ᠬᠦᠨᠳᠦᠲᠦ ᠬᠤᠪᠢ ᠶᠢᠨ ᠡᠵᠡᠩᠨᠡᠭᠴᠢ ᠳᠤ᠄ | ᠲᠠ ᠰᠠᠶᠢᠨ ᠤᠤ︕ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠨ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ | ᠤᠷᠤᠭᠰᠢᠯᠠᠬᠤ ᠵᠠᠩᠭᠢᠯᠠᠭ᠎ᠠ ᠶᠢᠨ ᠴᠠᠭ ᠦᠶ᠎ᠡ ᠳᠤ ᠥᠷᠨᠢᠭᠦᠯᠵᠦ ᠪᠠᠶᠢᠭ᠎ᠠ ᠴᠢᠬᠤᠯᠠ ᠶᠡᠭᠡ ᠤᠯᠤᠰ ᠤᠨ ᠪᠠᠶᠢᠳᠠᠯ | ᠤᠯᠤᠰ ᠤᠨ ᠬᠦᠴᠦᠨ ᠤ ᠪᠠᠶᠢᠴᠠᠭᠠᠯᠲᠠ ᠪᠣᠯᠤᠨ᠎ᠠ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠰᠢᠨ᠎ᠡ ᠴᠠᠭ ᠦᠶ᠎ᠡ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠣᠨᠴᠠᠯᠢᠭ ᠢ ᠣᠨᠣᠪᠴᠢᠲᠠᠢ ᠡᠵᠡᠮᠳᠡᠨ᠂ ᠬᠤᠷᠸ᠎ᠠ ᠲᠣᠬᠢᠷᠠᠭᠤᠯᠭ᠎ᠠ ᠡᠵᠡᠮᠳᠡᠯ ᠢ ᠴᠢᠩᠭᠠᠳᠬᠠᠨ | ᠰᠠᠶᠢᠵᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠢᠯᠡᠴᠢᠯᠡᠬᠦ ᠬᠦᠨᠳᠦ ᠴᠢᠬᠤᠯᠠ ᠮᠦᠷᠲᠡᠭᠡᠨ | ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠣᠮ᠃ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ | ᠨᠡᠶᠢᠳᠡᠮ ᠪᠠᠶᠢᠴᠠᠭᠠᠯᠲᠠ ᠶᠢᠨ ᠳᠠᠩᠰᠠᠯᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠬᠦ ᠪᠣᠯᠤᠨ᠎ᠠ᠂ ᠲᠤᠬᠠᠢ ᠶᠢᠨ ᠴᠠᠭ | ᠲᠤ᠂ ᠲᠠ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠦᠯᠢᠭᠡᠢ ᠠᠪᠬᠤ ᠪᠠᠶᠢᠴᠠᠭᠠᠯᠲᠠ ᠶᠢᠨ ᠬᠦᠰᠦᠨᠦᠭᠲᠦ ᠶᠢ | ᠲᠠᠭᠯᠠᠨ ᠮᠡᠳᠡᠭᠦᠯᠬᠦ ᠴᠢᠬᠤᠯᠠᠲᠠᠢ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠠᠨ ᠲᠠᠭᠯᠠᠨ ᠮᠡᠳᠡᠭᠦᠯᠬᠦ ᠳᠤ | ᠳᠥᠭᠦᠮ ᠪᠣᠯᠭᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠮᠡᠳᠡᠭᠳᠡᠶ᠎ᠡ᠄ | ᠨᠢᠭᠡ᠂ 2024 ᠣᠨ ᠤ 1 ᠰᠠᠷ᠎ᠠ ᠶᠢᠨ 1 ᠤ ᠡᠳᠦᠷ ᠠᠴᠠ 4 ᠰᠠᠷ᠎ᠠ ᠶᠢᠨ 30 ᠤ ᠡᠳᠦᠷ ᠪᠣᠯᠲᠠᠯᠠᠬᠢ | ᠨᠡᠶᠢᠳᠡᠮ ᠪᠠᠶᠢᠴᠠᠭᠠᠯᠲᠠ ᠶᠢᠨ ᠪᠦᠷᠢᠳᠬᠡᠨ ᠳᠠᠩᠰᠠᠯᠠᠬᠤ ᠬᠤᠭᠤᠴᠠᠭᠠᠨ ᠳᠤ᠂ ᠨᠡᠶᠢᠳᠡᠮ ᠪᠠᠶᠢᠴᠠᠭᠠᠭᠴᠢ ᠶᠢᠨ ᠦᠨᠡᠮᠯᠡᠯ | ᠪᠤᠶᠤ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠶᠢᠨ ᠦᠨᠡᠮᠯᠡᠯ ᠲᠠᠢ ᠨᠡᠶᠢᠳᠡᠮ ᠪᠠᠶᠢᠴᠠᠭᠠᠯᠲᠠ ᠶᠢᠨ ᠠᠵᠢᠯᠲᠠᠨ | ᠠᠴᠠ ᠡᠷᠦᠬᠡ ᠳᠤ ᠬᠦᠷᠴᠦ ᠳᠠᠩᠰᠠᠯᠠᠯᠲᠠ ᠬᠢᠬᠦ ᠪᠣᠯᠣᠨ᠎ᠠ᠃ | ᠬᠤᠶᠠᠷ᠂ ᠲᠠ ᠬᠠᠮᠢᠶ᠎ᠠ ᠪᠦᠬᠦᠢ ᠭᠡᠷᠡᠴᠢ ᠦᠨᠡᠮᠯᠡᠯ ᠵᠢᠴᠢ ᠣᠷᠣᠯᠭ᠎ᠠ ᠵᠠᠷᠤᠯᠭ᠎ᠠ ᠶᠢᠨ ᠬᠠᠮᠢᠶ᠎ᠠ ᠪᠦᠬᠦᠢ | ᠮᠠᠲ᠋ᠧᠷᠢᠶᠠᠯ ᠢᠶᠠᠨ ᠰᠠᠶᠢᠲᠤᠷ ᠪᠡᠯᠡᠳᠬᠡᠵᠦ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠲᠠᠢ ᠢᠳᠡᠪᠬᠢᠲᠡᠢ ᠬᠠᠮᠵᠢᠯᠴᠠᠨ | ᠬᠠᠮᠢᠶ᠎ᠠ ᠪᠦᠬᠦᠢ ᠮᠡᠳᠡᠭᠡ ᠵᠠᠩᠭᠢ ᠪᠠᠨ ᠣᠨᠣᠪᠴᠢᠲᠠᠢ ᠲᠠᠭᠯᠠᠨ ᠮᠡᠳᠡᠭᠦᠯᠦᠭᠡᠷᠡᠢ᠃ | ᠭᠤᠷᠪᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢᠨ ᠬᠡᠷᠡᠭᠵᠢᠭᠦᠯᠬᠦ | ᠳᠦᠷᠢᠮ︾ ᠪᠣᠯᠤᠨ ︽ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ | ᠲᠣᠭᠲᠠᠭᠠᠯ ᠢ ᠦᠨᠳᠦᠰᠦᠯᠡᠨ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠨᠢ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠣᠯᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ | ᠬᠠᠤᠯᠢ ᠶᠣᠰᠣᠭᠠᠷ ᠪᠠᠶᠢᠴᠠᠭᠠᠯᠲᠠ ᠬᠢᠬᠦ ᠶᠢ ᠬᠦᠯᠢᠶᠡᠬᠦ ᠡᠭᠦᠷᠭᠡ ᠲᠠᠢ᠃ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠡᠲᠡᠭᠡᠳ ᠨᠢ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠶᠢ ᠦᠨᠡᠨ | ᠪᠣᠳᠠᠲᠠᠢ ᠪᠠᠷ ᠴᠠᠭ ᠲᠤᠨᠢ ᠲᠠᠭᠯᠠᠨ ᠮᠡᠳᠡᠭᠦᠯᠵᠦ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢ ᠬᠤᠳᠠᠯ ᠢᠶᠠᠷ ᠮᠡᠳᠡᠭᠦᠯᠬᠦ᠂ ᠮᠡᠳᠡᠭᠦᠯᠦᠯ ᠦᠭᠡᠢ ᠨᠢᠭᠤᠬᠤ ᠪᠠ ᠬᠤᠶᠢᠰᠢᠯᠠᠭᠤᠯᠤᠨ ᠮᠡᠳᠡᠭᠦᠯᠵᠦ ᠪᠣᠯᠬᠤ | ᠦᠭᠡᠢ᠃ | ᠳᠥᠷᠪᠡ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠨᠡᠶᠢᠳᠡᠮ | ᠪᠠᠶᠢᠴᠠᠭᠠᠯᠲᠠ ᠶᠢᠨ ᠠᠵᠢᠯᠲᠠᠨ ᠠᠴᠠ ᠲᠠᠨ ᠤ ᠬᠠᠩᠭᠠᠭᠰᠠᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ | ᠪᠣᠯᠣᠨ᠎ᠠ᠃ ᠲᠠᠨ ᠤ ᠬᠠᠩᠭᠠᠭᠰᠠᠨ ᠬᠠᠮᠢᠶ᠎ᠠ ᠪᠦᠬᠦᠢ ᠮᠡᠳᠡᠭᠡ ᠵᠠᠩᠭᠢ ᠶᠢ ᠵᠥᠪᠬᠡᠨ ᠨᠡᠶᠢᠳᠡᠮ ᠪᠠᠶᠢᠴᠠᠭᠠᠯᠲᠠ ᠶᠢᠨ | ᠵᠣᠷᠢᠯᠲᠠ ᠳᠤ ᠬᠡᠷᠡᠭᠯᠡᠵᠦ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠦᠨᠳᠦᠰᠦᠯᠡᠯ ᠪᠣᠯᠭᠠᠬᠤ ᠠᠴᠠ ᠭᠠᠳᠠᠨ᠎ᠠ᠂ | ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ ᠵᠠᠰᠠᠭ ᠵᠠᠬᠢᠷᠭᠠᠨ ᠤ ᠵᠥᠪᠰᠢᠶᠡᠷᠡᠯ ᠬᠡᠷᠡᠭᠵᠢᠭᠦᠯᠬᠦ᠂ ᠵᠠᠰᠠᠭ ᠵᠠᠬᠢᠷᠭᠠᠨ ᠤ | ᠰᠢᠢᠳᠬᠡᠯ ᠲᠣᠷᠭᠠᠭᠤᠯᠢ ᠬᠡᠷᠡᠭᠵᠢᠭᠦᠯᠬᠦ ᠵᠡᠷᠭᠡ ᠵᠠᠰᠠᠭ ᠵᠠᠬᠢᠷᠭᠠᠨ ᠤ ᠪᠣᠳᠠᠲᠠᠢ ᠦᠢᠯᠡ ᠠᠵᠢᠯᠯᠠᠭ᠎ᠠ ᠶᠢᠨ ᠦᠨᠳᠦᠰᠦᠯᠡᠯ | ᠪᠣᠯᠭᠠᠬᠤ ᠦᠭᠡᠢ᠃ | ᠲᠠᠪᠤ᠂ ᠬᠡᠷᠪᠡ ᠠᠵᠢᠯ ᠤᠨ ᠳᠤᠮᠳᠠ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠤᠶᠤ ᠨᠡᠶᠢᠳᠡᠮ | ᠪᠠᠶᠢᠴᠠᠭᠠᠯᠲᠠ ᠶᠢᠨ ᠠᠵᠢᠯᠲᠠᠨ ᠬᠠᠤᠯᠢ ᠠᠴᠠ ᠵᠥᠷᠢᠴᠡᠭᠰᠡᠨ ᠪᠤᠶᠤ ᠲᠠᠨ ᠤ ᠠᠰᠢᠭ ᠲᠤᠰᠠ ᠶᠢ ᠬᠤᠬᠢᠷᠠᠭᠤᠯᠤᠭᠰᠠᠨ | ᠪᠠᠶᠢᠳᠠᠯ ᠭᠠᠷᠪᠠᠯ᠂ ᠴᠠᠭ ᠲᠤᠬᠠᠢ ᠳᠤᠨᠢ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ ᠪᠤᠶᠤ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠠᠯᠪᠠᠨ ᠭᠡᠷ ᠲᠤ ᠢᠯᠡᠴᠢᠯᠡᠨ ᠮᠡᠳᠡᠭᠦᠯᠦᠭᠡᠷᠡᠢ᠃ | ᠲᠠᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ | ᠠᠵᠢᠯ ᠢ ᠬᠠᠮᠵᠢᠯᠴᠠᠨ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ | ᠠᠯᠪᠠᠨ ᠭᠡᠷ ᠤᠨ ᠠᠰᠠᠭᠤᠨ ᠯᠠᠪᠯᠠᠬᠤ ᠤᠲᠠᠰᠤ᠄ 0471 - 6945585᠂ 6611638 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ | ᠠᠯᠪᠠᠨ ᠭᠡᠷ ᠤᠨ ᠢᠯᠡᠴᠢᠯᠡᠨ ᠮᠡᠳᠡᠭᠦᠯᠬᠦ ᠤᠲᠠᠰᠤ᠄ 0471 - 6611707 | ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ | ᠢᠯᠡᠴᠢᠯᠡᠨ ᠮᠡᠳᠡᠭᠦᠯᠬᠦ ᠤᠲᠠᠰᠤ᠄ 010 - 68512113 | ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠤᠨ | ᠢᠯᠡᠴᠢᠯᠡᠨ ᠮᠡᠳᠡᠭᠦᠯᠬᠦ ᠢᠮᠧᠯ᠄ fgjc@stats.gov.cn | | ᠠᠷᠣ ᠬᠤᠷᠴᠢᠨ ᠬᠤᠰᠢᠭᠤᠨ ᠤ ᠲᠠᠪᠤᠳᠤᠭᠠᠷ ᠤᠳᠠᠭᠠᠨ ᠤ ᠪᠦᠬᠦ | ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ | 2023 ᠣᠨ ᠤ 12 ᠰᠠᠷ᠎ᠠ ᠶᠢᠨ 1 ᠤ ᠡᠳᠦᠷ | | |