ᠬᠦᠯᠢᠶᠡᠨ ᠰᠢᠢᠳᠪᠦᠷᠢᠯᠡᠬᠦ ᠨᠥᠬᠦᠴᠡᠯ | ︵ᠨᠢᠭᠡ︶ ᠵᠥᠪᠰᠢᠶᠡᠷᠡᠬᠦ ᠨᠥᠬᠦᠴᠡᠯ᠄ 1. ᠭᠤᠶᠤᠴᠢᠯᠠᠭᠰᠠᠨ ᠵᠦᠢᠯ ᠨᠢ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠬᠤ᠃ 2. ᠭᠤᠶᠤᠴᠢᠯᠠᠭᠴᠢ ᠶᠢᠨ ᠲᠤᠰᠢᠶᠠᠭᠰᠠᠨ | ᠭᠤᠶᠤᠴᠢᠯᠠᠯ ᠤᠨ ᠮᠠᠲ᠋ᠧᠷᠢᠶᠠᠯ ᠨᠢ ᠬᠠᠤᠯᠢ ᠳᠤ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠬᠦ᠃ 3. ᠭᠤᠶᠤᠴᠢᠯᠠᠭᠴᠢ | ᠵᠠᠰᠠᠭ ᠵᠠᠬᠢᠷᠭᠠᠨ ᠤ ᠵᠥᠪᠰᠢᠶᠡᠷᠡᠯ ᠢ ᠭᠦᠢᠴᠡᠳᠬᠡᠬᠦ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠱᠠᠭᠠᠷᠳᠠᠯᠭ᠎ᠠ | ᠶᠣᠰᠣᠭᠠᠷ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ ᠮᠠᠲ᠋ᠧᠷᠢᠶᠠᠯ ᠢ ᠪᠦᠷᠢᠨ ᠭᠦᠢᠴᠡᠳ ᠬᠠᠩᠭᠠᠭᠰᠠᠨ ᠪᠤᠶᠤ ᠪᠦᠷᠢᠨ | ᠭᠦᠢᠴᠡᠳ ᠨᠥᠬᠦᠪᠦᠷᠢᠯᠡᠭᠰᠡᠨ᠃ ︵ᠬᠤᠶᠠᠷ︶ ᠥᠯᠥ ᠵᠥᠪᠰᠢᠶᠡᠷᠡᠬᠦ ᠪᠠᠶᠢᠳᠠᠯ᠄ 1᠂ ᠭᠤᠶᠤᠴᠢᠯᠠᠭᠰᠠᠨ ᠵᠦᠢᠯ ᠨᠢ | ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠣᠰᠣᠨ ᠤ ᠡᠷᠬᠡ ᠲᠤᠰᠢᠶᠠᠯ ᠤᠨ ᠬᠡᠪᠴᠢᠶᠡᠨ ᠳᠤ | ᠬᠠᠷᠢᠶᠠᠯᠠᠭᠳᠠᠬᠤ ᠦᠭᠡᠢ᠃ 2 ᠭᠤᠶᠤᠴᠢᠯᠠᠭᠴᠢ ᠶᠢᠨ ᠳᠡᠪᠰᠢᠭᠦᠯᠦᠭᠰᠡᠨ ᠭᠤᠶᠤᠴᠢᠯᠠᠯ ᠤᠨ ᠮᠠᠲ᠋ᠧᠷᠢᠶᠠᠯ ᠨᠢ ᠪᠣᠳᠠᠲᠠᠢ | ᠲᠠᠢ ᠨᠡᠶᠢᠴᠡᠬᠦ ᠦᠭᠡᠢ᠃ ︵ᠭᠤᠷᠪᠠ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠪᠠᠶᠢᠳᠠᠯ᠄ ᠬᠢᠨᠠᠨ ᠵᠥᠪᠰᠢᠶᠡᠷᠡᠬᠦ | ᠲᠤᠭ᠎ᠠ ᠬᠡᠮᠵᠢᠶᠡᠨ ᠤ ᠬᠢᠵᠠᠭᠠᠷᠯᠠᠯ ᠦᠭᠡᠢ᠃ | | ᠲᠣᠭᠲᠠᠭᠠᠭᠰᠠᠨ ᠦᠨᠳᠦᠰᠦᠯᠡᠯ | ︽ᠪᠣᠳᠠᠰ ᠤᠨ ᠡᠷᠬᠡ ᠶᠢᠨ ᠬᠠᠤᠯᠢ︾ ᠶᠢᠨ ᠠᠷᠪᠠᠳᠤᠭᠠᠷ ᠵᠤᠷᠪᠤᠰ᠄ ᠦᠯᠦ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢ ᠦᠯᠦ ᠬᠥᠳᠡᠯᠬᠦ ᠬᠥᠷᠥᠩᠭᠡ ᠶᠢᠨ ᠪᠠᠶᠢᠭ᠎ᠠ ᠭᠠᠵᠠᠷ ᠤᠨ ᠳᠠᠩᠰᠠᠯᠠᠬᠤ ᠪᠠᠶᠢᠭᠤᠯᠤᠮᠵᠢ ᠠᠴᠠ | ᠭᠦᠢᠴᠡᠳᠬᠡᠨ᠎ᠡ᠃ ᠤᠯᠤᠰ ᠠᠴᠠ ᠦᠯᠦ ᠬᠥᠳᠡᠯᠬᠦ ᠬᠥᠷᠥᠩᠭᠡ ᠳᠤ ᠨᠢᠭᠡᠳᠦᠯᠲᠡᠢ ᠳᠠᠩᠰᠠᠯᠠᠬᠤ ᠳᠦᠷᠢᠮ ᠢ | ᠬᠡᠷᠡᠭᠵᠢᠭᠦᠯᠦᠨ᠎ᠡ᠃ ᠨᠢᠭᠡᠳᠦᠯᠲᠡᠢ ᠳᠠᠩᠰᠠᠯᠠᠬᠤ ᠬᠦᠷᠢᠶ᠎ᠡ ᠬᠡᠪᠴᠢᠶ᠎ᠡ᠂ ᠳᠠᠩᠰᠠᠯᠠᠬᠤ ᠪᠠᠶᠢᠭᠤᠯᠤᠮᠵᠢ ᠪᠠ ᠳᠠᠩᠰᠠᠯᠠᠬᠤ | ᠠᠷᠭ᠎ᠠ ᠶᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠨ᠎ᠠ᠃ | ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ︾ ︵ᠲᠥᠷᠥ ᠶᠢᠨ | ᠶᠠᠪᠤᠳᠠᠯ ᠤᠨ ᠬᠤᠷᠢᠶᠠᠨ ᠤ ᠵᠠᠷᠯᠢᠭ 656 ᠳ᠋ᠤᠭᠠᠷ ᠲᠣᠭᠠᠲᠤ︶ ᠤᠨ ᠭᠤᠷᠪᠠᠳᠤᠭᠠᠷ ᠵᠤᠷᠪᠤᠰ᠄ ᠥᠯᠥ ᠬᠥᠳᠡᠯᠬᠦ | ᠬᠥᠷᠥᠩᠭᠡ ᠶᠢ ᠠᠩᠬ᠎ᠠ ᠤᠳᠠᠭ᠎ᠠ ᠳᠠᠩᠰᠠᠯᠠᠬᠤ᠂ ᠬᠤᠪᠢᠷᠠᠭᠤᠯᠬᠤ ᠳᠠᠩᠰᠠᠯᠠᠯᠲᠠ᠂ ᠰᠢᠯᠵᠢᠭᠦᠯᠬᠦ ᠳᠠᠩᠰᠠᠯᠠᠯᠲᠠ᠂ | ᠬᠦᠴᠦᠨ ᠦᠭᠡᠢ ᠪᠣᠯᠭᠠᠬᠤ ᠳᠠᠩᠰᠠᠯᠠᠯᠲᠠ᠂ ᠵᠠᠯᠠᠷᠠᠭᠤᠯᠬᠤ ᠳᠠᠩᠰᠠᠯᠠᠯᠲᠠ᠂ ᠣᠨᠳᠣᠣ ᠰᠠᠨᠠᠯ ᠤᠨ ᠳᠠᠩᠰᠠᠯᠠᠯᠲᠠ᠂ | ᠤᠷᠢᠳᠴᠢᠯᠠᠨ ᠮᠡᠳᠡᠭᠳᠡᠬᠦ ᠳᠠᠩᠰᠠᠯᠠᠯᠲᠠ᠂ ᠪᠠᠶᠢᠴᠠᠭᠠᠨ ᠪᠢᠲᠡᠭᠦᠮᠵᠢᠯᠡᠬᠦ ᠳᠠᠩᠰᠠᠯᠠᠯᠲᠠ ᠵᠡᠷᠭᠡ ᠳᠤ ᠲᠣᠰ ᠳᠦᠷᠢᠮ ᠢ | ᠬᠡᠷᠡᠭᠯᠡᠨ᠎ᠡ᠃ ᠳᠥᠷᠪᠡᠳᠦᠭᠡᠷ ᠵᠤᠷᠪᠤᠰ᠄ ᠤᠯᠤᠰ ᠠᠴᠠ ᠦᠯᠦ ᠬᠥᠳᠡᠯᠬᠦ ᠬᠥᠷᠥᠩᠭᠡ ᠶᠢ ᠨᠢᠭᠡᠳᠦᠯᠲᠡᠢ ᠳᠠᠩᠰᠠᠯᠠᠬᠤ | ᠳᠦᠷᠢᠮ ᠢ ᠬᠡᠷᠡᠭᠵᠢᠭᠦᠯᠦᠨ᠎ᠡ᠃ ᠵᠢᠷᠭᠤᠳᠤᠭᠠᠷ ᠵᠤᠷᠪᠤᠰ᠄ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ | ᠨᠤᠲᠤᠭ ᠳᠡᠪᠢᠰᠬᠡᠷ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠦᠯᠦ | ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠵᠢᠯᠣᠭᠤᠳᠴᠤ᠂ ᠬᠢᠨᠠᠯᠲᠠ ᠲᠠᠯᠪᠢᠨ᠎ᠠ᠃ ᠲᠡᠭᠦᠨ ᠳ᠋ᠦᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢᠭᠡ ᠰᠠᠯᠠᠭ᠎ᠠ ᠮᠥᠴᠢᠷ ᠢ ᠲᠤᠰ | ᠵᠠᠰᠠᠭ ᠵᠠᠬᠢᠷᠭᠠᠨ ᠤ ᠣᠷᠣᠨ ᠤ ᠪᠠᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠪᠠᠶᠢᠭᠤᠯᠤᠮᠵᠢ ᠪᠠᠷ ᠲᠣᠭᠲᠠᠭᠠᠵᠤ᠂ | ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠬᠠᠷᠢᠭᠤᠴᠠᠭᠤᠯᠬᠤ ᠶᠢᠨ ᠬᠠᠮᠲᠤ ᠳᠡᠭᠡᠳᠦ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠵᠢᠯᠣᠭᠤᠳᠤᠯᠭ᠎ᠠ᠂ ᠬᠢᠨᠠᠯᠲᠠ ᠶᠢ ᠬᠦᠯᠢᠶᠡᠬᠦ ᠬᠡᠷᠡᠭᠲᠡᠢ᠃ ᠲᠠᠪᠤᠳᠤᠭᠠᠷ ᠵᠤᠷᠪᠤᠰ᠄ ᠳᠣᠣᠷ᠎ᠠ | ᠵᠢᠭᠰᠠᠭᠠᠭᠰᠠᠨ ᠦᠯᠦ ᠬᠥᠳᠡᠯᠬᠦ ᠬᠥᠷᠥᠩᠭᠡ ᠶᠢᠨ ᠡᠷᠬᠡ ᠶᠢ ᠲᠤᠰ ᠳᠦᠷᠢᠮ ᠤᠨ ᠲᠣᠭᠲᠠᠭᠠᠯ ᠶᠣᠰᠣᠭᠠᠷ | ᠳᠠᠩᠰᠠᠯᠠᠭᠤᠯᠤᠨ᠎ᠠ᠄ ︵ᠨᠢᠭᠡ︶ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ᠃ ︵ᠬᠤᠶᠠᠷ︶ ᠭᠡᠷ | ᠪᠠᠶᠢᠰᠢᠩ ᠵᠡᠷᠭᠡ ᠪᠠᠷᠢᠯᠭ᠎ᠠ᠂ ᠪᠠᠷᠢᠯᠭ᠎ᠠ ᠶᠢᠨ ᠡᠳ᠋ ᠤᠨ ᠥᠮᠴᠢᠯᠡᠬᠦ ᠡᠷᠬᠡ᠃ ︵ᠭᠤᠷᠪᠠ︶ ᠤᠢ ᠰᠢᠭᠤᠢ᠂ ᠤᠢ | ᠮᠣᠳᠣ ᠶᠢᠨ ᠥᠮᠴᠢᠯᠡᠯ ᠤᠨ ᠡᠷᠬᠡ᠃ ( ᠳᠥᠷᠪᠡ ) ᠲᠠᠷᠢᠶᠠᠨ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ | ᠵᠡᠷᠭᠡ ᠶᠢᠨ ᠳᠠᠭᠠᠭᠠᠴᠢᠯᠠᠨ ᠡᠵᠡᠩᠨᠡᠬᠦ ᠡᠷᠬᠡ᠃ ︵ᠲᠠᠪᠤ︶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠷᠡᠭᠯᠡᠬᠦ ᠡᠷᠬᠡ᠃ ︵ᠵᠢᠷᠭᠤᠭ᠎ᠠ︶ ᠣᠷᠣᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ᠃ ( ᠲᠤᠯᠤᠭ᠎ᠠ ) | ᠲᠡᠯᠡᠢ ᠶᠢᠨ ᠣᠷᠣᠨ ᠤ ᠬᠡᠷᠡᠭᠯᠡᠬᠦ ᠡᠷᠬᠡ᠃ ︵ᠨᠠᠢᠮᠠ︶ ᠭᠠᠵᠠᠷ ᠠᠰᠢᠭᠯᠠᠬᠤ ᠡᠷᠬᠡ᠃ ( ᠶᠢᠰᠦ ) ᠪᠠᠷᠢᠴᠠᠭᠠᠯᠠᠬᠤ | ᠡᠷᠬᠡ᠃ ︵ᠠᠷᠪᠠ︶ ᠬᠠᠤᠯᠢ ᠴᠠᠭᠠᠵᠠ ᠳᠤ ᠳᠠᠩᠰᠠᠯᠠᠭᠤᠯᠬᠤ ᠴᠢᠬᠤᠯᠠᠲᠠᠢ ᠭᠡᠵᠦ ᠲᠣᠭᠲᠠᠭᠠᠭᠰᠠᠨ ᠪᠤᠰᠤᠳ ᠦᠯᠦ | ᠬᠥᠳᠡᠯᠬᠦ ᠬᠥᠷᠥᠩᠭᠡ ᠶᠢᠨ ᠡᠷᠬᠡ᠃ ᠳᠣᠯᠣᠳᠤᠭᠠᠷ ᠵᠤᠷᠪᠤᠰ᠄ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ | ᠦᠯᠦ ᠬᠥᠳᠡᠯᠬᠦ ᠬᠥᠷᠥᠩᠭᠡ ᠶᠢᠨ ᠪᠠᠶᠢᠭ᠎ᠠ ᠭᠠᠵᠠᠷ ᠤᠨ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠪᠠᠶᠢᠭᠤᠯᠤᠮᠵᠢ ᠠᠴᠠ ᠭᠦᠢᠴᠡᠳᠬᠡᠨ᠎ᠡ᠃ ᠰᠢᠭᠤᠳ ᠬᠠᠷᠢᠶ᠎ᠠ ᠬᠤᠲᠠ᠂ | ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠱᠠᠲᠤᠨ ᠤ ᠦᠯᠦ | ᠬᠥᠳᠡᠯᠬᠦ ᠬᠥᠷᠥᠩᠭᠡ ᠶᠢ ᠳᠠᠩᠰᠠᠯᠠᠬᠤ ᠪᠠᠶᠢᠭᠤᠯᠤᠮᠵᠢ ᠪᠠᠷ ᠬᠠᠷᠢᠶ᠎ᠠ ᠲᠣᠭᠤᠷᠢᠭ ᠤᠨ ᠬᠢ ᠪᠠᠨ ᠦᠯᠦ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢ ᠨᠢᠭᠡᠳᠦᠯᠲᠡᠢ ᠬᠢᠯᠭᠡᠬᠦ ᠪᠠᠷ ᠲᠣᠭᠲᠠᠭᠠᠵᠤ ᠪᠣᠯᠣᠨ᠎ᠠ᠃ | ︽ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ ᠢ ᠬᠡᠷᠡᠭᠵᠢᠭᠦᠯᠬᠦ | ᠨᠠᠷᠢᠨ ᠳᠦᠷᠢᠮ︾ ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠤ ᠵᠠᠷᠯᠢᠭ 63 ᠳ᠋ᠤᠭᠠᠷ | ᠲᠣᠭᠠᠲᠤ︶ | ︽ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠠᠵᠢᠯᠯᠠᠭᠠᠨ ᠤ ᠵᠢᠷᠤᠮᠵᠢᠯ ︵ᠲᠤᠷᠰᠢᠨ | ᠬᠡᠷᠡᠭᠵᠢᠭᠦᠯᠬᠦ︶︾ ︵ᠤᠯᠤᠰ ᠨᠤᠲᠤᠭ ᠳᠡᠪᠢᠰᠬᠡᠷ ᠡᠬᠢ ᠪᠠᠶᠠᠯᠢᠭ ᠬᠠᠤᠯᠢ ᠲᠣᠭᠲᠠᠭᠠᠯ ﹇2016﹈ 6 ᠳ᠋ᠤᠭᠠᠷ | ᠲᠣᠭᠠᠲᠤ︶ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ᠄ ᠨᠢᠭᠡᠳᠦᠭᠡᠷ ᠵᠤᠷᠪᠤᠰ᠂ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ᠃ ᠰᠢᠶᠠᠨ ᠤ ᠱᠠᠲᠤᠨ ᠠᠴᠠ ᠳᠡᠭᠡᠭᠰᠢᠬᠢ ᠦᠯᠦ ᠬᠥᠳᠡᠯᠬᠦ | ᠬᠥᠷᠥᠩᠭᠡ ᠶᠢ ᠳᠠᠩᠰᠠᠯᠠᠬᠤ ᠪᠠᠶᠢᠭᠤᠯᠤᠮᠵᠢ ᠬᠠᠤᠯᠢ ᠶᠣᠰᠣᠭᠠᠷ ᠦᠯᠦ ᠬᠥᠳᠡᠯᠬᠦ ᠬᠥᠷᠥᠩᠭᠡ ᠶᠢᠨ ᠡᠷᠬᠡ ᠶᠢᠨ | ᠳᠠᠩᠰᠠᠯᠠᠯᠲᠠ ᠬᠢᠬᠦ ᠳᠡᠭᠡᠨ ᠠᠳᠠᠯᠢ ᠪᠤᠰᠤ ᠪᠠᠶᠢᠳᠠᠯ ᠢ ᠦᠨᠳᠦᠰᠦᠯᠡᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ | ᠰᠦᠢᠳᠬᠡᠯ ᠬᠤᠷᠢᠶᠠᠨ᠎ᠠ᠃ ︵ᠨᠢᠭᠡ︶ ᠣᠷᠣᠨ ᠰᠠᠭᠤᠴᠠ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ᠃ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠢ | ᠳᠠᠩᠰᠠᠯᠠᠬᠤ ᠳᠦᠷᠢᠮ ᠢ ᠨᠠᠶᠢᠳᠠᠪᠤᠷᠢᠵᠢᠭᠤᠯᠵᠤ᠂ ᠭᠡᠷ ᠪᠠᠶᠢᠰᠢᠩ ᠤᠨ ᠥᠮᠴᠢᠯᠡᠬᠦ ᠡᠷᠬᠡ ᠵᠢᠴᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠨᠢᠭᠡ ᠴᠣᠭᠴᠠᠵᠢᠭᠤᠯᠤᠨ ᠳᠠᠩᠰᠠᠯᠠᠬᠤ ᠶᠢ | ᠬᠡᠷᠡᠭᠵᠢᠭᠦᠯᠦᠨ᠎ᠡ᠃ ᠤᠤᠯ ᠤᠨ ᠪᠠᠶᠢᠭᠰᠠᠨ ᠣᠷᠣᠨ ᠰᠠᠭᠤᠴᠠ ᠵᠢᠴᠢ ᠲᠡᠭᠦᠨ ᠤ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠲᠤ ᠡᠯ᠎ᠡ ᠲᠦᠷᠦᠯ ᠤᠨ ᠳᠠᠩᠰᠠᠯᠠᠯᠲᠠ ᠬᠢᠬᠦ ᠦᠶ᠎ᠡ ᠳᠤ ᠬᠤᠷᠢᠶᠠᠬᠤ ᠳᠠᠩᠰᠠᠯᠠᠯᠲᠠ ᠶᠢᠨ | ᠰᠦᠢᠳᠬᠡᠯ ᠢ ᠨᠢᠭᠡᠳᠦᠯᠲᠡᠢ ᠪᠠᠷ ᠡᠮᠬᠢᠯᠡᠨ ᠨᠡᠶᠢᠯᠡᠭᠦᠯᠵᠦ ᠲᠣᠬᠢᠷᠠᠭᠤᠯᠤᠭᠠᠳ ᠦᠯᠦ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠰᠦᠢᠳᠬᠡᠯ ᠪᠣᠯᠭᠠᠨ᠎ᠠ᠂ ᠳᠠᠷᠤᠢ᠂ ᠣᠷᠣᠨ ᠰᠠᠭᠤᠴᠠ ᠶᠢᠨ ᠥᠮᠴᠢᠯᠡᠯ ᠤᠨ ᠡᠷᠬᠡ ᠵᠢᠴᠢ | ᠲᠡᠭᠦᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠬᠠᠮᠲᠤ ᠳᠤᠨᠢ ᠲᠠᠩᠰᠠᠯᠠᠵᠤ᠂ | ᠨᠢᠭᠡ ᠯᠡ ᠤᠳᠠᠭ᠎ᠠ ᠳᠠᠩᠰᠠᠯᠠᠯᠲᠠ ᠶᠢᠨ ᠰᠦᠢᠳᠬᠡᠯ ᠬᠤᠷᠢᠶᠠᠨ᠎ᠠ᠃ ᠲᠥᠯᠦᠪᠵᠢᠭᠦᠯᠭᠡ ᠶᠢᠨ ᠬᠡᠷᠡᠭᠯᠡᠯᠲᠡ ᠨᠢ ᠣᠷᠣᠨ | ᠰᠠᠭᠤᠴᠠ ᠶᠢᠨ ᠭᠡᠷ ᠪᠠᠶᠢᠰᠢᠩ ︵ᠳᠣᠣᠷ᠎ᠠ ᠣᠷᠣᠨ ᠰᠠᠭᠤᠴᠠ ᠭᠡᠵᠦ ᠲᠣᠪᠴᠢᠯᠠᠨ᠎ᠠ︶ ᠳᠤ ᠬᠡᠷᠡᠭᠯᠡᠬᠦ ᠵᠢᠴᠢ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠠᠷ ᠲᠥᠯᠥᠪᠯᠡᠭᠰᠡᠨ ᠭᠠᠵᠠᠷ ᠤᠨ ᠬᠡᠷᠡᠭᠯᠡᠬᠦ ᠡᠷᠬᠡ ᠨᠢ ᠳᠣᠣᠷᠠᠬᠢ ᠮᠡᠲᠦ | ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠵᠦᠢᠯᠡᠰ ᠢ ᠭᠦᠢᠴᠡᠳᠬᠡᠬᠦ ᠪᠠᠷ ᠭᠤᠶᠤᠴᠢᠯᠠᠬᠤ ᠳᠤ᠂ ᠪᠣᠳᠠᠲᠠᠢ | ᠦᠢᠯᠡᠴᠢᠯᠡᠭᠡᠨ ᠤ ᠠᠭᠤᠯᠭ᠎ᠠ ᠶᠢ ᠬᠠᠩᠭᠠᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠰᠦᠢᠳᠬᠡᠯ ᠢ | ᠦᠨᠡᠨ ᠪᠣᠳᠠᠲᠠᠢ ᠪᠠᠷ ᠬᠤᠷᠢᠶᠠᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠨᠢ ᠲᠥᠷᠥᠯ ᠪᠦᠷᠢ 80 ᠲᠥᠭᠦᠷᠢᠭ | ᠪᠣᠯᠣᠨ᠎ᠠ᠃ ︵ᠬᠤᠶᠠᠷ︶ ᠣᠷᠣᠨ ᠰᠠᠭᠤᠴᠠ ᠶᠢᠨ ᠪᠤᠰᠤ ᠲᠥᠷᠥᠯ ᠤᠨ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠰᠦᠢᠳᠬᠡᠯ ᠬᠤᠷᠢᠶᠠᠬᠤ ᠪᠠᠷᠢᠮᠵᠢᠶ᠎ᠠ᠃ ᠳᠣᠣᠷ᠎ᠠ ᠵᠢᠭᠰᠠᠭᠠᠭᠰᠠᠨ ᠣᠷᠣᠨ ᠰᠠᠭᠤᠴᠠ ᠶᠢᠨ ᠪᠤᠰᠤ | ᠲᠦᠷᠦᠯ ᠤᠨ ᠦᠯᠦ ᠬᠥᠳᠡᠯᠬᠦ ᠬᠥᠷᠥᠩᠭᠡ ᠶᠢᠨ ᠡᠷᠬᠡ ᠶᠢ ᠠᠩᠬ᠎ᠠ ᠤᠳᠠᠭ᠎ᠠ ᠳᠠᠩᠰᠠᠯᠠᠬᠤ᠂ ᠰᠢᠯᠵᠢᠭᠦᠯᠬᠦ ᠳᠠᠩᠰᠠᠯᠠᠯ᠂ | ᠬᠤᠪᠢᠷᠠᠭᠤᠯᠬᠤ ᠳᠠᠩᠰᠠᠯᠠᠯ ᠢ ᠭᠦᠢᠴᠡᠳᠬᠡᠬᠦ ᠳᠤ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠤᠨ ᠰᠦᠢᠳᠬᠡᠯ | ᠬᠤᠷᠢᠶᠠᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠨᠢ ᠲᠥᠷᠥᠯ ᠪᠦᠷᠢ 550 ᠲᠥᠭᠦᠷᠢᠭ ᠪᠣᠯᠣᠨ᠎ᠠ᠃ | ᠰᠦᠢᠳᠬᠡᠯ ᠬᠤᠷᠢᠶᠠᠬᠤ ᠦᠨᠳᠦᠰᠦᠯᠡᠯ᠄ ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠡᠳ᠋ ᠤᠨ ᠵᠠᠰᠠᠭ ᠤᠨ ᠶᠠᠮᠤᠨ ᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠰᠦᠢᠳᠬᠡᠯ ᠬᠤᠷᠢᠶᠠᠬᠤ | ᠪᠠᠷᠢᠮᠵᠢᠶ᠎ᠠ ᠶᠢᠨ ᠲᠤᠬᠠᠢ︾ ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ ᠲᠣᠭᠲᠠᠭᠠᠯ ﹇2016﹈ 2559 | ᠳ᠋ᠦ᠋ᠭᠡᠷ ᠲᠣᠭᠠᠲᠤ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠬᠠᠨ ᠯᠢᠨ ᠪᠠᠷᠠᠭᠤᠨ | ᠵᠡᠭᠡᠯᠢ᠂ ᠵᠢᠢ ᠲᠥᠩ ᠵᠠᠮ ᠤᠨ ᠵᠡᠭᠦᠨ᠂ ᠥᠯᠥ ᠬᠥᠳᠡᠯᠬᠦ ᠬᠥᠷᠥᠩᠭᠡ ᠳᠠᠩᠰᠠᠯᠠᠬᠤ ᠲᠥᠪ ᠤᠨ ᠬᠤᠶᠠᠳᠤᠭᠠᠷ | ᠳᠠᠪᠬᠤᠷᠭ᠎ᠠ ᠶᠢᠨ ᠶᠡᠭᠡ ᠲᠢᠩᠬᠢᠮ ᠤᠨ 1 ᠳ᠋ᠦ᠋ᠭᠡᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠪᠤᠶᠤ 3 ᠳ᠋ᠤᠭᠠᠷ ᠵᠠᠮ ᠤᠨ | ᠨᠡᠶᠢᠲᠡ ᠶᠢᠨ ᠮᠠᠰᠢᠨ ᠳᠤ ᠰᠠᠭᠤᠵᠤ ᠰᠢᠨ᠎ᠡ ᠬᠤᠲᠠ ᠶᠢᠨ ᠬᠤᠳᠠᠯᠳᠤᠭᠠᠨ ᠤ ᠠᠰᠠᠷ ᠤᠨ ᠥᠷᠲᠡᠭᠡᠨ ᠳᠤ ᠪᠠᠭᠤᠨ᠎ᠠ᠃ | | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=bb4497086b113f41016b120a69d30810®ionCode=150421000000&highlight=personal&record=istrue |