ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ︵ᠬᠤᠶᠠᠷ︶
ᠨᠡᠶᠢᠲᠡᠯᠡᠭᠰᠡᠨ ᠴᠠᠭ᠄
2022/7/19
     11 . ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠢ ᠬᠡᠵᠢᠶ᠎ᠡ ᠲᠣᠭᠲᠠᠭᠠᠬᠤ ᠪᠣᠶ︖      ᠬᠠᠷᠢᠭᠤᠯᠲᠠ᠄ ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠢ ᠰᠤᠷᠤᠭᠴᠢᠳ ᠵᠣᠬᠢᠬᠤ ᠬᠢᠴᠢᠶᠡᠯ ᠲᠥᠷᠥᠯ ᠤᠨ ᠬᠢᠷᠢ ᠲᠡᠩᠴᠡᠭᠦ ᠴᠢᠨᠠᠷᠲᠠᠶ ᠰᠢᠯᠭᠠᠯᠲᠠ ᠳᠠᠭᠤᠰᠤᠭᠰᠠᠨ ᠤ ᠳᠠᠷᠠᠭ᠎ᠠ ᠰᠣᠩᠭᠤᠵᠤ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠦᠶ᠎ᠡ ᠳᠤ ᠬᠠᠮᠤᠭ ᠤᠨ ᠡᠴᠦᠰ ᠤᠨ ᠰᠣᠩᠭᠤᠯᠲᠠ ᠪᠠᠨ ᠲᠣᠭᠲᠠᠭᠠᠨ᠎ᠠ᠃ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠠᠴᠠ ᠡᠮᠦᠨ᠎ᠡ ᠰᠣᠩᠭᠤᠭᠰᠠᠨ ᠬᠢᠴᠢᠶᠡᠯ ᠢᠶᠠᠨ ᠰᠣᠯᠢᠵᠤ ᠪᠣᠯᠤᠨ᠎ᠠ᠂ ᠨᠡᠷ᠎ᠡ ᠮᠡᠳᠡᠭᠦᠯᠵᠦ ᠪᠠᠷᠠᠭᠰᠠᠨ ᠤ ᠳᠠᠷᠠᠭ᠎ᠠ ᠬᠤᠪᠢᠷᠠᠭᠤᠯᠵᠤ ᠪᠣᠯᠬᠤ ᠥᠬᠡᠶ᠃ ᠰᠤᠷᠤᠭᠴᠢᠳ ᠬᠢᠴᠢᠶᠡᠯ ᠰᠣᠩᠭᠤᠬᠤ ᠳᠤ ᠪᠠᠨ ᠡᠯ᠎ᠡ ᠵᠦᠢᠯ ᠤᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠭᠡᠷ ᠤᠨ ᠠᠬᠠᠮᠠᠳ᠂ ᠪᠠᠭᠰᠢ ᠨᠠᠷ ᠤᠨ ᠰᠠᠨᠠᠯ ᠢ ᠬᠤᠷᠢᠶᠠᠵᠤ᠂ ᠪᠣᠯᠭᠤᠮᠵᠢᠲᠠᠶ ᠪᠣᠳᠣᠯᠬᠢᠯᠠᠨ᠂ ᠰᠢᠨᠵᠢᠯᠡᠬᠦ ᠤᠬᠠᠭᠠᠨᠴᠢ ᠪᠠᠷ ᠰᠣᠩᠭᠤᠬᠤ ᠬᠡᠷᠡᠭᠲᠡᠶ᠃      12 . ᠰᠣᠩᠭᠤᠬᠤ ᠴᠢᠨᠠᠷᠲᠠᠢ ᠰᠢᠯᠭᠠᠯᠲᠠ ᠶᠢ ᠬᠡᠷᠬᠢᠨ ᠵᠣᠬᠢᠶᠠᠨ ᠪᠠᠶᠢᠭᠤᠯᠬᠤ ᠪᠤᠢ︖      ᠬᠠᠷᠢᠭᠤᠯᠲᠠ᠄ ᠰᠣᠩᠭᠤᠬᠤ ᠴᠢᠨᠠᠷᠲᠠᠶ ᠰᠢᠯᠭᠠᠯᠲᠠ ᠶᠢ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠰᠡᠳᠦᠪ ᠭᠠᠷᠭᠠᠵᠤ᠂ ᠰᠢᠯᠭᠠᠵᠤ᠂ ᠰᠢᠯᠭᠠᠯᠲᠠ ᠶᠢᠨ ᠰᠡᠳᠦᠪ ᠢ ᠬᠢᠨᠠᠬᠤ ᠪᠠ ᠬᠢᠷᠢ ᠪᠦᠲᠦᠮᠵᠢ ᠶᠢ ᠲᠣᠭᠲᠠᠭᠠᠨ᠎ᠠ᠃ ᠰᠣᠩᠭᠤᠬᠤ ᠴᠢᠨᠠᠷᠲᠠᠶ ᠰᠢᠯᠭᠠᠯᠲᠠ ᠶᠢ 2025 ᠣᠨ ᠠᠴᠠ ᠡᠬᠢᠯᠡᠨ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠲᠠᠢ ᠠᠳᠠᠯᠢ ᠬᠤᠭᠤᠴᠠᠭᠠᠨ ᠳᠤ ᠶᠠᠪᠤᠭᠳᠠᠭᠤᠯᠵᠤ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠢ ᠵᠥᠪᠬᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠰᠣᠷᠣᠭᠴᠢ ᠪᠠᠷ ᠬᠢᠵᠠᠭᠠᠷᠯᠠᠨ᠎ᠠ᠃      13 . ᠶᠠᠭᠤᠨ ᠳᠤ ᠹᠢᠽᠢᠺ ᠪᠠ ᠲᠡᠦᠬᠡ ᠶᠢ ᠰᠢᠯᠭᠠᠯᠲᠠ ᠶᠢᠨ ᠠᠩᠬᠠᠨ ᠤ ᠬᠤᠪᠢ ᠪᠠᠷ ᠰᠢᠯᠭᠠᠭᠤᠯᠤᠭᠴᠢ ᠶᠢᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠳᠤ ᠪᠤᠳᠤᠵᠤ ᠣᠷᠣᠭᠤᠯᠬᠤ ᠪᠣᠶ︖ ᠶᠠᠭᠤᠨ ᠳᠤ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠶ ᠂ ᠬᠢᠮᠢ᠂ ᠠᠮᠢᠳᠤ ᠪᠣᠳᠠᠰ ᠤᠨ ᠤᠬᠠᠭᠠᠨ ᠤ ᠰᠢᠯᠭᠠᠯᠲᠠ ᠶᠢᠨ ᠬᠢᠷᠢ ᠪᠦᠲᠦᠮᠵᠢ ᠳᠤ ᠳᠡᠰ ᠲᠤ ᠬᠤᠪᠢᠷᠠᠭᠤᠯᠤᠭᠰᠠᠨ ᠬᠤᠪᠢ ᠶᠢ ᠬᠡᠷᠡᠭᠯᠡᠬᠦ ᠪᠣᠶ︖      ᠬᠠᠷᠢᠭᠤᠯᠲᠠ᠄ ᠮᠠᠨ ᠤ ᠣᠷᠣᠨ ᠤ ︽ᠬᠡᠷᠡᠭᠵᠢᠭᠦᠯᠬᠦ ᠲᠥᠰᠦᠯ︾ ᠳᠤ᠂ 2025 ᠣᠨ ᠠᠴᠠ ᠡᠬᠢᠯᠡᠨ᠂ ᠡᠩ ᠤᠨ ᠳᠡᠭᠡᠳᠦ ᠰᠤᠷᠭᠠᠭᠤᠯᠢ ᠳᠤ ᠨᠢᠭᠡᠳᠦᠯᠲᠡᠶ ᠰᠢᠯᠭᠠᠯᠲᠠ ᠪᠠᠷ ᠰᠣᠷᠣᠭᠴᠢ ᠡᠯᠰᠡᠬᠦ ᠳᠤ ᠲᠣᠰ ᠲᠣᠰ ᠹᠢᠽᠢᠺ ᠤᠨ ᠬᠢᠴᠢᠶᠡᠯ ᠲᠥᠷᠥᠯ ᠤᠨ ᠨᠡᠶᠢᠯᠡᠯ ᠪᠠ ᠲᠡᠦᠬᠡ ᠶᠢᠨ ᠬᠢᠴᠢᠶᠡᠯ ᠲᠥᠷᠥᠯ ᠤᠨ ᠨᠡᠶᠢᠯᠡᠯ ᠢᠶᠠᠷ ᠰᠣᠷᠣᠭᠴᠢ ᠡᠯᠰᠡᠬᠦ ᠲᠥᠯᠥᠪᠯᠡᠭᠡ ᠶᠢ ᠬᠤᠪᠢᠶᠠᠨ ᠵᠢᠭᠰᠠᠭᠠᠵᠤ᠂ ᠬᠠᠮᠤᠭ ᠤᠨ ᠳᠤᠤᠷ᠎ᠠ ᠬᠢᠵᠠᠭᠠᠷ ᠬᠤᠪᠢ ᠶᠢ ᠲᠣᠰ ᠲᠣᠰ ᠵᠠᠭᠠᠭᠯᠠᠨ ᠲᠣᠭᠲᠠᠭᠠᠵᠤ᠂ ᠲᠣᠰ ᠲᠣᠰ ᠵᠢᠭᠰᠠᠭᠠᠨ ᠡᠯᠰᠡᠨ᠎ᠡ᠃ ᠹᠢᠽᠢᠺ ︵ᠪᠤᠶᠤ ᠲᠡᠦᠬᠡ︶ ᠢ ᠰᠣᠩᠭᠤᠭᠰᠠᠨ ᠰᠢᠯᠭᠠᠭᠤᠯᠤᠭᠴᠢ ᠠᠳᠠᠯᠢ ᠰᠢᠯᠭᠠᠯᠲᠠ ᠶᠢᠨ ᠬᠠᠭᠤᠳᠠᠰᠤ ᠶᠢ ᠬᠡᠷᠡᠭᠯᠡᠵᠦ᠂ ᠰᠢᠯᠭᠠᠯᠲᠠ ᠶᠢᠨ ᠬᠠᠮᠲᠤᠯᠢᠭ ᠨᠢ ᠠᠳᠠᠯᠢ᠂ ᠬᠢᠷᠢ ᠪᠦᠲᠦᠮᠵᠢ ᠨᠢ ᠠᠳᠠᠯᠢᠳᠬᠠᠬᠤ ᠴᠢᠨᠠᠷᠲᠠᠢ ᠪᠠᠶᠢᠳᠠᠭ ᠪᠣᠯᠬᠤᠷ ᠡᠨᠡ ᠬᠤᠶᠠᠷ ᠬᠢᠴᠢᠶᠡᠯ ᠲᠥᠷᠥᠯ ᠳᠤ ᠲᠤᠰ ᠲᠤᠰ ᠰᠢᠯᠭᠠᠯᠲᠠ ᠶᠢᠨ ᠠᠩᠬᠠᠨ ᠤ ᠬᠤᠪᠢ ᠶᠢ ᠰᠢᠯᠭᠠᠭᠤᠯᠤᠭᠴᠢ ᠶᠢᠨ ᠶᠡᠷᠦᠩᠬᠡᠶ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃      ᠳᠠᠬᠢᠨ ᠰᠣᠩᠭᠤᠬᠤ ᠬᠢᠴᠢᠶᠡᠯ ᠲᠥᠷᠥᠯ ᠳᠠᠬᠢ ᠠᠳᠠᠯᠢ ᠪᠤᠰᠤ ᠬᠢᠴᠢᠶᠡᠯ ᠲᠥᠷᠥᠯ ᠤᠨ ᠰᠢᠯᠭᠠᠯᠲᠠ ᠶᠢᠨ ᠰᠡᠳᠦᠪ ᠤᠨ ᠬᠦᠴᠢᠷᠳᠡᠯᠭᠡ ᠶᠢᠨ ᠵᠥᠷᠢᠶ᠎ᠡ ᠪᠠ ᠵᠣᠬᠢᠬᠤ ᠬᠢᠴᠢᠶᠡᠯ ᠲᠥᠷᠥᠯ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢᠨ ᠬᠠᠮᠲᠤᠯᠢᠭ ᠠᠳᠠᠯᠢ ᠥᠬᠡᠶ ᠪᠣᠯᠬᠤᠷ ᠰᠢᠯᠭᠠᠭᠤᠯᠤᠭᠴᠢ ᠶᠢᠨ ᠰᠣᠩᠭᠤᠵᠤ ᠰᠢᠯᠭᠠᠭᠤᠯᠬᠤ ᠬᠢᠴᠢᠶᠡᠯ ᠲᠥᠷᠥᠯ ᠤᠨ ᠰᠢᠯᠭᠠᠯᠲᠠ ᠶᠢᠨ ᠠᠩᠬᠠᠨ ᠤ ᠬᠤᠪᠢ ᠨᠢ ᠠᠳᠠᠯᠢᠳᠬᠠᠬᠤ ᠴᠢᠨᠠᠷ ᠥᠬᠡᠶ ᠶᠤᠮ᠃ ᠵᠢᠱᠢᠶᠡᠯᠡᠪᠡᠯ ᠂ ᠰᠢᠯᠭᠠᠭᠤᠯᠤᠭᠴᠢ ᠬᠥᠬᠡ ᠦᠵᠡᠯ ᠰᠠᠨᠠᠭ᠎ᠠ ᠤᠯᠤᠰ ᠲᠥᠷᠥ ᠶᠢ ᠰᠣᠩᠭᠤᠵᠤ᠂ ᠰᠢᠯᠭᠠᠭᠤᠯᠤᠭᠴᠢ ᠬᠥᠬᠡᠭᠴᠢᠨ ᠬᠢᠮᠢ ᠶᠢ ᠰᠣᠩᠭᠤᠵᠤ᠂ ᠬᠤᠶᠠᠭᠤᠯᠠ ᠪᠠᠨ ᠴᠥᠮ 80 ᠬᠤᠪᠢ ᠰᠢᠯᠭᠠᠵᠤ᠂ ᠰᠢᠯᠭᠠᠭᠤᠯᠤᠭᠴᠢ ᠬᠥᠬᠡ ᠦᠵᠡᠯ ᠰᠠᠨᠠᠭ᠎ᠠ ᠤᠯᠤᠰ ᠲᠥᠷᠥ ᠶᠢᠨ ᠰᠢᠯᠭᠠᠭᠤᠯᠤᠭᠰᠠᠳ ᠤᠨ 100 ᠳ᠋ᠤᠭᠠᠷ ᠲᠤ ᠵᠢᠭᠰᠠᠭᠠᠭᠳᠠᠵᠤ᠂ ᠰᠢᠯᠭᠠᠭᠤᠯᠤᠭᠴᠢ ᠬᠥᠬᠡᠭᠴᠢᠨ ᠬᠢᠮᠢ ᠶᠢᠨ ᠰᠢᠯᠭᠠᠭᠤᠯᠤᠭᠰᠠᠳ ᠤᠨ 1000 ᠳ᠋ᠤᠭᠠᠷ ᠲᠤ ᠵᠢᠭᠰᠠᠭᠠᠭᠳᠠᠵᠤ ᠪᠠᠶᠢᠨ᠎ᠠ᠃ ᠬᠡᠷᠪᠡ ᠲᠥᠬᠦᠮ ᠢᠶᠠᠷ ᠲᠡᠳᠡᠨ ᠤ ᠡᠯ᠎ᠡ ᠬᠢᠴᠢᠶᠡᠯ ᠤᠨ ᠬᠢᠷᠢ ᠪᠦᠲᠦᠮᠵᠢ ᠶᠢ ᠰᠢᠯᠭᠠᠭᠤᠯᠤᠭᠴᠢ ᠶᠢᠨ ᠶᠡᠷᠦᠩᠬᠡᠶ ᠬᠢᠷᠢ ᠪᠦᠲᠦᠮᠵᠢ ᠳᠤ ᠪᠤᠳᠤᠵᠤ ᠣᠷᠣᠭᠤᠯᠬᠤ ᠶᠢᠨ ᠬᠠᠮᠲᠤ ᠬᠠᠷᠢᠴᠠᠭᠤᠯᠵᠤ ᠦᠵᠡᠪᠡᠯ ᠰᠢᠨᠵᠢᠯᠡᠬᠦ ᠤᠬᠠᠭᠠᠨᠴᠢ ᠪᠤᠰᠤ ᠮᠥᠷᠲᠡᠭᠡᠨ ᠭᠤᠤᠯᠴᠢ ᠪᠤᠰᠤ ᠶᠤᠮ᠃ ᠡᠶᠢᠮᠦ ᠠᠴᠠ ᠠᠳᠠᠯᠢ ᠪᠤᠰᠤ ᠬᠢᠴᠢᠶᠡᠯ ᠲᠥᠷᠥᠯ ᠤᠨ ᠰᠢᠯᠭᠠᠯᠲᠠ ᠶᠢᠨ ᠠᠩᠬᠠᠨ ᠤ ᠬᠤᠪᠢ ᠶᠢ ᠵᠣᠬᠢᠬᠤ ᠲᠦᠷᠢᠮ ᠶᠣᠰᠤ ᠪᠠᠷ ᠲᠠᠰ ᠲᠤ ᠬᠤᠪᠢᠷᠠᠭᠤᠯᠵᠤ ᠰᠢᠯᠭᠠᠭᠤᠯᠤᠭᠴᠢ ᠶᠢᠨ ᠶᠡᠷᠦᠩᠬᠡᠶ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃ ᠬᠤᠪᠢᠷᠠᠭᠤᠯᠤᠭᠰᠠᠨ ᠤ ᠳᠠᠷᠠᠭ᠎ᠠ᠂ ᠰᠢᠯᠭᠠᠭᠤᠯᠤᠭᠴᠢ ᠶᠢᠨ ᠬᠢᠷᠢ ᠪᠦᠲᠦᠮᠵᠢ ᠶᠢᠨ ᠵᠢᠭᠰᠠᠭᠠᠯᠲᠠ ᠬᠤᠪᠢᠷᠠᠬᠤ ᠥᠬᠡᠶ᠂ ᠡᠭᠦᠨ ᠤ ᠬᠠᠮᠲᠤ ᠠᠳᠠᠯᠢ ᠪᠤᠰᠤ ᠬᠢᠴᠢᠶᠡᠯ ᠤᠨ ᠬᠢᠷᠢ ᠪᠦᠲᠦᠮᠵᠢ ᠶᠢᠨ ᠠᠳᠠᠯᠢᠳᠬᠠᠬᠤ ᠴᠢᠨᠠᠷ ᠢ ᠪᠡᠶᠡᠯᠡᠭᠦᠯᠵᠦ ᠪᠣᠯᠤᠨ᠎ᠠ᠃      14 . ᠳᠡᠰ ᠲᠤ ᠬᠤᠪᠢᠷᠠᠭᠤᠯᠬᠤ ᠬᠤᠪᠢ ᠶᠢ ᠬᠡᠷᠬᠢᠨ ᠬᠤᠪᠢᠷᠠᠭᠤᠯᠬᠤ ᠪᠣᠢ︖ ᠬᠠᠷᠢᠭᠤᠯᠲᠠ᠄ ᠬᠢᠷᠢ ᠪᠥᠲᠦᠮᠵᠢ ᠶᠢ ᠳᠡᠰ ᠲᠤ ᠬᠤᠪᠢᠷᠠᠭᠤᠯᠬᠤ ᠳᠤ ᠲᠡᠩᠴᠡᠭᠦᠦ ᠬᠠᠷᠢᠴᠠᠯᠲᠤ ᠬᠤᠪᠢᠷᠠᠭᠤᠯᠬᠤ ᠲᠣᠮᠢᠶ᠎ᠠ ᠪᠠᠷ ᠬᠤᠪᠢᠷᠠᠭᠤᠯᠤᠨ᠎ᠠ᠃ ᠡᠨᠡ ᠪᠣᠯ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠢᠵᠦ ᠪᠠᠶᠢᠭ᠎ᠠ ᠮᠤᠵᠢ ᠣᠷᠣᠨ ᠳᠤ ᠨᠡᠶᠢᠲᠡᠮ ᠬᠡᠷᠡᠭᠯᠡᠬᠦ ᠠᠷᠭ᠎ᠠ ᠶᠤᠮ᠃ ᠪᠣᠳᠠᠲᠠᠢ ᠲᠣᠮᠢᠶ᠎ᠠ ᠨᠢ᠄
     ᠡᠭᠦᠨ ᠳᠤ      Y 1᠂ Y 2 ᠪᠣᠯ ᠲᠤᠰ ᠪᠦᠷᠢ ᠶᠠᠮᠠᠷ ᠨᠢᠭᠡᠨ ᠳᠡᠰ ᠤᠨ ᠬᠠᠷᠠᠭᠠᠯᠵᠠᠭᠰᠠᠨ ᠰᠢᠯᠭᠠᠯᠲᠠ ᠶᠢᠨ ᠠᠩᠬᠠᠨ ᠤ ᠬᠤᠪᠢ ᠶᠢᠨ ᠳᠠᠰᠤᠯᠭ᠎ᠠ ᠶᠢᠨ ᠬᠠᠮᠤᠭ ᠤᠨ ᠳᠣᠣᠷᠠᠲᠤ ᠬᠢᠵᠠᠭᠠᠷ ᠪᠠ ᠬᠠᠮᠤᠭ ᠤᠨ ᠳᠡᠭᠡᠳᠦ ᠬᠢᠵᠠᠭᠠᠷ ᠢ ᠢᠯᠡᠳᠬᠡᠨ᠎ᠡ︔      T 1᠂ T 2 ᠪᠣᠯ ᠲᠤᠰ ᠪᠦᠷᠢ ᠬᠠᠷᠠᠭᠠᠯᠵᠠᠭᠰᠠᠨ ᠳᠡᠰ ᠤᠨ ᠳᠡᠰ ᠤᠨ ᠬᠤᠪᠢ ᠶᠢ ᠥᠭᠬᠦ ᠲᠠᠰᠤᠯᠭ᠎ᠠ ᠶᠢᠨ ᠬᠠᠮᠤᠭ ᠤᠨ ᠳᠤᠤᠷᠠᠳᠤ ᠬᠢᠵᠠᠭᠠᠷ ᠪᠠ ᠬᠠᠮᠤᠭ ᠤᠨ ᠳᠡᠭᠡᠳᠦ ᠬᠢᠵᠠᠭᠠᠷ ᠢ ᠢᠯᠡᠳᠬᠡᠨ᠎ᠡ︔      Y ᠪᠣᠯ ᠬᠠᠷᠠᠭᠠᠯᠵᠠᠭᠰᠠᠨ ᠲᠠᠰ ᠲᠠᠬᠢ ᠶᠠᠮᠠᠷ ᠨᠢᠭᠡᠨ ᠰᠢᠯᠭᠠᠭᠤᠯᠤᠭᠴᠢ ᠶᠢᠨ ᠰᠢᠯᠭᠠᠯᠲᠠ ᠶᠢᠨ ᠠᠩᠬᠠᠨ ᠤ ᠬᠤᠪᠢ ᠶᠢ ᠢᠯᠡᠳᠬᠡᠨ᠎ᠡ︔      X ᠪᠣᠯ ᠬᠠᠷᠠᠭᠠᠯᠵᠠᠭᠰᠠᠨ ᠲᠠᠰ ᠲᠠᠬᠢ ᠶᠠᠮᠠᠷ ᠨᠢᠭᠡᠨ ᠰᠢᠯᠭᠠᠭᠤᠯᠤᠭᠴᠢ ᠶᠢᠨ ᠲᠠᠰ ᠲᠤ ᠬᠤᠪᠢᠷᠠᠭᠤᠯᠤᠭᠰᠠᠨ ᠬᠤᠪᠢ ᠶᠢ ᠢᠯᠡᠳᠬᠡᠨ᠎ᠡ᠃      ᠲᠣᠰ ᠲᠣᠮᠢᠶ᠎ᠠ ᠶᠢ ᠦᠨᠳᠦᠰᠦᠯᠡᠪᠡᠯ᠂ ᠰᠢᠯᠭᠠᠭᠤᠯᠤᠭᠴᠢ ᠨᠢᠭᠡ ᠪᠦᠷᠢ ᠶᠢᠨ ᠲᠠᠰ ᠲᠤ ᠬᠤᠪᠢᠷᠠᠭᠤᠯᠤᠭᠰᠠᠨ ᠬᠤᠪᠢ ᠶᠢ ᠪᠤᠳᠤᠵᠤ ᠭᠠᠷᠭᠠᠵᠤ ᠪᠣᠯᠤᠨ᠎ᠠ᠃      ᠵᠢᠱᠢᠶᠡᠯᠡᠪᠡᠯ᠂ ᠶᠠᠮᠠᠷ ᠨᠢᠭᠡᠨ ᠰᠤᠷᠤᠭᠴᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠰᠢᠯᠭᠠᠯᠲᠠ ᠶᠢᠨ ᠠᠩᠬᠠᠨ ᠤ ᠬᠤᠪᠢ ᠨᠢ 75 ᠬᠤᠪᠢ᠂ ᠲᠤᠰ ᠬᠢᠴᠢᠶᠡᠯ ᠲᠥᠷᠦᠯ ᠤᠨ B ᠳᠡᠰ ᠤᠨ ᠰᠢᠯᠭᠠᠯᠲᠠ ᠶᠢᠨ ᠠᠩᠬᠠᠨ ᠤ ᠬᠤᠪᠢ ᠶᠢᠨ ᠲᠠᠷᠬᠠᠯᠲᠠ ᠶᠢᠨ ᠳᠠᠰᠤᠯᠭ᠎ᠠ ᠨᠢ 82-61 ᠭᠡᠵᠦ ᠵᠢᠱᠢᠪᠡᠯ᠂ ᠲᠤᠰ ᠰᠤᠷᠤᠭᠴᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠰᠢᠯᠭᠠᠯᠲᠠ ᠶᠢᠨ ᠠᠩᠬᠠᠨ ᠤ ᠬᠤᠪᠢ ᠨᠢ B ᠳᠡᠰ ᠲᠤ ᠬᠠᠷᠢᠶᠠᠯᠠᠭᠳᠠᠨ᠎ᠠ᠃ B ᠲᠡᠰ ᠤᠨ ᠬᠤᠪᠢ ᠬᠤᠪᠢᠷᠠᠭᠤᠯᠬᠤ ᠬᠤᠪᠢ ᠶᠢᠨ ᠳᠠᠰᠤᠯᠭ᠎ᠠ ᠨᠢ 85-71 ᠪᠣᠯ ᠲᠤᠰ ᠰᠤᠷᠤᠭᠴᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠰᠣᠯᠢᠭᠳᠠᠯ ᠨᠢ᠄
     ᠵᠠᠳᠠᠯᠪᠠᠯ᠂ X≈ 80 . 33᠂ ᠳᠥᠷᠪᠡ ᠶᠢ ᠬᠠᠶᠠᠵᠤ ᠲᠠᠪᠤ ᠶᠢ ᠳᠠᠪᠰᠢᠭᠤᠯᠤᠭᠰᠠᠨ ᠤ ᠳᠠᠷᠠᠭ᠎ᠠ ᠲᠣᠰ ᠰᠣᠷᠣᠭᠴᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠰᠤᠷᠤᠯᠭ᠎ᠠ ᠶᠢᠨ ᠬᠤᠪᠢ ᠶᠢᠨ ᠬᠢᠷᠢ ᠪᠦᠲᠦᠮᠵᠢ ᠨᠢ 80 ᠬᠤᠪᠢ ᠪᠣᠯᠤᠨ᠎ᠠ᠃ ᠬᠤᠪᠢᠷᠠᠭᠤᠯᠬᠤ ᠲᠠᠶᠢᠯᠪᠤᠷᠢ ᠵᠢᠷᠤᠭ᠄
     15 . ᠶᠠᠭᠤᠨ ᠳᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠦᠨᠡᠯᠡᠬᠦ ᠲᠦᠷᠢᠮ ᠢ ᠪᠠᠶᠢᠭᠤᠯᠬᠤ ᠪᠥᠭᠡᠳ ᠳᠦᠷᠢᠮᠵᠢᠭᠦᠯᠬᠦ ᠬᠡᠷᠡᠭᠲᠡᠢ ᠪᠤᠢ︖      ᠬᠠᠷᠢᠭᠤᠯᠲᠠ᠄ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠪᠣᠯ ᠰᠤᠷᠤᠭᠴᠢᠳ ᠤᠨ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ ᠵᠡᠷᠭᠡ ᠪᠥᠬᠦ ᠲᠠᠯ᠎ᠠ ᠪᠠᠷ ᠬᠥᠭᠵᠢᠭᠰᠡᠨ ᠪᠠᠶᠢᠳᠠᠯ ᠢ ᠪᠤᠰᠤᠳᠴᠢ ᠪᠠᠷ ᠲᠤᠰᠬᠠᠭᠰᠠᠨ ᠰᠢᠰᠲ᠋ᠧᠮᠲᠡᠢ ᠦᠨᠡᠯᠡᠯᠲᠡ ᠪᠣᠯᠬᠤ ᠪᠥᠭᠡᠳ ᠰᠤᠷᠤᠭᠴᠢᠳ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠶᠢ ᠬᠥᠮᠥᠵᠢᠭᠦᠯᠬᠦ᠂ ᠰᠤᠷᠤᠭᠴᠢᠳ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠪᠠᠷᠢᠯ᠂ ᠬᠡᠪ ᠴᠢᠨᠠᠷ ᠤᠨ ᠰᠤᠷᠭᠠᠨ ᠬᠥᠮᠦᠵᠢᠯ ᠢ ᠭᠦᠨᠵᠡᠭᠡᠶ ᠠᠬᠢᠭᠤᠯᠬᠤ ᠴᠢᠬᠤᠯᠠ ᠲᠦᠷᠢᠮ ᠪᠣᠯᠤᠨ᠎ᠠ᠃ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢ ᠥᠷᠨᠢᠭᠦᠯᠬᠦ ᠨᠢ ᠰᠤᠷᠤᠭᠴᠢᠳ ᠤᠨ ᠥᠪᠡᠷ ᠢ ᠪᠠᠨ ᠲᠠᠨᠢᠬᠤ᠂ ᠠᠮᠢᠳᠤᠷᠠᠬᠤᠢ ᠪᠠᠨ ᠲᠥᠯᠥᠪᠵᠢᠭᠦᠯᠬᠦ᠂ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠬᠥᠭᠵᠢᠬᠦ ᠶᠢ ᠠᠬᠢᠭᠤᠯᠬᠤ ᠳᠤ ᠠᠰᠢᠭᠲᠠᠶ ᠶᠤᠮ︔ᠰᠤᠷᠭᠠᠭᠤᠯᠢ ᠠᠴᠠ ᠰᠤᠷᠤᠭᠴᠢᠳ ᠤᠨ ᠦᠰᠦᠨ ᠪᠤᠶᠢᠵᠢᠬᠤ ᠵᠢᠮ᠎ᠡ ᠶᠣᠰᠣ ᠶᠢ ᠡᠵᠡᠮᠰᠢᠬᠦ ᠶᠢ ᠠᠬᠢᠭᠤᠯᠵᠤ᠂ ᠰᠤᠷᠤᠭᠴᠢᠳ ᠤᠨ ᠬᠢᠷᠢ ᠪᠦᠲᠦᠮᠵᠢ ᠶᠢ ᠬᠡᠲᠦᠷᠬᠡᠶ ᠠᠩᠬᠠᠷᠴᠤ ᠪᠠᠶᠢᠭᠰᠠᠨ ᠠᠴᠠ ᠰᠤᠷᠤᠭᠴᠢᠳ ᠤᠨ ᠬᠥᠭᠵᠢᠯᠲᠡ ᠶᠢᠨ ᠶᠠᠪᠤᠴᠠ ᠶᠢ ᠨᠠᠩ ᠢᠯᠡᠭᠦᠦ ᠠᠩᠬᠠᠷᠬᠤ ᠪᠣᠯᠭᠠᠨ ᠬᠤᠪᠢᠷᠠᠭᠤᠯᠵᠤ᠂ ᠰᠤᠷᠭᠠᠨ ᠬᠥᠮᠥᠵᠢᠭᠦᠯᠬᠦ ᠣᠶᠢᠯᠠᠭᠠᠭᠳᠠᠬᠤᠨ ᠪᠠ ᠬᠥᠮᠦᠨ ᠢ ᠬᠥᠮᠦᠵᠢᠭᠦᠯᠬᠦ ᠠᠷᠭ᠎ᠠ ᠮᠠᠶ᠋ᠢᠭ ᠢ ᠦᠨᠡᠨ ᠬᠦ ᠬᠤᠪᠢᠷᠠᠭᠤᠯᠵᠤ᠂ ᠰᠤᠷᠭᠠᠭᠤᠯᠢ ᠡᠷᠭᠢᠯᠡᠬᠦ ᠣᠨᠴᠠᠯᠢᠭ ᠢ ᠪᠦᠷᠢᠯᠳᠦᠭᠦᠯᠬᠦ ᠳᠤ ᠠᠰᠢᠭᠲᠠᠶ ᠶᠤᠮ︔ ᠦᠨᠡᠯᠡᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠰᠢᠯᠭᠠᠯᠲᠠ ᠶᠢᠨ ᠬᠢᠷᠢ ᠪᠦᠲᠦᠮᠵᠢ ᠪᠠᠷ ᠴᠣᠷᠢ ᠶᠢᠨ ᠭᠠᠭᠴᠠ ᠪᠠᠷᠢᠮᠵᠢᠶ᠎ᠠ ᠪᠣᠯᠭᠠᠨ ᠰᠣᠷᠣᠭᠴᠢ ᠶᠢ ᠦᠨᠡᠯᠡᠬᠦ ᠠᠷᠭ᠎ᠠ ᠪᠠᠷᠢᠯ ᠢ ᠬᠤᠪᠢᠷᠠᠭᠤᠯᠵᠤ᠂ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠳᠤ ᠴᠢᠬᠤᠯᠠ ᠯᠠᠪᠯᠠᠯᠲᠠ ᠬᠠᠩᠭᠠᠬᠤ ᠳᠤ ᠠᠰᠢᠭᠲᠠᠶ ᠶᠤᠮ᠃      16 . ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠭᠤᠣᠯ ᠠᠭᠤᠯᠭ᠎ᠠ ᠳᠤ ᠶᠠᠭᠤ ᠶᠠᠭᠤ ᠪᠠᠶᠢᠬᠤ ᠪᠤᠢ︖      ᠬᠠᠷᠢᠭᠤᠯᠲᠠ᠄ ᠭᠤᠣᠯᠳᠠᠯᠭ᠎ᠠ ᠨᠢ ᠦᠵᠡᠯ ᠰᠠᠨᠠᠭ᠎ᠠ ᠶᠣᠰᠣ ᠮᠣᠷᠠᠯ᠂ ᠰᠤᠷᠤᠯᠭ᠎ᠠ ᠶᠢᠨ ᠬᠢᠷᠢ ᠬᠡᠮᠵᠢᠶ᠎ᠡ᠂ ᠪᠡᠶ᠎ᠡ ᠰᠡᠳᠬᠢᠯ ᠤᠨ ᠡᠷᠡᠭᠦᠯ ᠮᠡᠨᠳᠦ᠂ ᠤᠷᠠᠯᠢᠭ ᠤᠨ ᠬᠡᠪ ᠪᠣᠯᠪᠠᠰᠤᠷᠠᠯ᠂ ᠬᠥᠳᠡᠯᠮᠦᠷᠢ ᠪᠠ ᠨᠡᠶᠢᠭᠡᠮ ᠤᠨ ᠦᠢᠯᠡᠳᠦᠯᠭᠡ ᠵᠡᠷᠭᠡ ᠲᠠᠪᠤᠨ ᠲᠠᠯ᠎ᠠ ᠶᠢᠨ ᠬᠢᠨ ᠪᠠᠶᠢᠵᠤ᠂ ᠦᠨᠡᠯᠡᠬᠦ ᠠᠭᠤᠯᠭ᠎ᠠ ᠶᠢ ᠳᠣᠭᠲᠠᠭᠠᠵᠤ᠂ ᠦᠨᠡᠯᠡᠬᠦ ᠱᠠᠭᠠᠷᠳᠠᠯᠭ᠎ᠠ ᠶᠢ ᠲᠣᠳᠤᠷᠬᠠᠶᠢᠯᠠᠵᠤ᠂ ᠰᠤᠷᠤᠭᠴᠢᠳ ᠤᠨ ᠦᠰᠦᠨ ᠪᠤᠶᠢᠵᠢᠯᠲᠠ ᠶᠢᠨ ᠳᠦᠷᠢᠮᠵᠢᠭᠦᠯᠦᠭᠰᠡᠨ ᠲᠠᠩᠰᠠ ᠡᠪᠬᠡᠮᠡᠯ ᠢ ᠪᠠᠶᠢᠭᠤᠯᠬᠤ ᠪᠠᠷ ᠳᠠᠮᠵᠢᠭᠤᠯᠤᠨ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢᠨ ᠪᠠᠶᠢᠳᠠᠯ ᠪᠠ ᠥᠪᠡᠷᠮᠢᠴᠡ ᠣᠨᠴᠠᠯᠢᠭ ᠢ ᠭᠦᠢᠴᠡᠳ ᠲᠤᠰᠬᠠᠵᠤ᠂ ᠰᠤᠷᠤᠭᠴᠢᠳ ᠤᠨ ᠡᠳᠦᠷ ᠲᠤᠲᠤᠮ ᠤᠨ ᠪᠠᠶᠢᠳᠠᠯ ᠪᠠ ᠲᠣᠪᠤᠶᠢᠮ᠎ᠠ ᠢᠯᠡᠷᠡᠯ ᠢ ᠲᠡᠮᠳᠡᠭᠯᠡᠬᠦ ᠶᠢ ᠴᠢᠬᠤᠯᠠᠴᠢᠯᠠᠨ᠎ᠠ᠃      17 . ᠶᠡᠷᠦᠩᠬᠡᠢᠯᠡᠭᠰᠡᠨ ᠬᠡᠪ ᠴᠢᠨᠠᠷ ᠢ ᠦᠨᠡᠯᠡᠬᠦ ᠭᠤᠣᠯ ᠴᠣᠭᠴᠠ ᠪᠠ ᠳᠡᠰ ᠳᠠᠷᠠᠭᠠᠯᠠᠯ ᠨᠢ ᠶᠠᠭᠤ ᠪᠤᠢ︖      ᠬᠠᠷᠢᠭᠤᠯᠲᠠ᠄ ︽ᠬᠡᠨ ᠣᠶᠢᠯᠠᠭᠠᠪᠠᠯ ᠬᠡᠨ ᠦᠨᠡᠯᠡᠬᠦ︾᠂ ︽ᠬᠡᠨ ᠦᠨᠡᠯᠡᠪᠡᠯ ᠬᠡᠨ ᠬᠠᠷᠢᠭᠤᠴᠠᠬᠤ︾ ᠶᠢ ᠪᠠᠷᠢᠮᠲᠠᠯᠠᠵᠤ᠂ ᠰᠣᠷᠣᠭᠴᠢ᠂ ᠬᠠᠮᠲᠤ ᠰᠣᠷᠣᠭᠴᠢ᠂ ᠪᠠᠭᠰᠢ ᠪᠠ ᠬᠡᠷ ᠤᠨ ᠠᠬᠠᠮᠠᠳ ᠵᠡᠷᠭᠡ ᠣᠯᠠᠨ ᠡᠰᠢᠵᠢᠭᠦᠯᠦᠭᠰᠡᠨ ᠭᠤᠤᠯ ᠴᠣᠭᠴᠠ ᠶᠢᠨ ᠣᠷᠣᠯᠴᠠᠭᠰᠠᠨ ᠡᠳᠦᠷ ᠲᠤᠲᠤᠮ ᠤᠨ ᠪᠠᠶᠢᠳᠠᠯ ᠤᠨ ᠦᠨᠡᠯᠡᠯᠲᠡ ᠶᠢ ᠥᠷᠨᠢᠭᠦᠯᠦᠨ᠎ᠡ᠃ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠰᠡᠭᠦᠯᠴᠢ ᠳᠤ ᠰᠤᠷᠤᠭᠴᠢᠳ ᠪᠠᠭᠰᠢ ᠶᠢᠨ ᠵᠢᠯᠣᠭᠤᠳᠣᠯᠭ᠎ᠠ ᠪᠠ ᠱᠠᠭᠠᠷᠳᠠᠯᠭ᠎ᠠ ᠶᠣᠰᠤ ᠪᠠᠷ ᠥᠪᠡᠷ ᠤᠨ ᠶᠡᠷᠦᠩᠬᠡᠶᠢᠯᠡᠭᠰᠡᠨ ᠬᠡᠪ ᠴᠢᠨᠠᠷ ᠤᠨ ᠬᠥᠭᠵᠢᠯᠲᠡ ᠶᠢᠨ ᠪᠠᠶᠢᠳᠠᠯ ᠢ ᠲᠤᠰᠬᠠᠵᠤ ᠳᠡᠶᠢᠯᠬᠦ᠋ᠢᠴᠡ ᠴᠢᠬᠤᠯᠠ ᠠᠵᠢᠯᠯᠠᠭᠠᠨ ᠤ ᠲᠡᠮᠳᠡᠭᠯᠡᠯ᠂ ᠨᠡᠶᠢᠲᠡᠯᠢᠭ ᠪᠣᠳᠠᠲᠤ ᠬᠡᠷᠡᠭ ᠵᠢᠴᠢ ᠪᠡᠯᠭᠡ ᠲᠡᠮᠳᠡᠭᠲᠦ ᠦᠷ᠎ᠡ ᠪᠦᠲᠦᠭᠡᠯ ᠵᠡᠷᠭᠡ ᠬᠤᠯᠪᠤᠭᠳᠠᠬᠤ ᠮᠠᠲ᠋ᠧᠷᠢᠶᠠᠯ ᠢᠶᠠᠨ ᠴᠤᠭᠯᠠᠭᠤᠯᠵᠤ᠂ ᠥᠰᠦᠨ ᠪᠤᠶᠢᠵᠢᠯᠲᠠ ᠶᠢᠨ ᠶᠠᠪᠤᠴᠠ ᠪᠠᠨ ᠦᠨᠡᠨ ᠪᠣᠳᠠᠲᠠᠶ ᠪᠠᠷ ᠲᠡᠮᠳᠡᠭᠯᠡᠵᠦ᠂ ᠡᠮᠬᠢᠳᠭᠡᠵᠦ ᠰᠢᠯᠢᠨ ᠰᠣᠩᠭᠤᠵᠤ᠂ ᠢᠯᠡ ᠨᠡᠶᠢᠲᠡᠯᠡᠵᠦ ᠬᠢᠨᠠᠨ ᠪᠠᠶᠢᠴᠠᠭᠠᠭᠰᠠᠨ ᠰᠠᠭᠤᠷᠢᠨ ᠳᠡᠭᠡᠷ᠎ᠡ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠲᠠᠩᠰᠠ ᠡᠪᠬᠡᠮᠡᠯ ᠢ ᠪᠣᠶ ᠪᠣᠯᠭᠠᠵᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠦᠨᠡᠯᠡᠬᠦ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠤᠨ ᠨᠢᠭᠡᠳᠦᠯᠲᠡᠶ ᠬᠠᠮᠢᠶᠠᠷᠤᠨ᠎ᠠ᠃ ᠮᠡᠳᠡᠭᠡ ᠵᠠᠩᠭᠢ ᠶᠢ ᠨᠤᠲᠠᠯᠠᠵᠤ ᠢᠯᠡ ᠨᠡᠶᠢᠲᠡᠯᠡᠬᠦ᠂ ᠵᠠᠭᠠᠯᠳᠤᠵᠤ ᠭᠤᠮᠣᠳᠠᠯ ᠲᠣᠭᠠᠴᠢᠬᠤ᠂ ᠳᠠᠬᠢᠨ ᠵᠥᠪᠯᠡᠵᠦ ᠬᠢᠨᠠᠨ ᠪᠠᠶᠢᠴᠠᠭᠠᠬᠤ ᠵᠡᠷᠭᠡ ᠬᠢᠨᠠᠯᠲᠠ ᠲᠠᠯᠪᠢᠵᠤ ᠪᠠᠲᠤᠯᠠᠬᠤ ᠪᠠ ᠦᠨᠡᠨᠴᠢ ᠢᠲᠡᠭᠡᠮᠵᠢ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠦᠨᠡᠯᠡᠬᠦ ᠠᠵᠢᠯ ᠤᠨ ᠦᠨᠡᠨ ᠪᠣᠳᠠᠲᠠᠶ᠂ ᠳᠥᠭᠦᠮ ᠳᠥᠲᠡ᠂ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ᠃ ᠰᠣᠷᠣᠭᠴᠢ  ᠶᠢᠨ ᠶᠡᠷᠦᠩᠬᠡᠶᠢᠯᠡᠭᠰᠡᠨ ᠬᠡᠪ ᠴᠢᠨᠠᠷ ᠤᠨ ᠲᠠᠩᠰᠠ ᠡᠪᠬᠡᠮᠡᠯ ᠢ ᠢᠯᠡ ᠨᠡᠶᠢᠲᠡᠯᠡᠵᠦ ᠨᠤᠲᠠᠯᠠᠭᠰᠠᠨ ᠤ ᠳᠠᠷᠠᠭ᠎ᠠ ᠬᠤᠪᠢᠷᠠᠭᠤᠯᠵᠤ ᠪᠣᠯᠬᠤ ᠥᠬᠡᠶ᠃      18 . ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠨᠢ ᠰᠣᠷᠣᠭᠴᠢ ᠡᠯᠰᠡᠬᠦ ᠳᠤ ᠶᠠᠮᠠᠷ ᠦᠢᠯᠡᠳᠦᠯ ᠲᠠᠢ ᠪᠣᠶ︖      ᠬᠠᠷᠢᠭᠤᠯᠲᠠ᠄ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠪᠣᠯ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠴᠢᠬᠤᠯᠠ ᠯᠠᠪᠯᠠᠯᠲᠠ ᠪᠣᠯᠤᠨ᠎ᠠ᠃ ᠳᠡᠭᠡᠳᠦ ᠰᠤᠷᠭᠠᠭᠤᠯᠢ ᠶᠢᠨ ᠬᠢᠨ ᠰᠤᠷᠭᠠᠭᠤᠯᠢ ᠡᠷᠬᠢᠯᠡᠬᠦ ᠣᠨᠴᠠᠯᠢᠭ ᠪᠣᠯᠤᠨ ᠴᠢᠳᠠᠪᠤᠷᠢᠲᠠᠨ ᠢ ᠬᠥᠮᠦᠵᠢᠭᠦᠯᠬᠦ ᠱᠠᠭᠠᠷᠳᠠᠯᠭ᠎ᠠ ᠪᠠᠨ ᠦᠨᠳᠦᠰᠦᠯᠡᠨ᠂ ᠰᠢᠨᠵᠢᠯᠡᠬᠦ ᠤᠬᠠᠭᠠᠨᠴᠢ ᠪᠥᠭᠡᠳ ᠳᠦᠷᠢᠮᠵᠢᠭᠦᠯᠦᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢ ᠬᠡᠷᠡᠭᠯᠡᠬᠦ ᠠᠷᠭ᠎ᠠ ᠶᠢ ᠲᠣᠭᠲᠠᠭᠠᠵᠤ᠂ ᠰᠤᠷᠤᠭᠴᠢ ᠡᠯᠰᠡᠬᠦ ᠳᠦᠷᠢᠮ ᠳᠤ ᠪᠠᠨ ᠪᠣᠳᠠᠲᠠᠶ ᠲᠣᠳᠣᠷᠬᠠᠶᠢᠯᠠᠬᠤ ᠶᠢᠨ ᠬᠠᠮᠲᠤ ᠤᠷᠢᠳᠴᠢᠯᠠᠨ ᠨᠡᠶᠢᠭᠡᠮ ᠳᠤ ᠨᠡᠶᠢᠲᠡᠯᠡᠵᠦ᠂ ᠦᠨᠡᠯᠡᠭᠰᠡᠨ ᠳ᠋ᠦᠩ ᠢ ᠰᠤᠷᠤᠭᠴᠢ ᠡᠯᠰᠡᠬᠦ ᠶᠢᠨ ᠴᠢᠬᠤᠯᠠ ᠯᠠᠪᠯᠠᠯᠲᠠ ᠪᠣᠯᠭᠠᠨ᠎ᠠ᠃ ᠰᠢᠯᠭᠠᠭᠤᠯᠤᠭᠴᠢ ᠶᠢᠨ ᠬᠤᠪᠢ ᠨᠢ ᠠᠳᠠᠯᠢ ᠪᠠᠶᠢᠬᠤ ᠦᠶ᠎ᠡ ᠳᠤ ᠤᠷᠢᠳ ᠢᠶᠠᠷ ᠡᠯᠰᠡᠬᠦ ᠪᠠ ᠲᠤᠰᠬᠠᠶ ᠮᠡᠷᠭᠡᠵᠢᠯ ᠢ ᠤᠷᠢᠳ ᠢᠶᠠᠷ ᠲᠣᠬᠢᠷᠠᠭᠤᠯᠵᠤ ᠪᠣᠯᠤᠨ᠎ᠠ᠃      19 . ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠯᠭᠠᠭᠤᠯᠤᠭᠴᠢ ᠶᠢᠨ ᠰᠣᠶᠣᠯ ᠤᠨ ᠬᠢᠴᠢᠶᠡᠯ ᠤᠨ ᠶᠡᠷᠦᠩᠬᠡᠢ ᠬᠢᠷᠢ ᠪᠦᠲᠦᠮᠵᠢ ᠶᠠᠭᠠᠬᠢᠵᠤ ᠪᠦᠷᠢᠯᠳᠦᠬᠦ ᠪᠤᠢ︖      ᠬᠠᠷᠢᠭᠤᠯᠲᠠ᠄ ᠰᠢᠯᠭᠠᠭᠤᠯᠤᠭᠴᠢ ᠶᠢᠨ ᠰᠣᠶᠣᠯ ᠤᠨ ᠬᠢᠴᠢᠶᠡᠯ ᠤᠨ ᠶᠡᠷᠦᠩᠬᠡᠶ ᠬᠢᠷᠢ ᠪᠦᠲᠦᠮᠵᠢ ᠪᠣᠯ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ 3 ᠬᠢᠴᠢᠶᠡᠯ ᠲᠥᠷᠥᠯ ᠤᠨ ᠬᠢᠷᠢ ᠪᠦᠲᠦᠮᠵᠢ ᠪᠠ ᠥᠪᠡᠷᠲᠡᠭᠡᠨ ᠵᠠᠰᠠᠬᠤ ᠣᠷᠣᠨ ᠠᠴᠠ ᠵᠣᠬᠢᠶᠠᠨ ᠪᠠᠶᠢᠭᠤᠯᠤᠭᠰᠠᠨ 3 ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠤᠨ ᠬᠢᠷᠢ ᠪᠦᠲᠦᠮᠵᠢ ᠪᠠᠷ ᠪᠦᠷᠢᠯᠳᠦᠵᠦ᠂ ᠪᠦᠷᠢᠨ ᠬᠤᠪᠢ ᠨᠢ 750 ᠬᠤᠪᠢ ᠪᠣᠯᠤᠨ᠎ᠠ᠃ ᠡᠭᠦᠨ ᠳᠤ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡᠨ ᠤ ᠲᠥᠷᠥᠯ ᠪᠦᠷᠢ ᠶᠢᠨ ᠪᠦᠷᠢᠨ ᠬᠤᠪᠢ ᠨᠢ ᠴᠥᠮ 150 ᠬᠤᠪᠢ᠂ ᠹᠢᠽᠢᠺ᠂ ᠲᠡᠦᠬᠡ ᠶᠢᠨ ᠲᠥᠷᠥᠯ ᠪᠦᠷᠢ ᠶᠢᠨ ᠪᠦᠷᠢᠨ ᠬᠤᠪᠢ ᠨᠢ ᠴᠥᠮ 100 ᠬᠤᠪᠢ ᠪᠠᠶᠢᠵᠤ᠂ ᠰᠢᠯᠭᠠᠯᠲᠠ ᠶᠢᠨ ᠠᠩᠬᠠᠨ ᠤ ᠬᠤᠪᠢ ᠶᠢ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠶᠡᠷᠦᠩᠬᠡᠶ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ︔ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠶ᠂ ᠬᠢᠮᠢ᠂ ᠠᠮᠢᠳᠤ ᠪᠣᠳᠠᠰ ᠤᠨ ᠤᠬᠠᠭᠠᠨ ᠤ ᠬᠢᠴᠢᠶᠡᠯ ᠲᠥᠷᠥᠯ ᠤᠨ ᠪᠦᠷᠢᠨ ᠬᠤᠪᠢ ᠨᠢ ᠴᠥᠮ 100 ᠬᠤᠪᠢ ᠪᠠᠶᠢᠵᠤ᠂ ᠲᠠᠰ ᠲᠤ ᠬᠤᠪᠢᠷᠠᠭᠤᠯᠤᠭᠰᠠᠨ ᠬᠤᠪᠢ ᠶᠢ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠰᠣᠶᠣᠯ ᠤᠨ ᠬᠢᠴᠢᠶᠡᠯ ᠤᠨ ᠶᠡᠷᠦᠩᠬᠡᠶ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃      20 . ᠰᠢᠯᠭᠠᠭᠤᠯᠤᠭᠴᠢ ᠰᠣᠩᠭᠤᠨ ᠰᠢᠯᠭᠠᠬᠤ ᠬᠢᠴᠢᠶᠡᠯ ᠲᠥᠷᠥᠯ ᠢᠶᠠᠨ ᠲᠣᠭᠲᠠᠭᠠᠬᠤ ᠦᠶ᠎ᠡ ᠳᠤ᠂ ᠶᠠᠭᠤᠨ ᠳᠤ ᠹᠢᠽᠢᠺ ᠪᠤᠶᠤ ᠲᠡᠦᠬᠡ ᠠᠴᠠ 1 ᠲᠥᠷᠥᠯ ᠢ ᠰᠣᠩᠭᠤᠵᠤ᠂ ᠪᠤᠰᠤᠳ 4 ᠲᠥᠷᠥᠯ ᠤᠨ ᠳᠣᠲᠣᠷ᠎ᠠ ᠠᠴᠠ 2 ᠲᠥᠷᠥᠯ ᠢ ᠰᠣᠩᠭᠤᠬᠤ ᠪᠣᠶ︖      ᠬᠠᠷᠢᠭᠤᠯᠲᠠ᠄ ᠮᠠᠨ ᠤ ᠣᠷᠣᠨ ᠤ ︽ᠬᠡᠷᠡᠭᠵᠢᠭᠦᠯᠬᠦ ᠲᠥᠰᠦᠯ︾ ᠳᠤ ᠲᠣᠭᠲᠠᠭᠠᠭᠰᠠᠨ ᠢᠶᠠᠷ ᠰᠢᠯᠭᠠᠭᠤᠯᠤᠭᠴᠢ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠰᠣᠩᠭᠤᠬᠤ ᠴᠢᠨᠠᠷᠲᠠᠶ ᠬᠢᠴᠢᠶᠡᠯ ᠲᠥᠷᠥᠯ ᠢ ᠲᠣᠭᠲᠠᠭᠠᠬᠤ ᠳᠤ ᠪᠠᠨ ᠲᠡᠦᠬᠡ ᠪᠠ ᠹᠢᠽᠢᠺ ᠠᠴᠠ 1 ᠲᠥᠷᠥᠯ ᠢ ᠰᠣᠩᠭᠤᠵᠤ ᠲᠡᠷᠢᠭᠦᠨ ᠰᠣᠩᠭᠤᠯᠲᠠ ᠶᠢᠨ ᠬᠢᠴᠢᠶᠡᠯ ᠲᠥᠷᠥᠯ ᠪᠣᠯᠭᠠᠵᠤ᠂ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠶ᠂ ᠬᠢᠮᠢ᠂ ᠠᠮᠢᠳᠤ ᠪᠣᠳᠠᠰ ᠤᠨ ᠤᠬᠠᠭᠠᠨ ᠠᠴᠠ 2 ᠲᠥᠷᠥᠯ ᠢ ᠰᠣᠩᠭᠤᠵᠤ ᠳᠠᠬᠢᠨ ᠰᠣᠩᠭᠤᠬᠤ ᠬᠢᠴᠢᠶᠡᠯ ᠲᠥᠷᠥᠯ ᠪᠣᠯᠭᠠᠨ᠎ᠠ᠃ ᠢᠩᠭᠢᠵᠦ ᠪᠠᠶᠢᠷᠢᠯᠠᠭᠤᠯᠤᠭᠰᠠᠨ ᠤ ᠭᠤᠣᠯ ᠵᠣᠷᠢᠯᠭ᠎ᠠ ᠪᠣᠯ᠄      ᠨᠢᠭᠡ ᠳᠤ᠂ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ ᠬᠡᠷᠡᠭᠴᠡᠭᠡ ᠶᠢ ᠢᠯᠡᠷᠡᠭᠦᠯᠦᠨ᠎ᠡ᠃ ᠡᠩ ᠤᠨ ᠳᠡᠭᠡᠳᠦ ᠰᠤᠷᠭᠠᠭᠤᠯᠢ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠪᠠ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯᠲᠡᠨ ᠤ ᠦᠵᠡᠬᠦ ᠪᠠᠷ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠠᠪᠤᠴᠠ ᠳᠤ ᠹᠢᠽᠢᠺ ᠪᠣᠯ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠤᠨ ᠰᠠᠭᠤᠷᠢ ᠰᠢᠨᠵᠢᠯᠡᠭᠡᠨ ᠤ ᠰᠠᠯᠠᠭ᠎ᠠ᠂ ᠲᠡᠦᠬᠡ ᠪᠣᠯ ᠬᠥᠮᠦᠨ ᠰᠣᠶᠤᠯ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠦᠯ ᠤᠨ ᠲᠤᠰᠬᠠᠶ ᠮᠡᠷᠭᠡᠵᠢᠯ ᠤᠨ ᠰᠠᠭᠤᠷᠢ ᠰᠢᠨᠵᠢᠯᠡᠭᠡᠨ ᠤ ᠰᠠᠯᠠᠭ᠎ᠠ ᠮᠥᠨ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠹᠢᠽᠢᠺ ᠪᠤᠶᠤ ᠲᠡᠦᠬᠡ ᠶᠢᠨ ᠬᠢᠴᠢᠶᠡᠯ ᠲᠥᠷᠥᠯ ᠢ ᠰᠤᠷᠬᠤ ᠪᠣᠯ ᠶᠡᠭᠡ ᠰᠤᠷᠭᠠᠭᠤᠯᠢ ᠶᠢᠨ ᠱᠠᠲᠤᠨ ᠳᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠪᠤᠶᠤ ᠬᠥᠮᠦᠨ ᠰᠣᠶᠤᠯ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠲᠤᠰᠬᠠᠶ ᠮᠡᠷᠭᠡᠵᠢᠯ ᠵᠢᠴᠢ ᠪᠤᠰᠤᠳ ᠰᠣᠯᠪᠢᠴᠠᠯ ᠰᠢᠨᠵᠢᠯᠡᠭᠡᠨ ᠤ ᠰᠠᠯᠠᠭᠠᠨ ᠤ ᠲᠤᠰᠬᠠᠶ ᠮᠡᠷᠭᠡᠵᠢᠯ ᠢ ᠰᠤᠷᠬᠤ ᠶᠢᠨ ᠴᠢᠬᠤᠯᠠ ᠰᠠᠭᠤᠷᠢ ᠪᠣᠯᠤᠨ᠎ᠠ᠃ ᠡᠶᠢᠮᠦ ᠠᠴᠠ᠂ ᠰᠢᠯᠭᠠᠭᠤᠯᠤᠭᠴᠢ ᠡᠨᠡ ᠬᠤᠶᠠᠷ ᠲᠥᠷᠥᠯ ᠤᠨ ᠬᠢᠴᠢᠶᠡᠯ ᠠᠴᠠ 1 ᠬᠢᠴᠢᠶᠡᠯ ᠲᠥᠷᠥᠯ ᠢ ᠰᠣᠩᠭᠤᠬᠤ ᠨᠢ ᠰᠢᠯᠭᠠᠭᠤᠯᠤᠭᠴᠢ ᠶᠢᠨ ᠶᠡᠭᠡ ᠰᠤᠷᠭᠠᠭᠤᠯᠢ ᠳᠤ ᠣᠷᠣᠵᠤ ᠲᠤᠰᠬᠠᠶ ᠮᠡᠷᠭᠡᠵᠢᠯ ᠰᠤᠷᠬᠤ ᠳᠤ ᠯᠠᠪᠳᠠᠭᠤᠨ ᠪᠠᠲᠤᠲᠠᠶ ᠰᠠᠭᠤᠷᠢ ᠲᠠᠯᠪᠢᠬᠤ ᠳᠤ ᠠᠰᠢᠭᠲᠠᠶ ᠪᠥᠭᠡᠳ ᠳᠡᠭᠡᠳᠦ ᠰᠤᠷᠭᠠᠭᠤᠯᠢ ᠶᠢᠨ ᠬᠤᠯᠪᠤᠭᠳᠠᠬᠤ ᠲᠤᠰᠬᠠᠶ ᠮᠡᠷᠭᠡᠵᠢᠯ ᠤᠨ ᠰᠤᠷᠤᠭᠴᠢᠳ ᠢ ᠬᠥᠮᠦᠵᠢᠭᠦᠯᠬᠦ ᠳᠤ ᠠᠰᠢᠭᠲᠠᠶ ᠶᠤᠮ᠃      ᠬᠤᠶᠠᠷ ᠲᠤ᠂ ᠰᠤᠷᠤᠭᠴᠢᠳ ᠤᠨ ᠣᠯᠠᠨ ᠶᠠᠩᠵᠤᠴᠢᠯᠠᠭᠰᠠᠨ ᠦᠰᠦᠨ ᠪᠤᠶᠢᠵᠢᠵᠤ ᠬᠥᠭᠵᠢᠬᠦ ᠳᠤ ᠠᠰᠢᠭᠲᠠᠶ᠃ᠰᠤᠷᠤᠭᠴᠢᠳ ᠳᠠᠬᠢᠨ ᠰᠣᠩᠭᠤᠬᠤ 4 ᠬᠢᠴᠢᠶᠡᠯ ᠲᠥᠷᠥᠯ ᠠᠴᠠ 2 ᠬᠢᠴᠢᠶᠡᠯ ᠲᠥᠷᠥᠯ ᠢ ᠰᠣᠩᠭᠤᠵᠤ ᠰᠣᠩᠭᠤᠬᠤ ᠴᠢᠨᠠᠷᠲᠠᠶ ᠰᠢᠯᠭᠠᠯᠲᠠ ᠳᠤ ᠣᠷᠣᠯᠴᠠᠬᠤ ᠳᠤ 12 ᠵᠦᠢᠯ ᠤᠨ ᠨᠡᠶᠢᠯᠡᠯ ᠪᠣᠶ᠃ ᠥᠭᠡᠷᠡᠴᠢᠯᠡᠯᠲᠡ ᠠᠴᠠ ᠡᠮᠦᠨᠡᠬᠢ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠲᠥᠷᠥᠯ ᠬᠤᠪᠢᠶᠠᠭᠰᠠᠨ ᠬᠤᠶᠠᠷ ᠵᠦᠢᠯ ᠤᠨ ᠬᠢᠴᠢᠶᠡᠯ ᠲᠥᠷᠦᠯ ᠤᠨ ᠨᠡᠶᠢᠯᠡᠯ ᠬᠡᠯᠪᠡᠷᠢ ᠲᠠᠢ ᠬᠠᠷᠢᠴᠠᠭᠤᠯᠪᠠᠯ᠂ ᠰᠣᠷᠣᠭᠴᠢ ᠶᠢᠨ ᠰᠣᠩᠭᠤᠬᠤ ᠡᠷᠬᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠠᠭᠤᠰᠤᠯᠴᠠᠭ᠎ᠠ ᠶᠢ ᠠᠬᠢᠭᠤᠯᠵᠤ᠂ ᠬᠥᠮᠦᠨ ᠢᠶᠠᠷ ᠦᠨᠳᠦᠰᠦ ᠪᠣᠯᠭᠠᠬᠤ᠂ ᠳᠤᠷᠠᠲᠠᠢ ᠪᠠᠭ᠋ᠠᠲᠠᠢ ᠵᠦᠢᠯ ᠢᠶᠠᠨ ᠰᠤᠷᠤᠯᠴᠠᠬᠤ᠂ ᠳᠠᠪᠠᠭᠤᠯᠢᠭ ᠲᠠᠯ᠎ᠠ ᠶᠢ ᠰᠢᠯᠭᠠᠬᠤ ᠵᠠᠷᠴᠢᠮ ᠢ ᠭᠦᠢᠴᠡᠳ ᠢᠯᠡᠷᠡᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠵᠢᠮ᠎ᠡ ᠶᠣᠰᠣ ᠪᠠ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠵᠢᠮ᠎ᠡ ᠶᠣᠰᠣᠨ ᠳᠤ ᠨᠠᠩ ᠢᠯᠡᠭᠦᠦ ᠨᠡᠶᠢᠴᠡᠵᠦ᠂ ᠰᠤᠷᠤᠭᠴᠢᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠨᠠᠩ ᠣᠯᠠᠨ ᠲᠣᠬᠢᠶᠠᠯ ᠬᠠᠩᠭᠠᠭᠰᠠᠨ ᠪᠠᠶᠢᠨ᠎ᠠ᠃      ᠭᠤᠷᠪᠠ ᠳᠤ᠂ ᠮᠠᠨ ᠤ ᠣᠷᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠣᠳᠠᠲᠠᠶ ᠲᠠᠢ ᠨᠡᠶᠢᠴᠡᠨ᠎ᠡ᠃ ᠮᠠᠨ ᠤ ᠣᠷᠣᠨ ᠤ ᠡᠯ᠎ᠡ ᠭᠠᠵᠠᠷ ᠤᠨ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠵᠣᠬᠢᠬᠤ ᠵᠦᠷᠢᠶᠡᠲᠡᠢ ᠪᠠᠶᠢᠵᠤ᠂ᠹᠢᠽᠢᠺ ᠪᠠ ᠲᠡᠦᠬᠡ ᠶᠢ ᠰᠢᠯᠭᠠᠭᠤᠯᠤᠭᠴᠢ ᠶᠢᠨ ᠵᠠᠪᠠᠯ ᠰᠣᠩᠭᠤᠬᠤ ᠬᠢᠴᠢᠶᠡᠯ ᠲᠥᠷᠥᠯ ᠤᠨ ᠨᠢᠭᠡ ᠪᠣᠯᠭᠠᠵᠤ᠂ ᠣᠲᠣ ᠶᠢᠨ ᠪᠠᠶᠢᠭ᠎ᠠ ᠪᠠᠭᠰᠢ᠂ ᠬᠢᠴᠢᠶᠡᠯ ᠤᠨ ᠬᠡᠷ ᠵᠡᠷᠭᠡ ᠨᠥᠬᠦᠴᠡᠯ ᠲᠠᠢ ᠪᠦᠲᠦᠮᠵᠢᠲᠡᠶ ᠵᠣᠯᠭᠠᠭᠤᠯᠵᠤ᠂ ᠠᠳᠠᠯᠢ ᠪᠤᠰᠤ ᠭᠠᠵᠠᠷ ᠣᠷᠣᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠢ ᠬᠥᠲᠥᠯᠥᠨ ᠵᠢᠯᠣᠭᠤᠳᠴᠤ ᠬᠢᠴᠢᠶᠡᠯ ᠲᠥᠷᠥᠯ ᠢ ᠵᠦᠶ ᠵᠣᠬᠢᠰᠲᠠᠶ ᠰᠣᠩᠭᠤᠨ ᠰᠤᠷᠤᠯᠴᠠᠭᠤᠯᠵᠤ᠂ ᠰᠤᠷᠤᠯᠭ᠎ᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠶᠡᠭᠡ ᠰᠤᠷᠭᠠᠭᠤᠯᠢ ᠳᠤ ᠦᠷᠭᠦᠯᠵᠢᠯᠡᠨ ᠰᠣᠳᠤᠯᠵᠤ ᠰᠤᠷᠤᠯᠴᠠᠬᠤ ᠳᠤ ᠪᠠᠲᠤ ᠪᠠᠬᠢ ᠲᠤᠰᠬᠠᠶ ᠮᠡᠷᠭᠡᠵᠢᠯ ᠤᠨ ᠰᠠᠭᠤᠷᠢ ᠶᠢ ᠲᠠᠯᠪᠢᠵᠤ ᠥᠭᠭᠦᠨ᠎ᠡ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠣᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号