ᠬᠤᠶᠠᠳᠤᠭᠠᠷ ᠪᠦᠯᠦᠭ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠠᠷᠪᠠᠨ ᠬᠤᠶᠠᠳᠤᠭᠠᠷ ᠵᠦᠢᠯ᠄ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ | ᠥᠷᠭᠡᠳᠬᠡᠨ ᠪᠠᠶᠢᠭᠤᠯᠤᠭᠰᠠᠨ ᠣᠷᠣᠨ ᠰᠠᠭᠤᠴᠠ ᠶᠢᠨ ᠪᠠᠷᠢᠯᠭ᠎ᠠ᠂ ᠬᠤᠷᠢᠶᠠᠯᠠᠯ᠂ ᠤᠯᠠᠨ ᠨᠡᠶᠢᠲᠡ ᠶᠢᠨ ᠪᠠᠷᠢᠯᠭ᠎ᠠ᠂ | ᠤᠯᠠᠨ ᠨᠡᠶᠢᠲᠡ ᠶᠢᠨ ᠲᠠᠯᠠᠪᠤᠷ᠂ ᠵᠠᠮ ᠲᠡᠭᠡᠭᠡᠪᠦᠷᠢ ᠶᠢᠨ ᠲᠥᠬᠦᠭᠡᠷᠦᠮᠵᠢ᠂ ᠬᠤᠳᠠ ᠬᠥᠳᠡᠭᠡ ᠶᠢᠨ ᠵᠠᠮ ᠵᠡᠷᠭᠡ ᠨᠢ | ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠭᠰᠡᠨ | ᠪᠠᠶᠢᠬᠤ ᠬᠡᠷᠡᠭᠲᠡᠢ᠃ ᠰᠠᠭᠠᠳ ᠦᠭᠡᠢ ᠲᠦᠬᠦᠬᠡᠷᠤᠮᠵᠢ ᠶᠢ ᠭᠤᠣᠯ ᠴᠣᠭᠴᠠ ᠪᠠᠷᠢᠯᠭ᠎ᠠ ᠯᠤᠭ᠎ᠠ ᠵᠡᠷᠭᠡ ᠪᠠᠷ | ᠲᠥᠯᠥᠪᠵᠢᠭᠦᠯᠵᠦ᠂ ᠵᠡᠷᠭᠡ ᠪᠠᠷ ᠵᠢᠷᠤᠭᠯᠠᠨ ᠲᠥᠯᠥᠪᠯᠡᠵᠦ᠂ ᠵᠡᠷᠭᠡ ᠪᠠᠷ ᠪᠠᠷᠢᠵᠤ᠂ ᠵᠡᠷᠭᠡ ᠪᠠᠷ ᠰᠢᠯᠭᠠᠨ ᠠᠪᠴᠤ᠂ | ᠵᠡᠷᠭᠡ ᠪᠠᠷ ᠲᠤᠰᠢᠶᠠᠨ ᠥᠭᠴᠦ ᠬᠡᠷᠡᠭᠯᠡᠭᠦᠯᠬᠦ ᠶᠢᠨ ᠬᠠᠮᠲᠤ ᠡᠷᠬᠢᠨ ᠲᠣᠭᠤᠷᠢᠨ ᠤ ᠰᠠᠭᠠᠳ ᠦᠭᠡᠢ | ᠲᠦᠬᠦᠬᠡᠷᠤᠮᠵᠢ ᠯᠦᠭᠡ ᠪᠦᠲᠦᠮᠵᠢᠲᠡᠶ ᠵᠣᠯᠭᠠᠭᠤᠯᠵᠤ᠂ ᠨᠡᠪᠲᠡᠷᠡᠭᠦᠯᠬᠦ ᠬᠡᠷᠡᠭᠲᠡᠢ᠃ ᠰᠠᠭᠠᠳ ᠦᠭᠡᠢ | ᠲᠥᠬᠦᠭᠡᠷᠦᠮᠵᠢ ᠳᠤ ᠪᠠᠷᠢᠮᠵᠢᠶ᠎ᠠ ᠳᠤ ᠨᠡᠶᠢᠴᠡᠭᠰᠡᠨ ᠰᠠᠭᠠᠳ ᠦᠭᠡᠢ ᠵᠠᠮ ᠤᠨ ᠢᠯᠡᠳᠬᠡᠮᠵᠢ ᠲᠡᠮᠳᠡᠭ ᠲᠠᠯᠪᠢᠬᠤ | ᠬᠡᠷᠡᠭᠲᠡᠢ ᠪᠥᠭᠡᠳ ᠡᠷᠬᠢᠨ ᠲᠣᠭᠤᠷᠢᠨ ᠤ ᠪᠠᠷᠢᠯᠭ᠎ᠠ ᠶᠢᠨ ᠳᠣᠲᠣᠭᠠᠳᠤ ᠶᠢᠨ ᠵᠢᠯᠤᠭᠤᠳᠬᠤ ᠢᠯᠡᠳᠬᠡᠮᠵᠢ ᠲᠡᠮᠳᠡᠭ ᠤᠨ | ᠰᠢᠰᠲ᠋ᠧᠮ ᠳᠤ ᠣᠷᠣᠭᠤᠯᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠷᠤᠭ ᠲᠥᠯᠥᠪᠯᠡᠭᠡ᠂ | ᠪᠠᠷᠢᠯᠭ᠎ᠠ ᠶᠢᠨ ᠠᠵᠢᠯ ᠵᠡᠷᠭᠡ ᠨᠢᠭᠡᠴᠢ ᠶᠢᠨ ᠲᠡᠷᠢᠭᠦᠨ ᠤ ᠣᠶᠢᠯᠠᠭᠠᠭᠳᠠᠬᠤᠨ ᠪᠠ ᠮᠡᠷᠭᠡᠵᠢᠯ ᠢ ᠬᠡᠷᠡᠭᠯᠡᠵᠦ᠂ | ᠬᠥᠮᠥᠨᠴᠢᠯᠡᠭᠰᠡᠨ᠂ ᠰᠢᠰᠲ᠋ᠧᠮᠵᠢᠭᠰᠡᠨ᠂ ᠣᠶᠤᠨᠴᠢᠯᠠᠭᠰᠠᠨ ᠪᠥᠭᠡᠳ ᠡᠷᠬᠢᠨ ᠲᠣᠭᠤᠷᠢᠨ ᠤ ᠣᠷᠴᠢᠨ ᠲᠣᠭᠤᠷᠢᠨ ᠲᠠᠢ | ᠵᠣᠬᠢᠴᠠᠯᠳᠤᠭᠰᠠᠨ ᠰᠠᠭᠠᠳ ᠦᠭᠡᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠶᠢ ᠤᠯᠤᠰ ᠠᠴᠠ | ᠵᠣᠷᠢᠭᠵᠢᠭᠤᠯᠤᠨ᠎ᠠ᠃ | ᠠᠷᠪᠠᠨ ᠳᠥᠷᠪᠡᠳᠦᠭᠡᠷ ᠵᠦᠢᠯ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠢᠬᠡᠴᠢ ᠨᠦᠭᠦᠳ ᠰᠠᠭᠠᠳ | ᠦᠭᠡᠢ ᠲᠦᠬᠦᠬᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠲᠦᠢᠮᠣ ᠲᠥᠰᠥᠪ ᠲᠤ ᠪᠠᠨ ᠣᠷᠣᠭᠤᠯᠬᠤ ᠬᠡᠷᠡᠭᠲᠡᠢ᠃ ᠵᠢᠷᠤᠵᠤ | ᠲᠥᠯᠥᠪᠯᠡᠬᠦ᠂ ᠪᠠᠷᠢᠯᠭ᠎ᠠ ᠪᠠᠷᠢᠬᠤ ᠨᠢᠭᠡᠴᠢ ᠬᠢᠨ ᠤ ᠰᠠᠭᠠᠳ ᠦᠬᠡᠢ ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠠᠴᠠ ᠵᠦᠷᠢᠴᠡᠭᠰᠡᠨ ᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠨᠢᠭᠡᠴᠢ ᠶᠢᠨ ᠬᠢᠨ ᠢᠯᠡ ᠪᠠᠷ ᠪᠤᠶᠤ ᠳᠠᠯᠳᠠ ᠪᠠᠷ ᠮᠡᠳᠡᠭᠳᠡᠵᠦ ᠪᠣᠯᠬᠤ ᠦᠬᠡᠢ᠃ ᠰᠢᠯᠭᠠᠵᠤ ᠬᠦᠯᠢᠶᠡᠨ ᠠᠪᠤᠬᠰᠠᠨ | ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠰᠠᠭᠠᠳ ᠦᠭᠡᠢ ᠲᠥᠬᠦᠭᠡᠷᠦᠮᠵᠢ ᠶᠢ ᠳᠤᠷ᠎ᠠ ᠪᠠᠷ ᠢᠶᠠᠨ | ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠢ᠃ | ᠠᠷᠪᠠᠨ ᠲᠠᠪᠤᠳᠤᠭᠠᠷ ᠵᠦᠢᠯ᠄ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠨᠢᠭᠡᠴᠢ ᠶᠢᠨ ᠬᠢᠨ ᠰᠠᠭᠠᠳ ᠦᠭᠡᠢ | ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠵᠢᠷᠤᠭ ᠲᠥᠯᠥᠪᠯᠡᠭᠡ | ᠬᠢᠬᠦ ᠬᠡᠷᠡᠭᠲᠡᠢ᠃ ᠪᠠᠷᠢᠯᠭ᠎ᠠ ᠶᠢᠨ ᠵᠢᠷᠤᠭ ᠢ ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ | ᠬᠢᠨᠠᠨ ᠪᠠᠶᠢᠴᠠᠭᠠᠬᠤ ᠴᠢᠬᠤᠯᠠᠲᠠᠢ ᠪᠤᠯ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠰᠠᠭᠠᠳ ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠤᠰᠤᠭᠠᠷ ᠰᠠᠭᠠᠳ ᠦᠭᠡᠢ ᠲᠦᠬᠦᠬᠡᠷᠤᠮᠵᠢ ᠶᠢᠨ ᠵᠢᠷᠤᠵᠤ ᠲᠥᠯᠥᠪᠯᠡᠭᠰᠡᠨ | ᠠᠭᠤᠯᠭ᠎ᠠ ᠶᠢ ᠬᠢᠨᠠᠨ ᠪᠠᠶᠢᠴᠠᠭᠠᠬᠤ ᠬᠡᠷᠡᠭᠲᠡᠢ᠃ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ ᠪᠤᠯ | ᠬᠢᠨᠠᠯᠳᠠ ᠶᠢ ᠦᠡᠭᠭᠡᠷᠡᠬᠦᠯᠵᠤ ᠪᠤᠯᠬᠤ ᠦᠭᠡᠢ᠃ | ᠠᠷᠪᠠᠨ ᠵᠢᠷᠭᠤᠳᠤᠭᠠᠷ ᠵᠦᠢᠯ᠄ ᠪᠠᠷᠢᠯᠭ᠎ᠠ ᠪᠠᠷᠢᠬᠤ ᠳᠤ ᠬᠢᠨᠠᠨ ᠬᠠᠮᠢᠶᠠᠷᠬᠤ ᠨᠢᠭᠡᠴᠢ ᠨᠦᠭᠦᠳ ᠪᠠᠷᠢᠯᠭ᠎ᠠ ᠶᠢᠨ | ᠵᠢᠷᠤᠭ ᠲᠦᠯᠤᠪᠯᠡᠭᠡ ᠪᠢᠴᠢᠭ ᠮᠠᠲ᠋ᠧᠷᠢᠶᠠᠯ ᠪᠠ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠰᠠᠭᠠᠳ ᠦᠭᠡᠢ | ᠲᠦᠬᠦᠬᠡᠷᠤᠮᠵᠢ ᠶᠢᠨ ᠪᠠᠷᠢᠯᠭ᠎ᠠ ᠪᠠᠷᠢᠬᠤ ᠶᠢ ᠬᠢᠨᠠᠨ ᠬᠠᠮᠢᠶᠠᠷᠬᠤ ᠬᠡᠷᠡᠭᠲᠡᠢ᠃ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠠᠤᠯᠢ | ᠴᠠᠭᠠᠵᠠ᠂ ᠬᠠᠤᠯᠢ ᠲᠣᠭᠲᠠᠭᠠᠯ ᠪᠠ ᠰᠠᠭᠠᠳ ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠰᠠᠭᠠᠳ ᠦᠭᠡᠢ ᠲᠦᠬᠦᠬᠡᠷᠤᠮᠵᠢ ᠶᠢ ᠰᠢᠯᠭᠠᠨ ᠠᠪᠬᠤ ᠠᠵᠢᠯ | ᠥᠷᠨᠢᠭᠦᠯᠦᠭᠰᠡᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠤᠯ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠴᠤ ᠲᠠᠩᠰᠠᠯᠠᠬᠰᠠᠨ ᠭᠠᠷᠳᠠᠮ ᠢ ᠭᠦᠢᠴᠡᠳᠬᠡᠵᠦ ᠥᠭᠬᠦ ᠦᠭᠡᠢ᠃ | ᠠᠷᠪᠠᠨ ᠳᠣᠯᠣᠳᠤᠭᠠᠷ ᠵᠦᠢᠯ᠄ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠰᠢᠨ᠎ᠡ ᠪᠠᠷ | ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ | ᠲᠥᠯᠦᠪᠵᠢᠭᠦᠯᠭᠡ᠂ ᠵᠢᠷᠤᠭ ᠲᠥᠯᠥᠪᠯᠡᠭᠡ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠵᠠᠩᠭᠢᠯᠠᠭ᠎ᠠ ᠳᠤ | ᠵᠡᠮᠳᠡᠭᠴᠦᠳ᠂ ᠨᠠᠰᠤᠲᠠᠶᠢᠴᠤᠳ ᠤᠨ ᠲᠥᠯᠥᠭᠡᠯᠡᠭᠴᠢ ᠪᠤᠯᠤᠨ ᠵᠡᠮᠳᠡᠭᠴᠦᠳ ᠤᠨ ᠬᠤᠯᠪᠤᠭ᠎ᠠ᠂ ᠨᠠᠰᠤᠲᠠᠶᠢᠴᠤᠳ ᠤᠨ | ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢ ᠤᠷᠢᠵᠤ ᠰᠠᠨᠠᠯ ᠬᠤᠷᠢᠶᠠᠬᠤ ᠪᠠ ᠪᠡᠶᠡᠴᠢᠯᠡᠨ ᠤᠶᠢᠯᠠᠭᠠᠵᠤ ᠲᠤᠷᠰᠢᠨ | ᠬᠡᠷᠡᠭᠯᠡᠬᠦ ᠵᠡᠷᠭᠡ ᠠᠵᠢᠯᠯᠠᠭ᠎ᠠ ᠳᠤ ᠣᠷᠣᠯᠴᠠᠭᠤᠯᠬᠤ ᠶᠢ ᠤᠯᠤᠰ ᠠᠴᠠ ᠵᠣᠷᠢᠭᠵᠢᠭᠤᠯᠤᠨ᠎ᠠ᠃ | ᠠᠷᠪᠠᠨ ᠨᠠᠢᠮᠠᠳᠤᠭᠠᠷ ᠵᠦᠢᠯ᠄ ᠨᠢᠭᠡᠨᠲᠡ ᠪᠠᠶᠢᠭ᠎ᠠ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠦᠯᠦ ᠨᠡᠶᠢᠴᠡᠬᠦ ᠣᠷᠣᠨ ᠰᠠᠭᠤᠴᠠ ᠶᠢᠨ ᠪᠠᠷᠢᠯᠭ᠎ᠠ᠂ ᠬᠤᠷᠢᠶᠠᠯᠠᠯ᠂ | ᠤᠯᠠᠨ ᠨᠡᠶᠢᠲᠡ ᠶᠢᠨ ᠪᠠᠷᠢᠯᠭ᠎ᠠ᠂ ᠤᠯᠠᠨ ᠨᠡᠶᠢᠲᠡ ᠶᠢᠨ ᠲᠠᠯᠠᠪᠤᠷ᠂ ᠵᠠᠮ ᠲᠡᠭᠡᠭᠡᠪᠦᠷᠢ ᠶᠢᠨ ᠲᠥᠬᠦᠭᠡᠷᠦᠮᠵᠢ᠂ ᠬᠤᠳᠠ | ᠬᠥᠳᠡᠭᠡ ᠶᠢᠨ ᠵᠠᠮ ᠵᠡᠷᠭᠡ ᠳᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠣᠳᠠᠲᠤ | ᠪᠠᠶᠢᠳᠠᠯ ᠢᠶᠠᠨ ᠦᠨᠳᠦᠰᠦᠯᠡᠨ᠂ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠨ ᠵᠠᠰᠠᠬᠤ ᠬᠠᠨᠳᠤᠯᠭᠠᠲᠤ ᠴᠢᠨᠠᠷᠲᠠᠢ | ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠰᠠᠭᠠᠳ ᠦᠭᠡᠢ | ᠲᠥᠬᠦᠭᠡᠷᠦᠮᠵᠢ ᠶᠢ ᠥᠭᠡᠷᠡᠴᠢᠯᠡᠬᠦ ᠠᠵᠢᠯ ᠢ ᠥᠮᠴᠢᠯᠡᠯ ᠤᠨ ᠡᠷᠬᠡᠲᠦ ᠬᠥᠮᠥᠨ ᠪᠤᠶᠤ ᠬᠠᠮᠢᠶᠠᠷᠤᠬᠴᠢ ᠨᠢ | ᠬᠠᠷᠢᠭᠤᠴᠠᠨ᠎ᠠ᠃ ᠥᠮᠴᠢᠯᠡᠯ ᠤᠨ ᠡᠷᠬᠡᠲᠦ ᠬᠥᠮᠥᠨ᠂ ᠬᠠᠮᠢᠶᠠᠷᠤᠭᠴᠢ ᠪᠣᠯᠣᠨ ᠬᠡᠷᠡᠭᠯᠡᠭᠴᠢ ᠶᠢᠨ ᠬᠤᠭᠤᠷᠣᠨᠳᠤ ᠪᠠᠨ | ᠥᠭᠡᠷᠡᠴᠢᠯᠡᠬᠦ ᠬᠠᠷᠢᠭᠤᠴᠠᠯᠭ᠎ᠠ ᠶᠢ ᠪᠣᠯᠵᠣᠨ ᠲᠣᠭᠲᠠᠭᠰᠠᠨ ᠪᠤᠯ ᠪᠣᠯᠵᠣᠨ ᠲᠣᠭᠲᠠᠭᠰᠠᠨ ᠬᠠᠷᠢᠭᠤᠴᠠᠯᠭ᠎ᠠ ᠲᠠᠢ | ᠬᠥᠮᠥᠨ ᠨᠢ ᠬᠠᠷᠢᠭᠤᠴᠠᠨ᠎ᠠ᠃ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠬᠦ ᠨᠥᠬᠦᠴᠡᠯ ᠢ ᠪᠦᠷᠢᠯᠳᠦᠭᠦᠯᠦᠭᠰᠡᠨ | ᠦᠭᠡᠢ ᠪᠤᠯ ᠬᠠᠷᠢᠭᠤᠴᠠᠯᠭ᠎ᠠ ᠲᠠᠢ ᠬᠥᠮᠥᠨ ᠴᠢᠬᠤᠯᠠ ᠪᠦᠬᠦᠢ ᠤᠷᠤᠯᠠᠭᠤᠯᠬᠤ ᠠᠷᠭ᠎ᠠ ᠠᠪᠬᠤ ᠬᠡᠷᠡᠭᠲᠡᠢ᠃ | ᠠᠷᠪᠠ ᠶᠢᠰᠦᠳᠦᠭᠡᠷ ᠵᠦᠢ᠊ᠯ᠄ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠭᠡᠷ ᠪᠦᠯᠢ ᠶᠢᠨ ᠰᠠᠭᠠᠳ ᠦᠭᠡᠢ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠲᠠᠮᠵᠢᠨ | ᠵᠢᠯᠤᠭᠤᠳᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠵᠡᠮᠳᠡᠭᠴᠦᠳ᠂ ᠨᠠᠰᠤᠲᠠᠶᠢᠴᠤᠳ ᠤᠨ ᠭᠡᠷ ᠪᠦᠯᠢ ᠳᠤ ᠵᠣᠬᠢᠬᠤ | ᠨᠥᠬᠦᠪᠦᠷᠢ ᠥᠭᠬᠦ ᠬᠡᠷᠡᠭᠲᠡᠢ᠃ ᠰᠠᠭᠤᠭᠠᠯᠢ ᠠᠷᠠᠳ ᠤᠨ ᠵᠥᠪᠯᠡᠯ᠂ ᠭᠠᠴᠠᠭᠠᠨ ᠤ ᠠᠷᠠᠳ ᠤᠨ ᠵᠥᠪᠯᠡᠯ᠂ ᠣᠷᠣᠨ | ᠰᠠᠭᠤᠴᠠ ᠶᠢᠨ ᠲᠣᠭᠤᠷᠢᠭ ᠤᠨ ᠬᠠᠮᠢᠶᠠᠷᠤᠯᠲᠠ ᠦᠢᠯᠡᠴᠢᠯᠡᠭᠡᠨ ᠤ ᠨᠢᠭᠡᠴᠢ ᠪᠤᠯᠤᠨ ᠥᠮᠴᠢᠲᠡᠨ ᠤ ᠵᠦᠪᠯᠡᠯ ᠤᠨ ᠬᠢᠨ | ᠭᠡᠷ ᠪᠦᠯᠢ ᠶᠢᠨ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠶᠢ ᠳᠡᠮᠵᠢᠬᠦ ᠶᠢᠨ ᠬᠠᠮᠲᠤ | ᠬᠠᠮᠵᠢᠯᠴᠠᠬᠤ ᠬᠡᠷᠡᠭᠲᠡᠢ᠃ | ᠬᠤᠷᠢᠳᠤᠭᠠᠷ ᠵᠦᠢᠯ᠄ ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠨᠢᠭᠡᠴᠢ ᠨᠦᠭᠦᠳ ᠬᠤᠯᠪᠣᠭᠳᠠᠯ | ᠪᠦᠬᠦᠢ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ ᠰᠠᠭᠠᠳ ᠦᠭᠡᠢ ᠲᠦᠬᠦᠬᠡᠷᠤᠮᠵᠢ ᠶᠢ ᠪᠠᠶᠢᠭᠤᠯᠬᠤ ᠪᠠ ᠥᠭᠡᠷᠡᠴᠢᠯᠡᠬᠦ | ᠬᠡᠷᠡᠭᠲᠡᠢ᠃ ᠬᠥᠮᠥᠨ ᠬᠡᠷᠡᠭᠯᠡᠬᠦ ᠨᠢᠭᠡᠴᠢ ᠶᠢᠨ ᠠᠵᠢᠯ ᠣᠯᠬᠤ ᠲᠠᠯᠠᠪᠤᠷ ᠤᠨ ᠰᠠᠭᠠᠳ ᠦᠭᠡᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠬᠢᠬᠦ ᠶᠢ ᠤᠯᠤᠰ ᠠᠴᠠ ᠵᠣᠷᠢᠭᠵᠢᠭᠤᠯᠤᠨ ᠲᠡᠮᠵᠢᠵᠤ᠂ ᠵᠡᠮᠳᠡᠭ | ᠠᠵᠢᠯᠲᠠᠨ ᠠᠵᠢᠯᠴᠢᠨ ᠳᠤ ᠴᠢᠬᠤᠯᠠ ᠪᠦᠬᠦᠢ ᠬᠥᠳᠡᠯᠮᠦᠷᠢ ᠶᠢᠨ ᠨᠥᠬᠦᠴᠡᠯ ᠪᠠ ᠲᠦᠬᠦᠮ ᠦᠵᠡᠭᠦᠯᠦᠨ᠎ᠡ᠃ | ᠬᠤᠷᠢᠨ ᠨᠢᠭᠡᠳᠦᠭᠡᠷ ᠵᠦᠢᠯ᠄ ᠤᠯᠠᠨ ᠨᠡᠶᠢᠲᠡ ᠶᠢᠨ ᠪᠠᠷᠢᠯᠭ᠎ᠠ᠂ ᠤᠯᠠᠨ ᠨᠡᠶᠢᠲᠡ ᠶᠢᠨ ᠲᠠᠯᠠᠪᠤᠷ᠂ ᠵᠠᠮ | ᠲᠡᠬᠡᠬᠡᠪᠤᠷᠢ ᠶᠢᠨ ᠲᠥᠬᠦᠭᠡᠷᠦᠮᠵᠢ ᠪᠠ ᠬᠤᠷᠢᠶᠠᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ ᠰᠠᠭᠠᠳ ᠦᠭᠡᠢ | ᠲᠥᠬᠦᠭᠡᠷᠦᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠰᠠᠭᠠᠳ ᠦᠭᠡᠢ | ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠬᠡᠷᠡᠭᠲᠡᠢ᠃ ᠡᠮᠦᠨ᠎ᠡ ᠦᠬᠦᠯᠡᠭᠰᠡᠨ ᠨᠢᠬᠡᠨᠳᠡ | ᠪᠠᠶᠢᠭ᠎ᠠ ᠪᠠᠷᠢᠯᠭ᠎ᠠ᠂ ᠲᠠᠯᠠᠪᠤᠷ ᠭᠠᠵᠠᠷ ᠪᠠ ᠲᠥᠬᠦᠭᠡᠷᠦᠮᠵᠢ ᠨᠢ ᠰᠠᠭᠠᠳ ᠦᠭᠡᠢ ᠲᠥᠬᠦᠭᠡᠷᠦᠮᠵᠢ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠦᠯᠤ ᠨᠡᠶᠢᠴᠡᠪᠡᠯ ᠴᠢᠬᠤᠯᠠ ᠪᠦᠬᠦᠢ ᠥᠭᠡᠷᠡᠴᠢᠯᠡᠯᠲᠡ ᠬᠢᠬᠦ | ᠬᠡᠷᠡᠭᠲᠡᠢ᠃ | ᠬᠤᠷᠢᠨ ᠬᠤᠶᠠᠳᠤᠭᠠᠷ ᠵᠦᠢᠯ᠄ ᠬᠤᠳᠠ ᠪᠠᠯᠭᠠᠰᠤᠨ ᠤ ᠬᠠᠭᠤᠴᠢᠨ ᠬᠤᠷᠢᠶᠠᠯᠠᠯ ᠤᠨ ᠤᠯᠠᠨ ᠳᠠᠪᠬᠤᠷᠭᠠᠲᠤ | ᠣᠷᠣᠨ ᠰᠠᠭᠤᠴᠠ ᠳᠤ ᠴᠠᠬᠢᠯᠭᠠᠨ ᠱᠠᠲᠤ ᠪᠤᠶᠤ ᠪᠤᠰᠤᠳ ᠰᠠᠭᠠᠳ ᠦᠭᠡᠢ ᠲᠥᠬᠦᠭᠡᠷᠦᠮᠵᠢ ᠨᠡᠮᠡᠵᠦ ᠤᠭᠰᠠᠷᠠᠬᠤ ᠶᠢ | ᠤᠯᠤᠰ ᠠᠴᠠ ᠲᠡᠮᠵᠢᠵᠤ᠂ ᠵᠡᠮᠳᠡᠭᠴᠦᠳ᠂ ᠨᠠᠰᠤᠲᠠᠶᠢᠴᠤᠳ ᠲᠤ ᠲᠦᠬᠦᠮ ᠦᠵᠡᠭᠦᠯᠦᠨ᠎ᠡ᠃ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠯᠤᠨ ᠲᠡᠭᠦᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠠᠷᠭ᠎ᠠ ᠠᠪᠴᠤ ᠪᠠᠶᠢᠭᠠᠳ ᠨᠥᠬᠦᠴᠡᠯ ᠪᠦᠷᠢᠯᠳᠤᠬᠦᠯᠵᠤ ᠦᠭᠭᠦ ᠶᠢᠨ ᠬᠠᠮᠲᠤ ᠨᠡᠶᠢᠭᠡᠮ ᠲᠣᠭᠤᠷᠢᠭ ᠤᠨ | ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠨᠢᠭᠡᠨᠲᠡ ᠪᠠᠶᠢᠭ᠎ᠠ ᠤᠯᠠᠨ | ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠪᠤᠶᠤ ᠰᠠᠭᠠᠳ ᠦᠭᠡᠢ ᠪᠤᠰᠤᠳ ᠲᠥᠬᠦᠭᠡᠷᠦᠮᠵᠢ ᠨᠡᠮᠡᠵᠦ | ᠤᠭᠰᠠᠷᠠᠬᠤ ᠶᠢ ᠠᠬᠢᠭᠤᠯᠬᠤ ᠬᠡᠷᠡᠭᠲᠡᠢ᠃ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠬᠥᠷᠰᠢ | ᠬᠤᠭᠤᠷᠤᠨᠳᠤ ᠪᠠᠨ ᠰᠠᠶᠢᠬᠠᠨ ᠶᠠᠪᠤᠯᠴᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠵᠡᠷᠭᠡ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠨᠡᠪᠲᠡᠷᠡᠯᠴᠡᠨ ᠵᠥᠪᠳᠡᠯᠴᠡᠬᠦ ᠪᠠᠨ | ᠴᠢᠩᠭᠠᠳᠬᠠᠵᠤ᠂ ᠨᠢᠭᠡᠨᠲᠡ ᠪᠠᠶᠢᠭ᠎ᠠ ᠤᠯᠠᠨ ᠳᠠᠪᠬᠤᠷᠭᠠᠲᠤ ᠣᠷᠣᠨ ᠰᠠᠭᠤᠴᠠ ᠳᠤ ᠴᠠᠬᠢᠯᠭᠠᠨ ᠱᠠᠲᠤ ᠪᠤᠶᠤ ᠪᠤᠰᠤᠳ | ᠰᠠᠭᠠᠳ ᠦᠭᠡᠢ ᠲᠥᠬᠦᠭᠡᠷᠦᠮᠵᠢ ᠨᠡᠮᠡᠵᠦ ᠤᠭᠰᠠᠷᠠᠬᠤ ᠳᠤ ᠬᠠᠤᠯᠢ ᠶᠣᠰᠣᠭᠠᠷ ᠬᠠᠮᠵᠢᠯᠴᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ᠄ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ | ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠨᠥᠬᠦᠴᠡᠯ ᠢ ᠪᠦᠷᠢᠯᠳᠦᠭᠦᠯᠦᠭᠰᠡᠨ ᠬᠤᠳᠠ ᠶᠢᠨ ᠭᠤᠣᠯ ᠵᠠᠮ᠂ ᠭᠤᠣᠯ | ᠬᠤᠳᠠᠯᠳᠤᠭᠠᠨ ᠤ ᠲᠣᠭᠤᠷᠢᠭ ᠪᠠ ᠲᠣᠮᠣ ᠬᠡᠯᠪᠡᠷᠢ ᠶᠢᠨ ᠬᠤᠷᠢᠶᠠᠯᠠᠯ ᠤᠨ ᠶᠠᠪᠠᠭᠠᠨ ᠤ ᠬᠥᠭᠦᠷᠭᠡ ᠪᠠ ᠶᠠᠪᠠᠭᠠᠨ ᠤ | ᠨᠦᠬᠡᠨ ᠵᠠᠮ ᠢ ᠪᠠᠶᠢᠭᠤᠯᠬᠤ ᠳᠤ ᠰᠠᠭᠠᠳ ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠰᠠᠭᠠᠳ ᠦᠭᠡᠢ ᠲᠦᠬᠦᠬᠡᠷᠤᠮᠵᠢ ᠶᠢ ᠪᠦᠲᠦᠭᠡᠨ ᠪᠠᠶᠢᠭᠤᠯᠬᠤ ᠪᠤᠶᠤ | ᠥᠭᠡᠷᠡᠴᠢᠯᠡᠨ ᠪᠠᠶᠢᠭᠤᠯᠬᠤ ᠬᠡᠷᠡᠭᠲᠡᠢ᠃ ᠬᠤᠳᠠ ᠶᠢᠨ ᠭᠤᠣᠯ ᠵᠠᠮ᠂ ᠭᠤᠣᠯ ᠬᠤᠳᠠᠯᠳᠤᠭᠠᠨ ᠤ ᠲᠣᠭᠤᠷᠢᠭ ᠵᠡᠷᠭᠡ | ᠰᠠᠭᠠᠳ ᠦᠭᠡᠢ ᠲᠦᠬᠦᠬᠡᠷᠤᠮᠵᠢ ᠶᠢᠨ ᠬᠡᠷᠡᠭᠴᠡᠭᠡ ᠨᠡᠯᠢᠶᠡᠳ ᠲᠥᠪᠯᠡᠷᠡᠭᠰᠡᠨ ᠣᠷᠣᠨ ᠤ ᠶᠠᠪᠠᠭᠠᠨ ᠤ ᠵᠠᠮ ᠳᠤ | ᠪᠠᠷᠢᠮᠵᠢᠶ᠎ᠠ ᠶᠣᠰᠣᠭᠠᠷ ᠰᠣᠬᠤᠷ ᠬᠥᠮᠥᠨ ᠤ ᠵᠠᠮ ᠭᠠᠷᠭᠠᠬᠤ ᠬᠡᠷᠡᠭᠲᠡᠢ᠃ ᠬᠤᠳᠠ ᠶᠢᠨ ᠲᠥᠪ ᠲᠣᠭᠤᠷᠢᠭ᠂ | ᠵᠡᠮᠳᠡᠭᠴᠦᠳ ᠲᠤ ᠲᠥᠪᠯᠡᠷᠡᠭᠦᠯᠦᠨ ᠠᠵᠢᠯ ᠣᠯᠭᠤᠬᠤ ᠨᠢᠭᠡᠴᠢ ᠪᠣᠯᠣᠨ ᠲᠥᠪᠯᠡᠷᠡᠭᠦᠯᠦᠨ ᠰᠤᠷᠤᠯᠴᠠᠵᠤ ᠪᠠᠶᠢᠭ᠎ᠠ | ᠰᠤᠷᠭᠠᠭᠤᠯᠢ ᠶᠢᠨ ᠡᠷᠬᠢᠨ ᠲᠣᠭᠤᠷᠢᠨ ᠤ ᠶᠠᠪᠠᠭᠠᠨ ᠤ ᠬᠥᠨᠳᠡᠯᠡᠨ ᠵᠠᠮ ᠤᠨ ᠳᠤᠬᠢᠶᠠᠨ ᠤ ᠲᠥᠬᠦᠭᠡᠷᠦᠮᠵᠢ ᠳᠤ ᠵᠠᠮ | ᠤᠬᠳᠤᠯᠬᠤ ᠳᠠᠭᠤ ᠴᠢᠮᠡᠭᠡᠨ ᠤ ᠰᠠᠨᠠᠭᠤᠯᠤᠮᠵᠢ ᠶᠢᠨ ᠲᠥᠬᠦᠭᠡᠷᠦᠮᠵᠢ ᠶᠢ ᠪᠠᠷᠢᠮᠵᠢᠶ᠎ᠠ ᠶᠣᠰᠣᠭᠠᠷ ᠤᠭᠰᠠᠷᠠᠬᠤ | ᠬᠡᠷᠡᠭᠲᠡᠢ᠃ | ᠬᠤᠷᠢᠨ ᠳᠥᠷᠪᠡᠳᠦᠭᠡᠷ ᠵᠦᠢᠯ᠄ ᠰᠠᠭᠠᠳ ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠳᠠ ᠶᠢᠨ ᠪᠠᠷᠢᠮᠵᠢᠶ᠎ᠠ ᠶᠣᠰᠣᠭᠠᠷ ᠲᠡᠷᠭᠡᠨ ᠵᠣᠭᠰᠣᠭᠠᠯ ᠲᠡᠬᠡᠷ᠎ᠡ ᠲᠡᠷᠭᠡ ᠵᠣᠭᠰᠤᠭᠠᠬᠤ ᠰᠠᠭᠠᠳ ᠦᠭᠡᠢ | ᠪᠠᠶᠢᠷᠢ ᠪᠠᠶᠢᠷᠢᠯᠠᠭᠤᠯᠬᠤ ᠶᠢᠨ ᠬᠠᠮᠲᠤ ᠢᠯᠡᠷᠬᠡᠢ ᠲᠡᠮᠳᠡᠭ ᠭᠠᠷᠭᠠᠬᠤ ᠬᠡᠷᠡᠭᠲᠡᠢ᠃ ᠲᠡᠷᠭᠡ ᠵᠣᠭᠰᠣᠬᠤ ᠰᠠᠭᠠᠳ ᠦᠭᠡᠢ | ᠪᠠᠶᠢᠷᠢ ᠶᠢ ᠵᠡᠮᠳᠡᠭᠴᠤᠳ ᠤᠨ ᠵᠢᠯᠤᠭᠤᠳᠴᠤ ᠪᠠᠶᠢᠭ᠎ᠠ ᠪᠤᠶᠤ ᠰᠠᠭᠤᠵᠤ ᠪᠠᠶᠢᠭ᠎ᠠ ᠪᠠᠶᠢᠭ᠎ᠠ ᠮᠠᠰᠢᠨ ᠲᠡᠷᠭᠡᠨᠴᠢᠷ ᠳᠤ | ᠤᠷᠢᠳ ᠢᠶᠠᠷ ᠬᠡᠷᠡᠭᠯᠡᠭᠦᠯᠦᠨ᠎ᠡ᠃ ᠲᠡᠷᠭᠡ ᠵᠣᠭᠰᠤᠭᠠᠬᠤ ᠰᠠᠭᠠᠳ ᠦᠭᠡᠢ ᠪᠠᠶᠢᠷᠢ ᠶᠢ ᠤᠷᠢᠳ ᠢᠶᠠᠷ ᠬᠡᠷᠡᠭᠯᠡᠭᠴᠢᠳ ᠲᠤ | ᠵᠡᠮᠳᠡᠭᠴᠦᠳ ᠤᠨ ᠲᠡᠷᠭᠡ ᠬᠥᠰᠬᠡ ᠶᠢᠨ ᠲᠤᠰᠬᠠᠢ ᠬᠡᠷᠡᠭᠯᠡᠬᠦ ᠲᠡᠮᠳᠡᠭ ᠲᠠᠯᠪᠢᠬᠤ ᠪᠤᠶᠤ ᠵᠡᠮᠳᠡᠭᠴᠦᠳ ᠤᠨ ᠦᠨᠡᠮᠯᠡᠯ | ᠬᠠᠩᠭᠠᠬᠤ ᠬᠡᠷᠡᠭᠲᠡᠢ᠃ ᠲᠡᠷᠭᠡ ᠵᠣᠭᠰᠣᠬᠤ ᠰᠠᠭᠠᠳ ᠦᠭᠡᠢ ᠪᠠᠶᠢᠷᠢ ᠭᠦᠢᠴᠡᠳ ᠪᠠᠶᠢᠬᠤ ᠪᠠᠶᠢᠳᠠᠯ ᠳᠤ ᠬᠥᠳᠡᠯᠵᠦ | ᠪᠠᠷᠢᠬᠤ ᠳᠤ ᠪᠠᠨ ᠲᠦᠬᠦᠮ ᠦᠭᠡᠢ ᠪᠤᠰᠤᠳ ᠵᠡᠮᠳᠡᠭᠴᠦᠳ᠂ ᠨᠠᠰᠤᠲᠠᠶᠢᠴᠤᠳ᠂ ᠵᠢᠷᠮᠦᠰᠦᠨ ᠪᠦᠰᠡᠬᠦᠢ᠂ ᠨᠢᠯᠬ᠎ᠠ | ᠪᠠᠯᠴᠢᠷ ᠬᠡᠦᠬᠡᠳ ᠤᠨ ᠵᠢᠯᠤᠭᠤᠳᠬᠤ ᠪᠤᠶᠤ ᠰᠠᠭᠤᠬᠤ ᠮᠠᠰᠢᠨ ᠢ ᠴᠦ ᠵᠤᠬᠰᠤᠭᠠᠵᠤ ᠪᠣᠯᠣᠨ᠎ᠠ᠃ | ᠬᠤᠷᠢᠨ ᠲᠠᠪᠤᠳᠤᠭᠠᠷ ᠵᠦᠢᠯ᠄ ᠡᠵᠡᠩᠨᠡᠯᠲᠡ ᠳᠤ ᠰᠢᠨ᠎ᠡ ᠪᠠᠷ ᠣᠷᠣᠭᠤᠯᠤᠭᠰᠠᠨ ᠠᠶᠠᠨᠴᠢᠨ ᠤ ᠨᠢᠰᠬᠡᠯ᠂ | ᠠᠶᠠᠨᠴᠢᠳ ᠤᠨ ᠭᠠᠯᠲᠤ ᠲᠡᠷᠭᠡ᠂ ᠠᠶᠠᠨᠴᠢᠳ ᠤᠨ ᠲᠡᠭᠡᠭᠡᠪᠦᠷᠢ ᠶᠢᠨ ᠣᠩᠭᠤᠴᠠ ᠰᠠᠯ᠂ ᠤᠯᠠᠨ ᠨᠡᠶᠢᠲᠡ ᠶᠢᠨ | ᠮᠠᠰᠢᠨ ᠲᠡᠷᠭᠡ ᠴᠠᠬᠢᠯᠭᠠᠨ ᠲᠡᠷᠭᠡ᠂ ᠬᠤᠳᠠ ᠶᠢᠨ ᠵᠠᠮ ᠬᠠᠷᠢᠯᠴᠠᠭᠠᠨ ᠤ ᠲᠡᠷᠭᠡ ᠬᠥᠰᠬᠡ ᠵᠡᠷᠭᠡ ᠤᠯᠠᠨ ᠨᠡᠶᠢᠲᠡ ᠶᠢᠨ | ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠬᠡᠷᠡᠭᠰᠡᠯ ᠢ ᠵᠣᠬᠢᠬᠤ ᠬᠠᠷᠢᠴᠠᠯ ᠢᠶᠠᠷ ᠰᠠᠭᠠᠳ ᠦᠭᠡᠢ ᠪᠠᠷᠢᠮᠵᠢᠶ᠎ᠠ ᠳᠤ | ᠨᠡᠶᠢᠴᠡᠬᠦᠯᠬᠦ ᠬᠡᠷᠡᠭᠲᠡᠢ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠨᠢ ᠥᠭᠡᠷᠡᠴᠢᠯᠡᠬᠦ | ᠨᠥᠬᠦᠴᠡᠯ ᠢ ᠪᠦᠷᠢᠯᠳᠤᠬᠦᠯᠪᠡᠯ ᠰᠠᠭᠠᠳ ᠦᠭᠡᠢ ᠶᠢᠨ ᠥᠭᠡᠷᠡᠴᠢᠯᠡᠯᠲᠡ ᠬᠢᠵᠦ᠂ ᠠᠯᠬᠤᠮ ᠠᠯᠬᠤᠮ ᠢᠶᠠᠷ ᠰᠠᠭᠠᠳ | ᠦᠭᠡᠢ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠥᠭᠡᠷᠡᠴᠢᠯᠡᠬᠦ ᠨᠥᠬᠦᠴᠡᠯ ᠢ | ᠪᠦᠷᠢᠳᠦᠭᠦᠯᠦᠭᠰᠡᠨ ᠦᠭᠡᠢ ᠪᠣᠯ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠶᠢᠨ | ᠡᠵᠡᠩᠨᠡᠯᠲᠡ ᠶᠢᠨ ᠨᠢᠬᠡᠴᠢ ᠨᠦᠭᠦᠳ ᠴᠢᠬᠤᠯᠠ ᠪᠦᠬᠦᠢ ᠤᠷᠤᠭᠠᠤᠯᠬᠤ ᠠᠷᠭ᠎ᠠ ᠠᠪᠬᠤ ᠬᠡᠷᠡᠭᠲᠡᠢ᠃ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠤᠬᠠᠢ ᠶᠢᠨ | ᠭᠠᠵᠠᠷ ᠤᠨ ᠪᠠᠶᠢᠳᠠᠯ ᠢᠶᠠᠨ ᠦᠨᠳᠦᠰᠦᠯᠡᠨ ᠬᠤᠳᠠ ᠶᠢᠨ ᠰᠠᠭᠠᠳ ᠤᠶᠢᠭᠡᠢ ᠨᠡᠶᠢᠲᠡ ᠶᠢᠨ ᠮᠠᠰᠢᠨ ᠲᠡᠷᠭᠡᠨ ᠤ | ᠵᠠᠮᠴᠢᠯᠠᠬᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠰᠠᠭᠠᠳ ᠦᠬᠡᠢ ᠲᠦᠷᠢᠶᠡᠰᠦᠨ ᠮᠠᠰᠢᠨ ᠲᠡᠷᠭᠡ ᠶᠢ | ᠵᠣᠬᠢᠬᠤ ᠬᠡᠮᠵᠢᠶ᠎ᠡ ᠪᠠᠷ ᠲᠣᠬᠢᠷᠠᠭᠤᠯᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ᠄ ᠬᠠᠷᠰᠢ ᠦᠭᠡᠢ ᠲᠦᠬᠦᠬᠡᠷᠤᠮᠵᠢ ᠶᠢᠨ ᠥᠮᠴᠢᠯᠡᠬᠦ ᠡᠷᠬᠡᠲᠦ ᠬᠥᠮᠥᠨ ᠪᠤᠶᠤ | ᠬᠠᠮᠢᠶᠠᠷᠤᠬᠴᠢ ᠨᠢ ᠰᠠᠭᠠᠳ ᠦᠭᠡᠢ ᠲᠦᠬᠦᠬᠡᠷᠤᠮᠵᠢ ᠳᠤ ᠲᠠᠷᠠᠭᠠᠬᠢ ᠮᠡᠲᠦ ᠬᠠᠮᠠᠭᠠᠯᠠᠬᠤ ᠪᠠ ᠬᠠᠮᠢᠶᠠᠷᠬᠤ | ᠬᠠᠷᠢᠭᠤᠴᠠᠯᠭ᠎ᠠ ᠶᠢ ᠭᠦᠢᠴᠡᠳᠬᠡᠵᠦ᠂ ᠰᠠᠭᠠᠳ ᠦᠭᠡᠢ ᠲᠦᠬᠦᠬᠡᠷᠤᠮᠵᠢ ᠶᠢᠨ ᠴᠢᠳᠠᠮᠵᠢ ᠶᠢᠨ ᠬᠡᠪ ᠤᠨ ᠪᠠᠶᠢᠬᠤ ᠪᠠ | ᠬᠡᠷᠡᠭᠯᠡᠯᠲᠡ ᠶᠢᠨ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ᠄ ︵ᠨᠢᠭᠡ︶ ᠡᠪᠳᠡᠷᠡᠵᠦ ᠰᠦᠢᠳᠦᠭᠰᠡᠨ | ᠰᠠᠭᠠᠳ ᠦᠭᠡᠢ ᠲᠥᠬᠦᠭᠡᠷᠦᠮᠵᠢ ᠪᠠ ᠢᠯᠡᠳᠬᠡᠭᠴᠢ ᠲᠡᠮᠳᠡᠭ ᠢ ᠰᠡᠯᠪᠢᠨ ᠵᠠᠰᠠᠬᠤ ᠪᠤᠶᠤ ᠰᠣᠯᠢᠬᠤ᠃ ︵ᠬᠤᠶᠠᠷ︶ | ᠥᠭᠡᠷᠡᠴᠢᠯᠡᠬᠦ ᠴᠢᠬᠤᠯᠠᠲᠠᠢ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠬᠦ᠃ ︵ᠭᠤᠷᠪᠠ︶ ᠰᠠᠭᠠᠳ ᠦᠭᠡᠢ | ᠲᠥᠬᠦᠭᠡᠷᠦᠮᠵᠢ ᠶᠢ ᠡᠵᠡᠯᠡᠨ ᠬᠡᠷᠡᠭᠯᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠬᠤ᠃ ︵ᠲᠦᠷᠪᠡ︶ ᠪᠤᠰᠤᠳ ᠴᠢᠬᠤᠯᠠ | ᠪᠦᠬᠦᠢ ᠬᠠᠮᠠᠭᠠᠯᠠᠯᠲᠠ ᠪᠠ ᠠᠷᠠᠴᠢᠯᠠᠯᠲᠠ ᠬᠢᠬᠦ᠃ ᠥᠮᠴᠢᠯᠡᠯ ᠤᠨ ᠡᠷᠬᠡᠲᠦ ᠬᠥᠮᠥᠨ᠂ ᠬᠠᠮᠢᠶᠠᠷᠤᠭᠴᠢ ᠪᠣᠯᠣᠨ | ᠬᠡᠷᠡᠭᠯᠡᠭᠴᠢ ᠬᠤᠭᠤᠷᠣᠨᠳᠤ ᠪᠠᠨ ᠪᠤᠯᠵᠤᠬᠰᠠᠨ ᠦᠬᠡᠢ ᠪᠤᠯ ᠪᠣᠯᠵᠣᠨ ᠲᠣᠭᠲᠠᠭᠰᠠᠨ ᠬᠠᠷᠢᠭᠤᠴᠠᠯᠭ᠎ᠠ ᠲᠠᠢ ᠬᠥᠮᠥᠨ | ᠬᠠᠷᠢᠭᠤᠴᠠᠨ ᠬᠠᠮᠠᠭᠠᠯᠠᠵᠤ ᠬᠠᠮᠢᠶᠠᠷᠤᠨ᠎ᠠ᠃ | ᠬᠤᠷᠢᠨ ᠳᠣᠯᠣᠳᠤᠭᠠᠷ ᠵᠦᠢᠯ᠄ ᠤᠨᠴᠠᠭᠠᠢ ᠪᠠᠶᠢᠳᠠᠯ ᠠᠴᠠ ᠪᠣᠯᠵᠤ ᠲᠣᠬᠢᠷᠠᠭᠤᠯᠤᠭᠰᠠᠨ ᠲᠦᠷ ᠴᠠᠭ ᠤᠨ | ᠰᠠᠭᠠᠳ ᠦᠭᠡᠢ ᠲᠦᠬᠦᠬᠡᠷᠤᠮᠵᠢ ᠨᠢ ᠰᠠᠭᠠᠳ ᠦᠭᠡᠢ ᠲᠦᠬᠦᠬᠡᠷᠤᠮᠵᠢ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ᠄ ᠶᠠᠮᠠᠷᠪᠠ ᠨᠢᠭᠡᠴᠢ ᠪᠠ ᠬᠤᠪᠢ ᠬᠥᠮᠥᠨ ᠰᠠᠭᠠᠳ ᠦᠭᠡᠢ ᠲᠥᠬᠦᠭᠡᠷᠦᠮᠵᠢ ᠶᠢᠨ | ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠰᠠᠭᠠᠳ ᠦᠭᠡᠢ ᠲᠥᠬᠦᠭᠡᠷᠦᠮᠵᠢ ᠶᠢ ᠬᠠᠤᠯᠢ ᠪᠤᠰᠤ ᠪᠠᠷ | ᠡᠵᠡᠯᠡᠨ ᠬᠡᠷᠡᠭᠯᠡᠵᠦ᠂ ᠡᠪᠳᠡᠨ ᠰᠦᠢᠳᠬᠡᠵᠦ ᠪᠣᠯᠬᠤ ᠦᠭᠡᠢ᠃ ᠣᠨᠴᠠᠭᠠᠶ ᠪᠠᠶᠢᠳᠠᠯ ᠠᠴᠠ ᠪᠣᠯᠵᠤ ᠰᠠᠭᠠᠳ ᠦᠬᠡᠢ | ᠲᠥᠬᠦᠭᠡᠷᠦᠮᠵᠢ ᠶᠢ ᠲᠦᠷ ᠴᠠᠭ ᠡᠵᠡᠯᠡᠨ ᠬᠡᠷᠡᠭᠯᠡᠭᠰᠡᠨ ᠪᠤᠯ ᠠᠯᠪᠠᠨ ᠵᠡᠷ ᠨᠡᠶᠢᠲᠡᠯᠡᠬᠦ ᠶᠢᠨ ᠬᠠᠮᠲᠤ ᠬᠠᠯᠬᠠᠪᠴᠢ | ᠬᠡᠷᠡᠰᠬᠡ᠂ ᠰᠡᠷᠡᠮᠵᠢ ᠶᠢᠨ ᠲᠡᠮᠳᠡᠭ ᠪᠤᠶᠤ ᠲᠤᠬᠢᠶᠡᠠ ᠤ ᠲᠥᠬᠦᠭᠡᠷᠦᠮᠵᠢ ᠶᠢ ᠪᠠᠶᠢᠷᠢᠯᠠᠭᠤᠯᠬᠤ ᠶᠢᠨ ᠬᠠᠮᠲᠤ ᠴᠢᠬᠤᠯᠠ | ᠪᠦᠬᠦᠢ ᠤᠷᠤᠭᠤᠯᠬᠤ ᠠᠷᠭ᠎ᠠ ᠠᠪᠬᠤ ᠬᠡᠷᠡᠭᠲᠡᠢ᠃ ᠲᠦᠷ ᠴᠠᠭ ᠡᠵᠡᠯᠡᠨ ᠬᠡᠷᠡᠭᠯᠡᠬᠦ ᠬᠤᠭᠤᠴᠠᠭ᠎ᠠ ᠨᠢ ᠲᠤᠯᠪᠠᠯ | ᠤᠤᠯ ᠤᠨ ᠪᠠᠶᠢᠳᠠᠯ ᠳᠤ ᠨᠢ ᠲᠠᠷᠤᠢ ᠤᠷᠤᠭᠤᠯᠬᠤ ᠬᠡᠷᠡᠭᠲᠡᠢ᠃ | |