ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠲᠣᠭᠲᠠᠴᠠ 6 ᠳ᠋ᠤᠭᠠᠷ ᠰᠠᠷ᠎ᠠ ᠶᠢᠨ | 5 ᠤ ᠡᠳᠦᠷ ᠰᠣᠨᠢᠨ ᠮᠡᠳᠡᠭᠡ ᠨᠡᠶᠢᠲᠡᠯᠡᠬᠦ | ᠬᠤᠷᠠᠯ ᠬᠤᠷᠠᠯᠳᠤᠭᠤᠯᠵᠤ᠂ ᠪᠥᠬᠦ ᠤᠯᠤᠰ ᠤᠨ | ᠣᠶᠤᠲᠠᠳ ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠬᠤ ᠠᠵᠢᠯ ᠢ ᠰᠠᠶᠢᠲᠤᠷ | ᠬᠢᠬᠦ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠪᠠ᠃ ᠬᠠᠮᠲᠤ ᠪᠠᠷ | ᠠᠩᠬᠠᠷᠴᠠᠭᠠᠶ᠎ᠠ︕ | ᠪᠥᠬᠦ ᠤᠯᠤᠰ ᠤᠨ ᠲᠤᠬᠠᠢ ᠶᠢᠨ ᠭᠠᠵᠠᠷ ᠤᠨ | ᠬᠠᠯᠳᠠᠪᠤᠷᠢᠯᠠᠭᠳᠠᠭᠴᠢ ᠨᠢᠭᠡᠨᠲᠡ 6 ᠡᠳᠦᠷ | ᠳᠠᠷᠠᠭᠠᠯᠠᠨ 100 ᠵᠢᠱᠢᠶ᠎ᠡ ᠠᠴᠠ ᠳᠣᠷᠣᠭᠰᠢ | ᠪᠣᠯᠪᠠ | ᠣᠳᠣᠬᠠᠨ ᠳᠤ ᠪᠥᠬᠦ ᠤᠯᠤᠰ ᠤᠨ ᠬᠢᠵᠢᠭ ᠤᠨ | ᠪᠠᠶᠢᠳᠠᠯ ᠶᠡᠷᠦᠩᠬᠡᠢ ᠳᠤ ᠪᠠᠨ | ᠲᠣᠭᠲᠠᠭᠤᠨ ᠢᠶᠠᠷ ᠪᠠᠭᠤᠷᠠᠬᠤ ᠬᠠᠨᠳᠤᠰᠢ ᠲᠠᠢ | ᠪᠠᠶᠢᠨ᠎ᠠ᠃ 5 ᠳ᠋ᠤᠭᠠᠷ ᠰᠠᠷ᠎ᠠ ᠶᠢᠨ 30 ᠤ | ᠡᠳᠦᠷ ᠠᠴᠠ ᠨᠠᠭᠠᠰᠢ᠂ ᠪᠥᠬᠦ ᠤᠯᠤᠰ ᠤᠨ | ᠲᠤᠬᠠᠢ ᠶᠢᠨ ᠭᠠᠵᠠᠷ ᠤᠨ | ᠬᠠᠯᠳᠠᠪᠤᠷᠢᠯᠠᠭᠳᠠᠭᠴᠢ 6 ᠡᠳᠦᠷ ᠳᠠᠷᠠᠭᠠᠯᠠᠨ | 100 ᠵᠢᠱᠢᠶ᠎ᠡ ᠠᠴᠠ ᠳᠣᠷᠣᠭᠰᠢ ᠪᠣᠯᠵᠠᠢ᠂ | ᠭᠡᠪᠡᠴᠦ ᠣᠶᠢᠷ᠎ᠠ ᠶᠢᠨ 7 ᠡᠳᠦᠷ ᠲᠤ 16 ᠮᠤᠵᠢ | ᠣᠷᠣᠨ ᠳᠤ ᠲᠤᠬᠠᠢ ᠶᠢᠨ ᠭᠠᠵᠠᠷ ᠤᠨ ᠬᠢᠵᠢᠭ ᠤᠨ | ᠪᠠᠶᠢᠳᠠᠯ ᠢ ᠮᠡᠳᠡᠭᠦᠯᠵᠦ᠂ ᠥᠪᠥᠷ ᠮᠣᠩᠭᠤᠯ | ᠵᠡᠷᠭᠡ ᠬᠡᠰᠡᠭ ᠭᠠᠵᠠᠷ ᠣᠷᠣᠨ ᠳᠤ ᠪᠠᠰᠠ | ᠴᠤᠭᠯᠠᠷᠠᠯ ᠤᠨ ᠴᠢᠨᠠᠷᠲᠠᠢ ᠬᠢᠵᠢᠭ ᠤᠨ | ᠪᠠᠶᠢᠳᠠᠯ ᠢᠯᠡᠷᠡᠪᠡ᠃ ᠣᠳᠣᠬᠠᠨ ᠳᠤ᠂ ᠪᠦᠬᠦ | ᠤᠯᠤᠰ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ | ᠬᠦᠨᠳᠦ ᠬᠡᠴᠡᠭᠦᠦ ᠨᠠᠷᠢᠨ ᠪᠤᠳᠤᠯᠢᠶᠠᠨᠲᠠᠢ | ᠪᠠᠶᠢᠵᠤ᠂ ᠡᠮᠦᠨᠡᠬᠢ ᠬᠤᠭᠤᠴᠠᠭᠠᠨ ᠳᠤ | ᠬᠢᠵᠢᠭ ᠤᠨ ᠪᠠᠶᠢᠳᠠᠯ ᠢᠯᠡᠷᠡᠭᠰᠡᠨ ᠭᠠᠵᠠᠷ | ᠣᠷᠣᠨ ᠪᠠᠴᠢᠮ ᠪᠠᠶᠢᠳᠠᠯ ᠢ ᠠᠷᠭᠠᠴᠠᠭᠠᠨ | ᠰᠢᠢᠳᠪᠦᠷᠢᠯᠡᠬᠦ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠬᠢᠵᠢᠭ ᠳᠡᠯᠭᠡᠷᠡᠬᠦ ᠶᠢ ᠠᠯᠢ | ᠲᠦᠷᠭᠡᠨ ᠢᠶᠠᠷ ᠬᠤᠷᠢᠭᠯᠠᠵᠤ᠂ ᠱᠠᠩᠬᠠᠢ ᠬᠤᠳᠠ | ᠬᠢᠵᠢᠭ ᠤᠨ ᠪᠠᠶᠢᠳᠠᠯ ᠲᠠᠬᠢᠨ ᠡᠭᠦᠰᠴᠦ ᠲᠠᠬᠢᠨ | ᠳᠡᠯᠭᠡᠷᠡᠬᠦ ᠶᠢ ᠡᠷᠡᠰ ᠰᠡᠷᠭᠡᠶᠢᠯᠡᠨ | ᠬᠤᠷᠢᠭᠯᠠᠵᠤ᠂ ᠪᠡᠭᠡᠵᠢᠩ ᠬᠤᠳᠠ ᠳᠡᠯᠭᠡᠷᠡᠬᠦ | ᠬᠡᠯᠬᠢᠶ᠎ᠡ ᠤᠷᠲᠤᠳᠬᠤ ᠶᠢ ᠤᠯᠠᠮ ᠴᠢᠨᠠᠭᠰᠢᠳᠠ | ᠬᠤᠷᠢᠭᠯᠠᠵᠤ᠂ ᠬᠢᠷᠢᠨ ᠪᠠ ᠯᠢᠶᠣᠤᠨᠢᠩ ᠮᠤᠵᠢ | ᠬᠢᠯᠢ ᠳᠠᠭᠠᠤ ᠬᠢᠵᠢᠭ ᠳᠡᠯᠭᠡᠷᠡᠬᠦ ᠶᠢ ᠦᠨᠡᠨ | ᠬᠦ ᠬᠤᠷᠢᠭᠯᠠᠬᠤ ᠬᠡᠷᠡᠭᠲᠡᠢ︔ ᠪᠤᠰᠤᠳ | ᠭᠠᠵᠠᠷ ᠨᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠩᠭᠤ ᠶᠢᠨ | ᠠᠵᠢᠯ ᠢ ᠰᠠᠶᠢᠲᠤᠷ ᠬᠢᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠬᠦ | ᠬᠡᠷᠡᠭᠲᠡᠢ᠃ | ᠬᠢᠯᠪᠠᠷᠴᠢᠯᠠᠬᠤ᠂ ᠨᠢᠭᠡ ᠯᠡ | ᠪᠠᠷᠢᠮᠵᠢᠶ᠎ᠠ ᠪᠠᠷ ᠱᠠᠭᠠᠷᠳᠠᠬᠤ ᠪᠠ ᠱᠠᠲᠤ | ᠱᠠᠲᠤ ᠪᠠᠷ ᠳᠠᠷᠤᠭᠠᠰᠤ ᠨᠡᠮᠡᠬᠦ ᠵᠡᠷᠭᠡ | ᠦᠵᠡᠭᠳᠡᠯ ᠢ ᠡᠷᠡᠰ ᠰᠡᠷᠭᠡᠶᠢᠯᠡᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠤ ︽ᠶᠢᠰᠦ ᠶᠢ ᠦᠯᠦ | ᠵᠥᠪᠰᠢᠶᠡᠷᠡᠬᠦ︾ ᠶᠢ ᠡᠷᠡᠰ ᠪᠡᠶᠡᠯᠡᠭᠦᠯᠦᠨ᠎ᠡ | ︽ᠭᠠᠳᠠᠨ᠎ᠠ ᠠᠴᠠ ᠣᠷᠣᠭᠤᠯᠬᠤ ᠶᠢ | ᠰᠡᠷᠭᠡᠶᠢᠯᠡᠬᠦ᠂ ᠳᠣᠲᠣᠭᠠᠳᠤ ᠳᠤ ᠪᠠᠨ | ᠳᠠᠬᠢᠵᠤ ᠡᠭᠦᠰᠬᠦ ᠶᠢ ᠰᠡᠷᠭᠡᠶᠢᠯᠡᠬᠦ︾ | ᠶᠡᠷᠦᠩᠬᠡᠢ ᠠᠷᠭ᠎ᠠ ᠪᠣᠳᠣᠯᠭ᠎ᠠ ᠪᠠ | ︽ᠬᠥᠳᠡᠯᠦᠩᠭᠦᠢ ᠪᠠᠷ ᠦᠭᠡᠶᠢᠰᠬᠡᠬᠦ︾ | ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ | ᠪᠠᠷᠢᠮᠲᠠᠯᠠᠭᠰᠠᠨ ᠤᠷᠢᠲᠠᠯ ᠳᠣᠣᠷ᠎ᠠ᠂ ᠡᠯ᠎ᠡ | ᠭᠠᠵᠠᠷ ᠤᠨ ᠬᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠨᠡᠩ ᠥᠨᠳᠥᠷ | ᠪᠦᠲᠦᠮᠵᠢᠲᠡᠢ ᠪᠠᠷ ᠨᠢᠭᠡᠳᠦᠯᠲᠡᠢ | ᠲᠥᠯᠥᠪᠵᠢᠭᠦᠯᠵᠦ᠂ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢᠨ ᠰᠢᠨᠵᠢᠯᠡᠬᠦ | ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ | ᠴᠢᠨᠠᠷ᠂ ᠬᠠᠨᠳᠤᠯᠭᠠᠲᠤ ᠴᠢᠨᠠᠷ ᠢ ᠤᠯᠠᠮ | ᠴᠢᠨᠠᠭᠰᠢᠳᠠ ᠳᠡᠭᠡᠭᠰᠢᠯᠡᠭᠦᠯᠵᠦ᠂ | ᠬᠢᠯᠪᠠᠷᠴᠢᠯᠠᠬᠤ᠂ ᠨᠢᠭᠡ ᠯᠡ | ᠪᠠᠷᠢᠮᠵᠢᠶ᠎ᠠ ᠪᠠᠷ ᠱᠠᠭᠠᠷᠳᠠᠬᠤ ᠪᠠ ᠱᠠᠲᠤ | ᠱᠠᠲᠤ ᠪᠠᠷ ᠳᠠᠷᠤᠭᠠᠰᠤ ᠨᠡᠮᠡᠬᠦ ᠵᠡᠷᠭᠡ | ᠦᠵᠡᠭᠳᠡᠯ ᠢ ᠡᠷᠡᠰ ᠰᠡᠷᠭᠡᠶᠢᠯᠡᠵᠦ᠂ | ︽ᠶᠢᠰᠦ ᠶᠢ ᠦᠯᠦ ᠵᠥᠪᠰᠢᠶᠡᠷᠡᠬᠦ︾ ᠶᠢ ᠡᠷᠡᠰ | ᠪᠡᠶᠡᠯᠡᠭᠦᠯᠬᠦ ᠬᠡᠷᠡᠭᠲᠡᠢ᠄ | 1. ᠭᠠᠳᠠᠭᠰᠢ ᠭᠠᠷᠬᠤ ᠶᠢ ᠬᠢᠵᠠᠭᠠᠷᠯᠠᠬᠤ | ᠬᠡᠪᠴᠢᠶ᠎ᠡ ᠶᠢ ᠳᠤᠮᠳᠠ᠂ ᠥᠨᠳᠥᠷ | ᠲᠦᠭᠰᠢᠭᠦᠷᠢᠲᠦ ᠭᠠᠵᠠᠷ ᠣᠷᠣᠨ ᠠᠴᠠ ᠪᠤᠰᠤᠳ | ᠭᠠᠵᠠᠷ ᠣᠷᠣᠨ ᠲᠡᠶᠢᠰᠢ ᠳᠤᠷ᠎ᠠ ᠪᠠᠷ ᠢᠶᠠᠨ | ᠥᠷᠭᠡᠳᠬᠡᠵᠦ ᠪᠣᠯᠬᠤ ᠦᠭᠡᠢ᠃ | 2. ᠳᠣᠣᠷ᠎ᠠ ᠲᠦᠭᠰᠢᠭᠦᠷᠢᠲᠦ ᠭᠠᠵᠠᠷ | ᠣᠷᠣᠨ ᠠᠴᠠ ᠢᠷᠡᠭᠰᠡᠨ ᠬᠥᠮᠥᠰ ᠲᠤ | ᠠᠯᠪᠠᠳᠠᠯᠭ᠎ᠠ ᠪᠠᠷ ᠢᠳᠬᠠᠨ ᠪᠤᠴᠠᠭᠠᠬᠤ᠂ | ᠲᠤᠰᠠᠭᠠᠷᠯᠠᠬᠤ ᠵᠡᠷᠭᠡ ᠬᠢᠵᠠᠭᠠᠷᠯᠠᠬᠤ ᠠᠷᠭ᠎ᠠ | ᠬᠡᠮᠵᠢᠶ᠎ᠡ ᠠᠪᠴᠤ ᠪᠣᠯᠬᠤ ᠦᠭᠡᠢ᠃ | 3. ᠳᠤᠮᠳᠠ᠂ ᠥᠨᠳᠥᠷ ᠲᠦᠭᠰᠢᠭᠦᠷᠢᠲᠦ ᠭᠠᠵᠠᠷ | ᠣᠷᠣᠨ ᠵᠢᠴᠢ ᠪᠢᠲᠡᠭᠦᠮᠵᠢᠯᠡᠨ ᠡᠵᠡᠮᠳᠡᠬᠦ | ᠣᠷᠣᠨ᠂ ᠬᠠᠮᠢᠶᠠᠷᠤᠨ ᠡᠵᠡᠮᠳᠡᠬᠦ ᠣᠷᠣᠨ ᠤ | ᠬᠠᠮᠢᠶᠠᠷᠤᠨ ᠡᠵᠡᠮᠳᠡᠬᠦ ᠴᠠᠭ ᠢ | ᠳᠤᠷ᠎ᠠ ᠪᠠᠷ ᠢᠶᠠᠨ ᠤᠷᠲᠤᠳᠬᠠᠵᠤ ᠪᠣᠯᠬᠤ | ᠦᠭᠡᠢ᠃ | 4. ᠲᠤᠰᠠᠭᠠᠷᠯᠠᠬᠤ᠂ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠠᠪᠬᠤ ᠲᠦᠭᠰᠢᠭᠦᠷᠢᠲᠦ | ᠬᠥᠮᠥᠰ ᠤᠨ ᠬᠡᠪᠴᠢᠶ᠎ᠡ ᠶᠢ | ᠳᠤᠷ᠎ᠠ ᠪᠠᠷ ᠢᠶᠠᠨ ᠥᠷᠭᠡᠳᠬᠡᠵᠦ ᠪᠣᠯᠬᠤ | ᠦᠭᠡᠢ᠃ | 5. ᠲᠦᠭᠰᠢᠭᠦᠷᠢᠲᠦ ᠬᠥᠮᠥᠰ ᠤᠨ | ᠲᠤᠰᠠᠭᠠᠷᠯᠠᠬᠤ ᠪᠠ ᠡᠷᠡᠭᠦᠯ ᠮᠡᠨᠳᠦ ᠶᠢ ᠨᠢ | ᠬᠢᠨᠠᠨ ᠪᠠᠶᠢᠴᠠᠭᠠᠬᠤ ᠴᠠᠭ ᠢ | ᠳᠤᠷ᠎ᠠ ᠪᠠᠷ ᠢᠶᠠᠨ ᠤᠷᠲᠤᠳᠬᠠᠵᠤ ᠪᠣᠯᠬᠤ | ᠦᠭᠡᠢ᠃ | 6. ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠷ ᠰᠢᠯᠲᠠᠭᠯᠠᠵᠤ ᠪᠠᠴᠢᠮ᠂ | ᠠᠶᠤᠯᠲᠠᠢ᠂ ᠬᠦᠨᠳᠦ ᠡᠪᠡᠳᠴᠢᠲᠡᠨ ᠪᠠ ᠵᠢᠮ᠎ᠡ | ᠶᠣᠰᠣ ᠲᠠᠢ ᠪᠠᠷ ᠣᠨᠣᠰᠢᠯᠠᠨ ᠡᠮᠴᠢᠯᠡᠭᠦᠯᠬᠦ | ᠴᠢᠬᠤᠯᠠᠲᠠᠢ ᠡᠪᠡᠳᠴᠢᠲᠡᠨ ᠳᠤ ᠡᠮᠴᠢᠯᠡᠭᠡᠨ ᠤ | ᠦᠢᠯᠡᠴᠢᠯᠡᠭᠡ ᠬᠠᠩᠭᠠᠬᠤ ᠶᠢ | ᠳᠤᠷ᠎ᠠ ᠪᠠᠷ ᠢᠶᠠᠨ ᠲᠡᠪᠴᠢᠵᠦ ᠪᠣᠯᠬᠤ ᠦᠭᠡᠢ᠃ | 7. ᠨᠥᠬᠦᠴᠡᠯ ᠳᠤ ᠨᠡᠶᠢᠴᠡᠵᠦ | ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠭᠰᠠᠨ ᠣᠶᠤᠲᠠᠨ ᠳᠤ | ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ | ᠠᠪᠴᠤ ᠪᠣᠯᠬᠤ ᠦᠭᠡᠢ᠃ | 8. ᠬᠢᠵᠢᠭ ᠢ ᠰᠡᠷᠭᠡᠶᠢᠯᠡᠬᠦ | ᠪᠠᠶᠢᠴᠠᠭᠠᠯᠲᠠ ᠶᠢᠨ ᠴᠡᠭ ᠢ | ᠳᠤᠷ᠎ᠠ ᠪᠠᠷ ᠢᠶᠠᠨ ᠲᠣᠬᠢᠷᠠᠭᠤᠯᠵᠤ ᠪᠣᠯᠬᠤ | ᠦᠭᠡᠢ᠂ ᠨᠥᠬᠦᠴᠡᠯ ᠳᠤ ᠨᠡᠶᠢᠴᠡᠭᠰᠡᠨ ᠠᠶᠠᠨᠴᠢᠨ | ᠪᠠ ᠪᠠᠷᠠᠭᠠᠨ ᠤ ᠲᠡᠷᠭᠡ ᠶᠢᠨ ᠵᠢᠯᠣᠭᠤᠴᠢ | ᠦᠢᠯᠡᠴᠢᠯᠡᠭᠴᠢ ᠶᠢᠨ ᠨᠡᠪᠲᠡᠷᠡᠬᠦ ᠶᠢ | ᠬᠢᠵᠠᠭᠠᠷᠯᠠᠵᠤ ᠪᠣᠯᠬᠤ ᠦᠭᠡᠢ᠃ | 9. ᠳᠣᠣᠷ᠎ᠠ ᠲᠦᠭᠰᠢᠭᠦᠷᠢᠲᠦ ᠭᠠᠵᠠᠷ ᠤᠨ | ᠬᠡᠪ ᠤᠨ ᠦᠢᠯᠡᠳᠪᠦᠷᠢᠯᠡᠯ ᠠᠮᠢᠳᠤᠷᠠᠯ ᠢ | ᠪᠠᠲᠤᠯᠠᠬᠤ ᠲᠠᠯᠠᠪᠤᠷ ᠢ ᠳᠤᠷ᠎ᠠ ᠪᠠᠷ ᠢᠶᠠᠨ | ᠬᠠᠭᠠᠵᠤ ᠪᠣᠯᠬᠤ ᠦᠭᠡᠢ᠃ | ᠰᠤᠷᠭᠠᠭᠤᠯᠢ ᠶᠢᠨ ᠪᠠᠶᠢᠭ᠎ᠠ ᠬᠤᠲᠠ ᠳᠤ | ᠬᠢᠵᠢᠭ ᠤᠨ ᠪᠠᠶᠢᠳᠠᠯ ᠢᠯᠡᠷᠡᠭᠰᠡᠨ ᠴᠤ | ᠰᠤᠷᠭᠠᠭᠤᠯᠢ ᠨᠢ ᠳᠣᠣᠷ᠎ᠠ ᠲᠦᠭᠰᠢᠭᠦᠷᠢᠲᠦ | ᠭᠠᠵᠠᠷ ᠣᠷᠣᠨ ᠳᠤ ᠪᠠᠶᠢᠪᠠᠯ ᠣᠶᠤᠲᠠᠨ ᠢᠩᠭᠢᠵᠦ | ᠨᠤᠲᠤᠭ ᠲᠤ ᠪᠠᠨ ᠬᠠᠷᠢᠵᠤ ᠪᠣᠯᠣᠨ᠎ᠠ | 6 ᠳ᠋ᠤᠭᠠᠷ ᠰᠠᠷ᠎ᠠ ᠶᠢᠨ 3 ᠤ ᠡᠳᠦᠷ᠂ | ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠲᠣᠭᠲᠠᠴᠠ ᠶᠢᠨ | ᠶᠡᠷᠦᠩᠬᠡᠶᠢᠯᠡᠭᠰᠡᠨ ᠳᠤᠭᠤᠶᠢᠯᠠᠩ ︽ᠪᠥᠬᠦ | ᠤᠯᠤᠰ ᠤᠨ ᠣᠶᠤᠲᠠᠳ ᠤᠨ | ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠬᠤ ᠳᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ | ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ ᠱᠠᠭᠠᠷᠳᠠᠭᠰᠠᠨ ᠨᠢ᠂ | ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠬᠤ ᠣᠶᠤᠲᠠᠳ ᠤᠨ | ᠡᠷᠡᠭᠦᠯ ᠮᠡᠨᠳᠦ ᠶᠢᠨ ᠬᠠᠮᠢᠶᠠᠷᠤᠯᠲᠠ ᠶᠢ | ᠨᠠᠷᠢᠯᠢᠭ ᠣᠨᠣᠴᠠᠲᠠᠢ ᠪᠠᠷ | ᠨᠠᠶᠢᠳᠠᠪᠤᠷᠢᠵᠢᠭᠤᠯᠬᠤ ᠬᠡᠷᠡᠭᠲᠡᠢ᠃ | ᠬᠢᠵᠢᠭ ᠤᠨ ᠪᠠᠶᠢᠳᠠᠯ ᠢᠯᠡᠷᠡᠭᠰᠡᠨ ᠭᠠᠵᠠᠷ ᠤᠨ | ᠶᠡᠭᠡ ᠳᠡᠭᠡᠳᠦ ᠰᠤᠷᠭᠠᠭᠤᠯᠢ ᠳᠤ ᠬᠢᠵᠢᠭ ᠤᠨ | ᠪᠠᠶᠢᠳᠠᠯ ᠦᠭᠡᠢ ᠪᠣᠯ᠂ ᠣᠶᠤᠲᠠᠨ 7 ᠡᠳᠦᠷ ᠠᠴᠠ | ᠳᠡᠭᠡᠭᠰᠢ ᠪᠢᠲᠡᠭᠦᠮᠵᠢᠯᠡᠭᠰᠡᠨ | ᠬᠠᠮᠢᠶᠠᠷᠤᠯᠲᠠ ᠶᠢ ᠳᠠᠭᠤᠰᠬᠠᠭᠰᠠᠨ ᠤ | ᠳᠠᠷᠠᠭ᠎ᠠ᠂ ᠰᠤᠷᠭᠠᠭᠤᠯᠢ ᠶᠢᠨ ᠲᠣᠭᠲᠠᠭᠠᠯ ᠪᠠ | ᠲᠣᠬᠢᠷᠠᠭᠤᠯᠤᠯᠲᠠ ᠶᠣᠰᠣᠭᠠᠷ᠂ ᠲᠣᠰ | ᠰᠤᠷᠭᠠᠭᠤᠯᠢ ᠶᠢᠨ ᠢᠶᠠᠨ ᠭᠠᠷᠭᠠᠭᠰᠠᠨ | ᠬᠠᠮᠢᠶ᠎ᠠ ᠪᠦᠬᠦᠢ ᠭᠡᠷᠡᠴᠢ ᠵᠢᠴᠢ 48 ᠴᠠᠭ ᠤᠨ | ᠳᠣᠲᠣᠷᠠᠬᠢ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ | ᠭᠡᠷᠡᠴᠢ ᠪᠠᠨ ᠠᠪᠴᠤ ᠰᠤᠷᠭᠠᠭᠤᠯᠢ ᠠᠴᠠ ᠪᠠᠨ | ᠰᠠᠯᠤᠨ ᠨᠤᠲᠤᠭ ᠲᠤ ᠪᠠᠨ ᠪᠤᠴᠠᠵᠤ᠂ | ᠰᠤᠷᠭᠠᠭᠤᠯᠢ ᠠᠴᠠ ᠵᠣᠷᠢᠭᠰᠠᠨ ᠭᠠᠵᠠᠷ | ᠬᠦᠷᠲᠡᠯᠡᠬᠢ ︽ᠴᠡᠭ ᠠᠴᠠ ᠴᠡᠭ ᠲᠤ ᠬᠦᠷᠬᠦ︾ | ᠪᠢᠲᠡᠭᠦᠮᠵᠢᠲᠦ ᠴᠠᠭᠠᠷᠢᠭ ᠤᠨ ᠠᠷᠭ᠎ᠠ ᠪᠠᠷ | ᠨᠤᠲᠤᠭ ᠲᠤ ᠪᠠᠨ ᠪᠤᠴᠠᠵᠤ ᠪᠣᠯᠣᠨ᠎ᠠ᠃ | ᠳᠡᠭᠡᠷᠡᠬᠢ ᠨᠥᠬᠦᠴᠡᠯ ᠳᠤ ᠨᠡᠶᠢᠴᠡᠭᠰᠡᠨ | ᠣᠶᠤᠲᠠᠨ ᠨᠤᠲᠤᠭ ᠲᠤ ᠪᠠᠨ ᠪᠤᠴᠠᠭᠰᠠᠨ ᠤ | ᠳᠠᠷᠠᠭ᠎ᠠ᠂ ᠳᠠᠭᠢᠵᠤ ᠲᠥᠪᠯᠡᠷᠡᠭᠦᠯᠦᠨ | ᠲᠤᠰᠠᠭᠠᠷᠯᠠᠬᠤ ᠦᠭᠡᠢ᠂ ᠭᠡᠷ ᠲᠤ ᠪᠠᠨ | ᠭᠦᠷᠦᠭᠰᠡᠨ ᠤ ᠳᠠᠷᠠᠭ᠎ᠠ 7 ᠡᠳᠦᠷ ᠤᠨ ᠡᠷᠡᠭᠦᠯ | ᠮᠡᠨᠳᠦ ᠶᠢᠨ ᠬᠢᠨᠠᠨ ᠰᠢᠨᠵᠢᠯᠡᠯᠲᠡ ᠬᠢᠵᠦ᠂ | ᠬᠡᠷᠪᠡ ᠬᠡᠪ ᠤᠨ ᠪᠤᠰᠤ ᠪᠠᠶᠢᠳᠠᠯ ᠭᠠᠷᠪᠠᠯ | ᠲᠤᠬᠠᠢ ᠶᠢᠨ ᠭᠠᠵᠠᠷ ᠤᠨ ᠨᠡᠶᠢᠭᠡᠮ ᠲᠣᠭᠤᠷᠢᠭ | ᠪᠠ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠰᠠᠯᠠᠭ᠎ᠠ ᠮᠥᠴᠢᠷ ᠲᠤ | ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ | ᠲᠣᠰ ︽ᠮᠡᠳᠡᠭᠳᠡᠯ︾ ᠢ ᠳᠠᠷᠤᠮᠠᠯᠯᠠᠨ | ᠲᠠᠷᠬᠠᠭᠠᠬᠤ ᠠᠴᠠ ᠡᠮᠦᠨ᠎ᠡ᠂ ᠨᠢᠭᠡᠨᠲᠡ | ᠨᠤᠲᠤᠭ ᠲᠤ ᠪᠠᠨ ᠪᠤᠴᠠᠭᠰᠠᠨ ᠣᠶᠤᠲᠠᠨ ᠳᠤ᠂ | ᠡᠯ᠎ᠡ ᠭᠠᠵᠠᠷ ᠤᠨ ᠬᠢᠨ ︽ᠨᠢᠭᠡ ᠬᠥᠮᠥᠨ ᠳᠤ | ᠨᠢᠭᠡ ᠠᠷᠭ᠎ᠠ ᠬᠡᠷᠡᠭᠵᠢᠭᠦᠯᠬᠦ︾ ᠵᠠᠷᠴᠢᠮ | ᠶᠣᠰᠣᠭᠠᠷ᠂ ᠶᠡᠷᠦᠩᠬᠡᠶᠢᠯᠡᠨ ᠵᠢᠱᠢᠵᠦ | ᠬᠠᠷᠢᠴᠠᠭᠤᠯᠤᠨ ᠬᠡᠷᠡᠭᠵᠢᠭᠦᠯᠵᠦ ᠪᠣᠯᠣᠨ᠎ᠠ | ᠭᠡᠵᠡᠢ᠃ ︽ᠮᠡᠳᠡᠭᠳᠡᠯ︾ ᠳᠤ ᠪᠠᠰᠠ᠂ ᠡᠯ᠎ᠡ | ᠭᠠᠵᠠᠷ ᠤᠨ ᠬᠢᠨ ᠣᠶᠤᠲᠠᠳ ᠤᠨ | ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠬᠤ ᠲᠥᠷᠥ ᠶᠢᠨ | ᠪᠣᠳᠣᠯᠭ᠎ᠠ ᠶᠢ ᠱᠠᠲᠤ ᠳᠠᠷᠠᠭᠠᠯᠠᠨ | ᠤᠯᠠᠮᠵᠢᠯᠠᠵᠤ᠂ ᠱᠠᠲᠤ ᠳᠠᠷᠠᠭᠠᠯᠠᠨ | ᠨᠠᠶᠢᠳᠠᠪᠤᠷᠢᠵᠢᠭᠤᠯᠬᠤ ᠬᠡᠷᠡᠭᠲᠡᠢ᠂ ᠱᠠᠲᠤ | ᠱᠠᠲᠤ ᠪᠠᠷ ᠳᠠᠷᠤᠭᠠᠰᠤ ᠨᠡᠮᠡᠵᠦ ᠪᠣᠯᠬᠤ ᠦᠭᠡᠢ᠃ | ᠡᠭᠦᠨ ᠤ ᠵᠡᠷᠭᠡ ᠳᠤ᠂ ᠬᠢᠵᠢᠭ ᠤᠨ ᠪᠠᠶᠢᠳᠠᠯ | ᠦᠭᠡᠢ ᠭᠠᠵᠠᠷ ᠣᠷᠣᠨ ᠳᠤ᠂ ᠣᠶᠤᠲᠠᠳ | ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠭᠰᠠᠨ ᠪᠣᠯ᠂ ᠪᠤᠴᠠᠭᠰᠠᠨ | ᠭᠠᠵᠠᠷ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠩᠭᠤ ᠶᠢᠨ | ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠱᠠᠭᠠᠷᠳᠠᠪᠠ᠃ | ᠨᠤᠲᠤᠭ ᠲᠤ ᠪᠠᠨ ᠪᠤᠴᠠᠭᠰᠠᠨ ᠣᠶᠤᠲᠠᠳ ᠢ | ᠦᠨᠡᠨ ᠬᠦ ᠲᠥᠪᠯᠡᠷᠡᠭᠦᠯᠦᠨ ᠲᠤᠰᠠᠭᠠᠷᠯᠠᠬᠤ | ᠴᠢᠬᠤᠯᠠᠲᠠᠢ ᠪᠣᠯ᠂ ᠡᠯ᠎ᠡ ᠭᠠᠵᠠᠷ ᠤᠨ ᠬᠢᠨ | ᠲᠥᠪᠯᠡᠷᠡᠭᠦᠯᠦᠨ ᠲᠤᠰᠠᠭᠠᠷᠯᠠᠬᠤ | ᠵᠠᠷᠤᠳᠠᠯ ᠢ ᠨᠢ ᠬᠡᠯᠲᠦᠷᠢᠭᠦᠯᠦᠨ᠎ᠡ | 6 ᠳ᠋ᠤᠭᠠᠷ ᠰᠠᠷ᠎ᠠ ᠶᠢᠨ 3 ᠤ ᠡᠳᠦᠷ᠂ | ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠲᠣᠭᠲᠠᠴᠠ ᠶᠢᠨ | ᠶᠡᠷᠦᠩᠬᠡᠶᠢᠯᠡᠭᠰᠡᠨ ᠳᠤᠭᠤᠶᠢᠯᠠᠩ ︽ᠪᠥᠬᠦ | ᠤᠯᠤᠰ ᠤᠨ ᠣᠶᠤᠲᠠᠳ ᠤᠨ | ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠬᠤ ᠳᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | ᠣᠶᠤᠲᠠᠳ ᠤᠨ ᠲᠤᠰᠠᠭᠠᠷᠯᠠᠬᠤ ᠵᠠᠷᠤᠳᠠᠯ ᠢ | ᠬᠡᠯᠲᠦᠷᠢᠭᠦᠯᠬᠦ ᠬᠡᠷᠡᠭᠲᠡᠢ ᠭᠡᠵᠦ | ᠱᠠᠭᠠᠷᠳᠠᠪᠠ᠃ ︽ᠮᠡᠳᠡᠭᠳᠡᠯ︾ ᠳᠤ | ᠴᠢᠬᠤᠯᠠᠴᠢᠯᠠᠭᠰᠠᠨ ᠨᠢ᠂ ᠨᠤᠲᠤᠭ ᠲᠤ ᠪᠠᠨ | ᠪᠤᠴᠠᠭᠰᠠᠨ ᠣᠶᠤᠲᠠᠳ ᠢ ᠦᠨᠡᠨ ᠬᠦ | ᠲᠥᠪᠯᠡᠷᠡᠭᠦᠯᠦᠨ ᠲᠤᠰᠠᠭᠠᠷᠯᠠᠬᠤ ᠴᠢᠬᠤᠯᠠᠲᠠᠢ | ᠪᠣᠯ᠂ ᠡᠯ᠎ᠡ ᠭᠠᠵᠠᠷ ᠤᠨ ᠬᠢᠨ ᠲᠥᠪᠯᠡᠷᠡᠭᠦᠯᠦᠨ | ᠲᠤᠰᠠᠭᠠᠷᠯᠠᠬᠤ ᠵᠠᠷᠤᠳᠠᠯ ᠢ | ᠬᠡᠯᠲᠦᠷᠢᠭᠦᠯᠦᠨ᠎ᠡ ᠭᠡᠵᠡᠢ᠃ | ︽ᠮᠡᠳᠡᠭᠳᠡᠯ︾ ᠳᠤ ᠪᠠᠰᠠ ᠱᠠᠭᠠᠷᠳᠠᠭᠰᠠᠨ ᠨᠢ᠂ | ᠡᠯ᠎ᠡ ᠭᠠᠵᠠᠷ ᠤᠨ ᠬᠢᠨ ᠲᠥᠪᠯᠡᠷᠡᠭᠦᠯᠦᠨ | ᠲᠤᠰᠠᠭᠠᠷᠯᠠᠬᠤ ᠬᠤᠭᠤᠴᠠᠭᠠᠨ ᠳᠠᠬᠢ | ᠨᠤᠲᠤᠭ ᠲᠤ ᠪᠠᠨ ᠪᠤᠴᠠᠭᠰᠠᠨ ᠣᠶᠤᠲᠠᠳ ᠢ | ᠬᠠᠯᠠᠮᠵᠢᠯᠠᠨ ᠬᠠᠶᠢᠷᠠᠯᠠᠵᠤ᠂ ᠢᠳᠡᠵᠦ ᠤᠤᠭᠤᠬᠤ | ᠬᠤᠨᠣᠵᠤ ᠬᠡᠪᠲᠡᠬᠦ ᠨᠥᠬᠦᠴᠡᠯ ᠢ ᠨᠢ | ᠪᠠᠲᠤᠯᠠᠨ᠂ ᠣᠶᠤᠲᠠᠳ ᠤᠨ ᠠᠮᠢᠳᠤᠷᠠᠯ᠂ | ᠡᠪᠡᠳᠴᠢᠨ ᠦᠵᠡᠭᠦᠯᠬᠦ ᠵᠡᠷᠭᠡ ᠴᠢᠬᠤᠯᠠ ᠪᠦᠬᠦᠢ | ᠬᠡᠷᠡᠭᠴᠡᠭᠡ ᠶᠢ ᠨᠢ ᠬᠠᠩᠭᠠᠬᠤ ᠬᠡᠷᠡᠭᠲᠡᠢ | ᠭᠡᠵᠡᠢ᠃ | ᠣᠶᠤᠲᠠᠳ ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠬᠤ ᠳᠤ ᠡᠳᠡᠭᠡᠷ | ᠵᠦᠢᠯ ᠢ ᠠᠩᠬᠠᠷᠬᠤ ᠬᠡᠷᠡᠭᠲᠡᠢ | ᠣᠶᠤᠲᠠᠳ ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠬᠤ ᠠᠴᠠ ᠪᠠᠨ ᠡᠮᠦᠨ᠎ᠡ | ᠬᠤᠯᠪᠣᠭᠳᠠᠯ ᠪᠦᠬᠦᠢ ᠪᠡᠯᠡᠳᠬᠡᠯ ᠢ ᠰᠠᠶᠢᠲᠤᠷ | ᠬᠢᠬᠦ ᠬᠡᠷᠡᠭᠲᠡᠢ᠄ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ | ᠭᠡᠷᠡᠴᠢ᠂ ᠰᠤᠷᠭᠠᠭᠤᠯᠢ ᠠᠴᠠ ᠭᠠᠷᠭᠠᠭᠰᠠᠨ | ᠬᠤᠯᠪᠣᠭᠳᠠᠯ ᠪᠦᠬᠦᠢ ᠭᠡᠷᠡᠴᠢ ᠪᠠᠨ ᠠᠪᠴᠤ | ᠶᠠᠪᠤᠬᠤ ᠬᠡᠷᠡᠭᠲᠡᠢ︔ ᠡᠷᠡᠭᠦᠯ ᠮᠡᠨᠳᠦ ᠶᠢᠨ | ᠺᠣᠳ᠋ ᠪᠠ ᠠᠶᠠᠯᠠᠯ ᠤᠨ ᠺᠣᠳ᠋ ᠢ ᠨᠢ | ᠪᠠᠶᠢᠴᠠᠭᠠᠨ᠎ᠠ᠃ ᠣᠶᠤᠲᠠᠳ ᠨᠤᠲᠤᠭ ᠲᠤ ᠪᠠᠨ | ᠪᠤᠴᠠᠬᠤ ᠵᠠᠮ ᠳᠤ ᠪᠠᠨ ᠠᠮᠠᠪᠴᠢ᠂ ᠲᠦᠷᠭᠡᠨ | ᠬᠠᠳᠠᠬᠤ ᠠᠷᠢᠭᠤᠳᠬᠠᠭᠴᠢ ᠵᠡᠷᠭᠡ ᠬᠤᠪᠢ | ᠬᠥᠮᠥᠨ ᠤ ᠬᠠᠮᠠᠭᠠᠯᠠᠯᠲᠠ ᠶᠢᠨ | ᠬᠡᠷᠡᠭᠰᠡᠯ ᠢᠶᠠᠨ ᠭᠦᠢᠴᠡᠳ ᠠᠪᠴᠤ᠂ ᠪᠥᠬᠦ | ᠶᠠᠪᠤᠴᠠ ᠳᠤ ᠬᠤᠪᠢ ᠬᠥᠮᠥᠨ ᠤ | ᠬᠠᠮᠠᠭᠠᠯᠠᠯᠲᠠ ᠪᠠᠨ ᠰᠠᠶᠢᠲᠤᠷ ᠬᠢᠬᠦ | ᠬᠡᠷᠡᠭᠲᠡᠢ᠄ ᠨᠢᠭᠡ ᠳᠤ᠂ ᠪᠥᠬᠦ ᠶᠠᠪᠤᠴᠠ ᠳᠤ | ᠠᠮᠠᠪᠴᠢ ᠪᠠᠨ ᠰᠠᠶᠢᠲᠤᠷ ᠵᠡᠭᠦᠵᠦ᠂ ᠪᠤᠰᠤᠳ | ᠬᠥᠮᠥᠨ ᠲᠠᠢ ᠬᠦᠷᠦᠯᠴᠡᠬᠦ ᠪᠠᠨ ᠠᠯᠢ | ᠴᠢᠳᠠᠬᠤ ᠪᠠᠷ ᠪᠠᠭᠠᠰᠬᠠᠵᠤ᠂ ᠨᠡᠶᠢᠲᠡ ᠶᠢᠨ | ᠵᠠᠮ ᠬᠠᠷᠢᠯᠴᠠᠭᠠᠨ ᠤ ᠪᠠᠭᠠᠵᠢ ᠳᠡᠭᠡᠷ᠎ᠡ | ᠬᠠᠮᠲᠤ ᠰᠠᠭᠤᠭᠰᠠᠳ ᠯᠤᠭ᠎ᠠ ᠵᠠᠢ ᠪᠠᠨ ᠠᠯᠢ | ᠴᠢᠳᠠᠬᠤ ᠪᠠᠷ ᠪᠠᠲᠤᠯᠠᠵᠤ᠂ ᠴᠤᠭᠯᠠᠷᠠᠬᠤ ᠠᠴᠠ | ᠵᠠᠶᠢᠯᠠᠰᠬᠢᠬᠦ ᠬᠡᠷᠡᠭᠲᠡᠢ᠃ ᠬᠤᠶᠠᠷ ᠲᠤ᠂ | ᠭᠠᠷ ᠤᠨ ᠠᠷᠢᠭᠤᠨ ᠴᠡᠪᠡᠷ ᠢᠶᠠᠨ ᠰᠠᠶᠢᠲᠤᠷ | ᠪᠠᠲᠤᠯᠠᠵᠤ᠂ ᠡᠭᠦᠳᠡᠨ ᠪᠠᠷᠢᠭᠤᠯ᠂ ᠴᠠᠬᠢᠯᠭᠠᠨ | ᠱᠠᠲᠤ ᠶᠢᠨ ᠳᠠᠷᠤᠭᠤᠯ ᠵᠡᠷᠭᠡ ᠨᠡᠶᠢᠲᠡ ᠶᠢᠨ | ᠪᠡᠯᠡᠳᠬᠡᠮᠵᠢ ᠳᠤ ᠰᠢᠭᠤᠳ ᠬᠦᠷᠦᠯᠴᠡᠬᠦ ᠠᠴᠠ | ᠠᠯᠢ ᠴᠢᠳᠠᠬᠤ ᠪᠠᠷ ᠵᠠᠶᠢᠯᠠᠰᠬᠢᠵᠦ᠂ | ᠬᠦᠷᠦᠯᠴᠡᠭᠰᠡᠨ ᠤ ᠳᠠᠷᠠᠭ᠎ᠠ ᠴᠠᠭ | ᠲᠤᠬᠠᠢ ᠳᠤ ᠨᠢ ᠭᠠᠷ ᠢᠶᠠᠨ ᠤᠬᠢᠶᠠᠬᠤ ᠪᠤᠶᠤ | ᠲᠦᠷᠭᠡᠨ ᠬᠠᠳᠠᠬᠤ ᠠᠷᠢᠭᠤᠳᠬᠠᠭᠴᠢ ᠵᠡᠷᠭᠡ ᠪᠠᠷ | ᠠᠷᠢᠭᠤᠳᠬᠠᠬᠤ ᠬᠡᠷᠡᠭᠲᠡᠢ᠃ ᠭᠤᠷᠪᠠ ᠳᠤ᠂ | ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ | ᠬᠢᠨᠠᠨ ᠪᠠᠶᠢᠴᠠᠭᠠᠯᠲᠠ ᠪᠠᠨ ᠰᠠᠶᠢᠲᠤᠷ ᠬᠢᠬᠦ | ᠬᠡᠷᠡᠭᠲᠡᠢ᠃ ᠭᠡᠷ ᠲᠤ ᠪᠠᠨ ᠪᠤᠴᠠᠬᠤ | ᠵᠠᠮ ᠳᠤ ᠪᠠᠨ ᠪᠤᠶᠤ ᠭᠡᠷ ᠲᠤ ᠪᠠᠨ | ᠬᠠᠷᠢᠭᠰᠠᠨ ᠤ ᠳᠠᠷᠠᠭ᠎ᠠ᠂ ᠰᠡᠵᠢᠭ ᠲᠠᠢ ᠰᠢᠨᠵᠢ | ᠢᠯᠡᠷᠡᠯ ᠭᠠᠷᠪᠠᠯ | ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ | ᠴᠠᠭ ᠲᠤᠬᠠᠢ ᠳᠤ ᠨᠢ ᠣᠶᠢᠷ᠎ᠠ ᠬᠠᠪᠢ ᠳᠤ ᠪᠠᠨ | ᠡᠮᠴᠢᠯᠡᠭᠦᠯᠬᠦ ᠬᠡᠷᠡᠭᠲᠡᠢ᠃ ᠣᠯᠠᠨ | ᠨᠡᠶᠢᠲᠡ ᠶᠢᠨ ᠲᠠᠯᠠᠪᠤᠷ ᠲᠤ | ᠣᠷᠣᠬᠤ ᠳᠤ ᠪᠠᠨ᠂ ᠲᠤᠬᠠᠢ ᠶᠢᠨ ᠭᠠᠵᠠᠷ ᠤᠨ | ᠲᠣᠭᠲᠠᠭᠠᠯ ᠶᠣᠰᠣᠭᠠᠷ ᠺᠣᠳ᠋ ᠰᠢᠷᠪᠢᠵᠦ | ᠪᠡᠶ᠎ᠡ ᠶᠢᠨ ᠳᠤᠯᠠᠭᠠᠨ ᠢᠶᠠᠨ ᠬᠡᠮᠵᠢᠭᠦᠯᠬᠦ | ᠬᠡᠷᠡᠭᠲᠡᠢ᠃ ᠨᠤᠲᠤᠭ ᠲᠤ ᠪᠠᠨ ᠬᠠᠷᠢᠭᠰᠠᠨ ᠤ | ᠳᠠᠷᠠᠭ᠎ᠠ ᠲᠤᠰᠠᠭᠠᠷᠯᠠᠬᠤ ᠴᠢᠬᠤᠯᠠᠲᠠᠢ | ᠣᠶᠤᠲᠠᠨ ᠳᠤ ᠲᠤᠰᠠᠭᠠᠷᠯᠠᠬᠤ ᠬᠠᠮᠢᠶ᠎ᠠ ᠪᠦᠬᠦᠢ | ᠱᠠᠭᠠᠷᠳᠠᠯᠭ᠎ᠠ ᠶᠢ ᠵᠢᠷᠤᠮᠯᠠᠨ᠂ ᠡᠷᠡᠭᠦᠯ | ᠮᠡᠨᠳᠦ ᠶᠢᠨ ᠬᠢᠨᠠᠨ ᠪᠠᠶᠢᠴᠠᠭᠠᠯᠲᠠ ᠪᠠ ᠪᠥᠭᠡᠮ | ᠬᠦᠴᠢᠯ ᠤᠨ ᠪᠠᠶᠢᠴᠠᠭᠠᠯᠲᠠ ᠶᠢ ᠰᠠᠶᠢᠲᠤᠷ | ᠬᠢᠵᠦ᠂ ᠡᠳᠦᠷ ᠪᠦᠷᠢ ᠲᠣᠭᠲᠠᠭᠰᠠᠨ ᠴᠠᠭ ᠲᠤ | ᠪᠡᠶ᠎ᠡ ᠶᠢᠨ ᠳᠤᠯᠠᠭᠠᠨ ᠢ ᠨᠢ ᠬᠡᠮᠵᠢᠨ᠎ᠡ᠂ | ᠬᠡᠷᠪᠡ ᠬᠠᠯᠠᠭᠤᠷᠠᠬᠤ᠂ ᠬᠡᠢ ᠬᠠᠨᠢᠶᠠᠬᠤ᠂ | ᠲᠠᠮᠢᠷᠳᠠᠬᠤ᠂ ᠬᠤᠭᠤᠯᠠᠢ ᠡᠪᠡᠳᠬᠦ᠂ ᠦᠨᠦᠷ | ︵ᠠᠮᠲᠠ︶ ᠤᠨ ᠰᠡᠷᠡᠯ ᠮᠠᠭᠤᠳᠠᠬᠤ᠂ ᠰᠠᠭᠤᠯᠭᠠᠬᠤ | ᠵᠡᠷᠭᠡ ᠰᠢᠨᠵᠢ ᠢᠯᠡᠷᠡᠯ ᠭᠠᠷᠪᠠᠯ ᠴᠠᠭ | ᠲᠤᠬᠠᠢ ᠳᠤ ᠨᠢ ᠮᠡᠳᠡᠭᠦᠯᠬᠦ ᠬᠡᠷᠡᠭᠲᠡᠢ᠃ | ᠲᠡᠮᠦᠷ ᠵᠠᠮ ᠤᠨ ᠰᠠᠯᠠᠭ᠎ᠠ ᠮᠥᠴᠢᠷ | ᠲᠡᠭᠡᠭᠡᠪᠦᠷᠢ ᠶᠢᠨ ᠬᠦᠴᠦᠨ ᠢ ᠭᠦᠢᠴᠡᠳ | ᠬᠠᠩᠭᠠᠵᠤ᠂ ᠣᠶᠤᠲᠠᠳ ᠤᠨ ᠨᠤᠲᠤᠭ ᠲᠤ ᠪᠠᠨ | ᠪᠤᠴᠠᠬᠤ ᠶᠢ ᠪᠥᠬᠦ ᠬᠦᠴᠦᠨ ᠢᠶᠠᠷ ᠢᠶᠠᠨ | ᠪᠠᠲᠤᠯᠠᠬᠤ ᠪᠠᠷ ᠪᠣᠶ | ᠲᠡᠭᠡᠭᠡᠪᠦᠷᠢ ᠶᠢᠨ ᠬᠦᠴᠦᠨ ᠤ | ᠪᠠᠲᠤᠯᠠᠭ᠎ᠠ ᠶᠢᠨ ᠲᠠᠯ᠎ᠠ ᠪᠠᠷ᠂ ᠲᠡᠮᠦᠷ | ᠵᠠᠮ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠨᠢᠭᠡᠴᠢ ᠶᠢ ᠵᠣᠬᠢᠶᠠᠨ | ᠪᠠᠶᠢᠭᠤᠯᠤᠨ ᠮᠡᠷᠭᠡᠵᠢᠯ ᠤᠨ ᠰᠤᠳᠤᠯᠭᠠᠨ | ᠥᠷᠨᠢᠭᠦᠯᠵᠦ᠂ 6 ᠳ᠋ᠤᠭᠠᠷ ᠰᠠᠷ᠎ᠠ ᠶᠢᠨ 1 ᠤ | ᠡᠳᠦᠷ 12306 ᠭᠠᠷ ᠤᠲᠠᠰᠤᠨ ᠤ ᠬᠡᠷᠡᠭᠯᠡᠭᠴᠢ ᠶᠢᠨ | ᠦᠵᠦᠭᠦᠷ ᠪᠣᠯᠣᠨ 12306 ᠸᠢᠴᠠᠲ ᠤᠨ ᠵᠢᠵᠢᠭ | ᠫᠷᠣᠭ᠍ᠷᠠᠮ ᠵᠡᠷᠭᠡ ᠬᠤᠶᠠᠷ ᠠᠷᠭ᠎ᠠ ᠪᠠᠷ | ᠣᠶᠤᠲᠠᠳ ᠤᠨ ᠶᠠᠪᠤᠵᠤ ᠰᠠᠭᠤᠬᠤ | ᠬᠡᠷᠡᠭᠴᠡᠭᠡ ᠶᠢ ᠳᠠᠩᠰᠠᠯᠠᠬᠤ ᠴᠢᠳᠠᠮᠵᠢ ᠶᠢ | ᠭᠠᠷᠭᠠᠪᠠ᠃ ᠬᠡᠷᠡᠭᠴᠡᠭᠡ ᠶᠢ ᠦᠨᠳᠦᠰᠦᠯᠡᠨ | ᠦᠷ᠎ᠡ ᠳ᠋ᠦᠩ ᠪᠠ ᠲᠡᠦᠬᠡᠨ ᠳᠠᠬᠢ ᠠᠶᠠᠨᠴᠢᠳ ᠤᠨ | ᠤᠷᠤᠰᠬᠠᠯ ᠤᠨ ᠳ᠋ᠠᠶᠢᠲ᠋ᠠ ᠶᠢ ᠵᠠᠳᠠᠯᠵᠤ᠂ | ᠲᠡᠭᠡᠭᠡᠪᠦᠷᠢ ᠶᠢᠨ ᠬᠦᠴᠦᠨ ᠤ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠨ᠂ ᠣᠶᠤᠲᠠᠳ ᠤᠨ ᠶᠠᠪᠤᠵᠤ | ᠰᠠᠭᠤᠬᠤ ᠬᠠᠯᠠᠮᠰᠢᠯ ᠴᠢᠭᠯᠡᠯ ᠪᠠ | ᠲᠥᠪᠯᠡᠷᠡᠩᠭᠦᠢ ᠴᠠᠭ ᠦᠶ᠎ᠡ ᠳᠤ ᠭᠠᠯᠲᠤ ᠲᠡᠷᠭᠡ | ᠨᠡᠮᠡᠬᠦ᠂ ᠲᠠᠰᠤᠯᠭ᠎ᠠ ᠨᠡᠮᠡᠬᠦ᠂ | ᠬᠥᠳᠡᠯᠭᠡᠭᠦᠷᠲᠦ ᠲᠡᠷᠭᠡ ᠶᠢ ᠳᠠᠬᠢᠨ ᠬᠤᠯᠪᠣᠬᠤ | ᠵᠡᠷᠭᠡ ᠠᠷᠭ᠎ᠠ ᠬᠡᠮᠵᠢᠶ᠎ᠡ ᠠᠪᠴᠤ᠂ | ᠲᠡᠭᠡᠭᠡᠪᠦᠷᠢ ᠶᠢᠨ ᠬᠦᠴᠦᠨ ᠢ ᠭᠦᠢᠴᠡᠳ | ᠬᠠᠩᠭᠠᠨ᠎ᠠ᠃ ᠪᠡᠭᠡᠵᠢᠩ᠂ ᠭᠤᠸᠠᠩᠵᠧᠦ᠂ ᠦᠬᠠᠨ᠂ | ᠰᠢ ᠠᠨ ᠵᠡᠷᠭᠡ ᠶᠡᠭᠡ ᠳᠡᠭᠡᠳᠦ ᠰᠤᠷᠭᠠᠭᠤᠯᠢ | ᠲᠥᠪᠯᠡᠷᠡᠭᠰᠡᠨ ᠭᠠᠵᠠᠷ ᠲᠤ᠂ ᠵᠣᠬᠢᠬᠤ | ᠲᠣᠭᠠᠨ ᠤ ᠪᠡᠯᠡᠳᠬᠡᠯᠲᠦ ᠬᠥᠳᠡᠯᠭᠡᠭᠦᠷᠲᠦ | ᠲᠡᠷᠭᠡ ᠲᠣᠬᠢᠷᠠᠭᠤᠯᠵᠤ᠂ ᠪᠢᠯᠧᠲ ᠬᠤᠳᠠᠯᠳᠤᠬᠤ | ᠲᠣᠮᠣ ᠳ᠋ᠠᠶᠢᠲ᠋ᠠ ᠶᠢᠨ ᠬᠥᠳᠡᠯᠦᠩᠭᠦᠢ | ᠪᠠᠶᠢᠳᠠᠯ ᠢ ᠦᠨᠳᠦᠰᠦᠯᠡᠨ᠂ ᠪᠡᠯᠡᠳᠬᠡᠯ | ᠴᠢᠳᠠᠪᠤᠷᠢ ᠶᠢ ᠴᠠᠭ ᠲᠤᠬᠠᠢ ᠳᠤ ᠨᠢ | ᠡᠬᠢᠯᠡᠭᠦᠯᠵᠦ᠂ ᠣᠶᠤᠲᠠᠳ ᠤᠨ ᠶᠠᠪᠤᠵᠤ ᠰᠠᠭᠤᠬᠤ | ᠭᠡᠨᠡᠳᠲᠡ ᠶᠢᠨ ᠬᠡᠷᠡᠭᠴᠡᠭᠡ ᠶᠢ ᠬᠠᠩᠭᠠᠨ᠎ᠠ᠃ | ᠦᠢᠯᠡᠴᠢᠯᠡᠭᠡᠨ ᠤ ᠪᠠᠲᠤᠯᠠᠭ᠎ᠠ ᠶᠢᠨ | ᠲᠠᠯ᠎ᠠ ᠪᠠᠷ᠂ ᠨᠢᠭᠡ ᠳᠤ᠂ ᠡᠩ ᠲᠡᠷᠢᠭᠦᠨ ᠳᠤ | ᠪᠢᠯᠧᠲ ᠤᠨ ᠬᠠᠩᠭᠠᠯᠭ᠎ᠠ ᠶᠢ ᠪᠠᠲᠤᠯᠠᠨ᠎ᠠ᠃ | ᠣᠶᠤᠲᠠᠳ ᠤᠨ ᠶᠠᠪᠤᠵᠤ ᠰᠠᠭᠤᠬᠤ ᠬᠡᠷᠡᠭᠴᠡᠭᠡ | ᠲᠥᠪᠯᠡᠷᠡᠭᠰᠡᠨ ᠣᠷᠣᠨ ᠬᠡᠰᠡᠭ ᠪᠠ ᠬᠠᠯᠠᠮᠰᠢᠯ | ᠴᠢᠭᠯᠡᠯ ᠳᠤ ᠣᠶᠤᠲᠠᠳ ᠲᠤ ᠲᠤᠰᠬᠠᠢ ᠪᠢᠯᠧᠲ | ᠦᠯᠡᠳᠡᠭᠡᠵᠦ᠂ ᠣᠶᠤᠲᠠᠳ ᠤᠨ ᠬᠤᠳᠠᠯᠳᠤᠨ | ᠠᠪᠬᠤ ᠶᠢ ᠤᠷᠢᠳ ᠢᠶᠠᠷ ᠬᠠᠩᠭᠠᠨ᠎ᠠ᠃ | ᠬᠤᠶᠠᠷ ᠲᠤ᠂ ᠥᠷᠲᠡᠭᠡᠨ ᠳᠤ ᠣᠷᠣᠵᠤ ᠲᠡᠷᠭᠡ | ᠬᠦᠯᠢᠶᠡᠬᠦ ᠵᠣᠬᠢᠶᠠᠨ ᠪᠠᠶᠢᠭᠤᠯᠤᠯᠲᠠ ᠶᠢ | ᠰᠢᠯᠢᠳᠡᠭᠵᠢᠭᠦᠯᠦᠨ᠎ᠡ᠃ ᠨᠥᠬᠦᠴᠡᠯ ᠪᠦᠬᠦᠢ | ᠲᠡᠷᠭᠡᠨ ᠥᠷᠲᠡᠭᠡᠨ ᠳᠤ ᠣᠶᠤᠲᠠᠳ ᠤᠨ | ᠥᠷᠲᠡᠭᠡᠨ ᠳᠤ ᠣᠷᠣᠬᠤ ᠵᠠᠮ ᠭᠠᠷᠭᠠᠵᠤ᠂ ᠲᠡᠷᠭᠡ | ᠬᠦᠯᠢᠶᠡᠬᠦ ᠲᠤᠰᠬᠠᠢ ᠭᠠᠵᠠᠷ ᠲᠣᠬᠢᠷᠠᠭᠤᠯᠵᠤ᠂ | ᠲᠤᠰᠬᠠᠢ ᠬᠥᠮᠥᠨ ᠲᠣᠬᠢᠷᠠᠭᠤᠯᠤᠨ | ᠦᠢᠯᠡᠴᠢᠯᠡᠨ᠎ᠡ᠃ ᠭᠤᠷᠪᠠ ᠳᠤ᠂ | ᠬᠡᠷᠡᠭᠴᠡᠭᠡᠨ ᠳᠤ ᠵᠣᠬᠢᠴᠠᠭᠤᠯᠤᠭᠰᠠᠨ | ᠦᠢᠯᠡᠴᠢᠯᠡᠭᠡ ᠬᠠᠩᠭᠠᠨ᠎ᠠ᠃ ᠡᠯ᠎ᠡ ᠲᠡᠮᠦᠷ | ᠵᠠᠮ ᠤᠨ ᠲᠣᠪᠴᠢᠶ᠎ᠠ ᠶᠢᠨ ᠪᠦᠯᠦᠭᠯᠡᠯ | ᠺᠣᠮᠫᠠᠨᠢ ᠶᠢ ᠲᠣᠬᠢᠷᠠᠭᠤᠯᠤᠨ ᠬᠠᠷᠢᠶ᠎ᠠ | ᠭᠠᠵᠠᠷ ᠤᠨ ᠰᠤᠷᠭᠠᠭᠤᠯᠢ ᠯᠤᠭ᠎ᠠ | ᠵᠣᠯᠭᠠᠭᠤᠯᠵᠤ᠂ ᠰᠤᠷᠭᠠᠭᠤᠯᠢ ᠶᠢᠨ | ᠰᠤᠷᠤᠭᠴᠢᠳ ᠢᠶᠠᠨ ᠵᠣᠬᠢᠶᠠᠨ ᠪᠠᠶᠢᠭᠤᠯᠵᠤ | ᠲᠥᠪᠯᠡᠷᠡᠭᠦᠯᠦᠨ ᠶᠠᠪᠤᠵᠤ ᠰᠠᠭᠤᠬᠤ ᠶᠢ | ᠳᠡᠮᠵᠢᠵᠦ᠂ ᠰᠤᠷᠭᠠᠭᠤᠯᠢ ᠪᠠ ᠲᠡᠮᠦᠷ ᠵᠠᠮ ᠤᠨ | ᠬᠤᠯᠪᠣᠭᠠᠯᠠᠯ ᠢᠶᠠᠷ ᠳᠠᠮᠵᠢᠭᠤᠯᠤᠨ᠂ | ᠣᠶᠤᠲᠠᠳ ᠲᠤ ︽ᠲᠤᠰᠬᠠᠢ ᠸᠠᠭᠤᠨ︾ ᠵᠢᠴᠢ | ︽ᠣᠶᠤᠲᠠᠳ ᠤᠨ ᠲᠤᠰᠬᠠᠢ ᠭᠠᠯᠲᠤ ᠲᠡᠷᠭᠡ︾ ᠶᠢᠨ | ᠦᠢᠯᠡᠴᠢᠯᠡᠭᠡ ᠶᠢ ᠢᠳᠡᠪᠬᠢᠲᠡᠢ ᠬᠠᠩᠭᠠᠨ᠎ᠠ᠃ | ᠣᠶᠢᠯᠠᠭᠠᠭᠰᠠᠨ ᠢᠶᠠᠷ᠂ ᠲᠦᠷᠦᠭᠦᠴᠢ ᠶᠢᠨ | ᠬᠤᠭᠤᠴᠠᠭᠠᠨ ᠳᠤ ᠮᠦᠭᠳᠡᠨ ᠠᠴᠠ ᠳ᠋ᠠᠯᠢᠶᠠᠨ | ᠬᠦᠷᠬᠦ᠂ ᠮᠦᠭᠳᠡᠨ ᠠᠴᠠ ᠳ᠋ᠠᠨᠳᠦ᠋ᠩ ᠬᠦᠷᠬᠦ᠂ | ᠭᠢᠷᠢᠨ ᠠᠴᠠ ᠴᠠᠭᠠᠨᠬᠤᠲᠠ ᠬᠦᠷᠬᠦ᠂ ᠱᠢ ᠵᠢᠶᠠ | ᠵᠤᠸᠠᠩ ᠠᠴᠠ ᠴᠧᠩᠳᠧ ᠬᠦᠷᠬᠦ᠂ ᠵᠢᠴᠢ | ᠱᠠᠩᠬᠠᠢ ᠠᠴᠠ ᠬᠠᠷᠪᠢᠨ᠂ ᠯᠠᠨᠵᠧᠦ᠂ ᠦᠬᠠᠨ᠂ | ᠴᠠᠩᠱᠠ᠂ ᠭᠤᠸᠠᠩᠵᠧᠦ ᠬᠦᠷᠬᠦ ᠵᠡᠷᠭᠡ | ᠣᠶᠤᠲᠠᠳ ᠤᠨ ᠲᠤᠰᠬᠠᠢ ᠭᠠᠯᠲᠤ ᠲᠡᠷᠭᠡ ᠶᠢ | ᠨᠢᠭᠡᠨᠲᠡ 30 ᠤᠳᠠᠭ᠎ᠠ ᠨᠡᠪᠲᠡᠷᠡᠭᠦᠯᠵᠦ᠂ | ᠵᠠᠯᠭᠠᠭᠠᠳ ᠰᠤᠷᠭᠠᠭᠤᠯᠢ ᠶᠢᠨ ᠭᠤᠶᠤᠴᠢᠯᠠᠯ ᠢ | ᠦᠨᠳᠦᠰᠦᠯᠡᠨ᠂ ᠵᠠᠬᠢᠶᠠᠯᠠᠭ᠎ᠠ ᠶᠢᠨ | ᠲᠡᠭᠡᠭᠡᠪᠦᠷᠢ ᠶᠢᠨ ᠪᠠᠲᠤᠯᠠᠭ᠎ᠠ ᠶᠢ | ᠦᠷᠭᠦᠯᠵᠢᠯᠡᠨ ᠰᠠᠶᠢᠲᠤᠷ ᠬᠢᠬᠦ ᠪᠣᠯᠣᠨ᠎ᠠ᠃ | ᠳᠥᠷᠪᠡ ᠳᠤ᠂ ᠶᠠᠪᠤᠵᠤ ᠰᠠᠭᠤᠬᠤ ᠰᠠᠶᠢᠨ | ᠰᠠᠶᠢᠬᠠᠨ ᠣᠷᠴᠢᠨ ᠲᠣᠭᠤᠷᠢᠨ ᠢ ᠪᠤᠢ | ᠪᠣᠯᠭᠠᠨ᠎ᠠ᠃ | ᠡᠯ᠎ᠡ ᠭᠠᠵᠠᠷ ᠤᠨ ᠡᠯ᠎ᠡ ᠶᠡᠭᠡ ᠳᠡᠭᠡᠳᠦ | ᠰᠤᠷᠭᠠᠭᠤᠯᠢ ᠨᠢ ᠣᠶᠤᠲᠠᠳ ᠤᠨ ᠰᠠᠨᠠᠭ᠎ᠠ ᠶᠢ | ᠭᠦᠢᠴᠡᠳ ᠬᠦᠨᠳᠦᠳᠬᠡᠵᠦ᠂ | ᠰᠤᠷᠭᠠᠭᠤᠯᠢ ᠳᠤ ᠪᠠᠨ ᠦᠯᠡᠳᠡᠭᠰᠡᠨ | ᠣᠶᠤᠲᠠᠳ ᠤᠨ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ | ︽ᠪᠥᠬᠦ ᠤᠯᠤᠰ ᠤᠨ ᠣᠶᠤᠲᠠᠳ ᠤᠨ | ᠰᠤᠷᠭᠠᠭᠤᠯᠢ ᠠᠴᠠ ᠪᠠᠨ ᠰᠠᠯᠵᠤ | ᠨᠤᠲᠤᠭ ᠲᠤ ᠪᠠᠨ ᠪᠤᠴᠠᠬᠤ ᠳᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ | ᠮᠡᠳᠡᠭᠳᠡᠯ︾ ᠳᠤ ᠴᠢᠬᠤᠯᠠᠴᠢᠯᠠᠭᠰᠠᠨ ᠨᠢ᠂ | ᠡᠯ᠎ᠡ ᠭᠠᠵᠠᠷ ᠤᠨ ᠡᠯ᠎ᠡ ᠶᠡᠭᠡ ᠳᠡᠭᠡᠳᠦ | ᠰᠤᠷᠭᠠᠭᠤᠯᠢ ᠨᠢ ᠣᠶᠤᠲᠠᠳ ᠤᠨ ᠬᠦᠰᠡᠯ | ᠰᠠᠨᠠᠭ᠎ᠠ ᠶᠢ ᠭᠦᠢᠴᠡᠳ ᠬᠦᠨᠳᠦᠳᠬᠡᠵᠦ᠂ | ᠰᠤᠷᠭᠠᠭᠤᠯᠢ ᠳᠤ ᠪᠠᠨ ᠦᠯᠡᠳᠡᠭᠰᠡᠨ | ᠣᠶᠤᠲᠠᠳ ᠤᠨ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ | ᠭᠡᠵᠡᠢ᠃ ᠮᠡᠳᠡᠭᠳᠡᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ | ᠰᠤᠷᠭᠠᠨ ᠬᠥᠮᠦᠵᠢᠯ ᠤᠨ ᠶᠠᠮᠤᠨ ᠠᠴᠠ ᠡᠯ᠎ᠡ | ᠭᠠᠵᠠᠷ ᠣᠷᠣᠨ ᠪᠣᠯᠣᠨ ᠡᠯ᠎ᠡ ᠶᠡᠭᠡ ᠳᠡᠭᠡᠳᠦ | ᠰᠤᠷᠭᠠᠭᠤᠯᠢ ᠶᠢ ᠵᠢᠯᠣᠭᠤᠳᠤᠨ ᠭᠤᠷᠪᠠᠨ | ᠵᠦᠢᠯ ᠤᠨ ᠭᠤᠣᠯᠳᠠᠯᠭ᠎ᠠ ᠲᠠᠢ ᠠᠵᠢᠯ ᠢ | ᠰᠠᠶᠢᠲᠤᠷ ᠬᠢᠬᠦ ᠬᠡᠷᠡᠭᠲᠡᠢ᠃ | ᠨᠢᠭᠡᠳᠦᠭᠡᠷ ᠲᠤ᠂ ᠣᠶᠤᠲᠠᠳ ᠤᠨ ᠰᠣᠩᠭᠤᠯᠲᠠ | ᠬᠢᠬᠦ ᠰᠠᠨᠠᠭ᠎ᠠ ᠶᠢ ᠬᠦᠨᠳᠦᠳᠬᠡᠨ᠎ᠡ᠃ ᠡᠯ᠎ᠡ | ᠭᠠᠵᠠᠷ ᠤᠨ ᠡᠯ᠎ᠡ ᠶᠡᠭᠡ ᠳᠡᠭᠡᠳᠦ | ᠰᠤᠷᠭᠠᠭᠤᠯᠢ ᠨᠢ ᠬᠠᠮᠢᠶ᠎ᠠ ᠪᠦᠬᠦᠢ ᠠᠵᠢᠯ ᠢ | ᠪᠣᠳᠠᠲᠠᠢ ᠪᠥᠭᠡᠳ ᠨᠠᠷᠢᠯᠢᠭ ᠬᠢᠵᠦ᠂ | ᠣᠶᠤᠲᠠᠳ ᠤᠨ ᠰᠤᠷᠭᠠᠭᠤᠯᠢ ᠳᠤ ᠪᠠᠨ | ᠦᠯᠡᠳᠡᠬᠦ᠂ ᠳᠠᠳᠤᠯᠭ᠎ᠠ ᠳᠤ ᠣᠷᠤᠯᠴᠠᠬᠤ᠂ | ᠲᠤᠷᠰᠢᠯᠲᠠ ᠶᠢᠨ ᠰᠤᠳᠤᠯᠭᠠᠨ ᠬᠢᠬᠦ᠂ ᠥᠭᠦᠯᠡᠯ | ᠵᠢᠴᠢ ᠰᠢᠯᠭᠠᠯᠲᠠ ᠳᠤ ᠪᠡᠯᠡᠳᠬᠡᠬᠦ ᠵᠡᠷᠭᠡ | ᠡᠯ᠎ᠡ ᠵᠦᠢᠯ ᠤᠨ ᠵᠣᠬᠢᠰᠲᠠᠢ ᠬᠡᠷᠡᠭᠴᠡᠭᠡ ᠶᠢ | ᠬᠠᠩᠭᠠᠵᠤ᠂ ᠣᠶᠤᠲᠠᠳ ᠤᠨ ᠡᠷᠡᠭᠦᠯ ᠮᠡᠨᠳᠦ ᠶᠢᠨ | ᠬᠢᠨᠠᠨ ᠪᠠᠶᠢᠴᠠᠭᠠᠯᠲᠠ ᠪᠠᠨ ᠴᠢᠩᠭᠠᠳᠬᠠᠬᠤ᠂ | ᠡᠷᠡᠭᠦᠯ ᠠᠮᠢᠳᠤᠷᠠᠯ ᠤᠨ ᠳᠠᠳᠬᠠᠯ ᠢᠶᠠᠨ | ᠪᠠᠷᠢᠮᠲᠠᠯᠠᠬᠤ ᠶᠢ ᠬᠥᠮᠥᠵᠢᠭᠦᠯᠦᠨ | ᠵᠢᠯᠣᠭᠤᠳᠴᠤ᠂ ᠰᠤᠯᠠᠷᠠᠭᠤᠯᠬᠤ ᠦᠭᠡᠢ᠂ ᠬᠥᠩᠭᠡᠨ | ᠬᠠᠭᠤᠳᠠᠮ ᠬᠠᠨᠳᠤᠬᠤ ᠦᠭᠡᠢ ᠪᠠᠶᠢᠵᠤ᠂ ᠬᠤᠪᠢ | ᠬᠥᠮᠥᠨ ᠤ ᠬᠠᠮᠠᠭᠠᠯᠠᠯᠲᠠ ᠪᠠᠨ ᠦᠷᠭᠦᠯᠵᠢᠯᠡᠨ | ᠰᠠᠶᠢᠲᠤᠷ ᠬᠢᠬᠦ ᠶᠢ ᠬᠥᠲᠥᠯᠥᠨ | ᠵᠢᠯᠣᠭᠤᠳᠤᠨ᠎ᠠ᠃ | ᠬᠤᠶᠠᠳᠤᠭᠠᠷ ᠲᠤ᠂ ᠰᠤᠷᠭᠠᠭᠤᠯᠢ ᠶᠢᠨ | ᠬᠦᠷᠢᠶᠡᠨ ᠤ ᠦᠢᠯᠡᠴᠢᠯᠡᠭᠡᠨ ᠤ | ᠪᠠᠲᠤᠯᠠᠭ᠎ᠠ ᠶᠢ ᠬᠠᠩᠭᠠᠨ᠎ᠠ᠃ | ᠰᠤᠷᠭᠠᠭᠤᠯᠢ ᠳᠤ ᠪᠠᠨ ᠦᠯᠡᠳᠡᠭᠰᠡᠨ | ᠣᠶᠤᠲᠠᠳ ᠤᠨ ᠡᠷᠡᠭᠦᠯ ᠮᠡᠨᠳᠦ᠂ ᠰᠤᠷᠤᠯᠭ᠎ᠠ᠂ | ᠠᠮᠢᠳᠤᠷᠠᠯ ᠤᠨ ᠪᠠᠶᠢᠳᠠᠯ ᠬᠢᠭᠡᠳ | ᠬᠡᠷᠡᠭᠴᠡᠭᠡ ᠶᠢ ᠬᠥᠳᠡᠯᠦᠩᠭᠦᠢ ᠪᠠᠷ | ᠡᠵᠡᠮᠰᠢᠵᠦ᠂ ᠴᠠᠭ ᠲᠤᠬᠠᠢ ᠳᠤ ᠨᠢ ᠴᠢᠭᠯᠡᠯᠲᠦ | ᠴᠢᠨᠠᠷᠲᠠᠢ ᠦᠢᠯᠡᠴᠢᠯᠡᠭᠡ ᠬᠠᠩᠭᠠᠨ᠎ᠠ᠃ | ᠢᠯᠠᠩᠭᠤᠶ᠎ᠠ ᠵᠢᠭᠠᠨ ᠰᠤᠷᠭᠠᠯᠲᠠ ᠶᠢᠨ ᠠᠬᠢᠴᠠ | ᠪᠠ ᠬᠤᠭᠤᠴᠠᠭᠠᠨ ᠡᠴᠦᠰ ᠤᠨ ᠰᠢᠯᠭᠠᠯᠲᠠ ᠶᠢ | ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ | ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠪᠠ | ᠰᠦᠯᠵᠢᠶᠡᠨ ᠠᠴᠠ ᠭᠠᠳᠠᠨᠠᠬᠢ ᠵᠢᠭᠠᠨ | ᠰᠤᠷᠭᠠᠯᠲᠠ ᠶᠢ ᠵᠣᠬᠢᠰᠲᠠᠢ ᠲᠣᠬᠢᠷᠠᠭᠤᠯᠵᠤ᠂ | ᠬᠤᠭᠤᠯᠠ ᠢᠳᠡᠬᠦ᠂ ᠪᠠᠷᠠᠭ᠎ᠠ ᠬᠤᠳᠠᠯᠳᠤᠨ ᠠᠪᠬᠤ᠂ | ᠲᠦᠷᠭᠡᠨ ᠬᠦᠷᠭᠡᠬᠦ ᠵᠡᠷᠭᠡ ᠬᠠᠮᠢᠶ᠎ᠠ ᠪᠦᠬᠦᠢ | ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ | ᠲᠣᠬᠢᠷᠠᠭᠤᠯᠵᠤ᠂ ᠢᠯᠠᠩᠭᠤᠶ᠎ᠠ ᠬᠡᠷᠡᠭᠴᠡᠭᠡ | ᠶᠣᠰᠣᠭᠠᠷ ᠰᠤᠷᠭᠠᠭᠤᠯᠢ ᠶᠢᠨ ᠬᠦᠷᠢᠶᠡᠨ ᠤ | ᠰᠤᠷᠤᠯᠴᠠᠬᠤ᠂ ᠪᠡᠶ᠎ᠡ ᠪᠣᠯᠪᠠᠰᠤᠷᠠᠬᠤ᠂ | ᠰᠢᠨᠵᠢᠯᠡᠬᠦ ᠤᠬᠠᠭᠠᠨ ᠤ ᠰᠤᠳᠤᠯᠭᠠᠨ ᠬᠢᠬᠦ | ᠵᠡᠷᠭᠡ ᠭᠤᠣᠯᠳᠠᠯᠭ᠎ᠠ ᠲᠠᠢ ᠲᠠᠯᠠᠪᠤᠷ ᠢ | ᠨᠡᠭᠡᠭᠡᠵᠦ᠂ ᠣᠶᠤᠲᠠᠳ ᠤᠨ ᠡᠪᠡᠳᠴᠢᠨ | ᠦᠵᠡᠭᠦᠯᠬᠦ ᠵᠡᠷᠭᠡ ᠣᠨᠴᠠᠭᠠᠶ ᠬᠡᠷᠡᠭᠴᠡᠭᠡ ᠶᠢ | ᠬᠠᠩᠭᠠᠵᠤ᠂ ᠰᠤᠷᠭᠠᠭᠤᠯᠢ ᠳᠤ ᠪᠠᠨ | ᠦᠯᠡᠳᠡᠭᠰᠡᠨ ᠣᠶᠤᠲᠠᠳ ᠲᠤ ︽ᠰᠤᠷᠭᠠᠭᠤᠯᠢ ᠳᠤ | ᠪᠠᠶᠢᠬᠤ ᠨᠢ ᠭᠡᠷ ᠲᠤ ᠪᠠᠨ ᠪᠠᠶᠢᠬᠤ ᠰᠢᠭ᠋︾ | ᠳᠣᠲᠣᠨᠣ ᠲᠥᠷᠥᠭᠳᠡᠯ ᠣᠯᠭᠤᠨ᠎ᠠ᠃ | ᠭᠤᠷᠪᠠᠳᠤᠭᠠᠷ ᠲᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠶᠡᠭᠡ ᠳᠡᠭᠡᠳᠦ ᠰᠤᠷᠭᠠᠭᠤᠯᠢ ᠨᠤᠭᠤᠳ ᠰᠤᠷᠭᠠᠨ | ᠬᠥᠮᠦᠵᠢᠯ ᠤᠨ ᠶᠠᠮᠤᠨ ᠪᠣᠯᠣᠨ ᠤᠯᠤᠰ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠬᠤᠯᠪᠣᠭᠠᠯᠠᠨ ᠨᠡᠶᠢᠲᠡᠯᠡᠭᠰᠡᠨ | ︽ᠶᠡᠭᠡ ᠳᠡᠭᠡᠳᠦ ᠰᠤᠷᠭᠠᠭᠤᠯᠢ ᠶᠢᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠮᠡᠷᠭᠡᠵᠢᠯ ᠤᠨ ᠲᠥᠰᠥᠯ | ︵ᠲᠠᠪᠤᠳᠤᠭᠠᠷ ᠬᠡᠪᠯᠡᠯ︶︾ ᠢ | ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ | ︽ᠰᠤᠷᠭᠠᠭᠤᠯᠢ ᠶᠢᠨ ᠡᠭᠦᠳᠡᠨ ᠤ | ᠪᠣᠭᠤᠮᠲᠠ︾ ᠶᠢ ᠰᠠᠶᠢᠲᠤᠷ ᠰᠠᠬᠢᠵᠤ᠂ ᠬᠥᠮᠥᠨ᠂ | ᠪᠣᠳᠠᠰ᠂ ᠣᠷᠴᠢᠨ ᠲᠣᠭᠤᠷᠢᠨ ᠢ ᠵᠡᠷᠭᠡ ᠳᠤ ᠨᠢ | ᠰᠡᠷᠭᠡᠶᠢᠯᠡᠬᠦ ᠶᠢ ᠪᠠᠷᠢᠮᠲᠠᠯᠠᠨ᠂ | ᠢᠯᠠᠩᠭᠤᠶ᠎ᠠ ᠭᠤᠣᠯᠳᠠᠯᠭ᠎ᠠ ᠲᠠᠢ ᠬᠥᠮᠥᠰ ᠤᠨ | ᠪᠥᠭᠡᠮ ᠬᠦᠴᠢᠯ ᠤᠨ ᠪᠠᠶᠢᠴᠠᠭᠠᠯᠲᠠ᠂ | ᠭᠤᠣᠯᠳᠠᠯᠭ᠎ᠠ ᠲᠠᠢ ᠲᠠᠯᠠᠪᠤᠷ ᠤᠨ ᠣᠷᠴᠢᠨ | ᠲᠣᠭᠤᠷᠢᠨ ᠢ ᠰᠠᠶᠢᠲᠤᠷ ᠠᠷᠢᠭᠤᠳᠬᠠᠵᠤ᠂ | ᠪᠠᠶᠢᠩᠭᠤ ᠶᠢᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠪᠡᠯᠡᠳᠬᠡᠯ | ᠲᠥᠰᠥᠯ ᠢ ᠲᠡᠭᠦᠯᠳᠡᠷᠵᠢᠭᠦᠯᠦᠨ᠎ᠡ᠃ | ᠲᠤᠬᠠᠢ ᠶᠢᠨ ᠭᠠᠵᠠᠷ ᠤᠨ ᠬᠢᠵᠢᠭ ᠤᠨ | ᠪᠠᠶᠢᠳᠠᠯ ᠢ ᠦᠨᠳᠦᠰᠦᠯᠡᠨ᠂ ᠰᠤᠷᠭᠠᠭᠤᠯᠢ ᠶᠢᠨ | ᠬᠦᠷᠢᠶᠡᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠬᠥᠳᠡᠯᠦᠩᠭᠦᠢ ᠪᠠᠷ | ᠲᠣᠬᠢᠷᠠᠭᠤᠯᠤᠨ ᠰᠢᠯᠢᠳᠡᠭᠵᠢᠭᠦᠯᠵᠦ᠂ | ᠬᠥᠮᠥᠡᠯᠢᠭ᠂ ᠬᠠᠷᠢᠮᠠᠬᠠᠢ ᠪᠠ ᠰᠢᠨᠵᠢᠯᠡᠬᠦ | ᠤᠬᠠᠭᠠᠨᠴᠢᠯᠠᠭᠰᠠᠨ ᠬᠠᠮᠢᠶᠠᠷᠤᠯᠲᠠ ᠶᠢᠨ | ᠠᠷᠭ᠎ᠠ ᠪᠠᠷ ᠰᠤᠷᠭᠠᠭᠤᠯᠢ ᠶᠢᠨ ᠬᠦᠷᠢᠶᠡᠨ ᠤ | ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠯ᠎ᠡ ᠵᠦᠢᠯ ᠤᠨ ᠠᠵᠢᠯ ᠢ ᠨᠠᠷᠢᠯᠢᠭ | ᠪᠦᠲᠦᠮᠵᠢᠲᠡᠶ ᠰᠠᠶᠢᠲᠤᠷ ᠬᠢᠨ᠎ᠡ᠃ |