ᠡᠮᠦᠨᠡᠬᠢ ᠦᠭᠡ | ᠰᠢᠯᠭᠠᠯᠲᠠ ᠪᠠᠷ ᠰᠣᠷᠣᠭᠴᠢ ᠡᠯᠰᠡᠬᠦ ᠲᠦᠷᠢᠮ ᠪᠣᠯ ᠤᠯᠤᠰ ᠤᠨ ᠦᠨᠳᠦᠰᠦᠨ ᠰᠤᠷᠭᠠᠨ ᠬᠥᠮᠦᠵᠢᠯ ᠤᠨ | ᠲᠦᠷᠢᠮ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠣᠯ ᠰᠤᠷᠭᠠᠨ ᠬᠥᠮᠦᠵᠢᠯ ᠤᠨ ᠬᠦᠷᠢᠶᠡᠨ ᠳᠠᠬᠢ ︽ᠨᠢᠭᠡ | ᠦᠬᠡᠷ ᠤᠨ ᠡᠪᠡᠷ ᠢ ᠴᠣᠬᠢᠪᠠᠯ ᠮᠢᠩᠭᠠᠨ ᠦᠬᠡᠷ ᠤᠨ ᠡᠪᠡᠷ ᠳᠣᠷᠭᠢᠬᠤ︾ ᠴᠢᠬᠤᠯᠠ ᠶᠡᠭᠡ ᠥᠭᠡᠷᠡᠴᠢᠯᠡᠯᠲᠡ ᠮᠥᠨ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠦᠨᠳᠦᠰᠦᠯᠡᠨ᠂ ᠰᠤᠷᠭᠠᠨ ᠬᠥᠮᠦᠵᠢᠯ ᠤᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠮᠠᠨ ᠤ ᠣᠷᠣᠨ ᠪᠥᠬᠦ ᠤᠯᠤᠰ ᠤᠨ ᠲᠠᠪᠤᠳᠤᠭᠠᠷ | ᠪᠦᠯᠦᠭ ᠤᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠦᠭᠰᠡᠨ 8 ᠮᠤᠵᠢ ᠣᠷᠣᠨ ᠤ ᠨᠢᠭᠡ ᠪᠣᠯᠤᠭᠰᠠᠨ ᠤ | ᠬᠤᠪᠢ ᠳᠤ 2022 ᠣᠨ ᠤ ᠨᠠᠮᠤᠷ ᠤᠨ ᠤᠯᠠᠷᠢᠯ ᠳᠤ ᠰᠤᠷᠭᠠᠭᠤᠯᠢ ᠳᠤ ᠣᠷᠣᠬᠤ ᠡᠩ ᠤᠨ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠣᠷᠣᠭᠴᠢ ᠠᠴᠠ ᠡᠬᠢᠯᠡᠨ ᠡᠩ ᠤᠨ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠬᠡᠷᠡᠭᠵᠢᠭᠦᠯᠦᠨ᠎ᠡ᠃ | ᠮᠠᠨ ᠤ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠷᠢᠯᠢᠭ | ᠣᠨᠣᠴᠠᠲᠠᠢ ᠡᠵᠡᠮᠰᠢᠬᠦ ᠳᠤ ᠬᠠᠪᠰᠤᠷᠤᠯᠭ᠎ᠠ ᠦᠵᠡᠭᠦᠯᠬᠦ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ | ᠭᠡᠵᠦ ᠳᠦᠭᠦᠮᠴᠢᠯᠡᠨ᠎ᠡ︶ ᠳᠤ ᠬᠤᠯᠪᠣᠭᠳᠠᠭᠰᠠᠨ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠭᠤᠤᠯ ᠠᠰᠠᠭᠤᠳᠠᠯ ᠢ | ᠡᠮᠬᠢᠯᠡᠨ ᠳᠢᠭᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠶᠢ ᠨᠠᠶᠢᠷᠠᠭᠤᠯᠤᠨ ᠪᠢᠴᠢᠵᠦ᠂ ᠥᠷᠭᠡᠨ ᠣᠯᠠᠨ ᠰᠢᠯᠭᠠᠭᠤᠯᠤᠭᠴᠢ᠂ | ᠬᠡᠷ ᠤᠨ ᠠᠬᠠᠮᠠᠳ ᠪᠣᠯᠤᠨ ᠪᠠᠭᠰᠢ ᠨᠠᠷ ᠲᠤ ᠯᠠᠪᠯᠠᠯᠲᠠ ᠬᠠᠩᠭᠠᠪᠠ᠃ ᠬᠤᠯᠪᠤᠭᠳᠠᠬᠤ ᠲᠥᠷᠥ ᠶᠢᠨ ᠪᠣᠳᠣᠯᠭ᠎ᠠ ᠶᠢ | ᠠᠰᠠᠭᠤᠨ ᠯᠠᠪᠯᠠᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠮᠠᠨ ᠤ ᠲᠢᠩᠬᠢᠮ 6 ᠰᠠᠷ᠎ᠠ ᠶᠢᠨ 26 ᠤ | ᠡᠳᠦᠷ ᠠᠴᠠ ᠵᠦᠪᠯᠡᠯᠭᠡ ᠥᠭᠬᠦ ᠤᠲᠠᠰᠤ 0471-2856836᠂ ᠵᠦᠪᠯᠡᠯᠭᠡ ᠥᠭᠬᠦ ᠲᠠᠪᠴᠠᠩ ︵ᠳᠤᠤᠷ᠎ᠠ | ᠲᠠᠯ᠎ᠠ ᠶᠢᠨ ᠬᠤᠶᠠᠷ ᠬᠡᠮᠵᠢᠯᠳᠦ ᠺᠣᠳ᠋ ᠢ ᠰᠢᠷᠪᠢᠵᠦ ᠦᠨᠡᠨ ᠨᠡᠷ᠎ᠡ ᠪᠠᠷ ᠳᠠᠩᠰᠠᠯᠠᠭᠤᠯᠤᠨ᠎ᠠ︶ ᠪᠠ ᠢᠮᠧᠯ | gkzhggzx @ 163 . com ᠢ ᠨᠡᠪᠲᠡᠷᠡᠭᠦᠯᠵᠦ᠂ ᠥᠷᠭᠡᠨ ᠣᠯᠠᠨ ᠰᠢᠯᠭᠠᠭᠤᠯᠤᠭᠴᠢ ᠪᠠ ᠬᠡᠷ ᠤᠨ | ᠠᠬᠠᠮᠠᠳ ᠲᠤ ᠨᠠᠷᠢᠨ ᠨᠢᠮᠪᠠᠶ ᠦᠢᠯᠡᠴᠢᠯᠡᠨ᠎ᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | 2022 ᠣᠨ ᠤ 6 ᠰᠠᠷ᠎ᠠ | | 1 . ᠶᠠᠭᠤᠨ ᠳᠤ ᠰᠢᠨ᠎ᠡ ᠡᠭᠡᠯᠵᠢ ᠶᠢᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠥᠷᠨᠢᠭᠦᠯᠬᠦ ᠪᠣᠶ︖ | ᠬᠠᠷᠢᠭᠤᠯᠲᠠ᠄ ᠰᠢᠨ᠎ᠡ ᠡᠭᠡᠯᠵᠢ ᠶᠢᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠣᠯ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ | ᠮᠥᠨ᠃ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠪᠣᠯ ᠤᠯᠤᠰ ᠤᠨ ᠦᠨᠳᠦᠰᠦᠨ ᠰᠤᠷᠭᠠᠨ ᠬᠥᠮᠦᠵᠢᠯ ᠤᠨ | ᠳᠦᠷᠢᠮ ᠪᠠᠶᠢᠵᠤ᠂ ᠲᠡᠷᠡ ᠨᠢ ᠨᠠᠮ ᠤᠨ ᠶᠡᠭᠡ ᠪᠣᠳᠣᠯᠭ᠎ᠠ᠂ ᠤᠯᠤᠰ ᠤᠨ ᠶᠡᠭᠡ ᠪᠣᠳᠣᠯᠭ᠎ᠠ ᠲᠠᠢ ᠬᠤᠯᠪᠣᠭᠳᠠᠵᠤ᠂ ᠭᠡᠷ | ᠪᠦᠯᠢ ᠨᠢᠭᠡ ᠪᠦᠷᠢ ᠶᠢᠨ ᠠᠰᠢᠭ ᠲᠤᠰᠠ ᠲᠠᠢ ᠬᠤᠯᠪᠣᠭᠳᠠᠵᠤ᠂ ᠲᠦᠭ ᠲᠦᠮᠡᠨ ᠵᠠᠯᠠᠭᠤ ᠪᠠᠭ᠎ᠠ ᠰᠤᠷᠤᠭᠴᠢᠳ ᠤᠨ | ᠢᠷᠡᠭᠡᠳᠦᠶ ᠶᠢᠨ ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠳᠠᠭ᠃ ᠮᠠᠨ ᠤ ᠤᠯᠤᠰ ᠡᠩ ᠤᠨ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢ ᠰᠡᠷᠭᠦᠭᠡᠭᠰᠡᠨ 40 ᠭᠠᠷᠤᠶ | ᠵᠢᠯ ᠤᠨ ᠲᠤᠷᠰᠢ᠂ ᠠᠵᠤ ᠠᠬᠤᠶ ᠨᠡᠶᠢᠭᠡᠮ ᠵᠢᠴᠢ ᠰᠤᠷᠭᠠᠨ ᠬᠥᠮᠦᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ | ᠠᠯᠬᠤᠴᠠ ᠶᠢ ᠳᠠᠭᠠᠵᠤ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ | ᠰᠢᠯᠭᠠᠯᠲᠠ ᠪᠠᠷ ᠰᠣᠷᠣᠭᠴᠢ ᠡᠯᠰᠡᠬᠦ ᠲᠦᠷᠢᠮ ᠲᠠᠰᠤᠷᠠᠯᠲᠠ ᠥᠬᠡᠶ ᠰᠠᠶᠢᠵᠢᠷᠠᠨ ᠲᠡᠭᠦᠯᠳᠡᠷᠵᠢᠵᠦ᠂ ᠬᠠᠷᠢᠴᠠᠩᠭᠤᠶ | ᠪᠦᠷᠢᠨ ᠲᠡᠭᠦᠯᠳᠡᠷ ᠰᠢᠯᠭᠠᠯᠲᠠ ᠪᠠᠷ ᠰᠣᠷᠣᠭᠴᠢ ᠡᠯᠰᠡᠬᠦ ᠳᠣᠭᠲᠠᠯᠴᠠᠭ᠎ᠠ ᠶᠢ ᠠᠩᠬ᠎ᠠ ᠠᠯᠬᠤᠮ ᠪᠦᠷᠢᠯᠳᠦᠭᠦᠯᠵᠦ᠂ | ᠰᠤᠷᠤᠭᠴᠢᠳ ᠤᠨ ᠦᠰᠦᠨ ᠪᠤᠶᠢᠵᠢᠬᠤ᠂ ᠤᠯᠤᠰ ᠠᠴᠠ ᠴᠢᠳᠠᠪᠤᠷᠢᠲᠠᠨ ᠢ ᠰᠣᠩᠭᠤᠬᠤ᠂ ᠨᠡᠶᠢᠭᠡᠮ ᠤᠨ ᠲᠥᠪ | ᠭᠤᠤᠯᠴᠢ ᠳᠤ ᠲᠡᠦᠬᠡᠲᠦ ᠴᠢᠨᠠᠷᠲᠠᠶ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ ᠤᠨ ᠣᠨᠴᠠᠯᠢᠭᠲᠤ᠂ | ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠦᠨᠳᠦᠰᠦᠨ ᠳᠤ ᠪᠠᠨ ᠲᠣᠬᠢᠷᠠᠭᠰᠠᠨ ᠴᠢᠳᠠᠪᠤᠷᠢᠲᠠᠨ ᠢ ᠰᠣᠩᠭᠤᠬᠤ | ᠵᠠᠮ ᠢ ᠠᠮᠵᠢᠯᠲᠠᠲᠠᠢ ᠨᠡᠭᠡᠭᠡᠵᠦ᠂ ᠡᠷᠬᠡ ᠰᠦᠷᠲᠦ ᠴᠢᠨᠠᠷ᠂ ᠲᠥᠪ ᠭᠤᠤᠯᠴᠢ ᠴᠢᠨᠠᠷ᠂ ᠬᠡᠷᠡᠭᠵᠢᠭᠦᠯᠵᠦ ᠪᠣᠯᠬᠤᠶᠢᠴᠠ | ᠴᠢᠨᠠᠷ ᠢ ᠨᠡᠶᠢᠭᠡᠮ ᠨᠡᠶᠢᠲᠡ ᠪᠠᠷ ᠢᠶᠠᠨ ᠲᠥᠭᠡᠮᠡᠯ ᠮᠡᠳᠡᠷᠡᠪᠡ᠃ ᠭᠡᠪᠡᠴᠦ ᠣᠯᠠᠨ ᠶᠠᠩᠵᠤᠴᠢᠯᠠᠭᠰᠠᠨ ᠴᠢᠳᠠᠪᠤᠷᠢᠲᠠᠨ ᠢ | ᠰᠢᠯᠢᠨ ᠰᠣᠩᠭᠤᠬᠤ᠂ ᠲᠥᠷᠥᠯ ᠬᠤᠪᠢᠶᠠᠭᠰᠠᠨ ᠣᠨᠴᠠᠯᠢᠭᠲᠤ ᠰᠤᠷᠭᠠᠭᠤᠯᠢ ᠡᠷᠭᠢᠯᠡᠬᠦ ᠪᠠ ᠰᠤᠷᠤᠭᠴᠢᠳ ᠤᠨ | ᠥᠪᠡᠷᠮᠢᠴᠡ ᠴᠢᠨᠠᠷ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠬᠢ ᠬᠥᠲᠥᠯᠥᠨ ᠳᠠᠭᠠᠭᠤᠯᠬᠤ ᠦᠢᠯᠡᠳᠦᠯ | ᠬᠦᠷᠦᠯᠴᠡᠬᠦ ᠥᠬᠡᠶ ᠪᠠᠶᠢᠵᠤ᠂ ᠲᠠᠰᠤᠷᠠᠯᠲᠠ ᠥᠬᠡᠶ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠭᠦᠲᠡ ᠬᠤᠷᠠᠯ ᠠᠴᠠ | ︽ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠰᠠᠭᠤᠳᠠᠯ ᠤᠳ ᠤᠨ ᠲᠤᠬᠠᠶ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ︵ᠳᠣᠷᠣᠭᠰᠢ ︽ᠲᠣᠭᠲᠠᠭᠠᠯ︾ | ᠭᠡᠵᠦ ᠳᠦᠭᠦᠮᠴᠢᠯᠡᠨ᠎ᠡ︶ ᠢ ᠪᠠᠲᠤᠯᠠᠵᠤ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ᠂ ᠰᠢᠰᠲ᠋ᠧᠮᠲᠡᠢ | ᠪᠠᠶᠢᠷᠢᠯᠠᠭᠤᠯᠵᠤ᠂ ᠰᠢᠯᠭᠠᠯᠲᠠ ᠪᠠᠷ ᠰᠣᠷᠣᠭᠴᠢ ᠡᠯᠰᠡᠬᠦ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠰᠣᠷᠣᠭᠴᠢ | ᠡᠯᠰᠡᠬᠦ ᠪᠠ ᠰᠢᠯᠭᠠᠬᠤ ᠶᠢ ᠬᠠᠷᠢᠴᠠᠩᠭᠤᠶ ᠪᠠᠷ ᠰᠠᠯᠭᠠᠬᠤ᠂ ᠰᠣᠷᠣᠭᠴᠢ ᠰᠢᠯᠭᠠᠯᠲᠠ ᠶᠢ ᠣᠯᠠᠨ ᠤᠳᠠᠭ᠎ᠠ ᠰᠣᠩᠭᠤᠬᠤ᠂ | ᠰᠤᠷᠭᠠᠭᠤᠯᠢ ᠬᠠᠤᠯᠢ ᠶᠣᠰᠤ ᠪᠠᠷ ᠡᠵᠡᠨ ᠮᠡᠳᠡᠵᠦ ᠰᠣᠷᠣᠭᠴᠢ ᠡᠯᠰᠡᠬᠦ᠂ ᠲᠤᠰᠬᠠᠶ ᠪᠠᠶᠢᠭᠤᠯᠤᠮᠵᠢ ᠠᠴᠠ ᠵᠣᠬᠢᠶᠠᠨ | ᠪᠠᠶᠢᠭᠤᠯᠵᠤ ᠬᠡᠷᠡᠭᠵᠢᠭᠦᠯᠬᠦ᠂ ᠵᠠᠰᠠᠭ ᠤᠨ ᠣᠷᠳᠣᠨ ᠬᠤᠷᠸ᠎ᠠ ᠲᠠᠯ᠎ᠠ ᠠᠴᠠ ᠬᠠᠮᠢᠶᠠᠷᠬᠤ᠂ ᠨᠡᠶᠢᠭᠡᠮ ᠨᠡᠶᠢᠲᠡ ᠪᠠᠷ ᠢᠶᠠᠨ | ᠬᠢᠨᠠᠯᠲᠠ ᠲᠠᠯᠪᠢᠬᠤ ᠳᠤ ᠣᠷᠣᠯᠴᠠᠬᠤ ᠠᠵᠢᠯᠯᠠᠭᠠᠨ ᠤ ᠲᠣᠭᠲᠠᠴᠠ ᠶᠢ ᠬᠠᠶᠢᠨ ᠰᠦᠪᠡᠭᠴᠢᠯᠡᠬᠦ ᠬᠡᠷᠡᠭᠲᠡᠶ ᠭᠡᠵᠦ | ᠲᠣᠳᠣᠷᠬᠠᠶ ᠱᠠᠭᠠᠷᠳᠠᠪᠠ᠃ | 2 . ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠢᠭᠡᠨᠲᠡ ᠬᠡᠳᠦᠨ ᠮᠤᠵᠢ ᠬᠡᠷᠡᠭᠵᠢᠭᠦᠯᠦᠭᠰᠡᠨ ᠪᠤᠶ︖ | ᠬᠠᠷᠢᠭᠤᠯᠲᠠ᠄ 2014 ᠣᠨ ᠤ 9 ᠰᠠᠷ᠎ᠠ ᠳᠤ᠂ ᠲᠥᠷᠦ ᠶᠢᠨ ᠶᠠᠪᠤᠳᠠᠯ ᠤᠨ ᠬᠤᠷᠢᠶᠠᠨ ᠠᠴᠠ ︽ | ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ | ᠰᠠᠨᠠᠯ︾ ᠢ ᠲᠠᠷᠬᠠᠭᠠᠵᠤ᠂ ᠱᠠᠩᠬᠠᠢ᠂ ᠵᠧᠵᠢᠶᠠᠩ ᠮᠤᠵᠢ ᠪᠠᠷ ᠠᠩᠬᠠᠳᠠᠭᠴᠢ ᠪᠦᠯᠦᠭ ᠤᠨ ᠡᠩ ᠤᠨ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠠᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠮᠤᠵᠢ ᠬᠤᠲᠠ ᠪᠣᠯᠭᠠᠵᠤ᠂ ᠰᠢᠨ᠎ᠡ ᠡᠭᠡᠯᠵᠢ ᠶᠢᠨ ᠡᠩ ᠤᠨ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠬᠥᠰᠢᠭᠡ ᠶᠢ ᠰᠡᠬᠦᠪᠡ᠃ 8 ᠵᠢᠯ ᠢ ᠥᠩᠭᠡᠷᠡᠭᠡᠵᠦ᠂ ᠤᠷᠢᠳ ᠬᠤᠵᠢᠳ 4 ᠪᠦᠯᠦᠭ᠂ 21 | ᠮᠤᠵᠢ ᠬᠤᠲᠠ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠷᠡᠭᠵᠢᠭᠦᠯᠪᠡ ᠃ | 3 . ᠮᠠᠨ ᠤ ᠣᠷᠣᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠡᠵᠢᠶ᠎ᠡ ᠠᠴᠠ ᠡᠬᠢᠯᠡᠵᠦ ᠬᠡᠷᠡᠭᠵᠢᠭᠦᠯᠬᠦ | ᠪᠣᠶ︖ | ᠬᠠᠷᠢᠭᠤᠯᠲᠠ᠄ ᠨᠠᠮ ᠤᠨ ᠲᠥᠪ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ | ᠵᠦᠪᠯᠡᠯ ᠤᠨ ᠠᠯᠪᠠᠨ ᠭᠡᠷ ᠢᠶᠠᠷ ᠵᠦᠪᠰᠢᠶᠡᠷᠡᠭᠦᠯᠵᠦ᠂ ᠰᠤᠷᠭᠠᠨ ᠬᠥᠮᠥᠵᠢᠯ ᠤᠨ ᠶᠠᠮᠤᠨ ᠠᠴᠠ ᠬᠢᠨᠠᠨ ᠰᠢᠯᠭᠠᠵᠤ | ᠳᠠᠩᠰᠠᠯᠠᠵᠤ᠂ ᠮᠠᠨ ᠤ ᠣᠷᠣᠨ ᠢ ᠪᠠᠭᠲᠠᠭᠠᠭᠰᠠᠨ 8 ᠮᠤᠵᠢ ᠣᠷᠣᠨ 2022 ᠣᠨ ᠤ ᠨᠠᠮᠤᠷ ᠤᠨ ᠤᠯᠠᠷᠢᠯ ᠠᠴᠠ | ᠲᠠᠪᠤᠳᠤᠭᠠᠷ ᠪᠦᠯᠦᠭ ᠤᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ | ᠰᠢᠯᠭᠠᠯᠲᠠ ᠶᠢᠨ ᠶᠠᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠵᠦ᠂ 2022 ᠣᠨ ᠤ ᠨᠠᠮᠤᠷ ᠤᠨ ᠤᠯᠠᠷᠢᠯ ᠳᠤ | ᠰᠤᠷᠭᠠᠭᠤᠯᠢ ᠳᠤ ᠣᠷᠣᠬᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ | ᠰᠤᠷᠤᠭᠴᠢᠳ ᠠᠴᠠ ᠡᠬᠢᠯᠡᠨ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠶ ᠰᠢᠯᠭᠠᠯᠲᠠ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ | ᠬᠡᠮᠵᠢᠶᠡᠨ ᠤ ᠰᠢᠯᠭᠠᠯᠲᠠ ᠶᠢᠨ ᠬᠢᠷᠢ ᠪᠦᠲᠦᠮᠵᠢ ᠶᠢ ᠦᠨᠳᠦᠰᠦᠯᠡᠵᠦ᠂ ᠶᠡᠷᠦᠩᠬᠡᠶᠢᠯᠡᠭᠰᠡᠨ ᠬᠡᠪ ᠴᠢᠨᠠᠷ ᠤᠨ | ᠦᠨᠡᠯᠡᠯᠲᠡ ᠪᠠᠷ ᠯᠠᠪᠯᠠᠯᠲᠠ ᠪᠣᠯᠭᠠᠭᠰᠠᠨ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠵᠠᠭᠪᠤᠷ ᠢ | ᠬᠡᠷᠡᠭᠵᠢᠭᠦᠯᠦᠨ᠎ᠡ︔ 2025 ᠣᠨ ᠪᠣᠯᠬᠤ ᠳᠤ᠂ ᠲᠥᠷᠥᠯ ᠬᠤᠪᠢᠶᠠᠨ ᠰᠢᠯᠭᠠᠬᠤ᠂ ᠶᠡᠷᠦᠩᠬᠡᠶᠢᠯᠡᠨ ᠦᠨᠡᠯᠡᠬᠦ᠂ | ᠣᠯᠠᠨ ᠡᠰᠢᠵᠢᠭᠦᠯᠦᠭᠰᠡᠨ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ | ᠲᠦᠷᠢᠮ ᠢ ᠦᠨᠳᠦᠰᠦᠨ ᠳᠤ ᠪᠠᠨ ᠪᠦᠷᠢᠯᠳᠦᠭᠦᠯᠵᠦ᠂ ᠲᠥᠪ ᠭᠤᠤᠯᠴᠢ᠂ ᠰᠢᠨᠵᠢᠯᠡᠬᠦ ᠤᠬᠠᠭᠠᠨᠴᠢ ᠪᠠᠷ | ᠴᠢᠳᠠᠪᠤᠷᠢᠲᠠᠨ ᠢ ᠰᠣᠩᠭᠤᠵᠤ᠂ ᠬᠦᠴᠦᠲᠡᠢ ᠬᠢᠨᠠᠯᠲᠠ ᠲᠠᠯᠪᠢᠬᠤ ᠳᠡᠭᠡᠳᠦ ᠰᠤᠷᠭᠠᠭᠤᠯᠢ ᠳᠤ ᠰᠢᠯᠭᠠᠯᠲᠠ ᠪᠠᠷ | ᠰᠣᠷᠣᠭᠴᠢ ᠡᠯᠰᠡᠬᠦ ᠪᠠᠶᠢᠭᠤᠯᠤᠯ ᠲᠣᠭᠲᠠᠴᠠ ᠶᠢ ᠪᠥᠷᠢᠨ ᠭᠦᠢᠴᠡᠳ ᠲᠡᠭᠦᠯᠳᠡᠷᠵᠢᠭᠦᠯᠦᠨ᠎ᠡ᠃ | 4 . ᠥᠭᠡᠷᠡᠴᠢᠯᠡᠯᠲᠡ ᠶᠢᠨ ᠳᠠᠷᠠᠭ᠎ᠠ᠂ ᠮᠠᠨ ᠤ ᠣᠷᠣᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠠᠮᠠᠷ ᠵᠠᠭᠪᠤᠷ ᠢ ᠬᠡᠷᠡᠭᠵᠢᠭᠦᠯᠬᠦ ᠪᠣᠶ︖ | ᠬᠠᠷᠢᠭᠤᠯᠲᠠ᠄ 2025 ᠣᠨ ᠠᠴᠠ ᠡᠬᠢᠯᠡᠨ᠂ ᠮᠠᠨ ᠤ ᠣᠷᠣᠨ ︽3 + 1 + 2︾ ᠤᠨ ᠡᠩ ᠤᠨ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠵᠠᠭᠪᠤᠷ ᠢ | ᠬᠡᠷᠡᠭᠵᠢᠭᠦᠯᠦᠨ᠎ᠡ᠃ ᠡᠭᠦᠨ ᠳᠤ᠂ ︽3︾ ᠪᠣᠯ ᠪᠥᠬᠦ ᠤᠯᠤᠰ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠨᠢᠭᠡᠳᠦᠯᠲᠡᠶ ᠰᠢᠯᠭᠠᠯᠲᠠ ᠶᠢᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ 3 ᠬᠢᠴᠢᠶᠡᠯ | ᠲᠥᠷᠥᠯ ᠢ ᠵᠢᠭᠠᠵᠤ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠦ | ᠬᠤᠪᠢᠶᠠᠬᠤ ᠥᠬᠡᠶ︔ ︽1︾ ᠪᠣᠯ ᠲᠡᠦᠬᠡ ᠪᠤᠶᠤ ᠹᠢᠽᠢᠺ ᠤᠨ ᠬᠢᠴᠢᠶᠡᠯ ᠲᠥᠷᠥᠯ ᠠᠴᠠ 1 ᠲᠥᠷᠥᠯ ᠢ | ᠰᠣᠩᠭᠤᠬᠤ ᠶᠢ ᠵᠢᠭᠠᠵᠤ ᠪᠠᠶᠢᠨ᠎ᠠ︔ ︽2︾ ᠪᠣᠯ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠶ᠂ ᠬᠢᠮᠢ᠂ | ᠠᠮᠢᠳᠤ ᠪᠣᠳᠠᠰ ᠤᠨ ᠤᠬᠠᠭᠠᠨ ᠵᠡᠷᠭᠡ 4 ᠬᠢᠴᠢᠶᠡᠯ ᠲᠥᠷᠥᠯ ᠠᠴᠠ 2 ᠬᠢᠴᠢᠶᠡᠯ ᠲᠥᠷᠥᠯ ᠢ ᠰᠣᠩᠭᠤᠬᠤ ᠶᠢ ᠵᠢᠭᠠᠵᠤ | ᠪᠠᠶᠢᠨ᠎ᠠ᠃ ︽1 + 2︾ ᠤᠨ ᠬᠢᠴᠢᠶᠡᠯ ᠲᠥᠷᠥᠯ ᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠰᠡᠳᠦᠪ | ᠭᠠᠷᠭᠠᠬᠤ ᠶᠢᠨ ᠬᠠᠮᠲᠤ ᠰᠢᠯᠭᠠᠯᠲᠠ ᠶᠢ ᠵᠣᠬᠢᠶᠠᠨ ᠪᠠᠶᠢᠭᠤᠯᠵᠤ᠂ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠯᠤᠭ᠎ᠠ | ᠠᠳᠠᠯᠢ ᠬᠤᠭᠤᠴᠠᠭᠠᠨ ᠳᠤ ᠶᠠᠪᠤᠭᠳᠠᠭᠤᠯᠤᠨ᠎ᠠ᠃ ᠬᠤᠯᠪᠤᠭᠳᠠᠬᠤ ᠪᠡᠶ᠎ᠡ ᠶᠢᠨ ᠲᠠᠮᠢᠷ ᠤᠨ ᠲᠥᠷᠥᠯ᠂ ᠤᠷᠠᠯᠢᠭ ᠤᠨ | ᠲᠥᠷᠥᠯ ᠤᠨ ᠲᠤᠰᠬᠠᠶ ᠮᠡᠷᠭᠡᠵᠢᠯ ᠵᠡᠷᠭᠡ ᠳᠤ ᠰᠢᠯᠭᠠᠭᠤᠯᠤᠭᠰᠠᠳ ᠵᠣᠬᠢᠬᠤ ᠲᠤᠰᠬᠠᠶ ᠮᠡᠷᠭᠡᠵᠢᠯ ᠤᠨ ᠰᠢᠯᠭᠠᠯᠲᠠ ᠳᠤ | ᠣᠷᠣᠯᠴᠠᠬᠤ ᠬᠡᠷᠡᠭᠲᠡᠶ᠃ | 5 . ᠮᠠᠨ ᠤ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ ᠶᠠᠮᠠᠷ ᠶᠠᠮᠠᠷ ᠠᠭᠤᠯᠭ᠎ᠠ ᠶᠢ | ᠪᠠᠭᠲᠠᠭᠠᠬᠤ ᠪᠣᠶ︖ | ᠬᠠᠷᠢᠭᠤᠯᠲᠠ᠄ ᠭᠤᠤᠯᠳᠠᠭᠤ ᠳᠥᠷᠪᠡᠨ ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄ ᠨᠢᠭᠡ ᠳᠤ᠂ ᠡᠩ ᠤᠨ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠲᠦᠷᠢᠮ ᠢ | ᠲᠡᠭᠦᠯᠳᠡᠷᠵᠢᠭᠦᠯᠦᠨ᠎ᠡ︔ ᠬᠤᠶᠠᠷ ᠲᠤ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠲᠦᠷᠢᠮ ᠢ ᠳᠦᠷᠢᠮᠵᠢᠭᠦᠯᠦᠨ᠎ᠡ︔ | ᠭᠤᠷᠪᠠ ᠳᠤ᠂ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠪᠠᠷ ᠰᠤᠷᠤᠭᠴᠢ ᠡᠯᠰᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ ᠳᠥᠷᠪᠡ ᠳᠤ᠂ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠤᠪᠢᠶᠠᠨ ᠰᠢᠯᠭᠠᠵᠤ ᠰᠣᠷᠣᠭᠴᠢ ᠡᠯᠰᠡᠬᠦ | ᠥᠭᠡᠷᠡᠴᠢᠯᠡᠯᠲᠡ ᠶᠢ ᠠᠬᠢᠭᠤᠯᠤᠨ᠎ᠠ᠃ | 6 . ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ | ᠰᠢᠯᠭᠠᠯᠲᠠ ᠭᠡᠵᠦ ᠶᠠᠭᠤ ᠪᠣᠶ︖ | ᠬᠠᠷᠢᠭᠤᠯᠲᠠ᠄ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ | ᠬᠡᠮᠵᠢᠶᠡᠨ ᠤ ᠰᠢᠯᠭᠠᠯᠲᠠ ᠪᠣᠯ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠪᠠᠷᠢᠮᠵᠢᠶ᠎ᠠ | ᠪᠣᠯᠤᠨ ᠰᠤᠷᠭᠠᠨ ᠬᠥᠮᠥᠵᠢᠯ ᠤᠨ ᠰᠢᠯᠭᠠᠯᠲᠠ ᠶᠢᠨ ᠳᠦᠷᠢᠮ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ | ᠬᠡᠷᠡᠭᠵᠢᠭᠦᠯᠬᠦ ᠰᠢᠯᠭᠠᠯᠲᠠ ᠪᠠᠶᠢᠵᠤ᠂ ᠬᠢᠷᠢ ᠲᠡᠩᠴᠡᠬᠦ ᠴᠢᠨᠠᠷᠲᠠᠢ ᠰᠢᠯᠭᠠᠯᠲᠠ ᠪᠣᠯᠤᠨ ᠰᠣᠩᠭᠤᠬᠤ ᠴᠢᠨᠠᠷᠲᠠᠢ | ᠰᠢᠯᠭᠠᠯᠲᠠ ᠭᠡᠵᠦ ᠬᠤᠪᠢᠶᠠᠨ᠎ᠠ᠃ ᠬᠢᠷᠢ ᠲᠡᠩᠴᠡᠭᠦ ᠴᠢᠨᠠᠷᠲᠠᠢ ᠰᠢᠯᠭᠠᠯᠲᠠ ᠶᠢᠨ ᠬᠢᠷᠢ ᠪᠦᠲᠦᠮᠵᠢ ᠶᠢ ᠡᠩ ᠤᠨ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠲᠡᠭᠦᠰᠬᠦ ᠵᠢᠴᠢ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠳᠠᠯᠢ ᠲᠠᠰ ᠤᠨ ᠰᠤᠷᠤᠯᠭ᠎ᠠ ᠶᠢᠨ ᠨᠠᠮᠲᠠᠷ ᠢ ᠮᠠᠭᠠᠳᠯᠠᠨ ᠲᠣᠭᠲᠠᠭᠠᠬᠤ | ᠦᠨᠳᠦᠰᠦᠯᠡᠯ ᠪᠣᠯᠭᠠᠨ᠎ᠠ᠃ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠶᠢᠭ᠎ᠠ ᠰᠤᠷᠤᠭᠴᠢᠳ | ᠵᠣᠬᠢᠬᠤ ᠬᠢᠴᠢᠶᠡᠯ ᠲᠥᠷᠥᠯ ᠤᠨ ᠬᠢᠷᠢ ᠪᠦᠲᠦᠮᠵᠢ ︽ᠬᠢᠷᠢ ᠲᠡᠩᠴᠡᠭᠰᠡᠨ︾ ᠰᠠᠭᠤᠷᠢᠨ ᠳᠡᠭᠡᠷ᠎ᠡ ᠰᠠᠶ᠋ᠢ ᠰᠣᠩᠭᠤᠬᠤ | ᠴᠢᠨᠠᠷᠲᠠᠢ ᠰᠢᠯᠭᠠᠯᠲᠠ ᠶᠢᠨ ᠬᠢᠴᠢᠶᠡᠯ ᠲᠥᠷᠥᠯ ᠢ ᠨᠡᠷ᠎ᠡ ᠮᠡᠳᠡᠭᠦᠯᠦᠨ ᠰᠢᠯᠭᠠᠭᠤᠯᠵᠤ ᠪᠣᠯᠤᠨ᠎ᠠ᠃ ᠰᠣᠩᠭᠤᠬᠤ | ᠴᠢᠨᠠᠷᠲᠠᠢ ᠰᠢᠯᠭᠠᠯᠲᠠ ᠶᠢᠨ ᠬᠢᠷᠢ ᠪᠦᠲᠦᠮᠵᠢ ᠶᠢ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃ | 7 . ᠬᠢᠷᠢ ᠲᠡᠩᠴᠡᠭᠦ ᠴᠢᠨᠠᠷᠲᠠᠢ ᠰᠢᠯᠭᠠᠯᠲᠠ ᠳᠤ ᠶᠠᠮᠠᠷ ᠬᠢᠴᠢᠶᠡᠯ ᠲᠥᠷᠥᠯ ᠢ ᠪᠠᠭᠲᠠᠭᠠᠬᠤ ᠪᠣᠶ︖ | ᠬᠠᠷᠢᠭᠤᠯᠲᠠ᠄ ᠬᠢᠷᠢ ᠲᠡᠩᠴᠡᠭᠦ ᠴᠢᠨᠠᠷᠲᠠᠢ ᠰᠢᠯᠭᠠᠯᠲᠠ ᠳᠤ ᠬᠡᠯᠡ ᠪᠢᠴᠢᠭ᠂ ᠲᠣᠭᠠᠨ ᠤ ᠤᠬᠠᠭᠠᠨ᠂ | ᠭᠠᠳᠠᠭᠠᠳᠤ ᠬᠡᠯᠡ᠂ ᠦᠵᠡᠯ ᠰᠠᠨᠠᠭ᠎ᠠ ᠤᠯᠤᠰ ᠲᠥᠷᠥ᠂ ᠲᠡᠦᠬᠡ᠂ ᠭᠠᠵᠠᠷ ᠵᠦᠶ᠂ ᠹᠢᠽᠢᠺ᠂ ᠬᠢᠮᠢ᠂ ᠠᠮᠢᠳᠤ | ᠪᠣᠳᠠᠰ ᠤᠨ ᠤᠬᠠᠭᠠᠨ᠂ ᠮᠡᠳᠡᠭᠡ ᠵᠠᠩᠭᠢ ᠶᠢᠨ ᠮᠡᠷᠭᠡᠵᠢᠯ᠂ ᠨᠡᠶᠢᠳᠡᠮ ᠬᠡᠷᠡᠭᠯᠡᠬᠦ ᠮᠡᠷᠭᠡᠵᠢᠯ᠂ ᠤᠷᠠᠯᠢᠭ ︵ᠳᠠᠭᠤᠤ | ᠬᠥᠭᠵᠢᠮ᠂ ᠤᠷᠠᠨ ᠵᠢᠷᠤᠭ︶᠂ ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ ᠵᠡᠷᠭᠡ 13 ᠬᠢᠴᠢᠶᠡᠯ ᠲᠥᠷᠥᠯ ᠢ | ᠪᠠᠭᠲᠠᠭᠠᠨ᠎ᠠ᠃ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ | ᠰᠤᠷᠤᠭᠴᠢᠳ ᠴᠥᠮ ᠬᠢᠷᠢ ᠲᠡᠩᠴᠡᠭᠦ ᠴᠢᠨᠠᠷᠲᠠᠢ ᠰᠢᠯᠭᠠᠯᠲᠠ ᠳᠤ ᠣᠷᠣᠯᠴᠠᠬᠤ ᠬᠡᠷᠡᠭᠲᠡᠶ᠂ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠪᠣᠯᠤᠨ ᠨᠡᠶᠢᠭᠡᠮ ᠤᠨ ᠬᠥᠮᠦᠰ ᠴᠦ ᠣᠷᠣᠯᠴᠠᠵᠤ ᠪᠣᠯᠤᠨ᠎ᠠ᠃ | ᠰᠢᠯᠭᠠᠯᠲᠠ ᠶᠢᠨ ᠬᠢᠷᠢ ᠪᠦᠲᠦᠮᠵᠢ ᠶᠢ ︽ᠬᠢᠷᠢ ᠲᠡᠩᠴᠡᠭᠦ᠂ ᠬᠢᠷᠢ ᠲᠡᠩᠴᠡᠭᠦ ᠥᠬᠡᠶ︾ ᠪᠠᠷ ᠢᠯᠡᠷᠡᠭᠦᠯᠦᠨ᠎ᠡ᠃ ᠬᠢᠷᠢ | ᠲᠡᠩᠴᠡᠭᠦ ᠴᠢᠨᠠᠷᠲᠠᠢ ᠰᠢᠯᠭᠠᠯᠲᠠ ᠶᠢᠨ ᠬᠡᠪᠴᠢᠶ᠎ᠡ ᠨᠢ ᠡᠯ᠎ᠡ ᠬᠢᠴᠢᠶᠡᠯ ᠲᠥᠷᠥᠯ ᠤᠨ ᠬᠢᠴᠢᠶᠡᠯ ᠤᠨ ᠪᠠᠷᠢᠮᠵᠢᠶ᠎ᠠ ᠳᠤ | ᠲᠣᠭᠲᠠᠭᠠᠭᠰᠠᠨ ᠵᠠᠪᠠᠯ ᠰᠤᠷᠬᠤ ᠠᠭᠤᠯᠭ᠎ᠠ ᠪᠣᠯᠤᠨ᠎ᠠ᠃ | 8 . ᠬᠢᠷᠢ ᠲᠡᠩᠴᠡᠬᠦ ᠴᠢᠨᠠᠷᠲᠠᠢ ᠰᠢᠯᠭᠠᠯᠲᠠ ᠶᠢ ᠬᠡᠷᠬᠢᠨ ᠵᠣᠬᠢᠶᠠᠨ ᠪᠠᠶᠢᠭᠤᠯᠬᠤ ᠪᠤᠢ︖ | ᠬᠠᠷᠢᠭᠤᠯᠲᠠ᠄ ᠬᠢᠷᠢ ᠲᠡᠩᠴᠡᠭᠦ ᠴᠢᠨᠠᠷᠲᠠᠢ ᠰᠢᠯᠭᠠᠯᠲᠠ ᠳᠤ ᠨᠡᠶᠢᠲᠡ 13 ᠬᠢᠴᠢᠶᠡᠯ ᠲᠥᠷᠦᠯ ᠪᠠᠶᠢᠵᠤ᠂ | ᠡᠭᠦᠨ ᠳᠤ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠲᠤ ᠬᠡᠯᠡ᠂ ᠦᠵᠡᠯ ᠰᠠᠨᠠᠭ᠎ᠠ ᠤᠯᠤᠰ ᠲᠥᠷᠦ᠂ ᠲᠡᠦᠬᠡ | ᠂ ᠭᠠᠵᠠᠷ ᠵᠦᠢ᠂ ᠹᠢᠽᠢᠺ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 9 ᠬᠢᠴᠢᠶᠡᠯ ᠲᠥᠷᠦᠯ ᠢ ᠥᠪᠡᠷᠲᠡᠭᠡᠨ | ᠵᠠᠰᠠᠬᠤ ᠣᠷᠣᠨ ᠠᠴᠠ ᠨᠢᠭᠡᠳᠦᠯᠲᠡᠢ ᠵᠣᠬᠢᠶᠠᠨ ᠪᠠᠶᠢᠭᠤᠯᠤᠨ ᠰᠡᠳᠦᠪ ᠭᠠᠷᠭᠠᠵᠤ᠂ ᠰᠢᠯᠭᠠᠵᠤ᠂ ᠰᠢᠯᠭᠠᠯᠲᠠ ᠶᠢᠨ | ᠰᠡᠳᠦᠪ ᠢ ᠬᠢᠨᠠᠵᠤ᠂ ᠬᠢᠷᠢ ᠪᠥᠲᠦᠮᠵᠢ ᠶᠢ ᠢᠯᠡ ᠨᠡᠶᠢᠲᠡᠯᠡᠬᠦ ᠪᠠ ᠬᠢᠷᠢ ᠲᠡᠩᠴᠡᠬᠦ ᠪᠠᠷᠢᠮᠵᠢᠶ᠎ᠠ ᠶᠢ ᠳᠣᠭᠲᠠᠭᠠᠨ᠎ᠠ︔ | ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ᠂ ᠤᠷᠠᠯᠢᠭ ︵ᠳᠠᠭᠤᠤ ᠬᠥᠭᠵᠢᠮ᠂ ᠤᠷᠠᠨ ᠵᠢᠷᠤᠭ︶᠂ ᠨᠡᠶᠢᠳᠡᠮ ᠬᠡᠷᠡᠭᠯᠡᠬᠦ | ᠮᠡᠷᠭᠡᠵᠢᠯ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ 4 ᠬᠢᠴᠢᠶᠡᠯ ᠲᠥᠷᠥᠯ ᠵᠢᠴᠢ ᠹᠢᠽᠢᠺ᠂ ᠬᠢᠮᠢ᠂ ᠠᠮᠢᠳᠤ | ᠪᠣᠳᠠᠰ ᠤᠨ ᠤᠬᠠᠭᠠᠨ᠂ ᠨᠡᠶᠢᠳᠡᠮ ᠬᠡᠷᠡᠭᠯᠡᠬᠦ ᠮᠡᠷᠭᠡᠵᠢᠯ ᠤᠨ ᠬᠢᠴᠢᠶᠡᠯ ᠲᠥᠷᠥᠯ ᠤᠨ ᠲᠤᠷᠰᠢᠯᠲᠠ ᠶᠢᠨ ᠤᠷ᠎ᠠ | ᠴᠢᠳᠠᠪᠤᠷᠢ ᠶᠢᠨ ᠠᠵᠢᠯᠯᠠᠭᠠᠨ ᠤ ᠰᠢᠯᠭᠠᠯᠲᠠ ᠶᠢ ᠥᠪᠡᠷᠲᠡᠭᠡᠨ ᠵᠠᠰᠠᠬᠤ ᠣᠷᠣᠨ ᠠᠴᠠ ᠰᠢᠯᠭᠠᠯᠲᠠ ᠶᠢᠨ | ᠱᠠᠭᠠᠷᠳᠠᠯᠭ᠎ᠠ ᠶᠢ ᠨᠢᠭᠡᠳᠦᠯᠲᠡᠶ ᠲᠣᠭᠲᠠᠭᠠᠵᠤ᠂ ᠡᠯ᠎ᠡ ᠠᠶᠢᠮᠠᠭ ︵ᠬᠤᠲᠠ︶ ᠠᠴᠠ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠬᠢᠷᠢ ᠲᠡᠩᠴᠡᠭᠦ ᠴᠢᠨᠠᠷᠲᠠᠶ ᠰᠢᠯᠭᠠᠯᠲᠠ ᠶᠢ ᠵᠢᠭᠠᠨ ᠰᠤᠷᠭᠠᠯᠲᠠ ᠶᠢᠨ ᠠᠬᠢᠴᠠ ᠶᠣᠰᠤ ᠪᠠᠷ ᠲᠣᠰ | ᠲᠣᠰ ᠳᠡᠭᠡᠷ᠎ᠡ ᠪᠠ ᠳᠤᠤᠷ᠎ᠠ ᠰᠤᠷᠤᠯᠭ᠎ᠠ ᠶᠢᠨ ᠬᠤᠭᠤᠴᠠᠭᠠᠨ ᠤ ᠡᠴᠦᠰ ᠲᠤ ᠲᠣᠬᠢᠷᠠᠭᠤᠯᠤᠨ᠎ᠠ᠃ ᠡᠩ ᠤᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠠᠩᠬ᠎ᠠ ᠤᠳᠠᠭ᠎ᠠ | ᠰᠢᠯᠭᠠᠯᠲᠠ ᠳᠤ ᠣᠷᠣᠯᠴᠠᠬᠤ ᠴᠠᠭ ᠨᠢ ᠨᠢᠭᠡᠳᠦᠭᠡᠷ ᠣᠨ ᠤ ᠳᠣᠣᠷ᠎ᠠ ᠰᠤᠷᠤᠯᠭ᠎ᠠ ᠶᠢᠨ ᠬᠤᠭᠤᠴᠠᠭᠠᠨ ᠤ | ᠰᠡᠭᠦᠯᠴᠢ ᠠᠴᠠ ᠡᠮᠦᠨ᠎ᠡ ᠪᠠᠶᠢᠵᠤ ᠪᠣᠯᠬᠤ ᠦᠭᠡᠢ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ | ᠣᠨ ᠳᠤ ᠬᠠᠮᠤᠭ ᠤᠨ ᠠᠷᠪᠢᠨ ᠳᠤ ᠪᠠᠨ 4 ᠲᠥᠷᠥᠯ ᠰᠢᠯᠭᠠᠬᠤ ᠶᠢ ᠵᠥᠪᠰᠢᠶᠡᠷᠡᠵᠦ᠂ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠭᠤᠷᠪᠠᠳᠤᠭᠠᠷ ᠣᠨ ᠤ ᠳᠡᠭᠡᠷ᠎ᠡ ᠰᠤᠷᠤᠯᠭ᠎ᠠ ᠶᠢᠨ ᠬᠤᠭᠤᠴᠠᠭ᠎ᠠ ᠳᠠᠭᠤᠰᠬᠤ ᠠᠴᠠ ᠡᠮᠦᠨ᠎ᠡ 13 | ᠬᠢᠴᠢᠶᠡᠯ ᠲᠥᠷᠥᠯ ᠤᠨ ᠪᠦᠬᠦ ᠬᠢᠷᠢ ᠲᠡᠩᠴᠡᠭᠦ ᠴᠢᠨᠠᠷᠲᠠᠶ ᠰᠢᠯᠭᠠᠯᠲᠠ ᠶᠢ ᠡᠷᠬᠡᠪᠰᠢ ᠪᠡᠶᠡᠯᠡᠭᠦᠯᠬᠦ ᠬᠡᠷᠡᠭᠲᠡᠶ᠃ | 9. ᠰᠣᠩᠭᠤᠬᠤ ᠴᠢᠨᠠᠷᠲᠠᠶ ᠰᠢᠯᠭᠠᠯᠲᠠ ᠳᠤ ᠶᠠᠮᠠᠷ ᠬᠢᠴᠢᠶᠡᠯ ᠲᠥᠷᠥᠯ ᠢ ᠪᠠᠭᠲᠠᠭᠠᠬᠤ ᠪᠣᠶ︖ | ᠬᠠᠷᠢᠭᠤᠯᠲᠠ᠄ ᠰᠣᠩᠭᠤᠬᠤ ᠴᠢᠨᠠᠷᠲᠠᠶ ᠰᠢᠯᠭᠠᠯᠲᠠ ᠳᠤ ᠨᠡᠶᠢᠲᠡ 6 ᠬᠢᠴᠢᠶᠡᠯ ᠲᠥᠷᠥᠯ ᠪᠣᠶ᠂ ᠡᠭᠦᠨ ᠳᠤ | ᠦᠵᠡᠯ ᠰᠠᠨᠠᠭ᠎ᠠ ᠤᠯᠤᠰ ᠲᠥᠷᠥ᠂ ᠲᠡᠦᠬᠡ᠂ ᠭᠠᠵᠠᠷ ᠵᠦᠶ᠂ ᠹᠢᠽᠢᠺ᠂ ᠬᠢᠮᠢ᠂ ᠠᠮᠢᠳᠤ ᠪᠣᠳᠠᠰ ᠤᠨ ᠤᠬᠠᠭᠠᠨ ᠢ | ᠪᠠᠭᠲᠠᠭᠠᠨ᠎ᠠ᠃ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ | ᠰᠢᠯᠭᠠᠯᠲᠠ ᠳᠤ ᠣᠷᠣᠯᠴᠠᠬᠤ ᠰᠤᠷᠤᠭᠴᠢᠳ ᠴᠥᠮ ᠰᠣᠩᠭᠤᠬᠤ ᠴᠢᠨᠠᠷᠲᠠᠶ ᠰᠢᠯᠭᠠᠯᠲᠠ ᠳᠤ ᠣᠷᠣᠯᠴᠠᠬᠤ ᠬᠡᠷᠡᠭᠲᠡᠶ᠃ | ᠰᠤᠷᠤᠭᠴᠢᠳ ᠥᠪᠡᠷ ᠤᠨ ᠳᠤᠷ᠎ᠠ ᠰᠣᠨᠢᠷᠬᠠᠯ ᠣᠨᠴᠠ ᠴᠢᠳᠠᠪᠤᠷᠢ ᠵᠢᠴᠢ ᠨᠡᠷ᠎ᠡ ᠮᠡᠳᠡᠭᠦᠯᠬᠦ ᠭᠡᠵᠦ ᠪᠠᠶᠢᠭ᠎ᠠ ᠳᠡᠭᠡᠳᠦ | ᠰᠤᠷᠭᠠᠭᠤᠯᠢ ᠶᠢᠨ ᠰᠣᠷᠣᠭᠴᠢ ᠡᠯᠰᠡᠬᠦ ᠲᠤᠰᠬᠠᠶ ᠮᠡᠷᠭᠡᠵᠢᠯ ᠤᠨ ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ | ᠲᠥᠷᠥᠯ ᠤᠨ ᠱᠠᠭᠠᠷᠳᠠᠯᠭ᠎ᠠ ᠶᠢ ᠦᠨᠳᠦᠰᠦᠯᠡᠨ᠂ 6 ᠬᠢᠴᠢᠶᠡᠯ ᠲᠥᠷᠥᠯ ᠤᠨ ᠳᠣᠲᠣᠷ᠎ᠠ ᠠᠴᠠ 3 ᠲᠥᠷᠥᠯ ᠢ | ᠰᠣᠩᠭᠤᠵᠤ ᠰᠢᠯᠭᠠᠯᠲᠠ ᠳᠤ ᠣᠷᠣᠯᠴᠠᠨ᠎ᠠ᠃ ᠡᠭᠦᠨ ᠳᠤ ᠲᠡᠦᠬᠡ ᠪᠤᠶᠤ ᠹᠢᠽᠢᠺ ᠤᠨ ᠬᠢᠴᠢᠶᠡᠯ ᠲᠥᠷᠥᠯ ᠪᠣᠯ ᠡᠩ | ᠲᠡᠷᠢᠭᠦᠨ ᠳᠤ ᠰᠣᠩᠭᠤᠬᠤ ᠬᠢᠴᠢᠶᠡᠯ ᠲᠥᠷᠥᠯ ᠪᠣᠯᠤᠨ᠎ᠠ᠂ ᠰᠢᠯᠭᠠᠭᠤᠯᠤᠭᠴᠢ ᠡᠷᠬᠡᠪᠰᠢ ᠵᠥᠪᠬᠡᠨ ᠲᠡᠭᠦᠨ ᠤ | ᠳᠣᠲᠣᠷᠠᠬᠢ 1 ᠬᠢᠴᠢᠶᠡᠯ ᠲᠥᠷᠥᠯ ᠢ ᠰᠣᠩᠭᠤᠵᠤ ᠰᠢᠯᠭᠠᠯᠲᠠ ᠳᠤ ᠣᠷᠣᠯᠴᠠᠬᠤ ᠬᠡᠷᠡᠭᠲᠡᠶ︔ ᠦᠵᠡᠯ ᠰᠠᠨᠠᠭ᠎ᠠ | ᠤᠯᠤᠰ ᠲᠥᠷᠥ᠂ ᠭᠠᠵᠠᠷ ᠵᠦᠶ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 4 ᠬᠢᠴᠢᠶᠡᠯ ᠲᠥᠷᠥᠯ ᠪᠣᠯ ᠳᠠᠬᠢᠨ | ᠰᠣᠩᠭᠤᠬᠤ ᠬᠢᠴᠢᠶᠡᠯ ᠲᠥᠷᠥᠯ ᠪᠣᠯᠤᠨ᠎ᠠ᠂ ᠰᠢᠯᠭᠠᠭᠤᠯᠤᠭᠴᠢ 4 ᠬᠢᠴᠢᠶᠡᠯ ᠲᠥᠷᠦᠯ ᠤᠨ ᠳᠣᠲᠤᠷ᠎ᠠ ᠠᠴᠠ | ᠳᠤᠷᠠᠰᠢᠯ ᠢᠶᠠᠷ ᠢᠶᠠᠨ ᠰᠣᠩᠭᠤᠬᠤ ᠪᠥᠭᠡᠳ ᠵᠥᠪᠬᠡᠨ 2 ᠬᠢᠴᠢᠶᠡᠯ ᠲᠥᠷᠥᠯ ᠢ ᠰᠣᠩᠭᠤᠵᠤ ᠰᠢᠯᠭᠠᠯᠲᠠ ᠳᠤ | ᠣᠷᠣᠯᠴᠠᠨ᠎ᠠ᠃ ᠰᠣᠩᠭᠤᠬᠤ ᠴᠢᠨᠠᠷᠲᠠᠶ ᠰᠢᠯᠭᠠᠯᠲᠠ ᠶᠢᠨ ᠬᠡᠪᠴᠢᠶ᠎ᠡ ᠨᠢ ᠡᠯ᠎ᠡ ᠬᠢᠴᠢᠶᠡᠯ ᠲᠥᠷᠥᠯ ᠤᠨ ᠬᠢᠴᠢᠶᠡᠯ ᠤᠨ | ᠪᠠᠷᠢᠮᠵᠢᠶ᠎ᠠ ᠳᠤ ᠲᠣᠭᠲᠠᠭᠠᠭᠰᠠᠨ ᠵᠠᠪᠠᠯ ᠰᠤᠷᠬᠤ ᠠᠭᠤᠯᠭ᠎ᠠ ᠪᠠ ᠰᠣᠩᠭᠤᠬᠤ ᠴᠢᠨᠠᠷᠲᠠᠶ ᠵᠠᠪᠠᠯ ᠰᠤᠷᠬᠤ ᠠᠭᠤᠯᠭ᠎ᠠ | ᠪᠣᠯᠤᠨ᠎ᠠ᠃ ᠰᠣᠩᠭᠤᠬᠤ ᠴᠢᠨᠠᠷᠲᠠᠶ ᠰᠢᠯᠭᠠᠯᠲᠠ ᠶᠢ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠡᠯᠡ ᠪᠢᠴᠢᠭ᠂ | ᠲᠣᠭᠠᠨ ᠤ ᠤᠬᠠᠭᠠᠨ᠂ ᠭᠠᠳᠠᠭᠠᠳᠤ ᠬᠡᠯᠡ ᠲᠠᠢ ᠠᠳᠠᠯᠢ ᠬᠤᠭᠤᠴᠠᠭᠠᠨ ᠳᠤ ᠶᠠᠪᠤᠭᠳᠠᠭᠤᠯᠤᠨ᠎ᠠ᠃ | 10. ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠢ ᠰᠣᠩᠭᠤᠬᠤ ᠨᠡᠶᠢᠯᠡᠯ ᠳᠤ ᠶᠠᠭᠤ ᠶᠠᠭᠤ | ᠪᠠᠶᠢᠬᠤ ᠪᠣᠶ︖ | ᠬᠠᠷᠢᠭᠤᠯᠲᠠ᠄ ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠳᠤ 12 ᠵᠦᠢᠯ ᠤᠨ ᠨᠡᠶᠢᠯᠡᠯ | ᠪᠣᠢ᠂ ᠪᠣᠳᠠᠲᠠᠶ ᠪᠠᠷ ᠬᠡᠯᠡᠪᠡᠯ ᠳᠤᠤᠷᠠᠬᠢ ᠮᠡᠲᠦ᠄ | | | | | |