ᠨᠢᠭᠡ᠂ ᠲᠤᠭᠤᠷᠪᠢᠭᠰᠠᠨ ᠠᠬᠤᠢ ᠪᠠᠶᠢᠳᠠᠯ ᠪᠠ ᠲᠥᠷᠥ ᠶᠢᠨ ᠪᠣᠳᠣᠯᠭ᠎ᠠ ᠶᠢᠨ ᠦᠨᠳᠦᠰᠦᠯᠡᠯ | ︽ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠵᠡᠷᠭᠡ ᠰᠠᠯᠠᠭ᠎ᠠ ᠮᠥᠴᠢᠷ ᠤᠨ ︿ᠬᠤᠲᠠ | ᠪᠠᠯᠭᠠᠰᠤᠨ ᠤ ᠤᠰᠤ ᠴᠠᠬᠢᠯᠭᠠᠨ ᠰᠢᠲᠠᠮᠠᠬᠠᠢ ᠬᠡᠢ ᠢᠯᠴᠢ ᠬᠠᠩᠭᠠᠬᠤ ᠠᠵᠢᠯ ᠲᠦᠷᠦᠯ ᠤᠨ ᠰᠦᠢᠳᠬᠡᠯ | ᠬᠤᠷᠢᠶᠠᠬᠤ ᠶᠢ ᠴᠡᠭᠴᠡᠯᠡᠨ ᠵᠢᠷᠤᠮᠵᠢᠭᠤᠯᠵᠤ ᠠᠵᠢᠯ ᠲᠦᠷᠥᠯ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ | ᠲᠤᠬᠠᠢ ᠰᠠᠨᠠᠯ﹀ ᠢ ᠤᠯᠠᠮᠵᠢᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠮᠡᠳᠡᠭᠳᠡᠯ︾ ︵ᠲᠦᠷᠦ ᠠᠯᠪᠠᠨ ᠵᠠᠬᠢᠳᠠᠯ 〔2020〕 129 ᠳ᠋ᠦ᠋ᠭᠡᠷ ᠲᠣᠭᠠᠲᠤ︶ ᠪᠠ ︽︿ᠬᠤᠲᠠ | ᠪᠠᠯᠭᠠᠰᠤᠨ ᠤ ᠤᠰᠤ ᠴᠠᠬᠢᠯᠭᠠᠨ ᠰᠢᠲᠠᠮᠠᠬᠠᠢ ᠬᠡᠢ ᠢᠯᠴᠢ ᠬᠠᠩᠭᠠᠬᠤ ᠠᠵᠢᠯ ᠲᠥᠷᠥᠯ ᠤᠨ ᠰᠦᠢᠳᠬᠡᠯ | ᠬᠤᠷᠢᠶᠠᠬᠤ ᠶᠢ ᠴᠡᠭᠴᠡᠯᠡᠨ ᠵᠢᠷᠤᠮᠵᠢᠭᠤᠯᠵᠤ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠤᠬᠠᠢ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ ᠢ | ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2021﹈ 59 ᠳ᠋ᠦ᠋ᠭᠡᠷ | ᠲᠣᠭᠠᠲᠤ︶ ᠤᠨ ᠵᠣᠷᠢᠭ ᠰᠠᠨᠠᠭ᠎ᠠ ᠢ ᠲᠤᠭᠤᠰᠢᠯᠠᠭᠤᠯᠵᠤ᠂ ᠵᠣᠬᠢᠰᠲᠠᠢ ᠴᠠᠬᠢᠯᠭᠠᠨ ᠬᠡᠷᠡᠭᠯᠡᠯᠲᠡ ᠪᠠᠷ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ | ᠬᠦᠩᠭᠡᠷᠡᠭᠦᠯᠬᠦ ᠶᠢᠨ ᠲᠦᠯᠦᠭᠡ᠂ ᠪᠣᠳᠠᠲᠠᠢ ᠲᠠᠢ ᠪᠠᠨ ᠤᠶᠠᠯᠳᠤᠭᠤᠯᠤᠨ ᠲᠣᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︽ᠠᠷᠤ ᠬᠤᠷᠴᠢᠨ ᠬᠤᠰᠢᠭᠤᠨ ᠤ ᠴᠠᠬᠢᠯᠭᠠᠨ ᠬᠦᠴᠦᠨ ᠢ ᠵᠠᠯᠭᠠᠨ ᠣᠷᠣᠭᠤᠯᠬᠤ ᠢᠨᠵᠧᠨᠧᠷᠢᠩ ᠤᠨ ᠵᠠᠰᠠᠭ | ᠠᠵᠤ ᠠᠬᠤᠶᠢᠯᠠᠯ ᠬᠠᠮᠲᠤ ᠪᠠᠷ ᠡᠭᠦᠷᠭᠡᠯᠡᠬᠦ ᠲᠣᠭᠲᠠᠴᠠ ᠶᠢ ᠬᠡᠷᠡᠭᠵᠢᠭᠦᠯᠬᠦ ᠰᠠᠨᠠᠯ︾ ᠳᠤ ᠵᠣᠷᠢᠯᠭ᠎ᠠ ᠪᠠ | ᠦᠨᠳᠦᠰᠦᠯᠡᠯ᠂ ᠬᠡᠷᠡᠭᠯᠡᠬᠦ ᠬᠡᠪᠴᠢᠶ᠎ᠡ ᠵᠢᠴᠢ ᠤᠬᠠᠭᠳᠠᠬᠤᠨ᠂ ᠵᠠᠷᠤᠳᠠᠯ ᠢ ᠬᠤᠪᠢᠶᠠᠨ ᠡᠭᠦᠷᠭᠡᠯᠡᠬᠦ ᠵᠠᠷᠴᠢᠮ᠂ | ᠬᠡᠷᠡᠭᠵᠢᠭᠦᠯᠬᠦ ᠶᠠᠪᠤᠴᠠ᠂ ᠬᠠᠮᠢᠶ᠎ᠠ ᠪᠦᠬᠦᠢ ᠱᠠᠭᠠᠷᠳᠠᠯᠭ᠎ᠠ᠂ ᠳᠠᠭᠠᠯᠳᠤᠭᠤᠯᠤᠭᠰᠠᠨ ᠳᠦᠷᠢᠮ ᠵᠡᠷᠭᠡ ᠵᠢᠷᠭᠤᠭᠠᠨ | ᠠᠭᠤᠯᠭ᠎ᠠ ᠶᠢ ᠪᠠᠭᠲᠠᠭᠠᠪᠠ᠃ | ︵ᠨᠢᠭᠡ︶ ᠵᠣᠷᠢᠯᠭ᠎ᠠ ᠪᠠ ᠦᠨᠳᠦᠰᠦᠯᠡᠯ᠃ ᠡᠭᠦᠨ ᠳᠤ ᠭᠤᠣᠯᠳᠠᠭᠤ ᠤᠯᠤᠰ᠂ ᠥᠪᠡᠷᠲᠡᠭᠡᠨ ᠵᠠᠰᠠᠬᠤ | ᠣᠷᠣᠨ ᠤ ᠨᠡᠶᠢᠲᠡᠯᠡᠭᠰᠡᠨ ᠪᠢᠴᠢᠭ ᠮᠠᠲ᠋ᠧᠷᠢᠶᠠᠯ ᠢ ᠡᠰᠢᠯᠡᠨ ᠬᠡᠷᠡᠭᠯᠡᠬᠦ ᠵᠢᠴᠢ ᠬᠡᠷᠡᠭᠵᠢᠭᠦᠯᠬᠦ ᠰᠠᠨᠠᠯ ᠢ ᠲᠣᠭᠲᠠᠭᠠᠬᠤ | ᠵᠣᠷᠢᠯᠭ᠎ᠠ ᠪᠠᠭᠲᠠᠨ᠎ᠠ᠃ | ︵ᠬᠤᠶᠠᠷ︶ ᠬᠡᠷᠡᠭᠯᠡᠬᠦ ᠬᠡᠪᠴᠢᠶ᠎ᠡ ᠬᠢᠭᠡᠳ ᠤᠬᠠᠭᠳᠠᠬᠤᠨ᠃ ᠡᠭᠦᠨ ᠳᠤ ᠬᠤᠶᠠᠷ ᠵᠦᠢᠯ ᠤᠨ ᠠᠭᠤᠯᠭ᠎ᠠ | ᠪᠠᠭᠲᠠᠨ᠎ᠠ᠂ ᠭᠤᠣᠯᠳᠠᠭᠤ ᠬᠡᠷᠡᠭᠵᠢᠭᠦᠯᠬᠦ ᠰᠠᠨᠠᠯ ᠢ ᠬᠡᠷᠡᠭᠯᠡᠬᠦ ᠬᠡᠪᠴᠢᠶ᠎ᠡ᠂ ᠴᠠᠬᠢᠯᠭᠠᠨ ᠬᠦᠴᠦᠨ ᠢ ᠵᠠᠯᠭᠠᠨ | ᠣᠷᠣᠭᠤᠯᠬᠤ ᠢᠨᠵᠧᠨᠧᠷᠢᠩ ᠤᠨ ᠵᠠᠷᠤᠳᠠᠯ ᠤᠨ ᠤᠬᠠᠭᠳᠠᠬᠤᠨ᠂ ᠴᠠᠬᠢᠯᠭᠠᠨ ᠬᠦᠴᠦᠨ ᠢ ᠵᠠᠯᠭᠠᠨ ᠣᠷᠣᠭᠤᠯᠬᠤ | ᠢᠨᠵᠧᠨᠧᠷᠢᠩ ᠤᠨ ᠵᠠᠷᠤᠳᠠᠯ ᠤᠨ ᠬᠤᠪᠢᠶᠠᠷᠢᠯᠠᠯ᠂ ᠴᠠᠬᠢᠯᠭᠠᠨ ᠬᠦᠴᠦᠨ ᠢ ᠵᠠᠯᠭᠠᠨ ᠣᠷᠣᠭᠤᠯᠬᠤ ᠢᠨᠵᠧᠨᠧᠷᠢᠩ ᠤᠨ | ᠬᠡᠪᠴᠢᠶ᠎ᠡ ᠵᠡᠷᠭᠡ ᠪᠣᠯᠣᠨ᠎ᠠ᠃ | ︵ᠭᠤᠷᠪᠠ︶ ᠵᠠᠷᠤᠳᠠᠯ ᠢ ᠬᠤᠪᠢᠶᠠᠨ ᠡᠭᠦᠷᠭᠡᠯᠡᠬᠦ ᠵᠠᠷᠴᠢᠮ᠃ ᠡᠭᠦᠨ ᠳᠤ ᠭᠤᠷᠪᠠᠨ ᠵᠦᠢᠯ ᠤᠨ ᠠᠭᠤᠯᠭ᠎ᠠ | ᠪᠠᠭᠲᠠᠨ᠎ᠠ᠂ ᠭᠤᠣᠯᠳᠠᠭᠤ ᠳᠣᠣᠷ᠎ᠠ ᠳᠠᠷᠤᠯᠲᠠᠲᠤ ᠲᠥᠷᠥᠯ ᠵᠦᠢᠯ᠂ ᠭᠠᠵᠠᠷ ᠰᠢᠷᠣᠢ ᠨᠦᠭᠡᠴᠡᠯᠡᠬᠦ ᠲᠥᠷᠥᠯ ᠵᠦᠢᠯ ᠪᠠ | ᠡᠮᠦᠨᠡᠬᠢ ᠬᠤᠶᠠᠷ ᠲᠥᠷᠥᠯ ᠠᠴᠠ ᠪᠤᠰᠤᠳ ᠲᠥᠷᠥᠯ ᠵᠦᠢᠯ ᠤᠨ ᠭᠤᠷᠪᠠᠨ ᠲᠥᠷᠥᠯ ᠵᠦᠢᠯ ᠤᠨ ᠵᠠᠷᠤᠳᠠᠯ ᠢ | ᠬᠤᠪᠢᠶᠠᠨ ᠡᠭᠦᠷᠭᠡᠯᠡᠬᠦ ᠵᠠᠷᠴᠢᠮ ᠪᠣᠯᠣᠨ᠎ᠠ᠃ | ︵ᠳᠥᠷᠪᠡ︶ ᠬᠡᠷᠡᠭᠵᠢᠭᠦᠯᠬᠦ ᠶᠠᠪᠤᠴᠠ᠃ ᠡᠭᠦᠨ ᠳᠤ ᠭᠤᠷᠪᠠᠨ ᠵᠦᠢᠯ ᠤᠨ ᠠᠭᠤᠯᠭ᠎ᠠ ᠪᠠᠭᠲᠠᠨ᠎ᠠ᠂ | ᠭᠤᠣᠯᠳᠠᠭᠤ ᠳᠣᠣᠷ᠎ᠠ ᠳᠠᠷᠤᠯᠲᠠᠲᠤ ᠲᠦᠷᠦᠯ ᠵᠦᠢᠯ᠂ ᠭᠠᠵᠠᠷ ᠰᠢᠷᠣᠢ ᠨᠥᠭᠡᠴᠡᠯᠡᠬᠦ ᠲᠦᠷᠦᠯ ᠵᠦᠢᠯ ᠪᠠ ᠡᠮᠦᠨᠡᠬᠢ | ᠬᠤᠶᠠᠷ ᠳᠦᠷᠦᠯ ᠠᠴᠠ ᠪᠤᠰᠤᠳ ᠳᠦᠷᠦᠯ ᠵᠦᠢᠯ ᠤᠨ ᠭᠤᠷᠪᠠᠨ ᠳᠦᠷᠦᠯ ᠵᠦᠢᠯ ᠤᠨ ᠪᠡᠯᠡ ᠭᠠᠷᠭᠠᠬᠤ ᠪᠣᠳᠠᠲᠠᠢ | ᠶᠠᠪᠤᠴᠠ ᠪᠣᠯᠣᠨ᠎ᠠ᠃ | ︵ᠲᠠᠪᠤ︶ ᠬᠤᠯᠪᠣᠭᠳᠠᠯ ᠪᠦᠬᠦᠢ ᠱᠠᠭᠠᠷᠳᠠᠯᠭ᠎ᠠ᠃ ᠭᠤᠣᠯᠳᠠᠭᠤ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ | ᠪᠣᠳᠠᠲᠠᠢ ᠬᠡᠷᠡᠭᠵᠢᠭᠦᠯᠦᠯᠲᠡ ᠳᠤ ᠴᠢᠭᠯᠡᠭᠦᠯᠦᠨ ᠠᠵᠢᠯ ᠤᠨ ᠱᠠᠭᠠᠷᠳᠠᠯᠭ᠎ᠠ ᠳᠤᠷᠠᠳᠤᠨ᠎ᠠ᠃ | ︵ᠵᠢᠷᠭᠤᠭ᠎ᠠ︶ ᠳᠠᠭᠠᠯᠳᠤᠭᠤᠯᠤᠭᠰᠠᠨ ᠳᠦᠷᠢᠮ᠃ ᠭᠤᠣᠯᠳᠠᠭᠤ ᠪᠢᠴᠢᠭ ᠮᠠᠲ᠋ᠧᠷᠢᠶᠠᠯ ᠤᠨ ᠦᠢᠯᠡᠳᠦᠯ ᠤᠨ | ᠠᠰᠠᠭᠤᠳᠠᠯ ᠪᠣᠯᠣᠨ᠎ᠠ᠃ | | |