ᠮᠠᠰᠢᠨ ᠲᠡᠷᠭᠡᠨ ᠤ ᠥᠮᠴᠢᠯᠡᠬᠦ ᠡᠷᠬᠡ ᠶᠢ ᠰᠢᠯᠵᠢᠭᠦᠯᠬᠦ ᠳᠠᠩᠰᠠᠯᠠᠯᠲᠠ
ᠨᠡᠶᠢᠲᠡᠯᠡᠭᠰᠡᠨ ᠴᠠᠭ᠄
2022/5/6
ᠬᠦᠯᠢᠶᠡᠨ ᠰᠢᠢᠳᠪᠦᠷᠢᠯᠡᠬᠦ ᠨᠥᠬᠦᠴᠡᠯ        ᠳᠣᠲᠣᠭᠠᠳᠤ ᠶᠢ ᠬᠠᠮᠠᠭᠠᠯᠠᠬᠤ ᠶᠠᠮᠤᠨ ᠤ 124 ᠳ᠋ᠦ᠋ᠭᠡᠷ ᠲᠣᠭᠠᠲᠤ ᠵᠠᠷᠯᠢᠭ ᠤᠨ ᠬᠤᠶᠠᠳᠤᠭᠠᠷ ᠪᠦᠯᠦᠭ ᠤᠨ ᠭᠤᠷᠪᠠᠳᠤᠭᠠᠷ ᠬᠡᠰᠡᠭ ᠤᠨ ᠲᠣᠭᠲᠠᠭᠠᠯ ᠶᠣᠰᠣᠭᠠᠷ᠂ ᠨᠢᠭᠡᠨᠲᠡ ᠳᠠᠩᠰᠠᠯᠠᠭᠤᠯᠤᠨ ᠪᠦᠷᠢᠳᠬᠡᠭᠦᠯᠦᠭᠰᠡᠨ ᠮᠠᠰᠢᠨ ᠲᠡᠷᠭᠡ ᠶᠢᠨ ᠥᠮᠴᠢᠯᠡᠬᠦ ᠡᠷᠬᠡ ᠶᠢ ᠰᠢᠯᠵᠢᠭᠦᠯᠬᠦ ᠳᠤ᠂ ᠤᠳᠤ ᠶᠢᠨ ᠮᠠᠰᠢᠨ ᠲᠡᠷᠭᠡ ᠶᠢᠨ ᠥᠮᠴᠢᠯᠡᠭᠴᠢ ᠨᠢ ᠲᠡᠷᠭᠡ ᠲᠤᠰᠢᠶᠠᠵᠤ ᠥᠭᠭᠦᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠳᠠᠩᠰᠠᠯᠠᠭᠤᠯᠤᠭᠰᠠᠨ ᠭᠠᠵᠠᠷ ᠤᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠲᠤ ᠰᠢᠯᠵᠢᠭᠦᠯᠬᠦ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠢ᠃ ᠭᠠᠷ ᠳᠠᠮᠵᠢᠭᠰᠠᠨ ᠲᠡᠷᠭᠡ ᠶᠢ ᠪᠣᠷᠣᠯᠠᠭᠤᠯᠤᠭᠰᠠᠨ ᠨᠢᠭᠡᠳᠦᠯᠲᠡᠢ ᠪᠠᠷᠢᠮᠲᠠ᠂ ᠮᠠᠰᠢᠨ ᠲᠡᠷᠭᠡ ᠳᠠᠩᠰᠠᠯᠠᠭᠤᠯᠤᠭᠰᠠᠨ ᠭᠡᠷᠡᠴᠢ ᠪᠢᠴᠢᠭ᠂ ᠮᠠᠰᠢᠨ ᠲᠡᠷᠭᠡ ᠶᠢᠨ ᠠᠶᠠᠯᠠᠨ ᠶᠠᠪᠤᠬᠤ ᠦᠨᠡᠮᠯᠡᠯ᠂ ᠮᠠᠰᠢᠨ ᠲᠡᠷᠭᠡ ᠶᠢᠨ ᠨᠣᠮᠧᠷᠲᠤ ᠫᠠᠶᠢᠰᠠ᠂ ᠨᠠᠶᠢᠳᠠᠯᠭ᠎ᠠ ᠶᠢᠨ ᠪᠢᠴᠢᠭ᠂ ᠠᠯᠪᠠᠨ ᠭᠡᠷᠡᠴᠢᠯᠡᠭᠡᠨ ᠤ ᠪᠢᠴᠢᠭ ᠵᠡᠷᠭᠡ ᠪᠠᠭᠲᠠᠨ᠎ᠠ᠃ ᠮᠠᠰᠢᠨ ᠲᠡᠷᠭᠡᠨ ᠤ ᠮᠡᠷᠭᠡᠵᠢᠯ ᠤᠨ ᠠᠮᠤᠷ ᠲᠦᠪᠰᠢᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠮᠳᠡᠭ᠂ ᠰᠢᠭᠦᠬᠦ ᠬᠤᠷᠢᠶ᠎ᠠ ᠠᠴᠠ ᠭᠦᠢᠴᠡᠳᠬᠡᠭᠰᠡᠨ ᠳᠠᠰᠤᠯᠤᠨ ᠲᠣᠭᠲᠠᠭᠠᠯᠲᠠ ᠶᠢᠨ ᠪᠢᠴᠢᠭ᠂ ᠲᠠᠰᠤᠯᠤᠯᠲᠠ ᠶᠢᠨ ᠪᠢᠴᠢᠭ᠂ ᠡᠶᠡᠳᠡᠭᠦᠯᠭᠡ ᠶᠢᠨ ᠪᠢᠴᠢᠭ᠂ ᠬᠥᠨᠳᠡᠯᠡᠨ ᠠᠴᠠ ᠲᠠᠰᠤᠯᠤᠭᠰᠠᠨ ᠲᠠᠰᠤᠯᠤᠯᠲᠠ ᠶᠢᠨ ᠪᠢᠴᠢᠭ᠂ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠤᠨ ᠭᠡᠷᠡᠴᠢ᠂ ᠥᠮᠴᠢᠯᠡᠭᠴᠢ ᠶᠢᠨ ᠪᠡᠶ᠎ᠡ ᠶᠢᠨ ᠦᠨᠡᠮᠯᠡᠯ ᠤᠨ ᠭᠡᠷᠡᠴᠢ᠂ ᠮᠠᠰᠢᠨ ᠲᠡᠷᠭᠡᠨ ᠤ ᠥᠮᠴᠢᠯᠡᠬᠦ ᠡᠷᠬᠡ ᠶᠢ ᠰᠢᠯᠵᠢᠭᠦᠯᠦᠭᠰᠡᠨ ᠭᠡᠷᠡᠴᠢ᠂ ᠭᠡᠷᠡᠴᠢ ᠪᠠᠷᠢᠮᠲᠠ᠂ ᠮᠠᠰᠢᠨ ᠲᠡᠷᠭᠡᠨ ᠤ ᠵᠠᠮ ᠬᠠᠷᠢᠯᠴᠠᠭᠠᠨ ᠤ ᠭᠡᠨᠡᠳᠡᠯ ᠤᠨ ᠬᠠᠷᠢᠭᠤᠴᠠᠯᠭ᠎ᠠ ᠶᠢᠨ ᠠᠯᠪᠠᠳᠠᠯᠭ᠎ᠠ ᠶᠢᠨ ᠳᠠᠭᠠᠳᠬᠠᠯ ᠤᠨ ᠭᠡᠷᠡᠴᠢ ᠪᠠᠷᠢᠮᠲᠠ ︵ᠡᠯᠧᠺᠲᠷᠣᠨ  ᠪᠠᠷ ᠤᠨ ᠳᠠᠭᠠᠳᠬᠠᠯ ᠤᠨ ᠬᠠᠭᠤᠳᠠᠰᠤ︶᠂ ᠳᠡᠭᠡᠳᠦ ᠱᠠᠲᠤᠨ ᠤ ᠪᠠᠶᠢᠭᠤᠯᠭ᠎ᠠ ᠨᠢᠭᠡᠴᠢ ᠠᠴᠠ ᠳᠣᠣᠷᠠᠳᠤ ᠱᠠᠲᠤᠨ ᠤ ᠪᠠᠶᠢᠭᠤᠯᠭ᠎ᠠ ᠨᠢᠭᠡᠴᠢ ᠳᠤ ᠭᠠᠷᠭᠠᠵᠤ ᠥᠭᠭᠦᠭᠰᠡᠨ ᠰᠢᠯᠵᠢᠭᠦᠯᠦᠨ ᠥᠭᠭᠦᠭᠰᠡᠨ ᠭᠡᠷᠡᠴᠢ᠂ ᠨᠡᠶᠢᠭᠡᠮ ᠤᠨ ᠢᠲᠡᠭᠡᠮᠵᠢ ᠶᠢᠨ  ᠨᠢᠭᠡᠳᠦᠯᠲᠡᠢ ᠲᠥᠯᠥᠭᠡᠨ ᠨᠣᠮᠧᠷ ᠤᠨ ᠭᠡᠷᠡᠴᠢ᠂ ᠬᠠᠮᠵᠢᠨ ᠭᠦᠢᠴᠡᠳᠬᠡᠭᠦᠯᠬᠦ ᠮᠡᠳᠡᠭᠳᠡᠯ ᠤᠨ ᠪᠢᠴᠢᠭ᠃ᠲᠣᠭᠲᠠᠭᠠᠭᠰᠠᠨ ᠦᠨᠳᠦᠰᠦᠯᠡᠯ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ︵2003 ᠣᠨ ᠤ 10 ᠰᠠᠷ᠎ᠠ ᠶᠢᠨ 28 ᠤ ᠡᠳᠦᠷ ᠤᠨ ᠲᠡᠷᠢᠭᠦᠯᠡᠭᠴᠢ ᠶᠢᠨ ᠵᠠᠷᠯᠢᠭ 8 ᠳ᠋ᠤᠭᠠᠷ ᠲᠣᠭᠠᠲᠤ᠂ 2011 ᠣᠨ ᠤ 4 ᠰᠠᠷ᠎ᠠ ᠶᠢᠨ 22 ᠤᠨ ᠡᠳᠦᠷ ᠵᠠᠰᠠᠪᠤᠷᠢ ᠣᠷᠣᠭᠤᠯᠤᠭᠰᠠᠨ︶ ᠶᠢᠨ ᠨᠠᠢᠮᠠᠳᠤᠭᠠᠷ ᠵᠤᠷᠪᠤᠰ᠄ ᠤᠯᠤᠰ ᠠᠴᠠ ᠮᠠᠰᠢᠨ ᠲᠡᠷᠭᠡ ᠳᠠᠩᠰᠠᠯᠠᠭᠤᠯᠬᠤ ᠳᠦᠷᠢᠮ ᠢ ᠬᠡᠷᠡᠭᠵᠢᠭᠦᠯᠦᠨ᠎ᠡ᠃ ᠮᠠᠰᠢᠨ ᠲᠡᠷᠭᠡ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠵᠠᠮ ᠳᠤ ᠭᠠᠷᠴᠤ ᠪᠣᠯᠣᠨ᠎ᠠ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ ᠰᠦᠢᠳᠬᠡᠯ ᠬᠤᠷᠢᠶᠠᠬᠤ ᠪᠠᠷᠢᠮᠵᠢᠶ᠎ᠠ᠄ ᠪᠠᠭ᠎ᠠ ᠬᠡᠯᠪᠡᠷᠢ ᠶᠢᠨ ᠮᠠᠰᠢᠨ ᠲᠡᠷᠭᠡ ︵ᠳᠠᠩᠰᠠᠨ ᠳᠤ ᠣᠷᠣᠭᠤᠯᠬᠤ 110 ᠲᠥᠭᠦᠷᠢᠭ ᠂ ᠰᠢᠯᠵᠢᠭᠦᠯᠬᠦ 110 ᠲᠥᠭᠦᠷᠢᠭ︶᠂ ᠳᠣᠣᠷ᠎ᠠ ᠬᠤᠷᠳᠤᠴᠠᠲᠤ ᠲᠡᠷᠭᠡ ︵ᠨᠣᠮᠧᠷ ᠰᠣᠯᠢᠬᠤ ᠦᠭᠡᠢ ᠪᠣᠯ10 ᠲᠥᠭᠦᠷᠢᠭ᠂ ᠨᠣᠮᠧᠷ ᠰᠣᠯᠢᠪᠠᠯ 50 ᠲᠥᠭᠦᠷᠢᠭ︶᠂ ᠮᠣᠲ᠋ᠣᠷ ᠲᠡᠷᠭᠡ ︵ᠨᠣᠮᠧᠷ ᠰᠣᠯᠢᠬᠤ ᠦᠭᠡᠢ ᠪᠣᠯ 10 ᠲᠥᠭᠦᠷᠢᠭ᠂ ᠨᠣᠮᠧᠷ ᠰᠣᠯᠢᠪᠠᠯ 45 ᠲᠥᠭᠦᠷᠢᠭ︶ᠰᠦᠢᠳᠬᠡᠯ ᠬᠤᠷᠢᠶᠠᠬᠤ ᠦᠨᠳᠦᠰᠦᠯᠡᠯ᠄ ᠰᠦᠢᠳᠬᠡᠯ ᠬᠤᠷᠢᠶᠠᠬᠤ ᠪᠠᠷᠢᠮᠵᠢᠶ᠎ᠠ ᠨᠢ ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ ﹇2004﹈ 2831 ᠳ᠋ᠦ᠋ᠭᠡᠷ ᠲᠣᠭᠠᠲᠤ ᠶᠢ ᠦᠨᠳᠦᠰᠦᠯᠡᠪᠡ᠃ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤ ᠶᠢᠨ ᠰᠢᠨ᠎ᠡ ᠲᠣᠭᠤᠷᠢᠭ ᠤᠨ ᠲᠢᠶᠠᠨ ᠶᠤᠸᠠᠨ ᠶᠡᠭᠡ ᠵᠡᠭᠡᠯᠢ ᠶᠢᠨ 67 ︱ 2 ᠨᠣᠮᠧᠷ ᠤᠨ ᠪᠠᠷᠠᠭᠤᠨ ᠬᠡᠰᠡᠭ ᠤᠨ ᠵᠠᠮ ᠤᠨ ᠡᠮᠦᠨ᠎ᠡ᠂ ᠠᠷᠤ ᠬᠤᠷᠴᠢᠨ ᠬᠤᠰᠢᠭᠤᠨ ᠤ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ 1 ᠳ᠋ᠦ᠋ᠭᠡᠷ ᠳᠠᠪᠬᠤᠷᠯᠢᠭ ᠤᠨ 4 ᠳ᠋ᠦ᠋ᠭᠡᠷ ᠲᠤᠬᠠᠶᠢᠯᠠᠭᠰᠠᠨ ᠠᠵᠢᠯ ᠤᠨ ᠴᠣᠩᠬᠤ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠠᠷᠤ ᠬᠤᠷᠴᠢᠨ ᠬᠤᠰᠢᠭᠤᠨ ᠤ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff8080817a802a44017a8396d5c61ac5®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号