ᠡᠯ᠎ᠡ ᠲᠣᠷᠤᠯ ᠤᠨ ᠰᠢᠯᠢᠳᠡᠭ ᠰᠤᠷᠤᠭᠴᠢᠳ ᠢ ᠬᠥᠬᠢᠭᠦᠯᠬᠦ
ᠨᠡᠶᠢᠲᠡᠯᠡᠭᠰᠡᠨ ᠴᠠᠭ᠄
2022/5/6
ᠬᠦᠯᠢᠶᠡᠨ ᠰᠢᠢᠳᠪᠦᠷᠢᠯᠡᠬᠦ ᠨᠥᠬᠦᠴᠡᠯ        ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠱᠠᠩᠨᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ᠃ᠲᠣᠭᠲᠠᠭᠠᠭᠰᠠᠨ ᠦᠨᠳᠦᠰᠦᠯᠡᠯ      【ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ】 ︽ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠤ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ 〔2004〕 8 ᠳ᠋ᠤᠭᠠᠷ ᠲᠣᠭᠠᠲᠤ︶  ᠤᠨ ᠵᠢᠷᠭᠤᠳᠤᠭᠠᠷ ᠵᠤᠷᠪᠤᠰ᠂ ᠭᠤᠷᠪᠠᠨ ᠰᠠᠶᠢᠨᠲᠠᠢ ᠰᠤᠷᠤᠭᠴᠢ᠂ ᠰᠢᠯᠢᠳᠡᠭ ᠡᠪᠯᠡᠯ ᠤᠨ ᠭᠡᠰᠢᠭᠦᠨ ᠪᠠ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ᠂ ᠲᠡᠷᠢᠭᠦᠨ ᠤ ᠬᠠᠮᠲᠤ ᠨᠡᠶᠢᠲᠡ ᠶᠢ ᠰᠢᠯᠭᠠᠷᠠᠭᠤᠯᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠨᠠᠰᠤᠨ ᠳᠤ ᠦᠯᠤ ᠬᠥᠷᠦᠭᠰᠡᠳ ᠲᠤ ᠨᠠᠶᠢᠷᠰᠠᠭ᠂ ᠢᠲᠡᠭᠡᠮᠵᠢᠲᠡᠢ᠂ ᠬᠦᠨᠳᠦᠳᠬᠡᠭᠦᠰᠢᠲᠡᠢ᠂ ᠰᠤᠷᠤᠯᠴᠠᠭᠤᠰᠢᠲᠠᠢ ᠦᠯᠢᠭᠡᠷ ᠳᠠᠭᠤᠷᠢᠶᠠᠯ ᠢ ᠪᠤᠢ ᠪᠣᠯᠭᠠᠵᠤ᠂ ᠬᠥᠮᠥᠨ ᠤ ᠰᠡᠳᠬᠢᠯ ᠢ ᠬᠥᠳᠡᠯᠭᠡᠮ᠎ᠡ ᠦᠢᠯᠡ ᠠᠵᠢᠯᠯᠠᠭ᠎ᠠ ᠪᠠ ᠰᠢᠯᠢᠳᠡᠭ ᠵᠠᠩ ᠴᠢᠨᠠᠷ ᠤᠨ ᠦᠯᠢᠭᠡᠷ ᠳᠠᠭᠤᠷᠢᠶᠠᠯ ᠠᠴᠠ ᠲᠡᠳᠡᠨᠦᠰ ᠲᠤ ᠵᠣᠷᠢᠭᠵᠢᠭᠤᠯᠤᠯ ᠬᠦᠷᠲᠡᠭᠡᠵᠦ᠂ ᠬᠦᠴᠦᠨ ᠴᠢᠳᠠᠯ ᠣᠯᠭᠤᠨ᠎ᠠ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠲᠢᠶᠠᠨ ᠶᠤᠸᠠᠨ ᠶᠡᠭᠡ ᠵᠡᠭᠡᠯᠢ ᠶᠢᠨ 62 ᠳ᠋ᠤᠭᠠᠷ ᠨᠣᠮᠧᠷ ᠰᠤᠷᠭᠠᠨ ᠬᠥᠮᠥᠵᠢᠯ ᠤᠨ ᠲᠣᠪᠴᠢᠶ᠎ᠠ ᠶᠢᠨ ᠰᠠᠭᠤᠷᠢ ᠰᠤᠷᠭᠠᠨ ᠬᠥᠮᠥᠵᠢᠯ ᠤᠨ ᠲᠠᠰᠤᠭ 207 ᠳ᠋ᠤᠭᠠᠷ ᠥᠷᠥᠭᠡ        ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠰᠤᠷᠭᠠᠨ ᠬᠥᠮᠥᠵᠢᠯ ᠤᠨ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff808081804a20c501805e88fcfa3512®ionCode=150421000000&highlight=personal&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号