ᠬᠦᠯᠢᠶᠡᠨ ᠰᠢᠢᠳᠪᠦᠷᠢᠯᠡᠬᠦ ᠨᠥᠬᠦᠴᠡᠯ | 1. ᠲᠤᠰ ᠬᠠᠷᠢᠶ᠎ᠠ ᠣᠷᠣᠨ ᠳᠠᠬᠢ ᠲᠠᠷᠢᠶᠠᠯᠠᠩ ᠤᠨ ᠮᠠᠰᠢᠨ ᠠᠵᠢᠯᠯᠠᠬᠤ ᠪᠤᠶᠤ ᠰᠢᠯᠵᠢᠭᠦᠯᠬᠦ ᠵᠡᠷᠭᠡ | ᠶᠠᠪᠤᠴᠠ ᠳᠤ ᠬᠥᠮᠥᠨ ᠢ ᠰᠢᠷᠬᠠᠲᠤᠭᠤᠯᠵᠤ ᠦᠬᠦᠭᠦᠯᠦᠭᠰᠡᠨ᠂ ᠡᠳ᠋ ᠬᠥᠷᠥᠩᠭᠡ ᠶᠢ ᠬᠤᠬᠢᠷᠠᠭᠤᠯᠤᠭᠰᠠᠨ ᠬᠡᠷᠡᠭ᠃ | 2. ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠤᠨ ᠮᠠᠰᠢᠨᠴᠢᠯᠠᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠷᠢᠶᠠᠯᠠᠩ ᠤᠨ ᠮᠠᠰᠢᠨ ᠤ | ᠡ᠊ᠨᠳᠡᠯ ᠤᠨ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ ᠪᠠ ᠡᠶᠡᠳᠡᠭᠦᠯᠦᠨ ᠰᠢᠢᠳᠪᠦᠷᠢᠯᠡᠬᠦ ᠶᠢ ᠬᠠᠷᠢᠭᠤᠴᠠᠨ᠎ᠠ᠃ | 3. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠠᠷᠢᠶᠠᠯᠠᠩ ᠤᠨ ᠮᠠᠰᠢᠨ ᠤ | ᠡ᠊ᠨᠳᠡᠯ ᠢ ᠰᠢᠢᠳᠪᠦᠷᠢᠯᠡᠬᠦ ᠰᠠᠯᠠᠭ᠎ᠠ ᠮᠥᠴᠢᠷ ᠤᠨ ᠲᠤᠬᠠᠢ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ | ᠵᠢᠷᠤᠮᠯᠠᠨ᠎ᠠ᠃( 1. ︽ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠬᠤ᠂ ᠦᠨᠡᠯᠡᠨ ᠵᠢᠱᠢᠬᠦ ᠨᠠᠶᠢᠳᠠᠯᠭ᠎ᠠ ᠶᠢᠨ | ᠪᠢᠴᠢᠭ︾ ᠵᠡᠷᠭᠡ ᠶᠢ ᠲᠠᠭᠯᠠᠨ᠎ᠠ᠃ 2. ︽ᠲᠠᠷᠢᠶᠠᠯᠠᠩ ᠤᠨ ᠮᠠᠰᠢᠨ ᠤ ᠡ᠊ᠨᠳᠡᠯ ᠢ ᠮᠠᠭᠠᠳᠯᠠᠨ ᠲᠣᠭᠲᠠᠭᠠᠭᠰᠠᠨ | ᠪᠢᠴᠢᠭ︾᠂ ︽ᠲᠠᠷᠢᠶᠠᠯᠠᠩ ᠤᠨ ᠮᠠᠰᠢᠨ ᠤ ᠡ᠊ᠨᠳᠡᠯ ᠢ ᠰᠢᠳᠬᠡᠬᠦ ᠲᠣᠭᠲᠠᠭᠠᠯ ᠤᠨ ᠪᠢᠴᠢᠭ︾ ᠢ ᠲᠠᠭᠯᠠᠵᠤ | ᠲᠤᠬᠠᠢ ᠶᠢᠨ ᠬᠥᠮᠥᠨ ᠳᠤ ᠬᠦᠷᠭᠡᠨ᠎ᠡ᠃ ) | ᠭᠥᠯᠢᠶᠡᠨ ᠠᠪᠴᠤ ᠰᠢᠢᠳᠪᠦᠷᠢᠯᠡᠬᠦ ᠬᠠᠷᠢᠭᠤᠴᠠᠯᠭ᠎ᠠ᠄ ᠡ᠊ᠨᠳᠡᠯ ᠭᠠᠷᠤᠭᠰᠠᠨ ᠲᠤᠬᠠᠢ ᠶᠢᠨ ᠲᠠᠯᠠᠪᠤᠷ ᠤᠨ | ᠬᠡᠷᠡᠭ ᠤᠨ ᠮᠡᠳᠡᠭᠦᠯᠦᠯᠲᠡ ᠶᠢ ᠣᠯᠣᠭᠰᠠᠨ ᠪᠣᠯ ᠰᠢᠶᠠᠨ ᠤ ᠱᠠᠲᠤᠨ ᠤ ᠲᠠᠷᠢᠶᠠᠯᠠᠩ ᠤᠨ ᠮᠠᠰᠢᠨ ᠤ ᠠᠶᠤᠯᠭᠦᠢ ᠶᠢᠨ | ᠬᠢᠨᠠᠨ ᠬᠠᠮᠢᠶᠠᠷᠬᠤ ᠪᠠᠶᠢᠭᠤᠯᠤᠮᠵᠢ ᠠᠴᠠ ᠲᠡᠷᠡ ᠳᠠᠷᠤᠢ ᠳᠤᠨᠢ ᠬᠥᠮᠥᠨ ᠲᠣᠮᠢᠯᠠᠨ ᠲᠤᠬᠠᠢ ᠶᠢᠨ ᠲᠠᠯᠠᠪᠤᠷ ᠢ ᠬᠠᠶᠢᠨ | ᠪᠠᠶᠢᠴᠠᠭᠠᠬᠤ ᠶᠢᠨ ᠬᠠᠮᠲᠤ ᠲᠤᠬᠠᠢ ᠶᠢᠨ ᠲᠠᠯᠠᠪᠤᠷ ᠢ ᠬᠠᠶᠢᠨ ᠪᠠᠶᠢᠴᠠᠭᠠᠭᠰᠠᠨ ᠴᠠᠭ ᠠᠴᠠ ᠡᠬᠢᠯᠡᠨ 24 ᠴᠠᠭ ᠤᠨ | ᠳᠣᠲᠣᠷ᠎ᠠ ᠬᠡᠷᠡᠭ ᠪᠣᠯᠭᠠᠨ ᠳᠠᠩᠰᠠᠯᠠᠬᠤ ᠡᠰᠡᠬᠦ ᠪᠠᠨ ᠲᠣᠭᠲᠠᠭᠠᠬᠤ ᠬᠡᠷᠡᠭᠲᠡᠢ᠃ ᠲᠤᠬᠠᠢ ᠶᠢᠨ ᠬᠥᠮᠥᠨ ᠨᠢ | ᠡ᠊ᠨᠳᠡᠯ ᠤᠨ ᠲᠤᠬᠠᠢ ᠶᠢᠨ ᠲᠠᠯᠠᠪᠤᠷ ᠲᠤ ᠬᠡᠷᠡᠭ ᠮᠡᠳᠡᠭᠦᠯᠦᠭᠰᠡᠨ ᠦᠭᠡᠢ᠂ ᠡ᠊ᠨᠳᠡᠯ ᠭᠠᠷᠤᠭᠰᠠᠨ ᠤ ᠲᠠᠷᠠᠭ᠎ᠠ | ᠲᠠᠷᠢᠶᠠᠯᠠᠩ ᠤᠨ ᠮᠠᠰᠢᠨ ᠤ ᠠᠶᠤᠯᠭᠦᠢ ᠶᠢᠨ ᠬᠢᠨᠠᠨ ᠬᠠᠮᠢᠶᠠᠷᠬᠤ ᠪᠠᠶᠢᠭᠤᠯᠤᠮᠵᠢ ᠪᠠᠷ ᠰᠢᠢᠳᠪᠦᠷᠢᠯᠡᠭᠦᠯᠬᠦ ᠪᠠᠷ | ᠭᠤᠶᠤᠴᠢᠯᠠᠭᠰᠠᠨ ᠪᠣᠯ ᠲᠠᠷᠢᠶᠠᠯᠠᠩ ᠤᠨ ᠮᠠᠰᠢᠨ ᠤ ᠠᠶᠤᠯᠭᠦᠢ ᠶᠢᠨ ᠬᠢᠨᠠᠨ ᠬᠠᠮᠢᠶᠠᠷᠬᠤ ᠪᠠᠶᠢᠭᠤᠯᠤᠮᠵᠢ ᠨᠢ ᠲᠤᠰ | ᠠᠷᠭ᠎ᠠ ᠶᠢᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ ᠲᠡᠮᠳᠡᠭᠯᠡᠬᠦ ᠶᠢᠨ ᠬᠠᠮᠲᠤ 3 ᠡᠳᠦᠷ ᠤᠨ | ᠳᠣᠲᠣᠷ᠎ᠠ ᠬᠡᠷᠡᠭ ᠪᠣᠯᠭᠠᠨ ᠳᠠᠩᠰᠠᠯᠠᠬᠤ ᠡᠰᠡᠬᠦ ᠶᠢᠨ ᠲᠤᠬᠠᠢ ᠲᠣᠭᠲᠠᠭᠠᠯ ᠭᠠᠷᠭᠠᠬᠤ ᠬᠡᠷᠡᠭᠲᠡᠢ᠃ | ᠬᠠᠶᠢᠨ ᠪᠠᠶᠢᠴᠠᠭᠠᠬᠤ ᠬᠠᠷᠢᠭᠤᠴᠠᠯᠭ᠎ᠠ᠄ ︵1︶ ᠡ᠊ᠨᠳᠡᠯ ᠢ ᠪᠠᠶᠢᠴᠠᠭᠠᠬᠤ ᠶᠠᠪᠤᠴᠠ ᠳᠠᠬᠢ ᠠᠵᠢᠯ ᠤᠨ | ᠬᠠᠷᠢᠭᠤᠴᠠᠯᠭ᠎ᠠ᠃ ︵2︶ ᠰᠢᠯᠭᠠᠨ ᠪᠠᠶᠢᠴᠠᠭᠠᠵᠤ ᠬᠢᠨᠠᠨ ᠲᠣᠭᠲᠠᠭᠠᠭᠰᠠᠨ ᠮᠡᠳᠡᠭᠦᠯᠦᠯᠲᠡ ᠶᠢ ᠬᠦᠷᠭᠡᠵᠦ ᠥᠭᠬᠦ ᠪᠠ | ᠲᠠᠬᠢᠨ ᠪᠠᠶᠢᠴᠠᠭᠠᠬᠤ᠃ ︵3︶ ᠡ᠊ᠨᠳᠡᠯ ᠳᠤ ᠰᠢᠷᠬᠠᠲᠤᠭᠰᠠᠳ ᠢ ᠠᠪᠤᠷᠠᠨ ᠵᠠᠰᠠᠬᠤ ᠵᠠᠷᠤᠳᠠᠯ ᠢ ᠤᠷᠢᠳᠴᠢᠯᠠᠨ ᠥᠭᠬᠦ | ᠪᠤᠶᠤ ᠣᠷᠣᠯᠠᠨ ᠥᠭᠬᠦ᠃ ︵4︶ ᠡ᠊ᠨᠳᠡᠯ ᠠᠴᠠ ᠪᠣᠯᠵᠤ ᠦᠬᠦᠭᠰᠡᠨ ᠬᠡᠭᠦᠷ ᠢ ᠲᠦᠷ ᠰᠢᠢᠳᠪᠦᠷᠢᠯᠡᠬᠦ᠃ | ᠲᠣᠭᠲᠠᠭᠠᠬᠤ ᠬᠠᠷᠢᠭᠤᠴᠠᠯᠭ᠎ᠠ᠄ ︵1︶ ᠪᠣᠳᠠᠲᠤ ᠬᠡᠷᠡᠭ ᠢᠶᠠᠷ ᠦᠨᠳᠦᠰᠦᠯᠡᠯ ᠪᠣᠯᠭᠠᠵᠤ ᠬᠠᠤᠯᠢ | ᠴᠠᠭᠠᠵᠠ ᠪᠠᠷ ᠪᠠᠷᠢᠮᠵᠢᠶ᠎ᠠ ᠪᠣᠯᠭᠠᠬᠤ᠃ ︵2︶ ᠡ᠊ᠨᠳᠡᠯ ᠤᠨ ᠬᠠᠷᠢᠭᠤᠴᠠᠯᠭ᠎ᠠ ᠶᠢ ᠠᠩᠭᠢᠯᠠᠬᠤ᠃ ︵3︶ ᠡ᠊ᠨᠳᠡᠯ ᠢ | ᠮᠠᠭᠠᠳᠯᠠᠨ ᠲᠣᠭᠲᠠᠭᠠᠬᠤ ᠠᠴᠠ ᠡᠮᠦᠨ᠎ᠡ ᠭᠡᠷᠡᠴᠢ ᠪᠠᠷᠢᠮᠲᠠ ᠶᠢ ᠬᠢᠨᠠᠨ ᠪᠠᠶᠢᠴᠠᠭᠠᠬᠤ ᠪᠠ ᠨᠤᠲᠠᠯᠠᠬᠤ᠃ ︵4︶ | ᠡ᠊ᠨᠳᠡᠯ ᠢ ᠮᠠᠭᠠᠳᠯᠠᠨ ᠲᠣᠭᠲᠠᠭᠠᠭᠰᠠᠨ ᠪᠢᠴᠢᠭ ᠵᠣᠬᠢᠶᠠᠬᠤ᠃ ︵5︶ ᠪᠠᠶᠢᠴᠠᠭᠠᠨ ᠲᠣᠳᠣᠯᠠᠬᠤ ᠶᠢᠨ ᠠᠷᠭ᠎ᠠ ᠦᠭᠡᠢ | ᠡ᠊ᠨᠳᠡᠯ ᠢ ᠰᠢᠢᠳᠪᠦᠷᠢᠯᠡᠬᠦ᠃ | ᠮᠠᠷᠭᠤᠯᠳᠤᠭᠠᠨ ᠤ ᠬᠠᠷᠢᠭᠤᠴᠠᠯᠭ᠎ᠠ ᠶᠢ ᠰᠢᠢᠳᠪᠦᠷᠢᠯᠡᠬᠦ᠄ ︵1︶ ᠲᠠᠬᠢᠨ ᠬᠢᠨᠠᠭᠤᠯᠬᠤ ᠭᠤᠶᠤᠴᠢᠯᠠᠯ ᠢ | ᠭᠥᠯᠢᠶᠡᠨ ᠠᠪᠴᠤ ᠰᠢᠢᠳᠪᠦᠷᠢᠯᠡᠨ᠎ᠡ᠃ ︵2︶ ᠲᠠᠬᠢᠨ ᠬᠢᠨᠠᠭᠤᠯᠬᠤ ᠭᠤᠶᠤᠴᠢᠯᠠᠯ ᠢ ᠬᠢᠨᠠᠨ ᠪᠠᠶᠢᠴᠠᠭᠠᠨ᠎ᠠ᠃ ︵3︶ | ᠲᠠᠬᠢᠨ ᠬᠢᠨᠠᠭᠰᠠᠨ ᠳ᠋ᠦᠩᠨᠡᠯᠲᠡ ᠭᠠᠷᠭᠠᠬᠤ ᠶᠢᠨ ᠬᠠᠮᠲᠤ ᠲᠤᠬᠠᠢ ᠶᠢᠨ ᠬᠥᠮᠥᠨ ᠳᠤ ᠬᠦᠷᠭᠡᠨ᠎ᠡ᠃ | ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠭᠦᠢᠴᠡᠳᠬᠡᠬᠦ ᠶᠣᠰᠣᠲᠠᠢ ᠪᠤᠰᠤᠳ | ᠬᠠᠷᠢᠭᠤᠴᠠᠯᠭ᠎ᠠ᠃ | | ᠲᠣᠭᠲᠠᠭᠠᠭᠰᠠᠨ ᠦᠨᠳᠦᠰᠦᠯᠡᠯ | 【 ᠵᠠᠰᠠᠭ ᠵᠠᠬᠢᠷᠭᠠᠨ ᠤ ᠬᠠᠤᠯᠢ ᠲᠣᠭᠲᠠᠭᠠᠯ】 ︽ᠲᠠᠷᠢᠶᠠᠯᠠᠩ ᠤᠨ ᠮᠠᠰᠢᠨ ᠤ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢᠨ ᠳᠦᠷᠢᠮ︾ ︵2009 ᠣᠨ ᠤ 9 ᠰᠠᠷ᠎ᠠ ᠶᠢᠨ 17 ᠤ ᠡᠳᠦᠷ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 563 ᠳ᠋ᠤᠭᠠᠷ ᠲᠣᠭᠠᠲᠤ᠂ | 2016 ᠣᠨ ᠤ 2 ᠰᠠᠷ᠎ᠠ ᠶᠢᠨ 6 ᠤ ᠡᠳᠦᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ | ᠶᠠᠪᠤᠳᠠᠯ ᠤᠨ ᠬᠤᠷᠢᠶᠠᠨ ᠤ ᠵᠠᠷᠯᠢᠭ 666 ᠳ᠋ᠤᠭᠠᠷ ᠲᠣᠭᠠᠲᠤ ᠪᠠᠷ ᠨᠡᠶᠢᠲᠡᠯᠡᠵᠦ᠂ ︽ᠬᠡᠰᠡᠭ ᠵᠠᠰᠠᠭ ᠵᠠᠬᠢᠷᠭᠠᠨ ᠤ | ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ | ᠢᠶᠠᠷ ᠵᠠᠰᠠᠪᠤᠷᠢ ᠣᠷᠣᠭᠤᠯᠤᠭᠰᠠᠨ︶ ᠤᠨ ᠬᠤᠷᠢᠨ ᠲᠠᠪᠤᠳᠤᠭᠠᠷ ᠵᠤᠷᠪᠤᠰ ᠤᠨ ᠨᠢᠭᠡᠳᠦᠭᠡᠷ ᠪᠠᠳᠠᠭ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠤᠨ | ᠮᠠᠰᠢᠨᠴᠢᠯᠠᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠷᠢᠶᠠᠯᠠᠩ ᠤᠨ ᠮᠠᠰᠢᠨ ᠤ ᠡ᠊ᠨᠳᠡᠯ ᠤᠨ | ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ ᠪᠠ ᠡᠶᠡᠳᠡᠭᠦᠯᠦᠨ ᠰᠢᠢᠳᠪᠦᠷᠢᠯᠡᠬᠦ ᠶᠢ ᠬᠠᠷᠢᠭᠤᠴᠠᠨ᠎ᠠ᠃ | 【ᠰᠠᠯᠠᠭ᠎ᠠ ᠮᠥᠴᠢᠷ ᠤᠨ ᠳᠦᠷᠢᠮ ᠲᠣᠭᠲᠠᠭᠠᠯ】 ︽ᠲᠠᠷᠢᠶᠠᠯᠠᠩ ᠤᠨ ᠮᠠᠰᠢᠨ ᠤ ᠡ᠊ᠨᠳᠡᠯ ᠢ ᠰᠢᠢᠳᠪᠦᠷᠢᠯᠡᠬᠦ | ᠠᠷᠭ᠎ᠠ︾ ︵2011 ᠣᠨ ᠤ 1 ᠰᠠᠷ᠎ᠠ ᠶᠢᠨ 12 ᠤᠨ ᠡᠳᠦᠷ ᠲᠠᠷᠢᠶᠠᠯᠠᠩ ᠤᠨ ᠶᠠᠮᠤᠨ ᠤ ᠵᠠᠷᠯᠢᠭ 2011 | ᠣᠨ ᠤ 2 ᠳ᠋ᠤᠭᠠᠷ ᠲᠣᠭᠠᠲᠤ ᠪᠠᠷ ᠨᠡᠶᠢᠲᠡᠯᠡᠭᠰᠡᠨ︶ ᠶᠢᠨ ᠭᠤᠷᠪᠠᠳᠤᠭᠠᠷ ᠵᠤᠷᠪᠤᠰ᠂ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠤᠨ ᠮᠠᠰᠢᠨ ᠤ ᠡ᠊ᠨᠳᠡᠯ ᠤᠨ ᠬᠠᠷᠢᠭᠤᠴᠠᠯᠭ᠎ᠠ ᠶᠢ | ᠮᠠᠭᠠᠳᠯᠠᠨ ᠲᠣᠭᠲᠠᠭᠠᠬᠤ ᠪᠠ ᠡᠶᠡᠳᠡᠭᠦᠯᠦᠨ ᠰᠢᠢᠳᠪᠦᠷᠢᠯᠡᠬᠦ ᠶᠢ ᠬᠠᠷᠢᠭᠤᠴᠠᠨ᠎ᠠ᠃ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠶᠠᠯᠠᠭᠳᠠᠬᠤ ᠲᠠᠷᠢᠶᠠᠯᠠᠩ ᠤᠨ ᠮᠠᠰᠢᠨ ᠤ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ︵ᠳᠣᠣᠷ᠎ᠠ ᠲᠠᠷᠢᠶᠠᠯᠠᠩ ᠤᠨ ᠮᠠᠰᠢᠨ ᠤ ᠠᠶᠤᠯᠭᠦᠢ ᠶᠢᠨ ᠬᠢᠨᠠᠨ ᠬᠠᠮᠢᠶᠠᠷᠬᠤ | ᠪᠠᠶᠢᠭᠤᠯᠤᠮᠵᠢ ᠭᠡᠵᠦ ᠲᠣᠪᠴᠢᠯᠠᠨ᠎ᠠ︶ ᠲᠤᠰ ᠬᠠᠷᠢᠶ᠎ᠠ ᠣᠷᠣᠨ ᠤ ᠪᠠᠨ ᠲᠠᠷᠢᠶᠠᠯᠠᠩ ᠤᠨ ᠮᠠᠰᠢᠨ ᠤ ᠡ᠊ᠨᠳᠡᠯ ᠢ | ᠰᠢᠢᠳᠪᠦᠷᠢᠯᠡᠬᠦ ᠪᠣᠳᠠᠲᠠᠢ ᠠᠵᠢᠯ ᠢ ᠡᠭᠦᠷᠭᠡᠯᠡᠨ᠎ᠡ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ | ᠲᠠᠷᠢᠶᠠᠯᠠᠩ ᠤᠨ ᠮᠠᠰᠢᠨ ᠤ ᠡ᠊ᠨᠳᠡᠯ ᠢ ᠰᠢᠢᠳᠪᠦᠷᠢᠯᠡᠬᠦ ᠰᠠᠯᠠᠭ᠎ᠠ ᠮᠥᠴᠢᠷ ᠤᠨ ᠲᠤᠬᠠᠢ ᠠᠰᠲᠠᠭᠠᠨ ᠲᠣᠭᠲᠠᠭᠠᠯ ᠲᠠᠢ | ᠪᠣᠯ ᠲᠡᠷᠡ ᠲᠣᠭᠲᠠᠭᠠᠯ ᠢ ᠵᠢᠷᠤᠮᠯᠠᠨ᠎ᠠ᠃ | ᠳᠥᠷᠪᠡᠳᠦᠭᠡᠷ ᠵᠤᠷᠪᠤᠰ᠂ ᠣᠨᠴᠠᠭᠠᠶ ᠬᠦᠨᠳᠦ ᠶᠡᠭᠡ᠂ ᠬᠦᠨᠳᠦ ᠶᠡᠭᠡ᠂ ᠨᠡᠯᠢᠶᠡᠳ ᠶᠡᠭᠡ ᠲᠠᠷᠢᠶᠠᠯᠠᠩ ᠤᠨ | ᠮᠠᠰᠢᠨ ᠤ ᠡ᠊ᠨᠳᠡᠯ ᠢ ᠲᠠᠷᠢᠶᠠᠯᠠᠩ ᠤᠨ ᠶᠠᠮᠤᠨ᠂ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠲᠠᠷᠢᠶᠠᠯᠠᠩ ᠤᠨ ᠮᠠᠰᠢᠨᠴᠢᠯᠠᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠲᠤᠰᠬᠠᠢ ᠣᠷᠣᠨ ᠨᠤᠲᠤᠭ | ︵ᠬᠤᠳᠠ︶ ᠤᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠲᠤᠰ ᠲᠤᠰ ᠬᠥᠮᠥᠨ ᠲᠣᠮᠢᠯᠠᠨ ᠪᠠᠶᠢᠴᠠᠭᠠᠨ ᠰᠢᠢᠳᠪᠦᠷᠢᠯᠡᠬᠦ ᠳᠤ | ᠣᠷᠣᠯᠴᠠᠭᠤᠯᠬᠤ ᠬᠡᠷᠡᠭᠲᠡᠢ᠃ | ᠭᠤᠴᠢᠨ ᠭᠤᠷᠪᠠᠳᠤᠭᠠᠷ ᠵᠤᠷᠪᠤᠰ᠂ ᠲᠤᠬᠠᠢ ᠶᠢᠨ ᠬᠥᠮᠥᠨ ᠨᠢ ᠲᠠᠷᠢᠶᠠᠯᠠᠩ ᠤᠨ ᠮᠠᠰᠢᠨ ᠤ ᠡ᠊ᠨᠳᠡᠯ ᠤᠨ | ᠮᠠᠭᠠᠳᠯᠠᠨ ᠲᠣᠭᠲᠠᠭᠠᠯᠲᠠ ᠳᠤ ᠣᠨᠳᠣᠣ ᠰᠠᠨᠠᠯ ᠲᠠᠢ ᠪᠣᠯ ᠲᠠᠷᠢᠶᠠᠯᠠᠩ ᠤᠨ ᠮᠠᠰᠢᠨ ᠤ ᠡ᠊ᠨᠳᠡᠯ ᠢ ᠮᠠᠭᠠᠳᠯᠠᠨ | ᠲᠣᠭᠲᠠᠭᠠᠭᠰᠠᠨ ᠪᠢᠴᠢᠭ ᠢ ᠬᠦᠷᠭᠡᠵᠦ ᠥᠭᠭᠦᠭᠰᠡᠨ ᠡᠳᠦᠷ ᠠᠴᠠ ᠡᠬᠢᠯᠡᠨ 3 ᠡᠳᠦᠷ ᠤᠨ ᠳᠣᠲᠣᠷ᠎ᠠ᠂ ᠳᠡᠭᠡᠷ᠎ᠡ ᠨᠢᠭᠡ | ᠱᠠᠲᠤᠨ ᠤ ᠲᠠᠷᠢᠶᠠᠯᠠᠩ ᠤᠨ ᠮᠠᠰᠢᠨ ᠤ ᠠᠶᠤᠯᠭᠦᠢ ᠶᠢᠨ ᠬᠢᠨᠠᠨ ᠬᠠᠮᠢᠶᠠᠷᠬᠤ ᠪᠠᠶᠢᠭᠤᠯᠤᠮᠵᠢ ᠳᠤ ᠪᠢᠴᠢᠭ ᠢᠶᠠᠷ ᠲᠠᠬᠢᠨ | ᠬᠢᠨᠠᠭᠤᠯᠬᠤ ᠭᠤᠶᠤᠴᠢᠯᠠᠯ ᠭᠠᠷᠭᠠᠵᠤ ᠪᠣᠯᠣᠨ᠎ᠠ᠃ ᠳᠠᠬᠢᠨ ᠬᠢᠨᠠᠭᠤᠯᠬᠤ ᠭᠤᠶᠤᠴᠢᠯᠠᠯ ᠳᠤ ᠳᠠᠬᠢᠨ ᠬᠢᠨᠠᠭᠤᠯᠬᠤ | ᠭᠤᠶᠤᠴᠢᠯᠠᠯ ᠵᠢᠴᠢ ᠲᠡᠭᠦᠨ ᠤ ᠤᠴᠢᠷ ᠰᠢᠯᠲᠠᠭᠠᠨ ᠪᠠ ᠭᠤᠣᠯ ᠭᠡᠷᠡᠴᠢ ᠪᠠᠷᠢᠮᠲᠠ ᠶᠢ ᠲᠣᠳᠣᠷᠬᠠᠢ ᠪᠢᠴᠢᠬᠦ ᠬᠡᠷᠡᠭᠲᠡᠢ᠃ | | 【 ᠣᠷᠣᠨ ᠨᠤᠲᠤᠭ ᠤᠨ ᠵᠠᠰᠠᠭ ᠤᠨ ᠣᠷᠳᠣᠨ ᠤ ᠳᠦᠷᠢᠮ ᠲᠣᠭᠲᠠᠭᠠᠯ】 ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠠᠳᠡᠯ ᠢ ᠰᠢᠢᠳᠪᠦᠷᠢᠯᠡᠬᠦ ᠠᠷᠭ᠎ᠠ︾ | ︵2010 ᠣᠨ ᠤ 2 ᠳ᠋ᠤᠭᠠᠷ ᠰᠠᠷ᠎ᠠ ᠶᠢᠨ 1 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠷᠯᠢᠭ170 ᠳ᠋ᠤᠭᠠᠷ ᠲᠣᠭᠠᠲᠤ ᠪᠠᠷ ᠨᠡᠶᠢᠲᠡᠯᠡᠭᠰᠡᠨ︶ ᠶᠢᠨ ᠳᠥᠷᠪᠡᠳᠦᠭᠡᠷ | ᠵᠤᠷᠪᠤᠰ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠩ ᠮᠠᠯ | ᠠᠵᠤ ᠠᠬᠤᠢ ᠶᠢᠨ ᠮᠠᠰᠢᠨᠴᠢᠯᠠᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠲᠠᠷᠢᠶᠠᠯᠠᠩ ᠤᠨ ᠮᠠᠰᠢᠨ ᠤ ᠡ᠊ᠨᠳᠡᠯ ᠤᠨ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ | ᠪᠠ ᠡᠶᠡᠳᠡᠭᠦᠯᠦᠨ ᠰᠢᠢᠳᠪᠦᠷᠢᠯᠡᠬᠦ ᠶᠢ ᠬᠠᠷᠢᠭᠤᠴᠠᠨ᠎ᠠ᠃ ᠪᠣᠳᠠᠲᠠᠢ ᠠᠵᠢᠯ ᠢ ᠲᠡᠭᠦᠨ ᠤ ᠬᠠᠷᠢᠶᠠᠨ ᠳᠠᠬᠢ ᠲᠠᠷᠢᠶᠠᠯᠠᠩ | ᠮᠠᠯ ᠠᠵᠤ ᠠᠬᠤᠢ ᠶᠢᠨ ᠮᠠᠰᠢᠨ ᠤ ᠬᠢᠨᠠᠨ ᠬᠠᠮᠢᠶᠠᠷᠬᠤ ᠪᠠᠶᠢᠭᠤᠯᠤᠮᠵᠢ ︵ᠳᠣᠣᠷ᠎ᠠ ᠲᠠᠷᠢᠶᠠᠯᠠᠩ ᠤᠨ ᠮᠠᠰᠢᠨ ᠤ ᠬᠢᠨᠠᠨ | ᠬᠠᠮᠢᠶᠠᠷᠬᠤ ᠪᠠᠶᠢᠭᠤᠯᠤᠮᠵᠢ ᠭᠡᠵᠦ ᠲᠣᠪᠴᠢᠯᠠᠨ᠎ᠠ︶ ᠠᠴᠠ ᠬᠠᠷᠢᠭᠤᠴᠠᠨ᠎ᠠ᠃ | ᠬᠤᠷᠢᠨ ᠲᠠᠪᠤᠳᠤᠭᠠᠷ ᠵᠤᠷᠪᠤᠰ᠂ ᠲᠤᠬᠠᠢ ᠶᠢᠨ ᠬᠥᠮᠥᠨ ᠨᠢ ᠲᠠᠷᠢᠶᠠᠯᠠᠩ ᠤᠨ ᠮᠠᠰᠢᠨ ᠤ ᠡ᠊ᠨᠳᠡᠯ ᠢ | ᠮᠠᠭᠠᠳᠯᠠᠨ ᠲᠣᠭᠲᠠᠭᠠᠯᠲᠠ ᠳᠤ ᠣᠨᠳᠣᠣ ᠰᠠᠨᠠᠯ ᠲᠠᠢ ᠪᠣᠯ ᠡ᠊ᠨᠳᠡᠯ ᠢ ᠮᠠᠭᠠᠳᠯᠠᠨ ᠲᠣᠭᠲᠠᠭᠠᠭᠰᠠᠨ ᠪᠢᠴᠢᠭ ᠢ | ᠬᠦᠷᠭᠡᠵᠦ ᠥᠭᠭᠦᠭᠰᠡᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ᠂ ᠳᠡᠭᠡᠷ᠎ᠡ ᠨᠢᠭᠡ ᠱᠠᠲᠤᠨ ᠤ | ᠲᠠᠷᠢᠶᠠᠯᠠᠩ ᠤᠨ ᠮᠠᠰᠢᠨ ᠤ ᠬᠢᠨᠠᠨ ᠬᠠᠮᠢᠶᠠᠷᠬᠤ ᠪᠠᠶᠢᠭᠤᠯᠤᠮᠵᠢ ᠳᠤ ᠪᠢᠴᠢᠭ ᠢᠶᠠᠷ ᠲᠠᠬᠢᠨ ᠬᠢᠨᠠᠭᠤᠯᠬᠤ ᠭᠤᠶᠤᠴᠢᠯᠠᠯ | ᠭᠠᠷᠭᠠᠵᠤ ᠪᠣᠯᠣᠨ᠎ᠠ᠃ ᠳᠠᠬᠢᠨ ᠬᠢᠨᠠᠭᠤᠯᠬᠤ ᠭᠤᠶᠤᠴᠢᠯᠠᠯ ᠳᠤ ᠳᠠᠬᠢᠨ ᠬᠢᠨᠠᠭᠤᠯᠬᠤ ᠭᠤᠶᠤᠴᠢᠯᠠᠯ ᠵᠢᠴᠢ ᠲᠡᠭᠦᠨ ᠤ | ᠤᠴᠢᠷ ᠰᠢᠯᠲᠠᠭᠠᠨ ᠪᠠ ᠭᠤᠣᠯ ᠭᠡᠷᠡᠴᠢ ᠪᠠᠷᠢᠮᠲᠠ ᠶᠢ ᠲᠣᠳᠣᠷᠬᠠᠢ ᠪᠢᠴᠢᠬᠦ ᠬᠡᠷᠡᠭᠲᠡᠢ᠃ ᠳᠡᠭᠡᠷ᠎ᠡ ᠨᠢᠭᠡ ᠱᠠᠲᠤᠨ ᠤ | ᠲᠠᠷᠢᠶᠠᠯᠠᠩ ᠤᠨ ᠮᠠᠰᠢᠨ ᠤ ᠬᠢᠨᠠᠨ ᠬᠠᠮᠢᠶᠠᠷᠬᠤ ᠪᠠᠶᠢᠭᠤᠯᠤᠮᠵᠢ ᠨᠢ ᠲᠠᠬᠢᠨ ᠬᠢᠨᠠᠭᠤᠯᠬᠤ ᠭᠤᠶᠤᠴᠢᠯᠠᠯ ᠢ | ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ ᠡᠬᠢᠯᠡᠨ 30 ᠠᠵᠢᠯ ᠤᠨ ᠡᠳᠦᠷ ᠤᠨ ᠳᠣᠲᠣᠷ᠎ᠠ ᠲᠠᠬᠢᠨ | ᠬᠢᠨᠠᠭᠰᠠᠨ ᠳ᠋ᠦᠩᠨᠡᠯᠲᠡ ᠭᠠᠷᠭᠠᠬᠤ ᠬᠡᠷᠡᠭᠲᠡᠢ᠃ ᠲᠠᠬᠢᠨ ᠬᠢᠨᠠᠵᠤ ᠪᠠᠶᠢᠴᠠᠭᠠᠬᠤ ᠬᠤᠭᠤᠴᠠᠭᠠᠨ ᠳᠤ᠂ ᠲᠤᠬᠠᠢ ᠶᠢᠨ | ᠬᠥᠮᠥᠨ ᠨᠢ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠭᠰᠠᠨ ᠪᠥᠭᠡᠳ ᠰᠢᠭᠦᠬᠦ ᠬᠤᠷᠢᠶ᠎ᠠ ᠪᠠᠷ | ᠭᠥᠯᠢᠶᠡᠨ ᠠᠪᠴᠤ ᠰᠢᠢᠳᠪᠦᠷᠢᠯᠡᠭᠦᠯᠦᠭᠰᠡᠨ ᠪᠣᠯ ᠲᠠᠷᠢᠶᠠᠯᠠᠩ ᠤᠨ ᠮᠠᠰᠢᠨ ᠤ ᠬᠢᠨᠠᠨ ᠬᠠᠮᠢᠶᠠᠷᠬᠤ ᠪᠠᠶᠢᠭᠤᠯᠤᠮᠵᠢ ᠨᠢ | ᠲᠠᠬᠢᠨ ᠬᠢᠨᠠᠬᠤ ᠪᠠᠨ ᠵᠣᠭᠰᠣᠭᠠᠬᠤ ᠬᠡᠷᠡᠭᠲᠡᠢ᠃ | ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ | ᠲᠣᠳᠣᠷᠬᠠᠶᠢᠯᠠᠯᠲᠠ ︵2019 ᠣᠨ︶ ᠪᠠ ᠵᠠᠰᠠᠭ ᠵᠠᠬᠢᠷᠭᠠᠨ ᠤ ᠡᠷᠬᠡ ᠶᠢ ᠳᠣᠷᠣᠭᠰᠢ ᠪᠠᠭᠤᠯᠭᠠᠭᠰᠠᠨ ᠬᠡᠷᠡᠭ | ᠶᠠᠪᠤᠳᠠᠯ ᠤᠨ ᠭᠠᠷᠴᠠᠭ ᠢ ᠬᠦᠴᠦᠨ ᠦᠭᠡᠢ ᠪᠣᠯᠭᠠᠬᠤ ᠨᠡᠶᠢᠲᠡᠯᠡᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2019﹈ | 16 ᠳ᠋ᠤᠭᠠᠷ ᠲᠣᠭᠠᠲᠤ︶ ᠶᠢᠨ ᠳᠠᠭᠠᠯᠳᠤᠭᠤᠯᠤᠯ 2 ᠤᠨ 586 ᠳ᠋ᠤᠭᠠᠷ ᠵᠦᠢᠯ᠂『ᠲᠠᠷᠢᠶᠠᠯᠠᠩ ᠤᠨ ᠮᠠᠰᠢᠨ ᠤ | ᠡ᠊ᠨᠳᠡᠯ ᠤᠨ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ』 ᠶᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ ᠠᠴᠠ ᠳᠣᠷᠣᠭᠰᠢ ᠪᠠᠭᠤᠯᠭᠠᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 38 ᠳ᠋ᠤᠭᠠᠷ | ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠵᠤ᠂ ᠵᠡᠭᠦᠨᠰᠢ 200 ᠮᠧᠲᠷ | ᠶᠠᠪᠤᠨ᠎ᠠ᠃ 2 ᠪᠤᠶᠤ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ | ᠲᠣᠪᠴᠢᠶᠠᠨ ᠤ ᠥᠷᠲᠡᠭᠡᠨ ᠳᠤ ᠪᠠᠭᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=ff8080817578f296017586c007904614®ionCode=150421000000&highlight=personal&record=istrue |