ᠬᠦᠯᠢᠶᠡᠨ ᠰᠢᠢᠳᠪᠦᠷᠢᠯᠡᠬᠦ ᠨᠥᠬᠦᠴᠡᠯ | ᠡᠨᠧᠷᠭᠢ ᠠᠷᠪᠢᠯᠠᠬᠤ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠲᠣᠨᠣᠭᠯᠠᠯ ᠢ ᠳᠡᠯᠭᠡᠷᠡᠭᠦᠯᠦᠨ | ᠬᠡᠷᠡᠭᠯᠡᠬᠦ ᠦᠢᠯᠡᠴᠢᠯᠡᠭᠡᠨ ᠤ ᠲᠤᠬᠠᠢ | | ᠲᠣᠭᠲᠠᠭᠠᠭᠰᠠᠨ ᠦᠨᠳᠦᠰᠦᠯᠡᠯ | ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠶᠢᠨ ᠰᠤᠷᠪᠤᠯᠵᠢ ᠶᠢ | ᠠᠷᠪᠢᠯᠠᠨ ᠭᠠᠮᠨᠠᠬᠤ ᠬᠠᠤᠯᠢ︾ ᠶᠢᠨ ᠲᠠᠪᠢᠨ ᠨᠠᠢᠮᠠᠳᠤᠭᠠᠷ ᠵᠤᠷᠪᠤᠰ᠂ ᠲᠦᠷᠦ ᠶᠢᠨ ᠶᠠᠪᠤᠳᠠᠯ ᠤᠨ ᠬᠤᠷᠢᠶᠠᠨ ᠤ | ᠡᠨᠧᠷᠭᠢ ᠠᠷᠪᠢᠯᠠᠬᠤ ᠠᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠦᠷᠦ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠨᠧᠷᠭᠢ ᠠᠷᠪᠢᠯᠠᠬᠤ ᠮᠡᠷᠭᠡᠵᠢᠯ᠂ ᠡᠨᠧᠷᠭᠢ ᠠᠷᠪᠢᠯᠠᠬᠤ | ᠦᠢᠯᠡᠳᠬᠦᠨ ᠢ ᠳᠡᠯᠭᠡᠷᠡᠭᠦᠯᠬᠦ ᠭᠠᠷᠴᠠᠭ ᠢ ᠲᠣᠭᠲᠠᠭᠠᠨ ᠨᠡᠶᠢᠲᠡᠯᠡᠵᠦ᠂ ᠡᠨᠧᠷᠭᠢ ᠬᠡᠷᠡᠭᠯᠡᠬᠦ ᠨᠢᠭᠡᠴᠢ ᠪᠠ ᠬᠤᠪᠢ | ᠬᠥᠮᠥᠨ ᠤ ᠡᠨᠧᠷᠭᠢ ᠠᠷᠪᠢᠯᠠᠬᠤ ᠲᠡᠷᠢᠭᠦᠨ ᠤ ᠮᠡᠷᠭᠡᠵᠢᠯ᠂ ᠡᠨᠧᠷᠭᠢ ᠠᠷᠪᠢᠯᠠᠬᠤ ᠦᠢᠯᠡᠳᠬᠦᠨ ᠢ ᠬᠡᠷᠡᠭᠯᠡᠬᠦ ᠶᠢ | ᠬᠥᠲᠥᠯᠥᠨ ᠵᠢᠯᠣᠭᠤᠳᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠡᠨᠧᠷᠭᠢ ᠠᠷᠪᠢᠯᠠᠬᠤ ᠠᠵᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠵᠤ ᠪᠠᠶᠢᠭᠠᠳ ᠡᠨᠧᠷᠭᠢ ᠠᠷᠪᠢᠯᠠᠬᠤ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠷᠥᠯ ᠵᠦᠢᠯ᠂ ᠡᠨᠧᠷᠭᠢ ᠠᠷᠪᠢᠯᠠᠬᠤ ᠵᠢᠱᠢᠶ᠎ᠡ ᠦᠵᠡᠭᠦᠯᠬᠦ ᠲᠥᠷᠥᠯ ᠵᠦᠢᠯ᠂ ᠡᠨᠧᠷᠭᠢ ᠠᠷᠪᠢᠯᠠᠬᠤ ᠭᠤᠣᠯᠳᠠᠯᠭ᠎ᠠ | ᠲᠠᠢ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠶᠢᠨ ᠰᠤᠷᠪᠤᠯᠵᠢ ᠶᠢ | ᠠᠷᠪᠢᠯᠠᠨ ᠭᠠᠮᠨᠠᠬᠤ ᠬᠠᠤᠯᠢ︾ ᠶᠢᠨ ᠵᠢᠷᠠᠳᠤᠭᠠᠷ ᠵᠤᠷᠪᠤᠰ᠂ ᠲᠥᠪ ᠤᠨ ᠡᠳ᠋ ᠤᠨ ᠵᠠᠰᠠᠭ ᠪᠣᠯᠣᠨ ᠮᠤᠵᠢ ᠶᠢᠨ | ᠱᠠᠲᠤᠨ ᠤ ᠣᠷᠣᠨ ᠨᠤᠲᠤᠭ ᠤᠨ ᠡᠳ᠋ ᠤᠨ ᠵᠠᠰᠠᠭ ᠠᠴᠠ ᠡᠨᠧᠷᠭᠢ ᠠᠷᠪᠢᠯᠠᠬᠤ ᠲᠤᠰᠬᠠᠢ ᠪᠡᠯᠡ ᠮᠥᠩᠭᠦ ᠶᠢ | ᠲᠣᠬᠢᠷᠠᠭᠤᠯᠵᠤ᠂ ᠡᠨᠧᠷᠭᠢ ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠬᠦ᠂ ᠡᠨᠧᠷᠭᠢ ᠠᠷᠪᠢᠯᠠᠬᠤ ᠮᠡᠷᠭᠡᠵᠢᠯ ᠪᠣᠯᠣᠨ | ᠦᠢᠯᠡᠳᠬᠦᠨ ᠤ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ᠂ ᠡᠨᠧᠷᠭᠢ ᠠᠷᠪᠢᠯᠠᠬᠤ ᠭᠤᠣᠯᠳᠠᠯᠭ᠎ᠠ ᠲᠠᠢ ᠢᠨᠵᠧᠨᠧᠷᠢᠩ ᠢ | ᠬᠡᠷᠡᠭᠵᠢᠭᠦᠯᠬᠦ᠂ ᠡᠨᠧᠷᠭᠢ ᠠᠷᠪᠢᠯᠠᠬᠤ ᠤᠬᠠᠭᠤᠯᠭ᠎ᠠ ᠪᠣᠯᠪᠠᠰᠤᠷᠠᠭᠤᠯᠤᠯ᠂ ᠮᠡᠳᠡᠭᠡ ᠵᠠᠩᠭᠢ ᠶᠢᠨ ᠦᠢᠯᠡᠴᠢᠯᠡᠭᠡ ᠪᠣᠯᠣᠨ | ᠬᠥᠬᠢᠭᠦᠯᠦᠨ ᠱᠠᠩᠨᠠᠬᠤ ᠵᠡᠷᠭᠡ ᠶᠢ ᠳᠡᠮᠵᠢᠨ᠎ᠡ᠃ | 【 ᠬᠠᠤᠯᠢ ᠴᠠᠭᠠᠵᠠ ᠠᠴᠠ ᠭᠠᠳᠠᠨᠠᠬᠢ ᠪᠤᠰᠤᠳ ᠲᠣᠭᠲᠠᠭᠠᠯ】 ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ﹀ ᠶᠢ | ᠬᠡᠷᠡᠭᠵᠢᠭᠦᠯᠬᠦ ᠠᠷᠭ᠎ᠠ︾ ᠶᠢᠨ ᠳᠥᠴᠢᠨ ᠳᠣᠯᠣᠳᠤᠭᠠᠷ ᠵᠤᠷᠪᠤᠰ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠯᠠᠨ ᠵᠦᠢᠯ ᠤᠨ | ᠡᠨᠧᠷᠭᠢ ᠶᠢ ᠬᠠᠷᠢᠯᠴᠠᠨ ᠨᠥᠬᠦᠪᠦᠷᠢᠯᠡᠬᠦ᠂ ᠶᠡᠷᠦᠩᠬᠡᠶᠢᠯᠡᠨ ᠠᠰᠢᠭᠯᠠᠬᠤ᠂ ᠦᠷ᠎ᠡ ᠠᠰᠢᠭ ᠢ ᠡᠷᠬᠢᠮᠯᠡᠬᠦ ᠵᠠᠷᠴᠢᠮ | ᠶᠣᠰᠣᠭᠠᠷ᠂ ᠲᠠᠷᠢᠶᠠᠯᠠᠩ ᠮᠠᠯ ᠠᠵᠤ ᠠᠬᠤᠢ ᠪᠣᠯᠣᠨ ᠲᠠᠷᠢᠶᠠᠯᠠᠬᠤ ᠮᠠᠯᠵᠢᠬᠤ ᠣᠷᠣᠨ ᠤ ᠡᠨᠧᠷᠭᠢ ᠠᠷᠪᠢᠯᠠᠬᠤ | ᠠᠵᠢᠯ ᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠢ ᠪᠣᠯᠣᠨ ᠲᠠᠷᠢᠶᠠᠯᠠᠬᠤ ᠮᠠᠯᠵᠢᠬᠤ ᠣᠷᠣᠨ ᠤ ᠡᠨᠧᠷᠭᠢ | ᠠᠷᠪᠢᠯᠠᠬᠤ ᠮᠡᠷᠭᠡᠵᠢᠯ᠂ ᠡᠨᠧᠷᠭᠢ ᠠᠷᠪᠢᠯᠠᠬᠤ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠳᠤ ᠪᠡᠯᠡ ᠮᠥᠩᠭᠦ ᠶᠢᠨ | ᠣᠷᠣᠭᠤᠯᠤᠯᠲᠠ ᠪᠠᠨ ᠨᠡᠮᠡᠭᠳᠡᠭᠦᠯᠦᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠷᠭ᠎ᠠ ᠬᠡᠮᠵᠢᠶ᠎ᠡ | ᠠᠪᠴᠤ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠳᠤ ᠨᠠᠮᠤᠭ ᠤᠨ ᠬᠡᠢ᠂ ᠡᠰᠢ ᠰᠦᠷᠡᠯ ᠢ ᠬᠡᠶᠢᠵᠢᠭᠦᠯᠬᠦ᠂ ᠨᠡᠷᠡᠨ | ᠡᠨᠧᠷᠭᠢ ᠵᠡᠷᠭᠡ ᠰᠢᠨ᠎ᠡ ᠡᠨᠧᠷᠭᠢ᠂ ᠴᠡᠪᠡᠷᠰᠢᠭᠦᠯᠦᠭᠰᠡᠨ ᠡᠨᠧᠷᠭᠢ ᠪᠣᠯᠣᠨ ᠳᠠᠬᠢᠯᠲᠠ ᠡᠨᠧᠷᠭᠢ ᠶᠢ ᠨᠡᠭᠡᠭᠡᠨ ᠠᠰᠢᠭᠯᠠᠬᠤ | ᠬᠡᠷᠡᠭᠲᠡᠢ᠃ | ᠳᠥᠴᠢᠨ ᠨᠠᠢᠮᠠᠳᠤᠭᠠᠷ ᠵᠤᠷᠪᠤᠰ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠡᠨᠧᠷᠭᠢ ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠵᠦ ᠬᠥᠭᠵᠢᠭᠦᠯᠬᠦ ᠶᠢ ᠵᠠᠰᠠᠭ ᠤᠨ | ᠣᠷᠳᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠣᠷᠣᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠪᠣᠯᠭᠠᠵᠤ᠂ | ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠳᠡᠭᠡᠳᠦ ᠰᠤᠷᠭᠠᠭᠤᠯᠢ᠂ ᠮᠡᠷᠭᠡᠵᠢᠯ ᠤᠨ ᠦᠢᠯᠡᠴᠢᠯᠡᠭᠡᠨ ᠤ | ᠪᠠᠶᠢᠭᠤᠯᠤᠮᠵᠢ᠂ ᠠᠵᠤ ᠠᠬᠤᠶᠢᠯᠠᠯ ᠪᠣᠯᠣᠨ ᠬᠤᠪᠢ ᠬᠥᠮᠥᠨ ᠤ ᠡᠨᠧᠷᠭᠢ ᠠᠷᠪᠢᠯᠠᠬᠤ ᠮᠡᠷᠭᠡᠵᠢᠯ ᠤᠨ ᠬᠡᠷᠡᠭᠯᠡᠭᠡᠨ ᠤ | ᠰᠤᠳᠤᠯᠭᠠᠨ ᠥᠷᠨᠢᠭᠦᠯᠬᠦ ᠶᠢ ᠲᠡᠮᠵᠢᠵᠤ᠂ ᠡᠨᠧᠷᠭᠢ ᠠᠷᠪᠢᠯᠠᠬᠤ ᠶᠢᠨ ᠨᠡᠶᠢᠲᠡᠯᠢᠭ ᠴᠢᠨᠠᠷ ᠪᠣᠯᠣᠨ ᠵᠠᠩᠭᠢᠯᠠᠭ᠎ᠠ ᠶᠢᠨ | ᠮᠡᠷᠭᠡᠵᠢᠯ ᠢ ᠨᠡᠭᠡᠭᠡᠨ ᠬᠥᠭᠵᠢᠭᠦᠯᠵᠦ᠂ ᠡᠨᠧᠷᠭᠢ ᠠᠷᠪᠢᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ | ᠪᠦᠲᠦᠭᠡᠯ ᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠡᠨᠧᠷᠭᠢ ᠠᠷᠪᠢᠯᠠᠬᠤ | ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠡᠨᠧᠷᠭᠢ ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠬᠦ᠂ | ᠡᠨᠧᠷᠭᠢ ᠠᠷᠪᠢᠯᠠᠬᠤ ᠮᠡᠷᠭᠡᠵᠢᠯ ᠪᠣᠯᠣᠨ ᠦᠢᠯᠡᠳᠬᠦᠨ ᠤ ᠵᠢᠱᠢᠶ᠎ᠡ ᠦᠵᠡᠭᠦᠯᠬᠦ ᠪᠠ ᠳᠡᠯᠭᠡᠷᠡᠭᠦᠯᠬᠦ᠂ ᠭᠤᠣᠯᠳᠠᠯᠭ᠎ᠠ ᠲᠠᠢ | ᠡᠨᠧᠷᠭᠢ ᠠᠷᠪᠢᠯᠠᠬᠤ ᠢᠨᠵᠧᠨᠧᠷᠢᠩ ᠢ ᠬᠡᠷᠡᠭᠵᠢᠭᠦᠯᠬᠦ᠂ ᠡᠨᠧᠷᠭᠢ ᠠᠷᠪᠢᠯᠠᠬᠤ ᠤᠬᠠᠭᠤᠯᠭ᠎ᠠ ᠪᠣᠯᠪᠠᠰᠤᠷᠠᠭᠤᠯᠤᠯ᠂ | ᠮᠡᠳᠡᠭᠡ ᠵᠠᠩᠭᠢ ᠶᠢᠨ ᠦᠢᠯᠡᠴᠢᠯᠡᠭᠡᠨ ᠪᠣᠯᠣᠨ ᠰᠠᠶᠢᠰᠢᠶᠠᠨ ᠬᠥᠬᠢᠭᠦᠯᠵᠦ ᠱᠠᠩᠨᠠᠬᠤ ᠵᠡᠷᠭᠡ ᠶᠢ ᠳᠡᠮᠵᠢᠬᠦ ᠬᠡᠷᠡᠭᠲᠡᠢ᠃ | ᠳᠥᠴᠢ ᠶᠢᠰᠦᠳᠦᠭᠡᠷ ᠵᠤᠷᠪᠤᠰ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠠᠵᠤ ᠠᠬᠤᠶᠢᠯᠠᠯ ᠤᠨ ᠡᠨᠧᠷᠭᠢ ᠠᠷᠪᠢᠯᠠᠬᠤ ᠦᠢᠯᠡᠳᠬᠦᠨ ᠪᠠ ᠲᠥᠬᠦᠭᠡᠷᠦᠮᠵᠢ ᠦᠢᠯᠡᠳᠪᠦᠷᠢᠯᠡᠬᠦ ᠶᠢ | ᠵᠣᠷᠢᠭᠵᠢᠭᠤᠯᠤᠨ ᠲᠡᠮᠵᠢᠵᠤ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠦᠢᠯᠡᠳᠬᠦᠨ ᠤ ᠭᠡᠷᠡᠴᠢᠯᠡᠯ ᠬᠢᠬᠦ ᠶᠢ | ᠥᠷᠨᠢᠭᠦᠯᠬᠦ ᠶᠢ ᠲᠡᠮᠵᠢᠨ᠎ᠡ᠃ | ᠬᠡᠷᠡᠭᠯᠡᠭᠴᠢᠳ ᠤᠨ ᠡᠨᠧᠷᠭᠢ ᠶᠢᠨ ᠰᠤᠷᠪᠤᠯᠵᠢ ᠶᠢᠨ ᠠᠰᠢᠭᠯᠠᠮᠵᠢ ᠶᠢᠨ ᠵᠡᠷᠭᠡ ᠳᠡᠰ ᠨᠢ ᠨᠡᠯᠢᠶᠡᠳ ᠥᠨᠳᠥᠷ | ᠪᠤᠶᠤ ᠡᠨᠧᠷᠭᠢ ᠠᠷᠪᠢᠯᠠᠬᠤ ᠭᠡᠷᠡᠴᠢᠯᠡᠯ ᠤᠨ ᠲᠡᠮᠳᠡᠭ ᠲᠠᠢ ᠡᠨᠧᠷᠭᠢ ᠬᠡᠷᠡᠭᠯᠡᠬᠦ ᠦᠢᠯᠡᠳᠬᠦᠨ ᠢ ᠬᠤᠳᠠᠯᠳᠤᠨ ᠠᠪᠬᠤ | ᠪᠠ ᠬᠡᠷᠡᠭᠯᠡᠬᠦ ᠶᠢ ᠵᠣᠷᠢᠭᠵᠢᠭᠤᠯᠤᠨ ᠳᠡᠮᠵᠢᠨ᠎ᠡ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠵᠤ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠨᠧᠷᠭᠢ ᠠᠷᠪᠢᠯᠠᠬᠤ ᠦᠢᠯᠡᠳᠬᠦᠨ᠂ ᠲᠤᠨᠤᠭ ᠲᠥᠬᠦᠭᠡᠷᠦᠮᠵᠢ ᠶᠢᠨ | ᠵᠠᠰᠠᠭ ᠤᠨ ᠣᠷᠳᠣᠨ ᠤ ᠬᠤᠳᠠᠯᠳᠤᠨ ᠠᠪᠬᠤ ᠨᠡᠷᠡᠰ ᠤᠨ ᠵᠢᠭᠰᠠᠭᠠᠯᠲᠠ ᠶᠢ ᠲᠣᠭᠲᠠᠭᠠᠬᠤ ᠳᠠᠭᠠᠨ ᠡᠨᠧᠷᠭᠢ | ᠠᠷᠪᠢᠯᠠᠬᠤ ᠦᠢᠯᠡᠳᠬᠦᠨ ᠤ ᠭᠡᠷᠡᠴᠢᠯᠡᠯ ᠤᠨ ᠦᠨᠡᠮᠯᠡᠯ ᠣᠯᠣᠭᠰᠠᠨ ᠦᠢᠯᠡᠳᠬᠦᠨ᠂ ᠲᠤᠨᠤᠭ ᠲᠥᠬᠦᠭᠡᠷᠦᠮᠵᠢ ᠶᠢ ᠡᠩ | ᠲᠡᠷᠢᠭᠦᠨ ᠳᠤ ᠵᠢᠭᠰᠠᠭᠠᠨ ᠣᠷᠣᠭᠤᠯᠬᠤ ᠬᠡᠷᠡᠭᠲᠡᠢ ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ | ᠶᠡᠷᠦᠩᠬᠡᠶᠢᠯᠡᠭᠰᠡᠨ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2 ᠪᠤᠶᠤ 3 ᠳ᠋ᠤᠭᠠᠷ ᠵᠠᠮ ᠤᠨ ᠨᠡᠶᠢᠲᠡ ᠶᠢᠨ ᠮᠠᠰᠢᠨ | ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ ᠪᠠᠭᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=ff80808174901526017494bf65ec39ee®ionCode=150421000000&highlight=pubService&record=istrue |