ᠬᠦᠯᠢᠶᠡᠨ ᠰᠢᠢᠳᠪᠦᠷᠢᠯᠡᠬᠦ ᠨᠥᠬᠦᠴᠡᠯ | ᠪᠠᠶᠢᠬᠤ ᠦᠭᠡᠢ᠃ | | ᠲᠣᠭᠲᠠᠭᠠᠭᠰᠠᠨ ᠦᠨᠳᠦᠰᠦᠯᠡᠯ | ︽ᠠᠵᠤ ᠦᠢᠯᠡᠳᠪᠦᠷᠢ ᠬᠤᠳᠠᠯᠳᠤᠭ᠎ᠠ ᠶᠢᠨ ᠶᠡᠷᠦᠩᠬᠡᠢ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠤᠨ | ︿ᠲᠠᠪᠤᠨ ᠦᠨᠡᠮᠯᠡᠯ ᠢ ᠨᠢᠭᠡᠳᠬᠡᠬᠦ﹀ ᠳᠠᠩᠰᠠᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠲᠦᠷᠭᠡᠳᠬᠡᠨ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ﹀ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︵ᠠᠵᠤ ᠦᠢᠯᠡᠳᠪᠦᠷᠢ ᠬᠤᠳᠠᠯᠳᠤᠭ᠎ᠠ ᠠᠵᠤ | ᠠᠬᠤᠶᠢᠯᠠᠯ ᠤᠨ ᠳᠠᠩᠰᠠᠯᠠᠯᠲᠠ ᠥᠰᠥᠭ ﹇2016﹈ 150 ᠳ᠋ᠤᠭᠠᠷ ᠲᠣᠭᠠᠲᠤ︶᠄ ︵ᠨᠢᠭᠡ︶ ︽ᠲᠠᠪᠤᠨ | ᠦᠨᠡᠮᠯᠡᠯ ᠢ ᠨᠢᠭᠡᠳᠬᠡᠵᠦ᠂ ᠨᠢᠭᠡ ᠦᠨᠡᠮᠯᠡᠯ ᠳᠤ ᠨᠢᠭᠡ ᠨᠣᠮᠧᠷ ᠬᠡᠷᠡᠭᠯᠡᠬᠦ︾ ᠳᠠᠩᠰᠠᠯᠠᠯᠲᠠ ᠶᠢᠨ ᠳᠦᠷᠢᠮ ᠢ ᠪᠥᠬᠦ | ᠲᠠᠯ᠎ᠠ ᠪᠠᠷ ᠬᠡᠷᠡᠭᠵᠢᠭᠦᠯᠦᠨ᠎ᠡ᠃ ᠠᠵᠤ ᠠᠬᠤᠶᠢᠯᠠᠯ ᠪᠠ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ︵ᠳᠣᠣᠷ᠎ᠠ | ︽ᠠᠵᠤ ᠠᠬᠤᠶᠢᠯᠠᠯ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢᠨ ︽ᠭᠤᠷᠪᠠᠨ ᠦᠨᠡᠮᠯᠡᠯ ᠢ ᠨᠢᠭᠡᠳᠬᠡᠵᠦ᠂ ᠨᠢᠭᠡ | ᠦᠨᠡᠮᠯᠡᠯ ᠳᠤ ᠨᠢᠭᠡ ᠨᠣᠮᠧᠷ ᠬᠡᠷᠡᠭᠯᠡᠬᠦ︾ ᠰᠠᠭᠤᠷᠢᠨ ᠳᠡᠭᠡᠷ᠎ᠡ ︽ᠲᠠᠪᠤᠨ ᠦᠨᠡᠮᠯᠡᠯ ᠢ ᠨᠢᠭᠡᠳᠬᠡᠵᠦ᠂ ᠨᠢᠭᠡ | ᠦᠨᠡᠮᠯᠡᠯ ᠳᠤ ᠨᠢᠭᠡ ᠨᠣᠮᠧᠷ ᠬᠡᠷᠡᠭᠯᠡᠬᠦ︾ ᠳᠠᠩᠰᠠᠯᠠᠯ ᠤᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ᠨᠡᠶᠢᠭᠡᠮ ᠤᠨ ᠳᠠᠭᠠᠳᠬᠠᠯ ᠤᠨ ᠳᠠᠩᠰᠠᠯᠠᠯᠲᠠ ᠶᠢᠨ ᠦᠨᠡᠮᠯᠡᠯ ᠪᠠ ᠲᠤᠭ᠎ᠠ ᠪᠦᠷᠢᠳᠬᠡᠯ ᠤᠨ ᠳᠠᠩᠰᠠᠯᠠᠯᠲᠠ ᠶᠢᠨ | ᠦᠨᠡᠮᠯᠡᠯ ᠢ ᠡᠮᠬᠢᠯᠡᠨ ᠨᠡᠶᠢᠯᠡᠭᠦᠯᠵᠦ᠂ ᠠᠵᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ | ᠨᠢᠭᠡᠳᠦᠯᠲᠡᠢ ᠨᠡᠶᠢᠭᠡᠮ ᠤᠨ ᠢᠲᠡᠭᠡᠮᠵᠢ ᠶᠢᠨ ᠲᠥᠯᠥᠭᠡᠨ ᠨᠣᠮᠧᠷ ︵ᠳᠣᠣᠷ᠎ᠠ ᠨᠢᠭᠡᠳᠦᠯᠲᠡᠢ ᠲᠥᠯᠥᠭᠡᠨ ᠨᠣᠮᠧᠷ ᠭᠡᠵᠦ | ᠨᠡᠷᠡᠶᠢᠳᠦᠨ᠎ᠡ︶ ᠨᠡᠮᠡᠭᠰᠡᠨ ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠵᠤ᠂ ᠨᠡᠶᠢᠭᠡᠮ ᠤᠨ ᠳᠠᠭᠠᠳᠬᠠᠯ ᠤᠨ | ᠳᠠᠩᠰᠠᠯᠠᠯᠲᠠ ᠶᠢᠨ ᠦᠨᠡᠮᠯᠡᠯ ᠪᠠ ᠲᠤᠭ᠎ᠠ ᠪᠦᠷᠢᠳᠬᠡᠯ ᠤᠨ ᠳᠠᠩᠰᠠᠯᠠᠯᠲᠠ ᠶᠢᠨ ᠦᠨᠡᠮᠯᠡᠯ ᠢ ᠳᠠᠭᠢᠵᠤ ᠠᠰ ᠲᠤᠨᠢ | ᠣᠯᠭᠤᠬᠤ ᠦᠭᠡᠢ᠃ ︵ᠬᠤᠶᠠᠷ︶ ︽ᠲᠠᠪᠤᠨ ᠦᠨᠡᠮᠯᠡᠯ ᠢ ᠨᠢᠭᠡᠳᠬᠡᠬᠦ︾ ᠥᠭᠡᠷᠡᠴᠢᠯᠡᠯᠲᠡ ᠶᠢᠨ ᠰᠢᠯᠵᠢᠯᠲᠡ ᠶᠢᠨ | ᠵᠣᠯᠭᠠᠭᠤᠯᠬᠤ ᠠᠵᠢᠯ ᠢ ᠡᠮᠬᠢ ᠵᠢᠷᠤᠮ ᠲᠠᠢ ᠰᠠᠶᠢᠲᠤᠷ ᠬᠢᠨ᠎ᠡ᠃ ︽ᠲᠠᠪᠤᠨ ᠦᠨᠡᠮᠯᠡᠯ ᠢ ᠨᠢᠭᠡᠳᠬᠡᠬᠦ︾ ᠳᠤ | ᠬᠡᠷᠡᠭᠵᠢᠭᠦᠯᠦᠭᠰᠡᠨ ᠳᠠᠩᠰᠠᠯᠠᠬᠤ ᠨᠥᠬᠦᠴᠡᠯ᠂ ᠳᠠᠩᠰᠠᠯᠠᠬᠤ ᠲᠠᠰ ᠳᠠᠷᠠᠭᠠᠯᠠᠯ᠂ ᠳᠠᠩᠰᠠᠯᠠᠭᠤᠯᠬᠤ ᠭᠤᠶᠤᠴᠢᠯᠠᠯ ᠤᠨ | ᠪᠢᠴᠢᠭ ᠮᠠᠲ᠋ᠧᠷᠢᠶᠠᠯ ᠤᠨ ᠵᠢᠷᠤᠮᠵᠢᠯ ᠪᠠ ᠡᠵᠡᠩᠨᠡᠯᠲᠡ ᠶᠢᠨ ᠦᠨᠡᠮᠯᠡᠯ ᠤᠨ ᠶᠠᠩᠵᠤ ᠬᠡᠯᠪᠡᠷᠢ ᠨᠢ ︽ᠭᠤᠷᠪᠠᠨ | ᠦᠨᠡᠮᠯᠡᠯ ᠢ ᠨᠡᠶᠢᠯᠡᠭᠦᠯᠦᠨ ᠨᠢᠭᠡᠳᠬᠡᠬᠦ︾ ᠥᠭᠡᠷᠡᠴᠢᠯᠡᠯᠲᠡ ᠲᠠᠢ ᠠᠳᠠᠯᠢ᠃ ᠥᠭᠡᠷᠡᠴᠢᠯᠡᠯᠲᠡ ᠬᠢᠭᠰᠡᠨ ᠤ ᠳᠠᠷᠠᠭ᠎ᠠ᠂ | ᠠᠵᠤ ᠠᠬᠤᠶᠢᠯᠠᠯ ᠪᠠᠶᠢᠭᠤᠯᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠭᠰᠠᠨ᠂ ᠤᠤᠯ ᠤᠨ ᠦᠨᠡᠮᠯᠡᠯ ᠤᠨ ᠬᠦᠴᠦᠨ | ᠪᠦᠬᠦᠢ ᠬᠤᠭᠤᠴᠠᠭ᠎ᠠ ᠨᠢ ᠲᠤᠯᠤᠭᠰᠠᠨ᠂ ᠳᠠᠩᠰᠠᠯᠠᠯᠲᠠ ᠪᠠᠨ ᠬᠤᠪᠢᠷᠠᠭᠤᠯᠬᠤ ᠪᠠᠷ ᠭᠤᠶᠤᠴᠢᠯᠠᠭᠰᠠᠨ ᠪᠤᠶᠤ | ᠡᠵᠡᠩᠨᠡᠯᠲᠡ ᠶᠢᠨ ᠦᠨᠡᠮᠯᠡᠯ ᠢᠶᠠᠨ ᠰᠣᠯᠢᠬᠤ ᠪᠠᠷ ᠭᠤᠶᠤᠴᠢᠯᠠᠭᠰᠠᠨ ᠪᠣᠯ ᠳᠠᠩᠰᠠᠯᠠᠬᠤ ᠪᠠᠶᠢᠭᠤᠯᠭ᠎ᠠ ᠠᠴᠠ ᠬᠠᠤᠯᠢ | ᠶᠣᠰᠣᠭᠠᠷ ᠬᠢᠨᠠᠨ ᠣᠯᠭᠤᠵᠤ᠂ ᠨᠢᠭᠡᠳᠦᠯᠲᠡᠢ ᠲᠥᠯᠥᠭᠡᠨ ᠨᠣᠮᠧᠷ ᠨᠡᠮᠡᠭᠰᠡᠨ ᠡᠵᠡᠩᠨᠡᠯᠲᠡ ᠶᠢᠨ ᠦᠨᠡᠮᠯᠡᠯ ᠢ ᠰᠣᠯᠢᠵᠤ | ᠣᠯᠭᠤᠨ᠎ᠠ᠃ | | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠪᠠᠶᠢᠬᠤ ᠦᠭᠡᠢ᠃ | | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠶ ᠲᠥᠩ ᠵᠠᠮ ᠤᠨ | ᠵᠡᠭᠦᠨ ᠲᠢᠶᠠᠨ ᠶᠤᠸᠠᠨ ᠶᠡᠭᠡ ᠵᠡᠭᠡᠯᠢ ᠶᠢᠨ ᠵᠠᠮ ᠤᠨ ᠬᠤᠶᠢᠲᠤ ᠲᠠᠯ᠎ᠠ 45 ᠳ᠋ᠤᠭᠠᠷ ᠨᠣᠮᠧᠷ᠂ ᠠᠷᠤ ᠬᠤᠷᠴᠢᠨ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ 20 — | 22 ᠳ᠋ᠤᠭᠠᠷ ᠴᠣᠩᠬᠤ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 | — 11᠄ 30᠂ ᠦᠳᠡ ᠶᠢᠨ ᠬᠤᠶᠢᠨᠠᠬᠢ 14᠄ 30 — 17᠄ 30 ︵ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠥᠷᠲᠡᠭᠡ ᠳᠤ ᠪᠠᠭᠤᠨ᠎ᠠ᠃ 2 ᠪᠤᠶᠤ 3 ᠳ᠋ᠤᠭᠠᠷ | ᠵᠠᠮ ᠤᠨ ᠨᠡᠶᠢᠲᠡ ᠶᠢᠨ ᠮᠠᠰᠢᠨ ᠲᠡᠷᠭᠡᠨ ᠳᠤ ᠰᠠᠭᠤᠵᠤ ᠵᠠᠮ ᠬᠠᠷᠢᠯᠴᠠᠭᠠᠨ ᠤ ᠲᠣᠪᠴᠢᠶᠠᠨ ᠤ ᠥᠷᠲᠡᠭᠡᠨ ᠳᠤ | ᠪᠠᠭᠤᠨ᠎ᠠ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠠᠴᠠ ᠰᠢᠯᠵᠢᠭᠦᠯᠦᠨ | ᠣᠷᠴᠢᠭᠤᠯᠪᠠ᠃ | ᠨᠠᠷᠢᠨ ᠠᠭᠤᠯᠭ᠎ᠠ ᠶᠢ ᠨᠢ ᠳᠤᠤᠷᠠᠬᠢ ᠰᠦᠯᠵᠢᠶᠡᠨ ᠤ ᠬᠠᠶ᠋ᠢᠭ ᠢᠶᠠᠷ ᠦᠵᠡᠭᠡᠷᠡᠢ᠄ http://zwfw. | nmg.gov.cn/handle_affairs_detail? | item_detail_id=ff8080817507e7030175101a874d07b0®ionCode=150421000000&highlight=pubService&record=istrue |