ᠨᠠᠮ ᠤᠨ ᠲᠥᠪ ᠬᠤᠷᠢᠶᠠᠨ ᠤ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ 28 ᠤ ᠡᠳᠦᠷ | ᠬᠤᠪᠸᠢ ᠮᠤᠵᠢ ᠶᠢᠨ ᠦᠬᠠᠨ ᠬᠤᠳᠠ ᠳᠤ ᠰᠢᠨᠵᠢᠯᠡᠨ | ᠪᠠᠶᠢᠴᠠᠭᠠᠬᠤ ᠳᠠᠭᠠᠨ ᠵᠢᠭᠠᠵᠤ | ᠭᠠᠷᠭᠠᠬᠰᠠᠨ ᠨᠢ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠯ᠎ᠠ ᠪᠠᠷ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯ | ᠤᠯᠤᠰ ᠤᠨ ᠬᠦᠴᠦᠷᠬᠡᠭᠵᠢᠯ ᠤᠨ ᠰᠠᠭᠤᠷᠢ᠂ ᠠᠮᠤᠷ | ᠲᠦᠪᠰᠢᠨ ᠤ ᠴᠢᠬᠤᠯᠠ ᠵᠦᠢᠯ ᠪᠣᠯᠤᠨ᠎ᠠ᠃ ᠪᠢᠳᠡ | ᠡᠷᠬᠡᠪᠰᠢ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠦᠪ | ᠣᠨᠣᠪᠴᠢᠲᠠᠢ᠂ ᠪᠦᠬᠦ ᠲᠠᠯ᠎ᠠ ᠪᠠᠷ | ᠲᠤᠭᠤᠰᠢᠯᠠᠭᠤᠯᠤᠨ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠣᠯᠭᠠᠬᠤ | ᠪᠠᠶᠢᠯᠳᠤᠬᠤ ᠪᠤᠳᠤᠯᠭ᠎ᠠ ᠶᠢ ᠭᠦᠨᠵᠡᠭᠡᠢ | ᠬᠡᠷᠡᠭᠵᠢᠭᠦᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠠᠮᠢᠨ ᠰᠤᠳᠠᠰᠤ ᠶᠢ | ᠥᠪᠡᠷ ᠤᠨ ᠭᠠᠷ ᠲᠠᠭᠠᠨ ᠪᠠᠲᠤ ᠡᠵᠡᠮᠳᠡᠵᠥ᠂ | ᠰᠢᠨᠵᠢᠯᠡᠬᠦ ᠤᠬᠠᠭᠠᠨ ᠳᠧᠭᠨᠢᠭ ᠮᠡᠷᠭᠡᠵᠢᠯ ᠤᠨ | ᠳᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠭᠦ ᠳᠡᠬᠡᠷ᠎ᠡ ᠨᠡᠩ ᠶᠡᠭᠡ | ᠠᠬᠢᠴᠠ ᠲᠠᠢ ᠪᠣᠯᠵᠤ᠂ ᠮᠠᠨ ᠤ ᠤᠯᠤᠰ ᠤᠨ | ᠬᠥᠭᠵᠢᠯᠲᠡ ᠶᠢᠨ ᠦᠪᠡᠷᠮᠢᠴᠡ ᠴᠢᠨᠠᠷ᠂ | ᠪᠡᠶ᠎ᠡ ᠪᠠᠨ ᠳᠠᠭᠠᠭᠠᠬᠤ ᠴᠢᠨᠠᠷ᠂ ᠠᠮᠤᠷ | ᠲᠦᠪᠰᠢᠨ ᠴᠢᠨᠠᠷ ᠢ ᠲᠠᠰᠤᠷᠠᠯᠳᠠ ᠦᠭᠡᠢ | ᠳᠡᠭᠡᠭᠰᠢᠯᠡᠭᠦᠯᠵᠥ᠂ ᠨᠡᠩ ᠤᠯᠠᠨ ᠰᠢᠨ᠎ᠡ | ᠮᠡᠷᠭᠡᠵᠢᠯ ᠰᠢᠨ᠎ᠡ ᠠᠵᠤ ᠦᠢᠯᠡᠰ ᠢ ᠪᠤᠢ | ᠪᠣᠯᠭᠠᠵᠤ᠂ ᠠᠵᠤ ᠠᠬᠤᠢ ᠶᠢᠨ ᠬᠥᠭᠵᠢᠯᠲᠡ ᠶᠢᠨ | ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ | ᠵᠠᠮ ᠢ ᠨᠡᠭᠡᠭᠡᠵᠦ᠂ ᠤᠯᠠᠨ ᠤᠯᠤᠰ ᠤᠨ | ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠪᠤᠢ | ᠪᠣᠯᠭᠠᠬᠤ ᠬᠡᠷᠡᠭᠲᠡᠢ ᠬᠡᠵᠥ ᠴᠢᠬᠤᠯᠠᠴᠢᠯᠠᠪᠠ᠃ | 28 ᠤ ᠡᠳᠦᠷ ᠤᠨ ᠦᠳᠡ ᠶᠢᠨ ᠬᠤᠶᠢᠨ᠎ᠠ᠂ | ᠰᠢ ᠶᠢᠨ ᠫᠢᠩ ᠬᠤᠪᠸᠢ ᠮᠤᠵᠢ ᠶᠢᠨ ᠨᠠᠮ ᠤᠨ | ᠬᠤᠷᠢᠶᠠᠨ ᠤ ᠱᠦᠵᠢ ᠸᠠᠩ ᠮᠧᠩ ᠬᠤᠢ᠂ ᠮᠤᠵᠢ ᠶᠢᠨ | ᠳᠠᠷᠤᠭ᠎ᠠ ᠸᠠᠩ ᠵᠦᠩ ᠯᠢᠨ ᠤ ᠪᠠᠷ᠎ᠠ | ᠪᠤᠯᠤᠯᠭ᠎ᠠ ᠲᠠᠢ ᠪᠠᠷ ᠦᠬᠠᠨ ᠤ ᠠᠵᠤ | ᠠᠬᠤᠶᠢᠯᠠᠯ᠂ ᠨᠡᠶᠢᠭᠡᠮ ᠲᠣᠭᠤᠷᠢᠭ ᠲᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ | ᠬᠢᠵᠡᠢ᠃ | ᠰᠢ ᠶᠢᠨ ᠫᠢᠩ ᠡᠩ ᠲᠡᠷᠢᠭᠦᠨ ᠳᠤ ᠦᠬᠠᠨ ᠤ | ᠬᠤᠸᠠ ᠬᠦᠩ ᠯᠠᠶᠢᠰᠧᠷ ᠢᠨᠵᠧᠨᠧᠷᠢᠩ ᠤᠨ | ᠬᠢᠵᠠᠭᠠᠷᠲᠤ ᠺᠣᠮᠫᠠᠨᠢ ᠳᠤ ᠰᠢᠨᠵᠢᠯᠡᠨ | ᠪᠠᠶᠢᠴᠠᠭᠠᠪᠠ᠃ ᠠᠵᠤ ᠠᠬᠤᠶᠢᠯᠠᠯ ᠤᠨ ᠰᠤᠳᠤᠯᠤᠨ | ᠨᠡᠭᠡᠭᠡᠭᠦ ᠶᠡᠷᠦᠩᠬᠡᠶᠢᠯᠡᠭᠰᠡᠨ ᠲᠣᠮᠣ | ᠠᠰᠠᠷ ᠲᠤ᠂ ᠰᠢ ᠶᠢᠨ ᠫᠢᠩ ᠬᠤᠪᠸᠢ ᠮᠤᠵᠢ ᠶᠢᠨ | ᠬᠡᠷᠡᠯ ᠡᠯᠧᠺᠲᠷᠣᠨ ᠤ ᠮᠡᠳᠡᠭᠡ ᠵᠠᠩᠭᠢ ᠶᠢᠨ | ᠠᠵᠤ ᠦᠶᠯᠡᠰ ᠤᠨ ᠬᠥᠭᠵᠢᠯᠲᠡ ᠵᠢᠴᠢ ᠭᠤᠤᠯᠯᠠᠬᠤ | ᠮᠡᠷᠭᠡᠵᠢᠯ ᠤᠨ ᠪᠣᠭᠤᠮᠲᠠ ᠰᠢᠪᠲᠤᠯᠤᠬᠰᠠᠨ | ᠪᠠᠶᠢᠳᠠᠯ ᠤᠨ ᠲᠠᠨᠢᠯᠴᠠᠭᠤᠯᠭ᠎ᠠ ᠶᠢ | ᠰᠣᠨᠣᠰᠴᠤ᠂ ᠴᠠᠬᠢᠮ ᠤᠨ ᠠᠵᠤ ᠦᠶᠯᠡᠰ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ | ᠦᠵᠡᠭᠦᠯᠭᠡ ᠶᠢ ᠨᠠᠷᠢᠨ ᠪᠤᠳᠠᠳᠠᠢ ᠪᠠᠶᠢᠴᠠᠭᠠᠨ | ᠦᠵᠡᠪᠡ᠃ ᠰᠢ ᠶᠢᠨ ᠫᠢᠩ᠂ ᠭᠡᠷᠡᠯ ᠡᠯᠧᠺᠲᠷᠣᠨ ᠤ | ᠮᠡᠳᠡᠭᠡ ᠵᠠᠩᠭᠢ ᠶᠢᠨ ᠠᠵᠤ ᠦᠢᠯᠡᠰ ᠪᠣᠯ | ᠬᠡᠷᠡᠭᠯᠡᠭᠡ ᠥᠷᠭᠡᠨ ᠪᠠᠶᠢᠯᠳᠤᠬᠤ | ᠪᠤᠳᠤᠯᠭ᠎ᠠ ᠶᠢᠨ ᠳᠡᠭᠡᠳᠦ ᠮᠡᠷᠭᠡᠵᠢᠯ ᠤᠨ ᠠᠵᠤ | ᠦᠢᠯᠡᠰ ᠮᠥᠨ᠂ ᠪᠠᠰᠠ ᠴᠤ ᠮᠠᠨ ᠤ ᠤᠯᠤᠰ ᠤᠨ | ᠤᠷᠢᠤᠨ ᠢᠶᠠᠷ ᠰᠢᠪᠲᠤᠯᠤᠯᠲᠠ ᠭᠠᠷᠭᠠᠬᠤ | ᠨᠥᠬᠦᠴᠡᠯ ᠲᠠᠢ ᠳᠡᠭᠡᠳᠦ ᠮᠡᠷᠭᠡᠵᠢᠯ ᠤᠨ ᠠᠵᠤ | ᠦᠢᠯᠡᠰ ᠮᠥᠨ᠃ ᠬᠤᠪᠧᠶ ᠮᠤᠵᠢ ᠶᠢᠨ ᠦᠬᠠᠨ ᠤ | ᠳ᠋ᠦᠩ ᠬᠤ᠋ ᠰᠢᠨ᠎ᠡ ᠮᠡᠷᠭᠡᠵᠢᠯ ᠤᠨ | ᠨᠡᠭᠡᠭᠡᠯᠲᠡ ᠶᠢᠨ ᠣᠷᠣᠨ ᠨᠢ ᠭᠡᠷᠡᠯ | ᠡᠯᠧᠺᠲᠷᠣᠨ ᠮᠡᠳᠡᠭᠡ ᠵᠠᠩᠭᠢ ᠶᠢᠨ ᠠᠵᠤ | ᠦᠶᠯᠡᠰ ᠤᠨ ᠬᠦᠷᠢᠶᠡᠨ ᠳᠤ ᠦᠪᠡᠷ ᠤᠨ ᠬᠡᠰᠡᠨ | ᠥᠪᠡᠷᠮᠢᠴᠡ ᠣᠨᠴᠠᠯᠢᠭ ᠲᠠᠢ ᠶᠤᠮ᠃ | ᠮᠡᠷᠭᠡᠵᠢᠯ ᠤᠨ ᠰᠤᠳᠤᠯᠤᠨ ᠨᠡᠭᠡᠭᠡᠯᠳᠡ ᠶᠢᠨ | ᠪᠣᠭᠤᠮᠲᠠ ᠰᠢᠪᠲᠤᠯᠬᠤ ᠶᠢ ᠴᠢᠩᠭᠠᠳᠬᠠᠵᠤ᠂ | ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ | ᠥᠮᠴᠢᠯᠡᠯ ᠤᠨ ᠡᠷᠬᠡ ᠲᠠᠢ ᠭᠤᠣᠯᠯᠠᠭᠴᠢ | ᠮᠡᠷᠭᠡᠵᠢᠯ ᠢ ᠨᠡᠩ ᠤᠯᠠᠨ ᠡᠵᠡᠮᠰᠢᠵᠦ᠂ | ᠲᠠᠰᠤᠷᠠᠯᠳᠠ ᠦᠭᠡᠢ ᠪᠠᠷ ᠰᠢᠨ᠎ᠡ ᠶᠢ ᠡᠭᠦᠳᠬᠦ | ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠤᠨ | ᠬᠡᠯᠬᠢᠶ᠎ᠡ ᠶᠢ ᠲᠡᠭᠦᠯᠳᠡᠷᠵᠢᠭᠦᠯᠵᠦ᠂ ᠮᠠᠨ ᠤ | ᠤᠯᠤᠰ ᠤᠨ ᠭᠡᠷᠡᠯ ᠡᠯᠧᠺᠲᠷᠣᠨ ᠮᠡᠳᠡᠭᠡ | ᠵᠠᠩᠭᠢ ᠶᠢᠨ ᠠᠵᠤ ᠦᠢᠯᠡᠰ ᠤᠨ ᠲᠦᠷᠭᠡᠨ | ᠬᠥᠭᠵᠢᠯᠲᠡ ᠶᠢ ᠠᠬᠢᠭᠤᠯᠬᠤ ᠳᠤ ᠨᠡᠩ ᠶᠡᠭᠡ | ᠬᠤᠪᠢ ᠨᠡᠮᠡᠷᠢ ᠦᠵᠡᠭᠦᠯᠬᠦ ᠬᠡᠷᠡᠭᠲᠡᠢ᠃ ᠮᠠᠨ ᠤ | ᠤᠯᠤᠰ ᠤᠨ ᠬᠥᠭᠵᠢᠨ ᠪᠤᠵᠠᠭᠠᠶᠢᠷᠠᠬᠤ ᠶᠢ | ᠳᠠᠭᠠᠯᠳᠤᠨ᠂ ︽ᠪᠣᠭᠤᠮᠢ ᠪᠤᠯᠵᠥ ᠪᠠᠶᠢᠭ᠎ᠠ︾ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ | ᠰᠢᠪᠲᠤᠯᠬᠤ ᠠᠵᠢᠯ ᠢ ᠥᠴᠦᠬᠡᠨ ᠴᠦ | ᠤᠳᠠᠭᠠᠰᠢᠷᠠᠭᠤᠯᠵᠤ ᠪᠣᠯᠬᠤ ᠦᠭᠡᠢ᠂ ᠡᠷᠬᠡᠪᠰᠢ | ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠰᠢᠨ᠎ᠡ | ᠬᠡᠯᠪᠡᠷᠢ ᠶᠢᠨ ᠪᠦᠬᠦ ᠤᠯᠤᠰ ᠤᠨ | ᠪᠠᠶᠢᠭᠤᠯᠤᠮᠵᠢ ᠶᠢᠨ ᠳᠠᠪᠠᠭᠤᠯᠢᠭ ᠢ | ᠪᠠᠳᠠᠷᠠᠭᠤᠯᠵᠤ᠂ ᠡᠷᠡᠮᠡᠬᠡᠶᠢᠯᠡᠨ | ᠤᠷᠤᠭᠰᠢᠯᠠᠵᠤ᠂ ᠱᠠᠯᠠᠮᠠᠭᠠᠶᠢᠯᠠᠨ ᠨᠡᠬᠡᠵᠥ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠲᠦᠷᠭᠡᠳᠭᠡᠨ | ᠪᠡᠶᠡᠯᠡᠭᠦᠯᠬᠦ ᠬᠡᠷᠡᠭᠲᠡᠢ ᠬᠡᠵᠥ ᠵᠢᠭᠠᠵᠥ | ᠭᠠᠷᠭᠠᠪᠠ᠃ | ᠰᠢ ᠶᠢᠨ ᠫᠢᠩ ᠤᠷᠢᠳ ᠬᠤᠵᠢᠳ ᠠᠵᠤ | ᠠᠬᠤᠶᠢᠯᠠᠯ ᠤᠨ ᠯᠠᠶᠢᠰᠧᠷ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠣᠷᠳᠣᠨ᠂ | ᠬᠠᠭᠠᠰ ᠳᠠᠮᠵᠢᠭᠤᠯᠤᠭᠴᠢ ᠬᠠᠪᠲᠠᠰᠤ ᠶᠢᠨ | ᠯᠠᠶᠢᠰᠧᠷ ᠣᠶᠤᠨᠴᠢ ᠲᠣᠨᠣᠭᠯᠠᠯ ᠤᠨ | ᠦᠶᠯᠡᠳᠪᠦᠷᠢᠯᠡᠯ ᠤᠨ ᠲᠠᠰᠤᠭ ᠲᠤ ᠬᠦᠷᠴᠦ᠂ | ᠯᠠᠶᠢᠰᠧᠷ ᠮᠡᠷᠭᠡᠵᠢᠯ ᠤᠨ ᠠᠵᠤ ᠦᠶᠯᠡᠰ ᠤᠨ | ᠬᠡᠷᠡᠭᠯᠡᠭᠡᠨ ᠤ ᠦᠵᠡᠭᠦᠯᠭᠡ ᠶᠢᠨ ᠪᠣᠳᠠᠰ ᠢ | ᠪᠠᠶᠢᠴᠠᠭᠠᠨ ᠦᠵᠡᠪᠡ᠃ ᠰᠢ ᠶᠢᠨ ᠫᠢᠩ᠂ ᠳᠡᠭᠡᠳᠦ | ᠲᠡᠰ ᠤᠨ ᠦᠢᠯᠡᠳᠬᠦ ᠦᠢᠯᠡᠰ ᠪᠣᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ | ᠴᠢᠬᠤᠯᠠ ᠲᠤᠯᠭᠠᠭᠤᠷᠢᠯᠠᠯ ᠮᠥᠨ᠃ ᠮᠠᠨ ᠤ | ᠤᠯᠤᠰ ᠤᠨ ᠦᠢᠯᠡᠳᠬᠦ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠬᠦ ᠶᠢ ᠠᠬᠢᠭᠤᠯᠵᠤ᠂ ᠦᠢᠯᠡᠳᠬᠦ | ᠦᠢᠯᠡᠰ ᠤᠨ ᠬᠦᠴᠦᠷᠬᠡᠭ ᠤᠯᠤᠰ ᠢ ᠪᠦᠳᠦᠭᠡᠨ | ᠪᠠᠶᠢᠭᠤᠯᠬᠤ ᠳᠤ ᠡᠷᠬᠡᠪᠰᠢ ᠮᠡᠷᠭᠡᠵᠢᠯ ᠤᠨ | ᠰᠤᠳᠤᠯᠤᠨ ᠨᠡᠭᠡᠭᠡᠯᠳᠡ ᠶᠢ ᠴᠢᠩᠭᠠᠳᠬᠠᠵᠤ᠂ | ᠤᠯᠤᠰ ᠤᠨ ᠦᠢᠯᠡᠳᠪᠦᠷᠢᠯᠡᠯ ᠤᠨ ᠣᠷᠣᠯᠠᠬᠤ | ᠨᠤᠷᠮ᠎ᠠ ᠶᠢ ᠳᠡᠭᠡᠭᠰᠢᠯᠡᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠮᠢᠨ ᠰᠤᠳᠠᠰᠤ ᠶᠢ ᠥᠪᠡᠷ ᠤᠨ ᠭᠠᠷ ᠲᠠᠭᠠᠨ | ᠡᠵᠡᠮᠳᠡᠪᠡᠯ ᠤᠯᠤᠰ ᠣᠷᠣᠨ ᠰᠠᠶ᠋ᠢ | ᠵᠢᠩᠬᠢᠨᠢ ᠪᠠᠷ ᠬᠦᠴᠦᠷᠬᠡᠭᠵᠢᠵᠦ ᠴᠢᠳᠠᠨ᠎ᠠ | ᠬᠡᠵᠥ ᠴᠢᠬᠤᠯᠠᠴᠢᠯᠠᠪᠠ᠃ | ᠦᠢᠯᠡᠳᠪᠦᠷᠢᠯᠠᠯ ᠤᠨ ᠲᠠᠰᠤᠭ ᠤᠨ ᠠᠰᠠᠷ ᠤᠨ | ᠡᠮᠦᠨ᠎ᠡ᠂ ᠰᠢ ᠶᠢᠨ ᠫᠢᠩ ᠠᠵᠤ ᠠᠬᠤᠶᠢᠯᠠᠯ ᠤᠨ | ᠠᠵᠢᠯᠳᠠᠨ ᠠᠵᠢᠯᠴᠢᠨ ᠲᠠᠢ ᠳᠣᠲᠣᠨᠣ ᠪᠠᠷ | ᠶᠠᠷᠢᠯᠴᠠᠪᠠ᠃ ᠰᠢ ᠶᠢᠨ ᠫᠢᠩ᠂ ᠮᠠᠨ ᠤ ᠤᠯᠤᠰ | ᠪᠣᠯ ᠳᠡᠯᠡᠬᠡᠢ ᠶᠢᠨ ᠬᠤᠶᠠᠳᠤᠭᠠᠷ ᠲᠤᠮᠤ ᠠᠵᠤ | ᠠᠬᠤᠢ ᠶᠢᠨ ᠴᠣᠭᠴᠠ ᠪᠣᠯᠤᠨ᠎ᠠ᠂ ᠭᠡᠪᠡᠴᠦ ᠪᠠᠰᠠ | ᠴᠥᠭᠡᠨ ᠪᠤᠰᠤ ᠳᠤᠲᠠᠭᠤᠳᠠᠯ ᠣᠷᠣᠰᠢᠵᠤ | ᠪᠠᠶᠢᠨ᠎ᠠ᠂ ᠵᠠᠷᠢᠮ ᠠᠵᠤ ᠦᠢᠯᠡᠰ ᠤᠨ ᠰᠠᠭᠤᠷᠢ | ᠪᠠᠰᠠ ᠲᠡᠶᠢᠮᠦ ᠪᠠᠲᠤ ᠪᠠᠬᠢ ᠪᠢᠰᠢ᠂ | ᠴᠢᠨᠠᠭᠰᠢᠳᠠ ᠬᠥᠭᠵᠢᠭᠦᠯᠬᠦ ᠳᠤ ᠡᠷᠬᠡᠪᠰᠢ | ᠰᠢᠨ᠎ᠡ ᠶᠢ ᠡᠭᠦᠳᠬᠦ ᠳᠤ ᠲᠦᠰᠢᠭᠯᠡᠬᠦ | ᠬᠡᠷᠡᠭᠲᠡᠢ᠃ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠵᠤ᠂ ᠬᠤᠶᠠᠳᠤᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠳᠤ ᠰᠢᠨ᠎ᠡ ᠶᠢ ᠡᠭᠦᠳᠬᠦ ᠪᠣᠯ | ᠨᠢᠭᠡᠨ ᠰᠢᠢᠳᠪᠦᠷᠢᠯᠡᠭᠴᠢ ᠴᠢᠨᠠᠷᠲᠠᠢ | ᠡᠯᠧᠮᠧᠨ᠋ᠲ ᠮᠥᠨ᠃ ᠨᠠᠮ ᠤᠨ ᠲᠥᠪ ᠬᠤᠷᠢᠶ᠎ᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ | ᠰᠢᠨᠵᠢᠯᠡᠬᠦ ᠤᠬᠠᠭᠠᠨ ᠰᠤᠷᠭᠠᠨ | ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠪᠠ ᠰᠢᠨ᠎ᠡ ᠶᠢ | ᠡᠭᠦᠳᠬᠦ ᠪᠠᠷ ᠬᠦᠳᠡᠯᠭᠡᠬᠦᠷ ᠪᠤᠯᠭᠠᠬᠤ | ᠬᠦᠭᠵᠢᠯᠳᠠ ᠶᠢᠨ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ ᠪᠠᠶᠢᠨ᠎ᠠ᠃ ᠬᠡᠷᠪᠡ ᠮᠠᠨ ᠤ | ᠬᠤᠳᠠ ᠨᠢᠭᠡ ᠪᠦᠷᠢ᠂ ᠳᠡᠭᠡᠳᠦ ᠰᠢᠨ᠎ᠡ | ᠮᠡᠷᠭᠡᠵᠢᠯ ᠤᠨ ᠨᠡᠭᠡᠭᠡᠨ | ᠬᠥᠭᠵᠢᠭᠦᠯᠦᠯᠲᠡ ᠶᠢᠨ ᠣᠷᠣᠨ ᠨᠢᠭᠡ ᠪᠦᠷᠢ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠤ ᠠᠬᠤᠶᠢᠯᠠᠯ ᠨᠢᠭᠡ ᠪᠦᠷᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠳᠠᠨ ᠨᠢᠭᠡ | ᠪᠦᠷᠢ ᠴᠥᠮ ᠤᠯᠤᠰ ᠤᠨ ᠲᠣᠭᠲᠠᠭᠠᠭᠰᠠᠨ | ᠬᠥᠭᠵᠢᠯᠲᠡ ᠶᠢᠨ ᠴᠢᠭᠯᠡᠯ ᠤᠨ ᠲᠤᠭᠤᠷᠢᠨ ᠳᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠯᠠᠪᠳᠠᠭᠤᠨ | ᠪᠠᠲᠤᠲᠠᠢ ᠪᠠᠷ ᠠᠬᠢᠭᠤᠯᠬᠤ ᠳᠤ ᠬᠦᠷᠪᠡᠯ᠂ | ᠪᠢᠳᠡ ᠲᠣᠭᠲᠠᠭᠰᠠᠨ ᠬᠠᠷᠠᠯᠲᠠ ᠪᠠᠨ ᠯᠠᠪᠲᠠᠢ | ᠪᠡᠶᠡᠯᠡᠭᠦᠯᠵᠦ ᠴᠢᠳᠠᠬᠤ ᠶᠤᠮ᠃ ᠮᠠᠨ ᠤ ᠡᠨᠡ | ᠦᠶ᠎ᠡ ᠶᠢᠨ ᠬᠥᠮᠦᠰ ᠡᠷᠬᠡᠪᠰᠢ ᠡᠨᠡ ᠬᠦ ᠢᠷᠠᠭᠤ | ᠠᠯᠳᠠᠷᠲᠤ ᠡᠭᠦᠷᠭᠡ ᠶᠢ ᠡᠭᠦᠷᠭᠡᠯᠡᠬᠦ | ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠳᠤ | ᠨᠢᠭᠡ ᠳᠤ ᠣᠷᠣᠭᠤᠯᠤᠯᠲᠠ ᠳᠤ ᠲᠦᠰᠢᠭᠯᠡᠵᠦ᠂ | ᠬᠤᠶᠠᠷ ᠲᠤ ᠴᠢᠳᠠᠪᠤᠷᠢᠲᠠᠨ ᠳᠤ ᠲᠦᠰᠢᠭᠯᠡᠬᠦ | ᠬᠡᠷᠡᠭᠲᠡᠢ᠃ ᠠᠳᠡ ᠴᠥᠭᠡᠨ ᠪᠤᠰᠤ ᠰᠢᠯᠢᠳᠡᠭ | ᠴᠢᠳᠠᠪᠤᠷᠢᠲᠠᠨ ᠴᠤᠭᠯᠠᠷᠠᠭᠰᠠᠨ ᠢ ᠤᠯᠵᠤ | ᠬᠠᠷᠠᠯ᠎ᠠ᠂ ᠣᠯᠠᠨ ᠢᠶᠠᠷ ᠢᠶᠠᠨ ᠪᠦᠷ ᠮᠠᠰᠢ | ᠵᠠᠯᠠᠭᠤ᠂ ᠠᠮᠢᠵᠢᠷᠠᠯ ᠤᠨ ᠬᠦᠴᠦᠨ ᠢᠶᠠᠷ | ᠪᠢᠯᠬᠠᠮ᠎ᠠ᠂ ᠪᠢ ᠮᠠᠰᠢ ᠪᠠᠶᠠᠷᠯᠠᠵᠤ ᠪᠠᠶᠢᠨ᠎ᠠ᠃ | ᠨᠠᠮ ᠤᠨ ᠲᠥᠪ ᠬᠤᠷᠢᠶ᠎ᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠴᠢᠳᠠᠪᠤᠷᠢᠲᠠᠨ ᠤ | ᠦᠰᠦᠨ ᠪᠣᠶᠢᠵᠢᠯᠲᠠ ᠶᠢ ᠮᠠᠰᠢ ᠬᠠᠯᠠᠮᠵᠢᠯᠠᠵᠤ | ᠪᠠᠶᠢᠨ᠎ᠠ᠂ ᠡᠯ᠎ᠡ ᠱᠠᠲᠤᠨ ᠤ ᠨᠠᠮ ᠤᠨ ᠬᠤᠷᠢᠶ᠎ᠠ | ᠪᠠ ᠵᠠᠰᠠᠭ ᠤᠨ ᠣᠷᠳᠣᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠳᠤ ᠠᠰᠢᠭᠲᠠᠶ ᠪᠠᠶᠢᠭᠤᠯᠤᠮᠵᠢ | ᠲᠣᠭᠲᠠᠴᠠ ᠪᠠ ᠠᠵᠢᠯ ᠠᠮᠢᠳᠤᠷᠠᠯ ᠤᠨ ᠣᠷᠴᠢᠨ | ᠨᠥᠬᠦᠴᠡᠯ ᠢ ᠠᠯᠢ ᠴᠢᠳᠠᠬᠤ ᠪᠠᠷ ᠡᠭᠦᠳᠴᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠲᠠᠳ ᠢ ᠡᠬᠡ ᠣᠷᠣᠨ ᠪᠠ ᠠᠷᠠᠳ | ᠲᠦᠮᠡᠨ ᠳᠡᠭᠡᠨ ᠬᠤᠪᠢ ᠨᠡᠮᠡᠷᠢ ᠦᠵᠡᠭᠦᠯᠬᠦ | ᠪᠣᠯᠭᠠᠬᠤ ᠬᠡᠷᠡᠭᠲᠡᠶ᠃ ᠤᠯᠠᠨ ᠢᠶᠠᠷ ᠢᠶᠠᠨ | ᠦᠷᠭᠦᠯᠵᠢᠯᠡᠨ ᠴᠢᠷᠮᠠᠶᠢᠵᠤ᠂ ᠨᠡᠩ ᠶᠡᠭᠡ | ᠠᠮᠵᠢᠯᠲᠠ ᠤᠯᠬᠤ ᠶᠢ ᠬᠦᠰᠡᠵᠦ ᠪᠠᠶᠢᠨ᠎ᠠ ᠭᠡᠵᠤ | ᠵᠢᠭᠠᠵᠤ ᠭᠠᠷᠭᠠᠪᠠ᠃ | ᠰᠢ ᠶᠢᠨ ᠫᠢᠩ ᠲᠠᠷᠠᠭ᠎ᠠ ᠨᠢ ᠳ᠋ᠦᠩ ᠬᠣ᠋ | ᠳᠡᠭᠡᠳᠦ ᠰᠢᠨ᠎ᠡ ᠮᠡᠷᠬᠡᠵᠢᠯ ᠤᠨ ᠲᠣᠭᠤᠷᠢᠭ ᠤᠨ | ᠽᠦᠸᠧ ᠯᠢᠩ ᠵᠡᠭᠡᠯᠢ ᠭᠤᠳᠤᠮᠵᠢ ᠶᠢᠨ ᡁᠢ ᠶᠤᠸᠠᠨ | ᠨᠡᠶᠢᠭᠡᠮ ᠲᠣᠭᠤᠷᠢᠭ ᠲᠤ ᠰᠢᠨᠵᠢᠯᠡᠨ | ᠪᠠᠶᠢᠴᠠᠭᠠᠪᠠ᠃ ᠲᠤᠰ ᠨᠡᠶᠢᠭᠡᠮ ᠲᠣᠭᠤᠷᠢᠭ ᠪᠣᠯ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠲᠦᠬᠦᠮ ᠪᠦᠳᠦᠴᠡᠳᠦ ᠣᠷᠣᠨ ᠰᠠᠭᠤᠴᠠ ᠶᠢ | ᠥᠭᠡᠷᠡᠴᠢᠯᠡᠨ ᠪᠠᠶᠢᠭᠤᠯᠵᠤ ᠲᠠᠬᠢᠨ | ᠪᠠᠶᠢᠭᠤᠯᠤᠬᠰᠡᠨ ᠰᠠᠭᠤᠭᠠᠯᠢ ᠠᠷᠠᠳ ᠤᠨ | ᠲᠤᠭᠤᠷᠢᠭ ᠪᠠᠶᠢᠵᠤ᠂ ᠰᠢᠨ᠎ᠡ ᠲᠢᠲᠢᠮᠯᠢᠭ | ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ | ᠭᠠᠷᠤᠭᠰᠠᠨ ᠤ ᠲᠠᠷᠠᠭ᠎ᠠ᠂ ᠲᠠᠪᠤᠨ ᠱᠠᠲᠤᠨ ᠤ | ᠳᠠᠭᠠᠭᠠᠴᠢᠯᠠᠯᠲᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠵᠢᠯ ᠤᠨ | ᠪᠠᠶᠢᠷᠢᠨ ᠳᠠᠭᠠᠨ ᠪᠤᠴᠠᠵᠤ ᠠᠵᠢᠯ ᠢᠶᠠᠨ | ᠰᠡᠷᠭᠦᠭᠡᠬᠦ ᠪᠠ ᠰᠡᠷᠭᠡᠶᠢᠯᠡᠨ ᠡᠵᠡᠮᠳᠡᠬᠦ | ᠬᠠᠮᠢᠶᠠᠷᠤᠯᠲᠠ ᠶᠢ ᠬᠠᠷᠢᠯᠴᠠᠨ | ᠤᠶᠠᠯᠳᠤᠭᠤᠯᠤᠭᠰᠠᠨ ᠨᠡᠶᠢᠭᠡᠮ ᠲᠣᠭᠤᠷᠢᠭ ᠤᠨ | ᠲᠣᠭᠲᠠᠭᠤᠨ ᠪᠠᠲᠤᠯᠠᠭ᠎ᠠ ᠶᠢᠨ ᠰᠢᠰᠲ᠋ᠧᠮ ᠢ | ᠪᠦᠷᠢᠯᠳᠦᠭᠦᠯᠵᠦ᠂ ᠰᠠᠭᠤᠭᠠᠯᠢ ᠠᠷᠠᠳ ᠤᠨ | ᠠᠮᠢᠳᠤᠷᠠᠯ ᠤᠨ ᠠᠵᠢᠯ ᠤᠨ ᠬᠡᠪ ᠤᠨ | ᠪᠠᠶᠢᠳᠠᠯ ᠢ ᠰᠡᠷᠭᠦᠭᠡᠬᠦ ᠶᠢ ᠡᠮᠬᠢ | ᠵᠢᠷᠤᠮ ᠲᠠᠢ ᠠᠬᠢᠭᠤᠯᠪᠠ᠃ ᠬᠤᠪᠸᠢ ᠮᠤᠵᠢ ᠶᠢᠨ | ᠪᠠᠶᠢᠩᠭᠤᠵᠢᠭᠤᠯᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠬᠢᠵᠢᠭ ᠤᠨ | ᠳᠠᠷᠠᠭᠠᠬᠢ ᠨᠡᠶᠢᠭᠡᠮ ᠲᠣᠭᠤᠷᠢᠭ ᠤᠨ | ᠵᠠᠰᠠᠯᠲᠠ ᠶᠢᠨ ᠪᠠᠶᠢᠳᠠᠯ ᠤᠨ | ᠲᠠᠨᠢᠯᠴᠠᠭᠤᠯᠭ᠎ᠠ ᠶᠢ ᠰᠣᠨᠣᠰᠤᠭᠰᠠᠨ ᠤ | ᠳᠠᠷᠠᠭ᠎ᠠ᠂ ᠰᠢ ᠶᠢᠨ ᠫᠢᠩ᠂ 2020 ᠣᠨ ᠤ ᠦᠬᠠᠨ ᠢ | ᠬᠠᠮᠠᠭᠠᠯᠠᠬᠤ ᠳᠠᠶᠢᠯᠠᠯᠳᠤᠭᠠᠨ ᠢᠯᠠᠯᠲᠠ | ᠣᠯᠤᠭᠰᠠᠨ ᠠᠴᠠ ᠨᠠᠭᠠᠰᠢ᠂ ᠦᠬᠠᠨ ᠳᠤ ᠪᠠᠰᠠ | ᠣᠯᠠᠨ ᠤᠳᠠᠭ᠎ᠠ ᠲᠥᠪᠯᠡᠷᠡᠯ ᠤᠨ ᠴᠢᠨᠠᠷᠲᠠᠶ | ᠬᠢᠵᠢᠭ ᠤᠨ ᠪᠠᠶᠢᠳᠠᠯ ᠲᠤᠯᠭᠠᠷᠠᠭᠰᠠᠨ | ᠪᠣᠯᠪᠠᠴᠤ ᠮᠠᠰᠢ ᠲᠦᠷᠭᠡᠨ ᠡᠵᠡᠮᠳᠡᠵᠦ᠂ ᠶᠡᠭᠡ | ᠬᠡᠪᠴᠢᠶ᠎ᠠ ᠪᠠᠷ ᠳᠠᠬᠢᠨ ᠳᠡᠯᠭᠡᠷᠡᠭᠰᠡᠨ | ᠥᠬᠡᠶ᠃ ᠦᠬᠠᠨ ᠬᠤᠲᠠ ᠶᠢᠨ ᠬᠢᠨ | ᠪᠠᠶᠢᠡᠭᠭᠤᠵᠢᠭᠤᠯᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠰᠠᠶᠢᠨ | ᠬᠢᠵᠡᠶ᠂ ᠲᠤᠷᠰᠢᠯᠭ᠎ᠠ ᠶᠢ ᠳ᠋ᠦᠩᠨᠡᠭᠦᠰᠢᠲᠡᠶ | ᠶᠤᠮ᠃ ᠨᠠᠮ ᠤᠨ ᠲᠥᠪ ᠬᠤᠷᠢᠶᠠᠨ ᠤ | ᠲᠣᠭᠲᠠᠭᠠᠭᠰᠠᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠴᠢᠭᠯᠡᠯᠲᠡ | ᠲᠦᠷᠦ ᠶᠢᠨ ᠪᠤᠳᠤᠯᠭ᠎ᠠ ᠪᠣᠯ ᠵᠥᠪ᠂ | ᠪᠦᠲᠦᠮᠵᠢᠲᠡᠢ ᠶᠤᠮ᠂ ᠡᠷᠬᠡᠪᠰᠢ ᠡᠷᠡᠰ | ᠭᠤᠶᠢᠪᠢᠰᠢ ᠦᠭᠡᠢ ᠪᠠᠷ ᠪᠠᠷᠢᠮᠲᠠᠯᠠᠬᠤ | ᠬᠡᠷᠡᠭᠲᠡᠢ ᠭᠡᠳᠡᠭ ᠢ ᠦᠢᠯᠡᠳᠦᠯᠭᠡ | ᠭᠡᠷᠡᠴᠢᠯᠡᠵᠡᠢ ᠭᠡᠵᠤ ᠴᠢᠬᠤᠯᠠᠴᠢᠯᠠᠪᠠ᠃ | ᠰᠢ ᠶᠢᠨ ᠫᠢᠩ ᠰᠠᠶᠢᠨ ᠳᠤᠷ᠎ᠠ ᠶᠢᠨ | ᠦᠶᠯᠡᠴᠢᠯᠡᠭᠡᠨ ᠤ ᠵᠣᠴᠢᠳ ᠤᠨ ᠲᠢᠩᠬᠢᠮ ᠳᠤ | ᠬᠦᠷᠴᠦ᠂ ᠨᠡᠶᠢᠭᠡᠮ ᠲᠣᠭᠤᠷᠢᠭ ᠤᠨ ᠠᠵᠢᠯᠲᠠᠨ᠂ | ᠦᠨᠳᠦᠰᠦᠨ ᠱᠠᠲᠤᠨ ᠳᠤ ᠭᠦᠨᠵᠡᠭᠡᠶᠢᠷᠡᠭᠰᠡᠨ | ᠨᠠᠮ ᠤᠨ ᠭᠡᠰᠢᠭᠦᠨ ᠺᠠᠳ᠋ᠷ᠂ ᠰᠠᠶᠢᠨ | ᠳᠤᠷᠠᠴᠤᠳ ᠠᠴᠠ ᠦᠨᠳᠦᠰᠦᠨ ᠱᠠᠲᠤᠨ ᠤ | ᠬᠢᠵᠢᠭ ᠤᠨ ᠪᠠᠶᠢᠳᠠᠯ ᠢ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠠᠵᠢᠯᠯᠠᠭᠠᠨ ᠤ ᠪᠠᠶᠢᠳᠠᠯ ᠢ | ᠣᠶᠢᠯᠠᠭᠠᠵᠤ᠂ ᠲᠡᠳᠡᠨ ᠢ ᠰᠡᠷᠭᠡᠶᠢᠯᠡᠨ | ᠡᠵᠡᠮᠳᠡᠬᠦ ᠨᠢᠭᠡᠳᠦᠭᠡᠷ ᠹᠷᠣᠨᠲ ᠤᠨ | ᠬᠠᠰᠢᠯᠭ᠎ᠠ ᠪᠠᠨ ᠪᠠᠬᠢᠯᠡᠵᠦ᠂ ᠰᠠᠭᠤᠭᠠᠯᠢ | ᠠᠷᠠᠳ ᠲᠤ ᠰᠠᠨᠠᠭ᠎ᠠ ᠠᠮᠤᠷ ᠦᠯᠵᠠᠢ ᠪᠡᠯᠭᠡ ᠲᠠᠢ | ᠠᠮᠢᠳᠤᠷᠠᠯ ᠤᠨ ᠣᠷᠴᠢᠨ ᠲᠣᠭᠤᠷᠢᠨ ᠢ ᠪᠣᠶ | ᠪᠣᠯᠭᠠᠭᠠᠷᠠᠶ ᠭᠡᠵᠦ ᠵᠣᠷᠢᠭᠵᠢᠭᠤᠯᠪᠠ᠃ | ᠰᠢ ᠶᠢᠨ ᠫᠢᠩ ᠨᠡᠶᠢᠭᠡᠮ ᠲᠣᠭᠤᠷᠢᠭ ᠲᠤ | ᠶᠠᠪᠤᠬᠤ ᠶᠢᠨ ᠳᠠᠭᠠᠤ ᠦᠵᠡᠵᠦ᠂ ᠨᠡᠶᠢᠭᠡᠮ | ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ | ᠪᠥᠭᠡᠮ ᠬᠦᠴᠢᠯ ᠤᠨ ᠥᠯᠢᠭᠡᠷ ᠠᠪᠬᠤ ᠵᠡᠷᠭᠡ | ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ | ᠬᠡᠮᠵᠢᠶ᠎ᠡ ᠶᠢ ᠨᠤᠲᠠᠯᠠᠵᠤ ᠪᠠᠶᠢᠬᠤ ᠪᠠᠨ | ᠢᠯᠡᠳᠭᠡᠪᠡ᠃ ᠰᠢ ᠶᠢᠨ ᠫᠢᠩ᠂ ᠬᠢᠵᠢᠭ ᠤᠨ | ᠪᠠᠶᠢᠳᠠᠯ ᠢ ᠠᠷᠭᠠᠴᠠᠭᠠᠬᠤ ᠲᠡᠮᠡᠴᠡᠯ ᠳᠤᠮᠳᠠ᠂ | ᠪᠠᠴᠢᠮ ᠪᠠᠶᠢᠳᠠᠯ ᠢ ᠠᠷᠭᠠᠴᠠᠭᠠᠬᠤ | ᠰᠡᠷᠭᠡᠶᠢᠯᠡᠨ ᠡᠵᠡᠮᠳᠡᠬᠦ ᠠᠵᠢᠯ ᠴᠤ ᠲᠡᠷᠡ᠂ | ᠰᠡᠷᠭᠡᠶᠢᠯᠡᠨ ᠡᠵᠡᠮᠳᠡᠬᠦ ᠶᠢ | ᠪᠠᠶᠢᠡᠭᠭᠤᠵᠢᠭᠤᠯᠬᠤ ᠠᠵᠢᠯ ᠴᠤ ᠲᠡᠷᠡ᠂ | ᠨᠡᠶᠢᠭᠡᠮ ᠲᠣᠭᠤᠷᠢᠭ ᠪᠦᠷ ᠮᠠᠰᠢ ᠴᠢᠬᠤᠯᠠ | ᠦᠢᠯᠡᠳᠦᠯ ᠦᠵᠡᠭᠦᠯᠵᠡᠢ᠃ ᠶᠡᠷᠦᠩᠬᠡᠢ ᠳᠤᠨᠢ | ᠠᠪᠴᠤ ᠬᠡᠯᠡᠪᠡᠯ᠂ ᠡᠷᠲᠡ ᠢᠯᠡᠷᠡᠭᠦᠯᠬᠦ᠂ | ᠲᠦᠷᠭᠡᠨ ᠰᠢᠢᠳᠪᠦᠷᠢᠯᠡᠬᠦ ᠳᠤ ᠲᠦᠰᠢᠭᠯᠡᠬᠦ | ᠬᠡᠷᠡᠭᠲᠡᠢ᠂ ᠥᠷᠭᠡᠨ ᠤᠯᠠᠨ ᠠᠷᠠᠳ ᠲᠦᠮᠡᠨ ᠤ | ᠰᠡᠳᠭᠢᠯ ᠨᠢᠭᠡᠳᠦᠨ ᠬᠦᠴᠦ ᠪᠠᠨ | ᠬᠠᠮᠲᠤᠳᠬᠠᠬᠤ ᠳᠤ ᠲᠦᠰᠢᠭᠯᠡᠬᠦ ᠬᠡᠷᠡᠭᠲᠡᠢ᠂ | ᠨᠡᠶᠢᠭᠡᠮ ᠲᠣᠭᠤᠷᠢᠭ ᠭᠡᠬᠦ ᠡᠨᠡ ᠬᠦ ᠴᠢᠬᠤᠯᠠ | ᠰᠠᠭᠤᠷᠢ ᠳᠤ ᠲᠦᠰᠢᠭᠯᠡᠬᠦ ᠬᠡᠷᠡᠭᠲᠡᠢ᠃ | ᠨᠡᠶᠢᠭᠡᠮ ᠲᠣᠭᠤᠷᠢᠭ ᠤᠨ ᠰᠡᠷᠭᠡᠶᠢᠯᠡᠨ | ᠡᠵᠡᠮᠳᠡᠬᠦ ᠶᠢ ᠪᠠᠶᠢᠡᠭᠭᠤᠵᠢᠭᠤᠯᠬᠤ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ | ᠬᠢᠵᠢᠭ ᠤᠨ ᠪᠠᠶᠢᠳᠠᠯ ᠢ ᠣᠯᠵᠤ ᠮᠡᠳᠡᠭᠰᠡᠨ ᠤ | ᠳᠠᠷᠠᠭ᠎ᠠ ᠵᠠᠪᠠᠯ ᠡᠷᠡᠰ ᠰᠢᠭᠤᠷᠬᠠᠢ᠂ | ᠲᠠᠲᠠᠭᠠᠯᠵᠠᠵᠤ ᠪᠣᠯᠬᠤ ᠦᠭᠡᠢ᠂ ᠰᠢᠨᠵᠢᠯᠡᠬᠦ | ᠤᠬᠠᠭᠠᠨᠴᠢ ᠴᠢᠩᠭ᠎ᠠ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠠᠪᠴᠤ᠂ ᠰᠢᠨᠵᠢᠯᠡᠬᠦ | ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ | ᠣᠨᠣᠴᠠᠲᠠᠢ ᠪᠠᠷ ᠰᠡᠷᠭᠡᠶᠢᠯᠡᠨ ᠡᠵᠡᠮᠳᠡᠬᠦ | ᠲᠦᠪᠰᠢᠨ ᠢᠶᠠᠨ ᠳᠡᠭᠡᠭᠰᠢᠯᠡᠭᠦᠯᠵᠦ᠂ | ᠨᠡᠶᠢᠭᠡᠮ ᠲᠣᠭᠤᠷᠢᠭ ᠭᠡᠬᠦ | ᠰᠡᠷᠭᠡᠶᠢᠯᠡᠯᠲᠡ ᠶᠢᠨ ᠱᠤᠭᠤᠮ ᠢ ᠡᠷᠡᠰ | ᠰᠠᠬᠢᠬᠤ ᠬᠡᠷᠡᠭᠲᠡᠢ ᠭᠡᠵᠤ ᠴᠢᠬᠤᠯᠠᠴᠢᠯᠠᠪᠠ᠃ | ᡁᠢ ᠶᠤᠸᠠᠨ ᠨᠡᠶᠢᠭᠡᠮ ᠲᠣᠭᠤᠷᠢᠭ ᠨᠢ | ᠨᠠᠰᠤᠵᠢᠯ ᠤᠨ ᠲᠣᠪᠣᠶᠢᠮ᠎ᠠ ᠠᠰᠠᠭᠤᠳᠠᠯ ᠤᠨ | ᠲᠣᠭᠤᠷᠢᠨ ᠳᠤ᠂ ᠨᠠᠰᠤᠵᠢᠯ ᠤᠨ | ᠦᠶᠯᠡᠴᠢᠯᠡᠭᠡᠨ ᠤ ᠵᠠᠭᠪᠤᠷ ᠤᠨ ᠰᠢᠨ᠎ᠡ ᠶᠢ | ᠡᠭᠦᠳᠴᠦ᠂ ᠬᠡᠷ ᠲᠡᠭᠡᠨ ᠰᠠᠭᠤᠬᠤ ᠪᠠᠷ ᠰᠠᠭᠤᠷᠢ | ᠪᠣᠯᠭᠠᠭᠰᠠᠨ᠂ ᠨᠡᠶᠢᠭᠡᠮ ᠲᠣᠭᠤᠷᠢᠭ ᠢᠶᠠᠷ | ᠲᠦᠰᠢᠭ ᠪᠣᠯᠭᠠᠭᠰᠠᠨ᠂ ᠪᠠᠶᠢᠭᠤᠯᠤᠮᠵᠢ ᠪᠠᠷ | ᠨᠥᠬᠦᠪᠥᠷᠢ ᠪᠣᠯᠭᠠᠭᠰᠠᠨ᠂ ᠡᠮᠴᠢᠯᠡᠬᠦ ᠪᠠ | ᠰᠤᠪᠢᠯᠠᠬᠤ ᠶᠢ ᠤᠶᠠᠯᠳᠤᠭᠤᠯᠤᠭᠰᠠᠨ | ᠨᠠᠰᠤᠵᠢᠯ ᠤᠨ ᠦᠶᠯᠡᠴᠢᠯᠡᠭᠡᠨ ᠤ ᠵᠠᠭᠪᠤᠷ ᠢ | ᠪᠠᠶᠢᠭᠤᠯᠪᠠ᠃ ᠨᠡᠶᠢᠭᠡᠮ ᠲᠣᠭᠤᠷᠢᠭ ᠤᠨ ᠨᠠᠮ ᠪᠠ | ᠣᠯᠠᠨ ᠲᠦᠮᠡᠨ ᠤ ᠦᠶᠯᠡᠴᠢᠯᠡᠭᠡᠨ ᠤ ᠲᠥᠪ ᠲᠤ᠂ | ᠰᠢ ᠶᠢᠨ ᠫᠢᠩ ᠨᠡᠶᠢᠭᠡᠮ ᠲᠣᠭᠤᠷᠢᠭ ᠤᠨ | ᠠᠵᠢᠯᠲᠠᠳ ᠠᠴᠠ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ | ᠵᠠᠰᠠᠯᠲᠠ ᠵᠢᠴᠢ ᠠᠷᠠᠳ ᠲᠤ ᠲᠥᠬᠦᠮ ᠦᠵᠡᠭᠦᠯᠬᠦ | ᠦᠶᠯᠡᠴᠢᠯᠡᠭᠡ ᠶᠢ ᠬᠥᠲᠥᠯᠥᠨ ᠳᠠᠭᠠᠭᠤᠯᠤᠭᠰᠠᠨ | ᠪᠠᠶᠢᠳᠠᠯ ᠵᠡᠷᠭᠡ ᠶᠢ ᠣᠶᠢᠯᠠᠭᠠᠭᠰᠠᠨ ᠪᠥᠭᠡᠳ | ᠠᠵᠢᠯ ᠶᠠᠪᠤᠳᠠᠯ ᠭᠦᠶᠴᠡᠳᠭᠡᠬᠦ ᠪᠠᠷ ᠢᠷᠡᠭᠰᠡᠨ | ᠨᠠᠰᠤᠲᠠᠶᠢᠴᠤᠳ ᠲᠠᠢ ᠳᠣᠲᠣᠨᠣ ᠪᠠᠷ | ᠶᠠᠷᠢᠯᠴᠠᠵᠤ᠂ ᠲᠡᠳᠡᠨ ᠤ ᠬᠡᠷ ᠪᠦᠯᠢ ᠶᠢᠨ | ᠪᠠᠶᠢᠳᠠᠯ ᠢ ᠨᠠᠷᠢᠨ ᠠᠰᠠᠭᠤᠪᠠ᠃ ᠰᠢ ᠶᠢᠨ ᠫᠢᠩ᠂ | ᠨᠡᠶᠢᠭᠡᠮ ᠲᠣᠭᠤᠷᠢᠭ ᠪᠣᠯ ᠬᠤᠳᠠ ᠶᠢᠨ | ᠵᠠᠰᠠᠯᠲᠠ ᠶᠢᠨ ᠰᠢᠰᠲ᠋ᠧᠮ ᠤᠨ ᠦᠨᠳᠦᠰᠦᠨ | ᠨᠢᠭᠡᠴᠢ ᠪᠣᠯᠤᠨ᠎ᠠ᠃ ᠮᠠᠨ ᠤ ᠤᠯᠤᠰ ᠤᠨ | ᠤᠯᠤᠰ ᠤᠨ ᠵᠠᠰᠠᠯᠲᠠ ᠶᠢᠨ ᠰᠢᠰᠲ᠋ᠧᠮ ᠤᠨ ᠨᠢᠭᠡ | ᠳᠠᠪᠠᠭᠤᠯᠢᠭ ᠪᠣᠯ ᠳᠠᠷᠤᠢ ᠬᠤᠳᠠ ᠬᠥᠳᠡᠭᠡ ᠶᠢᠨ | ᠨᠡᠶᠢᠭᠡᠮ ᠲᠣᠭᠤᠷᠢᠭ ᠤᠨ ᠰᠠᠭᠤᠷᠢ ᠶᠢ ᠪᠠᠲᠤ | ᠴᠣᠭᠴᠠᠯᠠᠬᠤ ᠶᠠᠪᠤᠳᠠᠯ ᠪᠣᠯᠤᠨ᠎ᠠ᠃ ᠨᠡᠶᠢᠭᠡᠮ | ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠳᠬᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦ ᠶᠢᠨ | ᠴᠢᠳᠠᠪᠬᠢ ᠪᠣᠯᠤᠨ ᠵᠣᠬᠢᠶᠠᠨ | ᠪᠠᠶᠢᠭᠤᠯᠤᠯᠲᠠ ᠶᠢᠨ ᠴᠢᠳᠠᠪᠬᠢ ᠶᠢ | ᠴᠢᠩᠭᠠᠳᠬᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ | ᠵᠠᠰᠠᠯᠲᠠ ᠳᠤᠮᠳᠠᠬᠢ ᠤᠳᠤᠷᠢᠳᠬᠤ ᠦᠢᠯᠡᠳᠦᠯ ᠢ | ᠨᠡᠩ ᠰᠠᠶᠢᠲᠤᠷ ᠪᠠᠳᠠᠷᠠᠭᠤᠯᠵᠤ᠂ ᠨᠠᠮ ᠤᠨ | ᠭᠡᠰᠢᠭᠦᠨ ᠤ ᠬᠤᠰᠢᠭᠤᠴᠢ ᠵᠢᠱᠢᠶᠡᠴᠢ | ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ | ᠬᠡᠷᠡᠭᠲᠡᠢ᠃ ᠨᠡᠩ ᠤᠯᠠᠨ ᠡᠬᠢ ᠪᠠᠶᠠᠯᠢᠭ ᠢ | ᠨᠡᠶᠢᠭᠡᠮ ᠲᠣᠭᠤᠷᠢᠭ ᠲᠤ ᠪᠠᠭᠤᠯᠭᠠᠵᠤ᠂ | ᠠᠵᠢᠯ ᠤᠨ ᠬᠦᠴᠦᠨ ᠢᠶᠠᠨ | ᠲᠡᠭᠦᠯᠳᠡᠷᠵᠢᠭᠦᠯᠵᠦ᠂ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠠᠴᠢᠮ ᠪᠠᠶᠢᠳᠠᠯ ᠢ | ᠠᠷᠭᠠᠴᠠᠭᠠᠬᠤ ᠴᠢᠳᠠᠪᠤᠷᠢ ᠪᠣᠯᠤᠨ | ᠬᠠᠮᠢᠶᠠᠷᠤᠯᠲᠠ ᠦᠢᠯᠡᠴᠢᠯᠡᠭᠡᠨ ᠤ | ᠲᠦᠪᠰᠢᠨ ᠢᠶᠠᠨ ᠳᠡᠭᠡᠭᠰᠢᠯᠡᠭᠦᠯᠵᠦ᠂ | ᠬᠤᠳᠠ ᠶᠢᠨ ᠵᠠᠰᠠᠯᠲᠠ ᠶᠢᠨ ᠦᠨᠳᠦᠰᠦᠨ | ᠱᠠᠲᠤᠨ ᠤ ᠰᠠᠭᠤᠷᠢ ᠶᠢ ᠪᠠᠬᠢᠵᠢᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠨᠡᠶᠢᠭᠡᠮ ᠲᠣᠭᠤᠷᠢᠭ ᠤᠨ ᠠᠭᠤᠳᠠᠮ | ᠲᠠᠯᠠᠪᠠᠢ ᠳᠤ᠂ ᠺᠠᠳ᠋ᠷ ᠤᠯᠠᠨ ᠲᠦᠮᠡᠨ | ᠬᠦᠷᠢᠶᠡᠯᠡᠨ ᠢᠷᠡᠵᠤ᠂ ᠶᠡᠷᠦᠩᠬᠡᠢ ᠱᠦᠵᠢ ᠶᠢᠨ | ᠠᠮᠤᠷ ᠢ ᠠᠰᠠᠭᠤᠵᠤ ᠪᠠᠶᠢᠯ᠎ᠠ᠃ ᠰᠢ ᠶᠢᠨ ᠫᠢᠩ᠂ | ᠪᠢ ᠦᠬᠠᠨ ᠤ ᠠᠷᠠᠳ ᠲᠦᠮᠡᠨ ᠤ ᠲᠥᠯᠥᠭᠡ | ᠰᠠᠨᠠᠭᠠᠰᠢᠷᠠᠵᠤ᠂ ᠬᠤᠶᠠᠷ ᠵᠢᠯ ᠠᠯᠤᠰᠯᠠᠭᠠᠳ | ᠦᠬᠠᠨ ᠭᠡᠬᠦ ᠡᠨᠡ ᠬᠦ ᠪᠠᠭᠠᠲᠤᠷᠯᠢᠭ ᠬᠤᠳᠠ ᠳᠤ | ᠳᠠᠬᠢᠨᠲᠠ ᠢᠷᠡᠵᠤ ᠤᠯᠠᠨ ᠢ ᠪᠣᠯᠭᠤᠭᠠᠨ ᠦᠵᠡᠪᠡ᠃ | ᠬᠢᠵᠢᠭ ᠤᠨ ᠪᠠᠶᠢᠳᠠᠯ ᠡᠭᠦᠰᠦᠭᠰᠡᠨ ᠠᠴᠠ | ᠨᠠᠭᠠᠰᠢ᠂ ᠥᠷᠭᠡᠨ ᠤᠯᠠᠨ ᠨᠡᠶᠢᠭᠡᠮ | ᠲᠣᠭᠤᠷᠢᠭ ᠤᠨ ᠠᠵᠢᠯᠳᠠᠨ ᠤᠷᠳᠤ | ᠬᠤᠭᠤᠴᠠᠭ᠎ᠠ ᠪᠠᠷ ᠰᠡᠷᠭᠡᠶᠢᠯᠡᠨ ᠡᠵᠡᠮᠳᠡᠬᠦ | ᠡᠮᠦᠨ᠎ᠡ ᠹᠷᠣᠨᠲ ᠢ ᠪᠠᠲᠤ ᠰᠠᠬᠢᠵᠤ᠂ ᠶᠡᠭᠡ | ᠬᠡᠮᠵᠢᠶᠡᠨ ᠤ ᠶᠠᠷᠰᠢᠭ ᠲᠦᠪᠡᠭ ᠲᠠᠢ ᠪᠣᠳᠠᠲᠠᠢ | ᠠᠵᠢᠯ ᠢ ᠡᠭᠦᠷᠭᠡᠯᠡᠵᠦ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠲᠤ ᠦᠨᠡᠨ | ᠰᠡᠳᠭᠢᠯ ᠠᠴᠠ ᠪᠠᠨ ᠦᠢᠯᠡᠴᠢᠯᠡᠵᠦ᠂ ᠮᠠᠰᠢ | ᠵᠦᠳᠡᠷᠡᠯᠲᠡᠢ ᠪᠠᠶᠢᠵᠤ᠂ ᠪᠠᠯᠠᠷᠠᠰᠢ ᠦᠭᠡᠢ | ᠭᠠᠪᠢᠶ᠎ᠠ ᠵᠢᠳᠬᠦᠯ ᠦᠵᠡᠭᠦᠯᠦᠭᠰᠡᠨ ᠶᠤᠮ᠃ ᠠᠳᠡ | ᠪᠢ ᠲᠠ ᠪᠦᠬᠦᠨ ᠳᠤ ᠲᠡᠷᠡᠴᠢᠯᠡᠨ ᠪᠦᠬᠦ | ᠤᠯᠤᠰ ᠤᠨ ᠥᠷᠭᠡᠨ ᠤᠯᠠᠨ ᠨᠡᠶᠢᠭᠡᠮ | ᠲᠣᠭᠤᠷᠢᠭ ᠤᠨ ᠠᠵᠢᠯᠳᠠᠨ ᠢ ᠴᠢᠩ | ᠰᠡᠳᠭᠢᠯ ᠠᠴᠠ ᠪᠠᠨ ᠲᠣᠬᠤᠨᠢᠭᠤᠯᠵᠤ | ᠪᠠᠶᠢᠬᠤ ᠪᠠᠨ ᠢᠯᠡᠳᠭᠡᠶ᠎ᠡ ᠭᠡᠵᠦ ᠤᠯᠠᠨ ᠳᠤ | ᠬᠡᠯᠡᠪᠡ᠃ | ᠰᠢ ᠶᠢᠨ ᠫᠢᠩ᠂ ᠰᠢᠨ᠎ᠡ ᠲᠢᠲᠢᠮᠯᠢᠭ ᠠᠭᠤᠰᠭᠢᠨ | ᠦᠷᠪᠢᠰᠦᠯ ᠤᠨ ᠬᠢᠵᠢᠭ ᠤᠨ ᠪᠠᠶᠢᠳᠠᠯ ᠪᠣᠯ ᠨᠢᠭᠡ | ᠤᠳᠠᠭ᠎ᠠ ᠶᠢᠨ ᠶᠡᠭᠡ ᠰᠢᠯᠭᠠᠯᠲᠠ ᠮᠥᠨ᠃ ᠪᠢᠳᠡ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠵᠤ᠂ | ᠭᠠᠳᠠᠨ᠎ᠠ ᠠᠴᠠ ᠬᠠᠯᠳᠠᠪᠤᠷᠢᠯᠠᠨ ᠣᠷᠣᠵᠤ | ᠢᠷᠡᠬᠦ ᠶᠢ ᠰᠡᠷᠭᠡᠶᠢᠯᠡᠬᠦ᠂ | ᠳᠣᠲᠣᠭᠠᠳᠤ ᠳᠠᠭᠠᠨ ᠳᠠᠬᠢᠨ ᠡᠭᠦᠰᠭᠦ ᠶᠢ | ᠰᠡᠷᠭᠡᠶᠢᠯᠡᠬᠦ ᠶᠢ ᠪᠠᠷᠢᠮᠲᠠᠯᠠᠵᠤ᠂ | ᠡᠪᠡᠳᠴᠢᠨ ᠤ ᠵᠢᠱᠢᠶ᠎ᠠ ᠶᠢ ᠦᠭᠡᠢ | ᠪᠤᠯᠭᠠᠬᠤ ᠶᠢ ᠪᠠᠷᠢᠮᠲᠠᠯᠠᠵᠤ᠂ ᠴᠠᠭ ᠪᠠ | ᠪᠠᠶᠢᠳᠠᠯ ᠳᠤ ᠵᠣᠬᠢᠴᠠᠭᠤᠯᠤᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠳᠤ | ᠲᠠᠰᠤᠷᠠᠯᠲᠠ ᠥᠬᠡᠶ ᠲᠣᠬᠢᠷᠠᠭᠤᠯᠤᠯᠲᠠ ᠬᠢᠵᠦ᠂ | ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ | ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ | ᠬᠠᠮᠤᠭ ᠤᠨ ᠶᠡᠭᠡ ᠬᠡᠮᠵᠢᠶ᠎ᠡ ᠪᠠᠷ | ᠬᠠᠮᠠᠭᠠᠯᠠᠪᠠ᠃ ᠮᠠᠨ ᠤ ᠤᠯᠤᠰ ᠤᠨ ᠬᠥᠮᠦᠨ | ᠠᠮᠠ ᠶᠢᠨ ᠰᠠᠭᠤᠷᠢ ᠲᠤᠭ᠎ᠠ ᠶᠡᠭᠡ᠂ ᠬᠡᠷᠪᠡ | ︽ᠬᠠᠮᠲᠤ ᠶᠢᠨ ᠡᠭᠡᠯᠢᠯᠡᠭᠡ︾᠂ ︽ᠬᠠᠷᠠᠵᠥ | ᠰᠠᠭᠤᠭᠠᠳ ᠬᠠᠶᠠᠨ ᠳᠤ ᠨᠢ ᠬᠠᠶᠠᠬᠤ︾ ᠵᠡᠷᠭᠡ | ᠰᠡᠷᠭᠡᠶᠢᠯᠡᠨ ᠡᠵᠡᠮᠳᠡᠬᠦ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠥᠭᠰᠡᠨ ᠪᠤᠯ | ᠦᠷ᠎ᠡ ᠳ᠋ᠦᠩ ᠨᠢ ᠰᠡᠳᠭᠢᠭᠳᠡᠰᠢ ᠥᠬᠡᠶ ᠪᠤᠯᠬᠤ | ᠶᠤᠮ᠃ ᠪᠢᠳᠡ ᠡᠪᠡᠳᠴᠢᠨ ᠤ ᠵᠢᠱᠢᠶ᠎ᠠ ᠶᠢ ᠦᠭᠡᠢ | ᠪᠤᠯᠭᠠᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠨᠢ ᠨᠠᠮ ᠤᠨ ᠲᠥᠪ | ᠬᠤᠷᠢᠶ᠎ᠠ ᠨᠠᠮ ᠤᠨ ᠰᠢᠨᠵᠢ ᠴᠢᠨᠠᠷ | ᠵᠣᠷᠢᠯᠲᠠ ᠠᠴᠠ ᠡᠭᠦᠰᠴᠦ᠂ ᠮᠠᠨ ᠤ ᠤᠯᠤᠰ ᠤᠨ | ᠤᠯᠤᠰ ᠤᠨ ᠪᠠᠶᠢᠳᠠᠯ ᠠᠴᠠ ᠡᠭᠦᠰᠴᠦ | ᠲᠣᠭᠲᠠᠭᠠᠭᠰᠠᠨ ᠶᠤᠮ᠂ ᠠᠵᠤ ᠠᠬᠤᠶ ᠶᠢᠨ | ᠬᠥᠭᠵᠢᠯᠲᠡ ᠶᠢ ᠲᠦᠷ ᠴᠠᠭ ᠵᠢᠭᠠᠬᠠᠨ | ᠨᠥᠯᠥᠭᠡᠯᠡᠭᠰᠡᠨ ᠴᠦ ᠠᠷᠠᠳ ᠣᠯᠠᠨ ᠤ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠮᠡᠨᠳᠦ ᠶᠢ | ᠬᠤᠬᠢᠷᠠᠭᠤᠯᠵᠤ ᠪᠣᠯᠬᠤ ᠥᠬᠡᠶ᠂ ᠢᠯᠠᠩᠭᠤᠶ᠎ᠠ | ᠨᠠᠰᠤᠲᠠᠶᠢᠴᠤᠳ᠂ ᠬᠡᠦᠬᠡᠳ ᠢ ᠰᠠᠶᠢᠲᠤᠷ | ᠬᠠᠮᠠᠭᠠᠯᠠᠬᠤ ᠬᠡᠷᠡᠭᠲᠡᠶ᠃ ᠬᠡᠷᠪᠡ ᠶᠡᠷᠦᠩᠬᠡᠶ | ᠳᠠᠩᠰᠠ ᠶᠢ ᠪᠤᠳᠤᠪᠠᠯ᠂ ᠮᠠᠨ ᠤ ᠬᠢᠵᠢᠭ ᠢ | ᠰᠡᠷᠭᠡᠶᠢᠯᠡᠬᠦ ᠠᠷᠭ᠎ᠠ ᠬᠡᠮᠵᠢᠶ᠎ᠡ ᠪᠣᠯ | ᠬᠠᠮᠤᠭ ᠤᠨ ᠬᠢᠮᠳᠠ᠂ ᠦᠷ᠎ᠡ ᠪᠦᠲᠦᠮᠵᠢ ᠪᠠᠷ | ᠬᠠᠮᠤᠭ ᠤᠨ ᠰᠠᠶᠢᠨ ᠶᠤᠮ᠃ ᠪᠢᠳᠡᠨ ᠳᠤ ᠳᠤᠮᠳᠠᠳᠤ | ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠲᠠᠢ᠂ ᠨᠡᠶᠢᠭᠡᠮ ᠲᠣᠭᠤᠷᠢᠭ | ᠭᠡᠬᠦ ᠡᠨᠡ ᠬᠦ ᠴᠢᠬᠤᠯᠠ ᠦᠨᠳᠦᠰᠦᠨ ᠱᠠᠲᠤᠨ ᠤ | ᠰᠠᠭᠤᠷᠢ ᠲᠠᠢ᠂ ᠡᠪᠡᠳᠴᠢᠨ ᠤ ᠵᠢᠱᠢᠶ᠎ᠠ ᠶᠢ | ᠦᠭᠡᠢ ᠪᠤᠯᠭᠠᠬᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠳᠤ ᠴᠢᠳᠠᠪᠤᠷᠢ ᠲᠠᠢ | ᠮᠥᠷᠲᠡᠭᠡᠨ ᠪᠣᠳᠠᠲᠤ ᠬᠦᠴᠦᠨ ᠲᠠᠢ ᠪᠠᠶᠢᠵᠤ᠂ | ᠡᠴᠦᠰ ᠲᠤ ᠪᠠᠨ ᠢᠯᠠᠯᠲᠠ ᠶᠢ ᠣᠯᠬᠤ ᠶᠤᠮ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ ᠬᠢᠵᠢᠭ ᠤᠨ | ᠪᠠᠶᠢᠳᠠᠯ ᠬᠠᠷᠠᠬᠠᠨ ᠠᠷᠢᠯᠤᠭᠠᠳᠤᠢ᠂ | ᠭᠠᠳᠠᠨ᠎ᠠ ᠠᠴᠠ ᠬᠠᠯᠳᠠᠪᠤᠷᠢᠯᠠᠨ ᠣᠷᠣᠵᠤ | ᠢᠷᠡᠬᠦ ᠶᠢ ᠰᠡᠷᠭᠡᠶᠢᠯᠡᠬᠦ᠂ | ᠳᠣᠲᠣᠭᠠᠳᠤ ᠳᠠᠭᠠᠨ ᠲᠠᠬᠢᠨ ᠡᠭᠦᠰᠬᠦ ᠶᠢ | ᠰᠡᠷᠭᠡᠶᠢᠯᠡᠬᠦ ᠳᠠᠷᠤᠯᠲᠠ ᠪᠠᠰᠠ ᠮᠠᠰᠢ ᠶᠡᠭᠡ | ᠪᠠᠶᠢᠨ᠎ᠠ᠃ ᠪᠠᠷᠢᠮᠲᠠᠯᠠᠯ ᠪᠣᠯ ᠢᠯᠠᠯᠲᠠ ᠮᠦᠨ᠃ | ᠲᠠᠶᠢᠪᠤᠰᠢᠷᠠᠬᠤ ᠪᠤᠳᠤᠯ᠂ ᠬᠠᠯᠠᠰᠢᠷᠠᠬᠤ | ᠰᠡᠳᠭᠢᠯᠭᠡ᠂ ᠰᠤᠯᠠᠷᠠᠬᠤ ᠰᠡᠳᠭᠢᠯᠭᠡ ᠶᠢ ᠢᠯᠠᠨ | ᠳᠠᠪᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ | ᠠᠵᠢᠯ ᠢ ᠪᠣᠳᠠᠲᠠᠢ ᠠᠳᠬᠤᠨ ᠨᠠᠷᠢᠯᠢᠭ | ᠠᠳᠬᠤᠬᠤ ᠶᠢᠨ ᠬᠠᠮᠲᠤ ᠠᠵᠤ ᠠᠬᠤᠢ ᠶᠢᠨ | ᠲᠣᠭᠲᠠᠭᠤᠨ ᠡᠷᠡᠭᠦᠯ ᠬᠥᠭᠵᠢᠯᠲᠡ ᠶᠢ ᠠᠯᠢ | ᠴᠢᠳᠠᠬᠤ ᠪᠠᠷ ᠠᠬᠢᠭᠤᠯᠬᠤ ᠬᠡᠷᠡᠭᠲᠡᠢ᠃ ᠡᠯ᠎ᠡ | ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠠᠷᠭ᠎ᠠ ᠪᠤᠳᠤᠨ ᠠᠷᠠᠳ ᠤᠯᠠᠨ ᠢ | ᠬᠠᠪᠰᠤᠷᠤᠨ ᠪᠣᠳᠠᠲᠠᠢ ᠬᠦᠴᠢᠷᠳᠡᠯ ᠢ ᠨᠢ | ᠰᠢᠢᠳᠪᠦᠷᠢᠯᠡᠨ ᠥᠭᠴᠦ᠂ ᠠᠵᠤ ᠠᠬᠤᠢ ᠶᠢᠨ | ᠬᠥᠭᠵᠢᠯᠲᠡ ᠪᠠ ᠠᠷᠠᠳ ᠤᠯᠠᠨ ᠤ ᠦᠢᠯᠡᠳᠪᠦᠷᠢᠯᠡᠯ | ᠠᠮᠢᠳᠤᠷᠠᠯ ᠳᠤ ᠪᠠᠭ᠎ᠠ ᠨᠥᠯᠥᠭᠡ | ᠦᠵᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ᠃ ᠪᠢᠳᠡ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠠᠵᠢᠯ ᠢ | ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠳᠤ | ᠢᠲᠡᠭᠡᠯ ᠲᠠᠢ ᠪᠠᠶᠢᠨ᠎ᠠ᠂ ᠡᠨᠡ ᠵᠢᠯ ᠮᠠᠨ ᠤ | ᠤᠯᠤᠰ ᠤᠨ ᠠᠵᠤ ᠠᠬᠤᠢ ᠶᠢᠨ ᠬᠥᠭᠵᠢᠯᠲᠡ | ᠨᠡᠯᠢᠶᠡᠳ ᠰᠠᠶᠢᠨ ᠲᠦᠪᠰᠢᠨ ᠳᠤ ᠬᠦᠷᠬᠦ ᠪᠠᠷ | ᠴᠢᠷᠮᠠᠶᠢᠬᠤ ᠬᠡᠷᠡᠭᠳᠡᠢ ᠭᠡᠵᠦ ᠵᠢᠭᠠᠵᠤ | ᠭᠠᠷᠭᠠᠪᠠ᠃ | ᠳ᠋ᠢᠩ ᠰᠢᠤᠸᠠᠢ ᠰᠢᠶᠠᠩ ᠪᠣᠯᠤᠨ ᠲᠥᠪ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠤᠯᠵᠤ | ᠰᠢᠨᠵᠢᠯᠡᠨ ᠪᠠᠶᠢᠴᠠᠭᠠᠪᠠ᠃ |