ᠰᠤᠷᠪᠤᠯᠵᠢᠯᠠᠭᠴᠢ᠄ ᠳ᠋ᠦᠩ ᠡᠷᠬᠢᠯᠡᠭᠴᠢ᠂ ᠰᠠᠶᠢᠨ ᠤᠤ︕ | ᠠᠵᠤ ᠠᠬᠤᠶ ᠶᠢᠨ ᠬᠠᠮᠲᠤᠷᠠᠯᠴᠠᠭᠠᠨ ᠤ ᠲᠥᠪ ᠤᠨ ᠡᠷᠬᠢᠯᠡᠭᠴᠢ ᠳ᠋ᠦᠩ ᡁᠢ ᠴᠤᠤ᠄ ᠲᠠ ᠰᠠᠶᠢᠨ ᠦᠦ︕ | ᠰᠤᠷᠪᠤᠯᠵᠢᠯᠠᠭᠴᠢ᠄ 2022 ᠣᠨ ᠳᠤ᠂ ᠠᠷᠤ ᠬᠤᠷᠴᠢᠨ ᠬᠤᠰᠢᠭᠤᠨ ᠤ ᠠᠷᠠᠯᠵᠢᠶᠠᠴᠢᠨ ᠤᠷᠢᠵᠤ ᠪᠠᠯᠠ | ᠲᠠᠲᠠᠬᠤ ᠠᠵᠢᠯ ᠢ ᠶᠠᠮᠠᠷ ᠶᠠᠮᠠᠷ ᠭᠤᠤᠯᠳᠠᠯᠭ᠎ᠠ ᠲᠠᠢ ᠠᠵᠤ ᠦᠢᠯᠡᠰ᠂ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ | ᠲᠣᠭᠤᠷᠢᠨ ᠳᠤ ᠥᠷᠨᠢᠭᠦᠯᠬᠦ ᠪᠣᠶ︖ | ᠠᠵᠤ ᠠᠬᠤᠶ ᠶᠢᠨ ᠬᠠᠮᠲᠤᠷᠠᠯᠴᠠᠭᠠᠨ ᠤ ᠲᠥᠪ ᠤᠨ ᠡᠷᠬᠢᠯᠡᠭᠴᠢ ᠳ᠋ᠦᠩ ᡁᠢ ᠴᠤᠤ᠄ 2022 ᠣᠨ ᠳᠤ᠂ | ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠵᠢᠴᠢ | ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠥᠩᠭᠡᠲᠦ ᠲᠡᠮᠦᠷᠯᠢᠭ ᠢ ᠬᠠᠶᠢᠨ ᠰᠢᠨᠵᠢᠵᠦ ᠨᠡᠭᠡᠭᠡᠨ ᠬᠥᠭᠵᠢᠭᠦᠯᠬᠦ | ᠵᠢᠴᠢ ᠨᠠᠷᠢᠯᠢᠭ ᠪᠣᠯᠪᠠᠰᠤᠷᠠᠭᠤᠯᠬᠤ᠂ ᠡᠨᠧᠷᠭᠢ᠂ ᠰᠣᠶᠣᠯ ᠵᠢᠭᠤᠯᠴᠢᠯᠠᠯ ᠵᠢᠴᠢ ᠠᠷᠠᠯᠵᠢᠶ᠎ᠠ ᠬᠤᠳᠠᠯᠳᠤᠭ᠎ᠠ ᠪᠠᠷᠠᠭᠠᠨ ᠤ | ᠭᠦᠢᠯᠭᠡᠭᠡ ᠪᠠ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠵᠡᠷᠭᠡ ᠲᠠᠪᠤᠨ ᠶᠡᠭᠡ ᠴᠢᠭᠯᠡᠯ ᠢ ᠲᠣᠭᠲᠠᠭᠠᠪᠠ᠃ | ᠡᠨᠡ ᠪᠣᠯ ᠮᠠᠨ ᠤ ᠬᠤᠰᠢᠭᠤᠨ ᠤ ᠢᠷᠡᠭᠡᠳᠦᠢ ᠶᠢᠨ ᠠᠵᠤ ᠠᠬᠤᠢ ᠶᠢᠨ ᠬᠥᠭᠵᠢᠯᠲᠡ ᠶᠢᠨ ᠠᠵᠤ ᠦᠢᠯᠡᠰ ᠤᠨ | ᠨᠢᠷᠤᠭᠤ ᠲᠤᠯᠭᠠᠭᠤᠷᠢ ᠪᠣᠯᠤᠨ᠎ᠠ᠂ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠵᠢᠯ ᠤᠨ ᠲᠣᠶᠢᠮᠦ ᠵᠢᠷᠤᠭ ᠪᠠ ᠲᠣᠰ ᠭᠠᠵᠠᠷ ᠣᠷᠣᠨ ᠤ ᠭᠤᠣᠯᠯᠠᠬᠤ | ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠶᠣᠰᠣᠭᠠᠷ᠂ ᠠᠷᠠᠯᠵᠢᠶᠠᠴᠢᠨ ᠤᠷᠢᠵᠤ ᠪᠡᠯᠡ ᠲᠠᠲᠠᠬᠤ ᠰᠠᠯᠪᠤᠷᠢ ᠪᠠᠭ᠎ᠠ | ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠵᠤ᠂ ᠨᠠᠷᠢᠯᠢᠭ | ᠣᠨᠣᠪᠴᠢᠲᠠᠢ ᠪᠠᠷ ᠠᠷᠠᠯᠵᠢᠶᠠᠴᠢᠨ ᠤᠷᠢᠬᠤ ᠬᠡᠷᠡᠭᠲᠡᠢ᠃ 2022 ᠣᠨ ᠤ ᠡᠴᠦᠰ ᠲᠤ᠂ ᠡᠯ᠎ᠡ ᠭᠠᠵᠠᠷ ᠣᠷᠣᠨ᠂ | ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠡ ᠤᠳᠠᠭ᠎ᠠ ᠶᠢᠨ ᠴᠢᠨᠠᠷᠲᠠᠶ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ 500 ᠲᠦᠮᠡᠨ ᠲᠥᠭᠦᠷᠢᠭ ︵ᠪᠠᠭᠲᠠᠨ᠎ᠠ︶ ᠠᠴᠠ ᠳᠡᠭᠡᠭᠰᠢ ᠣᠷᠣᠭᠤᠯᠤᠨ ᠠᠪᠴᠢᠷᠠᠭᠰᠠᠨ ᠪᠠ | ᠨᠠᠶᠢᠳᠠᠪᠤᠷᠢᠵᠢᠭᠤᠯᠤᠭᠰᠠᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠪᠠ ᠨᠢᠭᠡᠳᠦᠭᠡᠷ ᠬᠤᠶᠠᠳᠤᠭᠠᠷ | ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ ᠲᠥᠷᠥᠯ ᠵᠦᠢᠯ ︵ᠬᠡᠷ ᠪᠠᠶᠢᠰᠢᠩ ᠭᠠᠵᠠᠷ ᠬᠥᠷᠥᠩᠭᠡ ᠶᠢᠨ | ᠲᠥᠷᠥᠯ ᠵᠦᠢᠯ ᠪᠠᠭᠲᠠᠬᠤ ᠥᠬᠡᠶ︶ ᠨᠢ 114 ᠠᠴᠠ ᠳᠤᠲᠠᠭᠤ ᠪᠠᠶᠢᠵᠤ ᠪᠣᠯᠬᠤ ᠥᠬᠡᠶ᠂ ᠣᠷᠣᠭᠤᠯᠤᠨ | ᠠᠪᠴᠢᠷᠠᠭᠰᠠᠨ ᠪᠠᠯᠠ ᠮᠥᠩᠭᠦ ᠨᠢ 30 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ᠬᠡᠷᠡᠭᠲᠡᠶ᠃ | ᠰᠤᠷᠪᠤᠯᠵᠢᠯᠠᠭᠴᠢ᠄ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠠᠬᠢᠭᠤᠯᠬᠤ ᠳᠤ᠂ ᠮᠠᠨ ᠤ ᠬᠤᠰᠢᠭᠤ | ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭ᠎ᠠ ᠪᠣᠶ︖ | ᠠᠵᠤ ᠠᠬᠤᠢ ᠶᠢᠨ ᠬᠠᠮᠲᠤᠷᠠᠯᠴᠠᠭᠠᠨ ᠤ ᠲᠥᠪ ᠤᠨ ᠡᠷᠬᠢᠯᠡᠭᠴᠢ ᠳ᠋ᠤᠩ ᡁᠢ ᠴᠤᠤ᠄ ᠠᠷᠠᠯᠵᠢᠶᠠᠴᠢᠨ ᠤᠷᠢᠵᠤ | ᠪᠡᠯᠡ ᠲᠠᠲᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠶᠢ | ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤᠨ ᠤ ᠡᠬᠢ ᠪᠠᠶᠠᠯᠢᠭ ᠤᠨ ᠲᠠᠷᠬᠠᠯᠲᠠ ᠪᠠ ᠠᠵᠤ ᠦᠢᠯᠡᠰ ᠤᠨ | ᠬᠥᠭᠵᠢᠯᠲᠡ ᠶᠢᠨ ᠣᠨᠴᠠᠯᠢᠭ ᠢ ᠦᠨᠳᠦᠰᠦᠯᠡᠨ᠂ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠲᠤᠰᠢᠶᠠᠯ | ᠬᠠᠷᠢᠭᠤᠴᠠᠭᠰᠠᠨ 6 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ 6 ᠠᠷᠠᠯᠵᠢᠶᠠᠴᠢᠨ ᠤᠷᠢᠬᠤ ᠲᠤᠰᠬᠠᠢ | ᠠᠩᠭᠢ ᠶᠢ ᠵᠣᠬᠢᠶᠠᠨ ᠪᠠᠶᠢᠭᠤᠯᠪᠠ᠃ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠲᠠᠰ ᠳᠠᠪᠬᠤᠷᠭ᠎ᠠ ᠳᠤ᠂ | ᠲᠣᠰ ᠭᠠᠵᠠᠷ ᠣᠷᠣᠨ ᠤ ᠭᠤᠣᠯᠯᠠᠬᠤ ᠠᠵᠤ ᠦᠢᠯᠡᠰ ᠪᠠ ᠪᠥᠬᠦ ᠬᠤᠰᠢᠭᠤᠨ ᠤ ᠭᠤᠣᠯᠳᠠᠯᠭ᠎ᠠ ᠲᠠᠢ ᠠᠵᠤ ᠦᠢᠯᠡᠰ ᠢ | ᠦᠨᠳᠦᠰᠦᠯᠡᠨ᠂ ᠱᠦᠵᠢ ᠶᠡᠷᠦᠩᠬᠡᠢ ᠬᠠᠷᠢᠭᠤᠴᠠᠬᠤ᠂ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠪᠡᠶ᠎ᠡ ᠪᠠᠷ ᠢᠶᠠᠨ | ᠠᠳᠬᠤᠬᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠪᠣᠳᠠᠲᠠᠢ ᠠᠳᠬᠤᠬᠤ ᠠᠵᠢᠯ ᠤᠨ ᠰᠢᠰᠲ᠋ᠧᠮᠵᠢ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠤᠳᠤᠷᠢᠳᠤᠯᠭ᠎ᠠ ᠲᠦᠷᠦᠭᠦᠯᠡᠨ ᠠᠵᠢᠯᠯᠠᠵᠤ᠂ ᠨᠢᠭᠡ | ᠱᠠᠲᠤ ᠨᠢ ᠨᠢᠭᠡ ᠱᠠᠲᠤ ᠪᠠᠨ ᠳᠠᠭᠠᠭᠤᠯᠤᠨ ᠠᠵᠢᠯᠯᠠᠵᠤ᠂ ᠨᠢᠭᠡ ᠱᠠᠲᠤ ᠨᠢ ᠨᠢᠭᠡ ᠱᠠᠲᠤ ᠳᠠᠭᠠᠨ ᠳᠦᠷᠢᠮ | ᠦᠵᠡᠭᠦᠯᠵᠦ᠂ ᠪᠡᠶᠡᠳᠡᠨ ᠶᠠᠷᠢᠯᠴᠠᠵᠤ᠂ ᠪᠡᠶᠡᠳᠡᠨ ᠠᠬᠢᠭᠤᠯᠵᠤ᠂ ᠪᠡᠶᠡᠳᠡᠨ ᠦᠢᠯᠡᠴᠢᠯᠡᠵᠦ᠂ ᠪᠣᠳᠠᠲᠤ | ᠠᠵᠢᠯᠯᠠᠭ᠎ᠠ ᠪᠠᠷ ᠢᠶᠠᠨ ᠡᠯ᠎ᠡ ᠱᠠᠲᠤᠨ ᠤ ᠠᠷᠠᠯᠵᠢᠶᠠᠴᠢᠨ ᠤᠷᠢᠵᠤ ᠪᠡᠯᠡ ᠲᠠᠲᠠᠬᠤ᠂ ᠲᠦᠷᠦᠯ ᠵᠦᠢᠯ ᠢ ᠵᠥᠪᠳᠡᠨ | ᠶᠠᠷᠢᠯᠴᠠᠬᠤ ᠂ ᠬᠥᠭᠵᠢᠯᠲᠡ ᠶᠢ ᠠᠬᠢᠭᠤᠯᠬᠤ ᠶᠢ ᠳᠠᠶᠢᠴᠢᠯᠠᠨ᠎ᠠ᠃ | ᠡᠭᠦᠨ ᠤ ᠬᠠᠮᠲᠤ᠂ ᠬᠤᠰᠢᠭᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠷᠠᠯᠵᠢᠶᠠᠴᠢᠨ ᠤᠷᠢᠵᠤ ᠪᠡᠯᠡ | ᠲᠠᠲᠠᠬᠤ ᠶᠢ ᠭᠤᠣᠯᠳᠠᠯᠭ᠎ᠠ ᠲᠠᠢ ᠠᠵᠢᠯ ᠤᠨ ᠨᠢᠭᠡ ᠪᠣᠯᠭᠠᠨ ᠰᠠᠯᠠᠭᠠᠨ ᠤ ᠲᠠᠰ ᠤᠨ ᠤᠳᠤᠷᠢᠳᠬᠤ ᠪᠠᠭ ᠤᠨ ᠣᠨ ᠤ | ᠰᠢᠯᠭᠠᠨ ᠬᠢᠨᠠᠬᠤ ᠣᠨᠴᠠᠯᠢᠭᠲᠤ ᠭᠦᠢᠴᠡᠳᠬᠡᠯ ᠲᠤᠭ᠎ᠠ ᠳᠤ ᠣᠷᠣᠭᠤᠯᠵᠤ᠂ ᠬᠤᠪᠢ ᠶᠢᠨ ᠡᠵᠡᠯᠡᠬᠦ ᠬᠠᠷᠢᠴᠠᠯ ᠢ | ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠪᠠᠷ ᠬᠢᠨᠠᠨ | ᠡᠵᠡᠮᠳᠡᠵᠦ ᠦᠨᠡᠯᠡᠬᠦ ᠳᠠᠭᠠᠭᠤᠯᠤᠭᠴᠢ ᠨᠢᠭᠡᠴᠢ ᠪᠣᠯᠭᠠᠵᠤ᠂ ᠰᠢᠯᠭᠠᠨ ᠬᠢᠨᠠᠬᠤ ᠨᠠᠷᠢᠨ ᠳᠦᠷᠢᠮ ᠲᠣᠭᠲᠠᠭᠠᠬᠤ ᠶᠢᠨ | ᠬᠠᠮᠲᠤ ᠡᠳᠦᠷ ᠲᠤᠲᠤᠮ ᠤᠨ ᠰᠢᠯᠭᠠᠨ ᠬᠢᠨᠠᠯᠲᠠ ᠶᠢ ᠥᠷᠨᠢᠭᠦᠯᠵᠦ᠂ ᠦᠷ᠎ᠡ ᠳ᠋ᠦᠩ ᠢ ᠰᠠᠯᠠᠭᠠᠨ ᠲᠠᠰ ᠤᠨ | ᠤᠳᠤᠷᠢᠳᠬᠤ ᠪᠠᠭ ᠤᠨ ᠣᠨ ᠤ ᠰᠢᠯᠭᠠᠨ ᠬᠢᠨᠠᠭᠰᠠᠨ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃ | ᠰᠤᠷᠪᠤᠯᠵᠢᠯᠠᠭᠴᠢ᠄ 2022 ᠣᠨ ᠳᠤ᠂ ᠮᠠᠨ ᠤ ᠬᠤᠰᠢᠭᠤ ᠠᠷᠠᠯᠵᠢᠶᠠᠴᠢᠨ ᠤᠷᠢᠵᠤ ᠪᠡᠯᠡ ᠲᠠᠲᠠᠬᠤ | ᠲᠠᠯ᠎ᠠ ᠪᠠᠷ ᠭᠤᠣᠯᠳᠠᠭᠤ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠶᠢᠬᠤ ᠪᠣᠶ︖ | ᠠᠵᠤ ᠠᠬᠤᠢ ᠶᠢᠨ ᠬᠠᠮᠲᠤᠷᠠᠯᠴᠠᠭᠠᠨ ᠤ ᠲᠥᠪ ᠤᠨ ᠡᠷᠬᠢᠯᠡᠭᠴᠢ ᠳ᠋ᠤᠩ ᡁᠢ ᠴᠤᠤ᠄ | ᠨᠢᠭᠡ ᠳᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠣᠯᠣᠨ ᠬᠤᠰᠢᠭᠤᠨ ᠤ | ᠨᠡᠶᠢᠲᠡᠯᠡᠭᠰᠡᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠦᠨᠳᠦᠷ ᠪᠠᠷᠢᠮᠵᠢᠶ᠎ᠠ ᠪᠠᠷ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠤᠨ᠎ᠠ᠃ | ᠬᠤᠶᠠᠷ ᠲᠤ᠂ ᠠᠷᠠᠯᠵᠢᠶᠠᠴᠢᠨ ᠤᠷᠢᠵᠤ ᠪᠡᠯᠡ ᠲᠠᠲᠠᠭᠰᠠᠳ ᠢ ᠬᠥᠬᠢᠭᠦᠯᠦᠨ ᠱᠠᠩᠨᠠᠬᠤ ᠶᠢ ᠦᠨᠡᠨ ᠬᠦ | ᠴᠢᠩᠭᠠᠳᠬᠠᠨ᠎ᠠ᠃ ᠠᠮᠵᠢᠯᠲᠠ ᠲᠠᠢ ᠪᠠᠷ ᠨᠠᠶᠢᠳᠠᠪᠤᠷᠢᠵᠢᠭᠤᠯᠤᠭᠳᠠᠭᠰᠠᠨ ᠲᠥᠷᠥᠯ ᠵᠦᠢᠯ ᠤᠨ ᠲᠤᠬᠠᠢ᠂ ᠲᠥᠷᠥᠯ | ᠵᠦᠢᠯ ᠢ ᠣᠷᠣᠭᠤᠯᠤᠨ ᠠᠪᠴᠢᠷᠠᠬᠤ ᠶᠠᠪᠤᠴᠠ ᠳᠤ ᠭᠤᠣᠯ ᠵᠠᠩᠭᠢᠯᠠᠭ᠎ᠠ ᠶᠢᠨ ᠦᠢᠯᠡᠳᠦᠯ ᠦᠵᠡᠭᠦᠯᠦᠭᠰᠡᠨ | ᠨᠡᠶᠢᠭᠡᠮ ᠤᠨ ᠬᠥᠮᠥᠰ ᠲᠥᠷᠥᠯ ᠵᠦᠢᠯ ᠢ ᠡᠬᠢᠯᠡᠭᠦᠯᠦᠭᠰᠡᠨ ᠤ ᠳᠠᠷᠠᠭ᠎ᠠ ᠮᠥᠩᠭᠦᠨ ᠭᠦᠢᠯᠭᠡᠭᠡᠨ ᠤ ᠪᠡᠯᠡ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠳᠤ ᠬᠦᠷᠴᠦ ᠳᠠᠩᠰᠠᠯᠠᠭᠤᠯᠬᠤ ᠶᠠᠪᠤᠴᠠ ᠶᠢ ᠭᠦᠢᠴᠡᠳᠬᠡᠵᠦ᠂ ᠲᠥᠷᠥᠯ | ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠬᠤᠰᠢᠭᠤᠨ ᠲᠤᠭ᠎ᠠ ᠪᠦᠷᠢᠳᠬᠡᠯ ᠤᠨ ᠲᠣᠪᠴᠢᠶ᠎ᠠ ᠪᠣᠯᠣᠨ ᠮᠥᠩᠭᠦᠨ | ᠭᠦᠢᠯᠭᠡᠭᠡᠨ ᠤ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠢ ᠦᠨᠳᠦᠰᠦᠯᠡᠨ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ︵ᠨᠢᠭᠡᠳᠦᠯᠲᠡᠢ ᠣᠷᠣᠭᠤᠯᠤᠭᠰᠠᠨ ᠵᠣᠭᠤᠰ ᠤᠨ ᠲᠤᠭ᠎ᠠ ᠪᠠᠷ ᠪᠠᠷᠢᠮᠵᠢᠶ᠎ᠠ ᠪᠣᠯᠭᠠᠨ᠎ᠠ︶ ᠶᠢᠨ | ᠮᠢᠩᠭᠠᠨ ᠤ ᠵᠢᠷᠭᠤᠭᠠᠨ ᠬᠤᠪᠢ ᠶᠢᠨ ᠪᠠᠷᠢᠮᠵᠢᠶ᠎ᠠ ᠪᠠᠷ ᠱᠠᠩᠨᠠᠯ ᠤᠨ ᠮᠥᠩᠭᠦ ᠶᠢ ᠲᠣᠭᠲᠠᠭᠠᠵᠤ᠂ ᠬᠤᠰᠢᠭᠤᠨ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠪᠠᠲᠤᠯᠠᠭᠤᠯᠤᠭᠰᠠᠨ ᠤ | ᠳᠠᠷᠠᠭ᠎ᠠ᠂ ᠰᠢᠭᠤᠳ ᠠᠷᠠᠯᠵᠢᠶᠠᠴᠢᠨ ᠤᠷᠢᠵᠤ ᠪᠡᠯᠡ ᠲᠠᠲᠠᠭᠴᠢ ᠳᠤ ᠱᠠᠩᠨᠠᠯ ᠤᠨ ᠮᠥᠩᠭᠦ ︵ᠱᠠᠩᠨᠠᠯ ᠤᠨ | ᠮᠥᠩᠭᠦ ᠶᠢᠨ ᠲᠤᠭ᠎ᠠ ᠶᠢ ᠬᠠᠮᠤᠭ ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ︶ ᠶᠢ | ᠣᠯᠭᠤᠨ᠎ᠠ᠃ | ᠭᠤᠷᠪᠠ ᠳᠤ᠂ ᠬᠦᠷᠢᠶᠡᠯᠡᠩ ᠲᠣᠭᠤᠷᠢᠭ ᠤᠨ ᠰᠠᠭᠤᠷᠢ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠨ᠎ᠠ᠃ ᠡᠨᠡ ᠵᠢᠯ ᠮᠠᠨ ᠤ ᠬᠤᠰᠢᠭᠤ ᠬᠦᠷᠢᠶᠡᠯᠡᠩ ᠲᠣᠭᠤᠷᠢᠭ ᠤᠨ ᠪᠡᠯᠡ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠤᠰᠤ᠂ ᠴᠠᠬᠢᠯᠭᠠᠨ᠂ ᠳᠤᠯᠠᠭᠠᠯᠠᠭ᠎ᠠ ᠶᠢᠨ ᠭᠠᠵᠠᠷ | ᠲᠠᠲᠠᠪᠤᠷᠢᠯᠠᠬᠤ ᠲᠠᠯ᠎ᠠ ᠪᠠᠷ ᠲᠡᠭᠦᠯᠳᠡᠷᠵᠢᠭᠦᠯᠦᠨ᠂ ᠬᠦᠷᠢᠶᠡᠯᠡᠩ ᠲᠣᠭᠤᠷᠢᠭ ᠤᠨ ᠲᠡᠷᠭᠡ ᠤᠨᠤᠭ᠎ᠠ ᠶᠢᠨ ᠰᠦᠢᠳᠬᠡᠯ | ᠬᠤᠷᠢᠶᠠᠬᠤ ᠦᠷᠳᠡᠭᠡ ᠶᠢᠨ ᠠᠰᠠᠭᠤᠳᠠᠯ ᠢ ᠰᠢᠢᠳᠪᠦᠷᠢᠯᠡᠵᠦ᠂ ᠪᠠᠰᠠ 10 ᠲᠦᠮᠡᠨ ᠲᠡᠭᠰᠢ ᠳᠥᠷᠪᠡᠯᠵᠢᠨ ᠮᠧᠲᠷ ᠤᠨ | ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠲᠠᠷᠠᠭᠠᠴᠢ ᠶᠢᠨ ᠠᠯᠬᠤᠮ ᠳᠤ ︽ᠭᠡᠷ᠎ᠡ ᠲᠣᠭᠲᠠᠮᠠᠭᠴᠠ ᠲᠠᠯᠠᠪᠠᠢ ᠳᠤ | ᠣᠷᠣᠬᠤ᠂ ᠭᠠᠵᠠᠷ ᠠᠪᠤᠮᠠᠭᠴᠠ ᠳᠠᠷᠤᠢ ᠠᠵᠢᠯ ᠡᠬᠢᠯᠡᠭᠦᠯᠬᠦ᠂ ᠪᠠᠶᠢᠭᠤᠯᠵᠤ ᠳᠠᠭᠤᠰᠪᠠᠯ ᠳᠠᠷᠤᠢ ᠠᠰᠢᠭᠯᠠᠯᠲᠠ ᠳᠤ | ᠣᠷᠣᠭᠤᠯᠬᠤ᠂ ᠬᠡᠷᠡᠭᠴᠡᠭᠡ ᠲᠠᠢ ᠪᠣᠯ ᠳᠠᠷᠤᠢ ᠦᠢᠯᠡᠴᠢᠯᠡᠬᠦ︾ ᠰᠠᠶᠢᠨ ᠰᠠᠶᠢᠬᠠᠨ ᠬᠥᠭᠵᠢᠯᠲᠡ ᠶᠢᠨ ᠵᠠᠮ ᠢᠶᠠᠷ | ᠵᠠᠮᠨᠠᠬᠤ ᠪᠠᠷ ᠴᠢᠷᠮᠠᠶᠢᠵᠤ ᠪᠣᠢ᠃ | ᠳᠥᠷᠪᠡ ᠳᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠦᠨ᠎ᠡ᠃ ᠭᠡᠷ᠎ᠡ ᠲᠣᠭᠲᠠᠨ ᠨᠠᠶᠢᠳᠠᠪᠤᠷᠢᠵᠢᠭᠤᠯᠬᠤ ᠲᠦᠷᠦᠯ ᠵᠦᠢᠯ ᠪᠣᠯᠭᠠᠨ ᠳᠤ ᠨᠢᠭᠡ ᠭᠠᠵᠠᠷ ᠤᠨ | ᠳᠡᠰ ᠤᠨ ᠤᠳᠤᠷᠢᠳᠤᠯᠭ᠎ᠠ ᠪᠠ ᠨᠢᠭᠡ ᠰᠠᠯᠠᠭᠠᠨ ᠳᠡᠰ ᠤᠨ ᠺᠠᠳ᠋ᠷ ᠢ ᠲᠦᠷᠦᠯ ᠵᠦᠢᠯ ᠤᠨ ᠬᠠᠮᠢᠶᠠᠷᠤᠭᠴᠢ ᠪᠣᠯᠭᠠᠵᠤ᠂ | ︽ᠨᠢᠭᠡ ᠳᠤ ᠨᠢᠭᠡ︾ ᠶᠢᠨ ᠬᠠᠪᠰᠤᠷᠤᠨ ᠭᠦᠢᠴᠡᠳᠬᠡᠬᠦ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ | ᠭᠦᠢᠴᠡᠳᠬᠡᠯ ᠪᠠ ᠪᠦᠲᠦᠭᠡᠨ ᠪᠠᠶᠢᠭᠤᠯᠵᠤ ᠡᠵᠡᠩᠨᠡᠬᠦ ᠵᠡᠷᠭᠡ ᠠᠵᠢᠯ ᠢ ᠬᠢᠵᠦ᠂ ᠪᠦᠬᠦ ᠶᠠᠪᠤᠴᠠ ᠪᠠᠷ ᠲᠦᠷᠦᠯ | ᠵᠦᠢᠯ ᠳᠤ ᠦᠢᠯᠡᠴᠢᠯᠡᠵᠦ᠂ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠢᠯᠡᠳᠪᠦᠷᠢᠯᠡᠯ ᠳᠤ | ᠣᠷᠣᠭᠤᠯᠬᠤ ᠶᠢ ᠠᠬᠢᠭᠤᠯᠬᠤ ᠬᠡᠷᠡᠭᠲᠡᠢ᠃ ᠲᠥᠷᠥᠯ ᠵᠦᠢᠯ ᠢ ᠣᠷᠣᠭᠤᠯᠤᠨ ᠠᠪᠴᠢᠷᠠᠭᠰᠠᠨ ᠤ ᠳᠠᠷᠠᠭ᠎ᠠ ᠭᠤᠣᠯ | ᠴᠣᠭᠴᠠ ᠶᠢᠨ ᠬᠠᠷᠢᠭᠤᠴᠠᠯᠭᠠᠲᠤ ᠨᠢᠭᠡᠴᠢ ᠶᠢ ᠬᠤᠰᠢᠭᠤᠨ ᠨᠠᠮ ᠤᠨ ᠬᠤᠷᠢᠶ᠎ᠠ ᠠᠴᠠ ᠬᠤᠷᠠᠯ ᠤᠨ ᠲᠣᠪᠴᠢ | ᠲᠡᠮᠳᠡᠭᠯᠡᠯ ᠤᠨ ᠬᠡᠯᠪᠡᠷᠢ ᠪᠠᠷ ᠲᠣᠳᠣᠷᠬᠠᠶᠢᠯᠠᠨ᠎ᠠ᠃ ᠲᠥᠷᠥᠯ ᠵᠦᠢᠯ ᠤᠨ ᠭᠤᠣᠯ ᠴᠣᠭᠴᠠ ᠶᠢᠨ ᠬᠠᠷᠢᠭᠤᠴᠠᠯᠭᠠᠲᠤ | ᠨᠢᠭᠡᠴᠢ ᠨᠢ ᠲᠥᠷᠥᠯ ᠵᠦᠢᠯ ᠤᠨ ᠭᠡᠷ᠎ᠡ ᠲᠣᠭᠲᠠᠬᠤ ᠶᠢ ᠪᠡᠯᠡᠳᠬᠡᠬᠦ ᠠᠴᠠ ᠡᠬᠢᠯᠡᠨ ᠲᠥᠷᠥᠯ ᠵᠦᠢᠯ ᠳᠤ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠵᠦ᠂ ᠲᠥᠷᠥᠯ ᠵᠦᠢᠯ ᠤᠨ ᠭᠡᠷ᠎ᠡ ᠲᠣᠭᠲᠠᠭᠰᠠᠨ ᠤ ᠳᠠᠷᠠᠭ᠎ᠠ ᠬᠠᠮᠢᠶ᠎ᠠ ᠪᠦᠬᠦᠢ | ᠨᠢᠭᠡᠴᠢ ᠶᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠭᠡᠷ᠎ᠡ ᠲᠣᠭᠲᠠᠭᠰᠠᠨ ᠲᠥᠷᠥᠯ ᠵᠦᠢᠯ ᠢ | ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠲᠦᠷᠭᠡᠳᠬᠡᠨ ᠠᠬᠢᠭᠤᠯᠤᠨ᠎ᠠ᠃ | ᠰᠤᠷᠪᠤᠯᠵᠢᠯᠠᠭᠴᠢ ᠄ ᠳ᠋ᠦᠩ ᠡᠷᠬᠢᠯᠡᠭᠴᠢ ᠳᠤ ᠲᠠᠯᠠᠷᠬᠠᠵᠤ ᠪᠠᠶᠢᠨ᠎ᠠ᠂ ᠥᠨᠥᠳᠥᠷ ᠤᠨ ᠰᠣᠷᠪᠤᠯᠵᠢᠯᠠᠭ᠎ᠠ ᠠᠳᠡ | ᠬᠦᠷᠦᠭᠡᠳ ᠲᠡᠭᠦᠰᠦᠯ᠎ᠡ᠃ | |