ᠠᠷᠤ ᠬᠤᠷᠴᠢᠨ ᠬᠤᠰᠢᠭᠤ ᠠᠷᠠᠳ ᠣᠯᠠᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ ᠤᠯᠠᠮ | ᠨᠢᠭᠡ ᠠᠯᠬᠤᠮ ᠪᠠᠶᠠᠯᠢᠭᠵᠢᠭᠤᠯᠵᠤ᠂ ᠪᠠᠶᠠᠷ ᠬᠥᠷ ᠲᠠᠢ᠂ ᠦᠯᠵᠡᠢ ᠪᠡᠯᠭᠡ ᠲᠠᠢ᠂ ᠬᠥᠷ ᠬᠥᠭᠵᠢᠶᠡᠨᠲᠡᠶ ᠪᠠᠶᠠᠷ ᠤᠨ | ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 2023 ᠣᠨ ᠤ ᠴᠠᠭᠠᠨ ᠰᠠᠷ᠎ᠠ ᠶᠢᠨ ᠠᠷᠪᠠᠨ | ᠲᠠᠪᠤᠨ ᠤ ᠦᠯᠵᠡᠶᠢᠳᠦ ᠡᠳᠦᠷ ᠤᠨ ᠪᠠᠶᠠᠷ ᠢᠶᠠᠷ ︽ᠴᠠᠭᠠᠨ ᠰᠠᠷ᠎ᠠ ᠶᠢᠨ ᠪᠠᠶᠠᠷ ᠢ ᠤᠭᠲᠤᠵᠤ᠂ ᠥᠯᠵᠡᠶᠢᠲᠦ ᠡᠳᠦᠷ ᠢ | ᠪᠡᠯᠭᠡᠯᠡᠬᠦ︾ ᠬᠤᠸᠠᠷ ᠫᠤᠤᠵᠢᠩ ᠤᠨ ᠦᠵᠡᠬᠦᠯᠭᠡ ᠡᠷᠭᠢᠯᠡᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ | ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠫᠤᠤᠵᠢᠩ ᠲᠠᠯᠪᠢᠬᠤ ᠴᠠᠭ | 2023 ᠣᠨ ᠤ 2 ᠰᠠᠷ᠎ᠠ ᠶᠢᠨ 5 ᠤ ᠡᠳᠦᠷ ︵ ᠴᠠᠭᠠᠨ ᠰᠠᠷ᠎ᠠ ᠶᠢᠨ ᠠᠷᠪᠠᠨ ᠲᠠᠪᠤᠨ︶ ᠤᠨ 19᠄ | 30—20᠄ 00 ᠴᠠᠭ ᠲᠤ | ᠬᠤᠶᠠᠷ᠂ ᠫᠤᠤᠵᠢᠩ ᠲᠠᠯᠪᠢᠬᠤ ᠭᠠᠵᠠᠷ | ᠰᠢᠨ᠎ᠡ ᠬᠤᠲᠠ ᠲᠤᠭᠤᠷᠢᠭ ᠤᠨ ᠵᠠᠰᠠᠭ ᠤᠨ ᠣᠷᠳᠣᠨ ᠤ ᠠᠭᠤᠳᠠᠮ ᠲᠠᠯᠠᠪᠠᠶ | ᠭᠤᠷᠪᠠ᠂ ᠭᠤᠤᠯᠯᠠᠨ ᠡᠷᠭᠢᠯᠡᠭᠰᠡᠨ ᠨᠢᠭᠡᠴᠡ᠂ ᠲᠠᠭᠠᠭᠠᠴᠢᠯᠠᠨ ᠡᠷᠭᠢᠯᠡᠭᠰᠡᠨ ᠨᠢᠭᠡᠴᠡ᠂ ᠫᠤᠤᠵᠢᠩ ᠲᠠᠯᠪᠢᠬᠤ | ᠨᠢᠭᠡᠴᠡ | ᠭᠤᠤᠯᠯᠠᠨ ᠡᠷᠭᠢᠯᠡᠭᠰᠡᠨ ᠨᠢᠭᠡᠴᠡ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠤ ᠬᠤᠷᠴᠢᠨ | ᠬᠤᠰᠢᠭᠤᠨ ᠤ ᠬᠤᠷᠢᠶ᠎ᠠ ᠶᠢᠨ ᠠᠯᠪᠠᠨ ᠬᠡᠷ | ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | ᠲᠠᠭᠠᠭᠠᠴᠢᠯᠠᠨ ᠡᠷᠭᠢᠯᠡᠭᠰᠡᠨ ᠨᠢᠭᠡᠴᠡ᠄ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶ᠎ᠠ | ᠫᠤᠤᠵᠢᠩ ᠲᠠᠯᠪᠢᠬᠤ ᠨᠢᠭᠡᠴᠡ᠄ ᠯᠢᠦ ᠶᠠᠩ ᠬᠤᠲᠠ ᠶᠢᠨ ᠶᠠ ᠲᠠᠢ ᠭᠠᠳᠠᠭᠠᠳᠤ ᠳᠤ ᠭᠠᠷᠭᠠᠬᠤ ᠬᠤᠸᠠᠷ | ᠫᠤᠤᠵᠢᠩ ᠦᠢᠯᠡᠳᠬᠦ ᠬᠢᠵᠠᠭᠠᠷᠲᠤ ᠺᠣᠮᠫᠠᠨᠢ | ᠳᠥᠷᠪᠡ᠂ ᠠᠩᠬᠠᠷᠬᠤ ᠵᠦᠢᠯᠡᠰ | ︵ᠨᠢᠭᠡ︶ ᠬᠤᠸᠠᠷ ᠫᠤᠤᠵᠢᠩ ᠲᠠᠯᠪᠢᠬᠤ ᠬᠤᠭᠤᠴᠠᠭᠠᠨ ᠳᠤ᠂ ᠥᠷᠭᠡᠨ ᠣᠯᠠᠨ ᠰᠠᠭᠤᠭᠠᠯᠢ ᠠᠷᠠᠳ ᠣᠯᠠᠨ | ᠨᠡᠶᠢᠲᠡ ᠶᠢᠨ ᠲᠠᠯᠠᠪᠤᠷ ᠤᠨ ᠠᠵᠢᠯᠯᠠᠭᠠᠨ ᠤ ᠡᠮᠬᠢ ᠵᠢᠷᠤᠮ ᠢ ᠤᠬᠠᠮᠰᠠᠷ ᠠᠴᠠ ᠪᠠᠨ ᠵᠢᠷᠤᠮᠯᠠᠵᠤ᠂ ᠬᠤᠸᠠᠷ ᠫᠤᠤᠵᠢᠩ | ᠲᠠᠯᠪᠢᠬᠤ ᠣᠷᠣᠨ ᠪᠠ ᠬᠠᠮᠢᠶᠠᠷᠤᠨ ᠡᠵᠡᠮᠳᠡᠬᠦ ᠣᠷᠣᠨ ᠳᠤ ᠳᠤᠷ᠎ᠠ ᠪᠠᠷ ᠢᠶᠠᠨ ᠣᠷᠣᠬᠤ ᠶᠢ ᠴᠢᠩᠭ᠎ᠠ ᠴᠠᠭᠠᠵᠠᠯᠠᠵᠤ᠂ | ᠮᠤᠳᠤᠨ ᠳᠤ ᠠᠪᠠᠷᠢᠬᠤ᠂ ᠬᠤᠭ ᠨᠣᠪᠰᠢ ᠬᠠᠶᠠᠬᠤ᠂ ᠣᠯᠠᠨ ᠨᠡᠶᠢᠲᠡ ᠶᠢᠨ ᠲᠦᠬᠦᠭᠡᠷᠦᠮᠵᠢ ᠶᠢ ᠡᠪᠳᠡᠬᠦ ᠶᠢ ᠴᠢᠩᠭ᠎ᠠ | ᠴᠠᠭᠠᠵᠠᠯᠠᠵᠤ᠂ ᠨᠢᠭᠡᠴᠡ᠂ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ UAV(无人机) ᠢ | ᠳᠤᠷ᠎ᠠ ᠪᠠᠷ ᠢᠶᠠᠨ ᠬᠡᠷᠡᠭᠯᠡᠬᠦ᠂ ᠺᠦᠩ ᠮᠢᠩ ᠳ᠋ᠧᠩᠯᠦ ᠠᠰᠠᠭᠠᠬᠤ ᠵᠡᠷᠭᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ | ᠬᠤᠸᠠᠷ ᠫᠤᠤᠵᠢᠩ ᠤᠨ ᠦᠵᠡᠭᠦᠯᠭᠡ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ | ᠬᠡᠷᠡᠭᠲᠡᠶ᠃ | ︵ᠬᠤᠶᠠᠷ︶ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠬᠤᠸᠠᠷ | ᠫᠤᠤᠵᠢᠩ ᠤᠨ ᠦᠵᠡᠭᠦᠯᠭᠡ ᠶᠢᠨ ᠬᠤᠭᠤᠴᠠᠭᠠᠨ ᠳᠤ᠂ ᠬᠤᠲᠠ ᠶᠢᠨ ᠲᠣᠭᠤᠷᠢᠭ ᠤᠨ ᠭᠡᠰᠡᠭ ᠵᠠᠮ ᠱᠤᠭᠤᠮ ᠳᠤ ᠵᠠᠮ | ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠵᠤ᠂ ᠥᠷᠭᠡᠨ ᠣᠯᠠᠨ ᠰᠠᠭᠤᠭᠠᠯᠢ ᠠᠷᠠᠳ ᠬᠠᠮᠢᠶ᠎ᠠ ᠪᠥᠬᠦᠶ | ᠱᠠᠭᠠᠷᠳᠠᠯᠭ᠎ᠠ ᠶᠢ ᠵᠢᠷᠤᠮᠯᠠᠨ᠂ ᠲᠤᠬᠠᠶ ᠶᠢᠨ ᠲᠠᠯᠠᠪᠠᠶ ᠶᠢᠨ ᠵᠢᠯᠣᠭᠤᠳᠣᠯᠭ᠎ᠠ ᠶᠢ ᠳᠠᠭᠠᠬᠤ ᠬᠡᠷᠡᠭᠲᠡᠶ᠃ | ︵ᠭᠤᠷᠪᠠ︶ ᠬᠤᠸᠠᠷ ᠫᠤᠤᠵᠢᠩ ᠲᠠᠯᠪᠢᠬᠤ ᠠᠬᠤᠢ ᠲᠠᠯᠪᠠᠢ ᠳᠤ ᠠᠮᠠᠪᠴᠢ ᠵᠡᠭᠦᠵᠦ᠂ ᠠᠮᠤᠷ ᠲᠦᠪᠰᠢᠨ ᠤ | ᠵᠠᠶ ᠶᠢ ᠪᠠᠳᠤᠯᠠᠨ᠂ ᠰᠢᠬᠠᠯᠳᠤᠨ ᠪᠥᠭᠡᠮᠨᠡᠷᠡᠵᠦ ᠪᠣᠯᠬᠤ ᠥᠬᠡᠶ᠂ ᠪᠡᠶ᠎ᠡ ᠳᠡᠭᠡᠨ ᠠᠪᠴᠤ ᠶᠠᠪᠤᠭ᠎ᠠ ᠡᠳ᠋ ᠪᠣᠳᠠᠰ ᠢᠶᠠᠨ | ᠲᠣᠬᠢᠲᠠᠶ ᠬᠠᠳᠠᠭᠠᠯᠠᠨ ᠬᠠᠮᠢᠶᠠᠷᠴᠤ᠂ ᠨᠠᠰᠤᠲᠠᠶᠢᠴᠤᠳ᠂ ᠬᠡᠦᠬᠡᠳ ᠢ ᠰᠠᠶᠢᠲᠤᠷ ᠬᠠᠷᠠᠭᠠᠯᠵᠠᠬᠤ ᠬᠡᠷᠡᠭᠲᠡᠶ᠃ | ︵ᠳᠥᠷᠪᠡ︶ ᠦᠵᠡᠭᠦᠯᠭᠡ ᠶᠢᠨ ᠳᠠᠷᠠᠭ᠎ᠠ ᠡᠮᠬᠢ ᠵᠢᠷᠤᠮ ᠲᠠᠢ ᠪᠠᠷ ᠲᠠᠯᠠᠪᠤᠷ ᠠᠴᠠ ᠭᠠᠷᠬᠤ ᠶᠢ ᠪᠠᠳᠤᠯᠠᠵᠤ᠂ | ᠬᠡᠷᠪᠡ ᠬᠥᠮᠦᠨ ᠤᠶᠢᠴᠢᠭᠰᠠᠨ ᠪᠤᠶᠤ ᠪᠤᠰᠤᠳ ᠭᠡᠨᠡᠳᠲᠡ ᠶᠢᠨ ᠪᠠᠶᠢᠳᠠᠯ ᠭᠠᠷᠬᠤ ᠳᠤ ᠬᠦᠷᠪᠡᠯ᠂ ᠯᠠᠪᠳᠠᠭᠤᠨ | ᠲᠣᠭᠲᠠᠭᠤᠨ ᠪᠠᠶᠢᠵᠤ᠂ ᠪᠠᠴᠢᠮᠳᠠᠨ ᠰᠠᠨᠳᠤᠷᠬᠤ ᠪᠤᠶᠤ ᠲᠦᠯᠬᠢᠯᠴᠠᠵᠤ ᠲᠠᠳᠠᠯᠴᠠᠵᠤ ᠪᠤᠯᠬᠤ ᠦᠭᠡᠢ᠂ ᠲᠤᠬᠠᠶ ᠶᠢᠨ | ᠲᠠᠯᠠᠪᠠᠢ ᠶᠢᠨ ᠠᠵᠢᠯᠲᠠᠨ ᠤ ᠵᠢᠯᠣᠭᠤᠳᠤᠯᠭ᠎ᠠ ᠪᠠ ᠬᠠᠮᠢᠶᠠᠷᠤᠯᠲᠠ ᠶᠢ ᠰᠤᠨᠤᠰᠬᠤ ᠬᠡᠷᠡᠭᠲᠡᠢ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ |