ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠪᠦᠷᠢ ᠣᠯᠭᠤᠬᠤ
ᠨᠡᠶᠢᠲᠡᠯᠡᠭᠰᠡᠨ ᠴᠠᠭ᠄
2022/5/20
ᠬᠦᠯᠢᠶᠡᠨ ᠰᠢᠢᠳᠪᠦᠷᠢᠯᠡᠬᠦ ᠨᠥᠬᠦᠴᠡᠯ        ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠪᠠᠷ ᠲᠣᠮᠢᠯᠠᠭᠳᠠᠭᠰᠠᠨ ᠬᠠᠤᠯᠢᠴᠢ ᠪᠤᠶᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠲᠣᠬᠢᠷᠠᠭᠤᠯᠤᠯᠲᠠ ᠶᠢ ᠬᠦᠯᠢᠶᠡᠨ ᠠᠪᠤᠭᠰᠠᠨ ᠨᠡᠶᠢᠭᠡᠮ ᠤᠨ ᠵᠣᠬᠢᠶᠠᠨ ᠪᠠᠢᠭᠤᠯᠤᠯᠲᠠ ᠶᠢᠨ ᠠᠵᠢᠯᠲᠠᠨᠲᠣᠭᠲᠠᠭᠠᠭᠰᠠᠨ ᠦᠨᠳᠦᠰᠦᠯᠡᠯ      【ᠵᠠᠰᠠᠭ ᠵᠠᠬᠢᠷᠭᠠᠨ ᠤ ᠬᠠᠤᠯᠢ ᠲᠣᠭᠲᠠᠭᠠᠯ】︽ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 385 ᠳ᠋ᠤᠭᠠᠷ ᠲᠣᠭᠠᠲᠤ︶ ᠤᠨ ᠬᠤᠷᠢᠨ ᠳᠥᠷᠪᠡᠳᠦᠭᠡᠷ ᠵᠤᠷᠪᠤᠰ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠪᠠᠷ ᠲᠣᠮᠢᠯᠠᠭᠳᠠᠭᠰᠠᠨ ᠬᠠᠤᠯᠢᠴᠢ ᠪᠤᠶᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ ᠲᠣᠬᠢᠷᠠᠭᠤᠯᠤᠯᠲᠠ ᠶᠢ ᠬᠦᠯᠢᠶᠡᠨ ᠠᠪᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠬᠡᠷᠡᠭ ᠢ ᠰᠢᠢᠳᠪᠦᠷᠢᠯᠡᠵᠦ ᠳᠠᠭᠤᠰᠬᠠᠬᠤ ᠦᠶ᠎ᠡ ᠳᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠤ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠪᠢᠴᠢᠭ ᠬᠠᠷ᠎ᠠ ᠶᠢᠨ ᠬᠠᠭᠤᠯᠪᠤᠷᠢ ᠳᠡᠪᠲᠡᠷ ᠪᠤᠶᠤ ᠬᠠᠭᠤᠯᠪᠤᠷᠢ ᠳᠠᠷᠤᠮᠠᠯᠯᠠᠯ ᠵᠢᠴᠢ ᠬᠡᠷᠡᠭ ᠢ ᠳᠠᠭᠤᠰᠬᠠᠭᠰᠠᠨ ᠮᠡᠳᠡᠭᠦᠯᠦᠯᠲᠡ ᠵᠡᠷᠭᠡ ᠮᠠᠲ᠋ᠧᠷᠢᠶᠠᠯ ᠢ ᠲᠤᠰᠢᠶᠠᠬᠤ ᠬᠡᠷᠡᠭᠲᠡᠢ᠃        ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠳᠡᠭᠡᠷᠡᠬᠢ ᠲᠣᠭᠲᠠᠭᠠᠯ ᠳᠤ ᠳᠤᠷᠠᠳᠤᠭᠰᠠᠨ ᠬᠡᠷᠡᠭ ᠢ ᠳᠠᠭᠤᠰᠬᠠᠬᠤ ᠮᠠᠲ᠋ᠧᠷᠢᠶᠠᠯ ᠢ ᠣᠯᠣᠭᠰᠠᠨ ᠤ ᠲᠠᠷᠠᠭ᠎ᠠ᠂ ᠲᠣᠮᠢᠯᠠᠯᠲᠠ ᠬᠦᠯᠢᠶᠡᠵᠦ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠭᠰᠡᠨ ᠬᠠᠤᠯᠢᠴᠢ ᠪᠤᠶᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ  ᠲᠣᠬᠢᠷᠠᠭᠤᠯᠤᠯᠲᠠ ᠶᠢ ᠬᠦᠯᠢᠶᠡᠵᠦ ᠠᠪᠤᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠰᠢᠢᠳᠪᠦᠷᠢᠯᠡᠭᠰᠡᠨ ᠨᠥᠬᠦᠪᠦᠷᠢ ᠥᠭᠬᠦ ᠬᠡᠷᠡᠭᠲᠡᠢ᠃        ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠰᠢᠢᠳᠪᠦᠷᠢᠯᠡᠭᠰᠡᠨ ᠨᠥᠬᠦᠪᠦᠷᠢ ᠶᠢᠨ ᠪᠠᠷᠢᠮᠵᠢᠶ᠎ᠠ ᠶᠢ ᠮᠤᠵᠢ ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠦᠨᠳᠦᠰᠦᠯᠡᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ ᠡᠯ᠎ᠡ ᠲᠦᠷᠦᠯ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠭᠰᠡᠨ ᠳᠤᠮᠳᠠᠴᠢ ᠥᠪᠡᠷ ᠤᠨ ᠦᠷᠳᠡᠭ ᠵᠡᠷᠭᠡ ᠬᠦᠴᠦᠨ ᠵᠦᠢᠯ ᠢᠶᠠᠷ ᠯᠠᠪᠯᠠᠯᠲᠠ ᠪᠣᠯᠭᠠᠵᠤ ᠬᠢᠨᠠᠨ ᠲᠣᠭᠲᠠᠭᠠᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠲᠣᠬᠢᠷᠠᠭᠤᠯᠵᠤ ᠪᠣᠯᠣᠨ᠎ᠠ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠲᠢᠶᠠᠨ ᠶᠤᠸᠠᠨ ᠶᠡᠭᠡ ᠵᠡᠭᠡᠯᠢ ᠶᠢᠨ ᠡᠮᠦᠨ᠎ᠡ᠂ ᠲᠡᠮᠦᠷ ᠵᠠᠮ ᠤᠨ ᠬᠥᠭᠦᠷᠭᠡ ᠶᠢᠨ ᠵᠡᠭᠦᠨ ︵ᠱᠧᠦ ᠺᠠᠩ ᠢ ᠰᠤᠪᠢᠯᠠᠯᠲᠠ ᠶᠢᠨ ᠬᠦᠷᠢᠶᠡᠯᠡᠩ ᠤᠨ ᠡᠮᠦᠨ᠎ᠡ ᠡᠭᠦᠳᠡᠨ ᠤ ᠶᠡᠭᠡ ᠲᠢᠩᠬᠢᠮ︶ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠳᠤ ᠰᠠᠭᠤᠵᠤ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠥᠷᠲᠡᠭᠡᠨ ᠳᠤ ᠪᠠᠭᠤᠭᠰᠠᠨ ᠤ ᠳᠠᠷᠠᠭ᠎ᠠ ᠡᠮᠦᠨᠡᠰᠢ 1000 ᠮᠧᠲᠷ ᠤᠨ ᠭᠠᠵᠠᠷ ︵ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠰᠢᠯᠭᠠᠨ ᠪᠠᠶᠢᠴᠠᠭᠠᠬᠤ ᠲᠥᠪ ᠤᠨ ᠪᠠᠷᠠᠭᠤᠨ ᠲᠠᠯ᠎ᠠ ᠶᠢᠨ ᠵᠠᠰᠠᠮᠠᠯ ᠵᠠᠮ ᠢᠶᠠᠷ ᠡᠮᠦᠨᠡᠰᠢ ᠠᠰ ᠶᠠᠪᠤᠨ᠎ᠠ︶᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff80808175c0fc640175cfe981cb2138®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号