ᠬᠦᠯᠢᠶᠡᠨ ᠰᠢᠢᠳᠪᠦᠷᠢᠯᠡᠬᠦ ᠨᠥᠬᠦᠴᠡᠯ | 1. ᠭᠤᠶᠤᠴᠢᠯᠠᠭᠴᠢ ᠨᠢ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ | ᠦᠶ᠎ᠡ ᠶᠢᠨ ᠪᠤᠶᠤ ᠭᠤᠷᠪᠠᠳᠤᠭᠠᠷ ᠦᠶ᠎ᠡ ᠶᠢᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠪᠠᠶᠢᠬᠤ᠃ | 2.ᠨᠡᠶᠢᠭᠡᠮ ᠤᠨ ᠪᠠᠲᠤᠯᠠᠭ᠎ᠠ ᠶᠢᠨ ᠺᠠᠷᠲ ᠢ ᠭᠡᠭᠡᠭᠰᠡᠨ ᠢᠶᠠᠨ ᠳᠠᠩᠰᠠᠯᠠᠭᠤᠯᠬᠤ ᠪᠠ ᠭᠡᠭᠡᠭᠰᠡᠨ | ᠳᠠᠩᠰᠠᠯᠠᠯᠲᠠ ᠶᠢ ᠲᠠᠶᠢᠯᠬᠤ ᠪᠠᠷ ᠭᠤᠶᠤᠴᠢᠯᠠᠭᠰᠠᠨ ᠲᠣᠰ ᠬᠥᠮᠥᠨ ᠨᠢ ᠪᠦᠬᠦᠯᠢ 16 ᠨᠠᠰᠤ ᠬᠦᠷᠦᠭᠰᠡᠨ ᠪᠣᠯ | ᠬᠦᠴᠦᠨ ᠪᠦᠬᠦᠢ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢᠶᠠᠨ ᠠᠪᠴᠤ ᠣᠴᠢᠨ ᠭᠦᠢᠴᠡᠳᠬᠡᠨ᠎ᠡ᠃ | ᠨᠡᠶᠢᠭᠡᠮ ᠤᠨ ᠪᠠᠲᠤᠯᠠᠭ᠎ᠠ ᠶᠢᠨ ᠺᠠᠷᠲ ᠢ ᠭᠡᠭᠡᠭᠰᠡᠨ ᠢᠶᠠᠨ ᠳᠠᠩᠰᠠᠯᠠᠭᠤᠯᠬᠤ ᠪᠠ ᠭᠡᠭᠡᠭᠰᠡᠨ ᠳᠠᠩᠰᠠᠯᠠᠯᠲᠠ ᠶᠢ | ᠲᠠᠶᠢᠯᠬᠤ ᠪᠠᠷ ᠭᠤᠶᠤᠴᠢᠯᠠᠭᠴᠢ ᠪᠦᠬᠦᠯᠢ 16 ᠨᠠᠰᠤ ᠬᠦᠷᠦᠭᠡᠳᠦᠢ ᠪᠣᠯ ᠬᠠᠤᠯᠢ ᠪᠠᠷ ᠲᠣᠭᠲᠠᠭᠠᠭᠰᠠᠨ ᠣᠷᠣᠯᠠᠭᠴᠢ | ᠨᠢ ᠬᠦᠴᠦᠨ ᠪᠦᠬᠦᠢ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠢᠶᠠᠨ ᠠᠪᠴᠤ ᠳᠠᠭᠠᠳᠬᠠᠯ ᠳᠤ ᠣᠷᠣᠯᠴᠠᠭᠰᠠᠨ | ᠭᠠᠵᠠᠷ ᠤᠨ ᠪᠠᠩᠬᠢ ᠶᠢᠨ ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠨᠢᠭᠡ ᠥᠷᠲᠡᠭᠡᠨ ᠤ ᠮᠠᠶ᠋ᠢᠭ ᠤᠨ | ᠦᠢᠯᠡᠴᠢᠯᠡᠭᠡᠨ ᠤ ᠲᠣᠣᠷ ᠴᠡᠭ︾ ᠲᠤ ᠬᠦᠷᠴᠦ ᠣᠷᠣᠯᠠᠨ ᠭᠦᠢᠴᠡᠳᠬᠡᠨ᠎ᠡ᠃ | ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠳᠤ᠄ ︵1︶ ᠳᠤᠮᠳᠠᠳᠤ ᠤᠯᠤᠰ ᠤᠨ ᠠᠷᠠᠳ ᠢᠷᠭᠡᠨ᠄ | ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ᠃ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠪᠣᠯ ᠬᠢᠨᠠᠨ | ᠬᠠᠮᠠᠭᠠᠯᠠᠭᠴᠢ ᠨᠢ ᠣᠷᠣᠯᠠᠨ ᠭᠦᠢᠴᠡᠳᠬᠡᠵᠦ᠂ ᠨᠠᠰᠤᠨ ᠳᠤ ᠦᠯᠦ ᠬᠦᠷᠦᠭᠰᠡᠳ ᠤᠨ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ᠂ ᠬᠢᠨᠠᠨ ᠬᠠᠮᠠᠭᠠᠯᠠᠭᠴᠢ ᠶᠢᠨ ᠪᠡᠶ᠎ᠡ ᠶᠢᠨ ᠦᠨᠡᠮᠯᠡᠯ ᠤᠨ ᠤᠭ | ᠮᠠᠲ᠋ᠧᠷᠢᠶᠠᠯ ᠵᠢᠴᠢ ᠬᠢᠨᠠᠨ ᠬᠠᠮᠠᠭᠠᠯᠠᠬᠤ ᠬᠠᠷᠢᠴᠠᠭ᠎ᠠ ᠶᠢᠨ ᠭᠡᠷᠡᠴᠢ ᠶᠢ ᠬᠠᠩᠭᠠᠨ᠎ᠠ᠃ ︵2︶ ᠰᠢᠶᠠᠩᠭᠠᠩ᠂ ᠣᠣᠮᠧᠨ᠂ | ᠲᠠᠶᠢᠸᠠᠨ ᠤ ᠰᠠᠭᠤᠭᠠᠯᠢ ᠠᠷᠠᠳ᠄ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ᠎ᠠ ᠭᠠᠵᠠᠷ ᠢᠶᠠᠷ ᠶᠠᠪᠤᠵᠤ | ᠢᠷᠡᠬᠦ ᠨᠡᠪᠲᠡᠷᠡᠬᠦ ᠦᠨᠡᠮᠯᠡᠯ᠂ ᠲᠠᠶᠢᠸᠠᠨ ᠤ ᠰᠠᠭᠤᠭᠠᠯᠢ ᠠᠷᠠᠳ ᠤᠨ ᠡᠬᠡ ᠬᠠᠭᠤᠷᠠᠢ ᠪᠠᠷ ᠶᠠᠪᠤᠵᠤ ᠢᠷᠡᠬᠦ ᠨᠡᠪᠲᠡᠷᠡᠬᠦ | ᠦᠨᠡᠮᠯᠡᠯ᠂ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠤᠨ ᠤᠭ | ᠮᠠᠲ᠋ᠧᠷᠢᠶᠠᠯ᠃ ︵3︶ ᠭᠠᠳᠠᠭᠠᠳᠤ ᠶᠢᠨ ᠠᠷᠠᠳ ᠢᠷᠭᠡᠨ᠄ ᠫᠠᠰᠫᠣᠷᠲ ᠪᠤᠶᠤ ᠭᠠᠳᠠᠭᠠᠳᠤ ᠶᠢᠨ ᠬᠥᠮᠥᠨ ᠤ ᠥᠨᠢᠳᠡ | ᠣᠷᠣᠰᠢᠨ ᠰᠠᠭᠤᠬᠤ ᠦᠨᠡᠮᠯᠡᠯ ᠤᠨ ᠤᠭ ᠮᠠᠲ᠋ᠧᠷᠢᠶᠠᠯ᠃ | | ᠲᠣᠭᠲᠠᠭᠠᠭᠰᠠᠨ ᠦᠨᠳᠦᠰᠦᠯᠡᠯ | 1. ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠺᠠᠷᠲ﹀ | ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ 〔2011〕 47 ᠳ᠋ᠤᠭᠠᠷ ᠲᠣᠭᠠᠲᠤ︶ ᠤᠨ | ᠬᠤᠶᠠᠳᠤᠭᠠᠷ ᠪᠦᠯᠦᠭ᠄ ᠲᠠᠷᠬᠠᠭᠠᠯᠲᠠ ᠶᠢᠨ ᠬᠠᠮᠢᠶᠠᠷᠤᠯᠲᠠ᠃ ᠭᠤᠷᠪᠠᠳᠤᠭᠠᠷ ᠪᠦᠯᠦᠭ᠄ ᠦᠢᠯᠡᠳᠬᠦ ᠶᠠᠪᠤᠴᠠ ᠶᠢᠨ | ᠬᠠᠮᠢᠶᠠᠷᠤᠯᠲᠠ᠃ ᠳᠥᠷᠪᠡᠳᠦᠭᠡᠷ ᠪᠦᠯᠦᠭ᠄ ᠬᠡᠷᠡᠭᠯᠡᠭᠡᠨ ᠤ ᠬᠠᠮᠢᠶᠠᠷᠤᠯᠲᠠ᠃ | 2. ︽ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠮᠥᠩᠭᠦᠨ ᠭᠦᠢᠯᠭᠡᠭᠡᠨ ᠤ ᠴᠢᠳᠠᠮᠵᠢ ᠨᠡᠮᠡᠬᠦ ᠲᠤᠬᠠᠢ | ᠮᠡᠳᠡᠭᠳᠡᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇ | 2011﹈ 83 ᠳ᠋ᠤᠭᠠᠷ ᠲᠣᠭᠠᠲᠤ︶ ᠬᠤᠶᠠᠷ᠂ ᠴᠢᠳᠠᠮᠵᠢ ᠶᠢᠨ ᠪᠠᠶᠢᠷᠢ ᠲᠣᠭᠲᠠᠭᠠᠯᠲᠠ᠄ ᠨᠡᠶᠢᠭᠡᠮ ᠤᠨ | ᠪᠠᠲᠤᠯᠠᠭ᠎ᠠ ᠶᠢᠨ ᠺᠠᠷᠲ ᠲᠤ ᠮᠥᠩᠭᠦᠨ ᠭᠦᠢᠯᠭᠡᠭᠡᠨ ᠤ ᠴᠢᠳᠠᠮᠵᠢ ᠨᠡᠮᠡᠬᠦ ᠶᠢ ᠭᠤᠣᠯᠳᠠᠭᠤ ᠨᠡᠶᠢᠭᠡᠮ ᠤᠨ | ᠪᠠᠲᠤᠯᠠᠭ᠎ᠠ ᠶᠢᠨ ᠺᠠᠷᠲ ᠳᠡᠭᠡᠷ᠎ᠡ ᠪᠠᠩᠬᠢ ᠶᠢᠨ ᠲᠤᠬᠠᠶᠢᠯᠠᠭᠰᠠᠨ ᠠᠵᠢᠯ ᠤᠨ ᠬᠡᠷᠡᠭᠯᠡᠭᠡ ᠶᠢ ᠨᠡᠮᠡᠬᠦ ᠪᠠᠷ ᠳᠠᠮᠵᠢᠭᠤᠯᠤᠨ | ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠤ ᠴᠢᠳᠠᠮᠵᠢ ᠨᠡᠮᠡᠭᠰᠡᠨ ᠤ ᠳᠠᠷᠠᠭᠠᠬᠢ ᠨᠡᠶᠢᠭᠡᠮ ᠤᠨ ᠪᠠᠲᠤᠯᠠᠭ᠎ᠠ ᠶᠢᠨ ᠺᠠᠷᠲ | ᠨᠢ ᠺᠠᠷᠲ ᠡᠵᠡᠮᠰᠢᠭᠴᠢ ᠶᠢᠨ ᠨᠡᠶᠢᠭᠡᠮ ᠤᠨ ᠪᠠᠲᠤᠯᠠᠭ᠎ᠠ ᠪᠠ ᠣᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠡᠷᠬᠡ ᠠᠰᠢᠭ ᠢ ᠡᠳ᠋ᠯᠡᠬᠦ ᠡᠯᠧᠺᠲᠷᠣᠨ ᠭᠡᠷᠡᠴᠢ ᠪᠠᠷᠢᠮᠲᠠ ᠪᠣᠯᠤᠭᠰᠠᠨ ᠤ ᠬᠤᠪᠢ ᠳᠤ᠂ ᠮᠡᠳᠡᠭᠡ | ᠵᠠᠩᠭᠢ ᠶᠢ ᠲᠡᠮᠳᠡᠭᠯᠡᠬᠦ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠵᠡᠷᠭᠡ | ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠨᠳᠦᠰᠦᠨ ᠴᠢᠳᠠᠮᠵᠢ ᠲᠠᠢ ᠪᠠᠶᠢᠬᠤ ᠶᠢᠨ ᠬᠠᠮᠲᠤ᠂ ᠪᠠᠩᠬᠢ ᠶᠢᠨ ᠺᠠᠷᠲ | ᠪᠣᠯᠭᠠᠨ ᠬᠡᠷᠡᠭᠯᠡᠵᠦ ᠪᠣᠯᠬᠤ ᠪᠥᠭᠡᠳ ᠪᠡᠯᠡᠨ ᠵᠣᠭᠤᠰ ᠢ ᠬᠠᠳᠠᠭᠠᠯᠠᠵᠤ ᠭᠠᠷᠭᠠᠬᠤ᠂ ᠲᠠᠩᠰᠠ ᠰᠢᠯᠵᠢᠭᠦᠯᠬᠦ᠂ ᠬᠡᠷᠡᠭᠯᠡᠬᠦ | ᠵᠡᠷᠭᠡ ᠮᠥᠩᠭᠦᠨ ᠭᠦᠢᠯᠭᠡᠭᠡᠨ ᠤ ᠴᠢᠳᠠᠮᠵᠢ ᠲᠠᠢ ᠪᠠᠶᠢᠳᠠᠭ᠃ ᠮᠥᠩᠭᠦᠨ ᠭᠦᠢᠯᠭᠡᠭᠡᠨ ᠤ ᠴᠢᠳᠠᠮᠵᠢ ᠲᠠᠢ ᠨᠡᠶᠢᠭᠡᠮ ᠤᠨ | ᠪᠠᠲᠤᠯᠠᠭ᠎ᠠ ᠶᠢᠨ ᠺᠠᠷᠲ ᠤᠨ ᠮᠥᠩᠭᠦᠨ ᠭᠦᠢᠯᠭᠡᠭᠡᠨ ᠤ ᠬᠡᠷᠡᠭᠯᠡᠭᠡ ᠶᠢ ᠠᠷᠠᠳ ᠤᠨ ᠵᠣᠭᠤᠰ ᠤᠨ ᠵᠢᠭᠡᠯᠡᠯᠭᠡ ᠶᠢᠨ | ᠲᠡᠮᠳᠡᠭᠯᠡᠯ ᠳᠤ ᠬᠡᠷᠡᠭᠯᠡᠨ᠎ᠡ᠂ ᠣᠳᠣᠬᠠᠨ ᠳᠠᠭᠠᠨ ᠵᠢᠭᠡᠯᠡᠯᠭᠡ ᠶᠢᠨ ᠲᠡᠮᠳᠡᠭᠯᠡᠯ ᠤᠨ ᠴᠢᠳᠠᠮᠵᠢ ᠪᠠᠶᠢᠬᠤ ᠦᠭᠡᠢ᠃ ᠴᠠᠬᠢᠮ | ᠳᠣᠲᠣᠷ᠎ᠠ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠬᠡᠷᠡᠭᠯᠡᠯᠲᠡ ᠪᠠ ᠮᠥᠩᠭᠦᠨ | ᠭᠦᠢᠯᠭᠡᠭᠡᠨ ᠤ ᠬᠡᠷᠡᠭᠯᠡᠯᠲᠡ ᠶᠢ ᠬᠠᠮᠲᠤ ᠳᠤᠨᠢ ᠪᠠᠭᠲᠠᠭᠠᠨ᠎ᠠ᠃ | 3. ︽ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠷᠬᠠᠭᠠᠬᠤ ᠬᠠᠮᠢᠶᠠᠷᠤᠯᠲᠠ ᠶᠢᠨ ᠴᠤᠪᠤᠷᠠᠯ ᠢ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ︾ ︵ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ | ᠲᠠᠷᠬᠠᠭᠠᠭᠰᠠᠨ ﹇2014﹈ 20 ᠳ᠋ᠤᠭᠠᠷ ᠲᠣᠭᠠᠲᠤ︶ ᠤᠨ ᠪᠥᠬᠦ ᠠᠭᠤᠯᠭ᠎ᠠ᠃ | 4. ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠡᠷᠡᠭᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ | ᠰᠠᠨᠠᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠲᠠᠷᠬᠠᠭᠠᠭᠰᠠᠨ ﹇ | 2014﹈ 52 ᠳ᠋ᠤᠭᠠᠷ ᠲᠣᠭᠠᠲᠤ︶ ᠤᠨ ᠪᠥᠬᠦ ᠠᠭᠤᠯᠭ᠎ᠠ᠃ | 5. L D/T 32-2015 ︽ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠵᠢᠷᠤᠮᠵᠢᠯ︾ ᠤᠨ ᠪᠦᠬᠦ | ᠠᠭᠤᠯᠭ᠎ᠠ᠃ | 6. L D/T 33-2015 ︽ᠨᠡᠶᠢᠭᠡᠮ ᠤᠨ ᠪᠠᠲᠤᠯᠠᠭ᠎ᠠ ᠶᠢᠨ ᠺᠠᠷᠲ ᠢ ᠤᠩᠰᠢᠵᠤ ᠪᠢᠴᠢᠬᠦ | ᠦᠢᠯᠡᠴᠢᠯᠡᠭᠦᠷ ᠤᠨ ᠲᠡᠭᠦᠰᠬᠡᠯ ᠤᠨ ᠵᠢᠷᠤᠮᠵᠢᠯ︾ ᠤᠨ ᠪᠦᠬᠦ ᠠᠭᠤᠯᠭ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠾᠧ ᠫᠢᠩ ᠵᠠᠮ ᠤᠨ | 161 ᠳ᠋ᠦ᠋ᠭᠡᠷ ᠨᠣᠮᠧᠷ᠂ ᠠᠷᠤ ᠬᠤᠷᠴᠢᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠨᠢᠭᠡᠳᠦᠭᠡᠷ ᠠᠰᠠᠷ᠂ ᠴᠢᠪᠠᠭ᠎ᠠ ᠪᠠᠯᠭᠠᠰᠤᠨ ᠤ ᠵᠢᠢ ᠲᠦᠩ ᠵᠠᠮ ᠤᠨ ᠰᠢ ᠶᠤᠸᠠᠨ ᠶᠡᠭᠡ ᠵᠡᠭᠡᠯᠢ ᠶᠢᠨ | ᠡᠮᠦᠨ᠎ᠡ᠂ ᠴᠢᠪᠠᠭ᠎ᠠ ᠪᠠᠯᠭᠠᠰᠤᠨ ᠤ ᠬᠤᠩ ᠰᠢᠩ ᠵᠡᠭᠡᠯᠢ ᠶᠢᠨ ᠵᠡᠭᠦᠨ ᠾᠧ ᠫᠢᠩ ᠵᠠᠮ ᠤᠨ ᠡᠮᠦᠨ᠎ᠡ᠂ ᠴᠢᠪᠠᠭ᠎ᠠ | ᠪᠠᠯᠭᠠᠰᠤᠨ ᠤ ᠾᠧ ᠫᠢᠩ ᠵᠠᠮ ᠤᠨ 97 ᠳ᠋ᠤᠭᠠᠷ ᠨᠣᠮᠧᠷ | ᠭᠦᠢᠴᠡᠳᠬᠡᠬᠦ ᠴᠠᠭ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ᠄ ᠵᠣᠨ ᠤ | ᠤᠯᠠᠷᠢᠯ ᠤᠨ ᠴᠠᠭ᠄ 8᠄ 30 ︱ 11᠄ 3014᠄ 30 ︱ 17᠄ 30᠂ ᠡᠪᠦᠯ ᠤᠨ ᠤᠯᠠᠷᠢᠯ ᠤᠨ ᠴᠠᠭ᠄ 8 | ᠄ 30 ︱ 11᠄ 3014᠄ 00 ︱ 17᠄ 00᠃ ᠬᠥᠳᠡᠭᠡ ᠲᠣᠰᠬᠤᠨ ᠤ ᠲᠠᠷᠢᠶᠠᠯᠠᠩ ᠬᠤᠳᠠᠯᠳᠤᠭᠠᠨ ᠤ | ᠪᠠᠩᠬᠢ᠄ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ 8᠄ 30 ︱ 11᠄ 30᠂ 14᠄ 30 ︱ 17᠄ | 30᠃ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ᠄ ᠭᠠᠷᠠᠭ ᠤᠨ ᠨᠢᠭᠡᠨ ᠠᠴᠠ ᠭᠠᠷᠠᠭ ᠤᠨ | ᠵᠢᠷᠭᠤᠭᠠᠨ ᠤ 9᠄ 00 ︱ 17᠄ 00᠃ ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ᠄ | ᠭᠠᠷᠠᠭ ᠤᠨ ᠨᠢᠭᠡᠨ ᠠᠴᠠ ᠭᠠᠷᠠᠭ ᠤᠨ ᠵᠢᠷᠭᠤᠭᠠᠨ ᠤ 9᠄ 00 ︱ 17᠄ 00᠃ ᠳᠤᠮᠳᠠᠳᠤ ᠤᠯᠤᠰ ᠤᠨ | ᠲᠠᠷᠢᠶᠠᠯᠠᠩ ᠤᠨ ᠪᠠᠩᠬᠢ᠄ ᠭᠠᠷᠠᠭ ᠤᠨ ᠨᠢᠭᠡᠨ ᠠᠴᠠ ᠭᠠᠷᠠᠭ ᠤᠨ ᠵᠢᠷᠭᠤᠭᠠᠨ ᠤ 9᠄ 00 ︱ 17᠄ 00᠃ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ ᠡᠯ᠎ᠡ ᠪᠠᠩᠬᠢ ᠶᠢᠨ ᠨᠡᠶᠢᠲᠡᠯᠡᠭᠰᠡᠨ ᠭᠠᠵᠠᠷ ᠢᠶᠠᠷ | ᠪᠠᠷᠢᠮᠵᠢᠶ᠎ᠠ ᠪᠣᠯᠭᠠᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=ff8080817c7e47b8017c82da9a5f35bb®ionCode=150421000000&highlight=pubService&record=istrue |