| ᠥᠪᠥᠷ ᠵᠠᠰᠠᠭ ᠲᠠᠷᠬᠠᠭᠠᠭᠰᠠᠨ ︹2022︺ 18 ᠳ᠋ᠤᠭᠠᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ | ᠰᠢᠯᠭᠠᠯᠲᠠ ᠪᠠᠷ ᠰᠤᠷᠤᠭᠴᠢ ᠡᠯᠰᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠭᠦᠨᠵᠡᠭᠡᠶᠢᠷᠡᠭᠦᠯᠦᠯᠲᠡ ᠶᠢ | ᠬᠡᠷᠡᠭᠵᠢᠭᠦᠯᠬᠦ ᠲᠥᠰᠦᠯ︾ ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | 2022 ᠣᠨ ᠤ 6 ᠰᠠᠷ᠎ᠠ ᠶᠢᠨ 22 ᠤᠨ ᠡᠳᠦᠷ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ | ᠰᠢᠯᠭᠠᠯᠲᠠ ᠪᠠᠷ ᠰᠤᠷᠤᠭᠴᠢ ᠡᠯᠰᠡᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠭᠦᠨᠵᠡᠭᠡᠶᠢᠷᠡᠭᠦᠯᠦᠯᠲᠡ ᠶᠢ | ᠬᠡᠷᠡᠭᠵᠢᠭᠦᠯᠬᠦ ᠲᠥᠰᠦᠯ | ︽︿ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠡᠷᠦᠩᠬᠡᠶ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠪ ᠲᠠᠷᠬᠠᠭᠠᠭᠰᠠᠨ | ︹2020︺19 ᠳ᠋ᠦ᠋ᠭᠡᠷ ᠲᠣᠭᠠᠲᠤ︶᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠢᠯᠭᠠᠯᠲᠠ ᠪᠠᠷ ᠰᠣᠷᠣᠭᠴᠢ | ᠡᠯᠰᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ︵ᠲᠥᠷᠥ | ᠲᠠᠷᠬᠠᠭᠠᠭᠰᠠᠨ ︹2014︺ 35 ᠳ᠋ᠤᠭᠠᠷ ᠲᠣᠭᠠᠲᠤ︶ ᠪᠠ ︽ᠰᠢᠨ᠎ᠡ ᠴᠠᠭ ᠦᠶ᠎ᠡ ᠶᠢᠨ ᠡᠩ ᠤᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠮᠦᠨ ᠢ ᠬᠥᠮᠦᠵᠢᠭᠦᠯᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ | ᠲᠥᠷᠥ ᠠᠯᠪᠠᠨ ᠲᠠᠷᠬᠠᠭᠠᠭᠰᠠᠨ ︹2019︺ 29 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ | ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠥᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠪᠠ ᠪᠦᠬᠦ | ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ᠶᠣᠰᠣ ᠰᠤᠷᠲᠠᠬᠤᠨ ᠢ ᠪᠣᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ | ᠡᠭᠦᠷᠭᠡ ᠶᠢ ᠨᠠᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠯᠠᠨ ᠶᠠᠩᠵᠤᠴᠢᠯᠠᠭᠰᠠᠨ | ᠥᠨᠳᠥᠷ ᠬᠡᠪ ᠴᠢᠨᠠᠷ ᠪᠦᠬᠦᠢ ᠴᠢᠳᠠᠪᠤᠷᠢᠲᠠᠨ ᠤ ᠬᠡᠷᠡᠭᠴᠡᠭᠡ ᠳᠤ ᠵᠣᠬᠢᠴᠠᠭᠤᠯᠵᠤ᠂ ᠰᠤᠷᠤᠭᠴᠢᠳ ᠤᠨ ᠡᠷᠡᠭᠦᠯ ᠢᠶᠠᠷ | ᠬᠥᠭᠵᠢᠬᠦ ᠶᠢ ᠠᠬᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠢ ᠰᠢᠨᠵᠢᠯᠡᠬᠦ ᠤᠬᠠᠭᠠᠨᠴᠢ ᠪᠠᠷ ᠰᠣᠩᠭᠤᠬᠤ ᠪᠠ | ᠨᠡᠶᠢᠭᠡᠮ ᠤᠨ ᠡᠷᠬᠡ ᠲᠡᠭᠰᠢ ᠶᠢ ᠬᠠᠮᠠᠭᠠᠯᠠᠬᠤ ᠳᠤ ᠠᠰᠢᠭᠲᠠᠢ ᠪᠠᠶᠢᠬᠤ ᠡᠭᠦᠳᠡᠨ ᠠᠴᠠ ᠬᠡᠪ ᠴᠢᠨᠠᠷ ᠤᠨ ᠰᠤᠷᠭᠠᠨ | ᠬᠥᠮᠦᠵᠢᠯ ᠢ ᠪᠦᠬᠦ ᠲᠠᠯ᠎ᠠ ᠪᠠᠷ ᠬᠥᠭᠵᠢᠭᠦᠯᠵᠦ᠂ ᠰᠢᠯᠭᠠᠯᠲᠠ ᠪᠠᠷ ᠰᠤᠷᠤᠭᠴᠢ ᠡᠯᠰᠡᠬᠦ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠪᠠ ᠣᠷᠣᠨ ᠪᠦᠰᠡ ᠶᠢᠨ ᠴᠢᠳᠠᠪᠤᠷᠢᠲᠠᠨ ᠢ ᠬᠥᠮᠦᠵᠢᠭᠦᠯᠬᠦ | ᠪᠠᠶᠢᠯᠳᠤᠬᠤ ᠪᠣᠳᠣᠯᠭ᠎ᠠ ᠳᠤ ᠤᠯᠠᠮ ᠨᠢᠭᠡ ᠠᠯᠬᠤᠮ ᠦᠢᠯᠡᠴᠢᠯᠡᠵᠦ᠂ ᠣᠳᠣᠬᠢᠴᠢᠯᠠᠭᠰᠠᠨ ᠥᠪᠥᠷ ᠮᠣᠩᠭᠤᠯ ᠢ | ᠪᠦᠲᠦᠭᠡᠨ ᠪᠠᠶᠢᠭᠤᠯᠬᠤ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠢ ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | 1. ᠬᠥᠮᠦᠨ ᠢ ᠬᠥᠮᠦᠵᠢᠭᠦᠯᠬᠦ ᠪᠠᠷ ᠦᠨᠳᠦᠰᠦ ᠪᠣᠯᠭᠠᠬᠤ ᠶᠢ ᠪᠠᠷᠢᠮᠲᠠᠯᠠᠨ᠎ᠠ᠃ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠵᠢᠮ᠎ᠡ ᠶᠣᠰᠣ ᠪᠠ ᠴᠢᠳᠠᠪᠤᠷᠢᠲᠠᠨ ᠤ ᠦᠰᠦᠨ ᠪᠤᠶᠢᠵᠢᠬᠤ ᠵᠢᠮ᠎ᠡ ᠶᠣᠰᠣ ᠶᠢ ᠵᠢᠷᠤᠮᠯᠠᠨ᠂ ᠬᠥᠮᠦᠨ ᠢ | ᠵᠥᠪ ᠬᠥᠮᠦᠵᠢᠭᠦᠯᠬᠦ ᠪᠠᠷ ᠤᠳᠤᠷᠢᠳᠤᠮᠵᠢ ᠪᠣᠯᠭᠠᠬᠤ ᠪᠠ ᠬᠡᠪ ᠴᠢᠨᠠᠷ ᠤᠨ ᠰᠤᠷᠭᠠᠨ ᠬᠥᠮᠦᠵᠢᠯ ᠢ ᠬᠥᠭᠵᠢᠭᠦᠯᠬᠦ ᠶᠢ | ᠪᠠᠷᠢᠮᠲᠠᠯᠠᠵᠤ᠂ ᠶᠣᠰᠣ ᠰᠤᠷᠲᠠᠬᠤᠨ᠂ ᠣᠶᠤᠨ ᠤᠬᠠᠭᠠᠨ᠂ ᠪᠡᠶ᠎ᠡ ᠮᠠᠬᠠᠪᠣᠳ᠂ ᠭᠤᠸ᠎ᠠ ᠰᠠᠶᠢᠬᠠᠨ᠂ ᠬᠥᠳᠡᠯᠮᠦᠷᠢ | ᠵᠡᠷᠭᠡ ᠶᠢ ᠪᠥᠬᠦ ᠲᠠᠯ᠎ᠠ ᠪᠠᠷ ᠬᠥᠮᠦᠵᠢᠭᠦᠯᠬᠦ ᠰᠤᠷᠭᠠᠨ ᠬᠥᠮᠦᠵᠢᠯ ᠤᠨ ᠳᠣᠭᠲᠠᠯᠴᠠᠭ᠎ᠠ ᠶᠢ ᠴᠢᠷᠮᠠᠶᠢᠨ ᠪᠠᠶᠢᠭᠤᠯᠤᠨ᠎ᠠ᠃ | 2. ᠡᠷᠬᠡ ᠲᠡᠭᠰᠢ ᠲᠥᠪ ᠭᠤᠤᠯᠴᠢ ᠶᠢ ᠪᠠᠷᠢᠮᠲᠠᠯᠠᠨ᠎ᠠ᠃ ᠡᠷᠬᠡ ᠲᠡᠭᠰᠢ ᠲᠥᠪ ᠭᠤᠤᠯᠴᠢ ᠪᠠᠶᠢᠬᠤ ᠶᠢ | ᠠᠬᠢᠭᠤᠯᠬᠤ ᠶᠢ ᠥᠭᠡᠷᠡᠴᠢᠯᠡᠯᠲᠡ ᠶᠢᠨ ᠦᠨᠳᠦᠰᠦᠨ ᠥᠷᠲᠡᠭ ᠤᠨ ᠬᠠᠨᠳᠤᠰᠢ ᠪᠣᠯᠭᠠᠵᠤ᠂ ᠲᠥᠷᠥ ᠶᠢᠨ | ᠪᠣᠳᠣᠯᠭ᠎ᠠ ᠶᠢᠨ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠠᠶᠢᠭᠤᠯᠤᠯ ᠲᠣᠭᠲᠠᠴᠠ ᠶᠢ ᠪᠦᠷᠢᠳᠦᠭᠦᠯᠵᠦ᠂ | ᠰᠢᠯᠭᠠᠯᠲᠠ ᠪᠠᠷ ᠰᠣᠷᠣᠭᠴᠢ ᠡᠯᠰᠡᠬᠦ ᠲᠣᠬᠢᠶᠠᠯ ᠤᠨ ᠡᠷᠬᠡ ᠲᠡᠭᠰᠢ᠂ ᠲᠠᠰ ᠳᠠᠷᠠᠭᠠᠯᠠᠯ ᠤᠨ ᠢᠯᠡ ᠲᠣᠳᠣ᠂ ᠦᠷ᠎ᠡ | ᠳ᠋ᠦᠩ ᠤᠨ ᠲᠥᠪ ᠭᠤᠤᠯᠴᠢ ᠶᠢ ᠦᠨᠡᠨ ᠬᠦ ᠪᠠᠲᠤᠯᠠᠨ᠎ᠠ᠃ | 3. ᠰᠢᠨᠵᠢᠯᠡᠬᠦ ᠤᠬᠠᠭᠠᠨᠴᠢ ᠪᠠᠷ ᠴᠢᠳᠠᠪᠤᠷᠢᠲᠠᠨ ᠢ ᠰᠣᠩᠭᠤᠬᠤ ᠶᠢ ᠪᠠᠷᠢᠮᠲᠠᠯᠠᠨ᠎ᠠ᠃ ᠶᠡᠷᠦᠩᠬᠡᠶᠢᠯᠡᠨ ᠦᠨᠡᠯᠡᠬᠦ | ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠤᠭᠴᠢᠳ ᠤᠨ ᠰᠣᠩᠭᠤᠬᠤ ᠡᠷᠬᠡ ᠶᠢ ᠨᠡᠮᠡᠭᠳᠡᠭᠦᠯᠵᠦ᠂ | ᠳᠡᠭᠡᠳᠦ ᠰᠤᠷᠭᠠᠭᠤᠯᠢ ᠪᠠ ᠰᠤᠷᠤᠭᠴᠢᠳ ᠤᠨ ᠬᠠᠷᠢᠯᠴᠠᠨ ᠰᠣᠩᠭᠤᠬᠤ ᠣᠯᠠᠨ ᠶᠠᠩᠵᠤᠲᠤ ᠴᠢᠨᠠᠷ ᠪᠣᠯᠤᠨ ᠢᠵᠢᠯᠰᠢᠬᠦ | ᠬᠡᠮᠵᠢᠶ᠎ᠡ ᠶᠢ ᠴᠢᠩᠭᠠᠳᠬᠠᠵᠤ᠂ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠵᠠᠭᠪᠤᠷ ᠪᠣᠯᠤᠨ ᠴᠢᠳᠠᠪᠤᠷᠢᠲᠠᠨ ᠢ | ᠬᠥᠮᠦᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠣᠯᠤᠨ | ᠦᠢᠯᠡᠳᠦᠯᠭᠡ ᠶᠢᠨ ᠴᠢᠳᠠᠪᠤᠷᠢ ᠲᠠᠢ ᠥᠨᠳᠥᠷ ᠮᠡᠳᠡᠯᠭᠡ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠥᠵᠢᠭᠦᠯᠦᠨ᠎ᠡ᠃ | 4. ᠨᠢᠭᠡᠳᠦᠯᠲᠡᠶ ᠲᠥᠯᠥᠪᠯᠡᠨ ᠰᠦᠪᠡᠭᠴᠢᠯᠡᠬᠦ ᠶᠢ ᠪᠠᠷᠢᠮᠲᠠᠯᠠᠨ᠎ᠠ᠃ ᠯᠠᠪᠳᠠᠭᠤᠨ ᠢᠶᠠᠷ ᠤᠷᠤᠭᠰᠢᠯᠠᠵᠤ᠂ | ᠣᠶᠢᠷ᠎ᠠ ᠶᠢᠨ ᠬᠤᠭᠤᠴᠠᠭᠠᠨ ᠤ ᠬᠠᠷᠠᠯᠲᠠ ᠪᠣᠯᠤᠨ ᠠᠯᠤᠰ ᠬᠡᠳᠦ ᠶᠢᠨ ᠬᠠᠷᠠᠯᠲᠠ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠨ᠎ᠡ︔ ᠰᠢᠰᠲ᠋ᠧᠮᠲᠡᠢ ᠲᠥᠯᠦᠪᠯᠡᠵᠦ᠂ ᠰᠠᠭᠤᠷᠢ ᠰᠤᠷᠭᠠᠨ ᠬᠥᠮᠦᠵᠢᠯ ᠪᠠ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠬᠤᠭᠤᠷᠣᠨᠳᠣᠬᠢ ᠵᠣᠯᠭᠠᠯᠴᠠᠭ᠎ᠠ ᠪᠠ ᠨᠡᠪᠲᠡᠷᠡᠯᠴᠡᠭᠡ ᠶᠢ ᠴᠢᠩᠭᠠᠳᠬᠠᠨ᠎ᠠ︔ ᠬᠠᠮᠵᠢᠯᠴᠠᠨ ᠠᠬᠢᠭᠤᠯᠵᠤ᠂ | ᠵᠢᠭᠠᠨ ᠰᠤᠷᠭᠠᠯᠲᠠ᠂ ᠰᠢᠯᠭᠠᠯᠲᠠ᠂ ᠰᠤᠷᠤᠭᠴᠢ ᠡᠯᠰᠡᠬᠦ᠂ ᠦᠨᠡᠯᠡᠬᠦ ᠵᠡᠷᠭᠡ ᠲᠠᠯ᠎ᠠ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠨ᠎ᠡ︔ ᠪᠣᠳᠠᠲᠤ ᠪᠠᠶᠢᠳᠠᠯ ᠳᠤ ᠰᠠᠭᠤᠷᠢᠯᠠᠨ᠂ ᠮᠠᠨ ᠤ ᠣᠷᠣᠨ ᠤ ᠰᠤᠷᠭᠠᠨ ᠬᠥᠮᠦᠵᠢᠯ ᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠠᠰᠠᠭᠤᠳᠠᠯ ᠢ ᠰᠢᠢᠳᠪᠦᠷᠢᠯᠡᠨ᠎ᠡ᠃ | ︵ᠭᠤᠷᠪᠠ︶ ᠥᠭᠡᠷᠡᠴᠢᠯᠡᠯᠲᠡ ᠶᠢᠨ ᠬᠠᠷᠠᠯᠲᠠ 2022 ᠣᠨ ᠤ ᠨᠠᠮᠤᠷ ᠤᠨ ᠤᠯᠠᠷᠢᠯ ᠳᠤ ᠰᠤᠷᠭᠠᠭᠤᠯᠢ ᠳᠤ | ᠣᠷᠣᠬᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢᠳ ᠠᠴᠠ | ᠡᠬᠢᠯᠡᠨ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠪᠠ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠬᠢᠷᠢ | ᠪᠦᠲᠦᠮᠵᠢ ᠳᠤ ᠰᠠᠭᠤᠷᠢᠯᠠᠭᠰᠠᠨ᠂ ᠶᠡᠷᠦᠩᠬᠡᠶᠢᠯᠡᠭᠰᠡᠨ ᠬᠡᠪ ᠴᠢᠨᠠᠷ ᠢ ᠦᠨᠡᠯᠡᠬᠦ ᠪᠠᠷ ᠯᠠᠪᠯᠠᠯᠲᠠ ᠪᠣᠯᠭᠠᠭᠰᠠᠨ ᠳᠡᠭᠡᠳᠦ | ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠵᠠᠭᠪᠤᠷ ᠢ ᠬᠡᠷᠡᠭᠵᠢᠭᠦᠯᠦᠨ᠎ᠡ︔ 2025 ᠣᠨ ᠪᠣᠯᠬᠤ ᠳᠤ | ᠲᠥᠷᠥᠯ ᠬᠤᠪᠢᠶᠠᠨ ᠰᠢᠯᠭᠠᠬᠤ᠂ ᠶᠡᠷᠦᠩᠬᠡᠶᠢᠯᠡᠨ ᠦᠨᠡᠯᠡᠬᠦ᠂ ᠣᠯᠠᠨ ᠡᠰᠢᠵᠢᠬᠦᠯᠦᠨ ᠡᠯᠰᠡᠬᠦ ᠳᠡᠭᠡᠳᠦ | ᠰᠤᠷᠭᠠᠭᠤᠯᠢ ᠳᠤ ᠰᠢᠯᠭᠠᠯᠲᠠ ᠪᠠᠷ ᠰᠣᠷᠣᠭᠴᠢ ᠡᠯᠰᠡᠬᠦ ᠲᠦᠷᠢᠮ ᠢ ᠦᠨᠳᠦᠰᠦᠨ ᠳᠤ ᠪᠠᠨ ᠪᠦᠷᠢᠯᠳᠦᠭᠦᠯᠵᠦ᠂ ᠲᠥᠪ | ᠭᠤᠤᠯᠴᠢ ᠶᠢ ᠠᠬᠢᠭᠤᠯᠬᠤ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠲᠠᠨ ᠢ ᠰᠣᠩᠭᠤᠬᠤ᠂ ᠴᠢᠩᠭ᠎ᠠ ᠬᠢᠨᠠᠯᠲᠠ | ᠲᠠᠯᠪᠢᠬᠤ ᠳᠡᠭᠡᠳᠦ ᠰᠤᠷᠭᠠᠭᠤᠯᠢ ᠳᠤ ᠰᠢᠯᠭᠠᠯᠲᠠ ᠪᠠᠷ ᠰᠣᠷᠣᠭᠴᠢ ᠡᠯᠰᠡᠬᠦ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ | ᠰᠢᠯᠭᠠᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ 2022 ᠣᠨ ᠤ ᠨᠠᠮᠤᠷ ᠤᠨ ᠤᠯᠠᠷᠢᠯ ᠳᠤ ᠰᠤᠷᠭᠠᠭᠤᠯᠢ ᠳᠤ | ᠣᠷᠣᠬᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢᠳ ᠠᠴᠠ ᠡᠬᠢᠯᠡᠨ᠂ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢ | ᠬᠢᠷᠢ ᠲᠡᠩᠴᠡᠭᠦ ᠴᠢᠨᠠᠷᠲᠠᠢ ᠰᠢᠯᠭᠠᠯᠲᠠ ᠪᠠ ᠰᠣᠩᠭᠤᠬᠤ ᠴᠢᠨᠠᠷᠲᠠᠶ ᠰᠢᠯᠭᠠᠯᠲᠠ ︵ᠪᠠᠰᠠ ᠳᠡᠰ ᠤᠨ ᠴᠢᠨᠠᠷᠲᠠᠶ | ᠰᠢᠯᠭᠠᠯᠲᠠ ᠭᠡᠳᠡᠭ᠂ ᠳᠣᠷᠣᠭᠰᠢ ᠨᠢᠭᠡᠳᠦᠯᠲᠡᠢ ᠪᠠᠷ ᠰᠣᠩᠭᠤᠬᠤ ᠴᠢᠨᠠᠷᠲᠠᠶ ᠰᠢᠯᠭᠠᠯᠲᠠ ᠭᠡᠨ᠎ᠡ︶ ᠭᠡᠵᠦ ᠬᠤᠪᠢᠶᠠᠨ᠎ᠠ᠃ | ᠬᠢᠷᠢ ᠲᠡᠩᠴᠡᠭᠦ ᠴᠢᠨᠠᠷᠲᠠᠶ ᠰᠢᠯᠭᠠᠯᠲᠠ ᠶᠢᠨ ᠬᠢᠷᠢ ᠪᠦᠲᠦᠮᠵᠢ ᠶᠢ ᠡᠩ ᠤᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠣᠷᠣᠭᠴᠢ ᠶᠢᠨ ᠰᠤᠷᠤᠯᠭ᠎ᠠ ᠵᠢᠴᠢ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠳᠠᠯᠢ | ᠲᠠᠰ ᠤᠨ ᠰᠤᠷᠤᠯᠭ᠎ᠠ ᠶᠢᠨ ᠨᠠᠮᠲᠠᠷ ᠢ ᠮᠠᠭᠠᠳᠯᠠᠨ ᠲᠣᠭᠲᠠᠭᠠᠬᠤ ᠭᠤᠤᠯ ᠦᠨᠳᠦᠰᠦᠯᠡᠯ ᠪᠣᠯᠭᠠᠨ᠎ᠠ︔ ᠰᠣᠩᠭᠤᠬᠤ | ᠴᠢᠨᠠᠷᠲᠠᠶ ᠰᠢᠯᠭᠠᠯᠲᠠ ᠶᠢᠨ ᠬᠢᠷᠢ ᠪᠦᠲᠦᠮᠵᠢ ᠶᠢ ᠰᠢᠯᠭᠠᠭᠤᠯᠤᠭᠴᠢ ᠶᠢᠨ ᠶᠡᠷᠦᠩᠬᠡᠶ ᠬᠢᠷᠢ ᠪᠦᠲᠦᠮᠵᠢ ᠳᠤ ᠪᠤᠳᠤᠵᠤ | ᠣᠷᠣᠭᠤᠯᠤᠨ᠂ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠴᠢᠬᠤᠯᠠ ᠦᠨᠳᠦᠰᠦᠯᠡᠯ ᠪᠣᠯᠭᠠᠨ᠎ᠠ᠃ | 1. ᠰᠢᠯᠭᠠᠯᠲᠠ ᠶᠢᠨ ᠬᠢᠴᠢᠶᠡᠯ ᠲᠥᠷᠥᠯ᠃ ᠬᠢᠷᠢ ᠲᠡᠩᠴᠡᠭᠦ ᠴᠢᠨᠠᠷᠲᠠᠶ ᠰᠢᠯᠭᠠᠯᠲᠠ ᠳᠤ ᠡᠩ ᠤᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠲᠥᠰᠦᠯ ᠳᠤ ᠲᠣᠭᠲᠠᠭᠠᠭᠰᠠᠨ ᠬᠡᠯᠡ ᠪᠢᠴᠢᠭ᠂ ᠲᠣᠭᠠᠨ ᠤ | ᠤᠬᠠᠭᠠᠨ᠂ ᠭᠠᠳᠠᠭᠠᠳᠤ ᠬᠡᠯᠡ᠂ ᠦᠵᠡᠯ ᠰᠠᠨᠠᠭ᠎ᠠ ᠤᠯᠤᠰ ᠲᠥᠷᠥ᠂ ᠲᠡᠦᠬᠡ᠂ ᠭᠠᠵᠠᠷ ᠵᠦᠶ᠂ ᠹᠢᠽᠢᠺ᠂ ᠬᠢᠮᠢ᠂ | ᠠᠮᠢᠳᠤ ᠪᠣᠳᠠᠰ ᠤᠨ ᠤᠬᠠᠭᠠᠨ᠂ ᠮᠡᠳᠡᠭᠡ ᠵᠠᠩᠭᠢ ᠶᠢᠨ ᠮᠡᠷᠭᠡᠵᠢᠯ᠂ ᠨᠡᠶᠢᠳᠡᠮ ᠬᠡᠷᠡᠭᠯᠡᠬᠦ ᠮᠡᠷᠭᠡᠵᠢᠯ᠂ ᠤᠷᠠᠯᠢᠭ ︵ | ᠳᠠᠭᠤᠤ ᠬᠥᠭᠵᠢᠮ᠂ ᠤᠷᠠᠨ ᠵᠢᠷᠤᠭ︶᠂ ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ ᠵᠡᠷᠭᠡ 13 ᠬᠢᠴᠢᠶᠡᠯ ᠲᠥᠷᠥᠯ ᠢ | ᠪᠠᠭᠲᠠᠭᠠᠨ᠎ᠠ᠃ ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠳᠤ ᠦᠵᠡᠯ ᠰᠠᠨᠠᠭ᠎ᠠ ᠤᠯᠤᠰ ᠲᠥᠷᠥ᠂ | ᠲᠡᠦᠬᠡ᠂ ᠭᠠᠵᠠᠷ ᠵᠦᠶ᠂ ᠹᠢᠽᠢᠺ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 6 ᠬᠢᠴᠢᠶᠡᠯ ᠲᠥᠷᠥᠯ ᠢ | ᠪᠠᠭᠲᠠᠭᠠᠵᠤ᠂ ᠰᠤᠷᠤᠭᠴᠢᠳ ᠥᠪᠡᠷ ᠤᠨ ᠳᠤᠷ᠎ᠠ ᠰᠣᠨᠢᠷᠬᠠᠯ᠂ ᠵᠣᠷᠢᠯᠲᠠ᠂ ᠳᠠᠪᠠᠭᠤᠯᠢᠭ ᠪᠠ ᠳᠡᠭᠡᠳᠦ | ᠰᠤᠷᠭᠠᠭᠤᠯᠢ ᠶᠢᠨ ᠰᠣᠷᠣᠭᠴᠢ ᠡᠯᠰᠡᠬᠦ ᠱᠠᠭᠠᠷᠳᠠᠯᠭ᠎ᠠ ᠶᠢ ᠦᠨᠳᠦᠰᠦᠯᠡᠨ᠂ ᠡᠩ ᠲᠡᠷᠢᠭᠦᠨ ᠳᠤ ᠹᠢᠽᠢᠺ᠂ | ᠲᠡᠦᠬᠡ ᠠᠴᠠ 1 ᠬᠢᠴᠢᠶᠡᠯ ᠲᠥᠷᠥᠯ ᠢ ᠰᠣᠩᠭᠤᠵᠤ᠂ ᠠᠩᠬ᠎ᠠ ᠰᠣᠩᠭᠤᠬᠤ ᠬᠢᠴᠢᠶᠡᠯ ᠲᠥᠷᠦᠯ ᠪᠣᠯᠭᠠᠵᠤ᠂ | ᠳᠠᠷᠠᠭ᠎ᠠ ᠨᠢ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠶ᠂ ᠬᠢᠮᠢ᠂ ᠠᠮᠢᠳᠤ ᠪᠣᠳᠠᠰ ᠤᠨ ᠤᠬᠠᠭᠠᠨ ᠠᠴᠠ 2 | ᠬᠢᠴᠢᠶᠡᠯ ᠲᠥᠷᠥᠯ ᠢ ᠰᠣᠩᠭᠤᠵᠤ ᠳᠠᠬᠢᠨ ᠰᠣᠩᠭᠤᠬᠤ ᠬᠢᠴᠢᠶᠡᠯ ᠲᠥᠷᠥᠯ ᠪᠣᠯᠭᠠᠵᠤ᠂ 3 ᠬᠢᠴᠢᠶᠡᠯ ᠲᠥᠷᠥᠯ ᠢ | ᠰᠣᠩᠭᠤᠵᠤ ᠰᠣᠩᠭᠤᠬᠤ ᠴᠢᠨᠠᠷᠲᠠᠶ ᠰᠢᠯᠭᠠᠯᠲᠠ ᠳᠤ ᠣᠷᠣᠯᠴᠠᠨ᠎ᠠ᠃ ᠡᠩ ᠤᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠳᠤ ᠪᠠᠶᠢᠭ᠎ᠠ ᠰᠤᠷᠤᠭᠴᠢᠳ ᠵᠣᠬᠢᠬᠤ ᠬᠢᠴᠢᠶᠡᠯ ᠲᠥᠷᠥᠯ ᠤᠨ ᠬᠢᠷᠢ ᠲᠡᠩᠴᠡᠭᠦ ᠴᠢᠨᠠᠷᠲᠠᠶ | ᠰᠢᠯᠭᠠᠯᠲᠠ ᠳᠤ ᠬᠢᠷᠢ ᠲᠡᠩᠴᠡᠭᠰᠡᠨ ᠰᠠᠭᠤᠷᠢᠨ ᠳᠡᠭᠡᠷ᠎ᠡ ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠢ | ᠨᠡᠷ᠎ᠡ ᠮᠡᠳᠡᠭᠦᠯᠦᠨ ᠰᠢᠯᠭᠠᠭᠤᠯᠤᠨ᠎ᠠ᠃ | 2. ᠰᠢᠯᠭᠠᠯᠲᠠ ᠶᠢᠨ ᠠᠭᠤᠯᠭ᠎ᠠ᠃ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ | ᠲᠥᠷᠦᠯ ᠤᠨ ᠬᠢᠴᠢᠶᠡᠯ ᠤᠨ ᠪᠠᠷᠢᠮᠵᠢᠶ᠎ᠠ ᠪᠠᠷ ᠦᠨᠳᠦᠰᠦᠯᠡᠯ ᠪᠣᠯᠭᠠᠨ᠎ᠠ᠃ ᠬᠢᠷᠢ ᠲᠡᠩᠴᠡᠭᠦ ᠴᠢᠨᠠᠷᠲᠠᠶ ᠰᠢᠯᠭᠠᠯᠲᠠ ᠶᠢᠨ | ᠬᠡᠪᠴᠢᠶ᠎ᠡ ᠪᠣᠯ ᠡᠯ᠎ᠡ ᠬᠢᠴᠢᠶᠡᠯ ᠲᠥᠷᠥᠯ ᠤᠨ ᠬᠢᠴᠢᠶᠡᠯ ᠤᠨ ᠪᠠᠷᠢᠮᠵᠢᠶ᠎ᠠ ᠳᠤ ᠲᠣᠭᠲᠠᠭᠠᠭᠰᠠᠨ ᠵᠠᠪᠠᠯ ᠰᠤᠷᠬᠤ | ᠠᠭᠤᠯᠭ᠎ᠠ ᠶᠢᠨ ᠱᠠᠭᠠᠷᠳᠠᠯᠭ᠎ᠠ ᠪᠣᠯᠤᠨ᠎ᠠ᠃ ᠰᠣᠩᠭᠤᠬᠤ ᠴᠢᠨᠠᠷᠲᠠᠶ ᠰᠢᠯᠭᠠᠯᠲᠠ ᠶᠢᠨ ᠬᠡᠪᠴᠢᠶ᠎ᠡ ᠪᠣᠯ ᠡᠯ᠎ᠡ ᠬᠢᠴᠢᠶᠡᠯ | ᠲᠥᠷᠥᠯ ᠤᠨ ᠬᠢᠴᠢᠶᠡᠯ ᠤᠨ ᠪᠠᠷᠢᠮᠵᠢᠶ᠎ᠠ ᠳᠤ ᠲᠣᠭᠲᠠᠭᠠᠭᠰᠠᠨ ᠵᠠᠪᠠᠯ ᠰᠤᠷᠬᠤ ᠪᠠ ᠵᠠᠪᠠᠯ ᠰᠤᠷᠬᠤ ᠠᠭᠤᠯᠭ᠎ᠠ ᠶᠢᠨ | ᠶᠡᠷᠦᠩᠬᠡᠶᠢᠯᠡᠭᠰᠡᠨ ᠱᠠᠭᠠᠷᠳᠠᠯᠭ᠎ᠠ ᠪᠣᠯᠤᠨ᠎ᠠ᠃ | 3. ᠰᠢᠯᠭᠠᠭᠤᠯᠬᠤ ᠡᠲᠡᠭᠡᠳ᠃ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠭᠤᠯᠢ ᠳᠤ ᠪᠠᠶᠢᠭ᠎ᠠ ᠰᠤᠷᠤᠭᠴᠢᠳ ᠴᠥᠮ ᠬᠢᠷᠢ ᠲᠡᠩᠴᠡᠭᠦ ᠴᠢᠨᠠᠷᠲᠠᠶ ᠰᠢᠯᠭᠠᠯᠲᠠ ᠳᠤ ᠣᠷᠣᠯᠴᠠᠵᠤ᠂ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠪᠣᠯᠤᠨ ᠨᠡᠶᠢᠭᠡᠮ ᠤᠨ ᠠᠵᠢᠯᠲᠠᠳ ᠴᠤ ᠬᠢᠷᠢ | ᠲᠡᠩᠴᠡᠭᠦ ᠴᠢᠨᠠᠷᠲᠠᠶ ᠰᠢᠯᠭᠠᠯᠲᠠ ᠳᠤ ᠨᠡᠷ᠎ᠡ ᠮᠡᠳᠡᠭᠦᠯᠦᠨ ᠣᠷᠣᠯᠴᠠᠵᠤ ᠪᠣᠯᠤᠨ᠎ᠠ᠃ ᠡᠩ ᠤᠨ ᠳᠡᠭᠡᠳᠦ | ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠬᠤ | ᠰᠢᠯᠭᠠᠭᠤᠯᠤᠭᠴᠢ ᠴᠥᠮ ᠰᠣᠩᠭᠤᠬᠤ ᠴᠢᠨᠠᠷᠲᠠᠶ ᠰᠢᠯᠭᠠᠯᠲᠠ ᠳᠤ ᠣᠷᠣᠯᠴᠠᠨ᠎ᠠ᠃ | 4. ᠰᠢᠯᠭᠠᠬᠤ ᠴᠠᠭ᠃ ᠬᠢᠷᠢ ᠲᠡᠩᠴᠡᠭᠦ ᠴᠢᠨᠠᠷᠲᠠᠶ ᠰᠢᠯᠭᠠᠯᠲᠠ ᠶᠢ ᠵᠢᠭᠠᠨ ᠰᠤᠷᠭᠠᠯᠲᠠ ᠶᠢᠨ ᠠᠬᠢᠴᠠ | ᠶᠣᠰᠤ ᠪᠠᠷ ᠲᠣᠰ ᠲᠣᠰ ᠳᠡᠭᠡᠷ᠎ᠡ ᠳᠤᠤᠷ᠎ᠠ ᠰᠤᠷᠤᠯᠭ᠎ᠠ ᠶᠢᠨ ᠬᠤᠭᠤᠴᠠᠭᠠᠨ ᠤ ᠡᠴᠦᠰ ᠲᠤ ᠲᠣᠬᠢᠷᠠᠭᠤᠯᠤᠨ᠎ᠠ᠃ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ ᠠᠩᠬ᠎ᠠ ᠤᠳᠠᠭ᠎ᠠ | ᠰᠢᠯᠭᠠᠯᠲᠠ ᠳᠤ ᠣᠷᠣᠯᠴᠠᠬᠤ ᠳᠤ ᠴᠠᠭ ᠢ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠤ | ᠳᠣᠣᠷ᠎ᠠ ᠬᠤᠭᠤᠴᠠᠭᠠᠨ ᠤ ᠰᠡᠭᠦᠯᠴᠢ ᠪᠠᠷ ᠬᠢᠵᠠᠭᠠᠷᠯᠠᠵᠤ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠨᠢᠭᠡᠳᠦᠭᠡᠷ ᠣᠨ ᠳᠤ ᠬᠠᠮᠤᠭ ᠤᠨ ᠠᠷᠪᠢᠨ ᠳᠤ ᠪᠠᠨ 4 ᠬᠢᠴᠢᠶᠡᠯ ᠲᠥᠷᠥᠯ ᠰᠢᠯᠭᠠᠬᠤ ᠶᠢ ᠵᠥᠪᠰᠢᠶᠡᠷᠡᠵᠦ᠂ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠳᠤ ᠰᠤᠷᠤᠯᠭ᠎ᠠ ᠶᠢᠨ ᠬᠤᠭᠤᠴᠠᠭ᠎ᠠ ᠳᠠᠭᠤᠰᠬᠤ ᠠᠴᠠ | ᠡᠮᠦᠨ᠎ᠡ ᠪᠦᠬᠦ ᠬᠢᠷᠢ ᠲᠡᠩᠴᠡᠭᠦ ᠴᠢᠨᠠᠷᠲᠠᠶ ᠰᠢᠯᠭᠠᠯᠲᠠ ᠶᠢ ᠡᠷᠬᠡᠪᠰᠢ ᠪᠡᠶᠡᠯᠡᠭᠦᠯᠬᠦ ᠬᠡᠷᠡᠭᠲᠡᠶ᠃ ᠰᠣᠩᠭᠤᠬᠤ ᠴᠢᠨᠠᠷᠲᠠᠶ | ᠰᠢᠯᠭᠠᠯᠲᠠ ᠶᠢ 2025 ᠣᠨ ᠠᠴᠠ ᠡᠬᠢᠯᠡᠨ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠡᠩ ᠤᠨ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠲᠠᠢ ᠠᠳᠠᠯᠢ ᠬᠤᠭᠤᠴᠠᠭᠠᠨ ᠳᠤ | ᠶᠠᠪᠤᠭᠳᠠᠭᠤᠯᠵᠤ᠂ ᠵᠦᠪᠬᠡᠨ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ | ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠤ ᠰᠣᠷᠣᠭᠴᠢ ᠪᠠᠷ ᠬᠢᠵᠠᠭᠠᠷᠯᠠᠨ᠎ᠠ᠃ | 5. ᠰᠢᠯᠭᠠᠯᠲᠠ ᠶᠢ ᠵᠣᠬᠢᠶᠠᠨ ᠪᠠᠶᠢᠭᠤᠯᠬᠤ᠃ ᠬᠢᠷᠢ ᠲᠡᠩᠴᠡᠭᠦ ᠴᠢᠨᠠᠷᠲᠠᠶ ᠰᠢᠯᠭᠠᠯᠲᠠ ᠶᠢᠨ ᠬᠡᠯᠡ ᠪᠢᠴᠢᠭ᠂ | ᠲᠣᠭᠠᠨ ᠤ ᠤᠬᠠᠭᠠᠨ᠂ ᠭᠠᠳᠠᠭᠠᠳᠤ ᠬᠡᠯᠡ᠂ ᠦᠵᠡᠯ ᠰᠠᠨᠠᠭ᠎ᠠ ᠤᠯᠤᠰ ᠲᠥᠷᠥ᠂ ᠲᠡᠦᠬᠡ᠂ ᠭᠠᠵᠠᠷ ᠵᠦᠶ᠂ ᠹᠢᠽᠢᠺ᠂ | ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 9 ᠬᠢᠴᠢᠶᠡᠯ ᠲᠥᠷᠥᠯ ᠢ ᠥᠪᠡᠷᠲᠡᠭᠡᠨ ᠵᠠᠰᠠᠬᠤ ᠣᠷᠣᠨ ᠠᠴᠠ | ᠨᠢᠭᠡᠳᠦᠯᠲᠡᠢ ᠵᠣᠬᠢᠶᠠᠨ ᠪᠠᠶᠢᠭᠤᠯᠵᠤ ᠰᠡᠳᠦᠪ ᠭᠠᠷᠭᠠᠬᠤ᠂ ᠰᠢᠯᠭᠠᠬᠤ᠂ ᠰᠢᠯᠭᠠᠯᠲᠠ ᠶᠢᠨ ᠰᠡᠳᠦᠪ ᠢ ᠬᠢᠨᠠᠬᠤ ᠪᠠ ᠬᠢᠷᠢ | ᠲᠡᠩᠴᠡᠭᠦ ᠪᠠᠷᠢᠮᠵᠢᠶ᠎ᠠ ᠶᠢ ᠳᠣᠭᠲᠠᠭᠠᠨ᠎ᠠ᠃ ᠪᠡᠶ᠎ᠡ ᠶᠢᠨ ᠲᠠᠮᠢᠷ ᠪᠣᠯᠤᠨ ᠡᠷᠡᠭᠦᠯ ᠮᠡᠨᠳᠦ᠂ ᠤᠷᠠᠯᠢᠭ ︵ᠳᠠᠭᠤᠤ | ᠬᠥᠭᠵᠢᠮ᠂ ᠤᠷᠠᠨ ᠵᠢᠷᠤᠭ︶᠂ ᠨᠡᠶᠢᠳᠡᠮ ᠬᠡᠷᠡᠭᠯᠡᠬᠦ ᠮᠡᠷᠭᠡᠵᠢᠯ᠂ ᠮᠡᠳᠡᠭᠡ ᠵᠠᠩᠭᠢ ᠶᠢᠨ ᠮᠡᠷᠭᠡᠵᠢᠯ ᠵᠡᠷᠭᠡ 4 ᠬᠢᠴᠢᠶᠡᠯ | ᠲᠥᠷᠥᠯ ᠵᠢᠴᠢ ᠹᠢᠽᠢᠺ᠂ ᠬᠢᠮᠢ᠂ ᠠᠮᠢᠳᠤ ᠪᠣᠳᠠᠰ ᠤᠨ ᠤᠬᠠᠭᠠᠨ᠂ ᠨᠡᠶᠢᠳᠡᠮ ᠬᠡᠷᠡᠭᠯᠡᠬᠦ ᠮᠡᠷᠭᠡᠵᠢᠯ ᠤᠨ ᠬᠢᠴᠢᠶᠡᠯ | ᠲᠥᠷᠥᠯ ᠤᠨ ᠲᠤᠷᠰᠢᠯᠲᠠ ᠶᠢᠨ ᠤᠷ᠎ᠠ ᠴᠢᠳᠠᠪᠤᠷᠢ ᠶᠢᠨ ᠠᠵᠢᠯᠯᠠᠭᠠᠨ ᠤ ᠰᠢᠯᠭᠠᠯᠲᠠ ᠶᠢ ᠥᠪᠡᠷᠲᠡᠭᠡᠨ ᠵᠠᠰᠠᠬᠤ | ᠣᠷᠣᠨ ᠠᠴᠠ ᠰᠢᠯᠭᠠᠯᠲᠠ ᠶᠢᠨ ᠱᠠᠭᠠᠷᠳᠠᠯᠭ᠎ᠠ ᠶᠢ ᠨᠢᠭᠡᠳᠦᠯᠲᠡᠶ ᠲᠣᠭᠲᠠᠭᠠᠵᠤ᠂ ᠡᠯ᠎ᠡ ᠠᠶᠢᠮᠠᠭ ᠬᠤᠲᠠ ᠠᠴᠠ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠣᠩᠭᠤᠬᠤ ᠴᠢᠨᠠᠷᠲᠠᠶ ᠰᠢᠯᠭᠠᠯᠲᠠ ᠶᠢᠨ ᠦᠵᠡᠯ ᠰᠠᠨᠠᠭ᠎ᠠ ᠤᠯᠤᠰ ᠲᠥᠷᠥ | ᠂ ᠲᠡᠦᠬᠡ᠂ ᠭᠠᠵᠠᠷ ᠵᠦᠶ᠂ ᠹᠢᠽᠢᠺ᠂ ᠬᠢᠮᠢ᠂ ᠠᠮᠢᠳᠤ ᠪᠣᠳᠠᠰ ᠤᠨ ᠤᠬᠠᠭᠠᠨ ᠵᠡᠷᠭᠡ 6 ᠬᠢᠴᠢᠶᠡᠯ ᠲᠥᠷᠥᠯ ᠢ | ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠰᠡᠳᠦᠪ ᠭᠠᠷᠭᠠᠵᠤ᠂ ᠰᠢᠯᠭᠠᠵᠤ᠂ ᠰᠢᠯᠭᠠᠯᠲᠠ ᠶᠢᠨ ᠰᠡᠳᠦᠪ ᠢ | ᠬᠢᠨᠠᠬᠤ ᠪᠠ ᠬᠢᠷᠢ ᠪᠦᠲᠦᠮᠵᠢ ᠶᠢ ᠦᠨᠡᠯᠡᠨ ᠲᠣᠭᠲᠠᠭᠠᠨ᠎ᠠ᠃ ᠡᠩ ᠤᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠪᠣᠳᠠᠲᠠᠶ ᠬᠡᠷᠡᠭᠵᠢᠭᠦᠯᠬᠦ ᠠᠷᠭ᠎ᠠ ᠶᠢ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠠᠰ ᠲᠤ ᠨᠢ ᠨᠡᠶᠢᠲᠡᠯᠡᠨ᠎ᠡ᠃ | ︵ᠬᠤᠶᠠᠷ︶ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ | ᠶᠡᠷᠦᠩᠬᠡᠶᠢᠯᠡᠭᠰᠡᠨ ᠬᠡᠪ ᠴᠢᠨᠠᠷ ᠢ ᠦᠨᠡᠯᠡᠬᠦ ᠳᠦᠷᠢᠮ ᠢ ᠳᠦᠷᠢᠮᠵᠢᠭᠦᠯᠦᠨ᠎ᠡ | ᠪᠥᠬᠦ ᠣᠷᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠬᠡᠪ ᠴᠢᠨᠠᠷ ᠤᠨ | ᠦᠨᠡᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠶᠠᠪᠤᠴᠠ ᠶᠢᠨ ᠴᠢᠨᠠᠷᠲᠠᠶ᠂ ᠪᠠᠶᠢᠩᠭᠤ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠵᠤ᠂ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠪᠤᠰᠤᠳᠴᠢ᠂ ᠦᠨᠡᠨ | ᠪᠣᠳᠠᠲᠠᠶ᠂ ᠵᠥᠪ ᠣᠨᠣᠪᠴᠢᠲᠠᠶ᠂ ᠢᠲᠡᠭᠡᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ᠃ | 1. ᠦᠨᠡᠯᠡᠬᠦ ᠠᠭᠤᠯᠭ᠎ᠠ᠃ ᠭᠤᠤᠯᠳᠠᠭᠤ ᠦᠵᠡᠯ ᠰᠠᠨᠠᠭ᠎ᠠ ᠶᠣᠰᠣ ᠮᠣᠷᠠᠯ᠂ ᠰᠤᠷᠤᠯᠭ᠎ᠠ ᠶᠢᠨ ᠬᠢᠷᠢ ᠬᠡᠮᠵᠢᠶ᠎ᠡ᠂ | ᠪᠡᠶ᠎ᠡ ᠰᠡᠳᠬᠢᠯ ᠤᠨ ᠡᠷᠡᠭᠦᠯ ᠮᠡᠨᠳᠦ᠂ ᠤᠷᠠᠯᠢᠭ ᠤᠨ ᠬᠡᠪ ᠪᠣᠯᠪᠠᠰᠤᠷᠠᠯ᠂ ᠬᠥᠳᠡᠯᠮᠦᠷᠢ ᠪᠠ ᠨᠡᠶᠢᠭᠡᠮ ᠤᠨ | ᠦᠢᠯᠡᠳᠦᠯᠭᠡ ᠵᠡᠷᠭᠡ ᠲᠠᠯ᠎ᠠ ᠪᠠᠷ ᠦᠨᠡᠯᠡᠬᠦ ᠠᠭᠤᠯᠭ᠎ᠠ ᠪᠠ ᠱᠠᠭᠠᠷᠳᠠᠯᠭ᠎ᠠ ᠶᠢ ᠲᠣᠭᠲᠠᠭᠠᠵᠤ᠂ ᠳᠦᠷᠢᠮᠵᠢᠭᠦᠯᠦᠭᠰᠡᠨ | ᠰᠤᠷᠤᠭᠴᠢᠳ ᠤᠨ ᠦᠰᠦᠨ ᠪᠤᠶᠢᠵᠢᠯᠲᠠ ᠶᠢᠨ ᠲᠠᠩᠰᠠ ᠡᠪᠬᠡᠮᠡᠯ ᠢ ᠪᠠᠶᠢᠭᠤᠯᠵᠤ᠂ ᠰᠤᠷᠤᠭᠴᠢᠳ ᠤᠨ ᠪᠥᠬᠦ | ᠲᠠᠯ᠎ᠠ ᠶᠢᠨ ᠬᠥᠭᠵᠢᠯᠲᠡ ᠶᠢᠨ ᠪᠠᠶᠢᠳᠠᠯ ᠪᠠ ᠥᠪᠡᠷᠮᠢᠴᠡ ᠣᠨᠴᠠᠯᠢᠭ ᠢ ᠭᠦᠢᠴᠡᠳ ᠲᠤᠰᠬᠠᠵᠤ᠂ ᠰᠤᠷᠤᠭᠴᠢᠳ ᠤᠨ | ᠡᠳᠦᠷ ᠲᠤᠲᠤᠮ ᠤᠨ ᠪᠠᠶᠢᠳᠠᠯ ᠪᠠ ᠲᠣᠪᠤᠶᠢᠮ᠎ᠠ ᠢᠯᠡᠷᠡᠯ ᠢ ᠲᠡᠮᠳᠡᠭᠯᠡᠬᠦ ᠶᠢ ᠴᠢᠬᠤᠯᠠᠴᠢᠯᠠᠨ᠎ᠠ᠃ | 2. ᠦᠨᠡᠯᠡᠬᠦ ᠭᠤᠣᠯ ᠴᠣᠭᠴᠠ ᠬᠢᠭᠡᠳ ᠳᠡᠰ ᠳᠠᠷᠠᠭᠠᠯᠠᠯ᠃ ︽ᠬᠡᠨ ᠣᠶᠢᠯᠠᠭᠠᠪᠠᠯ ᠬᠡᠨ ᠦᠨᠡᠯᠡᠬᠦ︾᠂ ︽ | ᠬᠡᠨ ᠦᠨᠡᠯᠡᠪᠡᠯ ᠬᠡᠨ ᠬᠠᠷᠢᠭᠤᠴᠠᠬᠤ︾ ᠶᠢ ᠪᠠᠷᠢᠮᠲᠠᠯᠠᠵᠤ᠂ ᠰᠤᠷᠤᠭᠴᠢ᠂ ᠬᠠᠮᠲᠤ ᠰᠤᠷᠤᠭᠴᠢ᠂ ᠪᠠᠭᠰᠢ ᠪᠣᠯᠤᠨ | ᠭᠡᠷ ᠤᠨ ᠠᠬᠠᠮᠠᠳ ᠵᠡᠷᠭᠡ ᠣᠯᠠᠨ ᠡᠰᠢᠵᠢᠭᠦᠯᠦᠭᠰᠡᠨ ᠭᠤᠤᠯ ᠴᠣᠭᠴᠠ ᠶᠢᠨ ᠣᠷᠣᠯᠴᠠᠭᠰᠠᠨ ᠡᠳᠦᠷ ᠲᠤᠲᠤᠮ ᠤᠨ | ᠬᠥᠳᠡᠯᠦᠩᠭᠦᠶ ᠦᠨᠡᠯᠡᠯᠲᠡ ᠶᠢ ᠥᠷᠨᠢᠭᠦᠯᠦᠨ᠎ᠡ᠃ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠰᠡᠭᠦᠯᠴᠢ ᠳᠤ | ᠰᠤᠷᠤᠭᠴᠢᠳ ᠪᠠᠭᠰᠢ ᠶᠢᠨ ᠵᠢᠯᠣᠭᠤᠳᠣᠯᠭ᠎ᠠ ᠳᠤᠤᠷ᠎ᠠ ᠱᠠᠭᠠᠷᠳᠠᠯᠭ᠎ᠠ ᠶᠣᠰᠤ ᠪᠠᠷ ᠲᠡᠭᠦᠨ ᠤ ᠶᠡᠷᠦᠩᠬᠡᠶᠢᠯᠡᠭᠰᠡᠨ ᠬᠡᠪ | ᠴᠢᠨᠠᠷ ᠤᠨ ᠬᠥᠭᠵᠢᠯᠲᠡ ᠶᠢᠨ ᠪᠠᠶᠢᠳᠠᠯ ᠢᠶᠠᠨ ᠲᠤᠰᠬᠠᠵᠤ ᠳᠡᠶᠢᠯᠬᠦ᠋ᠢᠴᠡ ᠴᠢᠬᠤᠯᠠ ᠠᠵᠢᠯᠯᠠᠭᠠᠨ ᠤ ᠲᠡᠮᠳᠡᠭᠯᠡᠯ᠂ | ᠨᠡᠶᠢᠲᠡᠯᠢᠭ ᠪᠣᠳᠠᠲᠤ ᠬᠡᠷᠡᠭ ᠵᠢᠴᠢ ᠪᠡᠯᠭᠡ ᠲᠡᠮᠳᠡᠭᠲᠦ ᠦᠷ᠎ᠡ ᠪᠦᠲᠦᠭᠡᠯ ᠵᠡᠷᠭᠡ ᠬᠤᠯᠪᠤᠭᠳᠠᠬᠤ ᠮᠠᠲ᠋ᠧᠷᠢᠶᠠᠯ ᠢᠶᠠᠨ | ᠴᠤᠭᠯᠠᠭᠤᠯᠵᠤ᠂ ᠥᠰᠦᠨ ᠪᠤᠶᠢᠵᠢᠯᠲᠠ ᠶᠢᠨ ᠶᠠᠪᠤᠴᠠ ᠶᠢ ᠦᠨᠡᠨ ᠪᠣᠳᠠᠲᠠᠶ ᠪᠠᠷ ᠲᠡᠮᠳᠡᠭᠯᠡᠵᠦ᠂ ᠡᠮᠬᠢᠳᠬᠡᠨ ᠰᠢᠯᠢᠨ | ᠰᠣᠩᠭᠤᠵᠤ᠂ ᠢᠯᠡ ᠨᠡᠶᠢᠲᠡᠯᠡᠵᠦ ᠬᠢᠨᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠰᠤᠷᠤᠭᠴᠢᠳ ᠤᠨ ᠶᠡᠷᠦᠩᠬᠡᠶᠢᠯᠡᠭᠰᠡᠨ | ᠬᠡᠪ ᠴᠢᠨᠠᠷ ᠤᠨ ᠲᠠᠩᠰᠠ ᠡᠪᠬᠡᠮᠡᠯ ᠢ ᠪᠠᠶᠢᠭᠤᠯᠵᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠤᠨ | ᠦᠨᠡᠯᠡᠯᠲᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠤᠨ ᠨᠢᠭᠡᠳᠦᠯᠲᠡᠶ ᠬᠠᠮᠢᠶᠠᠷᠤᠨ᠎ᠠ᠃ | ᠮᠡᠳᠡᠭᠡ ᠵᠠᠩᠭᠢ ᠶᠢ ᠨᠤᠲᠠᠯᠠᠵᠤ ᠢᠯᠡ ᠨᠡᠶᠢᠲᠡᠯᠡᠬᠦ᠂ ᠵᠠᠭᠠᠯᠳᠤᠵᠤ ᠭᠤᠮᠤᠳᠠᠯ ᠲᠣᠭᠠᠴᠢᠬᠤ᠂ ᠳᠠᠬᠢᠨ ᠵᠥᠪᠯᠡᠵᠦ ᠬᠢᠨᠠᠨ | ᠪᠠᠶᠢᠴᠠᠭᠠᠬᠤ ᠵᠡᠷᠭᠡ ᠬᠢᠨᠠᠯᠲᠠ ᠲᠠᠯᠪᠢᠵᠤ ᠪᠠᠲᠤᠯᠠᠬᠤ ᠪᠠ ᠦᠨᠡᠨᠴᠢ ᠢᠲᠡᠭᠡᠮᠵᠢ ᠶᠢᠨ ᠬᠠᠷᠢᠭᠤᠴᠠᠯᠭ᠎ᠠ ᠨᠡᠬᠡᠮᠵᠢᠯᠡᠬᠦ | ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠦᠨᠡᠯᠡᠬᠦ ᠠᠵᠢᠯ ᠤᠨ ᠦᠨᠡᠨ ᠪᠣᠳᠠᠲᠠᠶ᠂ ᠳᠥᠭᠦᠮ ᠳᠥᠲᠡ᠂ | ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ᠃ ᠰᠣᠷᠣᠭᠴᠢ ᠶᠢᠨ ᠶᠡᠷᠦᠩᠬᠡᠶᠢᠯᠡᠭᠰᠡᠨ ᠬᠡᠪ ᠴᠢᠨᠠᠷ ᠤᠨ ᠲᠠᠩᠰᠠ | ᠡᠪᠬᠡᠮᠡᠯ ᠢ ᠢᠯᠡ ᠨᠡᠶᠢᠲᠡᠯᠡᠵᠦ ᠨᠤᠲᠠᠯᠠᠭᠰᠠᠨ ᠤ ᠳᠠᠷᠠᠭ᠎ᠠ ᠬᠤᠪᠢᠷᠠᠭᠤᠯᠵᠤ ᠪᠣᠯᠬᠤ ᠥᠬᠡᠶ᠃ | 3. ᠦᠨᠡᠯᠡᠭᠰᠡᠨ ᠳ᠋ᠦᠩ ᠤᠨ ᠬᠡᠷᠡᠭᠯᠡᠯᠲᠡ᠃ ᠡᠯ᠎ᠡ ᠳᠡᠭᠡᠳᠦ ᠰᠤᠷᠭᠠᠭᠤᠯᠢ ᠰᠤᠷᠭᠠᠭᠤᠯᠢ ᠡᠷᠬᠢᠯᠡᠬᠦ ᠣᠨᠴᠠᠯᠢᠭ᠂ | ᠴᠢᠳᠠᠪᠤᠷᠢᠲᠠᠨ ᠢ ᠬᠥᠮᠦᠵᠢᠭᠦᠯᠬᠦ ᠬᠡᠷᠡᠭᠴᠡᠭᠡ ᠪᠠᠨ ᠦᠨᠳᠦᠰᠦᠯᠡᠨ᠂ ᠰᠢᠨᠵᠢᠯᠡᠬᠦ ᠤᠬᠠᠭᠠᠨᠴᠢ ᠪᠥᠭᠡᠳ | ᠳᠦᠷᠢᠮᠵᠢᠭᠦᠯᠦᠭᠰᠡᠨ ᠶᠡᠷᠦᠩᠬᠡᠶᠢᠯᠡᠭᠰᠡᠨ ᠬᠡᠪ ᠴᠢᠨᠠᠷ ᠢ ᠦᠨᠡᠯᠡᠨ ᠬᠡᠷᠡᠭᠯᠡᠬᠦ ᠠᠷᠭ᠎ᠠ ᠶᠢ ᠲᠣᠭᠲᠠᠭᠠᠬᠤ ᠶᠢᠨ ᠬᠠᠮᠲᠤ | ᠰᠤᠷᠭᠠᠭᠤᠯᠢ ᠶᠢᠨ ᠰᠤᠷᠤᠭᠴᠢ ᠡᠯᠰᠡᠬᠦ ᠳᠦᠷᠢᠮ ᠳᠤ ᠪᠠᠨ ᠣᠷᠣᠭᠤᠯᠵᠤ ᠤᠷᠢᠳᠴᠢᠯᠠᠨ ᠨᠡᠶᠢᠭᠡᠮ ᠳᠤ ᠨᠡᠶᠢᠲᠡᠯᠡᠨ᠎ᠡ᠃ | ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ | ᠴᠢᠨᠠᠷ ᠤᠨ ᠦᠨᠡᠯᠡᠯᠲᠡ ᠶᠢᠨ ᠪᠣᠳᠠᠲᠠᠶ ᠬᠡᠷᠡᠭᠵᠢᠭᠦᠯᠬᠦ ᠠᠷᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠲᠡᠰ ᠤᠨ | ᠬᠠᠮᠢᠶᠠᠷᠤᠯᠲᠠ ᠶᠢᠨ ᠲᠠᠪᠴᠠᠩ ᠤᠨ ᠠᠵᠢᠯᠯᠠᠭᠠᠨ ᠤ ᠵᠦᠭᠯᠡᠭᠦᠷ ᠢ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠠᠴᠠ ᠠᠰᠲᠠᠭᠠᠨ ᠨᠡᠶᠢᠲᠡᠯᠡᠨ᠎ᠡ᠃ | ︵ᠭᠤᠷᠪᠠ︶ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ | ᠰᠢᠯᠭᠠᠯᠲᠠ ᠶᠢᠨ ᠰᠢᠯᠭᠠᠯᠲᠠ ᠪᠠᠷ ᠰᠣᠷᠣᠭᠴᠢ ᠡᠯᠰᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ | 2025 ᠣᠨ ᠠᠴᠠ ᠡᠬᠢᠯᠡᠨ᠂ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠳᠤ ᠡᠩ ᠤᠨ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠪᠠ ᠡᠩ ᠤᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢ ᠬᠠᠷᠢᠯᠴᠠᠨ | ᠤᠶᠠᠯᠳᠤᠭᠤᠯᠵᠤ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠶᠡᠷᠦᠩᠬᠡᠶᠢᠯᠡᠭᠰᠡᠨ | ᠬᠡᠪ ᠴᠢᠨᠠᠷ ᠤᠨ ᠦᠨᠡᠯᠡᠯᠲᠡ ᠪᠠᠷ ᠯᠠᠪᠯᠠᠯᠲᠠ ᠪᠣᠯᠭᠠᠵᠤ ᠡᠯᠰᠡᠬᠦ ᠵᠠᠭᠪᠤᠷ ᠢ ᠬᠡᠷᠡᠭᠵᠢᠭᠦᠯᠦᠨ᠎ᠡ᠃ | 1. ᠰᠢᠯᠭᠠᠯᠲᠠ ᠶᠢᠨ ᠬᠢᠴᠢᠶᠡᠯ ᠲᠥᠷᠥᠯ᠃ 2025 ᠣᠨ ᠠᠴᠠ ᠡᠬᠢᠯᠡᠨ᠂ ᠰᠢᠯᠭᠠᠯᠲᠠ ᠶᠢᠨ ᠬᠢᠴᠢᠶᠡᠯ | ᠲᠥᠷᠥᠯ ᠨᠢ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ 3 ᠬᠢᠴᠢᠶᠡᠯ ᠲᠥᠷᠥᠯ ᠪᠠ ᠰᠢᠯᠭᠠᠭᠤᠯᠤᠭᠴᠢ ᠶᠢᠨ | ᠥᠪᠡᠰᠦᠪᠡᠨ ᠡᠵᠡᠨ ᠮᠡᠳᠡᠵᠦ ᠰᠣᠩᠭᠤᠭᠰᠠᠨ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠯᠭ᠎ᠠ ᠶᠢᠨ ᠬᠢᠷᠢ ᠬᠡᠮᠵᠢᠶᠡᠨ ᠤ ᠰᠣᠩᠭᠤᠬᠤ ᠴᠢᠨᠠᠷᠲᠠᠶ ᠰᠢᠯᠭᠠᠯᠲᠠ ᠶᠢᠨ 3 ᠬᠢᠴᠢᠶᠡᠯ ᠲᠥᠷᠥᠯ ᠢᠶᠠᠷ | ᠪᠦᠷᠢᠯᠳᠦᠨ᠎ᠡ᠃ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠢᠴᠢᠶᠡᠯ ᠲᠥᠷᠥᠯ ᠨᠢ ᠬᠡᠯᠡ ᠪᠢᠴᠢᠭ᠂ | ᠲᠣᠭᠠᠨ ᠤ ᠤᠬᠠᠭᠠᠨ᠂ ᠭᠠᠳᠠᠭᠠᠳᠤ ᠬᠡᠯᠡ ︵ᠠᠩᠭ᠍ᠯᠢ ᠬᠡᠯᠡ᠂ ᠶᠠᠫᠣᠨ ᠬᠡᠯᠡ᠂ ᠣᠷᠣᠰ ᠬᠡᠯᠡ᠂ ᠹᠷᠠᠨᠼᠢ ᠬᠡᠯᠡ᠂ | ᠢᠰᠫᠠᠨᠢ ᠬᠡᠯᠡ᠂ ᠭᠧᠷᠮᠠᠨ ᠬᠡᠯᠡ ᠶᠢ ᠪᠠᠭᠲᠠᠭᠠᠨ᠎ᠠ︶ 3 ᠲᠥᠷᠥᠯ ᠪᠠᠶᠢᠵᠤ᠂ ᠨᠡᠶᠢᠭᠡᠮ ᠤᠨ ᠰᠢᠨᠵᠢᠯᠡᠬᠦ ᠤᠬᠠᠭᠠᠨ ᠪᠠ | ᠪᠠᠶᠢᠭᠠᠯᠢ ᠶᠢᠨ ᠰᠢᠨᠵᠢᠯᠡᠬᠦ ᠤᠬᠠᠭᠠᠨ ᠭᠡᠵᠦ ᠬᠤᠪᠢᠶᠠᠬᠤ ᠥᠬᠡᠶ᠃ ᠬᠤᠯᠪᠤᠭᠳᠠᠬᠤ ᠪᠡᠶ᠎ᠡ ᠶᠢᠨ ᠲᠠᠮᠢᠷ ᠤᠨ ᠲᠥᠷᠥᠯ᠂ | ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠵᠡᠷᠭᠡ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ | ᠪᠠᠰᠠ ᠡᠷᠬᠡᠪᠰᠢ ᠲᠤᠰᠬᠠᠶ ᠮᠡᠷᠭᠡᠵᠢᠯ ᠤᠨ ᠬᠢᠴᠢᠶᠡᠯ ᠤᠨ ᠰᠢᠯᠭᠠᠯᠲᠠ ᠳᠤ ᠣᠷᠣᠯᠴᠠᠬᠤ ᠬᠡᠷᠡᠭᠲᠡᠶ᠃ | 2. ᠰᠢᠯᠭᠠᠯᠲᠠ ᠶᠢᠨ ᠲᠣᠬᠢᠷᠠᠭᠤᠯᠤᠯᠲᠠ᠃ ᠪᠦᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠰᠢᠯᠭᠠᠬᠤ | ᠴᠠᠭ ᠢ ᠰᠤᠷᠭᠠᠨ ᠬᠥᠮᠦᠵᠢᠯ ᠤᠨ ᠶᠠᠮᠤᠨ ᠤ ᠨᠢᠭᠡᠳᠦᠯᠲᠡᠶ ᠲᠣᠭᠲᠠᠭᠠᠭᠰᠠᠨ ᠴᠠᠭ ᠢᠶᠠᠷ ᠲᠣᠬᠢᠷᠠᠭᠤᠯᠵᠤ᠂ ᠵᠢᠯ | ᠪᠦᠷᠢ ᠶᠢᠨ 6 ᠰᠠᠷ᠎ᠠ ᠳᠤ ᠰᠢᠯᠭᠠᠯᠲᠠ ᠶᠢ ᠵᠣᠬᠢᠶᠠᠨ ᠪᠠᠶᠢᠭᠤᠯᠵᠤ᠂ ᠭᠠᠳᠠᠭᠠᠳᠤ ᠬᠡᠯᠡᠨ ᠤ ᠬᠢᠴᠢᠶᠡᠯ ᠤᠨ | ᠰᠢᠯᠭᠠᠯᠲᠠ ᠳᠤ ᠰᠣᠨᠣᠰᠬᠤ ᠴᠢᠳᠠᠪᠤᠷᠢ ᠪᠠ ᠪᠢᠷ ᠤᠨ ᠰᠢᠯᠭᠠᠯᠲᠠ ᠶᠢ ᠪᠠᠭᠲᠠᠭᠠᠵᠤ᠂ ᠨᠥᠬᠦᠴᠡᠯ ᠪᠦᠷᠢᠯᠳᠦᠭᠰᠡᠨ ᠤ | ᠳᠠᠷᠠᠭ᠎ᠠ ︽ᠨᠢᠭᠡ ᠵᠢᠯ ᠳᠤ ᠬᠤᠶᠠᠷᠲᠠ ᠰᠢᠯᠭᠠᠬᠤ︾ ᠶᠢ ᠬᠡᠷᠡᠭᠵᠢᠭᠦᠯᠦᠨ᠎ᠡ᠃ ᠰᠣᠩᠭᠤᠬᠤ ᠴᠢᠨᠠᠷᠲᠠᠶ ᠰᠢᠯᠭᠠᠯᠲᠠ ᠶᠢ | ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠲᠠᠢ ᠠᠳᠠᠯᠢ ᠬᠤᠭᠤᠴᠠᠭᠠᠨ ᠳᠤ ᠲᠣᠬᠢᠷᠠᠭᠤᠯᠤᠨ᠎ᠠ᠃ | 3. ᠬᠢᠷᠢ ᠪᠦᠲᠦᠮᠵᠢ ᠶᠢᠨ ᠪᠦᠷᠢᠯᠳᠦᠯ᠃ ᠰᠢᠯᠭᠠᠭᠤᠯᠤᠭᠴᠢ ᠶᠢᠨ ᠶᠡᠷᠦᠩᠬᠡᠶ ᠬᠢᠷᠢ ᠪᠦᠲᠦᠮᠵᠢ ᠨᠢ ᠬᠡᠯᠡ | ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ 3 | ᠬᠢᠴᠢᠶᠡᠯ ᠲᠥᠷᠥᠯ ᠤᠨ ᠬᠢᠷᠢ ᠪᠦᠲᠦᠮᠵᠢ ᠪᠠ 3 ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠤᠨ | ᠬᠢᠷᠢ ᠪᠦᠲᠦᠮᠵᠢ ᠪᠠᠷ ᠪᠦᠷᠢᠯᠳᠦᠵᠦ᠂ ᠪᠦᠷᠢᠨ ᠬᠤᠪᠢ ᠨᠢ 750 ᠬᠤᠪᠢ ᠪᠣᠯᠤᠨ᠎ᠠ᠃ ᠰᠣᠩᠭᠤᠬᠤ ᠴᠢᠨᠠᠷᠲᠠᠶ | ᠰᠢᠯᠭᠠᠯᠲᠠ ᠶᠢᠨ ᠬᠢᠷᠢ ᠪᠦᠲᠦᠮᠵᠢ ᠨᠢ ᠲᠤᠬᠠᠶ ᠶᠢᠨ ᠵᠢᠯ ᠳᠤ ᠬᠦᠴᠦᠨᠲᠡᠢ᠃ ᠡᠭᠦᠨ ᠳᠤ᠂ ᠬᠡᠯᠡ ᠪᠢᠴᠢᠭ᠂ | ᠲᠣᠭᠠᠨ ᠤ ᠤᠬᠠᠭᠠᠨ᠂ ᠭᠠᠳᠠᠭᠠᠳᠤ ᠬᠡᠯᠡᠨ ᠤ ᠲᠥᠷᠥᠯ ᠪᠦᠷᠢ ᠶᠢᠨ ᠪᠦᠷᠢᠨ ᠬᠤᠪᠢ 150 ᠬᠤᠪᠢ᠂ ᠰᠣᠩᠭᠤᠬᠤ | ᠴᠢᠨᠠᠷᠲᠠᠶ ᠰᠢᠯᠭᠠᠯᠲᠠ ᠶᠢᠨ ᠲᠥᠷᠥᠯ ᠪᠦᠷᠢ ᠶᠢᠨ ᠪᠦᠷᠢᠨ ᠬᠤᠪᠢ ᠨᠢ 100 ᠬᠤᠪᠢ ᠪᠣᠯᠤᠨ᠎ᠠ᠃ ᠹᠢᠽᠢᠺ᠂ | ᠲᠡᠦᠬᠡ ᠶᠢᠨ ᠬᠢᠴᠢᠶᠡᠯ ᠲᠥᠷᠥᠯ ᠤᠨ ᠰᠢᠯᠭᠠᠯᠲᠠ ᠶᠢᠨ ᠠᠩᠬᠠᠨ ᠤ ᠬᠤᠪᠢ ᠶᠢ ᠰᠢᠯᠭᠠᠭᠤᠯᠤᠭᠴᠢ ᠶᠢᠨ ᠶᠡᠷᠦᠩᠬᠡᠶ ᠬᠢᠷᠢ | ᠪᠦᠲᠦᠮᠵᠢ ᠳᠤ ᠪᠤᠳᠤᠵᠤ ᠣᠷᠣᠭᠤᠯᠤᠨ᠎ᠠ︔ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠶ᠂ ᠬᠢᠮᠢ᠂ ᠠᠮᠢᠳᠤ | ᠪᠣᠳᠠᠰ ᠤᠨ ᠤᠬᠠᠭᠠᠨ ᠤ ᠬᠢᠴᠢᠶᠡᠯ ᠲᠥᠷᠥᠯ ᠤᠨ ᠲᠠᠰ ᠲᠤ ᠬᠤᠪᠢᠷᠠᠭᠤᠯᠤᠭᠰᠠᠨ ᠬᠤᠪᠢ ᠶᠢ ᠰᠢᠯᠭᠠᠭᠤᠯᠤᠭᠴᠢ ᠶᠢᠨ | ᠶᠡᠷᠦᠩᠬᠡᠶ ᠬᠢᠷᠢ ᠪᠦᠲᠦᠮᠵᠢ ᠳᠤ ᠪᠤᠳᠤᠵᠤ ᠣᠷᠣᠭᠤᠯᠤᠨ᠎ᠠ᠃ ᠳᠡᠰ ᠲᠤ ᠬᠤᠪᠢᠷᠠᠭᠤᠯᠬᠤ ᠬᠤᠪᠢ ᠶᠢ ᠪᠣᠳᠤᠬᠤ | ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠠᠰ ᠲᠤ ᠨᠢ ᠨᠡᠶᠢᠲᠡᠯᠡᠨ᠎ᠡ᠃ | 4. ᠰᠣᠷᠣᠭᠴᠢ ᠡᠯᠰᠡᠬᠦ᠃ 2025 ᠣᠨ ᠠᠴᠠ ᠡᠬᠢᠯᠡᠨ᠂ ᠡᠩ ᠤᠨ ᠳᠡᠭᠡᠳᠦ ᠰᠤᠷᠭᠠᠭᠤᠯᠢ ᠶᠢᠨ | ᠨᠢᠭᠡᠳᠦᠯᠲᠡᠶ ᠰᠢᠯᠭᠠᠯᠲᠠ ᠪᠠᠷ ᠰᠣᠷᠣᠭᠴᠢ ᠡᠯᠰᠡᠬᠦ ᠳᠤ ᠹᠢᠽᠢᠺ ᠤᠨ ᠬᠢᠴᠢᠶᠡᠯ ᠲᠥᠷᠥᠯ ᠤᠨ ᠨᠡᠶᠢᠯᠡᠯ ᠪᠠ ᠲᠡᠦᠬᠡ ᠶᠢᠨ | ᠬᠢᠴᠢᠶᠡᠯ ᠲᠥᠷᠥᠯ ᠤᠨ ᠨᠡᠶᠢᠯᠡᠯ ᠢᠶᠠᠷ ᠰᠣᠷᠣᠭᠴᠢ ᠡᠯᠰᠡᠬᠦ ᠲᠥᠯᠥᠪᠯᠡᠭᠡ ᠶᠢ ᠬᠤᠪᠢᠶᠠᠨ ᠵᠢᠭᠰᠠᠭᠠᠵᠤ᠂ ᠡᠯᠰᠡᠨ ᠠᠪᠬᠤ | ᠬᠠᠮᠤᠭ ᠤᠨ ᠳᠤᠤᠷ᠎ᠠ ᠬᠢᠵᠠᠭᠠᠷ ᠬᠤᠪᠢ ᠶᠢ ᠲᠣᠰ ᠲᠣᠰ ᠵᠠᠭᠠᠭᠯᠠᠨ ᠲᠣᠭᠲᠠᠭᠠᠨ᠎ᠠ︔ ᠦᠨᠳᠦᠰᠦᠨ ᠠᠩᠭᠢ ᠶᠢᠨ | ᠨᠢᠭᠡᠳᠦᠭᠡᠷ ᠪᠥᠯᠦᠭ ᠤᠳᠠᠭ᠎ᠠ ᠪᠠ ᠦᠨᠳᠦᠰᠦᠨ ᠠᠩᠭᠢ ᠶᠢᠨ ᠬᠤᠶᠠᠳᠤᠭᠠᠷ ᠪᠥᠯᠦᠭ ᠤᠳᠠᠭ᠎ᠠ ᠡᠯᠰᠡᠬᠦ ᠶᠢ | ᠨᠡᠶᠢᠯᠡᠭᠦᠯᠵᠦ᠂ ᠵᠡᠷᠭᠡᠴᠡᠭᠡ ᠡᠷᠡᠮᠡᠯᠵᠡᠯ ᠤᠨ ᠲᠠᠩᠰᠠ ᠡᠪᠬᠡᠮᠡᠯ ᠭᠠᠷᠭᠠᠬᠤ ᠡᠯᠰᠡᠬᠦ ᠵᠠᠭᠪᠤᠷ ᠢ ᠬᠡᠷᠡᠭᠵᠢᠭᠦᠯᠦᠨ᠎ᠡ᠃ | ᠰᠣᠷᠣᠭᠴᠢ ᠡᠯᠰᠡᠬᠦ ᠪᠣᠳᠠᠲᠠᠶ ᠠᠷᠭ᠎ᠠ ᠶᠢ ᠲᠤᠬᠠᠶ ᠶᠢᠨ ᠵᠢᠯ ᠤᠨ ᠰᠣᠷᠣᠭᠴᠢ ᠡᠯᠰᠡᠬᠦ ᠪᠢᠴᠢᠭ ᠮᠠᠲ᠋ᠧᠷᠢᠶᠠᠯ ᠳᠤ | ᠲᠣᠳᠣᠷᠬᠠᠶ ᠳᠣᠭᠲᠠᠭᠠᠨ᠎ᠠ᠃ | ᠬᠤᠯᠪᠤᠭᠳᠠᠬᠤ ᠪᠡᠶ᠎ᠡ ᠶᠢᠨ ᠲᠠᠮᠢᠷ ᠤᠨ ᠲᠥᠷᠥᠯ᠂ ᠤᠷᠠᠯᠢᠭ ᠤᠨ ᠲᠥᠷᠥᠯ ᠤᠨ ᠲᠤᠰᠬᠠᠶ ᠮᠡᠷᠭᠡᠵᠢᠯ ᠳᠤ | ᠰᠢᠯᠭᠠᠭᠤᠯᠤᠭᠴᠢ ᠶᠢᠨ ᠶᠡᠷᠦᠩᠬᠡᠶ ᠬᠢᠷᠢ ᠪᠦᠲᠦᠮᠵᠢ ᠵᠢᠴᠢ ᠵᠣᠬᠢᠬᠤ ᠲᠤᠰᠬᠠᠶ ᠮᠡᠷᠭᠡᠵᠢᠯ ᠤᠨ ᠰᠢᠯᠭᠠᠯᠲᠠ ᠶᠢᠨ ᠬᠢᠷᠢ | ᠪᠦᠲᠦᠮᠵᠢ ᠶᠢ ᠦᠨᠳᠦᠰᠦᠯᠡᠨ᠂ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠪᠠᠷ ᠯᠠᠪᠯᠠᠯᠲᠠ ᠪᠣᠯᠭᠠᠵᠤ | ᠰᠢᠯᠢᠳᠡᠭ ᠢ ᠨᠢ ᠰᠣᠩᠭᠤᠵᠤ ᠡᠯᠰᠡᠨ᠎ᠡ᠃ | ᠴᠥᠭᠡᠨ ᠲᠣᠭᠠᠲᠤ ᠦᠨᠳᠦᠰᠦᠲᠡᠨ ᠤ ᠬᠡᠯᠡ ᠪᠠᠷ ᠬᠢᠴᠢᠶᠡᠯᠯᠡᠵᠦ ᠪᠠᠶᠢᠭ᠎ᠠ ᠲᠤᠰᠬᠠᠶ ᠮᠡᠷᠭᠡᠵᠢᠯ ᠤᠨ | ᠰᠢᠯᠭᠠᠯᠲᠠ ᠪᠠᠷ ᠰᠤᠷᠤᠭᠴᠢ ᠡᠯᠰᠡᠬᠦ ᠠᠷᠭ᠎ᠠ ᠶᠢ ᠬᠤᠯᠪᠤᠭᠳᠠᠬᠤ ᠰᠤᠷᠤᠭᠴᠢ ᠡᠯᠰᠡᠬᠦ ᠳᠡᠭᠡᠳᠦ ᠰᠤᠷᠭᠠᠭᠤᠯᠢ ᠠᠴᠠ | ᠠᠰ ᠲᠤ ᠨᠢ ᠨᠡᠶᠢᠲᠡᠯᠡᠨ᠎ᠡ᠃ | 5. ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠤᠨ ᠱᠠᠭᠠᠷᠳᠠᠯᠭ᠎ᠠ᠃ ᠡᠩ ᠤᠨ ᠳᠡᠭᠡᠳᠦ | ᠰᠤᠷᠭᠠᠭᠤᠯᠢ ᠠᠴᠠ ᠰᠤᠷᠤᠭᠴᠢᠳ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ | ᠬᠡᠮᠵᠢᠶᠡᠨ ᠤ ᠰᠢᠯᠭᠠᠯᠲᠠ ᠳᠤ ᠳᠤᠷᠠᠳᠤᠭᠰᠠᠨ ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠢ | ᠰᠣᠩᠭᠤᠨ ᠰᠢᠯᠭᠠᠭᠤᠯᠬᠤ ᠱᠠᠭᠠᠷᠳᠠᠯᠭ᠎ᠠ ᠪᠣᠯ ᠰᠤᠷᠤᠭᠴᠢᠳ ᠤᠨ ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ | ᠲᠥᠷᠥᠯ ᠢ ᠲᠣᠭᠲᠠᠭᠠᠬᠤ ᠦᠨᠳᠦᠰᠦᠯᠡᠯ ᠤᠨ ᠨᠢᠭᠡ ᠪᠣᠯᠤᠨ᠎ᠠ᠃ ᠰᠢᠯᠭᠠᠭᠤᠯᠤᠭᠴᠢ ᠳᠡᠭᠡᠳᠦ ᠰᠤᠷᠭᠠᠭᠤᠯᠢ ᠶᠢᠨ | ᠰᠣᠷᠣᠭᠴᠢ ᠡᠯᠰᠡᠬᠦ ᠲᠤᠰᠬᠠᠶ ᠮᠡᠷᠭᠡᠵᠢᠯ ︵ᠲᠥᠷᠥᠯ︶ ᠤᠨ ᠰᠣᠩᠭᠤᠨ ᠰᠢᠯᠭᠠᠬᠤ ᠬᠢᠴᠢᠶᠡᠯ ᠲᠥᠷᠥᠯ ᠤᠨ | ᠱᠠᠭᠠᠷᠳᠠᠯᠭ᠎ᠠ ᠪᠠ ᠳᠤᠷ᠎ᠠ ᠰᠣᠨᠢᠷᠬᠠᠯ ᠤᠨ ᠣᠨᠴᠠᠯᠢᠭ ᠢᠶᠠᠨ ᠦᠨᠳᠦᠰᠦᠯᠡᠨ᠂ ᠰᠣᠩᠭᠤᠬᠤ ᠴᠢᠨᠠᠷᠲᠠᠶ ᠰᠢᠯᠭᠠᠯᠲᠠ ᠶᠢᠨ | ᠬᠢᠴᠢᠶᠡᠯ ᠲᠥᠷᠥᠯ ᠢᠶᠠᠨ ᠲᠣᠭᠲᠠᠭᠠᠨ᠎ᠠ᠃ ᠥᠪᠥᠷ ᠮᠣᠩᠭᠤᠯ ᠠᠴᠠ ᠰᠣᠷᠣᠭᠴᠢ ᠡᠯᠰᠡᠬᠦ ᠡᠩ ᠤᠨ ᠳᠡᠭᠡᠳᠦ | ᠰᠤᠷᠭᠠᠭᠤᠯᠢ ᠬᠤᠯᠪᠤᠭᠳᠠᠬᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠱᠠᠭᠠᠷᠳᠠᠯᠭ᠎ᠠ ᠪᠠᠨ | ᠦᠨᠳᠦᠰᠦᠯᠡᠨ᠂ ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠤᠨ ᠱᠠᠭᠠᠷᠳᠠᠯᠭ᠎ᠠ ᠶᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠬᠤ ᠶᠢᠨ ᠬᠠᠮᠲᠤ ᠤᠷᠢᠳᠴᠢᠯᠠᠨ ᠨᠡᠶᠢᠭᠡᠮ ᠨᠡᠶᠢᠲᠡ ᠳᠤ ᠨᠡᠶᠢᠲᠡᠯᠡᠨ᠎ᠡ᠃ | ᠰᠢᠯᠭᠠᠭᠤᠯᠤᠭᠴᠢ ᠶᠢᠨ ᠰᠣᠩᠭᠤᠬᠤ ᠴᠢᠨᠠᠷᠲᠠᠶ ᠰᠢᠯᠭᠠᠯᠲᠠ ᠶᠢᠨ ᠬᠢᠴᠢᠶᠡᠯ ᠲᠥᠷᠥᠯ ᠨᠢ ᠡᠩ ᠤᠨ ᠳᠡᠭᠡᠳᠦ | ᠰᠤᠷᠭᠠᠭᠤᠯᠢ ᠶᠢᠨ ᠵᠣᠬᠢᠬᠤ ᠰᠣᠷᠣᠭᠴᠢ ᠡᠯᠰᠡᠬᠦ ᠲᠤᠰᠬᠠᠶ ᠮᠡᠷᠭᠡᠵᠢᠯ ︵ᠲᠥᠷᠥᠯ︶ ᠤᠨ ᠰᠣᠩᠭᠤᠨ ᠰᠢᠯᠭᠠᠬᠤ | ᠬᠢᠴᠢᠶᠡᠯ ᠲᠥᠷᠥᠯ ᠤᠨ ᠱᠠᠭᠠᠷᠳᠠᠯᠭ᠎ᠠ ᠳᠤ ᠨᠡᠶᠢᠴᠡᠪᠡᠯ ᠰᠠᠶ᠋ᠢ ᠲᠣᠰ ᠲᠤᠰᠬᠠᠶ ᠮᠡᠷᠭᠡᠵᠢᠯ ︵ᠲᠥᠷᠥᠯ︶ ᠳᠤ ᠨᠡᠷ᠎ᠡ | ᠮᠡᠳᠡᠭᠦᠯᠵᠦ ᠪᠣᠯᠤᠨ᠎ᠠ᠃ | ︵ᠳᠥᠷᠪᠡ︶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠤᠪᠢᠶᠠᠨ | ᠰᠢᠯᠭᠠᠵᠤ ᠰᠤᠷᠤᠭᠴᠢ ᠡᠯᠰᠡᠬᠦ ᠥᠭᠡᠷᠡᠴᠢᠯᠡᠯᠲᠡ ᠶᠢ ᠠᠬᠢᠭᠤᠯᠤᠨ᠎ᠠ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠶᠢ | ᠡᠩ ᠤᠨ ᠳᠡᠭᠡᠳᠦ ᠰᠤᠷᠭᠠᠭᠤᠯᠢ ᠶᠢᠨ ᠦᠨᠳᠦᠰᠦᠨ ᠠᠩᠭᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠲᠠᠢ | ᠬᠠᠷᠢᠴᠠᠩᠭᠤᠶ ᠪᠠᠷ ᠰᠠᠯᠭᠠᠵᠤ᠂ ︽ᠰᠣᠶᠣᠯ ᠤᠨ ᠬᠡᠪ ᠴᠢᠨᠠᠷ + ᠠᠵᠢᠯ ᠮᠡᠷᠭᠡᠵᠢᠯ ᠤᠨ ᠤᠷ᠎ᠠ ᠴᠢᠳᠠᠪᠤᠷᠢ︾ ᠶᠢᠨ | ᠦᠨᠡᠯᠡᠯᠲᠡ ᠪᠠᠷ ᠭᠤᠤᠯ ᠪᠣᠯᠭᠠᠭᠰᠠᠨ ᠰᠣᠷᠣᠭᠴᠢ ᠡᠯᠰᠡᠬᠦ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ | 1. ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠳᠤ ᠰᠢᠯᠭᠠᠭᠤᠯᠬᠤ ᠪᠠᠷ ᠨᠡᠷ᠎ᠡ ᠮᠡᠳᠡᠭᠦᠯᠵᠦ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠪᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠨᠡᠪᠲᠡᠷᠡᠭᠦᠯᠦᠭᠰᠡᠨ ︽3 + 2︾ | ᠬᠡᠯᠪᠡᠷᠢ ᠪᠠᠷ ᠰᠢᠯᠭᠠᠭᠤᠯᠤᠭᠰᠠᠳ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠲᠡᠪᠰᠢᠨ ᠣᠷᠣᠪᠠᠯ᠂ | ᠰᠣᠶᠣᠯ ᠤᠨ ᠰᠠᠭᠤᠷᠢ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠤᠶᠠᠯᠳᠤᠭᠤᠯᠤᠭᠰᠠᠨ ᠰᠢᠯᠭᠠᠯᠲᠠ ᠳᠤ | ᠣᠷᠣᠯᠴᠠᠵᠤ ᠪᠣᠯᠤᠨ᠎ᠠ᠃ | 2. ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠢᠯᠭᠠᠭᠤᠯᠬᠤ ᠳᠤ ᠠᠵᠢᠯ ᠮᠡᠷᠭᠡᠵᠢᠯ ᠳᠤ ᠵᠣᠬᠢᠴᠠᠬᠤ ᠴᠢᠨᠠᠷᠲᠠᠢ | ᠰᠢᠯᠭᠠᠯᠲᠠ ᠳᠤ ᠣᠷᠣᠯᠴᠠᠵᠤ ᠪᠣᠯᠤᠨ᠎ᠠ᠂ ᠰᠣᠶᠣᠯ ᠤᠨ ᠬᠡᠪ ᠴᠢᠨᠠᠷ ᠤᠨ ᠬᠢᠷᠢ ᠪᠦᠲᠦᠮᠵᠢ ᠳᠤ ᠡᠩ ᠤᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠶᠢᠨ ᠬᠢᠷᠢ ᠪᠦᠲᠦᠮᠵᠢ ᠶᠢ | ᠬᠡᠷᠡᠭᠯᠡᠵᠦ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠶᠢᠯᠡᠭᠰᠡᠨ ᠬᠡᠪ | ᠴᠢᠨᠠᠷ ᠤᠨ ᠦᠨᠡᠯᠡᠯᠲᠡ ᠪᠠᠷ ᠯᠠᠪᠯᠠᠯᠲᠠ ᠪᠣᠯᠭᠠᠨ ᠰᠢᠯᠢᠳᠡᠭ ᠢ ᠨᠢ ᠰᠣᠩᠭᠤᠵᠤ ᠡᠯᠰᠡᠨ᠎ᠡ᠃ ᠨᠡᠶᠢᠭᠡᠮ ᠤᠨ | ᠰᠢᠯᠭᠠᠭᠤᠯᠤᠭᠴᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠰᠢᠯᠭᠠᠭᠤᠯᠬᠤ ᠳᠤ ᠠᠵᠢᠯ | ᠮᠡᠷᠭᠡᠵᠢᠯ ᠳᠤ ᠵᠣᠬᠢᠴᠠᠬᠤ ᠴᠢᠨᠠᠷᠲᠠᠢ ᠰᠢᠯᠭᠠᠯᠲᠠ ᠪᠣᠯᠤᠨ ᠵᠣᠬᠢᠬᠤ ᠬᠢᠴᠢᠶᠡᠯ ᠲᠥᠷᠥᠯ ᠤᠨ ᠡᠩ ᠤᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠬᠡᠮᠵᠢᠶᠡᠨ ᠤ ᠰᠢᠯᠭᠠᠯᠲᠠ ᠳᠤ ᠣᠷᠣᠯᠴᠠᠵᠤ | ᠪᠣᠯᠤᠨ᠎ᠠ᠃ | ᠳᠡᠭᠡᠷ᠎ᠡ ᠳᠤᠷᠠᠳᠤᠭᠰᠠᠨ ᠬᠤᠶᠠᠷ ᠵᠦᠢᠯ ᠤᠨ ᠰᠢᠯᠭᠠᠯᠲᠠ ᠪᠠᠷ ᠰᠣᠷᠣᠭᠴᠢ ᠡᠯᠰᠡᠬᠦ ᠠᠵᠢᠯ ᠢ ᠡᠩ ᠤᠨ | ᠪᠠᠶᠢᠳᠠᠯ ᠳᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ | ᠰᠢᠯᠭᠠᠯᠲᠠ ᠠᠴᠠ ᠡᠮᠦᠨ᠎ᠡ ᠲᠣᠬᠢᠷᠠᠭᠤᠯᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ | ᠤᠷᠢᠳᠴᠢᠯᠠᠨ ᠨᠡᠷ᠎ᠡ ᠮᠡᠳᠡᠭᠦᠯᠦᠭᠰᠡᠨ ᠥᠬᠡᠶ ᠵᠢᠴᠢ ᠰᠢᠯᠭᠠᠯᠲᠠ ᠳᠤ ᠨᠡᠷ᠎ᠡ ᠮᠡᠳᠡᠭᠦᠯᠦᠭᠰᠡᠨ ᠪᠣᠯᠪᠠᠴᠤ ᠡᠯᠰᠡᠭᠳᠡᠭᠰᠡᠨ | ᠥᠬᠡᠶ ᠰᠢᠯᠭᠠᠭᠤᠯᠤᠭᠴᠢ ᠪᠠᠰᠠ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ | ᠨᠢᠭᠡᠳᠦᠯᠲᠡᠶ ᠰᠢᠯᠭᠠᠯᠲᠠ ᠳᠤ ᠣᠷᠣᠯᠴᠠᠵᠤ ᠪᠣᠯᠤᠨ᠎ᠠ᠃ | ᠭᠤᠷᠪᠠ᠂ ᠪᠠᠲᠤᠯᠠᠭᠠᠨ ᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ᠂ | ᠡᠯ᠎ᠡ ᠬᠤᠯᠪᠤᠭᠳᠠᠬᠤ ᠰᠠᠯᠠᠭ᠎ᠠ ᠮᠥᠴᠢᠷ ᠤᠨ ᠬᠢᠨ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠤᠷᠤᠭᠴᠢ ᠡᠯᠰᠡᠬᠦ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ | ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠦᠨᠳᠦᠰᠦᠨ ᠪᠠᠲᠤᠯᠠᠭᠠᠨ ᠤ | ᠨᠥᠬᠦᠴᠡᠯ ᠢ ᠲᠡᠭᠦᠯᠳᠡᠷᠵᠢᠭᠦᠯᠬᠦ ᠬᠠᠷᠢᠭᠤᠴᠠᠯᠭ᠎ᠠ ᠶᠢᠨ ᠭᠤᠤᠯ ᠴᠣᠭᠴᠠ ᠪᠠᠶᠢᠵᠤ᠂ ᠡᠩ ᠤᠨ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠶ᠎ᠠ | ᠣᠷᠣᠨ ᠠᠴᠠ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠤ ᠪᠠᠷ ᠡᠩ ᠤᠨ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠬᠤ ᠭᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠤᠯ | ᠬᠠᠷᠢᠭᠤᠴᠠᠯᠭᠠᠲᠠᠨ ᠪᠡᠶ᠎ᠡ ᠪᠠᠷ ᠢᠶᠠᠨ ᠬᠠᠷᠢᠭᠤᠴᠠᠵᠤ᠂ ᠪᠡᠶ᠎ᠡ ᠪᠠᠷ ᠢᠶᠠᠨ ᠵᠣᠬᠢᠴᠠᠭᠤᠯᠵᠤ᠂ ᠪᠡᠶ᠎ᠡ ᠪᠠᠷ ᠢᠶᠠᠨ ᠬᠢᠨᠠᠨ | ᠪᠠᠶᠢᠴᠠᠭᠠᠵᠤ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠣᠭᠲᠠᠭᠤᠨ ᠢᠶᠠᠷ ᠨᠠᠶᠢᠳᠠᠪᠤᠷᠢᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠰᠤᠷᠭᠠᠨ ᠬᠥᠮᠦᠵᠢᠯ᠂ ᠤᠬᠠᠭᠤᠯᠭ᠎ᠠ᠂ ᠪᠠᠶᠢᠭᠤᠯᠤᠮᠵᠢ ᠶᠢᠨ ᠣᠷᠣᠨ ᠲᠤᠭ᠎ᠠ᠂ | ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠂ ᠨᠢᠭᠤᠴᠠ ᠶᠢ ᠬᠠᠮᠠᠭᠠᠯᠠᠬᠤ᠂ ᠬᠥᠭᠵᠢᠭᠦᠯᠦᠯᠲᠡ ᠪᠠ | ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ | ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠬᠠᠮ ᠬᠦᠴᠦᠨ ᠢ ᠪᠦᠷᠢᠯᠳᠦᠭᠦᠯᠵᠦ᠂ | ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ | ᠬᠠᠮᠲᠤ ᠪᠠᠷ ᠠᠬᠢᠭᠤᠯᠬᠤ ᠬᠡᠷᠡᠭᠲᠡᠢ᠃ | ︵ᠬᠤᠶᠠᠷ︶ ᠨᠥᠬᠦᠴᠡᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠡᠷᠬᠡᠪᠰᠢ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠣᠨᠣᠯᠵᠢᠬᠤᠨ ᠢ ᠪᠠᠲᠤ ᠪᠠᠬᠢ ᠪᠣᠶ | ᠪᠣᠯᠭᠠᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠬᠤ᠂ | ᠰᠢᠯᠭᠠᠯᠲᠠ ᠶᠢᠨ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ | ᠵᠠᠷᠤᠳᠠᠯ ᠤᠨ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠤᠷᠤᠭᠰᠢᠲᠠᠶ | ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠬᠠᠤ ᠬᠡᠷᠡᠭᠲᠡᠢ᠃ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠯᠦᠩᠭᠦᠶ ᠬᠠᠮᠢᠶᠠᠷᠤᠯᠲᠠ᠂ | ᠪᠦᠲᠦᠴᠡ ᠶᠢᠨ ᠲᠣᠬᠢᠷᠠᠭᠤᠯᠤᠯᠲᠠ᠂ ᠰᠢᠶᠠᠨ ᠤ ᠬᠡᠪᠴᠢᠶᠡᠨ ᠳᠤ ᠨᠢᠭᠡᠳᠦᠯᠲᠡᠶ ᠲᠥᠯᠥᠪᠯᠡᠬᠦ᠂ ᠪᠠᠭᠰᠢ ᠶᠠᠪᠤᠵᠤ | ᠪᠠᠭᠰᠢᠯᠠᠬᠤ ᠪᠠ ᠵᠣᠬᠢᠬᠤ ᠬᠡᠮᠵᠢᠶ᠎ᠡ ᠪᠠᠷ ᠨᠥᠭᠡᠴᠡᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠩ ᠤᠨ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠥᠭᠡᠷᠡᠴᠢᠯᠡᠯᠲᠡ ᠶᠢᠨ | ᠬᠡᠷᠡᠭᠴᠡᠭᠡ ᠳᠤ ᠪᠠᠭᠰᠢ ᠶᠢᠨ ᠬᠦᠴᠦᠨ ᠢ ᠬᠠᠩᠭᠠᠬᠤ ᠶᠢ ᠦᠨᠡᠨ ᠬᠦ ᠪᠠᠲᠤᠯᠠᠨ᠎ᠠ᠃ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠵᠦᠶ ᠵᠣᠬᠢᠰᠲᠠᠶ ᠲᠥᠯᠥᠪᠵᠢᠭᠦᠯᠵᠦ᠂ | ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠰᠤᠷᠭᠠᠭᠤᠯᠢ ᠶᠢᠨ ᠬᠢᠴᠢᠶᠡᠯ ᠤᠨ ᠬᠡᠷ᠂ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢᠨ ᠨᠥᠬᠦᠴᠡᠯ ᠨᠢ | ᠬᠢᠴᠢᠶᠡᠯ ᠰᠣᠩᠭᠤᠵᠤ ᠠᠩᠭᠢ ᠰᠢᠯᠵᠢᠬᠦ ᠵᠢᠭᠠᠨ ᠰᠤᠷᠭᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ | ᠳᠡᠶᠢᠯᠬᠦ ᠶᠢ ᠦᠨᠡᠨ ᠬᠦ ᠪᠠᠲᠤᠯᠠᠨ᠎ᠠ᠃ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ 2024 | ᠣᠨ ᠤ ᠰᠡᠭᠦᠯᠴᠢ ᠪᠠᠷ ︽ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠲᠠᠪᠴᠠᠩ︾ ᠤᠨ ᠲᠥᠰᠦᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ | ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠴᠡᠭ ᠢ ᠰᠢᠨ᠎ᠡ ᠪᠠᠷ ᠪᠠᠶᠢᠭᠤᠯᠬᠤ ᠪᠠ ᠲᠠᠰ ᠳᠡᠪᠰᠢᠭᠦᠯᠦᠨ ᠥᠭᠡᠷᠡᠴᠢᠯᠡᠬᠦ | ᠢᠨᠵᠧᠨᠧᠷᠢᠩ ᠢ ᠲᠦᠷᠭᠡᠳᠬᠡᠵᠦ᠂ ᠲᠣᠭᠠᠵᠢᠭᠤᠯᠤᠭᠰᠠᠨ ᠰᠤᠷᠭᠠᠭᠤᠯᠢ ᠶᠢᠨ ᠬᠦᠷᠢᠶᠡᠨ ᠤ ᠪᠥᠲᠥᠭᠡᠨ ᠪᠠᠶᠢᠭᠤᠯᠤᠯᠲᠠ | ᠪᠠ ᠬᠡᠷᠡᠭᠯᠡᠯᠲᠡ ᠶᠢ ᠶᠡᠭᠡ ᠪᠠᠷ ᠠᠬᠢᠭᠤᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ | ᠰᠢᠯᠭᠠᠯᠲᠠ ᠪᠠᠷ ᠰᠤᠷᠤᠭᠴᠢ ᠡᠯᠰᠡᠬᠦ ᠪᠠᠶᠢᠭᠤᠯᠤᠮᠵᠢ ᠶᠢ ᠲᠡᠭᠦᠯᠳᠡᠷ ᠪᠠᠶᠢᠭᠤᠯᠵᠤ᠂ ᠰᠡᠳᠦᠪ ᠭᠠᠷᠭᠠᠬᠤ ᠡᠩᠨᠡᠭᠡ ᠪᠣᠯᠤᠨ | ᠰᠢᠯᠭᠠᠯᠲᠠ ᠶᠢᠨ ᠬᠠᠮᠢᠶᠠᠷᠤᠯᠲᠠ ᠶᠢᠨ ᠠᠵᠢᠯᠲᠠᠨ ᠤ ᠡᠩᠨᠡᠭᠡ ᠶᠢ ᠲᠡᠭᠦᠯᠳᠡᠷᠵᠢᠭᠦᠯᠵᠦ᠂ ᠰᠢᠯᠭᠠᠯᠲᠠ ᠶᠢᠨ ᠰᠡᠳᠦᠪ | ᠭᠠᠷᠭᠠᠬᠤ ᠳᠦᠷᠢᠮ ᠪᠣᠯᠤᠨ ᠰᠢᠯᠭᠠᠯᠲᠠ ᠶᠢᠨ ᠬᠠᠮᠢᠶᠠᠷᠤᠯᠲᠠ ᠶᠢᠨ ᠲᠤᠰᠬᠠᠶᠢᠵᠢᠭᠰᠠᠨ᠂ ᠰᠢᠨᠵᠢᠯᠡᠬᠦ | ᠤᠬᠠᠭᠠᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠭᠤᠷᠪᠠ︶ ᠲᠥᠬᠦᠷ ᠥᠭᠡᠷᠡᠴᠢᠯᠡᠯᠲᠡ ᠶᠢ ᠠᠬᠢᠭᠤᠯᠤᠨ᠎ᠠ᠃ ᠡᠯ᠎ᠡ ᠱᠠᠲᠤᠨ ᠤ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠲᠥᠬᠦᠷ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠰᠠᠶᠢᠲᠤᠷ | ᠰᠡᠳᠦᠵᠦ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠪᠣᠯᠤᠨ ᠡᠩ ᠤᠨ ᠳᠡᠭᠡᠳᠦ ᠰᠤᠷᠭᠠᠭᠤᠯᠢ ᠶᠢ ᠵᠣᠬᠢᠶᠠᠨ | ᠪᠠᠶᠢᠭᠤᠯᠤᠨ ᠬᠥᠲᠥᠯᠥᠨ ᠵᠢᠯᠣᠭᠤᠳᠴᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠣᠯᠤᠨ | ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠡᠩ ᠤᠨ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠬᠢᠴᠢᠶᠡᠯ ᠤᠨ ᠲᠥᠰᠦᠯ ᠪᠣᠯᠤᠨ ᠬᠢᠴᠢᠶᠡᠯ ᠤᠨ ᠪᠠᠷᠢᠮᠵᠢᠶ᠎ᠠ ᠶᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠢᠴᠢᠶᠡᠯ ᠢ ᠬᠡᠷᠡᠭᠵᠢᠭᠦᠯᠬᠦ ᠲᠥᠰᠦᠯ ᠳᠤ ᠵᠠᠰᠠᠪᠤᠷᠢ ᠣᠷᠣᠭᠤᠯᠵᠤ᠂ ᠬᠢᠴᠢᠶᠡᠯ ᠤᠨ | ᠪᠠᠶᠢᠷᠢᠯᠠᠭᠤᠯᠤᠯᠲᠠ ᠶᠢ ᠲᠣᠳᠣᠷᠬᠠᠶᠢᠯᠠᠵᠤ᠂ ᠬᠢᠴᠢᠶᠡᠯ ᠤᠨ ᠬᠠᠮᠢᠶᠠᠷᠤᠯᠲᠠ᠂ ᠪᠠᠭᠰᠢ ᠶᠢᠨ ᠪᠣᠯᠪᠠᠰᠤᠷᠠᠭᠤᠯᠤᠯ᠂ | ᠵᠢᠭᠠᠬᠤ ᠶᠢ ᠰᠤᠳᠤᠯᠬᠤ ᠠᠵᠢᠯ ᠪᠣᠯᠤᠨ ᠰᠤᠷᠭᠠᠭᠤᠯᠢ ᠶᠢᠨ ᠨᠥᠬᠦᠴᠡᠯ ᠤᠨ ᠪᠠᠲᠤᠯᠠᠭ᠎ᠠ ᠵᠡᠷᠭᠡ ᠶᠢ ᠴᠢᠩᠭᠠᠷᠠᠭᠤᠯᠵᠤ᠂ | ᠬᠢᠴᠢᠶᠡᠯ ᠢ ᠬᠡᠷᠡᠭᠵᠢᠭᠦᠯᠬᠦ ᠶᠢ ᠬᠢᠨᠠᠨ ᠰᠢᠯᠭᠠᠬᠤ ᠪᠠ ᠬᠠᠯᠠᠨ ᠥᠭᠡᠷᠡᠴᠢᠯᠡᠬᠦ ᠶᠢ ᠴᠢᠩᠭᠠᠳᠬᠠᠨ᠎ᠠ᠃ ᠳᠡᠭᠡᠳᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠵᠠᠭᠪᠤᠷ ᠤᠨ | ᠥᠭᠡᠷᠡᠴᠢᠯᠡᠯᠲᠡ ᠶᠢ ᠠᠬᠢᠭᠤᠯᠵᠤ᠂ ᠰᠤᠷᠤᠭᠴᠢᠳ ᠤᠨ ᠠᠮᠢᠳᠤᠷᠠᠬᠤᠢ ᠶᠢᠨ ᠲᠥᠯᠥᠪᠵᠢᠭᠦᠯᠭᠡ ᠶᠢᠨ | ᠵᠢᠯᠣᠭᠤᠳᠣᠯᠭ᠎ᠠ ᠶᠢ ᠴᠢᠩᠭᠠᠳᠬᠠᠵᠤ᠂ ᠬᠢᠴᠢᠶᠡᠯ ᠰᠣᠩᠭᠤᠨ ᠠᠩᠭᠢ ᠰᠢᠯᠵᠢᠬᠦ ᠶᠢ ᠡᠮᠬᠢ ᠵᠢᠷᠤᠮᠲᠠᠢ ᠠᠬᠢᠭᠤᠯᠵᠤ᠂ | ᠰᠤᠷᠤᠭᠴᠢᠳ ᠤᠨ ᠵᠦᠶ ᠵᠣᠬᠢᠰᠲᠠᠶ ᠪᠠᠷ ᠬᠢᠴᠢᠶᠡᠯ ᠰᠣᠩᠭᠤᠬᠤ ᠶᠢ ᠵᠥᠪ ᠢᠶᠠᠷ ᠬᠥᠲᠥᠯᠥᠨ ᠵᠢᠯᠣᠭᠤᠳᠴᠤ᠂ ᠵᠢᠭᠠᠨ | ᠰᠤᠷᠭᠠᠬᠤ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠵᠠᠰᠠᠭ ᠵᠠᠬᠢᠷᠭᠠᠨ ᠤ ᠠᠩᠭᠢ ᠪᠣᠯᠤᠨ ᠵᠢᠭᠠᠨ | ᠰᠤᠷᠭᠠᠯᠲᠠ ᠶᠢᠨ ᠠᠩᠭᠢ ᠵᠡᠷᠭᠡ ᠪᠠᠷ ᠣᠷᠣᠰᠢᠬᠤ᠂ ᠠᠩᠭᠢ ᠶᠢᠨ ᠡᠷᠬᠢᠯᠡᠭᠴᠢ ᠪᠣᠯᠤᠨ ᠵᠢᠯᠣᠭᠤᠳᠣᠭᠴᠢ ᠪᠠᠭᠰᠢ ᠶᠢᠨ | ᠳᠦᠷᠢᠮ ᠢ ᠤᠶᠠᠯᠳᠤᠭᠤᠯᠤᠭᠰᠠᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠵᠠᠭᠪᠤᠷ ᠢ ᠰᠦᠪᠡᠭᠴᠢᠯᠡᠨ | ᠪᠠᠶᠢᠭᠤᠯᠤᠨ᠎ᠠ᠃ ᠡᠩ ᠤᠨ ᠳᠡᠭᠡᠳᠦ ᠰᠤᠷᠭᠠᠭᠤᠯᠢ ᠶᠢᠨ ᠬᠢᠨ ᠰᠤᠷᠤᠭᠴᠢ ᠡᠯᠰᠡᠬᠦ ᠪᠠ ᠰᠢᠯᠢᠨ ᠰᠣᠩᠭᠤᠬᠤ | ᠲᠣᠭᠲᠠᠴᠠ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠣᠩᠭᠤᠨ ᠰᠢᠯᠭᠠᠬᠤ ᠬᠢᠴᠢᠶᠡᠯ ᠲᠥᠷᠥᠯ ᠤᠨ | ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠲᠣᠭᠲᠠᠭᠠᠵᠤ᠂ ᠴᠢᠳᠠᠪᠤᠷᠢᠲᠠᠨ ᠢ ᠬᠥᠮᠦᠵᠢᠭᠦᠯᠬᠦ | ᠲᠥᠰᠦᠯ ᠢᠶᠠᠨ ᠥᠭᠡᠷᠡᠴᠢᠯᠡᠨ ᠲᠡᠭᠦᠯᠳᠡᠷᠵᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ ᠴᠢᠨᠠᠷ ᠴᠢᠨᠰᠠᠭ᠎ᠠ ᠪᠠᠨ | ᠳᠡᠭᠡᠭᠰᠢᠯᠡᠭᠦᠯᠬᠦ ᠬᠡᠷᠡᠭᠲᠡᠢ᠃ | ︵ᠳᠥᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠱᠠᠲᠤᠨ ᠤ ᠰᠤᠷᠭᠠᠨ | ᠬᠥᠮᠦᠵᠢᠯ᠂ ᠤᠬᠠᠭᠤᠯᠭ᠎ᠠ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠵᠡᠷᠭᠡ ᠰᠠᠯᠠᠭ᠎ᠠ | ᠮᠥᠴᠢᠷ ᠤᠨ ᠬᠢᠨ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠴᠢ ᠬᠤᠯᠪᠣᠭᠳᠠᠯ᠂ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠲᠠᠰ ᠳᠠᠷᠠᠭᠠᠯᠠᠯ᠂ ᠲᠦᠷᠢᠮ ᠲᠣᠭᠲᠠᠭᠠᠯ ᠵᠡᠷᠭᠡ ᠲᠠᠯ᠎ᠠ ᠪᠠᠷ ᠬᠢ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠥᠪ ᠲᠠᠯ᠎ᠠ ᠠᠴᠠ ᠬᠥᠲᠥᠯᠦᠨ ᠵᠢᠯᠣᠭᠤᠳᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠥᠭᠡᠷᠡᠴᠢᠯᠡᠯᠲᠡ ᠶᠢᠨ ᠢᠲᠡᠭᠡᠯ ᠵᠣᠷᠢᠭ ᠢᠶᠠᠨ | ᠪᠠᠲᠤᠳᠬᠠᠵᠤ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠰᠠᠶᠢᠨ ᠰᠠᠶᠢᠬᠠᠨ ᠨᠡᠶᠢᠭᠡᠮ ᠤᠨ ᠣᠷᠴᠢᠨ | ᠨᠥᠬᠦᠴᠡᠯ ᠪᠠ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠬᠤ ᠬᠡᠷᠡᠭᠲᠡᠶ᠃ ᠡᠯ᠎ᠡ | ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠰᠢᠯᠭᠠᠯᠲᠠ ᠪᠠᠷ ᠰᠣᠷᠣᠭᠴᠢ ᠡᠯᠰᠡᠬᠦ | ᠪᠠᠶᠢᠭᠤᠯᠤᠮᠵᠢ ᠶᠢᠨ ᠬᠢᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠯ᠎ᠡ ᠵᠦᠢᠯ ᠤᠨ ᠲᠥᠷᠥ ᠶᠢᠨ ᠪᠣᠳᠣᠯᠭ᠎ᠠ᠂ ᠲᠣᠭᠲᠠᠭᠠᠯ | ᠪᠠ ᠱᠠᠭᠠᠷᠳᠠᠯᠭ᠎ᠠ ᠶᠢᠨ ᠰᠤᠷᠤᠯᠴᠠᠯᠭ᠎ᠠ᠂ ᠪᠣᠯᠪᠠᠰᠤᠷᠠᠭᠤᠯᠤᠯ ᠢ ᠲᠠᠰ ᠳᠠᠪᠬᠤᠷᠭ᠎ᠠ ᠲᠥᠷᠥᠯ ᠬᠤᠪᠢᠶᠠᠨ ᠰᠠᠶᠢᠲᠤᠷ | ᠵᠣᠬᠢᠶᠠᠨ ᠪᠠᠶᠢᠭᠤᠯᠵᠤ᠂ ᠲᠥᠷᠥ ᠶᠢᠨ ᠪᠣᠳᠣᠯᠭ᠎ᠠ ᠶᠢ ᠪᠤᠷᠤᠭᠤ ᠣᠶᠢᠯᠠᠭᠠᠭᠰᠠᠨ ᠠᠴᠠ ᠪᠣᠯᠵᠣ ᠠᠯᠳᠠᠰᠢ | ᠭᠠᠷᠭᠠᠬᠤ ᠠᠴᠠ ᠡᠷᠡᠰ ᠵᠠᠶᠢᠯᠠᠰᠬᠢᠬᠤ ᠬᠡᠷᠡᠭᠲᠡᠶ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠳᠡᠭᠡᠳᠦ ᠬᠡᠮᠵᠢᠶ᠎ᠡ ᠪᠠᠷ | ᠠᠩᠬᠠᠷᠴᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤᠯᠲᠠ | ᠥᠭᠬᠦ ᠬᠡᠷᠡᠭᠲᠡᠶ᠃ | ︵ᠲᠠᠪᠤ︶ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠰᠠᠯᠠᠭ᠎ᠠ ᠮᠥᠴᠢᠷ ᠶᠢᠨ ᠬᠢᠨ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠤ ᠵᠣᠬᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠬᠢᠨᠠᠨ ᠵᠢᠯᠣᠭᠤᠳᠬᠤ ᠪᠠᠨ | ᠴᠢᠩᠭᠠᠷᠠᠭᠤᠯᠵᠤ᠂ ᠬᠢᠨᠠᠨ ᠵᠢᠯᠣᠭᠤᠳᠴᠤ ᠪᠠᠶᠢᠴᠠᠭᠠᠭᠰᠠᠨ ᠳ᠋ᠦᠩ ᠢᠶᠠᠨ ᠵᠠᠰᠠᠭ ᠤᠨ ᠣᠷᠳᠣᠨ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠭᠰᠡᠨ ᠦᠢᠯᠡ ᠠᠵᠢᠯᠯᠠᠭ᠎ᠠ ᠶᠢ ᠦᠨᠡᠯᠡᠬᠦ ᠴᠢᠬᠤᠯᠠ ᠦᠨᠳᠦᠰᠦᠯᠡᠯ ᠪᠣᠯᠭᠠᠵᠤ᠂ | ᠢᠯᠡᠷᠡᠭᠦᠯᠦᠭᠰᠡᠨ ᠠᠰᠠᠭᠤᠳᠠᠯ ᠳᠤ ᠬᠠᠷᠢᠭᠤᠴᠠᠯᠭ᠎ᠠ ᠨᠡᠬᠡᠮᠵᠢᠯᠡᠬᠦ ᠪᠠᠨ ᠴᠢᠩᠭᠠᠷᠠᠭᠤᠯᠵᠤ᠂ ᠬᠤᠭᠤᠴᠠᠭ᠎ᠠ ᠳᠣᠭᠲᠠᠭᠠᠨ | ᠴᠡᠭᠴᠡᠯᠡᠨ ᠥᠭᠡᠷᠡᠴᠢᠯᠡᠬᠦ ᠬᠡᠷᠡᠭᠲᠡᠶ᠃ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ︽ᠨᠠᠷᠠᠨ ᠭᠡᠷᠡᠯᠲᠦ | ᠢᠨᠵᠧᠨᠧᠷᠢᠩ︾ ᠢ ᠭᠦᠨᠵᠡᠭᠡᠶ ᠬᠡᠷᠡᠭᠵᠢᠭᠦᠯᠵᠦ᠂ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠵᠤ᠂ ᠣᠯᠠᠨ | ᠠᠷᠭ᠎ᠠ ᠵᠠᠮ ᠢᠶᠠᠷ ᠬᠢᠨᠠᠯᠲᠠ ᠲᠠᠯᠪᠢᠬᠤ ᠳᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠯᠭᠠᠯᠲᠠ ᠪᠠᠷ | ᠰᠤᠷᠤᠭᠴᠢ ᠡᠯᠰᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ ᠦᠨᠡᠨᠴᠢ ᠢᠲᠡᠭᠡᠮᠵᠢ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠣᠷᠣᠯᠠᠨ | ᠰᠢᠯᠭᠠᠭᠤᠯᠬᠤ᠂ ᠨᠡᠷ᠎ᠡ ᠣᠷᠣᠯᠠᠨ ᠰᠤᠷᠭᠠᠭᠤᠯᠢ ᠳᠤ ᠣᠷᠣᠬᠤ ᠵᠡᠷᠭᠡ ᠰᠢᠯᠭᠠᠯᠲᠠ ᠪᠠᠷ ᠰᠣᠷᠣᠭᠴᠢ ᠡᠯᠰᠡᠬᠦ ᠶᠢᠨ | ᠢᠲᠡᠭᠡᠮᠵᠢ ᠪᠠᠨ ᠠᠯᠳᠠᠭᠰᠠᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | | |