ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠨᠠᠮ ᠤᠨ | ᠠᠵᠢᠯᠯᠠᠬᠤ ᠬᠤᠷᠢᠶ᠎ᠠ᠂ ᠬᠡᠷᠡᠭ ᠡᠷᠬᠢᠯᠡᠬᠦ ᠭᠠᠵᠠᠷ᠂ ᠬᠤᠰᠢᠭᠤᠨ ᠰᠢᠭᠤᠳ ᠬᠠᠷᠢᠶ᠎ᠠ ᠡᠯ᠎ᠡ ᠬᠡᠯᠳᠡᠰ ᠵᠥᠪᠯᠡᠯ ᠠᠯᠪᠠᠨ | ᠬᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠥᠢᠯᠡᠰ ᠤᠨ ᠨᠢᠭᠡᠴᠡ᠂ ᠲᠥᠪ ᠣᠷᠣᠨ | ᠬᠤᠲᠠ ᠶᠢᠨ ᠠᠷᠤ ᠬᠤᠷᠴᠢᠨ ᠬᠤᠰᠢᠭᠤᠨ ᠳᠤ ᠪᠠᠶᠢᠭ᠎ᠠ ᠡᠯ᠎ᠡ ᠨᠢᠭᠡᠴᠡ ᠳᠤ᠄ | ᠪᠥᠬᠦ ᠪᠦᠮᠪᠤᠷᠴᠡᠭ ᠤᠨ ᠴᠢᠬᠤᠯᠠ ᠲᠠᠷᠢᠶᠠᠯᠠᠩ ᠤᠨ ᠰᠣᠶᠣᠯ ᠤᠨ ᠥᠪ ᠪᠣᠯᠬᠤ ᠠᠷᠤ ᠬᠤᠷᠴᠢᠨ ᠤ ᠲᠠᠯ᠎ᠠ | ᠨᠤᠲᠤᠭ ᠤᠨ ᠨᠡᠭᠦᠳᠡᠯ ᠮᠠᠯᠵᠢᠯ ᠤᠨ ᠰᠢᠰᠲ᠋ᠧᠮ ᠢ ᠨᠠᠩ ᠰᠠᠶᠢᠲᠤᠷ ᠬᠠᠮᠠᠭᠠᠯᠠᠬᠤ ᠶᠢᠨ ᠲᠥᠯᠥᠭᠡ᠂ | ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ | ᠰᠢᠰᠲ᠋ᠧᠮ ᠤᠨ ᠭᠤᠤᠯ ᠲᠣᠭᠤᠷᠢᠭ ᠲᠤ ᠪᠢᠲᠡᠭᠦᠮᠵᠢᠯᠡᠭᠰᠡᠨ ᠬᠠᠮᠢᠶᠠᠷᠤᠯᠲᠠ ᠶᠠᠪᠤᠭᠤᠯᠵᠤ᠂ ᠠᠯᠪᠠᠨ ᠶᠠᠪᠤᠳᠠᠯ | ᠭᠥᠢᠴᠡᠳᠬᠡᠭᠦ ᠠᠴᠠ ᠭᠠᠳᠠᠨ᠎ᠠ᠂ ᠠᠯᠢᠪᠠ ᠨᠡᠶᠢᠭᠡᠮ ᠪᠠ ᠪᠠᠶᠢᠭᠤᠯᠭ᠎ᠠ ᠨᠢᠭᠡᠴᠡ ᠶᠢᠨ ᠮᠠᠰᠢᠨ ᠲᠡᠷᠭᠡ ᠤᠷᠤᠬᠤ ᠶᠢ | ᠴᠠᠭᠠᠵᠠᠯᠠᠬᠤ ᠪᠠᠷ ᠲᠣᠭᠲᠠᠭᠠᠪᠠ᠃ ᠠᠯᠪᠠᠨ ᠲᠡᠷᠬᠡ ᠨᠡᠭᠦᠳᠡᠯ ᠮᠠᠯᠵᠢᠯ ᠤᠨ ᠤᠷᠤᠨ ᠳᠤ ᠤᠷᠤᠵᠤ ᠭᠠᠷᠬᠤ ᠶᠢ ᠤᠯᠠᠮ | ᠨᠢᠭᠡ ᠠᠯᠬᠤᠮ ᠵᠢᠷᠤᠮᠵᠢᠭᠤᠯᠬᠤ ᠶᠢᠨ ᠲᠤᠰᠠᠳᠠ᠂ ᠨᠡᠭᠦᠳᠡᠯ ᠮᠠᠯᠵᠢᠯ ᠤᠨ ᠣᠷᠣᠨ ᠳᠤ ᠣᠷᠣᠬᠤ ᠲᠡᠷᠭᠡ ᠬᠥᠰᠬᠡ ᠳᠤ | ᠲᠦᠷ ᠨᠡᠪᠲᠡᠷᠡᠬᠦ ᠦᠨᠡᠮᠯᠡᠯ ᠤᠨ ᠨᠡᠪᠲᠡᠷᠡᠬᠦ ᠳᠦᠷᠢᠮ ᠢ ᠬᠡᠷᠡᠭᠵᠢᠭᠦᠯᠬᠦ ᠪᠠᠷ ᠲᠣᠭᠲᠠᠵᠤ᠂ ᠡᠳᠦᠭᠡ ᠬᠤᠯᠪᠣᠭᠳᠠᠯ | ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠨᠡᠭᠦᠳᠡᠯ ᠮᠠᠯᠵᠢᠯ ᠤᠨ ᠣᠷᠣᠨ ᠳᠤ ᠣᠷᠣᠬᠤ ᠶᠢ ᠬᠢᠨᠠᠨ ᠵᠥᠪᠰᠢᠶᠡᠷᠡᠬᠦ ᠲᠤᠬᠠᠶ | ᠡᠯ᠎ᠡ ᠪᠠᠶᠢᠭᠤᠯᠭ᠎ᠠ ᠨᠢᠭᠡᠴᠡ ᠨᠦᠭᠦᠳ ᠠᠯᠪᠠᠨ ᠶᠠᠪᠤᠳᠠᠯ ᠭᠦᠢᠴᠡᠳᠬᠡᠬᠦ ᠬᠡᠷᠡᠭᠴᠡᠭᠡ ᠠᠴᠠ ᠪᠤᠯᠵᠦ ᠨᠡᠭᠦᠳᠡᠯ | ᠮᠠᠯᠵᠢᠯ ᠤᠨ ᠣᠷᠣᠨ ᠳᠤ ᠣᠷᠣᠬᠤ ᠳᠤ ᠬᠦᠷᠪᠡᠯ᠂ 2 ᠡᠳᠦᠷ ᠤᠷᠢᠳᠴᠢᠯᠠᠨ ︽ᠲᠠᠯ᠎ᠠ ᠨᠤᠳᠤᠭ ᠤᠨ ᠨᠡᠭᠦᠳᠡᠯ | ᠮᠠᠯᠵᠢᠯ ᠤᠨ ᠰᠢᠰᠲ᠋ᠧᠮ ᠤᠨ ᠲᠤᠭᠤᠷᠢᠭ ᠲᠤ ᠠᠯᠪᠠᠨ ᠶᠠᠪᠤᠳᠠᠯ ᠢᠶᠠᠷ ᠤᠷᠤᠬᠤ ᠶᠢ ᠬᠢᠨᠠᠨ ᠵᠥᠪᠰᠢᠶᠡᠷᠡᠬᠦ | ᠬᠠᠭᠤᠳᠠᠰᠤ︾ ︵ᠳᠣᠷᠣᠭᠰᠢ ︽ᠬᠢᠨᠠᠨ ᠵᠥᠪᠰᠢᠶᠡᠷᠡᠬᠦ ᠬᠠᠭᠤᠳᠠᠰᠤ︾ ᠭᠡᠵᠦ ᠲᠣᠪᠴᠢᠯᠠᠨ᠎ᠠ︶ ᠪᠠᠨ ᠲᠤᠰᠢᠶᠠᠵᠤ᠂ | ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠤᠳᠤᠷᠢᠳᠤᠯᠭ᠎ᠠ ᠳᠤ ᠮᠡᠳᠡᠭᠦᠯᠦᠨ | ᠭᠠᠷ ᠤᠨ ᠦᠰᠦᠭ ᠵᠢᠷᠤᠭᠤᠯᠵᠤ ᠵᠥᠪᠰᠢᠶᠡᠷᠡᠭᠦᠯᠬᠦ ᠬᠡᠷᠡᠭᠲᠡᠶ᠃ ᠬᠤᠰᠢᠭᠤᠨ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ | ᠪᠠᠶᠢᠭᠤᠯᠭ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠢᠴᠢ ᠡᠯ᠎ᠡ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠠᠴᠠ ᠬᠤᠰᠢᠭᠤᠨ ᠨᠠᠮ ᠤᠨ ᠬᠤᠷᠢᠶᠠᠨ ᠤ ᠠᠯᠪᠠᠨ ᠬᠡᠷ ᠲᠤ ᠭᠤᠶᠤᠴᠢᠯᠠᠯ ᠳᠡᠪᠰᠢᠭᠦᠯᠵᠦ᠂ | ᠬᠤᠰᠢᠭᠤᠨ ᠨᠠᠮ ᠤᠨ ᠬᠤᠷᠢᠶᠠᠨ ᠤ ᠬᠠᠮᠢᠶ᠎ᠠ ᠪᠥᠬᠦᠶ ᠤᠳᠤᠷᠢᠳᠤᠯᠭ᠎ᠠ ᠳᠤ ᠮᠡᠳᠡᠭᠦᠯᠵᠦ ᠭᠠᠷ ᠤᠨ ᠥᠰᠥᠭ | ᠵᠢᠷᠤᠭᠤᠯᠵᠤ ᠵᠥᠪᠰᠢᠶᠡᠷᠡᠭᠦᠯᠦᠨ᠎ᠡ᠃ ᠵᠠᠰᠠᠭ ᠤᠨ ᠣᠷᠳᠣᠨ ᠤ ᠪᠠᠶᠢᠭᠤᠯᠭ᠎ᠠ᠂ ᠡᠯ᠎ᠡ ᠰᠤᠮᠤ ᠰᠢᠶᠠᠩ ᠪᠠᠯᠭᠠᠰᠤ᠂ | ᠵᠡᠭᠡᠯᠢ ᠭᠤᠳᠤᠮᠵᠢ᠂ ᠠᠵᠤ ᠠᠬᠤᠶᠢᠯᠠᠯ ᠠᠵᠢᠯ ᠥᠢᠯᠡᠰ ᠤᠨ ᠨᠢᠭᠡᠴᠡ᠂ ᠲᠥᠪ ᠣᠷᠣᠨ ᠬᠤᠳᠠ ᠶᠢᠨ ᠠᠷᠤ | ᠬᠤᠷᠴᠢᠨ ᠬᠤᠰᠢᠭᠤᠨ ᠳᠤ ᠪᠠᠶᠢᠭ᠎ᠠ ᠡᠯ᠎ᠡ ᠪᠠᠶᠢᠭᠤᠯᠭ᠎ᠠ ᠵᠠᠰᠠᠭ ᠤᠨ ᠣᠷᠳᠣᠨ ᠤ ᠠᠯᠪᠠᠨ ᠬᠡᠷ ᠲᠤ ᠭᠤᠶᠤᠴᠢᠯᠠᠯ | ᠳᠡᠪᠰᠢᠭᠦᠯᠵᠦ᠂ ᠬᠤᠰᠢᠭᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠳᠤ ᠮᠡᠳᠡᠭᠦᠯᠦᠨ | ᠭᠠᠷ ᠤᠨ ᠥᠰᠥᠭ ᠵᠢᠷᠤᠭᠤᠯᠵᠤ ᠵᠥᠪᠰᠢᠶᠡᠷᠡᠭᠦᠯᠦᠨ᠎ᠡ᠃ | ᠳᠡᠭᠡᠳᠦ ᠱᠠᠲᠤᠨ ᠤ ᠪᠠᠶᠢᠴᠠᠭᠠᠨ ᠰᠤᠳᠤᠯᠤᠯᠲᠠ᠂ ᠬᠠᠤᠯᠢ ᠬᠡᠷᠡᠭᠵᠢᠭᠦᠯᠬᠦ ᠵᠡᠷᠭᠡ ᠠᠯᠪᠠᠨ ᠶᠠᠪᠤᠳᠠᠯ ᠤᠨ | ᠠᠵᠢᠯᠯᠠᠭ᠎ᠠ ᠠᠴᠠ ᠪᠣᠯᠵᠤ ᠨᠡᠭᠦᠳᠡᠯ ᠮᠠᠯᠵᠢᠯ ᠤᠨ ᠣᠷᠣᠨ ᠳᠤ ᠣᠷᠣᠬᠤ ᠴᠢᠬᠤᠯᠠ ᠲᠠᠢ ᠡᠯ᠎ᠡ ᠪᠠᠶᠢᠭᠤᠯᠭ᠎ᠠ ᠨᠢᠭᠡᠴᠡ | ᠲᠣᠭᠲᠠᠭᠠᠯ ᠶᠣᠰᠣᠭᠠᠷ ︽ᠬᠢᠨᠠᠨ ᠵᠥᠪᠰᠢᠶᠡᠷᠡᠬᠦ ᠬᠠᠭᠤᠳᠠᠰᠤ︾ ᠲᠤᠰᠢᠶᠠᠬᠤ ᠠᠴᠠ ᠭᠠᠳᠠᠨ᠎ᠠ᠂ ᠪᠠᠰᠠ ᠳᠡᠭᠡᠳᠦ | ᠱᠠᠲᠤᠨ ᠤ ᠪᠠᠶᠢᠴᠠᠭᠠᠨ ᠰᠤᠳᠤᠯᠤᠯᠲᠠ ᠬᠢᠬᠦ᠂ ᠬᠠᠤᠯᠢ ᠬᠡᠷᠡᠭᠵᠢᠭᠦᠯᠬᠦ ᠵᠡᠷᠭᠡ ᠬᠠᠮᠢᠶ᠎ᠠ ᠪᠥᠬᠦᠶ ᠠᠯᠪᠠᠨ ᠶᠣᠰᠣᠨ ᠤ | ᠮᠡᠳᠡᠭᠳᠡᠯ ᠤᠨ ᠪᠢᠴᠢᠭ ᠮᠠᠲ᠋ᠧᠷᠢᠶᠠᠯ ᠢ ᠬᠠᠩᠭᠠᠬᠤ ᠭᠡᠷᠡᠭᠳᠡᠢ᠃ | ᠬᠤᠰᠢᠭᠤᠨ ᠱᠠᠲᠤᠨ ᠤ ᠪᠠᠶᠢᠴᠠᠭᠠᠨ ᠰᠤᠳᠤᠯᠤᠯᠲᠠ᠂ ᠬᠠᠤᠯᠢ ᠬᠡᠷᠡᠭᠵᠢᠭᠦᠯᠬᠦ ᠵᠡᠷᠭᠡ ᠠᠯᠪᠠᠨ ᠶᠠᠪᠤᠳᠠᠯ ᠤᠨ | ᠠᠵᠢᠯᠯᠠᠭ᠎ᠠ ᠪᠤᠶᠤ ᠮᠠᠯᠴᠢᠳ ᠤᠨ ᠥᠢᠯᠡᠳᠪᠤᠷᠢᠯᠠᠯ ᠠᠮᠢᠳᠤᠷᠠᠯ ᠳᠤ ᠥᠢᠯᠡᠴᠢᠯᠡᠭᠦ ᠡᠯ᠎ᠡ ᠲᠥᠷᠥᠯ ᠤᠨ ᠠᠵᠢᠯᠯᠠᠭ᠎ᠠ | ᠥᠷᠨᠢᠭᠦᠯᠬᠦ ᠠᠴᠠ ᠪᠣᠯᠵᠤ ᠨᠡᠭᠦᠳᠡᠯ ᠮᠠᠯᠵᠢᠯ ᠤᠨ ᠣᠷᠣᠨ ᠳᠤ ᠣᠷᠣᠬᠤ ᠴᠢᠬᠤᠯᠠᠲᠠᠶ ᠡᠯ᠎ᠡ ᠨᠢᠭᠡᠴᠡ ᠲᠤᠰ ᠵᠢᠯ ᠤᠨ | ᠪᠠᠶᠢᠴᠠᠭᠠᠨ ᠰᠤᠳᠤᠯᠤᠯᠲᠠ ᠬᠢᠬᠦ᠂ ᠬᠠᠤᠯᠢ ᠬᠡᠷᠡᠭᠵᠢᠭᠦᠯᠬᠦ ᠵᠢᠴᠢ ᠨᠡᠭᠦᠳᠡᠯ ᠮᠠᠯᠵᠢᠯ ᠤᠨ ᠣᠷᠣᠨ ᠤ ᠮᠠᠯᠴᠢᠳ ᠲᠤ | ᠦᠢᠯᠡᠴᠢᠯᠡᠬᠦ ᠡᠯ᠎ᠡ ᠲᠥᠷᠥᠯ ᠤᠨ ᠠᠵᠢᠯᠯᠠᠭ᠎ᠠ ᠶᠢᠨ ᠠᠵᠢᠯ ᠤᠨ ᠲᠥᠯᠥᠪᠯᠡᠭᠡ ᠪᠠᠨ ᠤᠷᠢᠳᠴᠢᠯᠠᠨ ᠲᠣᠭᠲᠠᠭᠠᠬᠤ ᠶᠢᠨ | ᠬᠠᠮᠲᠤ ᠥᠪᠥᠷ ᠮᠣᠩᠭᠤᠯ ᠤᠨ ᠲᠠᠯ᠎ᠠ ᠶᠢᠨ ᠬᠤᠸ᠋ᠨ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ | ᠬᠠᠮᠢᠶᠠᠷᠤᠯᠳᠠ ᠬᠠᠮᠠᠭᠠᠯᠠᠯᠳᠠ ᠶᠢᠨ ᠲᠥᠪ ᠲᠤ ᠮᠡᠳᠡᠭᠦᠯᠵᠦ᠂ ᠲᠥᠯᠥᠪᠯᠡᠭᠡ ᠳᠡᠭᠡᠨ ᠲᠤᠰ ᠵᠢᠯ ᠤᠨ ᠨᠡᠭᠦᠳᠡᠯ | ᠮᠠᠯᠵᠢᠯ ᠤᠨ ᠣᠷᠣᠨ ᠳᠤ ᠣᠷᠣᠬᠤ ᠤᠳᠠᠭ᠎ᠠ᠂ ᠤᠳᠠᠭ᠎ᠠ ᠪᠦᠷᠢ ᠶᠢᠨ ᠣᠷᠣᠬᠤ ᠵᠣᠷᠢᠯᠭ᠎ᠠ᠂ ᠴᠠᠭ᠂ ᠡᠳᠦᠷ ᠤᠨ | ᠲᠤᠭ᠎ᠠ᠂ ᠬᠥᠮᠦᠨ᠂ ᠲᠡᠷᠭᠡ ᠬᠥᠰᠬᠡ ᠵᠡᠷᠭᠡ ᠮᠡᠳᠡᠭᠡ ᠵᠠᠩᠭᠢ ᠶᠢ ᠲᠣᠳᠣᠷᠬᠠᠶᠢᠯᠠᠬᠤ ᠬᠡᠷᠡᠭᠲᠡᠶ᠃ ᠡᠯ᠎ᠡ | ᠨᠢᠭᠡᠴᠡ ᠠᠵᠢᠯ ᠤᠨ ᠲᠥᠯᠥᠪᠯᠡᠭᠡ ᠪᠠᠨ ᠬᠢᠨᠠᠮᠠᠭᠠᠶ ᠲᠤᠬᠳᠠᠭᠠᠵᠦ᠂ ᠨᠡᠭᠦᠳᠡᠯ ᠮᠠᠯᠵᠢᠯ ᠤᠨ ᠣᠷᠣᠨ ᠳᠤ ᠣᠷᠣᠬᠤ | ᠴᠠᠭ ᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠶ᠂ ︽ᠬᠢᠨᠠᠨ ᠵᠥᠪᠰᠢᠶᠡᠷᠡᠬᠦ ᠬᠠᠭᠤᠳᠠᠰᠤ︾ ᠳᠤ | ᠣᠷᠣᠬᠤ ᠪᠠᠷ ᠭᠤᠶᠤᠴᠢᠯᠠᠭᠰᠠᠨ ᠴᠠᠭ ᠬᠤᠭᠤᠴᠠᠭ᠎ᠠ ᠪᠣᠯᠤᠨ ᠠᠵᠢᠯ ᠤᠨ ᠲᠥᠯᠥᠪᠯᠡᠭᠡ ᠨᠢ ᠨᠢᠭᠡᠳᠦᠯ ᠦᠭᠡᠶ ᠪᠣᠯ | ᠵᠠᠷᠴᠢᠮ ᠳᠡᠭᠡᠷ᠎ᠡ ᠪᠠᠨ ᠵᠥᠪᠰᠢᠶᠡᠷᠡᠬᠦ ᠦᠭᠡᠶ ᠪᠠᠶᠢᠬᠤ ᠬᠡᠷᠡᠭᠲᠡᠶ᠃ | ᠬᠤᠶᠠᠷ᠂ ᠨᠡᠭᠦᠳᠡᠯ ᠮᠠᠯᠵᠢᠯ ᠤᠨ ᠣᠷᠣᠨ ᠳᠤ ᠤᠷᠤᠬᠤ ᠬᠠᠮᠢᠶᠠᠷᠤᠯᠲᠠ ᠶᠢᠨ ᠲᠤᠬᠠᠢ | ︽ᠬᠢᠨᠠᠨ ᠵᠥᠪᠰᠢᠶᠡᠷᠡᠬᠦ ᠬᠠᠭᠤᠳᠠᠰᠤ︾ ᠶᠢ ᠤᠳᠤᠷᠢᠳᠤᠯᠭ᠎ᠠ ᠭᠠᠷ ᠤᠨ ᠥᠰᠥᠭ ᠵᠢᠷᠤᠵᠤ | ᠵᠥᠪᠰᠢᠶᠡᠷᠡᠭᠰᠡᠨ ᠤ ᠳᠠᠷᠠᠭ᠎ᠠ᠂ ᠥᠪᠥᠷ ᠮᠣᠩᠭᠤᠯ ᠤᠨ ᠲᠠᠯ᠎ᠠ ᠶᠢᠨ ᠬᠤᠸᠠ ᠤᠯᠤᠰ ᠤᠨ ᠲᠠᠯ᠎ᠠ ᠨᠤᠲᠤᠭ ᠤᠨ | ᠪᠠᠶᠢᠭᠠᠯᠢ ᠶᠢᠨ ᠴᠡᠴᠡᠷᠯᠢᠭ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ ᠠᠴᠠ ᠣᠷᠣᠵᠤ ᠢᠷᠡᠬᠦ ᠲᠡᠷᠭᠡ ᠬᠥᠰᠬᠡ ᠳᠤ | ᠲᠦᠷ ᠴᠠᠭ ᠤᠨ ᠨᠡᠪᠲᠡᠷᠡᠬᠦ ᠦᠨᠡᠮᠯᠡᠯ᠂ ᠨᠢᠭᠡ ᠲᠡᠷᠬᠡ ᠳᠤ ᠨᠢᠭᠡ ᠦᠨᠡᠮᠯᠡᠯ ᠬᠢᠨᠠᠨ ᠤᠯᠭᠤᠬᠤ ᠶᠢᠨ ᠬᠠᠮᠳᠤ ᠰᠠᠶᠢᠳᠤᠷ | ᠳᠡᠩᠰᠡᠯᠡᠨ ᠲᠡᠮᠳᠡᠭᠯᠡᠨ᠎ᠡ᠃ ᠲᠦᠷ ᠴᠠᠭ ᠤᠨ ᠨᠡᠪᠲᠡᠷᠡᠬᠦ ᠥᠨᠡᠮᠯᠡᠯ ᠤᠨ ᠲᠡᠷᠭᠡᠨ ᠤ ᠰᠤᠷᠠᠭ ᠵᠠᠩᠭᠢ ᠶᠢ | ᠳᠤᠷ᠎ᠠ ᠪᠠᠷ ᠢᠶᠠᠨ ᠥᠭᠡᠷᠡᠴᠢᠯᠡᠵᠦ᠂ ᠪᠤᠰᠤᠳ ᠲᠤ ᠵᠢᠭᠡᠯᠡᠭᠦᠯᠦᠨ ᠥᠭᠴᠦ ᠪᠣᠯᠬᠤ ᠦᠭᠡᠢ᠂ ᠠᠯᠪᠠᠨ ᠠᠵᠢᠯ | ᠳᠠᠭᠤᠰᠤᠭᠰᠠᠨ ᠤ ᠳᠠᠷᠠᠭ᠎ᠠ ᠬᠠᠷᠠᠭᠤᠯ ᠤᠨ ᠦᠷᠳᠡᠭᠡ ᠠᠴᠠ ᠬᠤᠷᠢᠶᠠᠨ ᠠᠪᠤᠨ᠎ᠠ᠃ | ᠥᠪᠥᠷ ᠮᠣᠩᠭᠤᠯ ᠤᠨ ᠲᠠᠯ᠎ᠠ ᠶᠢᠨ ᠬᠤᠸᠠ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ | ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠭᠤᠭᠤᠰᠤᠳᠠᠢ ᠬᠠᠨ ᠠᠭᠤᠯᠠ ᠶᠢᠨ ᠤᠯᠤᠰ ᠤᠨ ᠲᠠᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠨᠡᠭᠦᠳᠡᠯ ᠮᠠᠯᠵᠢᠯ ᠤᠨ ᠣᠷᠣᠨ ᠳᠤ | ᠨᠡᠪᠲᠡᠷᠡᠬᠦ ᠬᠠᠮᠢᠶᠠᠷᠤᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠨᠡᠪᠲᠡᠷᠡᠬᠦ ᠦᠨᠡᠮᠯᠡᠯ | ᠥᠬᠡᠶ ᠲᠡᠷᠭᠡ ᠬᠥᠰᠬᠡ ᠶᠢ ᠴᠥᠮ ᠶᠠᠪᠤᠭᠤᠯᠵᠤ ᠪᠣᠯᠬᠤ ᠥᠬᠡᠶ᠂ ᠳᠤᠷ᠎ᠠ ᠪᠠᠷ ᠢᠶᠠᠨ ᠣᠷᠣᠵᠤ ᠢᠷᠡᠭᠰᠡᠨ ᠲᠡᠷᠭᠡ ᠶᠢ | ᠣᠯᠵᠤ ᠮᠡᠳᠡᠪᠡᠯ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ ᠵᠠᠷᠯᠢᠭᠳᠠᠵᠤ ᠪᠠᠶᠢᠭᠠᠳ ᠴᠠᠭ ᠬᠢᠵᠠᠭᠠᠷᠯᠠᠨ ᠨᠡᠭᠦᠳᠡᠯ | ᠮᠠᠯᠵᠢᠯ ᠤᠨ ᠤᠷᠤᠨ ᠠᠴᠠ ᠭᠠᠷᠭᠠᠨ᠎ᠠ᠃ ᠬᠠᠮᠢᠶᠠᠷᠤᠯᠲᠠ ᠶᠢᠨ ᠠᠵᠢᠯᠲᠠᠨ ᠲᠣᠭᠲᠠᠭᠠᠯ ᠶᠣᠰᠣᠭᠠᠷ ᠴᠢᠩᠭ᠎ᠠ | ᠬᠡᠷᠡᠭᠵᠢᠭᠦᠯᠦᠭᠰᠡᠨ ᠥᠬᠡᠶ᠂ ᠲᠣᠭᠲᠠᠭᠠᠯ ᠠᠴᠠ ᠵᠥᠷᠢᠴᠡᠭᠰᠡᠨ ᠪᠠ ᠳᠤᠷ᠎ᠠ ᠪᠠᠷ ᠢᠶᠠᠨ ᠲᠠᠯᠪᠢᠵᠤ ᠶᠠᠪᠤᠭᠤᠯᠤᠭᠰᠠᠨ | ᠥᠢᠯᠡ ᠠᠵᠢᠯᠯᠠᠭ᠎ᠠ ᠲᠠᠢ ᠪᠠᠶᠢᠪᠠᠯ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | | | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠤ ᠬᠤᠷᠴᠢᠨ ᠬᠤᠰᠢᠭᠤᠨ ᠬᠤᠷᠢᠶ᠎ᠠ ᠶᠢᠨ ᠠᠯᠪᠠᠨ ᠭᠡᠷ | | ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠠ ᠬᠡᠷ | 2022ᠤᠨ ᠤ 7 ᠰᠠᠷ᠎ᠠ ᠶᠢᠨ 19 ᠤ ᠡᠳᠤᠷ | | |