ᠲᠦᠷᠦ ᠶᠢᠨ ᠪᠣᠳᠣᠯᠭ᠎ᠠ Q&A | ᠲᠥᠷᠥ ᠶᠢᠨ ᠶᠠᠪᠤᠳᠠᠯ ᠤᠨ ᠬᠤᠷᠢᠶᠠᠨ ᠤ | ᠰᠣᠨᠢᠨ ᠮᠡᠳᠡᠭᠡᠨ ᠤ ᠠᠯᠪᠠᠨ ᠭᠡᠷ 4 ᠳ᠋ᠦ᠋ᠭᠡᠷ | ᠰᠠᠷ᠎ᠠ ᠶᠢᠨ 25 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠲᠥᠷᠥ ᠶᠢᠨ | ᠪᠣᠳᠣᠯᠭ᠎ᠠ ᠨᠡᠶᠢᠲᠡᠯᠡᠬᠦ ᠵᠤᠷᠰᠢᠯ ᠬᠤᠷᠠᠯ | ᠬᠢᠵᠦ᠂ ︽ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠬᠥᠭᠵᠢᠯᠲᠡ ᠶᠢ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠤᠨ | ᠬᠠᠮᠢᠶ᠎ᠠ ᠪᠦᠬᠦᠢ ᠪᠠᠶᠢᠳᠠᠯ ᠢ | ᠲᠠᠨᠢᠯᠴᠠᠭᠤᠯᠪᠠ᠃ ᠬᠤᠪᠢ ᠬᠥᠮᠥᠨ ᠤ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ | ᠳᠦᠷᠢᠮ ᠢ ᠨᠡᠶᠢᠲᠡᠯᠡᠭᠰᠡᠨ ᠠᠬᠤᠢ | ᠪᠠᠶᠢᠳᠠᠯ ᠨᠢ ᠶᠠᠭᠤ ᠪᠣᠢ︖ ᠶᠠᠭᠠᠬᠢᠵᠤ ᠳᠠᠩᠰᠠ | ᠪᠠᠶᠢᠭᠤᠯᠵᠤ᠂ ᠶᠠᠭᠠᠬᠢᠵᠤ ᠭᠠᠷᠭᠠᠨ ᠠᠪᠬᠤ ᠪᠤᠢ︖ | ᠬᠠᠮᠲᠤ ᠪᠠᠷ ᠠᠩᠬᠠᠷᠴᠠᠭᠠᠶ᠎ᠠ︕ | Q1 | Q᠄ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠳᠦᠷᠢᠮ ᠢ | ᠨᠡᠶᠢᠲᠡᠯᠡᠭᠰᠡᠨ ᠠᠬᠤᠢ ᠪᠠᠶᠢᠳᠠᠯ ᠨᠢ ᠶᠠᠭᠤ | ᠪᠤᠶ︖ | A᠄ ᠲᠥᠪ ᠠᠴᠠ ᠲᠣᠳᠣᠷᠬᠠᠢ | ᠱᠠᠭᠠᠷᠳᠠᠭᠰᠠᠨ ᠨᠢ᠂ ᠮᠠᠨ ᠤ ᠤᠯᠤᠰ ᠤᠨ | ᠦᠨᠳᠦᠰᠦᠨ ᠪᠠᠶᠢᠳᠠᠯ ᠳᠤ ᠰᠠᠭᠤᠷᠢᠯᠠᠨ᠂ ᠣᠯᠠᠨ | ᠤᠯᠤᠰ ᠤᠨ ᠲᠤᠷᠰᠢᠯᠭ᠎ᠠ ᠪᠠᠷ ᠲᠣᠯᠢᠯᠠᠵᠤ᠂ | ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠢᠶᠠᠷ ᠰᠠᠭᠤᠷᠢᠯᠠᠭᠰᠠᠨ᠂ ᠠᠵᠤ | ᠠᠬᠤᠶᠢᠯᠠᠯ ᠤᠨ ᠣᠨ ᠤ ᠮᠥᠩᠭᠦ ᠪᠠ ᠠᠵᠢᠯ | ᠮᠡᠷᠭᠡᠵᠢᠯ ᠤᠨ ᠣᠨ ᠤ ᠮᠥᠩᠭᠦ ᠪᠠᠷ | ᠨᠥᠬᠦᠪᠦᠷᠢᠯᠡᠭᠰᠡᠨ᠂ ᠬᠤᠪᠢ ᠬᠥᠮᠥᠨ ᠤ | ᠬᠠᠳᠠᠭᠠᠯᠠᠮᠵᠢ ᠶᠢᠨ ᠴᠢᠨᠠᠷᠲᠠᠢ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ | ᠬᠤᠳᠠᠯᠳᠤᠭᠠᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠲᠠᠢ | ᠵᠣᠯᠭᠠᠭᠤᠯᠤᠭᠰᠠᠨ ︽ᠭᠤᠷᠪᠠᠨ ᠲᠤᠯᠭᠠᠭᠤᠷᠢᠲᠤ︾ | ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠲᠣᠭᠲᠠᠯᠴᠠᠭ᠎ᠠ ᠶᠢ | ᠴᠢᠷᠮᠠᠶᠢᠨ ᠪᠠᠶᠢᠭᠤᠯᠬᠤ ᠬᠡᠷᠡᠭᠲᠡᠢ ᠭᠡᠵᠡᠢ᠃ | ᠨᠢᠭᠡᠳᠦᠭᠡᠷ ᠲᠤᠯᠭᠠᠭᠤᠷᠢ ᠨᠢ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ | ᠪᠠᠶᠢᠵᠤ᠂ ᠬᠤᠳᠠ ᠪᠠᠯᠭᠠᠰᠤᠨ ᠤ ᠠᠵᠢᠯᠲᠠᠨ | ᠠᠵᠢᠯᠴᠢᠨ ᠤ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠪᠠ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ | ᠪᠠᠭᠲᠠᠭᠠᠨ᠎ᠠ᠃ ᠨᠢᠭᠡᠳᠦᠭᠡᠷ ᠲᠤᠯᠭᠠᠭᠤᠷᠢ ᠨᠢ | ᠭᠤᠣᠯᠳᠠᠭᠤ ᠦᠨᠳᠦᠰᠦᠨ ᠵᠦᠢᠯ ᠢ ᠪᠠᠲᠤᠯᠠᠬᠤ ᠳᠤ | ᠰᠠᠭᠤᠷᠢᠯᠠᠵᠤ᠂ ᠨᠡᠶᠢᠭᠡᠮ ᠠᠴᠠ ᠨᠢᠭᠡᠳᠦᠯᠲᠡᠢ | ᠴᠤᠭᠯᠠᠭᠤᠯᠬᠤ ᠪᠠ ᠬᠤᠪᠢ ᠬᠥᠮᠥᠨ ᠤ ᠲᠠᠩᠰᠠᠨ | ᠡᠷᠦᠭᠡ ᠶᠢ ᠤᠶᠠᠯᠳᠤᠭᠤᠯᠬᠤ ᠵᠠᠭᠪᠤᠷ ᠢ | ᠬᠡᠷᠡᠭᠯᠡᠵᠦ᠂ ᠭᠤᠣᠯᠳᠠᠭᠤ ᠨᠡᠶᠢᠭᠡᠮ ᠤᠨ | ᠬᠠᠷᠢᠯᠴᠠᠨ ᠲᠤᠰᠠᠯᠠᠯᠴᠠᠬᠤ ᠶᠢ | ᠬᠠᠷᠠᠭᠤᠯᠤᠨ᠎ᠠ᠃ ᠣᠳᠣᠬᠠᠨ ᠳᠤ ᠡᠨᠡ ᠬᠦ | ᠳᠦᠷᠢᠮ ᠤᠨ ᠬᠥᠭᠵᠢᠯᠲᠡ ᠨᠢ ᠬᠠᠷᠢᠴᠠᠩᠭᠤᠢ | ᠨᠡᠯᠢᠶᠡᠳ ᠲᠡᠭᠦᠯᠳᠡᠷᠵᠢᠵᠦ᠂ ᠬᠠᠷᠢᠴᠠᠩᠭᠤᠢ | ᠪᠦᠷᠢᠨ ᠲᠥᠬᠦᠷ ᠳᠦᠷᠢᠮ ᠤᠨ ᠲᠣᠭᠲᠠᠯᠴᠠᠭ᠎ᠠ ᠶᠢ | ᠪᠦᠷᠢᠯᠳᠦᠭᠦᠯᠦᠭᠰᠡᠨ ᠪᠥᠭᠡᠳ ᠬᠠᠮᠤᠷᠬᠤ | ᠬᠡᠪᠴᠢᠶ᠎ᠡ ᠨᠢ ᠴᠦ ᠦᠷᠭᠦᠯᠵᠢᠯᠡᠨ ᠥᠷᠭᠡᠵᠢᠵᠦ | ᠪᠠᠶᠢᠨ᠎ᠠ᠃ 3 ᠳ᠋ᠤᠭᠠᠷ ᠰᠠᠷ᠎ᠠ ᠶᠢᠨ ᠡᠴᠦᠰ ᠲᠤ᠂ | ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠳᠤ ᠣᠷᠣᠯᠴᠠᠭᠰᠠᠨ ᠬᠥᠮᠥᠨ ᠤ | ᠲᠤᠭ᠎ᠠ 10.3 ᠳ᠋ᠦᠩᠰᠢᠭᠤᠷ ᠲᠤ ᠬᠥᠷᠥᠭᠰᠡᠨ ᠤ | ᠬᠠᠮᠲᠤ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠣᠨ ᠤ ᠣᠷᠣᠯᠭ᠎ᠠ ᠵᠠᠷᠤᠯᠭ᠎ᠠ ᠶᠢᠨ | ᠬᠡᠪᠴᠢᠶ᠎ᠡ 12.6 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ᠂ ᠨᠡᠶᠢᠲᠡ | ᠦᠯᠡᠳᠡᠪᠦᠷᠢ ᠨᠢ 6 ᠲᠦᠮᠡᠨ ᠳ᠋ᠦᠩᠰᠢᠭᠤᠷ | ᠲᠥᠭᠦᠷᠢᠭ ᠢ ᠳᠠᠪᠠᠵᠤ᠂ ᠰᠠᠭᠤᠷᠢ ᠮᠥᠩᠭᠦ ᠶᠢᠨ | ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ | ᠪᠠᠶᠢᠵᠤ᠂ ᠣᠯᠭᠤᠮᠵᠢ ᠶᠢ ᠴᠠᠭ ᠲᠤᠬᠠᠢ ᠳᠤ ᠨᠢ | ᠲᠤᠭ᠎ᠠ ᠶᠣᠰᠣᠭᠠᠷ ᠭᠦᠢᠴᠡᠳ ᠲᠠᠷᠬᠠᠭᠠᠭᠰᠠᠨ | ᠪᠢᠯᠡ᠃ | ᠬᠤᠶᠠᠳᠤᠭᠠᠷ ᠲᠤᠯᠭᠠᠭᠤᠷᠢ ᠨᠢ ᠠᠵᠤ | ᠠᠬᠤᠶᠢᠯᠠᠯ ᠤᠨ ᠣᠨ ᠤ ᠮᠥᠩᠭᠦ ᠪᠠ ᠠᠵᠢᠯ | ᠮᠡᠷᠭᠡᠵᠢᠯ ᠤᠨ ᠣᠨ ᠤ ᠮᠥᠩᠭᠦ ᠪᠠᠶᠢᠵᠤ᠂ | ᠲᠡᠷᠡ ᠨᠢ ᠭᠤᠣᠯᠳᠠᠭᠤ ᠨᠥᠬᠦᠪᠦᠷᠢᠯᠡᠬᠦ | ᠦᠢᠯᠡᠳᠦᠯ ᠢ ᠪᠠᠳᠠᠷᠠᠭᠤᠯᠵᠤ᠂ ᠬᠥᠮᠥᠨ | ᠬᠡᠷᠡᠭᠯᠡᠬᠦ ᠨᠢᠭᠡᠴᠢ ᠵᠢᠴᠢ ᠲᠡᠭᠦᠨ ᠤ | ᠠᠵᠢᠯᠲᠠᠨ ᠠᠵᠢᠯᠴᠢᠨ ᠪᠠᠶᠢᠭᠤᠯᠵᠤ᠂ ᠮᠠᠰᠢ | ᠰᠠᠶᠢᠨ ᠬᠥᠭᠵᠢᠯᠲᠡ ᠶᠢᠨ ᠰᠠᠭᠤᠷᠢ ᠲᠠᠢ | ᠪᠣᠯᠪᠠ᠃ 3 ᠳ᠋ᠤᠭᠠᠷ ᠰᠠᠷ᠎ᠠ ᠶᠢᠨ ᠡᠴᠦᠰ | ᠪᠣᠯᠲᠠᠯ᠎ᠠ᠂ ᠠᠵᠤ ᠠᠬᠤᠶᠢᠯᠠᠯ ᠤᠨ ᠣᠨ ᠤ ᠮᠥᠩᠭᠦ | ᠪᠠ ᠠᠵᠢᠯ ᠮᠡᠷᠭᠡᠵᠢᠯ ᠤᠨ ᠣᠨ ᠤ ᠮᠥᠩᠭᠦ ᠳᠤ | ᠣᠷᠣᠯᠴᠠᠭᠰᠠᠨ ᠠᠵᠢᠯᠲᠠᠨ ᠠᠵᠢᠯᠴᠢᠨ 7200 ᠲᠦᠮᠡ | ᠪᠠᠶᠢᠵᠤ᠂ 4.5 ᠲᠦᠮᠡᠨ ᠳ᠋ᠦᠩᠰᠢᠭᠤᠷ | ᠲᠥᠭᠦᠷᠢᠭ ᠤᠨ ᠰᠠᠭᠤᠷᠢ ᠮᠥᠩᠭᠦ | ᠬᠤᠷᠠᠮᠳᠤᠭᠤᠯᠵᠤ᠂ ᠨᠠᠰᠤᠵᠢᠯ ᠤᠨ | ᠠᠰᠠᠷᠠᠮᠵᠢ ᠶᠢ ᠨᠥᠬᠦᠪᠦᠷᠢᠯᠡᠬᠦ | ᠦᠢᠯᠡᠳᠦᠯ ᠨᠢ ᠠᠩᠬ᠎ᠠ ᠠᠯᠬᠤᠮ ᠢᠯᠡᠷᠡᠪᠡ᠃ | ᠭᠤᠷᠪᠠᠳᠤᠭᠠᠷ ᠲᠤᠯᠭᠠᠭᠤᠷᠢ ᠨᠢ ᠡᠭᠦᠨ ᠠᠴᠠ | ᠡᠮᠦᠨ᠎ᠡ ᠲᠣᠬᠢᠷᠠᠯᠴᠠᠭᠰᠠᠨ ᠳᠦᠷᠢᠮ ᠤᠨ | ᠲᠣᠬᠢᠷᠠᠭᠤᠯᠤᠯᠲᠠ ᠪᠠᠶᠢᠭᠰᠠᠨ ᠦᠭᠡᠢ᠃ ᠨᠠᠮ ᠤᠨ | ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ | ᠶᠣᠰᠣᠭᠠᠷ᠂ ᠲᠦᠷᠦᠭᠦᠬᠡᠨ ᠳᠤ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ | ᠠᠯᠪᠠᠨ ᠶᠣᠰᠣᠭᠠᠷ ᠪᠢᠴᠢᠭ ᠮᠠᠲ᠋ᠧᠷᠢᠶᠠᠯ | ᠳᠠᠷᠤᠮᠠᠯᠯᠠᠨ ᠲᠠᠷᠬᠠᠭᠠᠵᠤ᠂ ᠲᠣᠰ ᠲᠥᠷᠥ ᠶᠢᠨ | ᠪᠣᠳᠣᠯᠭ᠎ᠠ ᠶᠢ ᠡᠬᠢᠯᠡᠵᠦ ᠬᠡᠷᠡᠭᠵᠢᠭᠦᠯᠪᠡ᠃ | ᠲᠣᠳᠣᠷᠬᠠᠶᠢᠯᠠᠬᠤ ᠴᠢᠬᠤᠯᠠᠲᠠᠢ ᠨᠢ᠂ ᠬᠤᠪᠢ | ᠬᠥᠮᠥᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠪᠣᠯ ᠤᠯᠤᠰ ᠤᠨ ᠭᠤᠷᠪᠠᠳᠤᠭᠠᠷ | ᠲᠤᠯᠭᠠᠭᠤᠷᠢ ᠶᠢᠨ ᠲᠤᠬᠠᠢ ᠳᠦᠷᠢᠮ ᠤᠨ | ᠴᠢᠨᠠᠷᠲᠠᠢ ᠲᠣᠬᠢᠷᠠᠭᠤᠯᠤᠯᠲᠠ ᠪᠠᠶᠢᠵᠤ᠂ | ᠭᠤᠷᠪᠠᠳᠤᠭᠠᠷ ᠲᠤᠯᠭᠠᠭᠤᠷᠢ ᠳᠤ ᠬᠤᠪᠢ | ᠬᠥᠮᠥᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠠᠴᠠ ᠭᠠᠳᠠᠨ᠎ᠠ ᠪᠤᠰᠤᠳ ᠬᠤᠪᠢ ᠬᠥᠮᠥᠨ ᠤ | ᠬᠤᠳᠠᠯᠳᠤᠭᠠᠨ ᠤ ᠨᠠᠰᠤᠵᠢᠯ ᠤᠨ | ᠠᠰᠠᠷᠠᠮᠵᠢ ᠶᠢᠨ ᠮᠥᠩᠭᠦᠨ ᠭᠦᠢᠯᠭᠡᠭᠡᠨ ᠤ | ᠲᠤᠬᠠᠶᠢᠯᠠᠭᠰᠠᠨ ᠠᠵᠢᠯ ᠪᠠᠶᠢᠳᠠᠭ᠃ | Q2 | Q᠄ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠳᠦᠷᠢᠮ ᠨᠢ | ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ᠂ ᠠᠵᠤ ᠠᠬᠤᠶᠢᠯᠠᠯ ᠤᠨ ᠣᠨ ᠤ ᠮᠥᠩᠭᠦ | ᠪᠠ ᠠᠵᠢᠯ ᠮᠡᠷᠭᠡᠵᠢᠯ ᠤᠨ ᠣᠨ ᠤ ᠮᠥᠩᠭᠦ ᠠᠴᠠ | ᠶᠠᠮᠠᠷ ᠢᠯᠭᠠᠭ᠎ᠠ ᠪᠠᠶᠢᠬᠤ ᠪᠤᠶ︖ | A᠄ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠳᠦᠷᠢᠮ ᠨᠢ | ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠠᠴᠠ ᠣᠨᠳᠣᠣ ᠪᠠᠶᠢᠳᠠᠭ᠃ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ | ᠤᠯᠤᠰ ᠠᠴᠠ ᠠᠯᠪᠠᠳᠠᠯᠭ᠎ᠠ ᠪᠠᠷ | ᠬᠡᠷᠡᠭᠵᠢᠭᠦᠯᠵᠦ᠂ ᠬᠤᠪᠢ ᠬᠥᠮᠥᠨ ᠤ | ᠨᠠᠰᠤᠵᠢᠯ ᠤᠨ ᠠᠰᠠᠷᠠᠮᠵᠢ ᠶᠢᠨ ᠮᠥᠩᠭᠦ ᠨᠢ | ᠥᠪᠡᠷ ᠤᠨ ᠳᠤᠷ᠎ᠠ ᠠᠴᠠ ᠪᠠᠨ ᠣᠷᠣᠯᠴᠠᠳᠠᠭ᠃ | ᠠᠵᠤ ᠠᠬᠤᠶᠢᠯᠠᠯ ᠤᠨ ᠣᠨ ᠤ ᠮᠥᠩᠭᠦ᠂ ᠠᠵᠢᠯ | ᠮᠡᠷᠭᠡᠵᠢᠯ ᠤᠨ ᠣᠨ ᠤ ᠮᠥᠩᠭᠦ ᠶᠢ ᠬᠥᠮᠥᠨ | ᠬᠡᠷᠡᠭᠯᠡᠬᠦ ᠨᠢᠭᠡᠴᠢ ᠵᠢᠴᠢ ᠲᠡᠭᠦᠨ ᠤ | ᠠᠵᠢᠯᠲᠠᠨ ᠠᠵᠢᠯᠴᠢᠨ ᠪᠠᠶᠢᠭᠤᠯᠵᠤ᠂ | ᠬᠠᠮᠲᠤ ᠪᠠᠷ ᠰᠦᠢᠳᠬᠡᠯ ᠲᠤᠰᠢᠶᠠᠬᠤ ᠠᠴᠠ | ᠣᠨᠳᠣᠣ ᠪᠠᠶᠢᠵᠤ᠂ ᠬᠤᠪᠢ ᠬᠥᠮᠥᠨ ᠤ | ᠨᠠᠰᠤᠵᠢᠯ ᠤᠨ ᠠᠰᠠᠷᠠᠮᠵᠢ ᠶᠢᠨ ᠮᠥᠩᠭᠦ ᠶᠢ | ᠵᠥᠪᠬᠡᠨ ᠬᠤᠪᠢ ᠬᠥᠮᠥᠨ ᠲᠤᠰᠢᠶᠠᠨ᠎ᠠ᠃ | Q3 | Q᠄ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠳᠦᠷᠢᠮ ᠳᠤ | ᠣᠷᠤᠯᠴᠠᠬᠤ ᠨᠢ ᠶᠠᠮᠠᠷ ᠰᠠᠶᠢᠨ ᠲᠠᠯ᠎ᠠ ᠪᠠᠶᠢᠬᠤ | ᠪᠣᠢ︖ | A᠄ 1. ᠬᠤᠪᠢ ᠬᠥᠮᠥᠨ ᠨᠢ ᠬᠤᠪᠢ ᠬᠥᠮᠥᠨ ᠤ | ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ | ᠳᠦᠷᠢᠮ ᠳᠤ ᠣᠷᠤᠯᠴᠠᠬᠤ ᠶᠢᠨ ᠰᠢᠭᠤᠳ ᠬᠦᠷᠲᠡᠬᠦ | ᠰᠠᠶᠢᠨ ᠲᠠᠯ᠎ᠠ ᠨᠢ ᠳᠠᠷᠤᠢ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ | ᠲᠦᠷᠦ ᠶᠢᠨ ᠪᠣᠳᠣᠯᠭ᠎ᠠ ᠶᠢ ᠬᠦᠷᠲᠡᠵᠦ | ᠪᠣᠯᠣᠨ᠎ᠠ᠃ | 2. ᠨᠢᠭᠡᠳᠦᠭᠡᠷ ᠲᠤᠯᠭᠠᠭᠤᠷᠢ ᠪᠣᠯᠬᠤ | ᠦᠨᠳᠦᠰᠦᠨ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠨᠢ ᠦᠨᠳᠦᠰᠦᠨ ᠠᠮᠢᠳᠤᠷᠠᠯ ᠢ | ᠪᠠᠲᠤᠯᠠᠵᠤ᠂ ᠬᠤᠶᠠᠳᠤᠭᠠᠷ ᠲᠤᠯᠭᠠᠭᠤᠷᠢ ᠪᠣᠯᠬᠤ | ᠠᠵᠤ ᠠᠬᠤᠶᠢᠯᠠᠯ ᠤᠨ ᠣᠨ ᠤ ᠮᠥᠩᠭᠦ ᠪᠠ ᠠᠵᠢᠯ | ᠮᠡᠷᠭᠡᠵᠢᠯ ᠤᠨ ᠣᠨ ᠤ ᠮᠥᠩᠭᠦ ᠨᠢ | ᠨᠢᠭᠡᠴᠢ ᠠᠴᠠ ᠪᠠᠶᠢᠭᠤᠯᠤᠭᠰᠠᠨ ᠪᠣᠯᠬᠤᠷ | ᠨᠠᠰᠤᠵᠢᠯ ᠤᠨ ᠠᠰᠠᠷᠠᠮᠵᠢ ᠳᠤ ᠨᠥᠬᠦᠪᠦᠷᠢ | ᠦᠢᠯᠡᠳᠦᠯ ᠦᠵᠡᠭᠦᠯᠳᠡᠭ᠃ ᠣᠲᠣ ᠬᠤᠪᠢ ᠬᠥᠮᠥᠨ ᠤ | ᠨᠠᠰᠤᠵᠢᠯ ᠤᠨ ᠠᠰᠠᠷᠠᠮᠵᠢ ᠶᠢᠨ ᠮᠥᠩᠭᠦ ᠶᠢ | ᠨᠡᠮᠡᠵᠦ ᠪᠠᠶᠢᠭᠤᠯᠤᠭᠰᠠᠨ ᠨᠢ ᠬᠤᠶᠠᠳᠤᠭᠠᠷ | ᠲᠤᠯᠭᠠᠭᠤᠷᠢ ᠳᠤ ᠣᠷᠣᠯᠴᠠᠭᠰᠠᠨ ᠬᠥᠮᠥᠰ ᠲᠤ | ᠨᠠᠰᠤᠵᠢᠯ ᠤᠨ ᠠᠰᠠᠷᠠᠮᠵᠢ ᠶᠢ | ᠨᠥᠬᠦᠪᠦᠷᠢᠯᠡᠬᠦ ᠠᠷᠭ᠎ᠠ ᠵᠠᠮ ᠨᠡᠮᠡᠵᠦ | ᠥᠭᠭᠦᠭᠰᠡᠨ ᠢᠶᠠᠷ ᠪᠠᠷᠠᠬᠤ ᠦᠭᠡᠢ᠂ | ᠬᠤᠶᠠᠳᠤᠭᠠᠷ ᠲᠤᠯᠭᠠᠭᠤᠷᠢ ᠳᠤ ᠣᠷᠣᠯᠴᠠᠭᠰᠠᠨ | ᠦᠭᠡᠢ ᠬᠥᠮᠥᠰ ᠲᠤ ᠠᠪᠴᠤ ᠬᠡᠯᠡᠪᠡᠴᠦ | ᠨᠠᠰᠤᠵᠢᠯ ᠤᠨ ᠠᠰᠠᠷᠠᠮᠵᠢ ᠪᠠᠨ | ᠨᠥᠬᠦᠪᠦᠷᠢᠯᠡᠬᠦ ᠠᠷᠭ᠎ᠠ ᠵᠠᠮ ᠨᠡᠮᠡᠵᠦ ᠥᠭᠪᠡ᠃ | 3. ᠬᠤᠪᠢ ᠬᠥᠮᠥᠨ ᠢ ᠬᠠᠪᠰᠤᠷᠤᠨ ᠨᠠᠰᠤᠵᠢᠯ ᠤᠨ | ᠠᠰᠠᠷᠠᠮᠵᠢ ᠶᠢᠨ ᠪᠡᠯᠡ ᠮᠥᠩᠭᠦ ᠶᠢ | ᠣᠶᠤᠨᠴᠢ ᠪᠠᠷ ᠲᠥᠯᠥᠪᠵᠢᠭᠦᠯᠵᠦ ᠪᠣᠯᠣᠨ᠎ᠠ᠃ | ᠰᠦᠢᠳᠬᠡᠯ ᠲᠤᠰᠢᠶᠠᠬᠤ ᠱᠠᠲᠤᠨ ᠳᠤ | ᠣᠷᠣᠭᠤᠯᠬᠤ ᠠᠴᠠ ᠪᠢᠰᠢ ᠭᠠᠷᠭᠠᠬᠤ ᠦᠭᠡᠢ᠂ ᠬᠤᠪᠢ | ᠬᠥᠮᠥᠨ ᠤ ᠲᠤᠰᠢᠶᠠᠭᠰᠠᠨ ᠰᠦᠢᠳᠬᠡᠯ ᠪᠠ ᠪᠡᠯᠡ | ᠣᠷᠣᠭᠤᠯᠤᠯᠲᠠ ᠶᠢᠨ ᠠᠰᠢᠭ ᠣᠷᠣᠯᠭ᠎ᠠ ᠶᠢ ᠴᠥᠮ | ᠳᠠᠩᠰᠠᠨ ᠡᠷᠦᠬᠡ ᠳᠤ ᠬᠠᠳᠠᠭᠠᠯᠠᠵᠤ᠂ | ᠨᠠᠰᠤᠵᠢᠯ ᠤᠨ ᠠᠰᠠᠷᠠᠮᠵᠢ ᠶᠢᠨ ᠦᠨᠳᠦᠰᠦᠨ | ᠮᠥᠩᠭᠦ ᠪᠠᠨ ᠠᠪᠬᠤ ᠨᠠᠰᠤᠨ ᠳᠤ ᠬᠥᠷᠥᠭᠰᠡᠨ | ᠵᠡᠷᠭᠡ ᠨᠥᠬᠦᠴᠡᠯ ᠳᠤ ᠨᠡᠶᠢᠴᠡᠪᠡᠯ ᠳᠠᠷᠤᠢ | ᠠᠪᠴᠤ ᠪᠣᠯᠣᠨ᠎ᠠ᠃ ᠥᠭᠡᠷ᠎ᠡ ᠪᠠᠷ ᠬᠡᠯᠡᠪᠡᠯ | ᠳᠦᠷᠢᠮ ᠤᠨ ᠲᠠᠯ᠎ᠠ ᠠᠴᠠ ᠣᠷᠣᠯᠴᠠᠭᠴᠢ ᠶᠢ | ᠬᠠᠪᠰᠤᠷᠤᠨ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ︽ᠭᠠᠳᠠᠭᠰᠢ | ᠭᠠᠷᠭᠠᠬᠤ︾ ᠨᠢ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠪᠡᠯᠡ ᠮᠥᠩᠭᠦ ᠶᠢ | ᠣᠶᠤᠨᠴᠢ ᠪᠠᠷ ᠲᠥᠯᠥᠪᠵᠢᠭᠦᠯᠵᠦ᠂ ᠪᠡᠯᠡ | ᠣᠷᠣᠭᠤᠯᠤᠯᠲᠠ ᠶᠢᠨ ᠦᠢᠯᠡᠳᠬᠦᠨ ᠪᠠ ᠪᠡᠯᠡ | ᠣᠷᠣᠭᠤᠯᠤᠯᠲᠠ ᠶᠢᠨ ᠬᠤᠭᠤᠴᠠᠭ᠎ᠠ ᠶᠢ | ᠵᠣᠬᠢᠰᠲᠠᠢ ᠰᠣᠩᠭᠤᠵᠤ᠂ ᠤᠷᠢᠳᠴᠢᠯᠠᠨ ᠭᠠᠷᠭᠠᠨ | ᠠᠪᠬᠤ ᠠᠴᠠ ᠵᠠᠶᠢᠯᠠᠰᠬᠢᠵᠦ᠂ ᠡᠭᠦᠨ ᠤ | ᠤᠯᠠᠮ ᠠᠴᠠ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠨᠥᠬᠦᠪᠦᠷᠢᠯᠡᠬᠦ ᠦᠢᠯᠡᠳᠦᠯ ᠢ | ᠦᠨᠡᠨ ᠬᠦ ᠪᠠᠳᠠᠷᠠᠭᠤᠯᠬᠤ ᠳᠤ ᠠᠰᠢᠭᠲᠠᠢ ᠶᠤᠮ᠃ | Q4 | Q᠄ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠳᠦᠷᠢᠮ ᠳᠤ | ᠶᠠᠮᠠᠷ ᠬᠥᠮᠥᠨ ᠣᠷᠣᠯᠴᠠᠵᠤ ᠪᠣᠯᠬᠤ ᠪᠤᠶ︖ | A᠄ ᠠᠵᠢᠯ ᠳᠤ ᠪᠠᠶᠢᠭ᠎ᠠ ᠬᠥᠮᠥᠰ ᠶᠠᠮᠠᠷ | ᠶᠠᠩᠵᠤ ᠶᠢᠨ ᠠᠵᠢᠯ ᠣᠯᠭᠤᠯᠲᠠ ᠶᠢᠨ | ᠬᠡᠯᠪᠡᠷᠢ ᠲᠠᠢ ᠪᠠᠶᠢᠭᠰᠠᠨ ᠢ ᠬᠠᠮᠢᠶᠠᠷᠬᠤ | ᠦᠭᠡᠢ᠂ ᠲᠤᠬᠠᠶᠢᠯᠠᠪᠠᠯ ᠨᠢᠭᠡᠴᠢ ᠳᠤ | ᠠᠵᠢᠯᠯᠠᠭᠰᠠᠳ ᠴᠤ ᠲᠡᠷᠡ᠂ ᠠᠮᠢᠳᠤᠯᠢᠭ ᠢᠶᠠᠷ | ᠠᠵᠢᠯᠯᠠᠭᠰᠠᠳ ᠴᠦ ᠲᠡᠷᠡ᠂ ᠠᠵᠢᠯ ᠣᠯᠣᠭᠰᠠᠨ | ᠭᠠᠵᠠᠷ ᠣᠷᠣᠨ᠂ ᠡᠷᠦᠭᠡ ᠠᠮᠠ ᠶᠢᠨ ᠲᠠᠩᠰᠠ ᠶᠢᠨ | ᠬᠢᠵᠠᠭᠠᠷᠯᠠᠯ ᠢ ᠬᠦᠯᠢᠶᠡᠬᠦ ᠦᠭᠡᠢ᠂ ᠬᠤᠪᠢ | ᠬᠥᠮᠥᠨ ᠰᠠᠶᠢᠨ ᠳᠤᠷ᠎ᠠ ᠠᠴᠠ ᠪᠠᠨ ᠴᠥᠮ ᠲᠣᠰ | ᠳᠦᠷᠢᠮ ᠳᠤ ᠡᠷᠬᠡ ᠲᠡᠭᠰᠢ ᠪᠠᠷ ᠣᠷᠣᠯᠴᠠᠵᠤ | ᠪᠣᠯᠣᠨ᠎ᠠ᠃ ᠮᠤᠵᠢ ᠣᠷᠣᠨ ᠠᠯᠤᠰᠯᠠᠨ | ᠰᠢᠯᠵᠢᠭᠦᠯᠬᠦ ᠦᠶ᠎ᠡ ᠳᠤ ᠴᠦ ᠬᠤᠪᠢ ᠬᠥᠮᠥᠨ ᠤ | ᠡᠷᠬᠡ ᠠᠰᠢᠭ ᠨᠥᠯᠥᠭᠡᠯᠡᠭᠳᠡᠬᠦ ᠦᠭᠡᠢ᠃ | Q5 | Q᠄ ᠣᠷᠤᠯᠴᠠᠬᠤ ᠬᠡᠯᠪᠡᠷᠢ ᠨᠢ ᠶᠠᠮᠠᠷ ᠪᠣᠯ︖ | A᠄ ᠣᠷᠣᠯᠴᠠᠭᠴᠢ ᠪᠥᠬᠦ ᠶᠠᠪᠤᠴᠠ ᠳᠤ | ᠣᠷᠤᠯᠴᠠᠬᠤ ᠶᠤᠮ ᠦᠦ ᠣᠨ ᠢᠶᠠᠷ ᠣᠷᠤᠯᠴᠠᠬᠤ ᠶᠤᠮ | ᠦᠦ ᠭᠡᠳᠡᠭ ᠢᠶᠠᠨ ᠥᠪᠡᠰᠦᠪᠡᠨ ᠲᠣᠭᠲᠠᠭᠠᠨ᠎ᠠ᠃ | ᠡᠬᠢᠯᠡᠯᠲᠡ ᠶᠢᠨ ᠱᠠᠲᠤᠨ ᠳᠤ 1.2 ᠲᠦᠮᠡᠨ | ᠲᠥᠭᠦᠷᠢᠭ ᠤᠨ ᠣᠨ ᠤ ᠰᠦᠢᠳᠬᠡᠯ ᠲᠤᠰᠢᠶᠠᠬᠤ | ᠳᠡᠭᠡᠳᠦ ᠬᠢᠵᠠᠭᠠᠷ ᠠᠴᠠ ᠬᠡᠲᠦᠷᠡᠬᠦ ᠦᠭᠡᠢ ᠯᠡ | ᠶᠤᠮ ᠪᠣᠯ᠂ ᠣᠷᠣᠯᠴᠠᠭᠴᠢ ᠬᠡᠳᠦᠢ | ᠲᠤᠰᠢᠶᠠᠬᠤ ᠪᠠᠨ ᠥᠪᠡᠰᠦᠪᠡᠨ ᠲᠣᠭᠲᠠᠭᠠᠵᠤ | ᠪᠣᠯᠣᠨ᠎ᠠ᠃ ᠲᠣᠰ ᠣᠨ ᠳᠤ ᠨᠢᠭᠡ ᠯᠡ ᠤᠳᠠᠭ᠎ᠠ ᠳᠤ | ᠲᠤᠰᠢᠶᠠᠵᠤ ᠪᠣᠯᠬᠤ ᠮᠥᠷᠲᠡᠭᠡᠨ ᠪᠠᠰᠠ ᠤᠳᠠᠭ᠎ᠠ | ᠬᠤᠪᠢᠶᠠᠨ ᠲᠤᠰᠢᠶᠠᠵᠤ ᠪᠣᠯᠣᠨ᠎ᠠ᠃ | Q6 | Q᠄ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠳᠠᠩᠰᠠᠨ | ᠡᠷᠦᠬᠡ ᠪᠠᠨ ᠬᠡᠷᠬᠢᠨ ᠪᠠᠶᠢᠭᠤᠯᠬᠤ ᠪᠣᠢ︖ | A᠄ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠳᠤ ᠣᠷᠤᠯᠴᠠᠬᠤ ᠳᠤ | ᠬᠤᠶᠠᠷ ᠳᠠᠩᠰᠠᠨ ᠡᠷᠦᠬᠡ ᠭᠠᠷᠭᠠᠬᠤ ᠬᠡᠷᠡᠭᠲᠡᠢ᠄ | ᠨᠢᠭᠡ ᠨᠢ ᠮᠡᠳᠡᠭᠡ ᠵᠠᠩᠭᠢ ᠶᠢᠨ ᠲᠠᠪᠴᠠᠩ ᠳᠤ | ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠳᠠᠩᠰᠠᠨ ᠡᠷᠦᠬᠡ | ᠪᠠᠶᠢᠭᠤᠯᠵᠤ᠂ ᠮᠡᠳᠡᠭᠡ ᠵᠠᠩᠭᠢ ᠲᠡᠮᠳᠡᠭᠯᠡᠬᠦ᠂ | ᠬᠠᠶᠢᠵᠤ ᠯᠠᠪᠯᠠᠬᠤ ᠪᠠ ᠦᠢᠯᠡᠴᠢᠯᠡᠬᠦ | ᠵᠡᠷᠭᠡ ᠳᠤ ᠬᠡᠷᠡᠭᠯᠡᠨ᠎ᠡ︔ ᠨᠦᠭᠦᠭᠡ ᠨᠢ | ᠪᠠᠩᠬᠢ ᠳᠤ ᠪᠠᠶᠢᠭᠤᠯᠤᠭᠰᠠᠨ ᠪᠤᠶᠤ | ᠲᠣᠭᠲᠠᠭᠠᠭᠰᠠᠨ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢᠨ ᠪᠡᠯᠡ | ᠮᠥᠩᠭᠦᠨ ᠤ ᠳᠠᠩᠰᠠᠨ ᠡᠷᠦᠬᠡ ᠪᠣᠯᠣᠨ᠎ᠠ᠃ | ᠡᠭᠦᠨ ᠢ ᠰᠦᠢᠳᠬᠡᠯ ᠲᠤᠰᠢᠶᠠᠬᠤ᠂ ᠦᠢᠯᠡᠳᠬᠦᠨ | ᠬᠤᠳᠠᠯᠳᠤᠨ ᠠᠪᠬᠤ᠂ ᠠᠰᠢᠭ ᠣᠷᠣᠯᠭ᠎ᠠ | ᠴᠤᠭᠯᠠᠭᠤᠯᠬᠤ ᠵᠡᠷᠭᠡ ᠳᠤ ᠬᠡᠷᠡᠭᠯᠡᠨ᠎ᠡ᠃ ᠡᠨᠡ | ᠬᠤᠶᠠᠷ ᠳᠠᠩᠰᠠᠨ ᠡᠷᠦᠬᠡ ᠬᠤᠭᠤᠷᠣᠨᠳᠤ ᠪᠠᠨ | ᠵᠣᠬᠢᠴᠠᠯᠳᠤᠵᠤ᠂ ᠣᠷᠣᠯᠴᠠᠭᠴᠢ ᠲᠣᠰ ᠲᠣᠰ | ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ᠂ | ᠪᠥᠬᠦ ᠤᠯᠤᠰ ᠤᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ᠂ ᠡᠯᠧᠺᠲᠷᠣᠨ ᠨᠡᠶᠢᠭᠡᠮ ᠤᠨ | ᠪᠠᠲᠤᠯᠠᠭ᠎ᠠ ᠶᠢᠨ ᠺᠠᠷᠲ᠂ ︽ᠠᠯᠠᠭᠠᠨ | ᠳᠡᠭᠡᠷᠡᠬᠢ 12333︾᠂ ᠬᠤᠳᠠᠯᠳᠤᠭᠠᠨ ᠤ ᠪᠠᠩᠬᠢ | ᠵᠡᠷᠭᠡ ᠣᠯᠠᠨ ᠠᠷᠭ᠎ᠠ ᠪᠠᠷ ᠪᠠᠶᠢᠭᠤᠯᠵᠤ | ᠪᠣᠯᠣᠨ᠎ᠠ᠃ ᠡᠭᠦᠨ ᠳᠤ ᠬᠤᠳᠠᠯᠳᠤᠭᠠᠨ ᠤ | ᠪᠠᠩᠬᠢ ᠪᠠᠷ ᠡᠨᠡ ᠬᠤᠶᠠᠷ ᠲᠠᠩᠰᠠᠨ ᠡᠷᠦᠬᠡ ᠶᠢ | ᠨᠢᠭᠡ ᠯᠡ ᠤᠳᠠᠭ᠎ᠠ ᠳᠤ ᠪᠥᠬᠦᠨ ᠢ ᠪᠠᠶᠢᠭᠤᠯᠵᠤ | ᠪᠣᠯᠣᠨ᠎ᠠ᠃ | Q7 | Q᠄ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠪᠠᠷ ᠬᠡᠷᠬᠢᠨ ᠪᠡᠯᠡ | ᠣᠷᠤᠭᠤᠯᠤᠯᠲᠠ ᠬᠢᠬᠦ ᠪᠣᠢ︖ | A᠄ ᠣᠷᠣᠯᠴᠠᠭᠴᠢ ᠳᠤᠷᠠᠰᠢᠯ ᠢᠶᠠᠨ | ᠦᠨᠳᠦᠰᠦᠯᠡᠵᠦ᠂ ᠪᠠᠩᠬᠢ ᠶᠢᠨ ᠡᠳ᠋ ᠤᠨ | ᠶᠠᠪᠤᠳᠠᠯ ᠤᠨ ᠬᠠᠮᠢᠶᠠᠷᠤᠯᠲᠠ᠂ | ᠬᠠᠳᠠᠭᠠᠯᠠᠮᠵᠢ᠂ ᠬᠤᠳᠠᠯᠳᠤᠭᠠᠨ ᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ | ᠢᠯᠡ ᠪᠠᠷ ᠴᠤᠭᠯᠠᠭᠤᠯᠤᠭᠰᠠᠨ ᠰᠠᠭᠤᠷᠢ ᠮᠥᠩᠭᠦ | ᠵᠡᠷᠭᠡ ᠶᠢ ᠥᠪᠡᠰᠦᠪᠡᠨ ᠰᠣᠩᠭᠤᠵᠤ ᠪᠣᠯᠬᠤ | ᠮᠥᠷᠲᠡᠭᠡᠨ ᠣᠬᠤᠷ᠂ ᠳᠤᠮᠳᠠ ᠪᠠ ᠣᠷᠳᠣ | ᠬᠤᠭᠤᠴᠠᠭᠠᠨ ᠤ ᠬᠢ ᠶᠢ ᠨᠡᠶᠢᠯᠡᠭᠦᠯᠵᠦ | ᠪᠣᠯᠣᠨ᠎ᠠ᠃ ᠡᠲᠡᠭᠡᠷ ᠠᠵᠢᠯᠯᠠᠭ᠎ᠠ ᠶᠢ ᠴᠥᠮ | ᠪᠡᠯᠡ ᠮᠥᠩᠭᠦᠨ ᠤ ᠲᠠᠩᠰᠠᠨ ᠡᠷᠦᠬᠡ ᠳᠤ | ᠪᠡᠶᠡᠯᠡᠭᠦᠯᠵᠦ ᠪᠣᠯᠬᠤ ᠲᠤᠯᠠ ᠣᠯᠠᠨ ᠰᠠᠯᠠᠭ᠎ᠠ | ᠮᠥᠴᠢᠷ ᠪᠠ ᠪᠠᠶᠢᠭᠤᠯᠤᠮᠵᠢ ᠪᠠᠷ ᠭᠦᠶᠦᠭᠰᠡᠨ ᠤ | ᠬᠡᠷᠡᠭ ᠦᠭᠡᠢ᠃ | Q8 | Q᠄ ᠬᠤᠪᠢ ᠬᠥᠮᠥᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠬᠡᠷᠬᠢᠨ ᠭᠠᠷᠭᠠᠨ | ᠠᠪᠬᠤ ᠪᠣᠢ︖ | A᠄ ᠣᠷᠣᠯᠴᠠᠭᠴᠢ ᠭᠠᠷᠭᠠᠨ ᠠᠪᠬᠤ | ᠨᠥᠬᠦᠴᠡᠯ ᠳᠤ ᠨᠡᠶᠢᠴᠡᠭᠰᠡᠨ ᠦᠶ᠎ᠡ ᠳᠤ᠂ | ᠰᠠᠷ᠎ᠠ ᠪᠠᠷ ᠭᠠᠷᠭᠠᠨ ᠠᠪᠬᠤ᠂ ᠡᠰᠡᠬᠦᠯ᠎ᠡ | ᠤᠳᠠᠭ᠎ᠠ ᠬᠤᠪᠢᠶᠠᠬᠤ ᠪᠤᠶᠤ ᠭᠠᠭᠴᠠ | ᠤᠳᠠᠭ᠎ᠠ ᠪᠠᠷ ᠭᠠᠷᠭᠠᠨ ᠠᠪᠴᠤ ᠪᠣᠯᠣᠨ᠎ᠠ᠃ | ᠬᠤᠳᠠᠯᠳᠤᠭᠠᠨ ᠤ ᠪᠠᠩᠬᠢ ᠬᠤᠪᠢ ᠬᠥᠮᠥᠨ ᠤ | ᠰᠣᠩᠭᠤᠬᠤ ᠠᠷᠭ᠎ᠠ ᠢ ᠦᠨᠳᠦᠰᠦᠯᠡᠨ᠂ ᠬᠤᠪᠢ | ᠬᠥᠮᠥᠨ ᠤ ᠲᠠᠩᠰᠠᠨ ᠡᠷᠦᠭᠡ ᠶᠢᠨ ᠪᠡᠯᠡ | ᠮᠥᠩᠭᠦ ᠶᠢ ᠣᠷᠣᠯᠴᠠᠭᠴᠢ ᠶᠢᠨ ᠬᠤᠪᠢ ᠬᠥᠮᠥᠨ ᠤ | ᠨᠡᠶᠢᠭᠡᠮ ᠤᠨ ᠪᠠᠲᠤᠯᠠᠭ᠎ᠠ ᠶᠢᠨ ᠺᠠᠷᠲ ᠤᠨ | ᠪᠠᠩᠬᠢ ᠶᠢᠨ ᠲᠠᠩᠰᠠᠨ ᠡᠷᠦᠭᠡ ᠳᠤ | ᠰᠢᠯᠵᠢᠭᠦᠯᠦᠨ ᠣᠷᠣᠭᠤᠯᠤᠨ᠎ᠠ᠃ ᠣᠨᠴᠠᠭᠠᠶ | ᠪᠠᠶᠢᠳᠠᠯ ᠳᠣᠣᠷ᠎ᠠ᠂ ᠵᠢᠱᠢᠶᠡᠯᠡᠪᠡᠯ | ᠬᠥᠳᠡᠯᠮᠦᠷᠢᠯᠡᠬᠦ ᠴᠢᠳᠠᠪᠤᠷᠢ ᠪᠠᠨ | ᠪᠦᠷᠢᠮᠦᠰᠦᠨ ᠠᠯᠳᠠᠬᠤ᠂ ᠭᠠᠳᠠᠭᠠᠳᠤ ᠳᠤ ᠭᠠᠷᠬᠤ | ᠪᠤᠶᠤ ᠬᠢᠯᠢ ᠠᠴᠠ ᠭᠠᠷᠴᠤ ᠨᠤᠲᠤᠭᠰᠢᠭᠰᠠᠨ | ᠵᠡᠷᠭᠡ ᠪᠠᠶᠢᠳᠠᠯ ᠳᠤ ᠴᠤ ᠭᠠᠷᠭᠠᠨ ᠠᠪᠴᠤ | ᠪᠣᠯᠣᠨ᠎ᠠ᠃ | |