ᠪᠥᠬᠦ ᠬᠤᠰᠢᠭᠤᠨ ᠤ ᠬᠤᠶᠠᠳᠤᠭᠠᠷ ᠪᠦᠯᠦᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠨᠡᠶᠢᠲᠡᠯᠡᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/6/28
ᠠᠷᠤ ᠵᠠᠰᠠᠭ ᠠᠯᠪᠠᠨ ᠲᠠᠷᠬᠠᠭᠠᠭᠰᠠᠨ 〔2022〕 48 ᠳ᠋ᠤᠭᠠᠷ ᠲᠣᠭᠠᠲᠤ             ᠪᠥᠬᠦ ᠬᠤᠰᠢᠭᠤᠨ ᠤ ᠬᠤᠶᠠᠳᠤᠭᠠᠷ ᠪᠦᠯᠦᠭ ᠤᠨ ᠵᠠᠰᠠᠭ ᠵᠠᠬᠢᠷᠭᠠᠨ ᠤ ᠬᠠᠤᠯᠢ             ᠬᠡᠷᠡᠭᠵᠢᠭᠦᠯᠬᠦ ᠭᠤᠣᠯ ᠴᠣᠭᠴᠠ ᠶᠢ ᠨᠡᠶᠢᠲᠡᠯᠡᠬᠦ ᠲᠤᠬᠠᠢ ᠵᠠᠷᠯᠠᠯᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ᠲᠥᠪ ᠬᠤᠲᠠ ᠶᠢᠨ ᠰᠢᠭᠤᠳ ᠬᠠᠷᠢᠶ᠎ᠠ ᠠᠷᠤ ᠬᠤᠷᠴᠢᠨ ᠬᠤᠰᠢᠭᠤᠨ ᠳᠤ ᠰᠠᠭᠤᠭ᠎ᠠ ᠡᠯ᠎ᠡ ᠨᠢᠭᠡᠴᠢ ᠳᠤ᠄      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠠᠤᠯᠢ ᠬᠡᠷᠡᠭᠵᠢᠭᠦᠯᠬᠦ  ᠶᠢ ᠵᠢᠷᠤᠮᠵᠢᠭᠤᠯᠬᠤ᠂ ᠪᠠᠲᠤᠯᠠᠬᠤ ᠪᠠ ᠲᠡᠭᠦᠨ ᠳᠤ ᠬᠢᠨᠠᠯᠲᠠ ᠲᠠᠯᠪᠢᠵᠤ᠂ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾ ᠢ ᠦᠨᠳᠦᠰᠦᠯᠡᠨ᠂ ᠪᠠᠶᠢᠭᠤᠯᠤᠮᠵᠢ ᠶᠢᠨ ᠥᠭᠡᠷᠡᠴᠢᠯᠡᠯᠲᠡ ᠵᠢᠴᠢ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠷᠤ ᠬᠤᠷᠴᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠰᠢᠨ᠎ᠡ ᠪᠠᠷ ᠡᠮᠬᠢᠯᠡᠨ ᠳᠢᠭᠯᠡᠪᠡ᠃ ᠬᠤᠰᠢᠭᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠠᠷᠤ ᠬᠤᠷᠴᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ︵ᠡᠯ᠎ᠡ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ᠂ ᠡᠯ᠎ᠡ ᠭᠠᠶᠢᠯᠢ ᠶᠢᠨ ᠶᠠᠪᠤᠳᠠᠯ ᠤᠨ ᠭᠠᠵᠠᠷ ᠪᠠᠭᠲᠠᠨ᠎ᠠ︶᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠶᠢ ᠬᠠᠤᠯᠢ ᠶᠣᠰᠣᠭᠠᠷ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠨᠤᠲᠠᠯᠠᠭᠰᠠᠨ ᠢ ᠡᠳᠦᠭᠡ ᠵᠠᠷᠯᠠᠶ᠎ᠠ᠃      ᠳᠡᠭᠡᠷ᠎ᠡ ᠳᠤᠷᠠᠳᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠨᠢ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠤ ᠬᠠᠤᠯᠢ ᠬᠡᠷᠡᠭᠵᠢᠭᠦᠯᠬᠦ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠬᠠᠤᠯᠢ ᠶᠢ ᠴᠢᠩᠭ᠎ᠠ ᠨᠢᠮᠪᠠᠢ᠂ ᠵᠢᠷᠤᠮᠵᠢᠭᠤᠨ᠂ ᠲᠥᠪ ᠭᠤᠣᠯᠴᠢ᠂ ᠪᠣᠯᠪᠠᠰᠤᠨ ᠢᠶᠠᠷ ᠬᠡᠷᠡᠭᠵᠢᠭᠦᠯᠬᠦ ᠶᠢ ᠦᠨᠡᠨ ᠬᠦ ᠪᠡᠶᠡᠯᠡᠭᠦᠯᠵᠦ᠂ ᠤᠯᠠᠨ ᠨᠡᠶᠢᠲᠡ ᠶᠢᠨ ᠠᠰᠢᠭ ᠲᠤᠰᠠ ᠪᠠ ᠠᠷᠠᠳ ᠢᠷᠭᠡᠨ᠂ ᠬᠠᠤᠯᠢ ᠶᠢᠨ ᠬᠥᠮᠥᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ᠃ ᠬᠤᠶᠢᠰᠢᠳᠠ᠂ ᠬᠡᠷᠪᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠪᠠᠶᠢᠭᠤᠯᠬᠤ᠂ ᠰᠠᠯᠭᠠᠬᠤ᠂ ᠨᠡᠶᠢᠯᠡᠭᠦᠯᠬᠦ ᠵᠢᠴᠢ ᠭᠤᠣᠯ ᠴᠣᠭᠴᠠ ᠶᠢᠨ ᠬᠢᠷᠢ ᠬᠡᠮ ᠢ ᠬᠠᠰᠤᠬᠤ᠂ ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠵᠠᠰᠠᠭ ᠵᠠᠬᠢᠷᠭᠠᠨ ᠤ ᠡᠷᠬᠡ ᠳᠤ ᠲᠣᠬᠢᠷᠠᠭᠤᠯᠤᠯᠲᠠ ᠬᠢᠬᠦ ᠵᠡᠷᠭᠡ ᠪᠠᠶᠢᠳᠠᠯ ᠳᠤ ᠬᠤᠯᠪᠣᠭᠳᠠᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠡᠷᠬᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 208 ᠳ᠋ᠤᠭᠠᠷ ᠲᠣᠭᠠᠲᠤ︶ ᠶᠢ ᠦᠨᠳᠦᠰᠦᠯᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠴᠠᠭ ᠲᠤᠬᠠᠢ ᠳᠤᠨᠢ ᠬᠤᠰᠢᠭᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠵᠦ ᠳᠠᠬᠢᠨ ᠬᠢᠨᠠᠨ ᠬᠠᠷᠭᠤᠭᠤᠯᠵᠤ᠂ ᠲᠣᠬᠢᠷᠠᠭᠤᠯᠤᠯᠲᠠ ᠬᠢᠬᠦ ᠶᠢᠨ ᠬᠠᠮᠲᠤ ᠬᠤᠰᠢᠭᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠵᠦ ᠬᠡᠷᠡᠭᠵᠢᠭᠦᠯᠬᠦ ᠬᠡᠷᠡᠭᠲᠡᠢ᠃      ᠳᠠᠭᠠᠯᠳᠤᠭᠤᠯᠤᠯ᠄ ᠠᠷᠤ ᠬᠤᠷᠴᠢᠨ ᠬᠤᠰᠢᠭᠤᠨ ᠤ ᠬᠤᠶᠠᠳᠤᠭᠠᠷ ᠪᠦᠯᠦᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠨᠡᠷᠡᠰ                   ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                              2022 ᠣᠨ ᠤ 6 ᠰᠠᠷ᠎ᠠ ᠶᠢᠨ 10      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号