ ᠲᠠᠯ᠎ᠠ ᠶᠢᠨ ᠵᠠᠰᠠᠮᠠᠯ ᠵᠠᠮ ᠢᠶᠠᠷ ᠡᠮᠦᠨᠡᠰᠢ ᠠᠰ ᠶᠠᠪᠤᠨ᠎ᠠ︶᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff80808175aab3dd0175ab0ba56d057c®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号