ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠯᠲᠠ ᠳᠤ ᠮᠡᠳᠡᠭᠳᠡᠬᠦ ᠪᠢᠴᠢᠭ
ᠨᠡᠶᠢᠲᠡᠯᠡᠭᠰᠡᠨ ᠴᠠᠭ᠄
2023/12/20
ᠬᠦᠨᠳᠦᠲᠦ ᠨᠢᠭᠡᠴᠢ ᠶᠢᠨ ᠬᠠᠷᠢᠭᠤᠴᠠᠯᠭᠠᠲᠠᠨ ᠳᠤ᠄      ᠲᠠ ᠰᠠᠶᠢᠨ ᠤᠤ︕ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠨ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠥᠷᠨᠢᠭᠦᠯᠵᠦ ᠪᠠᠶᠢᠭ᠎ᠠ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠣᠯᠤᠨ᠎ᠠ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠰᠢᠨ᠎ᠡ ᠴᠠᠭ ᠦᠶ᠎ᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠨᠴᠠᠯᠢᠭ ᠢ ᠣᠨᠣᠪᠴᠢᠲᠠᠢ ᠡᠵᠡᠮᠳᠡᠨ᠂ ᠬᠤᠷᠸ᠎ᠠ ᠲᠣᠬᠢᠷᠠᠭᠤᠯᠭ᠎ᠠ ᠡᠵᠡᠮᠳᠡᠯ ᠢ ᠴᠢᠩᠭᠠᠳᠬᠠᠨ ᠰᠠᠶᠢᠵᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠢᠯᠡᠴᠢᠯᠡᠬᠦ ᠬᠦᠨᠳᠦ ᠴᠢᠬᠤᠯᠠ ᠮᠦᠷᠲᠡᠭᠡᠨ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠣᠮ᠃ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠬᠦ ᠪᠣᠯᠤᠨ᠎ᠠ᠂ ᠲᠤᠬᠠᠢ ᠶᠢᠨ ᠴᠠᠭ      ᠲᠤ᠂ ᠲᠠᠨ ᠤ ᠨᠢᠭᠡᠴᠢ ᠨᠢ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠬᠦᠰᠦᠨᠦᠭᠲᠦ ᠶᠢ ᠲᠠᠭᠯᠠᠨ ᠮᠡᠳᠡᠭᠦᠯᠬᠦ ᠴᠢᠬᠤᠯᠠᠲᠠᠢ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠲᠠᠭᠯᠠᠨ ᠮᠡᠳᠡᠭᠦᠯᠬᠦ ᠳᠤ ᠳᠥᠭᠦᠮ ᠪᠣᠯᠭᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠮᠡᠳᠡᠭᠳᠡᠶ᠎ᠡ᠄      ᠨᠢᠭᠡ᠂ 2024 ᠣᠨ ᠤ 1 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ ᠪᠣᠯᠲᠠᠯᠠᠬᠢ ᠨᠡᠶᠢᠳᠡᠮ ᠪᠠᠶᠢᠴᠠᠭᠠᠯᠲᠠ ᠶᠢᠨ ᠪᠦᠷᠢᠳᠬᠡᠨ ᠳᠠᠩᠰᠠᠯᠠᠬᠤ ᠬᠤᠭᠤᠴᠠᠭᠠᠨ ᠳᠤ᠂ ᠨᠡᠶᠢᠳᠡᠮ ᠪᠠᠶᠢᠴᠠᠭᠠᠭᠴᠢ ᠶᠢᠨ ᠦᠨᠡᠮᠯᠡᠯ ᠪᠤᠶᠤ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠶᠢᠨ ᠦᠨᠡᠮᠯᠡᠯ ᠲᠠᠢ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠲᠠᠨ ᠤ ᠨᠢᠭᠡᠴᠢ ᠳᠤ ᠬᠦᠷᠴᠦ ᠳᠠᠩᠰᠠᠯᠠᠯᠲᠠ ᠬᠢᠬᠦ ᠪᠣᠯᠣᠨ᠎ᠠ᠃      ᠬᠤᠶᠠᠷ᠂ ᠲᠠᠨ ᠤ ᠨᠢᠭᠡᠴᠢ ᠠᠴᠠ ᠬᠠᠮᠢᠶ᠎ᠠ ᠪᠦᠬᠦᠢ ᠡᠵᠡᠩᠨᠡᠯᠲᠡ ᠶᠢᠨ ᠦᠨᠡᠮᠯᠡᠯ ᠪᠠ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠨᠢᠭᠲᠠᠯᠠᠨ ᠪᠣᠳᠣᠯᠲᠠ᠂ ᠲᠤᠭ᠎ᠠ ᠪᠦᠷᠢᠳᠬᠡᠯ ᠪᠠ ᠲᠤᠬᠠᠶᠢᠯᠠᠭᠰᠠᠨ ᠠᠵᠢᠯ ᠶᠠᠪᠣᠳᠠᠯ ᠤᠨ ᠲᠣᠭᠠᠴᠠᠭ᠎ᠠ ᠵᠡᠷᠭᠡ ᠤᠨ ᠠᠩᠬᠠᠨ ᠤ ᠮᠠᠲ᠋ᠧᠷᠢᠶᠠᠯ ᠢᠶᠠᠨ ᠰᠠᠶᠢᠲᠤᠷ ᠪᠡᠯᠡᠳᠬᠡᠵᠦ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠲᠠᠢ ᠢᠳᠡᠪᠬᠢᠲᠡᠢ ᠬᠠᠮᠵᠢᠯᠴᠠᠨ ᠬᠠᠮᠢᠶ᠎ᠠ ᠪᠦᠬᠦᠢ ᠮᠡᠳᠡᠭᠡ ᠵᠠᠩᠭᠢ ᠶᠢ ᠣᠨᠣᠪᠴᠢᠲᠠᠢ ᠴᠤᠭᠯᠠᠭᠤᠯᠤᠭᠠᠷᠠᠢ᠃      ᠭᠤᠷᠪᠠ᠂ ᠦᠪᠡᠰᠦᠪᠠᠨ ᠲᠠᠭᠯᠠᠨ ᠮᠡᠳᠡᠭᠦᠯᠬᠦ ᠠᠷᠭ᠎ᠠ ᠮᠠᠶ᠋ᠢᠭ ᠢᠶᠠᠷ ᠲᠤᠭ᠎ᠠ ᠪᠠᠷᠢᠮᠲᠠ ᠪᠠᠨ ᠲᠠᠭᠯᠠᠨ ᠮᠡᠳᠡᠭᠦᠯᠬᠦ ᠨᠢᠭᠡᠴᠢ ᠶᠢᠨ ᠬᠢᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ ᠰᠢᠰᠲ᠋ᠧᠮ ︵https://5jpcjc1.stats.gov.cn/survey︶᠂ ᠡᠰᠡᠬᠦᠯ᠎ᠡ ᠸᠢᠴᠠᠲ ᠢᠶᠠᠷ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠦᠪᠡᠰᠦᠪᠠᠨ ᠲᠠᠭᠯᠠᠨ ᠮᠡᠳᠡᠭᠦᠯᠬᠦ︾ ᠪᠢᠴᠢᠯ ᠫᠷᠤᠭ᠍ᠷᠠᠮ ᠳᠤ ᠨᠡᠪᠲᠡᠷᠡᠨ᠂ ᠱᠠᠭᠠᠷᠳᠠᠯᠭ᠎ᠠ ᠶᠣᠰᠣᠭᠠᠷ ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠬᠦᠰᠦᠨᠦᠭᠲᠦ ᠶᠢ ᠲᠠᠭᠯᠠᠨ ᠮᠡᠳᠡᠭᠦᠯᠦᠨ᠎ᠡ᠃ ᠬᠡᠷᠪᠡ ᠲᠠᠨ ᠤ ᠨᠢᠭᠡᠴᠢ ᠨᠢ ᠣᠷᠣᠭᠤᠯᠤᠯᠲᠠ ᠪᠠ ᠭᠠᠷᠭᠠᠯᠲᠠ ᠶᠢᠨ ᠪᠠᠶᠢᠴᠠᠭᠠᠭᠳᠠᠬᠤ ᠨᠢᠭᠡᠴᠢ ᠪᠣᠯ᠂ ᠬᠠᠮᠲᠤ ᠳᠤᠨᠢ ᠲᠠᠭᠯᠠᠵᠤ ᠪᠢᠴᠢᠬᠦ ᠣᠷᠣᠭᠤᠯᠤᠯᠲᠠ ᠪᠠ ᠭᠠᠷᠭᠠᠯᠲᠠ ᠶᠢᠨ ᠪᠠᠶᠢᠴᠠᠭᠠᠯᠲᠠ ᠶᠢᠨ ᠡᠯᠧᠺᠲᠷᠣᠨ ᠪᠦᠷᠢᠳᠬᠡᠯ ᠤᠨ ᠡᠬᠡ ᠳᠠᠩᠰᠠ ᠪᠠᠨ ᠲᠤᠭ᠎ᠠ ᠪᠠᠷᠢᠮᠲᠠ ᠴᠤᠭᠯᠠᠭᠤᠯᠤᠨ ᠰᠢᠢᠳᠪᠦᠷᠢᠯᠡᠬᠦ ᠰᠢᠰᠲ᠋ᠧᠮ ᠳᠤ ᠣᠷᠣᠭᠤᠯᠵᠤ᠂ ᠣᠷᠣᠭᠤᠯᠤᠯᠲᠠ ᠪᠠ ᠭᠠᠷᠭᠠᠯᠲᠠ ᠶᠢᠨ ᠪᠠᠶᠢᠴᠠᠭᠠᠯᠲᠠ ᠶᠢᠨ ᠳᠠᠩᠰᠠᠯᠠᠬᠤ ᠬᠦᠰᠦᠨᠦᠭᠲᠦ ᠪᠠᠨ ᠮᠡᠳᠡᠭᠦᠯᠦᠭᠡᠷᠡᠢ᠃      ᠳᠥᠷᠪᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢᠨ ᠬᠡᠷᠡᠭᠵᠢᠭᠦᠯᠬᠦ ᠳᠦᠷᠢᠮ︾ ᠪᠣᠯᠤᠨ ︽ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠲᠠᠨ ᠤ ᠨᠢᠭᠡᠴᠢ ᠨᠢ ᠨᠡᠶᠢᠳᠡᠮ ᠪᠠᠶᠢᠴᠠᠭᠠᠯᠲᠠ ᠶᠢᠨ ᠠᠵᠢᠯ ᠳᠤ ᠢᠳᠡᠪᠬᠢᠲᠡᠢ ᠬᠠᠮᠵᠢᠯᠴᠠᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠴᠠᠭ ᠲᠤᠬᠠᠢ ᠳᠤᠨᠢ ᠲᠠᠭᠯᠠᠨ ᠮᠡᠳᠡᠭᠦᠯᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠬᠠᠤᠯᠢ ᠶᠣᠰᠣᠭᠠᠷ ᠠᠵᠢᠯ ᠢᠶᠠᠨ ᠥᠷᠨᠢᠭᠦᠯᠬᠦ ᠶᠢ ᠲᠡᠪᠴᠢᠭᠰᠡᠨ ᠪᠤᠶᠤ ᠬᠠᠷᠰᠢᠯᠠᠭᠰᠠᠨ᠂ ᠡᠰᠡᠬᠦᠯ᠎ᠡ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠤᠳᠠᠯ ᠢᠶᠠᠷ ᠮᠡᠳᠡᠭᠦᠯᠦᠭᠰᠡᠨ᠂ ᠮᠡᠳᠡᠭᠦᠯᠦᠯ ᠦᠭᠡᠢ ᠨᠢᠭᠤᠭᠰᠠᠨ᠂ ᠣᠷᠬᠢᠭᠳᠠᠭᠤᠯᠤᠨ ᠮᠡᠳᠡᠭᠦᠯᠦᠭᠰᠡᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠴᠦ᠂ ᠦᠢᠯᠡ ᠪᠠᠶᠢᠳᠠᠯ ᠨᠢ ᠬᠦᠨᠳᠦ ᠨᠣᠴᠢᠲᠠᠢ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠢ ᠲᠤᠭ᠎ᠠ ᠪᠦᠷᠢᠳᠬᠡᠯ ᠤᠨ ᠬᠦᠨᠳᠦ ᠨᠣᠴᠢᠲᠠᠢ ᠢᠲᠡᠭᠡᠯ ᠠᠯᠳᠠᠭᠰᠠᠨ ᠠᠵᠤ ᠠᠬᠤᠶᠢᠯᠠᠯ ᠢᠶᠠᠷ ᠬᠠᠤᠯᠢ ᠶᠣᠰᠣᠭᠠᠷ ᠮᠠᠭᠠᠳᠯᠠᠨ ᠲᠣᠭᠲᠠᠭᠠᠵᠤ᠂ ᠪᠦᠬᠦ ᠤᠯᠤᠰ ᠤᠨ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠪᠠ ᠤᠯᠤᠰ ᠤᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠰᠢᠰᠲ᠋ᠧᠮ ᠳᠤ ᠳᠠᠮᠵᠢᠭᠤᠯᠤᠨ ᠬᠦᠷᠭᠡᠬᠦ ᠶᠢᠨ ᠬᠠᠮᠲᠤ ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ ᠳᠤ ᠢᠯᠡ ᠨᠡᠶᠢᠲᠡᠯᠡᠨ᠎ᠡ᠃      ᠲᠠᠪᠤ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠠᠴᠠ ᠲᠠᠨ ᠤ ᠨᠢᠭᠡᠴᠢ ᠶᠢᠨ ᠲᠠᠭᠯᠠᠨ ᠮᠡᠳᠡᠭᠦᠯᠦᠭᠰᠡᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠪᠣᠯᠤᠨ᠎ᠠ᠃ ᠡᠳᠡᠭᠡᠷ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠵᠥᠪᠬᠡᠨ ᠨᠡᠶᠢᠳᠡᠮ ᠪᠠᠶᠢᠴᠠᠭᠠᠯᠲᠠ ᠶᠢᠨ ᠵᠣᠷᠢᠯᠲᠠ ᠳ᠋ᠤ᠋‌‍ᠬᠡᠷᠡᠭᠯᠡᠵᠦ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠳᠦᠰᠦᠯᠡᠯ ᠪᠣᠯᠭᠠᠬᠤ ᠠᠴᠠ ᠭᠠᠳᠠᠨ᠎ᠠ᠂ ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ ᠵᠠᠰᠠᠭ ᠵᠠᠬᠢᠷᠭᠠᠨ ᠤ ᠵᠥᠪᠰᠢᠶᠡᠷᠡᠯ ᠬᠡᠷᠡᠭᠵᠢᠭᠦᠯᠬᠦ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠬᠡᠷᠡᠭᠵᠢᠭᠦᠯᠬᠦ ᠵᠡᠷᠭᠡ ᠵᠠᠰᠠᠭ ᠵᠠᠬᠢᠷᠭᠠᠨ ᠤ ᠪᠣᠳᠠᠲᠠᠢ ᠦᠢᠯᠡ ᠠᠵᠢᠯᠯᠠᠭ᠎ᠠ ᠶᠢᠨ ᠦᠨᠳᠦᠰᠦᠯᠡᠯ ᠪᠣᠯᠭᠠᠬᠤ ᠦᠭᠡᠢ᠃      ᠵᠢᠷᠭᠤᠭ᠎ᠠ᠂ ᠬᠡᠷᠪᠡ ᠠᠵᠢᠯ ᠤᠨ ᠳᠤᠮᠳᠠ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠤᠶᠤ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠬᠠᠤᠯᠢ ᠠᠴᠠ ᠵᠥᠷᠢᠴᠡᠭᠰᠡᠨ ᠪᠤᠶᠤ ᠲᠠᠨ ᠤ ᠨᠢᠭᠡᠴᠢ ᠶᠢᠨ ᠠᠰᠢᠭ ᠲᠤᠰᠠ ᠶᠢ ᠬᠤᠬᠢᠷᠠᠭᠤᠯᠤᠭᠰᠠᠨ ᠪᠠᠶᠢᠳᠠᠯ ᠭᠠᠷᠪᠠᠯ᠂ ᠴᠠᠭ ᠲᠤᠬᠠᠢ ᠳᠤᠨᠢ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠪᠤᠶᠤ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠲᠤ ᠢᠯᠡᠴᠢᠯᠡᠨ ᠮᠡᠳᠡᠭᠦᠯᠦᠭᠡᠷᠡᠢ᠃      ᠲᠠᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠮᠵᠢᠯᠴᠠᠨ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠠᠰᠠᠭᠤᠨ ᠯᠠᠪᠯᠠᠬᠤ ᠤᠲᠠᠰᠤ᠄ 0471 - 6945585᠂  6611638      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠢᠯᠡᠴᠢᠯᠡᠨ ᠮᠡᠳᠡᠭᠦᠯᠬᠦ ᠤᠲᠠᠰᠤ᠄ 0471 - 6611707      ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠢᠯᠡᠴᠢᠯᠡᠨ ᠮᠡᠳᠡᠭᠦᠯᠬᠦ ᠤᠲᠠᠰᠤ᠄ 010 - 68512113      ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ ᠢᠯᠡᠴᠢᠯᠡᠨ ᠮᠡᠳᠡᠭᠦᠯᠬᠦ ᠢᠮᠧᠯ᠄ fgjc@stats.gov.cn                            ᠠᠷᠣ ᠬᠤᠷᠴᠢᠨ ᠬᠤᠰᠢᠭᠤᠨ ᠤ ᠲᠠᠪᠤᠳᠤᠭᠠᠷ ᠤᠳᠠᠭᠠᠨ ᠤ ᠪᠦᠬᠦ                            ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ                            ᠤᠳᠤᠷᠢᠳᠬᠤ ᠳᠤᠭᠤᠶᠢᠯᠠᠩ ᠤᠨ ᠠᠯᠪᠠᠨ ᠭᠡᠷ                                                 2023 ᠣᠨ ᠤ 12 ᠰᠠᠷ᠎ᠠ ᠶᠢᠨ 1 ᠤ ᠡᠳᠦᠷ    
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号