ᠨᠡᠶᠢᠭᠡᠮ ᠤᠨ ᠪᠠᠲᠤᠯᠠᠭ᠎ᠠ ᠶᠢᠨ ᠺᠠᠷᠲ ᠢ ᠡᠬᠢᠯᠡᠨ ᠬᠡᠷᠡᠭᠯᠡᠬᠦ ︵ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠠᠩᠬᠢ ᠶᠢᠨ ᠲᠠᠩᠰᠠᠨ ᠡᠷᠦᠬᠡ ᠠᠮᠢᠯᠠᠭᠤᠯᠬᠤ ᠶᠢ ᠪᠠᠭᠲᠠᠭᠠᠨ᠎ᠠ︶
ᠨᠡᠶᠢᠲᠡᠯᠡᠭᠰᠡᠨ ᠴᠠᠭ᠄
2022/6/24
ᠬᠦᠯᠢᠶᠡᠨ ᠰᠢᠢᠳᠪᠦᠷᠢᠯᠡᠬᠦ ᠨᠥᠬᠦᠴᠡᠯ        1. ᠭᠤᠶᠤᠴᠢᠯᠠᠭᠴᠢ ᠨᠢ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠦᠶ᠎ᠡ ᠶᠢᠨ ᠪᠤᠶᠤ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠪᠠᠶᠢᠬᠤ᠃        2. ᠨᠡᠶᠢᠭᠡᠮ ᠤᠨ ᠪᠠᠲᠤᠯᠠᠭ᠎ᠠ ᠶᠢᠨ ᠺᠠᠷᠲ ᠺᠠᠷᠲ ᠢ ᠡᠬᠢᠯᠡᠨ ᠬᠡᠷᠡᠭᠯᠡᠬᠦ ︵ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠠᠩᠬᠢ ᠶᠢᠨ ᠲᠠᠩᠰᠠᠨ ᠡᠷᠦᠬᠡ ᠠᠮᠢᠯᠠᠭᠤᠯᠬᠤ ᠶᠢ ᠪᠠᠭᠲᠠᠭᠠᠨ᠎ᠠ︶ ᠪᠠᠷ ᠭᠤᠶᠤᠴᠢᠯᠠᠭᠰᠠᠨ ᠲᠣᠰ ᠬᠥᠮᠥᠨ  ᠨᠢ ᠪᠦᠬᠦᠯᠢ 16 ᠨᠠᠰᠤ ᠬᠦᠷᠦᠭᠰᠡᠨ ᠪᠣᠯ ᠬᠦᠴᠦᠨ ᠪᠦᠬᠦᠢ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢᠶᠠᠨ ᠠᠪᠴᠤ ᠣᠴᠢᠨ ᠭᠦᠢᠴᠡᠳᠬᠡᠨ᠎ᠡ᠃ ᠨᠡᠶᠢᠭᠡᠮ ᠤᠨ ᠪᠠᠲᠤᠯᠠᠭ᠎ᠠ ᠶᠢᠨ ᠺᠠᠷᠲ ᠺᠠᠷᠲ ᠢ ᠡᠬᠢᠯᠡᠨ ᠬᠡᠷᠡᠭᠯᠡᠬᠦ ︵ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠠᠩᠬᠢ ᠶᠢᠨ ᠲᠠᠩᠰᠠᠨ ᠡᠷᠦᠬᠡ ᠠᠮᠢᠯᠠᠭᠤᠯᠬᠤ ᠶᠢ ᠪᠠᠭᠲᠠᠭᠠᠨ᠎ᠠ︶ ᠪᠠᠷ ᠭᠤᠶᠤᠴᠢᠯᠠᠭᠴᠢ ᠪᠦᠬᠦᠯᠢ 16 ᠨᠠᠰᠤ ᠬᠦᠷᠦᠭᠡᠳᠦᠢ ᠪᠣᠯ ᠬᠠᠤᠯᠢ ᠪᠠᠷ ᠲᠣᠭᠲᠠᠭᠠᠭᠰᠠᠨ ᠣᠷᠣᠯᠠᠭᠴᠢ ᠨᠢ ᠬᠦᠴᠦᠨ ᠪᠦᠬᠦᠢ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢᠶᠠᠨ ᠠᠪᠴᠤ ᠳᠠᠭᠠᠳᠬᠠᠯ ᠳᠤ ᠣᠷᠣᠯᠴᠠᠭᠰᠠᠨ ᠭᠠᠵᠠᠷ ᠤᠨ ᠪᠠᠩᠬᠢ ᠶᠢᠨ ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠲᠣᠣᠷ ᠴᠡᠭ︾ ᠲᠤ ᠬᠦᠷᠴᠦ ᠣᠷᠣᠯᠠᠨ ᠭᠦᠢᠴᠡᠳᠬᠡᠨ᠎ᠡ᠃        ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠳᠤ᠄ ︵1︶ ᠳᠤᠮᠳᠠᠳᠤ ᠤᠯᠤᠰ ᠤᠨ ᠠᠷᠠᠳ ᠢᠷᠭᠡᠨ᠄ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠃ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠪᠣᠯ ᠬᠢᠨᠠᠨ ᠬᠠᠮᠠᠭᠠᠯᠠᠭᠴᠢ ᠨᠢ ᠣᠷᠣᠯᠠᠨ ᠭᠦᠢᠴᠡᠳᠬᠡᠵᠦ᠂ ᠨᠠᠰᠤᠨ ᠳᠤ ᠦᠯᠦ ᠬᠦᠷᠦᠭᠰᠡᠳ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ᠂ ᠬᠢᠨᠠᠨ ᠬᠠᠮᠠᠭᠠᠯᠠᠭᠴᠢ ᠶᠢᠨ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠬᠢᠨᠠᠨ ᠬᠠᠮᠠᠭᠠᠯᠠᠬᠤ ᠬᠠᠷᠢᠴᠠᠭ᠎ᠠ ᠶᠢᠨ ᠭᠡᠷᠡᠴᠢ ᠶᠢ ᠬᠠᠩᠭᠠᠨ᠎ᠠ᠃ ︵2︶ ᠰᠢᠶᠠᠩᠭᠠᠩ᠂ ᠣᠣᠮᠧᠨ᠂ ᠲᠠᠶᠢᠸᠠᠨ ᠤ ᠰᠠᠭᠤᠭᠠᠯᠢ ᠠᠷᠠᠳ᠄ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ᠎ᠠ ᠭᠠᠵᠠᠷ ᠢᠶᠠᠷ ᠶᠠᠪᠤᠵᠤ ᠢᠷᠡᠬᠦ ᠨᠡᠪᠲᠡᠷᠡᠬᠦ ᠦᠨᠡᠮᠯᠡᠯ᠂ ᠲᠠᠶᠢᠸᠠᠨ ᠤ ᠰᠠᠭᠤᠭᠠᠯᠢ ᠠᠷᠠᠳ ᠤᠨ ᠡᠬᠡ ᠬᠠᠭᠤᠷᠠᠢ ᠪᠠᠷ ᠶᠠᠪᠤᠵᠤ ᠢᠷᠡᠬᠦ ᠨᠡᠪᠲᠡᠷᠡᠬᠦ ᠦᠨᠡᠮᠯᠡᠯ᠂ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠤᠨ ᠤᠭ ᠮᠠᠲ᠋ᠧᠷᠢᠶᠠᠯ᠃ ︵3︶ ᠭᠠᠳᠠᠭᠠᠳᠤ ᠶᠢᠨ ᠠᠷᠠᠳ ᠢᠷᠭᠡᠨ᠄ ᠫᠠᠰᠫᠣᠷᠲ ᠪᠤᠶᠤ ᠭᠠᠳᠠᠭᠠᠳᠤ ᠶᠢᠨ ᠬᠥᠮᠥᠨ ᠤ ᠥᠨᠢᠳᠡ ᠣᠷᠣᠰᠢᠨ ᠰᠠᠭᠤᠬᠤ ᠦᠨᠡᠮᠯᠡᠯ ᠤᠨ ᠤᠭ ᠮᠠᠲ᠋ᠧᠷᠢᠶᠠᠯ᠃ᠲᠣᠭᠲᠠᠭᠠᠭᠰᠠᠨ ᠦᠨᠳᠦᠰᠦᠯᠡᠯ        1. ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ﹀ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ 〔2011〕 47 ᠳ᠋ᠤᠭᠠᠷ ᠲᠣᠭᠠᠲᠤ︶ ᠤᠨ ᠬᠤᠶᠠᠳᠤᠭᠠᠷ ᠪᠦᠯᠦᠭ᠄ ᠲᠠᠷᠬᠠᠭᠠᠯᠲᠠ ᠶᠢᠨ ᠬᠠᠮᠢᠶᠠᠷᠤᠯᠲᠠ᠃ ᠭᠤᠷᠪᠠᠳᠤᠭᠠᠷ ᠪᠦᠯᠦᠭ᠄ ᠦᠢᠯᠡᠳᠬᠦ ᠶᠠᠪᠤᠴᠠ ᠶᠢᠨ ᠬᠠᠮᠢᠶᠠᠷᠤᠯᠲᠠ᠃ ᠳᠥᠷᠪᠡᠳᠦᠭᠡᠷ ᠪᠦᠯᠦᠭ᠄ ᠬᠡᠷᠡᠭᠯᠡᠭᠡᠨ ᠤ ᠬᠠᠮᠢᠶᠠᠷᠤᠯᠲᠠ᠃        2. ︽ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠮᠥᠩᠭᠦᠨ ᠭᠦᠢᠯᠭᠡᠭᠡᠨ ᠤ ᠴᠢᠳᠠᠮᠵᠢ ᠨᠡᠮᠡᠬᠦ ᠲᠤᠬᠠᠢ ᠮᠡᠳᠡᠭᠳᠡᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2011﹈ 83 ᠳ᠋ᠤᠭᠠᠷ ᠲᠣᠭᠠᠲᠤ︶ ᠬᠤᠶᠠᠷ᠂ ᠴᠢᠳᠠᠮᠵᠢ ᠶᠢᠨ ᠪᠠᠶᠢᠷᠢ ᠲᠣᠭᠲᠠᠭᠠᠯᠲᠠ᠄ ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠮᠥᠩᠭᠦᠨ ᠭᠦᠢᠯᠭᠡᠭᠡᠨ ᠤ ᠴᠢᠳᠠᠮᠵᠢ ᠨᠡᠮᠡᠬᠦ ᠶᠢ ᠭᠤᠣᠯᠳᠠᠭᠤ ᠨᠡᠶᠢᠭᠡᠮ ᠤᠨ ᠪᠠᠲᠤᠯᠠᠭ᠎ᠠ ᠶᠢᠨ ᠺᠠᠷᠲ ᠳᠡᠭᠡᠷ᠎ᠡ ᠪᠠᠩᠬᠢ ᠶᠢᠨ ᠲᠤᠬᠠᠶᠢᠯᠠᠭᠰᠠᠨ ᠠᠵᠢᠯ ᠤᠨ ᠬᠡᠷᠡᠭᠯᠡᠭᠡ ᠶᠢ ᠨᠡᠮᠡᠬᠦ ᠪᠠᠷ ᠳᠠᠮᠵᠢᠭᠤᠯᠤᠨ ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠴᠢᠳᠠᠮᠵᠢ ᠨᠡᠮᠡᠭᠰᠡᠨ ᠤ ᠳᠠᠷᠠᠭᠠᠬᠢ ᠨᠡᠶᠢᠭᠡᠮ ᠤᠨ ᠪᠠᠲᠤᠯᠠᠭ᠎ᠠ ᠶᠢᠨ ᠺᠠᠷᠲ  ᠨᠢ ᠺᠠᠷᠲ ᠡᠵᠡᠮᠰᠢᠭᠴᠢ ᠶᠢᠨ ᠨᠡᠶᠢᠭᠡᠮ ᠤᠨ ᠪᠠᠲᠤᠯᠠᠭ᠎ᠠ ᠪᠠ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠡᠷᠬᠡ ᠠᠰᠢᠭ ᠢ ᠡᠳ᠋ᠯᠡᠬᠦ ᠡᠯᠧᠺᠲᠷᠣᠨ ᠭᠡᠷᠡᠴᠢ ᠪᠠᠷᠢᠮᠲᠠ ᠪᠣᠯᠤᠭᠰᠠᠨ ᠤ ᠬᠤᠪᠢ ᠳᠤ᠂ ᠮᠡᠳᠡᠭᠡ ᠵᠠᠩᠭᠢ ᠶᠢ ᠲᠡᠮᠳᠡᠭᠯᠡᠬᠦ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠡᠷᠭᠡ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠨᠳᠦᠰᠦᠨ ᠴᠢᠳᠠᠮᠵᠢ ᠲᠠᠢ ᠪᠠᠶᠢᠬᠤ ᠶᠢᠨ ᠬᠠᠮᠲᠤ᠂ ᠪᠠᠩᠬᠢ ᠶᠢᠨ ᠺᠠᠷᠲ ᠪᠣᠯᠭᠠᠨ ᠬᠡᠷᠡᠭᠯᠡᠵᠦ ᠪᠣᠯᠬᠤ ᠪᠥᠭᠡᠳ ᠪᠡᠯᠡᠨ ᠵᠣᠭᠤᠰ ᠢ ᠬᠠᠳᠠᠭᠠᠯᠠᠵᠤ ᠭᠠᠷᠭᠠᠬᠤ᠂ ᠲᠠᠩᠰᠠ ᠰᠢᠯᠵᠢᠭᠦᠯᠬᠦ᠂ ᠬᠡᠷᠡᠭᠯᠡᠬᠦ ᠵᠡᠷᠭᠡ ᠮᠥᠩᠭᠦᠨ ᠭᠦᠢᠯᠭᠡᠭᠡᠨ ᠤ ᠴᠢᠳᠠᠮᠵᠢ ᠲᠠᠢ ᠪᠠᠶᠢᠳᠠᠭ᠃ ᠮᠥᠩᠭᠦᠨ ᠭᠦᠢᠯᠭᠡᠭᠡᠨ ᠤ ᠴᠢᠳᠠᠮᠵᠢ ᠲᠠᠢ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠮᠥᠩᠭᠦᠨ ᠭᠦᠢᠯᠭᠡᠭᠡᠨ ᠤ ᠬᠡᠷᠡᠭᠯᠡᠭᠡ ᠶᠢ ᠠᠷᠠᠳ ᠤᠨ ᠵᠣᠭᠤᠰ ᠤᠨ ᠵᠢᠭᠡᠯᠡᠯᠭᠡ ᠶᠢᠨ ᠲᠡᠮᠳᠡᠭᠯᠡᠯ ᠳᠤ ᠬᠡᠷᠡᠭᠯᠡᠨ᠎ᠡ᠂ ᠣᠳᠣᠬᠠᠨ ᠳᠠᠭᠠᠨ ᠵᠢᠭᠡᠯᠡᠯᠭᠡ ᠶᠢᠨ ᠲᠡᠮᠳᠡᠭᠯᠡᠯ ᠤᠨ ᠴᠢᠳᠠᠮᠵᠢ ᠪᠠᠶᠢᠬᠤ ᠦᠭᠡᠢ᠃ ᠴᠠᠬᠢᠮ ᠳᠣᠲᠣᠷ᠎ᠠ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠬᠡᠷᠡᠭᠯᠡᠯᠲᠡ ᠪᠠ ᠮᠥᠩᠭᠦᠨ ᠭᠦᠢᠯᠭᠡᠭᠡᠨ ᠤ ᠬᠡᠷᠡᠭᠯᠡᠯᠲᠡ ᠶᠢ ᠬᠠᠮᠲᠤ ᠳᠤᠨᠢ ᠪᠠᠭᠲᠠᠭᠠᠨ᠎ᠠ᠃        3. ︽ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠷᠬᠠᠭᠠᠬᠤ ᠬᠠᠮᠢᠶᠠᠷᠤᠯᠲᠠ ᠶᠢᠨ ᠴᠤᠪᠤᠷᠠᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠷᠬᠠᠭᠠᠭᠰᠠᠨ ﹇2014﹈ 20 ᠳ᠋ᠤᠭᠠᠷ ᠲᠣᠭᠠᠲᠤ︶ ᠤᠨ ᠪᠥᠬᠦ ᠠᠭᠤᠯᠭ᠎ᠠ᠃        4. ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠡᠷᠡᠭᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇2014﹈ 52 ᠳ᠋ᠤᠭᠠᠷ ᠲᠣᠭᠠᠲᠤ︶ ᠤᠨ ᠪᠥᠬᠦ ᠠᠭᠤᠯᠭ᠎ᠠ᠃        5. L D/T 32-2015 ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠵᠢᠷᠤᠮᠵᠢᠯ︾ ᠤᠨ ᠪᠦᠬᠦ ᠠᠭᠤᠯᠭ᠎ᠠ᠃        6. L D/T 33-2015 ︽ᠨᠡᠶᠢᠭᠡᠮ ᠤᠨ ᠪᠠᠲᠤᠯᠠᠭ᠎ᠠ ᠶᠢᠨ ᠺᠠᠷᠲ ᠢ ᠤᠩᠰᠢᠵᠤ ᠪᠢᠴᠢᠬᠦ ᠦᠢᠯᠡᠴᠢᠯᠡᠭᠦᠷ ᠤᠨ ᠲᠡᠭᠦᠰᠬᠡᠯ ᠤᠨ ᠵᠢᠷᠤᠮᠵᠢᠯ︾ ᠤᠨ ᠪᠦᠬᠦ ᠠᠭᠤᠯᠭ᠎ᠠ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ        ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ        ᠭᠦᠢᠴᠡᠳᠬᠡᠬᠦ ᠭᠠᠵᠠᠷ᠄  ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠾᠧ ᠫᠢᠩ ᠵᠠᠮ ᠤᠨ 161 ᠳ᠋ᠦ᠋ᠭᠡᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠢᠭᠡᠳᠦᠭᠡᠷ ᠠᠰᠠᠷ᠂ ᠴᠢᠪᠠᠭ᠎ᠠ ᠪᠠᠯᠭᠠᠰᠤᠨ ᠤ ᠵᠢᠢ ᠲᠦᠩ ᠵᠠᠮ ᠤᠨ ᠰᠢ ᠶᠤᠸᠠᠨ ᠶᠡᠭᠡ ᠵᠡᠭᠡᠯᠢ ᠶᠢᠨ ᠡᠮᠦᠨ᠎ᠡ᠂ ᠴᠢᠪᠠᠭ᠎ᠠ ᠪᠠᠯᠭᠠᠰᠤᠨ ᠤ ᠬᠤᠩ ᠰᠢᠩ ᠵᠡᠭᠡᠯᠢ ᠶᠢᠨ ᠵᠡᠭᠦᠨ ᠾᠧ ᠫᠢᠩ ᠵᠠᠮ ᠤᠨ ᠡᠮᠦᠨ᠎ᠡ᠂ ᠴᠢᠪᠠᠭ᠎ᠠ ᠪᠠᠯᠭᠠᠰᠤᠨ ᠤ ᠾᠧ ᠫᠢᠩ ᠵᠠᠮ ᠤᠨ 97 ᠳ᠋ᠤᠭᠠᠷ ᠨᠣᠮᠧᠷ        ᠭᠦᠢᠴᠡᠳᠬᠡᠬᠦ ᠴᠠᠭ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ᠄ ᠵᠣᠨ ᠤ ᠤᠯᠠᠷᠢᠯ ᠤᠨ ᠴᠠᠭ᠄ 8᠄ 30 ︱ 11᠄ 3014᠄ 30 ︱ 17᠄ 30᠂ ᠡᠪᠦᠯ ᠤᠨ ᠤᠯᠠᠷᠢᠯ ᠤᠨ ᠴᠠᠭ᠄ 8 ᠄ 30 ︱ 11᠄ 3014᠄ 00 ︱ 17᠄ 00᠃ ᠬᠥᠳᠡᠭᠡ ᠲᠣᠰᠬᠤᠨ ᠤ ᠲᠠᠷᠢᠶᠠᠯᠠᠩ ᠬᠤᠳᠠᠯᠳᠤᠭᠠᠨ ᠤ ᠪᠠᠩᠬᠢ᠄ ᠬᠠᠤᠯᠢ ᠪᠠᠷ ᠲᠣᠭᠲᠠᠭᠠᠭᠰᠠᠨ  ᠠᠵᠢᠯᠯᠠᠬᠤ ᠡᠳᠦᠷ 8᠄ 30 ︱ 11᠄ 30᠂ 14᠄ 30 ︱ 17᠄ 30᠃ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ᠄ ᠭᠠᠷᠠᠭ ᠤᠨ ᠨᠢᠭᠡᠨ ᠠᠴᠠ ᠭᠠᠷᠠᠭ ᠤᠨ ᠵᠢᠷᠭᠤᠭᠠᠨ ᠤ 9᠄ 00 ︱ 17᠄ 00᠃ ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ᠄ ᠭᠠᠷᠠᠭ ᠤᠨ ᠨᠢᠭᠡᠨ ᠠᠴᠠ ᠭᠠᠷᠠᠭ ᠤᠨ ᠵᠢᠷᠭᠤᠭᠠᠨ ᠤ 9᠄ 00 ︱ 17᠄ 00᠃ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ᠄ ᠭᠠᠷᠠᠭ ᠤᠨ ᠨᠢᠭᠡᠨ ᠠᠴᠠ ᠭᠠᠷᠠᠭ ᠤᠨ ᠵᠢᠷᠭᠤᠭᠠᠨ ᠤ 9᠄ 00 ︱ 17᠄ 00᠃        ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠡᠯ᠎ᠡ ᠪᠠᠩᠬᠢ ᠶᠢᠨ ᠨᠡᠶᠢᠲᠡᠯᠡᠭᠰᠡᠨ ᠭᠠᠵᠠᠷ ᠢᠶᠠᠷ ᠪᠠᠷᠢᠮᠵᠢᠶ᠎ᠠ ᠪᠣᠯᠭᠠᠨ᠎ᠠ᠃        ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ᠃        ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw.nmg.gov.cn/handle_affairs_detail?item_detail_id=ff8080817c7e49f3017c81fa9bfd32e9®ionCode=150421000000&highlight=pubService&record=istrue
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号