ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ᠄ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠵᠡᠮᠳᠡᠭᠴᠦᠳ᠂ ᠨᠠᠰᠤᠲᠠᠶᠢᠴᠤᠳ ᠤᠨ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ᠂ ᠪᠦᠷᠢᠨ ᠭᠦᠢᠴᠡᠳ᠂ ᠳᠥᠭᠦᠮ | ᠳᠥᠲᠡ ᠪᠠᠷ ᠣᠷᠣᠯᠴᠠᠬᠤ ᠪᠠ ᠨᠡᠶᠢᠬᠡᠮ ᠤᠨ ᠠᠮᠢᠳᠤᠷᠠᠯ ᠳᠤ ᠠᠭᠤᠰᠤᠯᠴᠠᠬᠤ ᠶᠢ ᠪᠠᠲᠤᠯᠠᠵᠤ᠂ ᠨᠡᠶᠢᠭᠡᠮ ᠤᠨ ᠪᠦᠬᠦ | ᠬᠥᠮᠥᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ | ᠠᠬᠢᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠬᠤ ᠶᠢ ᠠᠬᠢᠭᠤᠯᠬᠤ ᠶᠢᠨ | ᠲᠥᠯᠥᠭᠡ᠂ ᠦᠨᠳᠦᠰᠦᠨ ᠬᠠᠤᠯᠢ ᠪᠠ ᠬᠤᠯᠪᠣᠭᠳᠠᠯ ᠪᠦᠬᠦᠢ ᠬᠠᠤᠯᠢ ᠴᠠᠭᠠᠵᠠ ᠶᠢ ᠦᠨᠳᠦᠰᠦᠯᠡᠨ ᠲᠤᠰ ᠬᠠᠤᠯᠢ ᠶᠢ | ᠲᠣᠭᠲᠠᠭᠠᠪᠠ᠃ | ᠬᠤᠶᠠᠳᠤᠭᠠᠷ ᠵᠦᠢᠯ᠄ ᠤᠯᠤᠰ ᠠᠴᠠ ᠠᠷᠭ᠎ᠠ ᠠᠪᠴᠤ ᠪᠠᠶᠢᠭᠠᠳ ᠰᠠᠭᠠᠳ ᠦᠭᠡᠢ ᠣᠷᠴᠢᠨ ᠲᠤᠭᠤᠷᠢᠨ ᠤ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠡᠮᠳᠡᠭᠴᠦᠳ᠂ ᠨᠠᠰᠤᠲᠠᠶᠢᠴᠤᠳ ᠤᠨ ᠵᠠᠮ ᠨᠡᠪᠲᠡᠷᠡᠯᠭᠡ᠂ ᠪᠠᠷᠢᠯᠭ᠎ᠠ ᠪᠠᠷ | ᠣᠷᠣᠵᠤ ᠭᠠᠷᠬᠤ ᠪᠠ ᠲᠡᠭᠦᠨ ᠤ ᠳᠠᠭᠠᠯᠲᠠ ᠲᠥᠬᠦᠭᠡᠷᠦᠮᠵᠢ ᠶᠢ ᠬᠡᠷᠡᠭᠯᠡᠬᠦ᠂ ᠤᠯᠠᠨ ᠨᠡᠶᠢᠲᠡ ᠶᠢᠨ ᠵᠠᠮ | ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠳᠤ ᠰᠠᠭᠤᠬᠤ᠂ ᠮᠡᠳᠡᠭᠡ ᠵᠠᠩᠭᠢ ᠶᠢ ᠣᠯᠬᠤ᠂ ᠬᠡᠷᠡᠭᠯᠡᠬᠦ ᠪᠠ | ᠰᠣᠯᠢᠯᠴᠠᠬᠤ᠂ ᠨᠡᠶᠢᠭᠡᠮ ᠤᠨ ᠦᠢᠯᠡᠴᠢᠯᠡᠭᠡ ᠬᠦᠷᠳᠡᠬᠦ ᠵᠡᠷᠭᠡ ᠳᠤ ᠲᠦᠬᠦᠮ ᠦᠵᠡᠭᠦᠯᠦᠨ᠎ᠡ᠃ ᠵᠡᠮᠳᠡᠭᠴᠦᠳ᠂ | ᠨᠠᠰᠤᠲᠠᠶᠢᠴᠤᠳ ᠠᠴᠠ ᠪᠤᠰᠤᠳ ᠬᠦᠮᠦᠰ ᠰᠠᠭᠠᠳ ᠦᠬᠡᠢ ᠤᠷᠴᠢᠨ ᠲᠤᠭᠤᠷᠢᠨ ᠢ ᠬᠡᠷᠡᠭᠯᠡᠬᠦ ᠴᠢᠬᠤᠯᠠᠳᠠᠢ ᠪᠤᠯ ᠮᠥᠨ | ᠬᠡᠷᠡᠭᠯᠡᠵᠤ ᠪᠤᠯᠤᠨ᠎ᠠ᠃ | ᠭᠤᠷᠪᠠᠳᠤᠭᠠᠷ ᠵᠦᠢᠯ᠄ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠳᠤ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠵᠠᠰᠠᠭ ᠤᠨ ᠣᠷᠳᠣᠨ ᠤ ᠭᠤᠣᠯᠯᠠᠬᠤ | ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠳᠡᠪᠬᠢᠵᠢᠯ ᠢ ᠲᠠᠶᠢᠴᠢᠯᠠᠨ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠤᠯᠠᠨ ᠨᠡᠶᠢᠲᠡ ᠶᠢᠨ ᠥᠷᠭᠡᠨ ᠢᠶᠠᠷ ᠣᠷᠣᠯᠴᠠᠬᠤ ᠶᠢ ᠵᠢᠯᠤᠭᠤᠳᠴᠤ᠂ | ᠨᠡᠶᠢᠭᠡᠮ ᠲᠠᠶᠠᠭᠠᠷ ᠢᠶᠠᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠠᠬᠢᠭᠤᠯᠬᠤ | ᠬᠡᠷᠡᠭᠲᠡᠢ᠃ | ᠳᠥᠷᠪᠡᠳᠦᠭᠡᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ | ᠨᠠᠰᠤᠵᠢᠬᠤ ᠳᠤ ᠲᠣᠬᠢᠷᠠᠬᠤ ᠥᠭᠡᠷᠡᠴᠢᠯᠡᠯᠲᠡ ᠯᠦᠭᠡ ᠤᠶᠠᠯᠳᠤᠭᠤᠯᠵᠤ᠂ ᠠᠶᠤᠯ ᠦᠭᠡᠢ ᠪᠥᠭᠡᠳ ᠳᠥᠭᠦᠮ ᠳᠥᠲᠡ᠂ | ᠬᠡᠷᠡᠭᠯᠡᠬᠦ ᠳᠤ ᠲᠦᠬᠦᠮ᠂ ᠥᠷᠭᠡᠨ ᠢᠶᠠᠷ ᠠᠰᠢᠭ ᠬᠥᠷᠳᠡᠬᠦ ᠵᠠᠷᠴᠢᠮ ᠢ ᠵᠢᠷᠤᠮᠯᠠᠬᠤ ᠬᠡᠷᠡᠭᠲᠡᠢ᠃ | ᠲᠠᠪᠤᠳᠤᠭᠠᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠲᠦᠪᠰᠢᠨ ᠯᠦᠭᠡ ᠵᠣᠬᠢᠴᠠᠭᠤᠯᠤᠨ᠂ ᠬᠤᠲᠠ ᠪᠠᠯᠭᠠᠰᠤ ᠪᠣᠯᠣᠨ ᠬᠥᠳᠡᠭᠡ | ᠲᠣᠰᠬᠤᠨ ᠤ ᠬᠦᠭᠵᠢᠬᠦᠯᠤᠯᠳᠡ ᠶᠢ ᠨᠢᠭᠡᠳᠦᠯᠲᠡᠢ ᠲᠥᠯᠥᠪᠯᠡᠵᠦ᠂ ᠬᠤᠳᠠ ᠬᠥᠳᠡᠭᠡ ᠶᠢᠨ ᠰᠠᠭᠠᠳ ᠦᠭᠡᠢ ᠣᠷᠴᠢᠨ | ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠢ᠃ | ᠵᠢᠷᠭᠤᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢ ᠤᠯᠤᠰ ᠠᠷᠠᠳ ᠤᠨ ᠠᠵᠤ ᠠᠬᠤᠢ ᠪᠠ | ᠨᠡᠶᠢᠭᠡᠮ ᠤᠨ ᠬᠦᠭᠵᠢᠬᠦᠯᠤᠯᠳᠡ ᠶᠢᠨ ᠲᠥᠯᠦᠪᠵᠢᠭᠦᠯᠭᠡ ᠳᠤ ᠣᠷᠣᠭᠤᠯᠵᠤ᠂ ᠬᠡᠷᠡᠭᠰᠡᠬᠦ ᠵᠠᠷᠤᠳᠠᠯ ᠢ ᠲᠤᠰ ᠱᠠᠲᠤᠨ ᠤ | ᠲᠥᠰᠥᠪ ᠲᠤ ᠪᠠᠨ ᠣᠷᠣᠭᠤᠯᠵᠤ᠂ ᠵᠠᠷᠤᠳᠠᠯ ᠢ ᠪᠠᠲᠤᠯᠠᠬᠤ ᠲᠣᠭᠲᠠᠪᠤᠷᠢᠲᠠᠢ ᠲᠣᠭᠲᠠᠴᠠ ᠶᠢ ᠪᠠᠶᠢᠭᠤᠯᠬᠤ | ᠬᠡᠷᠡᠭᠲᠡᠢ᠃ | ᠳᠣᠯᠣᠳᠤᠭᠠᠷ ᠵᠦᠢᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠱᠠᠯᠠᠪᠳᠠᠭᠤᠯᠤᠨ | ᠵᠢᠯᠤᠭᠤᠳᠴᠤ ᠪᠠᠶᠢᠭᠠᠳ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠰ | ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠨᠢ ᠰᠠᠶᠢᠲᠤᠷ ᠬᠢᠯᠭᠡᠬᠦ ᠬᠡᠷᠡᠭᠲᠡᠢ᠃ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠷᠣᠨ ᠰᠠᠭᠤᠴᠠ ᠪᠠ ᠬᠤᠳᠠ ᠬᠦᠳᠡᠭᠡ ᠶᠢᠨ | ᠪᠦᠲᠦᠭᠡᠨ ᠪᠠᠶᠢᠭᠤᠯᠤᠯᠲᠠ᠂ ᠠᠷᠠᠳ ᠤᠨ ᠶᠠᠪᠤᠳᠠᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠮ | ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ | ᠡᠷᠡᠭᠦᠯ ᠮᠡᠨᠳᠤ ᠵᠡᠷᠭᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ | ᠬᠡᠪᠴᠢᠶᠡᠨ ᠳᠤ ᠪᠠᠨ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠬᠦ | ᠬᠡᠷᠡᠭᠲᠡᠢ᠃ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠰᠠᠭᠠᠳ ᠦᠭᠡᠢ ᠣᠷᠴᠢᠨ ᠲᠤᠭᠤᠷᠢᠨ ᠤ | ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠳᠡᠢ᠃ | ᠨᠠᠢᠮᠠᠳᠤᠭᠠᠷ ᠵᠦᠢᠯ᠄ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ ᠨᠡᠶᠢᠭᠡᠮᠯᠢᠭ ᠵᠡᠷᠭᠡ ᠵᠣᠬᠢᠶᠠᠨ | ᠪᠠᠶᠢᠭᠤᠯᠤᠯᠳᠠ ᠨᠤᠭᠤᠳ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠤᠰ ᠲᠤᠰ ᠤᠨ ᠳᠦᠷᠢᠮ ᠤᠨ ᠶᠣᠰᠣᠭᠠᠷ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠲᠡᠬᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠬᠠᠮᠵᠢᠨ ᠰᠠᠭᠠᠳ ᠦᠭᠡᠢ ᠣᠷᠴᠢᠨ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠯᠬᠡᠬᠦ | ᠬᠡᠷᠡᠭᠲᠡᠢ᠃ | ᠶᠢᠰᠦᠳᠦᠭᠡᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠳᠤ | ᠬᠤᠯᠪᠣᠭᠳᠠᠬᠤ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ᠂ ᠲᠥᠯᠦᠪᠵᠢᠭᠦᠯᠭᠡ ᠪᠣᠯᠣᠨ | ᠪᠤᠰᠤᠳ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠤᠶᠤ ᠵᠠᠰᠠᠪᠤᠷᠢ ᠣᠷᠣᠭᠤᠯᠬᠤ ᠳᠤ | ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ ᠪᠠ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ | ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠬᠢᠨ ᠤ ᠰᠠᠨᠠᠯ ᠢ ᠬᠤᠷᠢᠶᠠᠬᠤ ᠬᠡᠷᠡᠭᠲᠡᠢ᠃ | ᠠᠷᠪᠠᠳᠤᠭᠠᠷ ᠵᠦᠢᠯ᠄ ᠤᠯᠤᠰ ᠠᠴᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠬᠤᠪᠢ ᠬᠥᠮᠥᠨ ᠵᠡᠷᠭᠡ ᠨᠡᠶᠢᠭᠡᠮ ᠤᠨ ᠬᠦᠴᠦᠨ ᠤ ᠬᠠᠨᠳᠢᠪᠯᠡᠨ ᠬᠦᠷᠭᠡᠬᠦ᠂ ᠰᠠᠶᠢᠨ | ᠲᠤᠷᠠᠴᠤᠤᠯ ᠤᠨ ᠦᠢᠯᠡᠴᠢᠯᠡᠭᠡ ᠬᠠᠩᠭᠠᠬᠤ ᠵᠡᠷᠭᠡ ᠠᠷᠭ᠎ᠠ ᠪᠠᠷ ᠰᠠᠭᠠᠳ ᠦᠭᠡᠢ ᠣᠷᠴᠢᠨ ᠲᠤᠭᠤᠷᠢᠨ ᠤ ᠪᠦᠲᠦᠭᠡᠨ | ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ ᠲᠡᠮᠵᠢᠨ᠎ᠠ᠃ ᠰᠠᠭᠠᠳ ᠦᠭᠡᠢ ᠣᠷᠴᠢᠨ ᠲᠤᠭᠤᠷᠢᠨ ᠤ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ ᠶᠢ | ᠤᠯᠤᠰ ᠠᠴᠠ ᠲᠡᠮᠵᠢᠨ᠎ᠠ᠃ | ᠠᠷᠪᠠᠨ ᠨᠢᠭᠡᠳᠦᠭᠡᠷ ᠵᠦᠢᠯ᠄ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ | ᠠᠵᠢᠯ ᠤᠨ ᠳᠤᠮᠳᠠ ᠢᠯᠡᠳᠲᠡ ᠠᠮᠵᠢᠯᠲᠠ ᠭᠠᠷᠭᠠᠭᠰᠠᠨ ᠨᠢᠬᠡᠴᠢ ᠪᠣᠯᠣᠨ ᠬᠤᠪᠢ ᠬᠥᠮᠥᠨ ᠢ ᠤᠯᠤᠰ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃ | | |