ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | ᠥᠪᠥᠷ ᠵᠠᠰᠠᠭ ᠠᠯᠪᠠᠨ ᠲᠠᠷᠬᠠᠭᠠᠭᠰᠠᠨ ︹ 2023 ︺ 14 ᠳ᠋ᠦ᠋ᠭᠡᠷ ᠲᠣᠭᠠᠲᠤ | | | ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠣᠷᠣᠯᠴᠠᠬᠤ ᠶᠢ ᠵᠣᠷᠢᠭᠵᠢᠭᠤᠯᠬᠤ | ᠪᠠ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ | ᠲᠠᠷᠬᠠᠭᠠᠭᠰᠠᠨ ︹ 2021 ︺ 40 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ | ᠪᠠᠶᠢᠭᠤᠯᠤᠯ ᠲᠣᠭᠲᠠᠴᠠ ᠶᠢ ᠪᠥᠬᠦ ᠲᠠᠯ᠎ᠠ ᠪᠠᠷ ᠴᠣᠭᠴᠠᠯᠠᠨ᠂ ᠪᠥᠬᠦ ᠨᠡᠶᠢᠭᠡᠮ ᠤᠨ ᠬᠦᠴᠦᠨ ᠢ ᠳᠠᠶᠢᠴᠢᠯᠠᠨ ᠪᠠᠶᠢᠵᠤ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠣᠯᠴᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ | ᠠᠵᠢᠯ ᠤᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠲᠣᠳᠣᠷᠬᠠᠢ ᠲᠣᠭᠲᠠᠭᠠᠨ᠎ᠠ | ᠪᠦᠬᠦ ᠤᠯᠤᠰ ᠤᠨ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠤᠨ ᠶᠡᠷᠦᠩᠬᠡᠢ ᠪᠠᠶᠢᠷᠢᠰᠢᠭᠤᠯᠤᠯᠲᠠ ᠪᠠᠷ ᠰᠠᠭᠤᠷᠢ ᠪᠤᠯᠭᠠᠵᠦ᠂ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠲᠥᠯᠦᠪᠵᠢᠭᠦᠯᠭᠡ ᠳᠤ ᠲᠣᠭᠲᠠᠭᠠᠭᠰᠠᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ | ᠣᠷᠣᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠪᠠᠷ ᠭᠤᠣᠯᠳᠠᠯᠭ᠎ᠠ ᠪᠣᠯᠭᠠᠨ᠂ ᠥᠪᠥᠷ | ᠮᠣᠩᠭᠤᠯ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠶᠡᠭᠡ ᠪᠠᠷ ᠠᠬᠢᠭᠤᠯᠤᠨ᠎ᠠ᠃ | ︵ᠨᠢᠭᠡ︶ ᠣᠶ ᠰᠢᠭᠤᠢ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ | ᠭᠤᠣᠯᠳᠠᠯᠭ᠎ᠠ ᠲᠠᠢ ᠭᠠᠵᠠᠷ ᠣᠷᠣᠨ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ | ᠬᠠᠨᠳᠤᠯᠭ᠎ᠠ ᠲᠠᠢ ᠪᠠᠷ ᠶᠡᠭᠡ ᠬᠢᠩᠭᠠᠨ ᠳᠠᠪᠠᠭᠠᠨ ᠤ ᠣᠢ ᠰᠢᠭᠤᠢ᠂ ᠬᠥᠯᠥᠨ ᠪᠤᠶᠢᠷ ᠤᠨ ᠨᠤᠭᠤ ᠶᠢᠨ ᠬᠡᠭᠡᠷ᠎ᠡ᠂ | ᠬᠤᠷᠴᠢᠨ ᠤ ᠲᠠᠯ᠎ᠠ ᠨᠤᠲᠤᠭ᠂ ᠰᠢᠯᠢ ᠶᠢᠨ ᠭᠤᠣᠯ ᠤᠨ ᠨᠡᠶᠢᠲᠡᠯᠢᠭ ᠨᠤᠲᠤᠭ ᠪᠡᠯᠴᠢᠭᠡᠷ᠂ ᠮᠤᠨᠢ ᠠᠭᠤᠯᠠ ᠶᠢᠨ ᠠᠷᠤ | ᠬᠤᠷᠮᠣᠢ ᠶᠢᠨ ᠨᠤᠲᠤᠭ ᠪᠡᠯᠴᠢᠭᠡᠷ ᠪᠠ ᠤᠯᠠᠭᠠᠨᠴᠠᠪ ᠤᠨ ᠴᠥᠯᠡᠷᠬᠡᠭ ᠬᠡᠭᠡᠷ᠎ᠡ ᠵᠡᠷᠭᠡ ᠭᠤᠣᠯᠳᠠᠯᠭ᠎ᠠ ᠲᠠᠢ ᠭᠠᠵᠠᠷ | ᠣᠷᠣᠨ ᠪᠠ ᠴᠢᠬᠤᠯᠠ ᠪᠣᠯᠬᠤ ᠬᠥᠷᠥᠰᠥ ᠰᠢᠷᠣᠢ ᠶᠢᠨ ᠨᠡᠭᠦᠷᠡᠰᠦᠲᠥ᠋ᠷᠥᠭᠴᠢ ᠬᠤᠷᠠᠭᠤᠯᠬᠤ ᠰᠠᠭᠤᠷᠢᠨ ᠭᠠᠵᠠᠷ ᠲᠤ᠂ | ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ᠂ ᠰᠡᠶᠢᠷᠡᠭᠵᠢᠵᠦ ᠮᠠᠭᠤᠵᠢᠷᠠᠭᠰᠠᠨ ᠣᠶ ᠶᠢ ᠰᠡᠷᠭᠦᠭᠡᠬᠦ᠂ ᠣᠶ | ᠰᠢᠭᠤᠢ ᠶᠢ ᠠᠷᠠᠴᠢᠯᠠᠨ ᠪᠤᠶᠢᠵᠢᠭᠤᠯᠵᠤ ᠡᠵᠡᠩᠨᠡᠬᠦ᠂ ᠲᠠᠴᠢᠷᠳᠠᠵᠤ ᠡᠯᠡᠰᠦᠷᠬᠡᠭᠵᠢᠭᠰᠡᠨ ᠨᠤᠲᠤᠭ ᠪᠡᠯᠴᠢᠭᠡᠷ ᠤᠨ ᠠᠮᠢ | ᠠᠬᠤᠢ ᠶᠢ ᠰᠡᠷᠭᠦᠭᠡᠨ ᠵᠠᠰᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠤᠨ ᠳᠦᠷᠰᠦ ᠶᠢᠨ ᠰᠦᠷᠦᠭᠵᠢᠯ ᠢ ᠬᠠᠮᠠᠭᠠᠯᠠᠨ | ᠰᠡᠷᠭᠦᠭᠡᠬᠦ ᠵᠡᠷᠭᠡ ᠶᠢ ᠬᠡᠷᠡᠭᠵᠢᠭᠦᠯᠵᠦ᠂ ᠣᠢ ᠰᠢᠭᠤᠢ᠂ ᠨᠤᠲᠤᠭ ᠪᠡᠯᠴᠢᠭᠡᠷ ᠤᠨ ᠠᠮᠢ ᠠᠬᠤᠢ ᠶᠢᠨ ᠶᠠᠰᠤ ᠴᠢᠨᠠᠷ ᠪᠠ | ᠲᠣᠭᠲᠠᠪᠤᠷᠢᠲᠤ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠠᠮᠢ ᠠᠬᠤᠢ ᠶᠢᠨ ᠰᠢᠰᠲ᠋ᠧᠮ ᠤᠨ | ᠨᠡᠭᠦᠷᠡᠰᠦᠲᠥ᠋ᠷᠥᠭᠴᠢ ᠬᠤᠷᠠᠭᠤᠯᠬᠤ ᠴᠢᠳᠠᠪᠤᠷᠢ ᠶᠢ ᠨᠡᠮᠡᠭᠳᠡᠭᠦᠯᠵᠦ᠂ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ | ᠵᠦᠢᠯ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ | ︵ᠬᠤᠶᠠᠷ︶ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠨ ᠰᠡᠷᠭᠦᠭᠡᠬᠦ ᠭᠤᠣᠯᠳᠠᠯᠭ᠎ᠠ ᠲᠠᠢ ᠭᠠᠵᠠᠷ ᠣᠷᠣᠨ᠃ | ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠬᠠᠨᠳᠤᠯᠭ᠎ᠠ ᠲᠠᠢ ᠪᠠᠷ ᠬᠤᠯᠠᠨ ᠰᠢᠷᠭ᠎ᠠ ᠲᠠᠭ᠎ᠠ᠂ | ᠦᠵᠦᠮᠦᠴᠢᠨ᠂ ᠬᠤᠷᠴᠢᠨ ᠵᠡᠷᠭᠡ ᠴᠢᠬᠤᠯᠠ ᠡᠯᠡᠰᠦᠷᠬᠡᠭ ᠭᠠᠵᠠᠷ ᠪᠠ ᠴᠢᠬᠤᠯᠠ ᠰᠠᠯᠬᠢ ᠡᠯᠡᠰᠦᠨ ᠤ ᠡᠬᠢ ᠶᠢᠨ | ᠣᠷᠣᠨ᠂ ᠬᠥᠪᠴᠢ — ᠮᠤᠤᠠᠤᠰᠤ ᠶᠢᠨ ᠡᠯᠡᠰᠦᠷᠬᠡᠭᠵᠢᠭᠰᠡᠨ ᠭᠠᠵᠠᠷ᠂ ᠠᠯᠠᠱᠠ ᠠᠭᠤᠯᠠ ᠶᠢᠨ ᠪᠠᠷᠠᠭᠤᠨ ᠬᠤᠷᠮᠣᠢ᠂ | ᠠᠯᠠᠱᠠ ᠶᠢᠨ ᠡᠯᠡᠰᠦᠨ ᠴᠥᠯ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠤᠷᠭᠤᠮᠠᠯ ᠤᠨ ᠬᠤᠴᠢᠯᠭ᠎ᠠ | ᠮᠠᠭᠤᠳᠠᠬᠤ᠂ ᠭᠠᠵᠠᠷ ᠰᠢᠷᠣᠢ ᠶᠢᠨ ᠡᠯᠡᠰᠦᠷᠬᠡᠭᠵᠢᠬᠦ᠂ ᠬᠥᠷᠥᠰᠥᠨ ᠤ ᠢᠳᠡᠭᠳᠡᠯ᠂ ᠬᠥᠷᠥᠰᠥ ᠰᠢᠷᠣᠢ ᠶᠢᠨ | ᠤᠷᠤᠰᠬᠠᠭᠳᠠᠯ ᠵᠡᠷᠭᠡ ᠠᠰᠠᠭᠤᠳᠠᠯ ᠳᠤ᠂ ᠡᠯᠡᠰᠦ ᠶᠢ ᠲᠠᠷᠬᠠᠯᠠᠵᠦ ᠣᠶᠢᠵᠢᠭᠤᠯᠬᠤ ᠪᠠ ᠡᠪᠡᠰᠦ ᠤᠷᠭᠤᠭᠤᠯᠬᠤ᠂ | ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ᠂ ᠰᠠᠯᠬᠢᠨ ᠬᠦᠴᠦᠨ ᠤ ᠴᠠᠬᠢᠯᠭᠠᠨ ᠪᠠ ᠭᠡᠷᠡᠯᠴᠢ ᠴᠡᠨᠡᠭ ᠢᠶᠠᠷ | ᠡᠯᠡᠰᠦ ᠶᠢ ᠵᠠᠰᠠᠬᠤ ᠲᠤᠷᠰᠢᠯᠲᠠ ᠶᠢᠨ ᠴᠡᠭ ᠵᠡᠷᠭᠡ ᠶᠢ ᠬᠡᠷᠡᠭᠵᠢᠭᠦᠯᠵᠦ᠂ ᠨᠣᠭᠤᠭᠠᠨ ᠬᠠᠯᠬᠠᠪᠴᠢ ᠶᠢ ᠪᠠᠬᠢᠵᠢᠭᠦᠯᠦᠨ᠂ | ᠡᠯᠡᠰᠦᠷᠬᠡᠭ ᠣᠷᠣᠨ ᠤ ᠠᠮᠢ ᠠᠬᠤᠢ ᠶᠢᠨ ᠪᠠᠶᠢᠳᠠᠯ ᠢ ᠰᠠᠶᠢᠵᠢᠷᠠᠭᠤᠯᠤᠨ᠎ᠠ᠃ | ︵ᠭᠤᠷᠪᠠ︶ ᠭᠤᠣᠯ ᠨᠠᠭᠤᠷ᠂ ᠨᠤᠭᠤ ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ | ᠭᠤᠣᠯᠳᠠᠯᠭ᠎ᠠ ᠲᠠᠢ ᠭᠠᠵᠠᠷ ᠣᠷᠣᠨ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ | ᠬᠠᠨᠳᠤᠯᠭ᠎ᠠ ᠲᠠᠢ ᠪᠠᠷ ᠬᠠᠲᠤᠨ ᠭᠤᠣᠯ ᠤᠨ ᠰᠠᠪᠠ ᠭᠠᠵᠠᠷ ᠤᠨ ᠥᠪᠥᠷ ᠮᠣᠩᠭᠤᠯ ᠳᠠᠬᠢ ᠬᠡᠰᠡᠭ᠂ ᠶᠡᠭᠡ ᠬᠢᠩᠭᠠᠨ | ᠳᠠᠪᠠᠭᠠᠨ ᠤ ᠨᠤᠨ ᠮᠥᠷᠡᠨ ᠤ ᠳᠡᠭᠡᠳᠦ ᠤᠷᠤᠰᠬᠠᠯ ᠤᠨ ᠤᠰᠤᠨ ᠰᠤᠷᠪᠤᠯᠵᠢ ᠶᠢᠨ ᠭᠠᠵᠠᠷ᠂ ᠡᠷᠭᠦᠨ᠎ᠡ ᠭᠤᠣᠯ ᠤᠨ | ᠰᠠᠪᠠ ᠭᠠᠵᠠᠷ᠂ ᠪᠠᠷᠠᠭᠤᠨ ᠯᠢᠶᠣᠤ ᠾᠧ ᠭᠤᠣᠯ ᠤᠨ ᠴᠢᠬᠤᠯᠠ ᠡᠭᠦᠰᠦᠯ ᠬᠥᠭᠵᠢᠯ ᠤᠨ ᠣᠷᠣᠨ᠂ ︽ᠭᠤᠷᠪᠠᠨ | ᠨᠠᠭᠤᠷ︾᠂ ᠴᠠᠭᠠᠨᠨᠠᠭᠤᠷ ᠵᠢᠴᠢ ᠡᠵᠡᠨ᠎ᠡ ᠶᠢᠨ ᠨᠣᠭᠤᠭᠠᠨ ᠪᠦᠷᠢᠳᠦ ᠵᠡᠷᠭᠡ ᠭᠤᠣᠯᠳᠠᠯᠭ᠎ᠠ ᠲᠠᠢ ᠨᠠᠭᠤᠷ ᠴᠥᠭᠦᠷᠥᠮ | ᠬᠢᠭᠡᠳ ᠨᠤᠭᠤ ᠭᠠᠵᠠᠷ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠭᠤᠣᠯᠳᠠᠯᠭ᠎ᠠ ᠲᠠᠢ ᠣᠷᠣᠨ ᠪᠦᠰᠡ ᠳᠤ᠂ | ᠮᠠᠯᠵᠢᠬᠤ ᠶᠢ ᠵᠣᠭᠰᠣᠭᠠᠵᠤ ᠨᠤᠭᠤ ᠭᠠᠵᠠᠷ ᠢ ᠰᠡᠷᠭᠦᠭᠡᠬᠦ᠂ ᠲᠡᠵᠢᠭᠡᠨ ᠦᠷᠡᠵᠢᠭᠦᠯᠬᠦ ᠶᠢ ᠵᠣᠭᠰᠣᠭᠠᠵᠤ ᠭᠤᠣᠯ ᠤᠨ | ᠲᠠᠩ ᠭᠠᠵᠠᠷ ᠢ ᠰᠡᠷᠭᠦᠭᠡᠬᠦ᠂ ᠨᠠᠭᠤᠷ ᠴᠥᠭᠦᠷᠥᠮ ᠬᠢᠭᠡᠳ ᠲᠠᠴᠢᠷᠳᠠᠭᠰᠠᠨ ᠨᠤᠭᠤ ᠭᠠᠵᠠᠷ ᠢ ᠰᠡᠷᠭᠦᠭᠡᠬᠦ᠂ ᠭᠠᠵᠠᠷ | ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠶᠡᠷᠦᠩᠬᠡᠶᠢᠯᠡᠨ ᠵᠠᠰᠠᠬᠤ᠂ ᠤᠰᠤᠨ ᠤ ᠠᠮᠢ ᠠᠬᠤᠢ ᠶᠢ | ᠶᠡᠷᠦᠩᠬᠡᠶᠢᠯᠡᠨ ᠵᠠᠰᠠᠬᠤ ᠵᠡᠷᠭᠡ ᠶᠢ ᠬᠡᠷᠡᠭᠵᠢᠭᠦᠯᠵᠦ᠂ ᠬᠥᠷᠥᠰᠥ ᠰᠢᠷᠣᠢ ᠶᠢ ᠬᠠᠮᠠᠭᠠᠯᠠᠬᠤ ᠪᠠ ᠪᠣᠬᠢᠷᠳᠤᠯ ᠢ ᠰᠡᠷᠭᠡᠶᠢᠯᠡᠨ | ᠵᠠᠰᠠᠬᠤ ᠶᠢ ᠴᠢᠩᠭᠠᠳᠬᠠᠨ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠳᠥᠷᠪᠡ︶ ᠠᠭᠤᠷᠬᠠᠢ ᠶᠢᠨ ᠣᠷᠣᠨ ᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠭᠤᠣᠯᠳᠠᠯᠭ᠎ᠠ ᠲᠠᠢ ᠭᠠᠵᠠᠷ | ᠣᠷᠣᠨ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠬᠠᠨᠳᠤᠯᠭ᠎ᠠ ᠲᠠᠢ ᠪᠠᠷ ᠬᠠᠲᠤᠨ | ᠭᠤᠣᠯ ᠤᠨ ᠰᠠᠪᠠ ᠭᠠᠵᠠᠷ᠂ ᠦᠬᠠᠢ ᠵᠢᠴᠢ ᠲᠡᠭᠦᠨ ᠤ ᠡᠷᠬᠢᠨ ᠲᠣᠭᠤᠷᠢᠨ ᠤ ᠭᠠᠵᠠᠷ ᠣᠷᠣᠨ᠂ ᠮᠤᠨᠢ ᠠᠭᠤᠯᠠ | — ᠳᠠᠯᠠᠨ ᠬᠠᠷ᠎ᠠ ᠠᠭᠤᠯᠠ᠂ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠢ᠂ ᠶᠠᠨᠱᠠᠨ ᠠᠭᠤᠯᠠ ᠵᠡᠷᠭᠡ ᠭᠠᠵᠠᠷ | ᠣᠷᠣᠨ ᠤ ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠬᠠᠶᠠᠭᠳᠠᠮᠠᠯ ᠭᠠᠵᠠᠷ ᠲᠤ ᠬᠠᠨᠳᠤᠭᠤᠯᠤᠨ᠂ | ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠣᠷᠣᠨ ᠤ ᠶᠡᠷᠦᠩᠬᠡᠶᠢᠯᠡᠨ ᠵᠠᠰᠠᠬᠤ ᠠᠵᠢᠯ ᠢ | ᠥᠷᠨᠢᠭᠦᠯᠵᠦ᠂ ᠠᠭᠤᠷᠬᠠᠢ ᠶᠢᠨ ᠣᠷᠣᠨ ᠤ ᠭᠠᠵᠠᠷ ᠰᠢᠷᠣᠢ ᠶᠢ ᠰᠠᠶᠢᠵᠢᠷᠠᠭᠤᠯᠤᠨ ᠵᠠᠰᠠᠬᠤ᠂ ᠭᠠᠵᠠᠷ ᠤᠨ ᠪᠠᠶᠢᠴᠠ | ᠭᠠᠵᠠᠷ ᠤᠨ ᠭᠠᠳᠠᠷᠭᠤ ᠶᠢ ᠳᠠᠬᠢᠨ ᠴᠣᠭᠴᠠᠯᠠᠬᠤ᠂ ᠬᠥᠷᠥᠰᠥ ᠶᠢ ᠳᠠᠬᠢᠨ ᠪᠦᠲᠦᠭᠡᠬᠦ ᠪᠠ ᠰᠠᠶᠢᠵᠢᠷᠠᠭᠤᠯᠬᠤ᠂ ᠣᠶ | ᠰᠢᠭᠤᠢ ᠡᠪᠡᠰᠦ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠬᠤᠬᠢᠷᠠᠵᠤ ᠰᠦᠢᠳᠦᠭᠰᠡᠨ ᠠᠮᠢ | ᠠᠬᠤᠢ ᠶᠢᠨ ᠬᠤᠩᠭᠢᠯ ᠢ ᠵᠠᠰᠠᠵᠤ ᠰᠡᠷᠭᠦᠭᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠠᠭᠤᠷᠬᠠᠢ ᠶᠢᠨ ᠣᠷᠣᠨ ᠵᠢᠴᠢ | ᠡᠷᠬᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠰᠡᠷᠭᠦᠭᠡᠵᠦ᠂ ᠵᠠᠰᠠᠨ ᠰᠡᠷᠭᠦᠭᠡᠭᠰᠡᠨ ᠤ ᠳᠠᠷᠠᠭᠠᠬᠢ ᠠᠮᠢ | ᠠᠬᠤᠶᠢᠵᠢᠭᠤᠯᠤᠨ ᠠᠰᠢᠭᠯᠠᠬᠤ ᠠᠵᠢᠯ ᠢ ᠵᠦᠢ ᠵᠣᠬᠢᠰᠲᠠᠢ ᠥᠷᠨᠢᠭᠦᠯᠦᠨ᠎ᠡ᠃ | ︵ᠲᠠᠪᠤ︶ ᠲᠠᠷᠢᠶᠠᠨ ᠭᠠᠵᠠᠷ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠭᠤᠣᠯᠳᠠᠯᠭ᠎ᠠ ᠲᠠᠢ | ᠭᠠᠵᠠᠷ ᠣᠷᠣᠨ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠳᠡᠮᠵᠢᠵᠦ ᠪᠠᠶᠢᠭᠠᠳ ᠬᠠᠨᠳᠤᠯᠭ᠎ᠠ ᠲᠠᠢ ᠪᠠᠷ ᠰᠤᠮᠤ | ᠰᠢᠶᠠᠩ ᠪᠠᠯᠭᠠᠰᠤᠨ ᠤ ᠪᠦᠬᠦᠯᠢ ᠴᠣᠭᠴᠠ ᠪᠤᠶᠤ ᠬᠡᠰᠡᠭ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ᠂ ᠪᠦᠭᠦ᠋ᠢᠯᠡ | ᠪᠦᠰᠡ ᠶᠢᠨ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠲᠠᠷᠢᠶᠠᠨ ᠭᠠᠵᠠᠷ ᠤᠨ | ᠠᠮᠢ ᠠᠬᠤᠢ ᠶᠢᠨ ᠰᠢᠰᠲ᠋ᠧᠮ ᠳᠤ ᠲᠠᠷᠢᠶᠠᠯᠠᠬᠤ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ᠂ ᠵᠡᠭᠦᠨ | ᠬᠤᠶᠢᠲᠤ ᠶᠢᠨ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ᠂ ᠪᠣᠬᠢᠷᠲᠤᠭᠰᠠᠨ ᠬᠥᠷᠥᠰᠥ ᠰᠢᠷᠣᠢ ᠶᠢ ᠵᠠᠰᠠᠨ | ᠰᠡᠷᠭᠦᠭᠡᠬᠦ᠂ ᠲᠠᠴᠢᠷᠳᠠᠭᠰᠠᠨ ᠲᠠᠷᠢᠶᠠᠨ ᠭᠠᠵᠠᠷ ᠤᠨ ᠠᠮᠢ ᠠᠬᠤᠢ ᠶᠢ ᠰᠡᠷᠭᠦᠭᠡᠬᠦ᠂ ᠲᠠᠷᠢᠶᠠᠯᠠᠩ ᠤᠨ ᠲᠠᠷᠬᠠᠮᠠᠯ ᠡᠬᠢᠲᠦ | ᠪᠣᠬᠢᠷᠲᠤᠯ ᠢ ᠵᠠᠰᠠᠬᠤ᠂ ᠬᠥᠳᠡᠭᠡ ᠲᠣᠰᠬᠤᠨ ᠤ ᠭᠤᠤ ᠰᠤᠪᠠᠭ᠂ ᠭᠤᠣᠯ ᠤᠨ ᠵᠠᠮ ᠢ ᠯᠠᠶᠢᠳᠠᠵᠤ ᠨᠡᠪᠲᠡᠷᠡᠭᠦᠯᠬᠦ᠂ | ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠵᠡᠷᠭᠡ ᠳᠤ ᠭᠤᠣᠯᠳᠠᠯᠭ᠎ᠠ ᠲᠠᠢ ᠬᠠᠨᠳᠤᠭᠤᠯᠤᠨ᠂ ᠲᠠᠷᠢᠶᠠᠨ ᠭᠠᠵᠠᠷ ᠤᠨ | ᠤᠷᠭᠤᠯᠲᠠ ᠶᠢᠨ ᠣᠷᠴᠢᠨ ᠪᠠ ᠨᠥᠬᠦᠴᠡᠯ ᠢ ᠰᠠᠶᠢᠵᠢᠷᠠᠭᠤᠯᠵᠤ᠂ ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ ᠶᠢᠨ | ᠲᠣᠬᠢᠷᠠᠭᠤᠯᠤᠯᠲᠠ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠬᠤᠲᠠ ᠪᠠᠯᠭᠠᠰᠤᠨ ᠤ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ | ᠭᠤᠣᠯᠳᠠᠯᠭ᠎ᠠ ᠲᠠᠢ ᠭᠠᠵᠠᠷ ᠣᠷᠣᠨ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠤᠨ ᠲᠡᠮᠵᠢᠵᠦ ᠪᠠᠶᠢᠭᠠᠳ | ᠬᠠᠨᠳᠤᠯᠭ᠎ᠠ ᠲᠠᠢ ᠪᠠᠷ ᠬᠤᠲᠠ ᠪᠠᠯᠭᠠᠰᠤᠨ ᠤ ᠣᠷᠣᠨ ᠵᠠᠢ ᠶᠢ ᠵᠠᠰᠠᠨ ᠰᠡᠷᠭᠦᠭᠡᠬᠦ ᠠᠵᠢᠯ ᠢ ᠥᠷᠨᠢᠭᠦᠯᠵᠦ᠂ ᠬᠤᠲᠠ | ᠪᠠᠯᠭᠠᠰᠤᠨ ᠤ ᠰᠤᠯᠠ ᠲᠠᠯᠪᠢᠭᠳᠠᠵᠤ ᠪᠠᠶᠢᠭ᠎ᠠ ᠦᠷ᠎ᠡ ᠪᠦᠳᠦᠮᠵᠢ ᠪᠠᠷ ᠳᠣᠣᠷ᠎ᠠ ᠭᠠᠵᠠᠷ ᠰᠢᠷᠣᠢ ᠶᠢ ᠲᠥᠪᠯᠡᠷᠡᠭᠦᠯᠦᠨ | ᠵᠠᠯᠭᠠᠯᠳᠤᠭᠤᠯᠤᠨ ᠥᠭᠡᠷᠡᠴᠢᠯᠡᠵᠦ ᠠᠰᠢᠭᠯᠠᠬᠤ᠂ ︽ᠬᠤᠲᠠᠨ ᠳᠠᠬᠢ ᠲᠣᠰᠬᠤᠨ︾ ᠵᠡᠷᠭᠡ ᠬᠠᠮᠲᠤ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠳᠠᠬᠢᠨ ᠨᠡᠭᠡᠭᠡᠨ ᠠᠰᠢᠭᠯᠠᠬᠤ ᠶᠢ ᠬᠡᠷᠡᠭᠵᠢᠭᠦᠯᠦᠨ᠎ᠡ︔ ᠬᠤᠲᠠ ᠶᠢᠨ ᠠᠮᠢ | ᠠᠬᠤᠢ ᠶᠢ ᠰᠡᠷᠭᠦᠭᠡᠬᠦ ᠠᠵᠢᠯ ᠢ ᠥᠷᠨᠢᠭᠦᠯᠵᠦ᠂ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ᠂ ᠠᠮᠢ | ᠠᠬᠤᠢ ᠶᠢᠨ ᠰᠠᠭᠤᠷᠢ ᠪᠡᠯᠡᠳᠬᠡᠮᠵᠢ ᠪᠠ ᠠᠮᠢ ᠠᠬᠤᠢ ᠶᠢᠨ ᠰᠦᠯᠵᠢᠶᠡᠨ ᠤ ᠪᠦᠲᠦᠭᠡᠨ ᠪᠠᠶᠢᠭᠤᠯᠤᠯᠲᠠ ᠵᠡᠷᠭᠡ ᠶᠢ | ᠬᠡᠷᠡᠭᠵᠢᠭᠦᠯᠦᠨ᠎ᠡ︔ ᠬᠤᠲᠠ ᠪᠠᠯᠭᠠᠰᠤᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠤᠲᠠ ᠶᠢᠨ ᠣᠶ ᠰᠢᠭᠤᠢ᠂ ᠨᠤᠭᠤ᠂ ᠵᠦᠯᠭᠡ᠂ ᠴᠡᠴᠡᠷᠯᠢᠭ ᠤᠨ | ᠪᠦᠲᠦᠭᠡᠨ ᠪᠠᠶᠢᠭᠤᠯᠤᠯᠲᠠ᠂ ᠤᠰᠤᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ᠂ ᠬᠤᠲᠠ ᠶᠢᠨ ᠪᠣᠬᠢᠷ ᠦᠮᠡᠬᠡᠢ | ᠤᠰᠤᠨ ᠴᠣᠭᠴᠠ ᠶᠢ ᠵᠠᠰᠠᠬᠤ᠂ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠶᠢ ᠬᠡᠷᠡᠭᠵᠢᠭᠦᠯᠵᠦ᠂ | ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠣᠯᠠᠨ ᠡᠰᠢᠲᠦ ᠬᠤᠲᠠ ᠪᠠᠯᠭᠠᠰᠤᠨ ᠤ ᠣᠷᠣᠨ ᠵᠠᠢ ᠶᠢ | ᠴᠣᠭᠴᠠᠯᠠᠨ᠎ᠠ᠃ | ︵ᠳᠤᠯᠤᠭ᠎ᠠ︶ ᠠᠮᠢ ᠠᠬᠤᠢ ᠶᠢᠨ ᠠᠵᠤ ᠦᠢᠯᠡᠰ ᠤᠨ ᠭᠤᠣᠯᠳᠠᠯᠭ᠎ᠠ ᠲᠠᠢ ᠭᠠᠵᠠᠷ ᠣᠷᠣᠨ ᠢ ᠰᠦᠪᠡᠭᠴᠢᠯᠡᠨ | ᠬᠥᠭᠵᠢᠭᠦᠯᠦᠨ᠎ᠡ᠃ ᠨᠡᠶᠢᠭᠡᠮ ᠤᠨ ᠬᠥᠷᠥᠩᠭᠡ ᠶᠢᠨ ᠣᠷᠴᠢᠯ ᠲᠠᠷᠢᠶᠠᠯᠠᠩ ᠣᠶ ᠰᠢᠭᠤᠢ ᠮᠠᠯ ᠠᠵᠤ ᠠᠬᠤᠢ᠂ ᠠᠮᠢ | ᠠᠬᠤᠢ ᠶᠢᠨ ᠵᠢᠭᠤᠯᠴᠢᠯᠠᠯ᠂ ᠰᠡᠯᠡᠭᠦᠴᠡᠯ ᠡᠷᠡᠭᠦᠯᠵᠢᠯ ᠰᠤᠪᠢᠯᠠᠯᠲᠠ᠂ ᠪᠠᠶᠢᠭᠠᠯᠢ ᠶᠢᠨ ᠰᠤᠷᠭᠠᠨ ᠬᠥᠮᠦᠵᠢᠯ᠂ ᠴᠡᠪᠡᠷ | ᠡᠨᠧᠷᠭᠢ ᠵᠢᠴᠢ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠵᠡᠷᠭᠡ ᠭᠤᠣᠯᠳᠠᠯᠭ᠎ᠠ ᠲᠠᠢ ᠠᠮᠢ | ᠠᠬᠤᠢ ᠶᠢᠨ ᠠᠵᠤ ᠦᠢᠯᠡᠰ ᠲᠤ ᠣᠷᠣᠭᠤᠯᠤᠯᠲᠠ ᠬᠢᠬᠦ ᠶᠢ ᠵᠣᠷᠢᠭᠵᠢᠭᠤᠯᠤᠨ ᠳᠡᠮᠵᠢᠨ᠎ᠡ︔ ᠠᠵᠤ ᠠᠬᠤᠢ ᠶᠢᠨ | ᠣᠶ ᠶᠢᠨ ᠠᠵᠤ ᠦᠢᠯᠡᠰ᠂ ᠰᠢᠨ᠎ᠡ ᠬᠡᠯᠪᠡᠷᠢ ᠶᠢᠨ ᠦᠷ᠎ᠡ ᠶᠢᠨ ᠦᠢᠯᠡᠰ ᠪᠠ ᠡᠪᠡᠰᠦ᠂ ᠡᠯᠡᠰᠦ᠂ ᠠᠮᠢᠳᠤ ᠪᠣᠳᠠᠰ ᠤᠨ | ᠮᠠᠰ ᠡᠨᠧᠷᠭᠢ ᠵᠡᠷᠭᠡ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠣᠶ ᠰᠢᠭᠤᠢ ᠶᠢᠨ ᠡᠬᠢ ᠪᠠᠶᠠᠯᠢᠭ ᠵᠡᠷᠭᠡ | ᠣᠯᠠᠨ ᠵᠦᠢᠯ ᠤᠨ ᠠᠮᠢ ᠠᠬᠤᠢ ᠶᠢᠨ ᠡᠳ᠋ ᠬᠥᠷᠥᠩᠭᠡ ᠶᠢ ᠪᠦᠲᠦᠮᠵᠢᠲᠡᠶ ᠭᠦᠢᠯᠭᠡᠭᠡᠨ ᠲᠠᠢ ᠪᠣᠯᠭᠠᠨ᠎ᠠ︔ ᠴᠡᠪᠡᠷ | ᠡᠨᠧᠷᠭᠢ ᠶᠢ ᠢᠳᠡᠪᠬᠢᠲᠡᠢ ᠪᠠᠷ ᠬᠥᠭᠵᠢᠭᠦᠯᠵᠦ᠂ ᠭᠡᠷᠡᠯᠴᠢ ᠴᠡᠨᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ︔ ᠦᠢᠯᠡᠳᠬᠦᠨ ᠤ ᠭᠡᠷᠡᠴᠢᠯᠡᠭᠡ᠂ ᠠᠮᠢ ᠠᠬᠤᠢ ᠶᠢᠨ ᠢᠯᠭᠠᠬᠤ | ᠲᠡᠮᠳᠡᠭ᠂ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠦᠨ᠎ᠡ᠃ | ᠬᠤᠶᠠᠷ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ | ᠠᠵᠢᠯ ᠤᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ | ︽ᠬᠡᠨ ᠵᠠᠰᠠᠨ ᠰᠡᠷᠭᠦᠭᠡᠭᠰᠡᠨ ᠪᠣᠯ ᠲᠡᠷᠡ ᠠᠰᠢᠭ ᠭᠥᠷᠳᠡᠬᠦ︾ ᠵᠠᠷᠴᠢᠮ ᠶᠣᠰᠣᠭᠠᠷ᠂ ᠵᠠᠰᠠᠭ ᠤᠨ | ᠣᠷᠳᠣᠨ ᠢᠶᠠᠷ ᠭᠤᠣᠯᠯᠠᠭᠤᠯᠤᠭᠰᠠᠨ᠂ ᠨᠡᠶᠢᠭᠡᠮ ᠳᠠᠶᠠᠭᠠᠷ ᠣᠷᠣᠯᠴᠠᠭᠰᠠᠨ ᠬᠥᠲᠥᠯᠥᠨ ᠵᠢᠯᠤᠭᠤᠳᠬᠤ ᠪᠠ | ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ | ᠬᠥᠷᠥᠩᠭᠡ ᠶᠢ ᠤᠷᠤᠯᠴᠠᠭᠤᠯᠬᠤ ᠠᠵᠢᠯ ᠤᠨ ᠬᠠᠮᠢᠶᠠᠷᠤᠯᠲᠠ ᠶᠢ ᠵᠢᠷᠤᠮᠵᠢᠭᠤᠯᠤᠨ᠂ ᠬᠠᠤᠯᠢ ᠶᠣᠰᠣᠨ ᠤ ᠡᠷᠬᠡ | ᠠᠰᠢᠭ ᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠠᠳᠠᠷᠠᠭᠠᠨ᠎ᠠ᠃ | ︵ᠨᠠᠢᠮᠠ︶ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ | ᠠᠵᠢᠯ ᠤᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠤᠨ᠎ᠠ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ | ᠲᠤᠰ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ᠂ ᠠᠮᠢ ᠠᠬᠤᠢ ᠶᠢ | ᠰᠡᠷᠭᠦᠭᠡᠬᠦ ᠲᠥᠯᠦᠪᠵᠢᠭᠦᠯᠭᠡ ᠵᠡᠷᠭᠡ ᠲᠥᠯᠦᠪᠵᠢᠭᠦᠯᠭᠡ ᠪᠠ ᠬᠤᠯᠪᠣᠭᠳᠠᠯ ᠪᠦᠬᠦᠢ ᠪᠠᠷᠢᠮᠵᠢᠶ᠎ᠠ ᠱᠠᠭᠠᠷᠳᠠᠯᠭ᠎ᠠ ᠶᠢ | ᠦᠨᠳᠦᠰᠦᠯᠡᠨ᠂ ᠲᠥᠷᠥᠯ ᠵᠦᠢᠯ ᠢ ᠬᠠᠮᠢᠶᠠᠷᠬᠤ ᠪᠠ ᠬᠡᠷᠡᠭᠵᠢᠭᠦᠯᠬᠦ ᠡᠷᠬᠡ ᠮᠡᠳᠡᠯ ᠤᠨ ᠶᠣᠰᠣᠭᠠᠷ᠂ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠡᠭᠦᠷᠭᠡ ᠪᠠ ᠭᠤᠣᠯᠳᠠᠯᠭ᠎ᠠ ᠲᠠᠢ ᠲᠥᠷᠥᠯ ᠵᠦᠢᠯ ᠢ ᠡᠮᠬᠢ ᠵᠢᠷᠤᠮ ᠲᠠᠢ ᠪᠠᠷ ᠲᠣᠭᠲᠠᠭᠠᠵᠤ᠂ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠲᠥᠷᠥᠯ ᠵᠦᠢᠯ ᠤᠨ | ᠬᠥᠮᠥᠷᠭᠡ ᠪᠠᠶᠢᠭᠤᠯᠤᠨ᠂ ᠣᠨ ᠢᠶᠠᠷ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠬᠦ ᠬᠡᠷᠡᠭᠲᠡᠢ᠃ ᠲᠥᠷᠥᠯ | ᠵᠦᠢᠯ ᠤᠨ ᠬᠥᠮᠥᠷᠭᠡ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠵᠢᠯ ᠪᠦᠷᠢ ᠴᠠᠭ ᠲᠤᠬᠠᠢ ᠳᠤ ᠨᠢ | ᠰᠢᠨᠡᠳᠬᠡᠨ ᠲᠡᠭᠦᠯᠳᠡᠷᠵᠢᠭᠦᠯᠦᠨ᠎ᠡ᠃ | ︵ᠶᠢᠰᠦ︶ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ | ᠠᠵᠢᠯ ᠤᠨ ᠬᠠᠮᠢᠶ᠎ᠠ ᠪᠦᠬᠦᠢ ᠵᠦᠢᠯᠡᠰ ᠢ ᠲᠣᠳᠣᠷᠬᠠᠢ ᠲᠣᠭᠲᠠᠭᠠᠨ᠎ᠠ᠃ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠨᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠤᠨ | ᠲᠥᠰᠥᠯ ᠢ ᠨᠠᠶᠢᠷᠠᠭᠤᠯᠤᠨ ᠵᠣᠬᠢᠶᠠᠬᠤ ᠳᠤ ᠪᠠᠨ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ | ᠬᠥᠷᠥᠩᠭᠡ ᠶᠢᠨ ᠣᠷᠣᠯᠴᠠᠬᠤ ᠲᠦᠷᠦᠯ ᠵᠦᠢᠯ ᠤᠨ ᠡᠭᠦᠷᠭᠡ ᠬᠠᠷᠠᠯᠲᠠ ᠪᠤᠶᠤ ᠭᠤᠣᠯ ᠭᠦᠢᠴᠡᠳᠬᠡᠯ ᠲᠤᠭ᠎ᠠ᠂ | ᠢᠨᠵᠧᠨᠧᠷᠢᠩ ᠤᠨ ᠠᠷᠭ᠎ᠠ ᠬᠡᠮᠵᠢᠶ᠎ᠡ᠂ ᠪᠡᠯᠡ ᠣᠷᠣᠭᠤᠯᠤᠯᠲᠠ ᠶᠢᠨ ᠲᠦᠢᠮᠣ ᠲᠥᠰᠥᠪ᠂ ᠳᠡᠮᠵᠢᠯᠭᠡ ᠶᠢᠨ ᠲᠥᠷᠥ ᠶᠢᠨ | ᠪᠣᠳᠣᠯᠭ᠎ᠠ᠂ ᠲᠣᠭᠲᠠᠭᠠᠯ ᠳᠤ ᠨᠡᠶᠢᠴᠡᠬᠦ ᠪᠠᠶᠢᠭᠠᠯᠢ ᠶᠢᠨ ᠡᠬᠢ ᠪᠠᠶᠠᠯᠢᠭ ᠤᠨ ᠪᠡᠯᠡ ᠬᠥᠷᠥᠩᠭᠡ ᠶᠢᠨ | ᠲᠣᠬᠢᠷᠠᠭᠤᠯᠤᠯᠲᠠ᠂ ᠰᠡᠯᠭᠦᠬᠦ ᠠᠵᠤ ᠦᠢᠯᠡᠰ ᠤᠨ ᠬᠥᠭᠵᠢᠯᠲᠡ ᠶᠢᠨ ᠱᠠᠭᠠᠷᠳᠠᠯᠭ᠎ᠠ ᠵᠡᠷᠭᠡ ᠭᠤᠣᠯ ᠠᠭᠤᠯᠭ᠎ᠠ ᠶᠢ | ᠲᠣᠳᠣᠷᠬᠠᠢ ᠲᠣᠭᠲᠠᠭᠠᠵᠤ᠂ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢᠨ ᠠᠷᠭ᠎ᠠ ᠮᠠᠶ᠋ᠢᠭ ᠵᠢᠴᠢ ᠪᠡᠯᠡ ᠮᠥᠩᠭᠦᠨ ᠤ | ᠬᠠᠷᠢᠴᠠᠯ ᠢ ᠵᠦᠢ ᠵᠣᠬᠢᠰᠲᠠᠢ ᠲᠣᠭᠲᠠᠭᠠᠬᠤ ᠶᠢᠨ ᠬᠠᠮᠲᠤ᠂ ᠲᠣᠭᠲᠠᠭᠠᠯ ᠶᠣᠰᠣᠭᠠᠷ ᠡᠳᠦᠢ ᠲᠡᠳᠦᠢ ᠬᠤᠪᠢᠶᠠᠷᠢ | ᠲᠥᠷᠥᠯ ᠵᠦᠢᠯ ᠢ ᠲᠣᠬᠢᠷᠠᠭᠤᠯᠵᠤ ᠪᠣᠯᠣᠨ᠎ᠠ᠂ ᠡᠭᠦᠨ ᠳᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ | ᠬᠤᠯᠪᠣᠭᠳᠠᠭᠤᠯᠬᠤ᠂ ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ᠂ ︵ᠥᠩᠭᠡᠷᠡᠭᠰᠡᠨ ᠠᠴᠠ ᠦᠯᠡᠳᠡᠭᠳᠡᠵᠦ | ᠢᠷᠡᠭᠰᠡᠨ ᠬᠠᠶᠠᠭᠳᠠᠮᠠᠯ︶ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ᠂ ᠬᠥᠷᠥᠰᠥ ᠰᠢᠷᠣᠢ ᠶᠢᠨ ᠤᠷᠤᠰᠬᠠᠭᠳᠠᠯ ᠢ | ᠰᠡᠷᠭᠡᠶᠢᠯᠡᠨ ᠵᠠᠰᠠᠬᠤ᠂ ᠭᠤᠣᠯ ᠤᠨ ᠵᠠᠮ ᠢ ᠬᠠᠮᠠᠭᠠᠯᠠᠨ ᠵᠠᠰᠠᠬᠤ᠂ ᠤᠰᠤᠨ ᠤ ᠠᠮᠢ ᠠᠬᠤᠢ ᠶᠢ ᠬᠠᠮᠠᠭᠠᠯᠠᠨ | ᠰᠡᠷᠭᠦᠭᠡᠬᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠮᠣᠳᠣ ᠳᠠᠷᠢᠵᠤ ᠣᠶᠢᠵᠢᠭᠤᠯᠬᠤ᠂ ᠣᠶ | ᠰᠢᠭᠤᠢ ᠶᠢᠨ ᠶᠠᠰᠤ ᠴᠢᠨᠠᠷ ᠢ ᠰᠠᠶᠢᠵᠢᠷᠠᠭᠤᠯᠬᠤ᠂ ᠡᠪᠡᠰᠦᠨ ᠦᠷ᠎ᠡ ᠶᠢᠨ ᠦᠢᠯᠡᠰ ᠢ ᠬᠥᠭᠵᠢᠭᠦᠯᠬᠦ᠂ ᠠᠮᠢ ᠠᠬᠤᠢ ᠶᠢᠨ | ᠠᠵᠤ ᠦᠢᠯᠡᠰ ᠢ ᠬᠥᠭᠵᠢᠭᠦᠯᠬᠦ ᠵᠡᠷᠭᠡ ᠶᠢ ᠪᠠᠭᠲᠠᠭᠠᠬᠤ ᠪᠣᠯᠪᠠᠴᠣ ᠡᠳᠡᠬᠡᠷ ᠲᠤ ᠯᠡ ᠬᠢᠵᠠᠭᠠᠷᠯᠠᠭᠳᠠᠬᠤ ᠦᠭᠡᠢ᠃ | ︵ᠠᠷᠪᠠ︶ ᠢᠯᠡ ᠪᠠᠷ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ ᠪᠠᠶᠢᠭᠠᠳ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠠᠵᠢᠯ ᠳᠤ ᠣᠷᠣᠯᠴᠠᠭᠤᠯᠤᠨ᠎ᠠ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠤᠶᠤ | ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠤᠳ ᠢᠯᠡ ᠪᠠᠷ ᠳᠠᠭᠠᠭᠠᠴᠢᠯᠠᠯᠲᠠ ᠵᠠᠷᠯᠠᠬᠤ᠂ ᠤᠷᠢᠵᠤ | ᠳᠠᠭᠠᠭᠠᠴᠢᠯᠠᠯᠲᠠ ᠵᠠᠷᠯᠠᠬᠤ᠂ ᠥᠷᠢᠰᠦᠯᠳᠦᠭᠡᠨ ᠤ ᠴᠢᠨᠠᠷᠲᠠᠢ ᠬᠡᠯᠡᠯᠴᠡᠭᠡ ᠬᠢᠬᠦ᠂ ᠥᠷᠢᠰᠦᠯᠳᠦᠭᠡᠨ ᠤ ᠴᠢᠨᠠᠷᠲᠠᠢ | ᠵᠥᠪᠳᠡᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ | ᠪᠠᠶᠢᠭᠠᠳ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠣᠯᠴᠠᠭᠤᠯᠵᠤ᠂ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠵᠥᠪᠯᠡᠯᠴᠡᠭᠡᠷ ᠪᠠ ᠪᠠᠶᠢᠭᠠᠯᠢ ᠶᠢᠨ ᠡᠬᠢ ᠪᠠᠶᠠᠯᠢᠭ ᠤᠨ ᠪᠡᠯᠡ ᠬᠥᠷᠥᠩᠭᠡ ᠶᠢ ᠲᠣᠬᠢᠷᠠᠭᠤᠯᠬᠤ ᠵᠥᠪᠯᠡᠯᠴᠡᠭᠡᠷ | ᠲᠣᠭᠲᠠᠵᠤ᠂ ᠰᠡᠷᠭᠦᠭᠡᠨ ᠵᠠᠰᠠᠬᠤ ᠱᠠᠭᠠᠷᠳᠠᠯᠭ᠎ᠠ᠂ ᠲᠥᠷᠥᠯ ᠵᠦᠢᠯ ᠤᠨ ᠪᠡᠯᠡ ᠣᠷᠣᠭᠤᠯᠤᠯᠲᠠ᠂ ᠵᠢᠷᠤᠭᠯᠠᠨ | ᠲᠥᠯᠥᠪᠯᠡᠵᠦ ᠬᠡᠷᠡᠭᠵᠢᠭᠦᠯᠬᠦ᠂ ᠬᠠᠮᠢᠶᠠᠷᠤᠨ ᠬᠠᠮᠠᠭᠠᠯᠠᠬᠤ ᠵᠢᠴᠢ ᠦᠷᠭᠦᠯᠵᠢᠯᠡᠨ ᠨᠡᠭᠡᠭᠡᠨ ᠬᠥᠭᠵᠢᠭᠦᠯᠬᠦ ᠵᠡᠷᠭᠡ | ᠵᠦᠢᠯᠡᠰ ᠤᠨ ᠠᠵᠢᠯᠯᠠᠭᠠᠨ ᠤ ᠵᠠᠭᠪᠤᠷ ᠵᠢᠴᠢ ᠡᠯ᠎ᠡ ᠲᠠᠯ᠎ᠠ ᠶᠢᠨ ᠡᠷᠬᠡ ᠠᠰᠢᠭ ᠡᠭᠦᠷᠭᠡ ᠪᠠ ᠭᠡᠷ᠎ᠡ ᠠᠴᠠ ᠵᠥᠷᠢᠴᠡᠭᠰᠡᠨ | ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠬᠤ ᠶᠢᠨ ᠬᠠᠮᠲᠤ᠂ ᠴᠠᠭ ᠲᠤᠬᠠᠢ ᠳᠤ ᠨᠢ ᠨᠡᠶᠢᠭᠡᠮ ᠳᠤ ᠵᠠᠷᠯᠠᠨ ᠨᠡᠶᠢᠲᠡᠯᠡᠬᠦ | ᠪᠤᠶᠤ ᠢᠯᠡ ᠨᠡᠶᠢᠲᠡᠯᠡᠨ᠎ᠡ᠃ ᠨᠡᠶᠢᠭᠡᠮ ᠤᠨ ᠬᠥᠷᠥᠩᠭᠡ ᠨᠢ ᠲᠤᠰᠠᠭᠠᠷ ᠪᠤᠶᠤ ᠬᠤᠯᠪᠣᠭᠠᠲᠤ ᠴᠣᠭᠴᠠ᠂ ᠠᠵᠤ | ᠦᠢᠯᠡᠰ ᠤᠨ ᠬᠤᠯᠪᠣᠭ᠎ᠠ ᠵᠡᠷᠭᠡ ᠡᠯ᠎ᠡ ᠲᠥᠷᠥᠯ ᠤᠨ ᠬᠡᠯᠪᠡᠷᠢ ᠪᠠᠷ ᠪᠡᠯᠡ ᠭᠠᠷᠭᠠᠵᠤ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠠᠵᠢᠯ ᠢ ᠥᠷᠨᠢᠭᠦᠯᠵᠦ ᠪᠣᠯᠣᠨ᠎ᠠ᠂ ᠪᠠᠰᠠ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠰᠠᠭᠤᠷᠢ ᠮᠥᠩᠭᠦ | ᠭᠠᠷᠭᠠᠵᠤ ᠪᠡᠯᠡ ᠤᠷᠤᠭᠤᠯᠤᠯᠲᠠ ᠬᠢᠵᠦ ᠴᠤ ᠪᠣᠯᠣᠨ᠎ᠠ᠃ | ︵ᠠᠷᠪᠠᠨ ᠨᠢᠭᠡ︶ ᠨᠡᠶᠢᠭᠡᠮ ᠤᠨ ᠬᠥᠷᠥᠩᠭᠡ ᠤᠷᠤᠯᠴᠬᠠᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ | ᠲᠦᠷᠦᠯ ᠵᠦᠢᠯ ᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠷᠠᠭᠤᠯᠤᠨ᠎ᠠ᠃ ᠨᠡᠶᠢᠭᠡᠮ ᠤᠨ ᠬᠥᠷᠥᠩᠭᠡ ᠣᠷᠣᠯᠴᠠᠭᠰᠠᠨ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠲᠦᠷᠦᠯ ᠵᠦᠢᠯ ᠳᠤ ᠪᠣᠯ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ | ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠥᠪᠳᠡᠯᠴᠡᠭᠡᠷ ᠲᠤ ᠪᠣᠯᠵᠣᠵᠤ ᠲᠣᠭᠲᠠᠭᠰᠠᠨ ᠶᠣᠰᠣᠭᠠᠷ | ᠲᠥᠷᠥᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠨᠡᠶᠢᠭᠡᠮ ᠤᠨ ᠬᠥᠷᠥᠩᠭᠡ ᠶᠢ ᠵᠢᠯᠣᠭᠤᠳᠤᠨ ᠲᠤᠰᠬᠠᠢ | ᠪᠠᠶᠢᠭᠤᠯᠤᠮᠵᠢ ᠰᠣᠩᠭᠤᠭᠤᠯᠵᠤ ᠪᠠᠶᠢᠭᠠᠳ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠬᠠᠶᠢᠨ ᠪᠠᠶᠢᠴᠠᠭᠠᠬᠤ᠂ | ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠠᠵᠢᠯ ᠢ ᠡᠭᠦᠷᠭᠡᠯᠡᠭᠦᠯᠬᠦ ᠶᠢᠨ ᠬᠠᠮᠲᠤ᠂ | ᠬᠢᠨᠠᠨ ᠵᠥᠪᠰᠢᠶᠡᠷᠡᠭᠰᠡᠨ ᠲᠥᠯᠦᠪᠵᠢᠭᠦᠯᠭᠡ ᠵᠢᠷᠤᠭ ᠲᠥᠯᠥᠪᠯᠡᠭᠡ ᠪᠠ ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ᠂ | ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ ᠢᠨᠵᠧᠨᠧᠷᠢᠩ ᠢ ᠴᠢᠩᠭ᠎ᠠ ᠬᠡᠷᠡᠭᠵᠢᠭᠦᠯᠵᠦ᠂ ᠢᠨᠵᠧᠨᠧᠷᠢᠩ ᠤᠨ ᠶᠠᠰᠤ | ᠴᠢᠨᠠᠷ ᠢ ᠪᠠᠲᠤᠯᠠᠬᠤ ᠬᠡᠷᠡᠭᠲᠡᠢ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠲᠥᠰᠥᠯ ᠳᠤ ᠲᠣᠭᠲᠠᠭᠠᠭᠰᠠᠨ ᠬᠠᠨᠳᠤᠰᠢ ᠪᠠᠷ ᠵᠠᠰᠠᠨ ᠰᠡᠷᠭᠦᠭᠡᠬᠦ ᠠᠵᠢᠯ ᠢ ᠥᠷᠨᠢᠭᠦᠯᠦᠭᠰᠡᠨ ᠦᠭᠡᠢ ᠪᠤᠶᠤ | ᠭᠠᠵᠠᠷ ᠰᠢᠷᠣᠢ ᠶᠢᠨ ᠬᠡᠷᠡᠭᠯᠡᠯᠲᠡ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠵᠡᠷᠭᠡ ᠪᠠᠶᠢᠳᠠᠯ ᠭᠠᠷᠤᠭᠰᠠᠨ ᠪᠠᠶᠢᠪᠠᠯ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ | ᠵᠠᠯᠠᠷᠠᠭᠤᠯᠤᠭᠤᠯᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠬᠡᠨ ᠰᠢᠢᠳᠪᠦᠷᠢᠯᠡᠵᠦ᠂ | ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ ᠶᠢᠨ ᠬᠠᠮᠲᠤ ᠰᠢᠯᠭᠠᠨ ᠠᠪᠬᠤ ᠪᠠᠷ ᠳᠠᠮᠵᠢᠭᠤᠯᠤᠨ ᠬᠠᠮᠢᠶ᠎ᠠ ᠪᠦᠬᠦᠢ | ᠱᠠᠭᠠᠷᠳᠠᠯᠭ᠎ᠠ ᠳᠤ ᠬᠦᠷᠦᠭᠰᠡᠨ ᠤ ᠳᠠᠷᠠᠭ᠎ᠠ ᠦᠷᠭᠦᠯᠵᠢᠯᠡᠨ ᠬᠡᠷᠡᠭᠵᠢᠭᠦᠯᠵᠦ ᠪᠣᠯᠣᠨ᠎ᠠ᠃ ᠵᠣᠬᠢᠴᠠᠬᠤ ᠴᠢᠨᠠᠷᠲᠠᠢ | ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠢ ᠶᠢ ᠰᠡᠷᠭᠦᠭᠡᠬᠦ ᠬᠠᠷᠠᠯᠲᠠ ᠠᠴᠠ ᠵᠠᠶᠢᠳᠠᠬᠤ ᠪᠤᠶᠤ ᠠᠮᠢ ᠠᠬᠤᠢ ᠶᠢᠨ | ᠰᠢᠰᠲ᠋ᠧᠮ ᠳᠤ ᠰᠢᠨ᠎ᠡ ᠡᠪᠳᠡᠯᠡᠭᠡ ᠤᠴᠠᠷᠠᠭᠤᠯᠵᠤ ᠮᠡᠳᠡᠬᠦ ᠰᠡᠷᠭᠦᠭᠡᠬᠦ ᠠᠷᠭ᠎ᠠ ᠬᠡᠮᠵᠢᠶ᠎ᠡ ᠳᠤ ᠲᠥᠷᠥᠯ ᠵᠦᠢᠯ ᠤᠨ | ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠪᠦᠲᠦᠭᠡᠨ ᠪᠠᠶᠢᠭᠤᠯᠬᠤ ᠨᠢᠭᠡᠴᠢ ᠶᠢ ᠵᠢᠯᠤᠭᠤᠳᠴᠤ ᠪᠠᠶᠢᠭᠠᠳ | ᠲᠣᠬᠢᠷᠠᠭᠤᠯᠤᠯᠲᠠ ᠬᠢᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ | ᠭᠦᠢᠴᠡᠳ ᠨᠤᠲᠠᠯᠠᠭᠰᠠᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠢ᠂ ᠲᠣᠬᠢᠷᠠᠭᠤᠯᠤᠯᠲᠠ ᠬᠢᠬᠦ ᠶᠢᠨ ᠳᠠᠭᠠᠤ ᠬᠡᠷᠡᠭᠵᠢᠭᠦᠯᠵᠦ | ᠪᠣᠯᠬᠤ ᠦᠭᠡᠢ᠃ | ︵ᠠᠷᠪᠠᠨ ᠬᠤᠶᠠᠷ︶ ᠨᠡᠶᠢᠭᠡᠮ ᠤᠨ ᠬᠥᠷᠥᠩᠭᠡ ᠶᠢᠨ ᠤᠷᠤᠯᠴᠬᠠᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ | ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠴᠢᠩᠳᠠᠯᠠᠨ᠎ᠠ᠃ ᠨᠡᠶᠢᠭᠡᠮ ᠤᠨ | ᠬᠥᠷᠥᠩᠭᠡ ᠶᠢᠨ ᠤᠷᠤᠯᠴᠬᠠᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠤᠨ ᠪᠠᠷᠢᠯᠭ᠎ᠠ | ᠳᠠᠭᠤᠰᠤᠭᠰᠠᠨ ᠤ ᠳᠠᠷᠠᠭ᠎ᠠ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠭᠤᠣᠯ ᠴᠣᠭᠴᠠ ᠨᠢ ᠢᠨᠵᠧᠨᠧᠷᠢᠩ ᠤᠨ | ᠠᠵᠢᠯ ᠢ ᠳᠠᠬᠢᠨ ᠬᠢᠨᠠᠬᠤ᠂ ᠢᠨᠵᠧᠨᠧᠷᠢᠩ ᠤᠨ ᠳ᠋ᠦᠩᠨᠡᠨ ᠪᠣᠳᠣᠯᠲᠠ᠂ ᠡᠳ᠋ ᠤᠨ ᠶᠠᠪᠤᠳᠠᠯ ᠤᠨ ᠲᠥᠰᠥᠪ ᠤᠨ | ᠭᠦᠢᠴᠡᠳᠬᠡᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ᠂ ᠭᠠᠵᠠᠷ ᠰᠢᠷᠣᠢ ᠶᠢ ᠳᠠᠬᠢᠨ ᠦᠨᠡᠯᠡᠨ ᠵᠢᠱᠢᠬᠦ ᠵᠡᠷᠭᠡ | ᠠᠵᠢᠯ ᠪᠠ ᠬᠠᠮᠢᠶ᠎ᠠ ᠪᠦᠬᠦᠢ ᠲᠠᠩᠰᠠ ᠡᠪᠬᠡᠮᠡᠯ ᠢ ᠡᠮᠬᠢᠯᠡᠬᠦ ᠶᠢᠨ ᠬᠠᠮᠲᠤ᠂ ᠰᠠᠷ᠎ᠠ ᠶᠢᠨ ᠳᠣᠲᠣᠷ᠎ᠠ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠳᠤ ᠰᠢᠯᠭᠠᠨ ᠠᠪᠤᠭᠤᠯᠬᠤ ᠭᠤᠶᠤᠴᠢᠯᠠᠯ ᠳᠤᠷᠠᠳᠤᠨ ᠭᠠᠷᠭᠠᠬᠤ ᠬᠡᠷᠡᠭᠲᠡᠢ᠃ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠰᠢᠯᠭᠠᠨ ᠠᠪᠬᠤ ᠠᠵᠢᠯ ᠢ ᠴᠢᠩᠭ᠎ᠠ ᠵᠣᠬᠢᠶᠠᠨ ᠪᠠᠶᠢᠭᠤᠯᠤᠨ | ᠥᠷᠨᠢᠭᠦᠯᠵᠦ᠂ ᠰᠢᠯᠭᠠᠨ ᠠᠪᠤᠯᠲᠠ ᠳᠤ ᠪᠠᠲᠤᠯᠠᠭᠳᠠᠭᠰᠠᠨ ᠪᠣᠯ᠂ ᠰᠢᠯᠭᠠᠨ ᠠᠪᠴᠤ ᠴᠣᠬᠤᠯᠠᠪᠤᠷᠢᠯᠠᠭᠰᠠᠨ ᠰᠠᠨᠠᠯ ᠢ | ᠭᠠᠷᠭᠠᠬᠤ ᠶᠢᠨ ᠬᠠᠮᠲᠤ᠂ ᠵᠥᠪᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠨᠡᠶᠢᠭᠡᠮ ᠤᠨ ᠪᠡᠯᠡ | ᠣᠷᠣᠭᠤᠯᠤᠯᠲᠠ ᠶᠢᠨ ᠭᠤᠣᠯ ᠴᠣᠭᠴᠠ ᠶᠢᠨ ᠠᠰᠢᠭ ᠣᠯᠵᠠᠪᠤᠷᠢ ᠶᠢ ᠴᠠᠭ ᠲᠤᠬᠠᠢ ᠳᠤ ᠨᠢ ᠲᠣᠭᠠᠴᠠᠨ ᠪᠤᠳᠤᠵᠦ᠂ | ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠᠨ ᠪᠡᠶᠡᠯᠡᠭᠦᠯᠬᠦ ᠬᠡᠷᠡᠭᠲᠡᠢ︔ ᠰᠢᠯᠭᠠᠨ ᠠᠪᠤᠯᠲᠠ ᠳᠤ | ᠦᠯᠦ ᠪᠠᠲᠤᠯᠠᠭᠳᠠᠭᠰᠠᠨ ᠪᠣᠯ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠭᠤᠯᠵᠦ᠂ ᠴᠡᠭᠴᠡᠯᠡᠨ | ᠰᠠᠶᠢᠵᠢᠷᠠᠭᠤᠯᠬᠤ ᠴᠠᠭ ᠤᠨ ᠬᠢᠵᠠᠭᠠᠷ ᠢ ᠵᠠᠷᠴᠢᠮ ᠳᠡᠭᠡᠷ᠎ᠡ ᠪᠠᠨ 1 ᠵᠢᠯ ᠠᠴᠠ ᠬᠡᠲᠦᠷᠡᠭᠦᠯᠵᠦ ᠪᠣᠯᠬᠤ ᠦᠭᠡᠢ᠃ | ︵ᠠᠷᠪᠠᠨ ᠭᠤᠷᠪᠠ︶ ᠨᠡᠶᠢᠭᠡᠮ ᠤᠨ ᠬᠥᠷᠥᠩᠭᠡ ᠶᠢᠨ ᠤᠷᠤᠯᠴᠬᠠᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ | ᠲᠥᠷᠥᠯ ᠵᠦᠢᠯ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠨ ᠬᠠᠮᠠᠭᠠᠯᠠᠬᠤ ᠠᠵᠢᠯ ᠢ ᠴᠢᠩᠭᠠᠳᠬᠠᠨ᠎ᠠ᠃ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠭᠤᠣᠯ ᠴᠣᠭᠴᠠ᠂ | ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠠᠵᠢᠯ ᠤᠨ ᠭᠤᠣᠯ ᠴᠣᠭᠴᠠ ᠶᠢ ᠵᠣᠬᠢᠶᠠᠨ ᠪᠠᠶᠢᠭᠤᠯᠤᠨ | ᠭᠤᠷᠪᠠᠨ ᠲᠠᠯ᠎ᠠ ᠶᠢᠨ ᠬᠠᠮᠢᠶᠠᠷᠴᠤ ᠬᠠᠮᠠᠭᠠᠯᠠᠬᠤ ᠭᠡᠷ᠎ᠡ ᠲᠣᠭᠲᠠᠵᠤ᠂ ᠲᠥᠷᠥᠯ ᠵᠦᠢᠯ ᠤᠨ ᠰᠡᠭᠦᠯᠴᠢ ᠶᠢᠨ | ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠪᠠ ᠠᠵᠢᠯᠯᠠᠭᠤᠯᠵᠤ ᠬᠠᠮᠠᠭᠠᠯᠠᠬᠤ ᠠᠵᠢᠯ ᠤᠨ ᠵᠠᠭᠠᠭ ᠬᠢᠵᠠᠭᠠᠷ ᠢ ᠵᠦᠢ | ᠵᠣᠬᠢᠰᠲᠠᠢ ᠲᠣᠭᠲᠠᠭᠠᠨ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠵᠠᠷᠤᠳᠠᠯ ᠢ | ᠨᠠᠶᠢᠳᠠᠪᠤᠷᠢᠵᠢᠭᠤᠯᠵᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢᠨ | ᠬᠠᠷᠢᠭᠤᠴᠠᠯᠭ᠎ᠠ᠂ ᠬᠠᠮᠢᠶᠠᠷᠴᠤ ᠬᠠᠮᠠᠭᠠᠯᠠᠬᠤ ᠬᠤᠭᠤᠴᠠᠭ᠎ᠠ ᠪᠠ ᠬᠠᠮᠢᠶᠠᠷᠴᠤ ᠬᠠᠮᠠᠭᠠᠯᠠᠬᠤ ᠠᠭᠤᠯᠭ᠎ᠠ ᠵᠡᠷᠭᠡ ᠶᠢ | ᠲᠣᠳᠣᠷᠬᠠᠢ ᠲᠣᠭᠲᠠᠭᠠᠬᠤ ᠬᠡᠷᠡᠭᠲᠡᠢ᠃ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠵᠠᠷᠤᠳᠠᠯ ᠢ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠤᠨ ᠲᠥᠰᠥᠪ ᠲᠤ ᠣᠷᠣᠭᠤᠯᠤᠨ ᠭᠦᠢᠴᠡᠳ ᠲᠤᠭ᠎ᠠ ᠪᠠᠷ | ᠪᠠᠲᠤᠯᠠᠵᠤ᠂ ᠬᠠᠮᠢᠶᠠᠷᠴᠤ ᠬᠠᠮᠠᠭᠠᠯᠠᠬᠤ ᠬᠤᠭᠤᠴᠠᠭ᠎ᠠ ᠶᠢ ᠲᠥᠷᠥᠯ ᠵᠦᠢᠯ ᠤᠨ ᠰᠢᠯᠭᠠᠨ ᠠᠪᠬᠤ ᠶᠢ ᠨᠤᠲᠠᠯᠠᠭᠰᠠᠨ | ᠴᠠᠭ ᠠᠴᠠ ᠡᠬᠢᠯᠡᠨ ᠪᠤᠳᠤᠵᠤ᠂ ᠬᠠᠮᠢᠶᠠᠷᠴᠤ ᠬᠠᠮᠠᠭᠠᠯᠠᠬᠤ ᠬᠤᠭᠤᠴᠠᠭ᠎ᠠ ᠶᠢ 3 ᠵᠢᠯ ᠠᠴᠠ ᠳᠤᠲᠠᠭᠤ ᠪᠠᠶᠢᠯᠭᠠᠵᠤ | ᠪᠣᠯᠬᠤ ᠦᠭᠡᠢ᠃ | ︵ᠠᠷᠪᠠᠨ ᠳᠥᠷᠪᠡ︶ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ | ᠤᠷᠤᠯᠴᠠᠭᠤᠯᠬᠤ ᠠᠵᠢᠯ ᠤᠨ ᠢᠲᠡᠭᠡᠮᠵᠢ ᠶᠢ ᠦᠨᠡᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠨᠤᠭᠤᠳ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ | ᠤᠷᠤᠯᠴᠠᠭᠤᠯᠬᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠲᠣᠭᠲᠠᠯᠴᠠᠭ᠎ᠠ ᠶᠢ ᠪᠠᠶᠢᠭᠤᠯᠤᠨ᠂ ᠨᠡᠶᠢᠭᠡᠮ ᠤᠨ | ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ︵ᠭᠡᠷ᠎ᠡ ᠭᠦᠢᠴᠡᠳᠬᠡᠬᠦ᠂ | ᠡᠷᠬᠢᠯᠡᠭᠰᠡᠨ ᠠᠵᠢᠯ ᠤᠨ ᠠᠵᠢᠯᠯᠠᠭ᠎ᠠ᠂ ᠦᠢᠯᠡᠴᠢᠯᠡᠬᠦ ᠣᠪᠣᠷ᠂ ᠢᠨᠵᠧᠨᠧᠷᠢᠩ ᠤᠨ ᠶᠠᠰᠤ ᠴᠢᠨᠠᠷ︶ ᠪᠠ ᠲᠥᠷᠥᠯ | ᠵᠦᠢᠯ ᠤᠨ ᠦᠷ᠎ᠡ ᠠᠰᠢᠭ ᠤᠨ ᠦᠨᠡᠯᠡᠯᠲᠡ ︵ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ | ᠠᠵᠤ ᠠᠬᠤᠢ ᠶᠢᠨ ᠦᠷ᠎ᠡ ᠠᠰᠢᠭ︶ ᠥᠷᠨᠢᠭᠦᠯᠵᠦ᠂ ᠦᠨᠡᠯᠡᠭᠰᠡᠨ ᠦᠷ᠎ᠡ ᠳ᠋ᠦᠩ ᠢ ᠨᠡᠶᠢᠭᠡᠮ ᠤᠨ ᠬᠥᠷᠥᠩᠭᠡ ᠶᠢᠨ | ᠲᠠᠯ᠎ᠠ ᠶᠢᠨ ᠬᠢᠨ ᠤ ᠣᠷᠤᠯᠴᠠᠬᠤ ᠲᠥᠷᠥᠯ ᠵᠦᠢᠯ ᠤᠨ ᠢᠲᠡᠭᠡᠮᠵᠢ ᠶᠢᠨ ᠲᠠᠰ ᠲᠤ ᠦᠨᠡᠯᠡᠯᠲᠡ ᠬᠢᠬᠦ ᠪᠠ ᠵᠠᠰᠠᠭ ᠤᠨ | ᠣᠷᠳᠣᠨ ᠤ ᠬᠢᠨ ᠨᠡᠶᠢᠭᠡᠮ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠠᠰᠢᠭ ᠣᠯᠵᠠᠪᠤᠷᠢ ᠶᠢ | ᠲᠣᠭᠲᠠᠭᠠᠬᠤ ᠦᠨᠳᠦᠰᠦᠯᠡᠯ ᠪᠣᠯᠭᠠᠵᠦ ᠪᠤᠯᠬᠤ ᠶᠢᠨ ᠬᠠᠮᠲᠤ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠨ᠎ᠡ᠃ | ︵ᠠᠷᠪᠠᠨ ᠲᠠᠪᠤ︶ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ | ᠡᠷᠬᠡ ᠶᠢᠨ ᠬᠠᠷᠢᠶᠠᠯᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠨᠡᠶᠢᠭᠡᠮ ᠤᠨ ᠬᠥᠷᠥᠩᠭᠡ ᠶᠢᠨ ᠤᠷᠤᠯᠴᠬᠠᠰᠠᠨ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠲᠦᠷᠦᠯ ᠵᠦᠢᠯ ᠤᠨ ᠬᠡᠪᠴᠢᠶᠡᠨ ᠳᠠᠬᠢ ᠬᠡᠷᠡᠭᠯᠡᠬᠦ ᠭᠠᠵᠠᠷ ᠨᠢ ᠣᠷᠣᠨ ᠵᠠᠢ ᠶᠢ | ᠰᠣᠯᠢᠬᠤ ᠪᠠ ᠪᠠᠶᠢᠷᠢᠰᠢᠭᠤᠯᠤᠯ ᠢ ᠰᠢᠯᠢᠳᠡᠭᠵᠢᠭᠦᠯᠬᠦ ᠳᠤ ᠬᠤᠯᠪᠣᠭᠳᠠᠪᠠᠯ᠂ ᠬᠠᠤᠯᠢ ᠲᠣᠭᠲᠠᠭᠠᠯ ᠶᠣᠰᠣᠭᠠᠷ ᠬᠢᠨᠠᠨ | ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠨ᠎ᠡ᠃ ᠲᠥᠷᠥᠯ ᠵᠦᠢᠯ ᠨᠢ ᠰᠢᠯᠭᠠᠨ ᠠᠪᠤᠯᠲᠠ ᠪᠠᠷ ᠴᠣᠬᠤᠯᠠᠪᠤᠷᠢᠯᠠᠭᠰᠠᠨ | ᠰᠠᠨᠠᠯ ᠢ ᠳᠤᠰᠤᠭᠰᠠᠨ ᠤ ᠳᠠᠷᠠᠭ᠎ᠠ᠂ ᠣᠨ ᠤ ᠭᠠᠵᠠᠷ ᠰᠢᠷᠣᠢ ᠶᠢᠨ ᠬᠤᠪᠢᠷᠠᠯᠲᠠ ᠶᠢᠨ ᠪᠠᠶᠢᠴᠠᠭᠠᠯᠲᠠ ᠪᠠᠷ | ᠳᠠᠮᠵᠢᠭᠤᠯᠤᠨ ᠭᠠᠵᠠᠷ ᠰᠢᠷᠣᠢ ᠶᠢᠨ ᠬᠡᠷᠡᠭᠯᠡᠯᠲᠡ ᠶᠢ ᠨᠢᠭᠡᠳᠦᠯᠲᠡᠢ ᠲᠣᠬᠢᠷᠠᠭᠤᠯᠵᠤ᠂ ᠥᠯᠥ ᠬᠥᠳᠡᠯᠬᠦ ᠬᠥᠷᠥᠩᠭᠡ ᠶᠢᠨ | ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠨᠢ ᠭᠠᠵᠠᠷ ᠰᠢᠷᠣᠢ ᠶᠢᠨ ᠬᠡᠷᠡᠭᠴᠡᠭᠡ ᠶᠢ ᠲᠣᠬᠢᠷᠠᠭᠤᠯᠬᠤ ᠪᠢᠴᠢᠭ ᠮᠠᠲ᠋ᠧᠷᠢᠶᠠᠯ ᠢ | ᠦᠨᠳᠦᠰᠦᠯᠡᠨ ᠬᠠᠮᠢᠶ᠎ᠠ ᠪᠦᠬᠦᠢ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠭᠦᠢᠴᠡᠳᠬᠡᠨ᠎ᠡ᠃ ᠬᠠᠮᠲᠤ ᠶᠢᠨ | ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠢ ᠲᠣᠬᠢᠷᠠᠭᠤᠯᠬᠤ ᠳᠤ ᠬᠤᠯᠪᠣᠭᠳᠠᠪᠠᠯ᠂ ᠳᠡᠰ ᠳᠠᠷᠠᠭᠠᠯᠠᠯ ᠤᠨ ᠶᠣᠰᠣᠭᠠᠷ | ᠡᠷᠬᠡ ᠠᠰᠢᠭ ᠤᠨ ᠡᠯ᠎ᠡ ᠲᠠᠯ᠎ᠠ ᠶᠢ ᠵᠣᠬᠢᠶᠠᠨ ᠪᠠᠶᠢᠭᠤᠯᠤᠨ ᠲᠣᠬᠢᠷᠠᠭᠤᠯᠤᠯᠲᠠ ᠶᠢᠨ ᠵᠥᠪᠯᠡᠯᠴᠡᠭᠡᠷ ᠲᠣᠭᠲᠠᠵᠤ᠂ ᠦᠯᠦ | ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠪᠠᠶᠢᠭᠤᠯᠤᠮᠵᠢ ᠨᠢ ᠬᠠᠤᠯᠢ ᠶᠣᠰᠣᠭᠠᠷ ᠦᠯᠦ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢ ᠭᠦᠢᠴᠡᠳᠬᠡᠬᠦ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠨᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠤᠨ ᠪᠠᠶᠢᠭ᠎ᠠ | ᠭᠠᠵᠠᠷ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠲᠠᠷᠢᠶᠠᠴᠢᠨ | ᠮᠠᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠵᠢᠭᠤᠷᠠᠯᠳᠤᠭᠠᠨ ᠡᠭᠦᠰᠬᠦ ᠦᠭᠡᠢ | ᠪᠠᠶᠢᠬᠤ ᠶᠢ ᠦᠨᠡᠨ ᠬᠦ ᠪᠠᠲᠤᠯᠠᠨ᠎ᠠ᠃ | ᠭᠤᠷᠪᠠ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ | ᠠᠵᠢᠯ ᠤᠨ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠬᠤ ᠶᠢ ᠠᠬᠢᠭᠤᠯᠤᠨ᠎ᠠ | ︵ᠠᠷᠪᠠᠨ ᠵᠢᠷᠭᠤᠭ᠎ᠠ︶ ᠭᠠᠵᠠᠷ ᠰᠢᠷᠣᠢ ᠬᠡᠷᠡᠭᠯᠡᠬᠦ ᠲᠠᠯ᠎ᠠ ᠪᠠᠷ ᠵᠥᠷᠢᠶᠡᠴᠢᠯᠡᠭᠰᠡᠨ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠤ ᠬᠢᠨ ᠨᠡᠶᠢᠭᠡᠮ ᠤᠨ ᠬᠥᠷᠥᠩᠭᠡ ᠶᠢᠨ | ᠣᠷᠣᠯᠴᠠᠭᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠳᠤ᠂ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠣᠷᠣᠨ ᠪᠦᠰᠡ ᠶᠢᠨ ᠳᠣᠲᠣᠷᠠᠬᠢ ᠡᠯ᠎ᠡ ᠲᠥᠷᠥᠯ ᠤᠨ ᠬᠡᠷᠡᠭᠯᠡᠬᠦ ᠭᠠᠵᠠᠷ ᠤᠨ ᠪᠦᠲᠦᠴᠡ᠂ | ᠪᠠᠶᠢᠷᠢᠰᠢᠭᠤᠯᠤᠯᠲᠠ ᠪᠠ ᠴᠠᠭ ᠤᠨ ᠳᠠᠷᠠᠭᠠᠯᠠᠯ ᠢ ᠵᠣᠬᠢᠰᠲᠠᠢ ᠲᠣᠬᠢᠷᠠᠭᠤᠯᠬᠤ ᠬᠡᠷᠡᠭᠲᠡᠢ︔ ᠠᠮᠢ ᠠᠬᠤᠢ ᠶᠢ ᠰᠡᠷᠭᠦᠭᠡᠬᠦ | ᠲᠥᠷᠥᠯ ᠵᠦᠢᠯ ᠤᠨ ᠣᠷᠣᠨ ᠤ ᠳᠣᠲᠣᠷᠠᠬᠢ ᠭᠠᠵᠠᠷ ᠰᠢᠷᠣᠢ ᠶᠢ ᠠᠰᠢᠭᠯᠠᠨ ᠵᠢᠭᠤᠯᠴᠢᠯᠠᠯ ᠪᠠ ᠡᠷᠡᠭᠦᠯᠵᠢᠯ | ᠰᠤᠪᠢᠯᠠᠯᠲᠠ ᠶᠢᠨ ᠦᠢᠯᠡᠴᠢᠯᠡᠭᠡᠨ ᠤ ᠠᠵᠤ ᠦᠢᠯᠡᠰ ᠢ ᠬᠥᠭᠵᠢᠭᠦᠯᠬᠦ ᠳᠤ ᠪᠠᠨ᠂ ᠲᠠᠲᠠᠪᠤᠷᠢᠯᠠᠬᠤ ᠦᠭᠡᠢ ᠪᠣᠯᠤᠭᠰᠠᠨ | ᠴᠦ ᠪᠣᠯᠬᠤ᠂ ᠰᠢᠯᠵᠢᠭᠦᠯᠦᠨ ᠬᠡᠷᠡᠭᠯᠡᠬᠦ ᠦᠭᠡᠢ ᠪᠠᠶᠢᠭᠰᠠᠨ ᠴᠦ ᠪᠣᠯᠬᠤ ᠨᠥᠬᠦᠴᠡᠯ ᠢ ᠬᠠᠩᠭᠠᠬᠤ ᠪᠠᠶᠢᠭᠠᠯᠢ ᠶᠢᠨ | ᠦᠵᠡᠮᠦᠷᠢ ᠪᠣᠯᠭᠠᠨ ᠬᠡᠷᠡᠭᠯᠡᠬᠦ ᠭᠠᠵᠠᠷ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠲᠠᠷᠢᠵᠦ | ᠤᠷᠭᠤᠭᠤᠯᠬᠤ᠂ ᠲᠡᠵᠢᠭᠡᠨ ᠦᠷᠡᠵᠢᠭᠦᠯᠬᠦ ᠳᠤ ᠬᠡᠷᠡᠭᠯᠡᠬᠦ ᠭᠠᠵᠠᠷ ᠪᠠ ᠦᠵᠡᠮᠵᠢ ᠪᠠᠭ᠋ᠠᠷᠬᠠᠬᠤ ᠭᠠᠵᠠᠷ᠂ ᠬᠥᠭᠦᠷᠭᠡᠨ | ᠵᠠᠮ ᠪᠠᠶᠢᠭᠤᠯᠬᠤ ᠵᠡᠷᠭᠡ ᠥᠨᠢᠳᠡ ᠶᠢᠨ ᠴᠢᠨᠠᠷᠲᠠᠢ ᠪᠤᠰᠤ ᠳᠠᠭᠠᠯᠲᠠ ᠪᠡᠯᠡᠳᠬᠡᠮᠵᠢ ᠶᠢᠨ ᠬᠡᠷᠡᠭᠯᠡᠬᠦ ᠭᠠᠵᠠᠷ ᠢ ᠣᠲᠣ ᠶᠢᠨ | ᠬᠡᠷᠡᠭᠴᠡᠭᠡ ᠪᠠᠷ ᠬᠠᠮᠢᠶᠠᠷᠴᠤ᠂ ᠪᠣᠳᠠᠲᠠᠢ ᠠᠷᠭ᠎ᠠ ᠬᠡᠮᠵᠢᠶ᠎ᠡ ᠲᠣᠭᠲᠠᠭᠠᠨ᠂ ᠡᠬᠡ ᠲᠠᠩᠰᠠ ᠶᠢᠨ ᠬᠠᠮᠢᠶᠠᠷᠤᠯᠲᠠ ᠳᠤ | ᠣᠷᠣᠭᠤᠯᠵᠤ᠂ ᠨᠡᠶᠢᠭᠡᠮ ᠤᠨ ᠬᠥᠷᠥᠩᠭᠡ ᠶᠢ ᠵᠢᠷᠤᠮᠵᠢᠭᠤᠯᠤᠨ ᠬᠡᠷᠡᠭᠯᠡᠭᠦᠯᠬᠦ ᠪᠠᠷ ᠵᠢᠯᠤᠭᠤᠳᠴᠤ᠂ ᠲᠡᠳᠡᠨ ᠤ ᠵᠦᠢ | ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ︔ ᠲᠥᠯᠥᠪᠦᠷᠢᠲᠡᠢ ᠰᠢᠯᠵᠢᠭᠦᠯᠬᠦ᠂ ᠲᠦᠷᠢᠶᠡᠰᠦᠯᠡᠭᠦᠯᠬᠦ ᠠᠷᠭ᠎ᠠ | ᠮᠠᠶ᠋ᠢᠭ ᠢᠶᠠᠷ ᠨᠡᠶᠢᠭᠡᠮ ᠤᠨ ᠬᠥᠷᠥᠩᠭᠡ ᠳᠤ ᠭᠠᠵᠠᠷ ᠰᠢᠷᠣᠢ ᠶᠢ ᠠᠮᠢᠳᠤᠯᠢᠭ ᠢᠶᠠᠷ ᠬᠠᠩᠭᠠᠬᠤ ᠶᠢ ᠵᠣᠷᠢᠭᠵᠢᠭᠤᠯᠵᠤ᠂ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠪᠠᠷ ᠬᠠᠩᠰᠢᠯᠠᠨ ᠪᠡᠯᠡ ᠭᠠᠷᠭᠠᠬᠤ᠂ ᠬᠤᠪᠢ ᠣᠷᠣᠭᠤᠯᠬᠤ ᠠᠷᠭ᠎ᠠ ᠮᠠᠶ᠋ᠢᠭ ᠢᠶᠠᠷ | ᠭᠠᠵᠠᠷ ᠰᠢᠷᠣᠢ ᠬᠠᠩᠭᠠᠵᠤ᠂ ᠨᠡᠶᠢᠭᠡᠮ ᠤᠨ ᠬᠥᠷᠥᠩᠭᠡ ᠯᠦᠭᠡ ᠬᠠᠮᠲᠤ ᠪᠠᠷ ᠪᠡᠯᠡ ᠣᠷᠣᠭᠤᠯᠤᠨ ᠪᠦᠲᠦᠭᠡᠨ | ᠪᠠᠶᠢᠭᠤᠯᠬᠤ ᠶᠢ ᠨᠢ ᠲᠡᠮᠵᠢᠨ᠎ᠡ᠃ | ︵ᠠᠷᠪᠠᠨ ᠳᠣᠯᠤᠭ᠎ᠠ︶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠭᠦᠢᠯᠭᠡᠭᠡᠨ ᠳᠤ | ᠣᠷᠣᠭᠤᠯᠤᠨ᠎ᠠ᠃ ᠡᠯ᠎ᠡ ᠭᠠᠵᠠᠷ ᠣᠷᠣᠨ ᠤ ᠬᠢᠨ ᠨᠡᠶᠢᠭᠡᠮ ᠤᠨ ᠬᠥᠷᠥᠩᠭᠡ ᠶᠢᠨ ᠣᠷᠣᠯᠴᠠᠭᠰᠠᠨ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠰᠤᠯᠠᠯᠠᠵᠤ ᠭᠠᠷᠭᠠᠭᠰᠠᠨ | ᠲᠥᠯᠦᠪᠵᠢᠭᠦᠯᠭᠡ ᠶᠢᠨ ᠬᠡᠪᠴᠢᠶᠡᠵᠢᠯ ᠪᠠ ᠡᠭᠦᠰᠦᠭᠰᠡᠨ ᠲᠠᠷᠢᠶᠠᠯᠠᠬᠤ ᠭᠠᠵᠠᠷ ᠢ ᠡᠵᠡᠯᠡᠵᠦ ᠨᠥᠬᠦᠪᠦᠷᠢᠯᠡᠬᠦ ᠶᠢ | ᠲᠡᠩᠴᠡᠭᠦᠷᠢᠰᠢᠭᠦᠯᠦᠭᠰᠡᠨ᠂ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠤᠭᠰᠠᠨ ᠵᠡᠷᠭᠡ ᠭᠦᠢᠴᠡᠳᠬᠡᠯ ᠲᠤᠭ᠎ᠠ ᠶᠢ | ᠭᠦᠢᠴᠡᠳ ᠬᠡᠷᠡᠭᠯᠡᠬᠦ ᠶᠢ ᠵᠥᠪᠰᠢᠶᠡᠷᠡᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠡᠷᠭᠦᠭᠡᠨ ᠵᠠᠰᠠᠭᠠᠳ | ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠭᠰᠠᠨ ᠪᠠᠶᠢᠪᠠᠯ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ | ᠭᠠᠵᠠᠷ ᠤᠨ ᠭᠦᠢᠴᠡᠳᠬᠡᠯ ᠲᠤᠭ᠎ᠠ ᠪᠣᠯᠭᠠᠨ ᠬᠡᠷᠡᠭᠯᠡᠵᠦ ᠪᠣᠯᠣᠨ᠎ᠠ︔ ᠰᠡᠷᠭᠦᠭᠡᠨ ᠵᠠᠰᠠᠭᠠᠳ ᠤᠷᠳᠤ ᠬᠤᠭᠤᠴᠠᠭᠠᠨ ᠤ | ᠪᠦᠳᠦᠮᠵᠢᠳᠡᠢ ᠲᠣᠭᠲᠠᠪᠤᠷᠢᠲᠠᠢ ᠠᠰᠢᠭᠯᠠᠬᠤ ᠲᠠᠷᠢᠶᠠᠯᠠᠬᠤ ᠭᠠᠵᠠᠷ ᠪᠤᠯᠭᠠᠨᠨᠰᠠᠨ ᠪᠣᠯ᠂ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠨᠢ ᠲᠡᠩᠴᠡᠭᠦᠷᠢᠰᠢᠭᠦᠯᠬᠦ ᠳᠤ ᠬᠡᠷᠡᠭᠯᠡᠵᠦ ᠪᠣᠯᠣᠨ᠎ᠠ︔ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ | ᠬᠤᠯᠪᠣᠭᠳᠠᠭᠤᠯᠬᠤ ᠲᠦᠷᠦᠯ ᠵᠦᠢᠯ ᠤᠨ ᠬᠡᠷᠡᠭᠵᠢᠭᠦᠯᠬᠦ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠡᠭᠦᠰᠦᠭᠰᠡᠨ | ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠤᠭᠰᠠᠨ ᠭᠦᠢᠴᠡᠳᠬᠡᠯ ᠲᠤᠭ᠎ᠠ ᠶᠢ ᠣᠷᠣᠨ ᠤ ᠳᠣᠲᠣᠷ᠎ᠠ | ᠡᠷᠭᠢᠯᠳᠦᠭᠦᠯᠦᠨ ᠠᠷᠠᠯᠵᠢᠶᠠᠯᠠᠵᠤ ᠪᠣᠯᠣᠨ᠎ᠠ᠃ ᠨᠥᠬᠦᠪᠦᠷᠢ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ | ᠬᠤᠯᠪᠣᠭᠳᠠᠭᠤᠯᠬᠤ ᠭᠦᠢᠴᠡᠳᠬᠡᠯ ᠲᠤᠭ᠎ᠠ ᠡᠭᠦᠰᠬᠦ ᠳᠤ ᠬᠤᠯᠪᠣᠭᠳᠠᠬᠤ ᠲᠦᠷᠦᠯ ᠵᠦᠢᠯ ᠪᠣᠯ᠂ ᠰᠡᠷᠭᠦᠭᠡᠬᠦ ᠲᠥᠰᠥᠯ ᠢ | ᠨᠠᠶᠢᠷᠠᠭᠤᠯᠤᠨ ᠵᠣᠬᠢᠶᠠᠬᠤ ᠳᠤ ᠪᠠᠨ ᠠᠰᠢᠭᠯᠠᠬᠤ ᠲᠥᠰᠥᠯ ᠪᠦᠬᠦᠢ ᠪᠦᠯᠦᠭ ᠬᠡᠰᠡᠭ ᠢ ᠠᠰᠲᠠᠭᠠᠨ ᠲᠣᠬᠢᠷᠠᠭᠤᠯᠵᠤ᠂ | ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠨ᠂ ᠰᠡᠷᠭᠦᠭᠡᠬᠦ ᠲᠥᠰᠥᠯ ᠢ ᠳᠠᠭᠠᠯᠳᠤᠭᠤᠯᠵᠤ ᠬᠠᠮᠲᠤ ᠳᠤ ᠨᠢ | ᠬᠡᠷᠡᠭᠵᠢᠭᠦᠯᠬᠦ ᠪᠠ ᠰᠢᠯᠭᠠᠨ ᠠᠪᠤᠭᠤᠯᠬᠤ ᠪᠠᠷ ᠴᠣᠬᠤᠯᠠᠪᠤᠷᠢᠯᠠᠵᠤ᠂ ᠳᠠᠭᠢᠵᠤ ᠲᠤᠰᠠᠭᠠᠷ ᠬᠢᠨᠠᠨ ᠵᠥᠪᠰᠢᠶᠡᠷᠡᠬᠦ ᠦᠭᠡᠢ᠃ | ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠭᠤᠷᠪᠠᠨ ᠲᠡᠰ ᠢᠶᠠᠷ ᠬᠠᠷᠭᠤᠭᠤᠯᠤᠨ ᠲᠣᠭᠲᠠᠭᠠᠬᠤ ᠪᠠ | ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠭᠦᠢᠴᠡᠳᠬᠡᠯ ᠲᠤᠭ᠎ᠠ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ | ᠬᠤᠯᠪᠣᠭᠳᠠᠭᠤᠯᠬᠤ ᠭᠦᠢᠴᠡᠳᠬᠡᠯ ᠲᠤᠭ᠎ᠠ ᠶᠢ ᠬᠥᠮᠥᠷᠭᠡ ᠳᠤ ᠣᠷᠣᠭᠤᠯᠤᠨ ᠬᠠᠮᠢᠶᠠᠷᠬᠤ ᠪᠠ ᠠᠷᠠᠯᠵᠢᠶᠠᠯᠠᠬᠤ ᠵᠡᠷᠭᠡ | ᠵᠠᠯᠭᠠᠮᠵᠢ ᠶᠢᠨ ᠠᠵᠢᠯ ᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠭᠦᠢᠴᠡᠳᠬᠡᠨ᠎ᠡ᠃ | ︵ᠠᠷᠪᠠᠨ ᠨᠠᠢᠮᠠ︶ ᠰᠢᠷᠣᠢ ᠴᠢᠯᠠᠭᠤᠨ ᠮᠠᠲ᠋ᠧᠷᠢᠶᠠᠯ ᠢ ᠵᠣᠬᠢᠰᠲᠠᠢ ᠠᠰᠢᠭᠯᠠᠨ᠎ᠠ᠃ ᠡᠯ᠎ᠡ ᠭᠠᠵᠠᠷ | ᠣᠷᠣᠨ ᠤ ᠬᠢᠨ ᠨᠡᠶᠢᠭᠡᠮ ᠤᠨ ᠬᠥᠷᠥᠩᠭᠡ ᠶᠢᠨ ᠣᠷᠣᠯᠴᠠᠭᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ | ᠵᠦᠢᠯ ᠤᠨ ᠪᠠᠷᠢᠯᠭ᠎ᠠ ᠶᠢᠨ ᠠᠵᠢᠯ ᠤᠨ ᠶᠠᠪᠤᠴᠠ ᠳᠤ ᠰᠢᠨ᠎ᠡ ᠪᠠᠷ ᠪᠤᠢ ᠪᠣᠯᠤᠭᠰᠠᠨ ᠰᠢᠷᠣᠢ ᠴᠢᠯᠠᠭᠤᠨ ᠮᠠᠲ᠋ᠧᠷᠢᠶᠠᠯ | ᠵᠢᠴᠢ ᠤᠭ ᠭᠠᠵᠠᠷ ᠲᠠᠬᠢ ᠦᠯᠡᠳᠡᠭᠳᠡᠯ ᠰᠢᠷᠣᠢ ᠴᠢᠯᠠᠭᠤᠨ ᠮᠠᠲ᠋ᠧᠷᠢᠶᠠᠯ᠂ ᠭᠤᠣᠯ ᠮᠥᠷᠡᠨ ᠨᠠᠭᠤᠷ ᠴᠥᠭᠦᠷᠥᠮ ᠤᠨ | ᠰᠢᠪᠠᠷ ᠰᠢᠷᠣᠢ ᠶᠢ ᠴᠡᠪᠡᠷᠯᠡᠵᠦ ᠯᠠᠶᠢᠳᠠᠵᠤ ᠨᠡᠪᠲᠡᠷᠡᠭᠦᠯᠦᠭᠡᠳ ᠡᠭᠦᠰᠦᠭᠰᠡᠨ ᠨᠦᠯᠦᠮᠡᠯ ᠰᠢᠪᠠᠷ᠂ ᠡᠯᠡᠰᠦ ᠰᠢᠪᠠᠷ ᠵᠢᠴᠢ | ᠴᠢᠨᠠᠷ ᠰᠠᠶᠢᠲᠠᠢ ᠦᠩᠬᠡᠨ ᠬᠥᠷᠥᠰᠥ ᠪᠠ ᠨᠤᠲᠤᠭ ᠤᠨ ᠤᠷᠭᠤᠮᠠᠯ ᠢ ᠲᠤᠰ ᠰᠡᠷᠭᠦᠭᠡᠬᠦ ᠢᠨᠵᠧᠨᠧᠷᠢᠩ ᠳᠤ ᠲᠥᠯᠥᠪᠦᠷᠢ | ᠦᠭᠡᠢ ᠪᠠᠷ ᠬᠡᠷᠡᠭᠯᠡᠭᠦᠯᠬᠦ ᠶᠢ ᠵᠥᠪᠰᠢᠶᠡᠷᠡᠵᠦ᠂ ᠥᠷᠲᠡᠭ ᠤᠨ ᠬᠠᠮᠢᠶᠠᠷᠤᠯᠲᠠ ᠳᠤ ᠣᠷᠣᠭᠤᠯᠤᠨ᠂ ᠦᠨᠡᠨ ᠬᠦ | ᠦᠯᠡᠳᠡᠪᠦᠷᠢ ᠲᠠᠢ ᠪᠣᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠵᠤ᠂ | ᠣᠷᠣᠯᠭ᠎ᠠ ᠵᠠᠷᠤᠯᠭ᠎ᠠ ᠶᠢ ᠠᠰ ᠲᠤ ᠨᠢ ᠪᠤᠳᠤᠵᠦ ᠬᠡᠷᠡᠭᠵᠢᠭᠦᠯᠦᠨ᠂ ᠰᠡᠷᠭᠦᠭᠡᠬᠦ ᠵᠥᠪᠯᠡᠯᠴᠡᠭᠡᠷ ᠲᠣᠭᠲᠠᠬᠤ | ᠦᠶ᠎ᠡ ᠳᠤ ᠪᠠᠨ ᠲᠣᠳᠣᠷᠬᠠᠶᠢᠯᠠᠬᠤ ᠬᠡᠷᠡᠭᠲᠡᠢ᠃ ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ ᠳᠤ ᠬᠤᠯᠪᠣᠭᠳᠠᠭᠰᠠᠨ | ᠪᠠᠶᠢᠪᠠᠯ᠂ ᠰᠡᠷᠭᠦᠭᠡᠬᠦ ᠲᠥᠰᠥᠯ ᠢ ᠨᠠᠶᠢᠷᠠᠭᠤᠯᠤᠨ ᠵᠣᠬᠢᠶᠠᠬᠤ ᠳᠤ ᠪᠠᠨ ᠠᠰᠢᠭᠯᠠᠬᠤ ᠲᠥᠰᠥᠯ ᠪᠦᠬᠦᠢ ᠪᠦᠯᠦᠭ | ᠬᠡᠰᠡᠭ ᠢ ᠠᠰᠲᠠᠭᠠᠨ ᠲᠣᠬᠢᠷᠠᠭᠤᠯᠤᠨ᠂ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠵᠤ᠂ ᠰᠡᠷᠭᠦᠭᠡᠬᠦ | ᠲᠥᠰᠥᠯ ᠢ ᠳᠠᠭᠠᠯᠳᠤᠭᠤᠯᠤᠨ ᠬᠠᠮᠲᠤ ᠪᠠᠷ ᠬᠠᠷᠢᠭᠤ ᠴᠣᠬᠤᠯᠲᠠ ᠥᠭᠴᠦ ᠬᠡᠷᠡᠭᠵᠢᠭᠦᠯᠦᠨ᠂ ᠳᠠᠭᠢᠵᠤ ᠠᠰ ᠲᠤ ᠨᠢ | ᠬᠢᠨᠠᠨ ᠵᠥᠪᠰᠢᠶᠡᠷᠡᠭᠦᠯᠬᠦ ᠦᠭᠡᠢ᠃ | ︵ᠠᠷᠪᠠ ᠶᠢᠰᠦ︶ ᠣᠢ ᠮᠣᠳᠣᠨ ᠤ ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠶᠢ ᠡᠭᠦᠳᠦᠨ᠎ᠡ᠃ ᠡᠯ᠎ᠡ | ᠭᠠᠵᠠᠷ ᠣᠷᠣᠨ ᠤ ᠬᠢᠨ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠨ ᠪᠠᠶᠢᠭᠤᠯᠤᠭᠰᠠᠨ ᠠᠮᠢ ᠠᠬᠤᠢ ᠶᠢᠨ ᠣᠶ | ᠵᠡᠷᠭᠡ ᠶᠢᠨ ᠵᠠᠯᠭᠠᠯᠳᠤᠭᠰᠠᠨ ᠲᠠᠯᠠᠪᠠᠶ ᠨᠢ ᠵᠣᠬᠢᠬᠤ ᠬᠡᠪᠴᠢᠶᠡᠵᠢᠯ ᠪᠠ ᠵᠢᠱᠢᠭᠰᠡᠨ ᠬᠠᠷᠠᠯᠲᠠ ᠳᠤ ᠬᠦᠷᠦᠭᠰᠡᠨ ᠪᠠᠶᠢᠪᠠᠯ᠂ | ᠲᠥᠷᠥᠯ ᠵᠦᠢᠯ ᠤᠨ ᠣᠷᠣᠨ ᠤ ᠳᠣᠲᠣᠷᠠᠬᠢ ᠶᠡᠷᠦᠩᠬᠡᠢ ᠰᠡᠷᠭᠦᠭᠡᠨ ᠵᠠᠰᠠᠭᠰᠠᠨ ᠲᠠᠯᠠᠪᠠᠶ ᠶᠢᠨ 1% ᠠᠴᠠ | ᠬᠡᠲᠦᠷᠡᠭᠦᠯᠬᠦ ᠦᠭᠡᠢ ᠰᠡᠷᠭᠦᠭᠡᠨ ᠵᠠᠰᠠᠬᠤ ᠲᠠᠯᠠᠪᠠᠢ ᠶᠢ ᠠᠰᠢᠭᠯᠠᠵᠤ ᠪᠠᠶᠢᠭᠠᠳ ᠠᠮᠢ ᠠᠬᠤᠢ ᠶᠢᠨ ᠠᠵᠤ ᠦᠢᠯᠡᠰ ᠲᠤ | ᠬᠡᠷᠡᠭᠯᠡᠬᠦ ᠭᠠᠵᠠᠷ ᠪᠣᠯᠭᠠᠵᠤ᠂ ᠵᠤᠭᠠᠴᠠᠨ ᠦᠵᠡᠬᠦ ᠪᠠ ᠰᠡᠯᠡᠭᠦᠴᠡᠨ ᠠᠮᠠᠷᠠᠬᠤ ᠵᠢᠭᠤᠯᠴᠢᠯᠠᠯ᠂ ᠡᠳ᠋ᠰᠢᠭᠦᠯᠵᠦ | ᠭᠦᠢᠯᠭᠡᠭᠡᠬᠦ ᠵᠡᠷᠭᠡ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠨ᠂ ᠬᠠᠤᠯᠢ ᠶᠣᠰᠣᠭᠠᠷ ᠬᠠᠮᠢᠶ᠎ᠠ ᠪᠦᠬᠦᠢ ᠭᠠᠷᠳᠠᠮ ᠢ | ᠭᠦᠢᠴᠡᠳᠬᠡᠵᠦ ᠪᠣᠯᠣᠨ᠎ᠠ᠃ ᠨᠡᠶᠢᠭᠡᠮ ᠤᠨ ᠬᠥᠷᠥᠩᠭᠡ ᠶᠢᠨ ᠤᠷᠤᠯᠴᠬᠠᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ | ᠲᠥᠷᠥᠯ ᠵᠦᠢᠯ ᠤᠨ ᠪᠦᠲᠦᠭᠡᠨ ᠪᠠᠶᠢᠭᠤᠯᠬᠤ ᠬᠡᠷᠡᠭᠴᠡᠭᠡ ᠪᠠ ᠠᠮᠢ ᠠᠬᠤᠢ ᠶᠢᠨ ᠠᠵᠤ ᠦᠢᠯᠡᠰ ᠨᠢ ᠣᠶᠢᠲᠤ ᠭᠠᠵᠠᠷ | ᠪᠠ ᠣᠶ ᠮᠣᠳᠣ ᠶᠢ ᠣᠭᠲᠣᠯᠬᠤ ᠳᠤ ᠬᠤᠯᠪᠣᠭᠳᠠᠭᠰᠠᠨ ᠪᠠᠶᠢᠪᠠᠯ᠂ ᠣᠶᠢᠲᠤ ᠭᠠᠵᠠᠷ ᠤᠨ ᠲᠣᠭᠲᠠᠭᠰᠠᠨ ᠨᠣᠷᠮ᠎ᠠ ᠵᠢᠴᠢ | ᠣᠶ ᠮᠣᠳᠣ ᠣᠭᠲᠣᠯᠬᠤ ᠬᠢᠵᠠᠭᠠᠷ ᠲᠤᠭ᠎ᠠ ᠶᠢ ᠤᠷᠢᠳ ᠢᠶᠠᠷ ᠪᠠᠲᠤᠯᠠᠭᠰᠠᠨ ᠪᠠᠶᠢᠬᠤ ᠬᠡᠷᠡᠭᠲᠡᠢ᠃ ᠣᠶᠢᠲᠤ ᠭᠠᠵᠠᠷ᠂ | ᠣᠶ ᠮᠣᠳᠣ ᠶᠢ ᠰᠢᠯᠵᠢᠭᠦᠯᠦᠨ ᠡᠷᠭᠢᠯᠳᠦᠭᠦᠯᠬᠦ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠰᠢᠯᠵᠢᠭᠦᠯᠦᠨ | ᠡᠷᠭᠢᠯᠳᠦᠭᠦᠯᠬᠦ ᠪᠠ ᠡᠵᠡᠩᠨᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠥᠮᠴᠢᠯᠡᠬᠦ ᠡᠷᠬᠡ ᠶᠢᠨ | ᠠᠷᠠᠯᠵᠢᠶᠠᠯᠠᠬᠤ ᠲᠠᠪᠴᠠᠩ ᠢ ᠪᠠᠶᠢᠭᠤᠯᠤᠨ ᠪᠦᠷᠢᠨᠰᠢᠭᠦᠯᠵᠦ᠂ ᠢᠯᠡ ᠵᠠᠬ᠎ᠠ ᠳᠡᠯᠭᠡᠭᠦᠷ ᠤᠨ ᠠᠷᠠᠯᠵᠢᠶ᠎ᠠ ᠶᠢ ᠳᠡᠮᠵᠢᠵᠦ᠂ | ᠣᠶ ᠰᠢᠭᠤᠢ ᠶᠢᠨ ᠡᠷᠬᠡ ᠶᠢ ᠡᠮᠬᠢ ᠵᠢᠷᠤᠮ ᠲᠠᠢ ᠪᠠᠷ ᠰᠢᠯᠵᠢᠭᠦᠯᠦᠨ ᠡᠷᠭᠢᠯᠳᠦᠭᠦᠯᠬᠦ ᠶᠢ ᠪᠠᠲᠤᠯᠠᠬᠤ ᠬᠡᠷᠡᠭᠲᠡᠢ᠃ ᠠᠮᠢ | ᠠᠬᠤᠢ ᠶᠢᠨ ᠴᠢᠳᠠᠮᠵᠢ ᠶᠢ ᠡᠪᠳᠡᠬᠦ ᠦᠭᠡᠢ᠂ ᠠᠮᠢ ᠠᠬᠤᠢ ᠶᠢᠨ ᠨᠡᠶᠢᠲᠡ ᠶᠢᠨ ᠠᠰᠠᠷᠠᠮᠵᠢ ᠶᠢᠨ ᠣᠶ ᠶᠢᠨ ᠰᠢᠨᠵᠢ | ᠴᠢᠨᠠᠷ ᠢ ᠬᠤᠪᠢᠷᠠᠭᠤᠯᠬᠤ ᠦᠭᠡᠢ ᠪᠠᠶᠢᠬᠤ ᠤᠷᠢᠲᠠᠯ ᠳᠣᠣᠷ᠎ᠠ᠂ ᠳᠠᠭᠠᠭᠠᠴᠢᠯᠠᠬᠤ᠂ ᠪᠡᠯᠡ ᠨᠡᠶᠢᠯᠡᠭᠦᠯᠦᠨ ᠬᠤᠷᠰᠢᠬᠤ᠂ | ᠲᠦᠷᠢᠶᠡᠰᠦᠯᠡᠭᠦᠯᠬᠦ ᠠᠷᠭ᠎ᠠ ᠮᠠᠶ᠋ᠢᠭ ᠢ ᠠᠪᠴᠤ ᠣᠶ ᠶᠢᠨ ᠬᠤᠷᠮᠣᠢ ᠶᠢᠨ ᠲᠠᠷᠢᠵᠤ ᠲᠡᠵᠢᠭᠡᠬᠦ ᠦᠢᠯᠡᠰ ᠪᠠ ᠣᠶ | ᠰᠢᠭᠤᠢ ᠶᠢᠨ ᠵᠢᠭᠤᠯᠴᠢᠯᠠᠯ ᠤᠨ ᠦᠢᠯᠡᠰ ᠢ ᠬᠥᠭᠵᠢᠭᠦᠯᠵᠦ ᠪᠣᠯᠣᠨ᠎ᠠ᠃ | ︵ᠬᠤᠷᠢ︶ ᠨᠡᠭᠦᠷᠡᠰᠦᠲᠥ᠋ᠷᠥᠭᠴᠢ ᠬᠤᠷᠠᠭᠤᠯᠬᠤ ᠦᠢᠯᠡᠳᠬᠦᠨ ᠤ ᠥᠷᠲᠡᠭ ᠢ ᠪᠡᠶᠡᠯᠡᠭᠦᠯᠬᠦ ᠵᠠᠭᠪᠤᠷ ᠢ | ᠰᠦᠪᠡᠭᠴᠢᠯᠡᠨ᠎ᠡ᠃ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠵᠤ ᠪᠠᠶᠢᠭᠠᠳ ᠣᠶ ᠰᠢᠭᠤᠢ᠂ ᠨᠤᠲᠤᠭ ᠪᠡᠯᠴᠢᠭᠡᠷ᠂ | ᠨᠤᠭᠤ ᠭᠠᠵᠠᠷ ᠵᠡᠷᠭᠡ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠳᠤ ᠪᠡᠯᠡ ᠤᠷᠤᠭᠤᠯᠬᠤ | ᠶᠠᠪᠤᠴᠠ ᠳᠤ ᠪᠠᠨ ᠨᠡᠭᠦᠷᠡᠰᠦᠲᠥ᠋ᠷᠥᠭᠴᠢ ᠬᠤᠷᠠᠭᠤᠯᠬᠤ ᠲᠥᠷᠥᠯ ᠵᠦᠢᠯ ᠢ ᠨᠡᠭᠡᠭᠡᠨ ᠬᠥᠭᠵᠢᠭᠦᠯᠵᠦ᠂ | ᠨᠡᠭᠦᠷᠡᠰᠦᠲᠥ᠋ᠷᠥᠭᠴᠢ ᠬᠤᠷᠠᠭᠤᠯᠬᠤ ᠦᠢᠯᠡᠳᠬᠦᠨ ᠢ ᠨᠡᠭᠡᠭᠡᠨ ᠬᠥᠭᠵᠢᠭᠦᠯᠬᠦ ᠡᠷᠴᠢᠮ ᠢ ᠴᠢᠩᠭᠠᠷᠠᠭᠤᠯᠤᠨ᠂ | ᠤᠯᠤᠰ ᠤᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ | ᠲᠥᠷᠥᠯ ᠵᠦᠢᠯ ᠢ ᠭᠤᠶᠤᠴᠢᠯᠠᠬᠤ ᠪᠠ ᠰᠠᠶᠢᠨ ᠳᠤᠷ᠎ᠠ ᠠᠴᠠ ᠪᠠᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠡᠮᠵᠢᠶ᠎ᠡ | ︵CCER︶ ᠶᠢ ᠬᠢᠨᠠᠨ ᠬᠠᠷᠭᠤᠭᠤᠯᠵᠤ ᠪᠦᠷᠢᠳᠬᠡᠨ ᠳᠠᠩᠰᠠᠯᠠᠭᠤᠯᠵᠤ᠂ ᠪᠥᠬᠦ ᠤᠯᠤᠰ ᠤᠨ | ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠳᠤ ᠣᠷᠣᠯᠴᠠᠨ᠂ ᠠᠮᠢ ᠠᠬᠤᠢ ᠶᠢᠨ | ᠦᠢᠯᠡᠳᠬᠦᠨ ᠤ ᠥᠷᠲᠡᠭ ᠢ ᠨᠢ ᠥᠷᠭᠡᠳᠬᠡᠬᠦ ᠪᠠᠷ ᠳᠠᠮᠵᠢᠭᠤᠯᠤᠨ ᠬᠡᠪᠴᠢᠶᠡᠵᠢᠯ ᠢ ᠨᠢ ᠪᠡᠶᠡᠯᠡᠭᠦᠯᠵᠦ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠲᠣᠭᠲᠠᠪᠤᠷᠢᠵᠢᠭᠤᠯᠬᠤ ᠴᠢᠳᠠᠪᠤᠷᠢ ᠶᠢ | ᠮᠡᠳᠡᠭᠳᠡᠬᠦ᠋ᠢᠴᠡ ᠳᠡᠭᠡᠭᠰᠢᠯᠡᠭᠦᠯᠦᠨ᠎ᠡ᠃ | ︵ᠬᠤᠷᠢᠨ ᠨᠢᠭᠡ︶ ᠡᠳ᠋ ᠤᠨ ᠵᠠᠰᠠᠭ ᠤᠨ ᠬᠥᠲᠥᠯᠥᠨ ᠵᠢᠯᠤᠭᠤᠳᠬᠤ ᠪᠠ ᠳᠠᠶᠢᠴᠢᠯᠠᠬᠤ ᠦᠢᠯᠡᠳᠦᠯ ᠢ | ᠪᠠᠳᠠᠷᠠᠭᠤᠯᠤᠨ᠎ᠠ᠃ ᠲᠣᠭᠲᠠᠮᠠᠯ ᠡᠵᠡᠩᠨᠡᠯᠲᠡ ᠶᠢᠨ ᠴᠢᠨᠠᠷᠲᠠᠢ ᠣᠷᠣᠯᠭ᠎ᠠ ᠲᠠᠢ ᠳᠥᠷᠦᠯ ᠵᠦᠢᠯ ᠳᠤ᠂ ᠠᠶᠢᠮᠠᠭ ᠤᠨ | ᠵᠠᠬᠢᠷᠭ᠎ᠠ᠂ ᠬᠤᠳᠡ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠳᠡ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠢ ᠵᠣᠷᠢᠭᠵᠢᠭᠤᠯᠵᠤ ᠪᠠᠶᠢᠭᠠᠳ ᠵᠠᠰᠠᠭ ᠤᠨ ᠣᠷᠳᠣᠨ ᠪᠠ ᠨᠡᠶᠢᠭᠡᠮ ᠤᠨ | ᠬᠥᠷᠥᠩᠭᠡ ᠶᠢᠨ ᠬᠠᠮᠲᠤᠷᠠᠯᠴᠠᠭ᠎ᠠ ︵PPP︶ ᠵᠡᠷᠭᠡ ᠵᠠᠭᠪᠤᠷ ᠢᠶᠠᠷ ᠳᠠᠮᠵᠢᠭᠤᠯᠤᠨ᠂ ᠨᠡᠶᠢᠭᠡᠮ ᠤᠨ ᠬᠥᠷᠥᠩᠭᠡ ᠶᠢ | ᠣᠷᠣᠭᠤᠯᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠢ ᠥᠷᠨᠢᠭᠦᠯᠵᠦ᠂ ᠨᠥᠬᠦᠴᠡᠯ ᠳᠤ ᠨᠡᠶᠢᠴᠡᠬᠦ ᠳᠤ ᠨᠢ | ᠲᠣᠭᠲᠠᠭᠠᠯ ᠶᠣᠰᠣᠭᠠᠷ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠠᠷᠪᠢᠯᠠᠵᠤ ᠤᠰᠤ ᠭᠠᠮᠨᠠᠬᠤ᠂ ᠭᠠᠶᠢᠯᠢ | ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠭᠡᠵᠦ ᠪᠣᠯᠣᠨ᠎ᠠ᠃ | ᠨᠡᠶᠢᠭᠡᠮ ᠤᠨ ᠬᠥᠷᠥᠩᠭᠡ ᠶᠢᠨ ᠣᠷᠣᠯᠴᠠᠭᠰᠠᠨ ᠣᠶ ᠰᠢᠭᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠵᠢᠭᠡᠯᠡᠯᠭᠡ ᠳᠤ ᠳᠠᠮ ᠬᠦᠦ ᠮᠥᠩᠭᠦ ᠥᠭᠬᠦ᠂ ᠠᠵᠤ | ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ᠂ ᠣᠶ ᠰᠢᠭᠤᠢ ᠶᠢᠨ ᠳᠠᠭᠠᠳᠬᠠᠯ ᠤᠨ | ᠵᠠᠷᠤᠳᠠᠯ ᠤᠨ ᠨᠡᠮᠡᠭᠦᠷᠢ ᠶᠢ ᠬᠦᠷᠲᠡᠭᠡᠵᠦ᠂ ᠤᠢ ᠰᠢᠭᠤᠢ ᠶᠢᠨ ᠦᠢᠯᠡᠰ ᠤᠨ ppp ᠲᠥᠷᠥᠯ ᠵᠦᠢᠯ ᠤᠨ | ᠲᠦᠭᠰᠢᠭᠦᠷᠢ ᠶᠢ ᠪᠠᠭᠤᠷᠠᠭᠤᠯᠵᠤ᠂ ᠲᠥᠷᠥᠯ ᠵᠦᠢᠯ ᠤᠨ ᠠᠰᠢᠭ ᠣᠯᠵᠠᠪᠤᠷᠢ ᠶᠢᠨ ᠴᠢᠳᠠᠪᠤᠷᠢ ᠶᠢ ᠨᠡᠮᠡᠭᠳᠡᠭᠦᠯᠬᠦ | ᠬᠡᠷᠡᠭᠲᠡᠢ᠃ ᠲᠠᠷᠢᠶᠠᠯᠠᠩ ᠤᠨ ᠡᠵᠡᠩᠨᠡᠯᠲᠡ ᠳᠤ ᠨᠡᠶᠢᠭᠡᠮ ᠤᠨ ᠬᠥᠷᠥᠩᠭᠡ ᠣᠷᠣᠯᠴᠠᠭᠰᠠᠨ ᠪᠠᠶᠢᠪᠠᠯ᠂ ᠲᠣᠭᠲᠠᠭᠠᠯ | ᠶᠣᠰᠣᠭᠠᠷ ᠦᠢᠯᠡᠳᠪᠦᠷᠢᠯᠡᠭᠴᠢ ᠶᠢᠨ ᠨᠡᠮᠡᠭᠦᠷᠢ᠂ ᠲᠠᠷᠢᠶᠠᠯᠠᠩ ᠤᠨ ᠵᠢᠭᠡᠯᠡᠯᠭᠡ ᠶᠢᠨ ᠳᠠᠮ ᠬᠦᠦ ᠶᠢᠨ ᠨᠥᠬᠦᠪᠦᠷᠢ ᠪᠠ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠡᠮᠡᠭᠦᠷᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠬᠦᠷᠲᠡᠭᠡᠵᠦ ᠪᠣᠯᠣᠨ᠎ᠠ᠃ | ᠳᠥᠷᠪᠡ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ | ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ | ︵ᠬᠤᠷᠢᠨ ᠬᠤᠶᠠᠷ︶ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠠᠵᠢᠯ ᠢ ᠨᠢᠭᠡᠳᠦᠯᠲᠡᠢ | ᠲᠥᠯᠥᠪᠯᠡᠨ ᠵᠣᠬᠢᠴᠠᠭᠤᠯᠵᠤ ᠰᠢᠮᠳᠠᠭᠤᠯᠤᠨ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ᠂ ᠬᠥᠭᠵᠢᠭᠦᠯᠦᠯᠲᠡ ᠪᠠ | ᠥᠭᠡᠷᠡᠴᠢᠯᠡᠯᠲᠡ᠂ ᠠᠮᠢ ᠠᠬᠤᠢ ᠣᠷᠴᠢᠨ ᠲᠣᠭᠤᠷᠢᠨ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ᠂ ᠡᠨᠧᠷᠭᠢ᠂ ᠣᠶ ᠰᠢᠭᠤᠢ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ | ᠣᠷᠣᠯᠴᠠᠭᠰᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ | ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠶᠠᠪᠤᠴᠠ ᠳᠠᠬᠢ ᠴᠢᠬᠤᠯᠠ ᠶᠡᠭᠡ ᠵᠦᠢᠯᠡᠰ ᠪᠠ | ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ | ︵ᠬᠤᠷᠢᠨ ᠭᠤᠷᠪᠠ︶ ᠵᠢᠱᠢᠶ᠎ᠡ ᠦᠵᠡᠭᠦᠯᠦᠨ ᠬᠥᠲᠥᠯᠥᠨ ᠵᠢᠯᠤᠭᠤᠳᠬᠤ ᠪᠠᠨ ᠴᠢᠩᠭᠠᠳᠬᠠᠨ᠎ᠠ᠃ ᠡᠯ᠎ᠡ | ᠭᠠᠵᠠᠷ ᠣᠷᠣᠨ ᠨᠢ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠭᠠᠵᠠᠷ ᠣᠷᠣᠨ ᠳᠤ ᠪᠠᠨ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ ᠤᠷᠤᠯᠴᠠᠭᠤᠯᠬᠤ ᠲᠠᠯ᠎ᠠ ᠪᠠᠷ ᠲᠦᠷᠦᠯ ᠵᠦᠢᠯ ᠤᠨ | ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠢᠨᠵᠧᠨᠧᠷᠢᠩ ᠭᠠᠷᠭᠠᠬᠤ ᠶᠢ ᠵᠣᠷᠢᠭᠵᠢᠭᠤᠯᠵᠤ᠂ ᠵᠢᠱᠢᠶ᠎ᠡ | ᠦᠵᠡᠭᠦᠯᠵᠦ ᠬᠥᠲᠥᠯᠥᠨ ᠵᠢᠯᠤᠭᠤᠳᠬᠤ ᠪᠠᠨ ᠴᠢᠩᠭᠠᠷᠠᠭᠤᠯᠤᠨ᠂ ᠲᠤᠷᠰᠢᠯᠭ᠎ᠠ ᠠᠷᠭ᠎ᠠ ᠬᠢᠳᠡᠯ ᠢ ᠰᠦᠪᠡᠭᠴᠢᠯᠡᠨ᠎ᠡ᠃ | ᠲᠥᠪ ᠠᠵᠤ ᠠᠬᠤᠶᠢᠯᠠᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠨᠢᠷᠤᠭᠤᠪᠴᠢ ᠠᠵᠤ ᠠᠬᠤᠶᠢᠯᠠᠯ ᠤᠨ | ᠲᠦᠷᠦᠭᠦᠯᠡᠨ ᠬᠢᠵᠦ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠤᠲᠤᠭ ᠤᠨ ᠠᠵᠤ | ᠠᠬᠤᠶᠢᠯᠠᠯ ᠤᠨ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠡᠯ᠎ᠡ ᠲᠦᠷᠦᠯ ᠤᠨ ᠬᠥᠷᠥᠩᠭᠡ ᠪᠠ ᠠᠵᠤ | ᠦᠢᠯᠡᠰ ᠤᠨ ᠬᠠᠮᠵᠢᠯᠴᠠᠭ᠎ᠠ ᠶᠢ ᠠᠬᠢᠭᠤᠯᠤᠨ᠎ᠠ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠤᠨᠤᠯ ᠪᠠ ᠠᠷᠭ᠎ᠠ ᠵᠡᠷᠭᠡ | ᠰᠠᠭᠤᠷᠢ ᠰᠤᠳᠤᠯᠭᠠᠨ᠂ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠬᠤᠷᠠᠮᠳᠤᠭᠤᠯᠤᠨ ᠵᠢᠱᠢᠶ᠎ᠡ | ᠦᠵᠡᠭᠦᠯᠵᠦ ᠳᠡᠯᠭᠡᠷᠡᠭᠦᠯᠬᠦ ᠠᠵᠢᠯᠯᠠᠭᠠᠨ ᠥᠷᠨᠢᠭᠦᠯᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ | ᠴᠢᠳᠠᠪᠤᠷᠢᠲᠠᠨ ᠤ ᠱᠠᠲᠤᠯᠵᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠬᠦ ᠵᠢᠭᠠᠬᠤ | ᠰᠤᠳᠤᠯᠬᠤ ᠬᠡᠷᠡᠭᠯᠡᠬᠦ ᠶᠢ ᠤᠶᠠᠯᠳᠤᠭᠤᠯᠤᠭᠰᠠᠨ ᠰᠠᠶᠢᠨ ᠰᠠᠶᠢᠬᠠᠨ ᠬᠥᠭᠵᠢᠯᠲᠡ ᠶᠢᠨ ᠲᠣᠭᠲᠠᠴᠠ ᠶᠢ ᠪᠠᠶᠢᠭᠤᠯᠤᠨ᠎ᠠ᠃ | ︵ᠬᠤᠷᠢᠨ ᠳᠥᠷᠪᠡ︶ ᠬᠢᠨᠠᠯᠲᠠ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠨ᠎ᠠ᠃ ᠡᠯ᠎ᠡ ᠠᠶᠢᠮᠠᠭ ᠤᠨ | ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠲᠦᠷᠦᠯ ᠵᠦᠢᠯ ᠢ ᠬᠡᠷᠡᠭᠵᠢᠭᠦᠯᠬᠦ ᠪᠦᠬᠦ ᠶᠠᠪᠤᠴᠠ ᠶᠢ | ᠬᠠᠮᠤᠷᠤᠭᠰᠠᠨ ᠲᠦᠷᠦᠯ ᠵᠦᠢᠯ ᠤᠨ ᠬᠠᠤᠯᠢ ᠶᠢᠨ ᠡᠲᠡᠭᠡᠳ ᠤᠨ ᠳᠦᠷᠢᠮ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠳᠦᠷᠢᠮ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ | ᠳᠦᠷᠢᠮ᠂ ᠭᠡᠷ᠎ᠡ ᠶᠢᠨ ᠬᠠᠮᠢᠶᠠᠷᠤᠯᠲᠠ ᠶᠢᠨ ᠳᠦᠷᠢᠮ᠂ ᠰᠢᠯᠭᠠᠨ ᠠᠪᠬᠤ ᠳᠦᠷᠢᠮ ᠵᠢᠴᠢ ᠰᠡᠭᠦᠯᠴᠢ ᠶᠢᠨ | ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠵᠤ | ᠲᠣᠭᠲᠠᠭᠠᠨ ᠲᠡᠭᠦᠯᠳᠡᠷᠵᠢᠭᠦᠯᠵᠦ᠂ ᠨᠡᠶᠢᠭᠡᠮ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ | ᠵᠢᠷᠤᠮᠵᠢᠭᠤᠯᠤᠨ᠂ ᠠᠮᠢ ᠠᠬᠤᠢ ᠶᠢ ᠰᠡᠷᠭᠦᠭᠡᠬᠦ ᠨᠡᠷ᠎ᠡ ᠪᠠᠷ ᠬᠠᠤᠯᠢ ᠶᠢ ᠵᠥᠷᠢᠴᠡᠨ ᠠᠭᠤᠷᠬᠠᠢ ᠮᠠᠯᠲᠠᠨ ᠭᠠᠵᠠᠷ ᠡᠵᠡᠯᠡᠬᠦ | ᠦᠢᠯᠡ ᠦᠢᠯᠡᠳᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ | ᠲᠥᠷᠥᠯ ᠵᠦᠢᠯ ᠤᠨ ᠪᠥᠬᠦ ᠴᠤᠪᠤᠷᠠᠯ ᠤᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ | ᠭᠦᠢᠴᠡᠳᠬᠡᠵᠦ᠂ ᠲᠥᠷᠥᠯ ᠵᠦᠢᠯ ᠢ ᠨᠠᠶᠢᠷᠠᠭᠤᠯᠤᠨ ᠵᠣᠬᠢᠶᠠᠬᠤ᠂ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ᠂ | ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠬᠢᠨᠠᠮᠠᠭᠠᠢ ᠰᠠᠶᠢᠲᠤᠷ ᠬᠢᠵᠦ᠂ ᠬᠡᠰᠡᠭ | ᠪᠤᠰᠠᠭ ᠢᠶᠠᠷ ᠵᠠᠰᠠᠬᠤ᠂ ᠣᠶ ᠰᠢᠭᠤᠢ ᠨᠤᠲᠤᠭ ᠪᠡᠯᠴᠢᠭᠡᠷ ᠤᠨ ᠬᠡᠪ ᠤᠨ ᠪᠠᠶᠢᠳᠠᠯ ᠢ ᠠᠯᠳᠠᠭᠤᠯᠬᠤ ᠵᠡᠷᠭᠡ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠬᠡᠯᠪᠡᠷᠢᠴᠢ ᠦᠵᠡᠯ ᠤᠨ ᠦᠶ᠋ᠯᠡ ᠠᠵᠢᠯᠯᠠᠭ᠎ᠠ ᠶᠢ ᠰᠡᠷᠭᠡᠶᠢᠯᠡᠬᠦ ᠬᠡᠷᠡᠭᠲᠡᠢ᠃ ᠡᠯ᠎ᠡ | ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ᠂ ᠠᠮᠢ ᠠᠬᠤᠢ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ ᠣᠶ ᠰᠢᠭᠤᠢ | ᠪᠠ ᠨᠤᠲᠤᠭ ᠪᠡᠯᠴᠢᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ | ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ᠂ ᠬᠠᠮᠢᠶ᠎ᠠ ᠪᠦᠬᠦᠢ ᠲᠥᠬᠦᠷ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠵᠦ᠂ ᠠᠵᠢᠯᠯᠠᠬᠤ ᠲᠠᠰ ᠳᠠᠷᠠᠭᠠᠯᠠᠯ ᠢ ᠨᠠᠷᠢᠯᠢᠭᠵᠢᠭᠤᠯᠤᠨ᠂ ᠠᠵᠢᠯ ᠤᠨ | ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠨᠡᠶᠢᠭᠡᠮ ᠤᠨ ᠬᠥᠷᠥᠩᠭᠡ ᠶᠢ | ᠤᠷᠤᠯᠴᠠᠭᠤᠯᠬᠤ ᠠᠵᠢᠯ ᠢ ᠬᠠᠮᠵᠢᠯᠴᠠᠨ ᠠᠬᠢᠭᠤᠯᠵᠤ ᠪᠠᠶᠢᠭᠠᠳ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ | | ᠳᠠᠭᠠᠯᠳᠤᠭᠤᠯᠤᠯ | 1. × × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ × × ᠠᠮᠢ ᠠᠬᠤᠢ ᠶᠢ ᠰᠡᠷᠭᠦᠭᠡᠬᠦ | ᠲᠦᠷᠦᠯ ᠵᠦᠢᠯ ᠤᠨ ᠵᠠᠬ᠎ᠠ ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠥᠰᠥᠯ ︵ᠯᠠᠪᠯᠠᠯᠲᠠ ᠶᠢᠨ ᠲᠣᠪᠴᠢ︶ | 2. × × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ × × ᠥᠩᠭᠡᠷᠡᠭᠰᠡᠨ ᠠᠴᠠ | ᠦᠯᠡᠳᠡᠭᠳᠡᠵᠦ ᠢᠷᠡᠭᠰᠡᠨ ᠠᠭᠤᠷᠬᠠᠢ ᠶᠢ ᠵᠠᠬ᠎ᠠ ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ | ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ ᠲᠥᠰᠥᠯ ︵ᠯᠠᠪᠯᠠᠯᠲᠠ ᠶᠢᠨ ᠲᠣᠪᠴᠢ︶ | 3. × × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ × × ᠠᠮᠢ ᠠᠬᠤᠢ ᠶᠢ ᠰᠡᠷᠭᠦᠭᠡᠬᠦ | ᠲᠦᠷᠦᠯ ᠵᠦᠢᠯ ᠤᠨ ᠰᠢᠨ᠎ᠡ ᠨᠡᠮᠡᠭᠳᠡᠭᠰᠡᠨ ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠨᠢ | ᠲᠡᠩᠴᠡᠭᠦᠷᠢᠰᠢᠭᠦᠯᠦᠨ ᠠᠰᠢᠭᠯᠠᠬᠤ ᠲᠥᠰᠥᠯ ︵ᠯᠠᠪᠯᠠᠯᠲᠠ ᠶᠢᠨ ᠲᠣᠪᠴᠢ︶ | 4. × × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ × × ᠠᠮᠢ ᠠᠬᠤᠢ ᠶᠢ ᠰᠡᠷᠭᠦᠭᠡᠬᠦ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ | ᠬᠤᠯᠪᠣᠭᠳᠠᠭᠤᠯᠤᠨ ᠠᠰᠢᠭᠯᠠᠬᠤ ᠲᠥᠷᠥᠯ ᠵᠦᠢᠯ ᠤᠨ ᠲᠥᠰᠥᠯ ︵ᠯᠠᠪᠯᠠᠯᠲᠠ ᠶᠢᠨ ᠲᠣᠪᠴᠢ︶ | 2023 ᠣᠨ ᠤ 2 ᠳ᠋ᠤᠭᠠᠷ ᠰᠠᠷ᠎ᠠ ᠶᠢᠨ 7 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠳᠠᠭᠠᠯᠳᠤᠭᠤᠯᠤᠯ 1 | | | × × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ × × ᠠᠮᠢ ᠠᠬᠤᠢ ᠶᠢ ᠰᠡᠷᠭᠦᠭᠡᠬᠦ | ᠲᠦᠷᠦᠯ ᠵᠦᠢᠯ ᠤᠨ ᠵᠠᠬ᠎ᠠ ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠥᠰᠥᠯ | | | ︵ᠯᠠᠪᠯᠠᠯᠲᠠ ᠶᠢᠨ ᠲᠣᠪᠴᠢ︶ | | | × × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ | × × × × ᠣᠨ ᠤ × × ᠳ᠋ᠤᠭᠠᠷ ︵ᠳ᠋ᠦ᠋ᠭᠡᠷ︶ ᠰᠠᠷ᠎ᠠ | | | ᠨᠢᠭᠡᠳᠦᠭᠡᠷ ᠪᠦᠯᠦᠭ ᠡᠮᠦᠨᠡᠬᠢ ᠦᠭᠡ | ᠭᠤᠣᠯᠳᠠᠭᠤ ᠲᠥᠰᠥᠯ ᠢ ᠨᠠᠶᠢᠷᠠᠭᠤᠯᠤᠨ ᠵᠣᠬᠢᠶᠠᠬᠤ ᠡᠭᠦᠷᠭᠡ ᠶᠢᠨ ᠢᠷᠡᠯᠲᠡ᠂ ᠨᠠᠶᠢᠷᠠᠭᠤᠯᠤᠨ ᠵᠣᠬᠢᠶᠠᠬᠤ | ᠦᠨᠳᠦᠰᠦᠯᠡᠯ᠂ ᠵᠣᠷᠢᠯᠭ᠎ᠠ ᠬᠢᠭᠡᠳ ᠡᠭᠦᠷᠭᠡ᠂ ᠵᠢᠯᠤᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠨ᠎ᠠ᠃ | ᠬᠤᠶᠠᠳᠤᠭᠠᠷ ᠪᠦᠯᠦᠭ ᠲᠥᠷᠥᠯ ᠵᠦᠢᠯ ᠤᠨ ᠦᠨᠳᠦᠰᠦᠨ ᠪᠠᠶᠢᠳᠠᠯ | ᠨᠢᠭᠡᠳᠦᠭᠡᠷ ᠬᠡᠰᠡᠭ ᠲᠥᠷᠥᠯ ᠵᠦᠢᠯ ᠤᠨ ᠲᠦᠢᠮᠣ ᠪᠠᠶᠢᠳᠠᠯ | ᠲᠥᠷᠥᠯ ᠵᠦᠢᠯ ᠤᠨ ᠣᠷᠣᠨ ᠤ ᠭᠠᠵᠠᠷ ᠵᠦᠢ ᠶᠢᠨ ᠪᠠᠶᠢᠷᠢᠯᠠᠯ ᠵᠢᠴᠢ ᠬᠤᠯᠪᠣᠭᠳᠠᠬᠤ ᠵᠠᠰᠠᠭ ᠵᠠᠬᠢᠷᠭᠠᠨ ᠤ | ᠣᠷᠣᠨ᠂ ᠲᠠᠯᠠᠪᠠᠶ᠂ ᠪᠠᠶᠢᠭ᠎ᠠ ᠰᠠᠪᠠ ᠭᠠᠵᠠᠷ ᠪᠤᠶᠤ ᠪᠠᠶᠢᠭᠠᠯᠢ ᠶᠢᠨ ᠭᠠᠵᠠᠷ ᠵᠦᠢ ᠶᠢᠨ ᠨᠢᠭᠡᠴᠢ ᠶᠢᠨ ᠨᠡᠷᠡᠶᠢᠳᠦᠯ᠂ | ᠠᠮᠢ ᠠᠬᠤᠢ ᠶᠢᠨ ᠰᠢᠰᠲ᠋ᠧᠮ ᠤᠨ ᠪᠠᠶᠢᠳᠠᠯ ᠪᠠ ᠦᠢᠯᠡᠴᠢᠯᠡᠭᠡᠨ ᠤ ᠴᠢᠳᠠᠮᠵᠢ᠂ ᠪᠠᠶᠢᠭᠠᠯᠢ ᠶᠢᠨ ᠭᠠᠵᠠᠷ ᠵᠦᠢ ᠶᠢᠨ | ᠨᠥᠬᠦᠴᠡᠯ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢᠨ ᠨᠥᠬᠦᠴᠡᠯ᠂ ᠠᠭᠤᠷ ᠠᠮᠢᠰᠬᠤᠯ ᠤᠨ ᠨᠥᠬᠦᠴᠡᠯ᠂ | ᠤᠰᠤᠨ ᠵᠦᠢ ᠶᠢᠨ ᠭᠠᠵᠠᠷ ᠰᠢᠨᠵᠢᠯᠡᠭᠡᠨ᠂ ᠬᠥᠷᠥᠰᠥ ᠰᠢᠷᠣᠢ᠂ ᠪᠠᠶᠢᠭᠠᠯᠢ ᠶᠢᠨ ᠡᠬᠢ ᠪᠠᠶᠠᠯᠢᠭ ᠤᠨ ᠪᠠᠶᠢᠳᠠᠯ᠂ ᠠᠮᠢ | ᠠᠬᠤᠢ ᠶᠢᠨ ᠶᠠᠰᠤ ᠴᠢᠨᠠᠷ ᠤᠨ ᠪᠠᠶᠢᠳᠠᠯ᠂ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ᠂ ᠨᠡᠶᠢᠭᠡᠮ ᠤᠨ | ᠠᠵᠤ ᠠᠬᠤᠢ ᠶᠢᠨ ᠪᠠᠶᠢᠳᠠᠯ ᠵᠡᠷᠭᠡ ᠬᠦᠴᠦᠨ ᠵᠦᠢᠯ ᠤᠨ ᠪᠠᠶᠢᠳᠠᠯ ᠵᠢᠴᠢ ᠲᠡᠭᠦᠨ ᠤ ᠭᠤᠣᠯ ᠣᠨᠴᠠᠯᠢᠭ ᠪᠠ ᠲᠥᠷᠥᠯ | ᠵᠦᠢᠯ ᠳᠤ ᠬᠤᠯᠪᠣᠭᠳᠠᠬᠤ ᠬᠠᠮᠢᠶ᠎ᠠ ᠪᠦᠬᠦᠢ ᠲᠥᠯᠦᠪᠵᠢᠭᠦᠯᠭᠡ ᠵᠡᠷᠭᠡ ᠶᠢ ᠲᠣᠳᠣᠷᠬᠠᠶᠢᠯᠠᠨ᠎ᠠ᠃ | ᠬᠤᠶᠠᠳᠤᠭᠠᠷ ᠬᠡᠰᠡᠭ ᠠᠮᠢ ᠠᠬᠤᠢ ᠶᠢᠨ ᠠᠰᠠᠭᠤᠳᠠᠯ | ᠣᠷᠣᠨ ᠪᠦᠰᠡ ᠶᠢᠨ ᠠᠮᠢ ᠠᠬᠤᠢ ᠶᠢᠨ ᠰᠢᠰᠲ᠋ᠧᠮ ᠳᠤ ᠣᠷᠣᠰᠢᠵᠤ ᠪᠠᠶᠢᠭ᠎ᠠ ᠭᠤᠣᠯ ᠪᠣᠯᠬᠤ ᠠᠮᠢ | ᠠᠬᠤᠢ ᠶᠢᠨ ᠠᠰᠠᠭᠤᠳᠠᠯ ︵ᠬᠤᠬᠢᠷᠠᠵᠤ ᠰᠦᠢᠳᠦᠭᠰᠡᠨ᠂ ᠰᠡᠶᠢᠷᠡᠭᠵᠢᠵᠦ ᠮᠠᠭᠤᠵᠢᠷᠠᠭᠰᠠᠨ᠂ ᠴᠢᠳᠠᠮᠵᠢ ᠨᠢ | ᠪᠠᠭᠤᠷᠠᠭᠰᠠᠨ ᠵᠡᠷᠭᠡ ᠲᠥᠷᠥᠯ ᠬᠡᠯᠪᠡᠷᠢ᠂ ᠲᠠᠯᠠᠪᠠᠶ ᠪᠠ ᠬᠡᠮᠵᠢᠶ᠎ᠡ︶ ᠢ ᠲᠣᠳᠣᠷᠬᠠᠶᠢᠯᠠᠵᠤ᠂ ᠤᠴᠢᠷ ᠰᠢᠯᠲᠠᠭᠠᠨ ᠢ ᠨᠢ | ᠵᠠᠳᠠᠯᠤᠨ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠡᠲᠡᠭᠡᠳ ᠢ ᠲᠣᠳᠣᠷᠬᠠᠢ ᠲᠣᠭᠲᠠᠭᠠᠨ᠎ᠠ᠃ | ᠭᠤᠷᠪᠠᠳᠤᠭᠠᠷ ᠬᠡᠰᠡᠭ ᠡᠮᠦᠨᠡᠬᠢ ᠬᠤᠭᠤᠴᠠᠭᠠᠨ ᠤ ᠠᠵᠢᠯ ᠤᠨ ᠪᠠᠶᠢᠳᠠᠯ | ᠣᠷᠣᠨ ᠪᠦᠰᠡ ᠶᠢᠨ ᠠᠮᠢ ᠠᠬᠤᠢ ᠶᠢ ᠬᠠᠮᠠᠭᠠᠯᠠᠬᠤ ᠬᠢᠭᠡᠳ ᠰᠡᠷᠭᠦᠭᠡᠬᠦ ᠠᠵᠢᠯ ᠥᠷᠨᠢᠭᠦᠯᠦᠭᠰᠡᠨ | ᠥᠩᠭᠡᠷᠡᠭᠰᠡᠨ ᠤ ᠪᠠᠶᠢᠳᠠᠯ ᠢ ᠲᠣᠪᠴᠢ ᠲᠣᠭᠠᠴᠢᠨ᠎ᠠ᠃ | ᠭᠤᠷᠪᠠᠳᠤᠭᠠᠷ ᠪᠦᠯᠦᠭ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ ᠬᠢᠭᠡᠳ ᠪᠣᠯᠣᠮᠵᠢᠲᠤ ᠴᠢᠨᠠᠷ ᠤᠨ | ᠵᠠᠳᠠᠯᠤᠯᠲᠠ | ᠨᠢᠭᠡᠳᠦᠭᠡᠷ ᠬᠡᠰᠡᠭ ᠴᠢᠬᠤᠯᠠ ᠴᠢᠨᠠᠷ | ᠢᠨᠵᠧᠨᠧᠷᠢᠩ ᠤᠨ ᠬᠦᠷᠢᠶ᠎ᠡ ᠬᠡᠪᠴᠢᠶ᠎ᠡ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ | ᠠᠮᠤᠷ ᠲᠦᠪᠰᠢᠨ ᠳᠤ ᠬᠤᠯᠪᠣᠭᠳᠠᠬᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠭᠤᠣᠯᠯᠠᠬᠤ ᠣᠷᠣᠨ | ᠪᠦᠰᠡ ᠪᠤᠶᠤ ᠭᠤᠣᠯᠳᠠᠯᠭ᠎ᠠ ᠲᠠᠢ ᠣᠷᠣᠨ ᠪᠦᠰᠡ ᠳᠤ ᠬᠠᠷᠢᠶᠠᠯᠠᠭᠳᠠᠬᠤ ᠡᠰᠡᠬᠦ᠂ ᠠᠮᠢ ᠠᠬᠤᠢ ᠣᠷᠴᠢᠨ | ᠲᠣᠭᠤᠷᠢᠨ ᠤ ᠲᠣᠪᠤᠶᠢᠮ᠎ᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠡᠰᠡᠬᠦ︔ ᠲᠥᠷᠥᠯ ᠵᠦᠢᠯ ᠤᠨ | ᠬᠡᠷᠡᠭᠵᠢᠭᠦᠯᠦᠯᠲᠡ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ | ᠴᠢᠬᠤᠯᠠ ᠶᠡᠭᠡ ᠲᠥᠯᠦᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠯᠤᠭ᠎ᠠ ᠶᠢᠨ ᠬᠠᠷᠢᠴᠠᠭ᠎ᠠ ᠵᠡᠷᠭᠡ ᠶᠢ | ᠲᠣᠳᠣᠷᠬᠠᠶᠢᠯᠠᠨ ᠥᠭᠦᠯᠡᠨ᠎ᠡ᠃ ᠡᠨᠡ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠲᠥᠯᠦᠪᠵᠢᠭᠦᠯᠭᠡ ᠶᠢᠨ ᠪᠠᠶᠢᠳᠠᠯ ᠳᠤ ᠨᠡᠶᠢᠴᠡᠨ᠎ᠡ ᠭᠡᠳᠡᠭ ᠢ ᠲᠣᠳᠣᠷᠬᠠᠶᠢᠯᠠᠨ᠎ᠠ᠃ | ᠬᠤᠶᠠᠳᠤᠭᠠᠷ ᠬᠡᠰᠡᠭ ᠴᠢᠬᠤᠯᠠ ᠴᠢᠨᠠᠷ | ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠬᠦᠨᠳᠦ ᠨᠣᠴᠢᠲᠠᠢ ᠴᠢᠨᠠᠷ᠂ | ᠵᠠᠩᠭᠢᠯᠠᠭ᠎ᠠ ᠶᠢᠨ ᠴᠢᠨᠠᠷ ᠵᠢᠴᠢ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢᠨ ᠲᠤᠯᠭᠠᠮ᠎ᠠ ᠴᠢᠨᠠᠷ ᠲᠤ ᠬᠠᠨᠳᠤᠭᠤᠯᠵᠤ᠂ | ᠠᠮᠢ ᠠᠬᠤᠢ ᠶᠢᠨ ᠠᠮᠤᠷ ᠲᠦᠪᠰᠢᠨ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ᠂ ᠪᠠᠶᠢᠭᠠᠯᠢ ᠶᠢᠨ ᠡᠬᠢ | ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠬᠤ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ | ᠬᠠᠮᠲᠤ ᠣᠷᠣᠰᠢᠬᠤ ᠵᠡᠷᠭᠡ ᠲᠠᠯ᠎ᠠ ᠠᠴᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠬᠦ᠂ ᠠᠮᠢ ᠠᠬᠤᠢ | ᠣᠷᠴᠢᠨ ᠲᠣᠭᠤᠷᠢᠨ ᠤ ᠬᠦᠴᠢᠷ ᠠᠰᠠᠭᠤᠳᠠᠯ ᠢ ᠠᠷᠢᠯᠭᠠᠨ ᠰᠢᠢᠳᠪᠦᠷᠢᠯᠡᠬᠦ ᠶᠢᠨ ᠴᠢᠬᠤᠯᠠ ᠴᠢᠨᠠᠷ ᠢ ᠲᠣᠳᠣᠷᠬᠠᠶᠢᠯᠠᠨ | ᠥᠭᠦᠯᠡᠨ᠎ᠡ᠃ | ᠭᠤᠷᠪᠠᠳᠤᠭᠠᠷ ᠬᠡᠰᠡᠭ ᠪᠣᠯᠣᠮᠵᠢᠲᠤ ᠴᠢᠨᠠᠷ | ᠲᠥᠷᠥᠯ ᠵᠦᠢᠯ ᠢ ᠬᠡᠷᠡᠭᠵᠢᠭᠦᠯᠬᠦ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ᠂ ᠰᠢᠨᠵᠢᠯᠡᠬᠦ | ᠤᠬᠠᠭᠠᠨᠴᠢ ᠴᠢᠨᠠᠷ ᠵᠢᠴᠢ ᠮᠡᠷᠭᠡᠵᠢᠯ ᠪᠠ ᠲᠥᠷᠥ ᠶᠢᠨ ᠪᠣᠳᠣᠯᠭ᠎ᠠ ᠶᠢᠨ ᠪᠣᠯᠣᠮᠵᠢᠲᠤ ᠴᠢᠨᠠᠷ ᠢ ᠨᠤᠲᠠᠯᠠᠵᠤ᠂ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢ ᠶᠢ ᠲᠣᠳᠣᠷᠬᠠᠶᠢᠯᠠᠨ᠎ᠠ᠂ ᠡᠭᠦᠨ ᠳᠤ ᠬᠡᠷᠡᠭᠵᠢᠭᠦᠯᠬᠦ ᠪᠠᠷ | ᠪᠠᠶᠢᠭ᠎ᠠ ᠲᠦᠷᠦᠯ ᠵᠦᠢᠯ ᠤᠨ ᠢᠶᠠᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠭᠰᠠᠨ ᠪᠠᠶᠢᠳᠠᠯ᠂ ᠠᠰᠢᠭ ᠲᠤᠰᠠ | ᠬᠠᠮᠢᠶᠠᠲᠠᠳ ᠢ ᠵᠣᠬᠢᠴᠠᠭᠤᠯᠤᠭᠰᠠᠨ ᠪᠠᠶᠢᠳᠠᠯ᠂ ᠪᠡᠯᠡ ᠮᠥᠩᠭᠦ ᠤᠷᠤᠭᠤᠯᠬᠤ ᠵᠠᠮ ᠮᠥᠷ᠂ ᠲᠤᠭ᠎ᠠ ᠬᠡᠮᠵᠢᠶ᠎ᠡ ᠵᠢᠴᠢ | ᠨᠠᠶᠢᠳᠠᠪᠤᠷᠢᠵᠢᠭᠤᠯᠤᠯᠲᠠ ᠶᠢᠨ ᠵᠡᠷᠭᠡ ᠪᠠᠶᠢᠳᠠᠯ ᠪᠠᠭᠲᠠᠨ᠎ᠠ᠃ | ᠳᠥᠷᠪᠡᠳᠦᠭᠡᠷ ᠪᠦᠯᠦᠭ ᠭᠤᠣᠯ ᠠᠵᠢᠯ ᠤᠨ ᠠᠭᠤᠯᠭ᠎ᠠ | ᠨᠢᠭᠡᠳᠦᠭᠡᠷ ᠬᠡᠰᠡᠭ ᠶᠡᠷᠦᠩᠬᠡᠢ ᠪᠠᠶᠢᠷᠢ ᠲᠣᠭᠲᠠᠭᠠᠯᠲᠠ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠠᠮᠢᠶ᠎ᠠ ᠪᠦᠬᠦᠢ | ᠱᠠᠭᠠᠷᠳᠠᠯᠭ᠎ᠠ ᠶᠢ ᠦᠨᠳᠦᠰᠦᠯᠡᠨ᠂ ᠠᠮᠢ ᠠᠬᠤᠢ ᠶᠢ ᠰᠡᠷᠭᠦᠭᠡᠬᠦ ᠣᠷᠣᠨ ᠪᠦᠰᠡ ᠶᠢᠨ ᠢᠷᠡᠭᠡᠳᠦᠢ ᠶᠢᠨ ᠭᠠᠵᠠᠷ | ᠬᠡᠷᠡᠭᠯᠡᠬᠦ ᠲᠥᠯᠦᠪᠵᠢᠭᠦᠯᠭᠡ᠂ ᠨᠡᠭᠡᠭᠡᠨ ᠠᠰᠢᠭᠯᠠᠬᠤ ᠠᠷᠭ᠎ᠠ ᠮᠠᠶ᠋ᠢᠭ ᠪᠠ ᠭᠠᠵᠠᠷ ᠰᠢᠷᠣᠢ ᠶᠢᠨ ᠬᠡᠷᠡᠭᠴᠡᠭᠡ ᠲᠠᠢ | ᠤᠶᠠᠯᠳᠤᠭᠤᠯᠵᠤ ᠲᠣᠭᠲᠠᠭᠠᠭᠰᠠᠨ ᠠᠮᠢ ᠠᠬᠤᠢ ᠶᠢ ᠰᠡᠷᠭᠦᠭᠡᠬᠦ ᠬᠠᠨᠳᠤᠰᠢ ᠪᠣᠯᠣᠨ᠎ᠠ᠃ | ᠬᠤᠶᠠᠳᠤᠭᠠᠷ ᠬᠡᠰᠡᠭ ᠦᠨᠳᠦᠰᠦᠨ ᠵᠠᠷᠴᠢᠮ | ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠶᠢᠨ ᠦᠨᠳᠦᠰᠦᠨ ᠵᠠᠷᠴᠢᠮ ᠢ ᠲᠣᠳᠣᠷᠬᠠᠶᠢᠯᠠᠨ | ᠥᠭᠦᠯᠡᠨ᠎ᠡ᠃ | ᠭᠤᠷᠪᠠᠳᠤᠭᠠᠷ ᠬᠡᠰᠡᠭ ᠭᠤᠣᠯ ᠬᠠᠷᠠᠯᠲᠠ | ᠶᠡᠷᠦᠩᠬᠡᠢ ᠬᠠᠷᠠᠯᠲᠠ᠂ ᠣᠨ ᠤ ᠬᠠᠷᠠᠯᠲᠠ᠂ ᠠᠮᠵᠢᠯᠲᠠ ᠪᠦᠲᠦᠮᠵᠢ ᠶᠢᠨ ᠬᠠᠷᠠᠯᠲᠠ ᠬᠡᠮᠡᠬᠦ ᠭᠤᠷᠪᠠᠨ ᠬᠡᠰᠡᠭ | ᠪᠠᠭᠲᠠᠨ᠎ᠠ᠃ ᠶᠡᠷᠦᠩᠬᠡᠢ ᠬᠠᠷᠠᠯᠲᠠ ᠶᠢ ᠭᠤᠣᠯᠳᠠᠭᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠡᠲᠡᠭᠡᠳ ᠤᠨ | ᠲᠣᠭᠤᠷᠢᠨ ᠳᠤ᠂ ᠣᠷᠣᠰᠢᠵᠤ ᠪᠠᠶᠢᠭ᠎ᠠ ᠠᠮᠢ ᠠᠬᠤᠢ ᠶᠢᠨ ᠲᠣᠪᠤᠶᠢᠮ᠎ᠠ ᠠᠰᠠᠭᠤᠳᠠᠯ ᠳᠤ ᠬᠠᠨᠳᠤᠭᠤᠯᠵᠤ᠂ ᠴᠢᠨᠠᠷ ᠪᠠ | ᠬᠡᠮᠵᠢᠶᠡᠨ ᠤ ᠳᠦᠷᠰᠦᠯᠡᠯ ᠲᠣᠭᠠᠴᠢᠯᠲᠠ ᠲᠠᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠰᠢᠰᠲ᠋ᠧᠮᠲᠦ | ᠢᠨᠵᠧᠨᠧᠷᠢᠩ ᠪᠠ ᠶᠡᠷᠦᠩᠬᠡᠢ ᠴᠣᠭᠴᠠ ᠶᠢᠨ ᠬᠠᠷᠠᠭᠠᠰᠤ ᠠᠴᠠ ᠪᠦᠭᠦ ᠲᠠᠯ᠎ᠠ ᠪᠠᠷ᠂ ᠪᠦᠭᠦ ᠣᠷᠣᠨ ᠪᠦᠰᠡ᠂ ᠪᠦᠭᠦ | ᠶᠠᠪᠤᠴᠠ ᠳᠤ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠤᠨ ᠬᠡᠷᠡᠭᠵᠢᠭᠦᠯᠦᠯᠲᠡ ᠥᠷᠨᠢᠭᠦᠯᠬᠦ ᠶᠢᠨ | ᠶᠡᠷᠦᠩᠬᠡᠢ ᠬᠠᠷᠠᠯᠲᠠ ᠶᠢ ᠳᠤᠷᠠᠳᠴᠤ᠂ ᠠᠮᠢ ᠠᠬᠤᠢ ᠶᠢᠨ ᠰᠢᠰᠲ᠋ᠧᠮ ᠢ ᠰᠡᠷᠭᠦᠭᠡᠨ ᠵᠠᠰᠠᠬᠤ ᠶᠡᠷᠦᠩᠬᠡᠢ ᠲᠠᠯᠠᠪᠠᠶ ᠶᠢ | ᠲᠣᠳᠣᠷᠬᠠᠢ ᠲᠣᠭᠲᠠᠭᠠᠨ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ | ᠲᠡᠬᠡᠭᠰᠢᠯᠡᠬᠦᠯᠵᠦ᠂ ᠠᠮᠢ ᠠᠬᠤᠢ ᠶᠢᠨ ᠭᠠᠮᠰᠢᠭ ᠢ ᠪᠠᠭᠠᠰᠬᠠᠬᠤ ᠲᠠᠢ ᠬᠠᠮᠵᠢᠯᠴᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ᠲᠦᠷᠦᠯ ᠵᠦᠢᠯ ᠳᠤ ᠣᠯᠠᠨ ᠳᠠᠭᠠᠭᠤᠯ ᠲᠥᠷᠥᠯ ᠵᠦᠢᠯ ᠢ ᠪᠠᠭᠲᠠᠭᠠᠵᠤ ᠪᠠᠶᠢᠪᠠᠯ᠂ | ᠳᠠᠭᠠᠭᠤᠯ ᠲᠥᠷᠥᠯ ᠵᠦᠢᠯ ᠪᠦᠷᠢ ᠶᠢᠨ ᠶᠡᠷᠦᠩᠬᠡᠢ ᠬᠠᠷᠠᠯᠲᠠ ᠶᠢ ᠳᠦᠷᠰᠦᠯᠡᠨ ᠲᠣᠭᠠᠴᠢᠬᠤ ᠬᠡᠷᠡᠭᠲᠡᠢ᠃ ᠣᠨ ᠤ | ᠬᠠᠷᠠᠯᠲᠠ ᠶᠢ ᠭᠤᠣᠯᠳᠠᠭᠤ ᠲᠥᠷᠥᠯ ᠵᠦᠢᠯ ᠬᠡᠷᠡᠭᠵᠢᠭᠦᠯᠬᠦ ᠦᠶᠡᠯᠡᠯ ᠤᠨ ᠬᠤᠭᠤᠴᠠᠭ᠎ᠠ ᠶᠢ ᠦᠨᠳᠦᠰᠦᠯᠡᠨ᠂ | ᠣᠨ ᠢᠶᠠᠷ ᠢᠨᠵᠧᠨᠧᠷᠢᠩ ᠤᠨ ᠲᠥᠷᠥᠯ ᠵᠦᠢᠯ ᠪᠠ ᠡᠯ᠎ᠡ ᠳᠠᠭᠠᠭᠤᠯ ᠲᠥᠷᠥᠯ ᠵᠦᠢᠯ ᠤᠨ ᠣᠨ ᠤ ᠬᠠᠷᠠᠯᠲᠠ ᠶᠢ | ᠲᠣᠳᠣᠷᠬᠠᠶᠢᠯᠠᠨ᠎ᠠ᠃ ᠠᠮᠵᠢᠯᠲᠠ ᠪᠦᠲᠦᠮᠵᠢ ᠶᠢᠨ ᠬᠠᠷᠠᠯᠲᠠ ᠶᠢ ᠭᠤᠣᠯᠳᠠᠭᠤ ᠲᠥᠷᠥᠯ ᠵᠦᠢᠯ ᠤᠨ ᠶᠡᠷᠦᠩᠬᠡᠢ | ᠬᠠᠷᠠᠯᠲᠠ ᠶᠢ ᠦᠨᠳᠦᠰᠦᠯᠡᠨ ᠵᠦᠢ ᠵᠣᠬᠢᠰᠲᠠᠢ ᠪᠠᠶᠢᠷᠢᠯᠠᠭᠤᠯᠤᠨ ᠲᠣᠭᠲᠠᠭᠠᠵᠤ᠂ ᠲᠥᠷᠥᠯ ᠵᠦᠢᠯ ᠤᠨ ᠵᠢᠱᠢᠭᠰᠡᠨ | ᠪᠡᠶᠡᠯᠡᠭᠦᠯᠬᠦ ᠭᠠᠷᠭᠠᠯᠲᠠ᠂ ᠶᠠᠰᠤ ᠴᠢᠨᠠᠷ᠂ ᠥᠪᠡᠷ ᠤᠨ ᠥᠷᠲᠡᠭ᠂ ᠦᠷ᠎ᠡ ᠠᠰᠢᠭ᠂ ᠬᠠᠨᠤᠮᠵᠢ ᠶᠢᠨ ᠬᠡᠮᠵᠢᠶ᠎ᠡ ᠵᠡᠷᠭᠡ | ᠲᠠᠯ᠎ᠠ ᠪᠠᠷ ᠬᠢ ᠴᠢᠨᠠᠷ ᠪᠠ ᠬᠡᠮᠵᠢᠶᠡᠨ ᠤ ᠭᠦᠢᠴᠡᠳᠬᠡᠯ ᠲᠤᠭ᠎ᠠ ᠶᠢ ᠲᠣᠭᠲᠠᠭᠠᠬᠤ ᠶᠢᠨ ᠬᠠᠮᠲᠤ᠂ ᠲᠥᠷᠥᠯ ᠵᠦᠢᠯ ᠤᠨ | ᠣᠨ ᠤ ᠬᠠᠷᠠᠯᠲᠠ ᠶᠢ ᠦᠨᠳᠦᠰᠦᠯᠡᠨ ᠣᠨ ᠤ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠭᠲᠠᠭᠠᠨ᠎ᠠ᠃ | ᠬᠡᠮᠵᠢᠶᠡᠵᠢᠭᠦᠯᠵᠦ ᠳᠡᠶᠢᠯᠬᠦ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠳᠤ ᠬᠡᠮᠵᠢᠶᠡᠯᠡᠭᠰᠡᠨ ᠭᠦᠢᠴᠡᠳᠬᠡᠯ | ᠲᠤᠭ᠎ᠠ ᠶᠢ ᠪᠠᠶᠢᠷᠢᠯᠠᠭᠤᠯᠤᠨ ᠲᠣᠭᠲᠠᠭᠠᠵᠤ᠂ ᠣᠯᠠᠨ ᠬᠤᠪᠢᠶᠠᠷᠢ ᠲᠥᠷᠥᠯ ᠵᠦᠢᠯ ᠢ ᠪᠠᠭᠲᠠᠭᠠᠵᠤ ᠪᠠᠶᠢᠪᠠᠯ᠂ | ᠬᠤᠪᠢᠶᠠᠷᠢ ᠲᠥᠷᠥᠯ ᠵᠦᠢᠯ ᠪᠦᠷᠢ ᠶᠢᠨ ᠠᠮᠵᠢᠯᠲᠠ ᠪᠦᠲᠦᠮᠵᠢ ᠶᠢᠨ ᠬᠠᠷᠠᠯᠲᠠ ᠶᠢ ᠵᠢᠭᠰᠠᠭᠠᠨ ᠭᠠᠷᠭᠠᠬᠤ ᠬᠡᠷᠡᠭᠲᠡᠢ᠃ | ᠳᠥᠷᠪᠡᠳᠦᠭᠡᠷ ᠬᠡᠰᠡᠭ ᠬᠡᠷᠡᠭᠵᠢᠭᠦᠯᠬᠦ ᠬᠡᠪᠴᠢᠶ᠎ᠡ ᠵᠢᠴᠢ ᠬᠤᠭᠤᠴᠠᠭ᠎ᠠ ᠬᠢᠵᠠᠭᠠᠷ | ᠲᠥᠰᠥᠯ ᠢ ᠨᠠᠶᠢᠷᠠᠭᠤᠯᠤᠨ ᠵᠣᠬᠢᠶᠠᠭᠰᠠᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠬᠡᠪᠴᠢᠶ᠎ᠡ ᠶᠢ | ᠲᠣᠳᠣᠷᠬᠠᠶᠢᠯᠠᠵᠤ᠂ ᠢᠨᠵᠧᠨᠧᠷᠢᠩ ᠤᠨ ᠬᠡᠪᠴᠢᠶᠡᠨ ᠤ ᠪᠠᠶᠢᠭ᠎ᠠ ᠰᠠᠪᠠ ᠭᠠᠵᠠᠷ᠂ ᠠᠭᠤᠯᠠᠨ ᠴᠣᠭᠴᠠ ᠠᠭᠤᠯᠠ | ᠨᠢᠷᠤᠭᠤᠳ ᠵᠡᠷᠭᠡ ᠬᠠᠷᠢᠴᠠᠩᠭᠤᠢ ᠪᠦᠷᠢᠨ ᠪᠦᠲᠦᠨ ᠪᠠᠶᠢᠭᠠᠯᠢ ᠶᠢᠨ ᠭᠠᠵᠠᠷ ᠵᠦᠢ ᠶᠢᠨ ᠨᠢᠭᠡᠴᠢ ᠶᠢᠨ ᠨᠡᠷᠡᠶᠢᠳᠦᠯ᠂ | ᠭᠠᠵᠠᠷ ᠵᠦᠢ ᠶᠢᠨ ᠪᠠᠶᠢᠷᠢᠰᠢᠯ᠂ ᠪᠣᠳᠠᠲᠠᠢ ᠭᠠᠵᠠᠷ ᠤᠨ ᠬᠡᠪᠴᠢᠶ᠎ᠡ ᠵᠢᠴᠢ ᠣᠷᠣᠨ ᠪᠦᠰᠡ ᠶᠢᠨ ᠲᠠᠯᠠᠪᠠᠶ᠂ ᠡᠷᠭᠢᠨ | ᠲᠣᠭᠤᠷᠢᠨ ᠯᠤᠭ᠎ᠠ ᠶᠢᠨ ᠬᠠᠷᠢᠴᠠᠭ᠎ᠠ ᠵᠡᠷᠭᠡ ᠶᠢ ᠨᠢ ᠲᠣᠳᠣᠷᠬᠠᠶᠢᠯᠠᠨ ᠥᠭᠦᠯᠡᠨ᠎ᠡ᠂ ᠡᠭᠦᠨ ᠳᠤ ᠠᠯᠤᠰ ᠰᠡᠷᠡᠯ ᠤᠨ | ᠢᠮᠡᠭᠧ ᠳᠦᠷᠰᠦ ᠳᠤ ᠰᠠᠭᠤᠷᠢᠯᠠᠭᠰᠠᠨ ᠢᠨᠵᠧᠨᠧᠷᠢᠩ ᠤᠨ ᠬᠡᠪᠴᠢᠶᠡᠨ ᠳᠣᠲᠣᠷᠠᠬᠢ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠢᠨᠵᠧᠨᠧᠷᠢᠩ ᠤᠨ ᠬᠤᠪᠢᠶᠠᠷᠢ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠵᠢᠷᠤᠭ᠂ ᠢᠨᠵᠧᠨᠧᠷᠢᠩ ᠤᠨ | ᠬᠡᠪᠴᠢᠶᠡᠨ ︵ᠰᠠᠭᠤᠷᠢ ᠪᠠᠷᠢᠮᠵᠢᠶ᠎ᠠ ᠣᠨ︶ ᠤ ᠠᠯᠤᠰ ᠰᠡᠷᠡᠯ ᠤᠨ ᠢᠮᠡᠭᠧ ᠳᠦᠷᠰᠦ ᠶᠢᠨ ᠵᠢᠷᠤᠭ᠂ ᠭᠠᠵᠠᠷ | ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ ᠤᠨ ᠵᠢᠷᠤᠭ᠂ ᠢᠨᠵᠧᠨᠧᠷᠢᠩ ᠤᠨ ᠬᠡᠪᠴᠢᠶ᠎ᠡ᠂ ᠠᠮᠢ ᠠᠬᠤᠢ ᠶᠢ | ᠬᠠᠮᠠᠭᠠᠯᠠᠨ ᠰᠡᠷᠭᠦᠭᠡᠬᠦ ᠨᠢᠭᠡᠴᠢ ᠵᠢᠴᠢ ᠳᠠᠭᠠᠭᠤᠯ ᠲᠥᠷᠥᠯ ᠵᠦᠢᠯ ᠤᠨ ᠵᠠᠬ᠎ᠠ ᠶᠢᠨ ᠬᠡᠪᠴᠢᠶᠡᠨ ᠤ ᠸᠧᠺᠲ᠋ᠣᠷ ᠲᠤᠭ᠎ᠠ | ᠪᠠᠷᠢᠮᠲᠠ ᠵᠡᠷᠭᠡ ᠶᠢ ᠪᠠᠭᠲᠠᠭᠠᠨ᠎ᠠ︔ ᠢᠨᠵᠧᠨᠧᠷᠢᠩ ᠤᠨ ᠬᠡᠪᠴᠢᠶᠡᠨ ᠤ ︽ᠭᠤᠷᠪᠠᠨ ᠣᠷᠣᠨ ᠵᠠᠢ ᠭᠤᠷᠪᠠᠨ ᠱᠤᠭᠤᠮ | ᠬᠢᠵᠠᠭᠠᠷᠯᠠᠯ︾᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ | ᠣᠷᠣᠨ ᠵᠡᠷᠭᠡ ᠴᠢᠬᠤᠯᠠ ᠬᠦᠴᠦᠨ ᠵᠦᠢᠯ ᠤᠨ ᠪᠠᠶᠢᠳᠠᠯ ᠢ ᠲᠣᠳᠣᠷᠬᠠᠶᠢᠯᠠᠨ ᠥᠭᠦᠯᠡᠨ᠎ᠡ︔ ᠢᠨᠵᠧᠨᠧᠷᠢᠩ ᠤᠨ | ᠬᠡᠪᠴᠢᠶᠡᠨ ᠳᠣᠲᠣᠷᠠᠬᠢ ᠭᠤᠣᠯ ᠪᠣᠯᠬᠤ ᠠᠮᠢ ᠠᠬᠤᠢ ᠶᠢᠨ ᠰᠢᠰᠲ᠋ᠧᠮ ᠤᠨ ᠲᠥᠷᠥᠯ ᠬᠡᠯᠪᠡᠷᠢ᠂ ᠠᠮᠢ ᠠᠬᠤᠢ ᠶᠢᠨ | ᠰᠢᠰᠲ᠋ᠧᠮ ᠢ ᠪᠦᠷᠢᠯᠳᠦᠭᠦᠯᠦᠭᠰᠡᠨ ᠠᠮᠢᠲᠠᠨ ᠤᠷᠭᠤᠮᠠᠯ ᠤᠨ ᠰᠦᠷᠦᠭᠵᠢᠯ ᠤᠨ ᠣᠨᠴᠠᠯᠢᠭ ᠢ ᠲᠣᠳᠣᠷᠬᠠᠶᠢᠯᠠᠨ | ᠥᠭᠦᠯᠡᠨ᠎ᠡ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠬᠢᠵᠠᠭᠠᠷ ᠢ | ᠲᠣᠳᠣᠷᠬᠠᠢ ᠲᠣᠭᠲᠠᠭᠠᠨ᠎ᠠ᠃ | ᠲᠠᠪᠤᠳᠤᠭᠠᠷ ᠬᠡᠰᠡᠭ ᠭᠤᠣᠯ ᠡᠭᠦᠷᠭᠡ ᠬᠢᠭᠡᠳ ᠠᠬᠢᠴᠠ ᠶᠢᠨ ᠲᠣᠬᠢᠷᠠᠭᠤᠯᠤᠯᠲᠠ | ᠶᠡᠷᠦᠩᠬᠡᠢ ᠬᠠᠷᠠᠯᠲᠠ ᠪᠠ ᠪᠣᠳᠠᠲᠠᠢ ᠠᠮᠵᠢᠯᠲᠠ ᠪᠦᠲᠦᠮᠵᠢ ᠶᠢᠨ ᠬᠠᠷᠠᠯᠲᠠ ᠶᠢᠨ ᠲᠣᠭᠤᠷᠢᠨ ᠳᠤ᠂ ᠲᠥᠷᠥᠯ | ᠵᠦᠢᠯ ᠤᠨ ᠥᠷᠨᠢᠭᠦᠯᠬᠦ ᠴᠢᠬᠤᠯᠠᠲᠠᠢ ᠭᠤᠣᠯᠳᠠᠯᠭ᠎ᠠ ᠲᠠᠢ ᠠᠮᠢ ᠠᠬᠤᠢ ᠶᠢ ᠰᠡᠷᠭᠦᠭᠡᠬᠦ ᠡᠭᠦᠷᠭᠡ ᠶᠢ ᠲᠣᠳᠣᠷᠬᠠᠶᠢᠯᠠᠵᠤ᠂ | ᠣᠨ ᠢᠶᠠᠷ ᠲᠥᠷᠥᠯ ᠵᠦᠢᠯ᠂ ᠳᠠᠭᠠᠭᠤᠯ ᠲᠥᠷᠥᠯ ᠵᠦᠢᠯ ᠤᠨ ᠠᠵᠢᠯ ᠤᠨ ᠠᠭᠤᠯᠭ᠎ᠠ ᠶᠢᠨ ᠲᠣᠬᠢᠷᠠᠭᠤᠯᠤᠯᠲᠠ ᠪᠠ | ᠬᠡᠷᠡᠭᠵᠢᠭᠦᠯᠬᠦ ᠠᠬᠢᠴᠠ ᠶᠢ ᠲᠣᠳᠣᠷᠬᠠᠶᠢᠯᠠᠨ᠎ᠠ᠃ | ᠵᠢᠷᠭᠤᠳᠤᠭᠠᠷ ᠬᠡᠰᠡᠭ ᠮᠡᠷᠭᠡᠵᠢᠯ ᠤᠨ ᠵᠠᠮ ᠱᠤᠭᠤᠮ | ᠭᠤᠣᠯᠳᠠᠭᠤ ᠠᠮᠢ ᠠᠬᠤᠢ ᠶᠢ ᠰᠡᠷᠭᠦᠭᠡᠨ ᠵᠠᠰᠠᠬᠤ ᠮᠡᠷᠭᠡᠵᠢᠯ ᠤᠨ ᠵᠠᠮ ᠱᠤᠭᠤᠮ᠂ ᠮᠡᠷᠭᠡᠵᠢᠯ ᠤᠨ ᠠᠷᠭ᠎ᠠ | ᠪᠠᠷᠢᠯ ᠪᠠ ᠠᠷᠭ᠎ᠠ ᠬᠡᠮᠵᠢᠶ᠎ᠡ᠂ ᠢᠨᠵᠧᠨᠧᠷᠢᠩ ᠤᠨ ᠪᠠᠶᠢᠷᠢᠰᠢᠭᠤᠯᠤᠯᠲᠠ᠂ ᠭᠤᠣᠯ ᠢᠨᠵᠧᠨᠧᠷᠢᠩ ᠤᠨ ᠬᠡᠮᠵᠢᠶ᠎ᠡ᠂ | ᠢᠨᠵᠧᠨᠧᠷᠢᠩ ᠤᠨ ᠰᠢᠢᠳᠪᠦᠷᠢᠯᠡᠬᠦ ᠪᠠᠷ ᠪᠠᠶᠢᠭ᠎ᠠ ᠠᠮᠢ ᠠᠬᠤᠢ ᠶᠢᠨ ᠠᠰᠠᠭᠤᠳᠠᠯ ᠵᠡᠷᠭᠡ ᠪᠠᠭᠲᠠᠨ᠎ᠠ᠃ ᠭᠠᠵᠠᠷ | ᠰᠢᠷᠣᠢ ᠶᠢ ᠡᠵᠡᠯᠡᠨ ᠬᠡᠷᠡᠭᠯᠡᠬᠦ ᠵᠡᠷᠭᠡ ᠡᠷᠬᠡ ᠶᠢᠨ ᠬᠠᠷᠢᠶᠠᠯᠠᠯ ᠤᠨ ᠠᠰᠠᠭᠤᠳᠠᠯ ᠳᠤ ᠬᠤᠯᠪᠣᠭᠳᠠᠵᠤ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠡᠷᠬᠡ ᠶᠢ ᠲᠣᠳᠣᠯᠠᠨ | ᠲᠣᠭᠲᠠᠭᠠᠭᠠᠳ ᠬᠡᠷᠡᠭᠯᠡᠬᠦ ᠭᠠᠵᠠᠷ ᠪᠠ ᠨᠤᠷᠠᠭᠠᠨ ᠨᠡᠭᠦᠯᠭᠡᠵᠦ ᠲᠥᠪᠬᠢᠨᠡᠭᠦᠯᠬᠦ ᠵᠡᠷᠭᠡ ᠠᠰᠢᠭ ᠲᠤᠰᠠ ᠶᠢᠨ | ᠬᠤᠯᠪᠣᠭᠳᠠᠯᠲᠤ ᠲᠠᠯ᠎ᠠ ᠶᠢᠨ ᠠᠰᠠᠭᠤᠳᠠᠯ ᠳᠤ ᠬᠤᠯᠪᠣᠭᠳᠠᠪᠠᠯ᠂ ᠬᠠᠮᠢᠶ᠎ᠠ ᠪᠦᠬᠦᠢ ᠴᠣᠬᠤᠯᠠᠪᠤᠷᠢᠯᠠᠭᠰᠠᠨ ᠪᠢᠴᠢᠭ | ᠮᠠᠲ᠋ᠧᠷᠢᠶᠠᠯ᠂ ᠵᠥᠪᠯᠡᠯᠴᠡᠭᠡᠷ ᠤᠨ ᠪᠢᠴᠢᠭ ᠪᠤᠶᠤ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠠᠮᠠᠯᠠᠯᠲᠠ ᠶᠢᠨ | ᠪᠢᠴᠢᠭ ᠢ ᠭᠠᠷᠳᠠᠬᠤ ᠬᠡᠷᠡᠭᠲᠡᠢ᠃ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠢ ᠳᠤ ᠬᠤᠯᠪᠣᠭᠳᠠᠪᠠᠯ᠂ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠳᠠᠭᠠᠭᠠᠴᠢᠯᠠᠭᠰᠠᠨ ᠲᠠᠷᠢᠶᠠᠯᠠᠬᠤ ᠡᠷᠦᠬᠡ ᠶᠢᠨ ᠰᠠᠨᠠᠯ ᠢ | ᠬᠤᠷᠢᠶᠠᠭᠰᠠᠨ ᠪᠠᠶᠢᠳᠠᠯ ᠢᠶᠠᠨ ᠲᠣᠳᠣᠷᠬᠠᠶᠢᠯᠠᠨ᠎ᠠ᠃ ᠨᠥᠬᠦᠪᠦᠷᠢ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ᠂ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ | ᠬᠤᠯᠪᠣᠭᠳᠠᠭᠤᠯᠬᠤ ᠭᠦᠢᠴᠡᠳᠬᠡᠯ ᠲᠤᠭ᠎ᠠ᠂ ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ ᠳᠤ ᠬᠤᠯᠪᠣᠭᠳᠠᠪᠠᠯ᠂ | ᠠᠰᠢᠭᠯᠠᠬᠤ ᠲᠥᠰᠥᠯ ᠪᠦᠬᠦᠢ ᠪᠦᠯᠦᠭ ᠬᠡᠰᠡᠭ ᠢ ᠠᠰ ᠲᠤ ᠨᠢ ᠲᠣᠬᠢᠷᠠᠭᠤᠯᠬᠤ ᠪᠤᠶᠤ ᠠᠰᠢᠭᠯᠠᠬᠤ ᠲᠥᠰᠥᠯ ᠢ | ᠲᠤᠰᠠᠭᠠᠷ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠦᠬᠦᠢ ᠱᠠᠭᠠᠷᠳᠠᠯᠭ᠎ᠠ ᠪᠠ ᠲᠣᠬᠢᠷᠠᠭᠤᠯᠬᠤ ᠬᠠᠷᠢᠴᠠᠯ ᠵᠡᠷᠭᠡ ᠶᠢ | ᠲᠣᠳᠣᠷᠬᠠᠢ ᠲᠣᠭᠲᠠᠭᠠᠨ᠎ᠠ᠃ | ᠲᠠᠪᠤᠳᠤᠭᠠᠷ ᠪᠦᠯᠦᠭ ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠪᠠᠶᠢᠷᠢᠰᠢᠭᠤᠯᠤᠯᠲᠠ ᠬᠢᠭᠡᠳ ᠴᠠᠭ | ᠬᠤᠭᠤᠴᠠᠭᠠᠨ ᠤ ᠳᠠᠷᠠᠭᠠᠯᠠᠯ ᠤᠨ ᠲᠣᠬᠢᠷᠠᠭᠤᠯᠤᠯᠲᠠ | ᠨᠢᠭᠡᠳᠦᠭᠡᠷ ᠬᠡᠰᠡᠭ ᠢᠨᠵᠧᠨᠧᠷᠢᠩ ᠤᠨ ᠪᠠᠶᠢᠷᠢᠰᠢᠭᠤᠯᠤᠯᠲᠠ | ᠭᠤᠣᠯᠳᠠᠭᠤ ᠢᠨᠵᠧᠨᠧᠷᠢᠩ ᠤᠨ ᠬᠡᠪᠴᠢᠶᠡᠨ ᠳᠣᠲᠣᠷᠠᠬᠢ᠂ ᠢᠨᠵᠧᠨᠧᠷᠢᠩ ᠤᠨ ᠳᠠᠭᠠᠭᠤᠯ ᠲᠦᠷᠦᠯ ᠵᠦᠢᠯ ᠤᠨ | ᠲᠦᠷᠦᠯ ᠬᠡᠯᠪᠡᠷᠢ᠂ ᠲᠤᠭ᠎ᠠ ᠬᠡᠮᠵᠢᠶ᠎ᠡ᠂ ᠲᠠᠷᠬᠠᠯᠲᠠ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠠᠯᠠᠪᠠᠢ ᠵᠢᠴᠢ | ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠲᠣᠳᠣᠷᠬᠠᠶᠢᠯᠠᠨ ᠥᠭᠦᠯᠡᠨ᠎ᠡ᠃ ᠬᠦᠰᠦᠨᠦᠭ ᠭᠠᠷᠭᠠᠨ ᠳᠠᠭᠠᠭᠤᠯ | ᠲᠥᠷᠥᠯ ᠵᠦᠢᠯ ᠤᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ᠂ ᠲᠥᠷᠥᠯ ᠵᠦᠢᠯ ᠤᠨ ᠲᠥᠷᠥᠯ ᠬᠡᠯᠪᠡᠷᠢ᠂ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠲᠠᠯᠠᠪᠠᠶ᠂ ᠪᠠᠷᠢᠯᠭ᠎ᠠ ᠶᠢᠨ ᠬᠡᠮᠵᠢᠶ᠎ᠡ ᠵᠡᠷᠭᠡ ᠶᠢ ᠲᠣᠳᠣᠷᠬᠠᠶᠢᠯᠠᠨ᠎ᠠ᠃ | ᠢᠨᠵᠧᠨᠧᠷᠢᠩ ᠤᠨ ᠪᠠᠶᠢᠷᠢᠰᠢᠭᠤᠯᠤᠯᠲᠠ ᠨᠢ ᠪᠦᠬᠦᠯᠢ ᠴᠣᠭᠴᠠᠲᠤ ᠴᠢᠨᠠᠷ᠂ ᠰᠢᠰᠲ᠋ᠧᠮᠲᠦ ᠴᠢᠨᠠᠷ᠂ ᠵᠣᠬᠢᠴᠠᠯᠳᠤ | ᠴᠢᠨᠠᠷ ᠢ ᠢᠯᠡᠷᠡᠭᠦᠯᠦᠭᠰᠡᠨ ᠪᠠᠶᠢᠬᠤ ᠬᠡᠷᠡᠭᠲᠡᠢ᠃ | ᠬᠤᠶᠠᠳᠤᠭᠠᠷ ᠬᠡᠰᠡᠭ ᠢᠨᠵᠧᠨᠧᠷᠢᠩ ᠤᠨ ᠠᠷᠭ᠎ᠠ ᠬᠡᠮᠵᠢᠶ᠎ᠡ | ᠢᠨᠵᠧᠨᠧᠷᠢᠩ ᠤᠨ ᠬᠡᠪᠴᠢᠶᠡᠨ ᠳᠣᠲᠣᠷᠠᠬᠢ ᠡᠯ᠎ᠡ ᠳᠠᠭᠠᠭᠤᠯ ᠲᠥᠷᠥᠯ ᠵᠦᠢᠯ ᠤᠨ ᠠᠪᠬᠤ ᠪᠠᠷ ᠪᠠᠶᠢᠭ᠎ᠠ | ᠭᠠᠵᠠᠷ ᠰᠢᠷᠣᠢ ᠶᠢ ᠴᠡᠭᠴᠡᠯᠡᠨ ᠵᠠᠰᠠᠬᠤ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢ ᠳᠠᠬᠢᠨ ᠴᠣᠭᠴᠠᠯᠠᠬᠤ᠂ | ᠬᠥᠷᠥᠰᠥ ᠰᠢᠷᠣᠢ ᠶᠢ ᠳᠠᠬᠢᠨ ᠪᠦᠲᠦᠭᠡᠬᠦ ᠪᠠ ᠰᠠᠶᠢᠵᠢᠷᠠᠭᠤᠯᠬᠤ᠂ ᠣᠶ ᠰᠢᠭᠤᠢ ᠡᠪᠡᠰᠦ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠬᠤᠬᠢᠷᠠᠵᠤ ᠰᠦᠢᠳᠦᠭᠰᠡᠨ ᠠᠮᠢ ᠠᠬᠤᠢ ᠶᠢᠨ ᠬᠤᠩᠭᠢᠯ ᠪᠠ ᠠᠮᠢᠲᠠᠨ | ᠤᠷᠭᠤᠮᠠᠯ ᠤᠨ ᠣᠷᠣᠰᠢᠨ ᠠᠮᠢᠳᠤᠷᠠᠬᠤ ᠭᠠᠵᠠᠷ ᠢ ᠰᠡᠷᠭᠦᠭᠡᠬᠦ ᠵᠡᠷᠭᠡ ᠠᠮᠢ ᠠᠬᠤᠢ ᠶᠢ ᠰᠡᠷᠭᠦᠭᠡᠬᠦ ᠠᠷᠭ᠎ᠠ ᠮᠠᠶ᠋ᠢᠭ | ᠵᠢᠴᠢ ᠠᠮᠢ ᠠᠬᠤᠢ ᠶᠢ ᠰᠡᠷᠭᠦᠭᠡᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠨ ᠥᠭᠦᠯᠡᠨ᠎ᠡ᠃ | ᠭᠤᠷᠪᠠᠳᠤᠭᠠᠷ ᠬᠡᠰᠡᠭ ᠴᠠᠭ ᠬᠤᠭᠤᠴᠠᠭᠠᠨ ᠤ ᠳᠠᠷᠠᠭᠠᠯᠠᠯ ᠤᠨ ᠲᠣᠬᠢᠷᠠᠭᠤᠯᠤᠯᠲᠠ | ᠭᠤᠣᠯᠳᠠᠭᠤ ᠢᠨᠵᠧᠨᠧᠷᠢᠩ ᠤᠨ ᠬᠡᠪᠴᠢᠶᠡᠨ ᠳᠣᠲᠣᠷᠠᠬᠢ ᠡᠯ᠎ᠡ ᠳᠠᠭᠠᠭᠤᠯ ᠲᠥᠷᠥᠯ ᠵᠦᠢᠯ ᠤᠨ ᠴᠠᠭ | ᠬᠤᠭᠤᠴᠠᠭᠠᠨ ᠤ ᠳᠠᠷᠠᠭᠠᠯᠠᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠨ ᠥᠭᠦᠯᠡᠵᠦ᠂ ᠳᠠᠭᠠᠭᠤᠯ ᠲᠥᠷᠥᠯ | ᠵᠦᠢᠯ ᠤᠨ ᠢᠨᠵᠧᠨᠧᠷᠢᠩ ᠤᠨ ᠬᠤᠭᠤᠴᠠᠭ᠎ᠠ ᠬᠢᠵᠠᠭᠠᠷ ᠪᠠ ᠡᠬᠢᠯᠡᠵᠦ ᠳᠠᠭᠤᠰᠬᠤ ᠴᠠᠭ᠂ ᠣᠨ ᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ᠂ ᠢᠨᠵᠧᠨᠧᠷᠢᠩ ᠤᠨ ᠬᠡᠮᠵᠢᠶ᠎ᠡ᠂ ᠪᠡᠯᠡ ᠣᠷᠣᠭᠤᠯᠤᠯᠲᠠ ᠶᠢᠨ | ᠲᠥᠯᠥᠪᠯᠡᠭᠡ ᠵᠡᠷᠭᠡ ᠶᠢ ᠲᠣᠳᠣᠷᠬᠠᠢ ᠥᠭᠦᠯᠡᠨ᠎ᠡ᠃ | ᠵᠢᠷᠭᠤᠳᠤᠭᠠᠷ ᠪᠦᠯᠦᠭ ᠪᠡᠯᠡ ᠣᠷᠣᠭᠤᠯᠤᠯᠲᠠ ᠶᠢᠨ ᠲᠥᠰᠥᠭᠡᠯᠡᠨ ᠪᠣᠳᠣᠯᠲᠠ | ᠨᠢᠭᠡᠳᠦᠭᠡᠷ ᠬᠡᠰᠡᠭ ᠲᠥᠰᠥᠭᠡᠯᠡᠨ ᠪᠤᠳᠤᠬᠤ ᠦᠨᠳᠦᠰᠦᠯᠡᠯ | ᠵᠠᠷᠤᠳᠠᠯ ᠢ ᠲᠥᠰᠥᠭᠡᠯᠡᠨ ᠪᠤᠳᠤᠨᠨᠰᠠᠨ ᠦᠨᠳᠦᠰᠦᠯᠡᠯ᠂ ᠰᠦᠢᠳᠬᠡᠯ ᠠᠪᠬᠤ ᠪᠠᠷᠢᠮᠵᠢᠶ᠎ᠠ ᠵᠡᠷᠭᠡ ᠶᠢ | ᠲᠣᠳᠣᠷᠬᠠᠶᠢᠯᠠᠨ ᠥᠭᠦᠯᠡᠨ᠎ᠡ᠃ | ᠬᠤᠶᠠᠳᠤᠭᠠᠷ ᠬᠡᠰᠡᠭ ᠵᠠᠷᠤᠳᠠᠯ ᠤᠨ ᠲᠥᠰᠥᠭᠡᠯᠡᠨ ᠪᠣᠳᠣᠯᠲᠠ | ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠪᠠᠷᠢᠯᠭ᠎ᠠ ᠪᠠᠷᠢᠬᠤ ᠵᠠᠷᠤᠳᠠᠯ᠂ ᠬᠢᠨᠠᠨ ᠰᠢᠨᠵᠢᠬᠦ ᠬᠢᠭᠡᠳ | ᠬᠠᠮᠢᠶᠠᠷᠤᠨ ᠬᠠᠮᠠᠭᠠᠯᠠᠬᠤ ᠵᠠᠷᠤᠳᠠᠯ᠂ ᠪᠤᠰᠤᠳ ᠵᠠᠷᠤᠳᠠᠯ ︵ᠡᠮᠦᠨᠡᠬᠢ ᠬᠤᠭᠤᠴᠠᠭᠠᠨ ᠤ ᠠᠵᠢᠯ ᠤᠨ ᠵᠠᠷᠤᠳᠠᠯ᠂ | ᠢᠨᠵᠧᠨᠧᠷᠢᠩ ᠤᠨ ᠬᠢᠨᠠᠨ ᠬᠠᠮᠢᠶᠠᠷᠬᠤ ᠵᠠᠷᠤᠳᠠᠯ᠂ ᠪᠠᠷᠢᠯᠭ᠎ᠠ ᠳᠠᠭᠤᠰᠴᠤ ᠰᠢᠯᠭᠠᠨ ᠠᠪᠬᠤ ᠵᠠᠷᠤᠳᠠᠯ᠂ ᠥᠮᠴᠢᠲᠡᠨ ᠤ | ᠬᠠᠮᠢᠶᠠᠷᠤᠯᠲᠠ ᠶᠢᠨ ᠵᠠᠷᠤᠳᠠᠯ︶ ᠵᠢᠴᠢ ᠪᠠᠷᠤᠭᠴᠠᠭᠠᠯᠠᠵᠤ ᠲᠡᠶᠢᠯᠬᠦ ᠦᠭᠡᠢ ᠵᠠᠷᠤᠳᠠᠯ ᠵᠡᠷᠭᠡ ᠵᠠᠷᠤᠳᠠᠯ ᠤᠨ ᠪᠦᠷᠢᠯᠳᠦᠯ ᠢ | ᠲᠣᠳᠣᠷᠬᠠᠶᠢᠯᠠᠨ ᠥᠭᠦᠯᠡᠨ᠎ᠡ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠪᠡᠯᠡ | ᠣᠷᠣᠭᠤᠯᠤᠯᠲᠠ ᠶᠢᠨ ᠶᠡᠷᠦᠩᠬᠡᠢ ᠲᠤᠭ᠎ᠠ᠂ ᠨᠢᠭᠡᠴᠢ ᠢᠨᠵᠧᠨᠧᠷᠢᠩ ᠤᠨ ᠬᠡᠮᠵᠢᠶ᠎ᠡ ᠶᠢ ᠪᠡᠶᠡᠯᠡᠭᠦᠯᠦᠭᠰᠡᠨ ᠡᠯ᠎ᠡ | ᠲᠦᠷᠦᠯ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠷᠭ᠎ᠠ ᠬᠡᠮᠵᠢᠶ᠎ᠡ ᠳᠤ ᠬᠡᠷᠡᠭᠰᠡᠬᠦ ᠥᠪᠡᠷ ᠤᠨ ᠥᠷᠲᠡᠭ ᠢ | ᠲᠣᠳᠣᠷᠬᠠᠶᠢᠯᠠᠨ᠎ᠠ᠃ | ᠳᠣᠯᠣᠳᠤᠭᠠᠷ ᠪᠦᠯᠦᠭ ᠪᠡᠯᠡ ᠮᠥᠩᠭᠦ ᠪᠠᠵᠠᠭᠠᠬᠤ | ᠨᠢᠭᠡᠳᠦᠭᠡᠷ ᠬᠡᠰᠡᠭ ᠪᠡᠯᠡ ᠮᠥᠩᠭᠦᠨ ᠤ ᠬᠤᠪᠢᠶᠠᠷᠢᠯᠠᠯᠲᠠ | ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢᠨ ᠵᠠᠭᠪᠤᠷ ᠢ ᠥᠭᠦᠯᠡᠨ ᠲᠣᠳᠣᠷᠬᠠᠶᠢᠯᠠᠵᠤ᠂ ᠲᠥᠷᠥᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ᠂ ᠲᠥᠪ ᠤᠨ ᠪᠡᠯᠡ ᠣᠷᠣᠭᠤᠯᠤᠯᠲᠠ ᠶᠢ ᠭᠤᠶᠤᠴᠢᠯᠠᠬᠤ᠂ ᠣᠷᠣᠨ | ᠨᠤᠲᠤᠭ ᠵᠢᠴᠢ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢᠨ ᠪᠡᠯᠡ ᠮᠥᠩᠭᠦᠨ ᠤ ᠢᠷᠡᠯᠲᠡ ᠶᠢᠨ ᠪᠦᠷᠢᠯᠳᠦᠯ ᠢ | ᠲᠣᠳᠣᠷᠬᠠᠢ ᠲᠣᠭᠲᠠᠭᠠᠨ᠎ᠠ᠃ ᠡᠯ᠎ᠡ ᠬᠤᠪᠢᠶᠠᠷᠢ ᠲᠦᠷᠦᠯ ᠵᠦᠢᠯ ᠤᠨ ᠢᠨᠵᠧᠨᠧᠷᠢᠩ ᠤᠨ ᠪᠡᠯᠡ ᠮᠥᠩᠭᠦᠨ ᠤ | ᠢᠷᠡᠯᠲᠡ᠂ ᠪᠡᠯᠡ ᠣᠷᠣᠭᠤᠯᠤᠯᠲᠠ ᠶᠢᠨ ᠲᠥᠰᠥᠭᠡᠯᠡᠨ ᠪᠣᠳᠣᠯᠲᠠ᠂ ᠵᠢᠱᠢᠭᠰᠡᠨ ᠭᠠᠷᠭᠠᠯᠲᠠ ᠶᠢᠨ ᠠᠰᠢᠭ | ᠣᠷᠣᠯᠭ᠎ᠠ ᠶᠢ ᠲᠣᠳᠣᠷᠬᠠᠶᠢᠯᠠᠨ᠎ᠠ᠃ | ᠬᠤᠶᠠᠳᠤᠭᠠᠷ ᠬᠡᠰᠡᠭ ᠳᠡᠮᠵᠢᠯᠭᠡ ᠶᠢᠨ ᠲᠥᠷᠥ ᠶᠢᠨ ᠪᠣᠳᠣᠯᠭ᠎ᠠ | ᠵᠠᠰᠠᠨ ᠰᠡᠷᠭᠦᠭᠡᠭᠰᠡᠨ ᠤ ᠳᠠᠷᠠᠭᠠᠬᠢ ᠭᠠᠵᠠᠷ ᠰᠢᠷᠣᠢ ᠶᠢ ᠨᠡᠭᠡᠭᠡᠨ ᠠᠰᠢᠭᠯᠠᠬᠤ᠂ ᠣᠨᠴᠠ ᠵᠥᠪᠰᠢᠶᠡᠷᠡᠭᠰᠡᠨ | ᠡᠵᠡᠩᠨᠡᠯᠲᠡ ᠳᠤ ᠭᠠᠵᠠᠷ ᠬᠠᠩᠭᠠᠬᠤ᠂ ᠬᠡᠷᠡᠭᠯᠡᠬᠦ ᠭᠠᠵᠠᠷ ᠲᠤ ᠲᠣᠬᠢᠷᠠᠭᠤᠯᠤᠯᠲᠠ ᠬᠢᠬᠦ᠂ ᠵᠠᠯᠭᠠᠮᠵᠢ ᠠᠵᠤ ᠦᠢᠯᠡᠰ ᠢ | ᠨᠡᠭᠡᠭᠡᠨ ᠬᠥᠭᠵᠢᠭᠦᠯᠬᠦ᠂ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠪᠠᠶᠢᠭᠠᠯᠢ ᠶᠢᠨ ᠡᠬᠢ ᠪᠠᠶᠠᠯᠢᠭ ᠤᠨ | ᠪᠡᠯᠡ ᠬᠥᠷᠥᠩᠭᠡ ᠶᠢ ᠲᠣᠬᠢᠷᠠᠭᠤᠯᠬᠤ᠂ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠦᠵᠡᠭᠦᠯᠬᠦ ᠪᠠ ᠡᠯ᠎ᠡ ᠲᠥᠷᠥᠯ ᠤᠨ | ᠭᠦᠢᠴᠡᠳᠬᠡᠯ ᠲᠣᠭᠠᠨ ᠤ ᠲᠤᠰᠬᠠᠢ ᠬᠠᠷᠢᠶᠠᠯᠠᠭᠳᠠᠬᠤ ᠡᠷᠬᠡ ᠵᠡᠷᠭᠡ ᠲᠠᠯ᠎ᠠ ᠶᠢᠨ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠲᠣᠳᠣᠷᠬᠠᠶᠢᠯᠠᠨ ᠥᠭᠦᠯᠡᠨ᠎ᠡ᠃ | ᠭᠤᠷᠪᠠᠳᠤᠭᠠᠷ ᠬᠡᠰᠡᠭ ᠠᠰᠢᠭ ᠤᠷᠤᠯᠭ᠎ᠠ ᠶᠢᠨ ᠬᠤᠪᠢᠶᠠᠷᠢᠯᠠᠯᠲᠠ | ᠪᠡᠯᠡ ᠮᠥᠩᠭᠦᠨ ᠤ ᠬᠤᠪᠢᠶᠠᠷᠢᠯᠠᠯᠲᠠ ᠪᠠ ᠳᠡᠮᠵᠢᠯᠭᠡ ᠶᠢᠨ ᠲᠦᠷᠦ ᠶᠢᠨ ᠪᠣᠳᠣᠯᠭ᠎ᠠ ᠳᠤ ᠰᠠᠭᠤᠷᠢᠯᠠᠵᠤ᠂ | ᠨᠡᠶᠢᠭᠡᠮ ᠤᠨ ᠪᠡᠯᠡ ᠣᠷᠣᠭᠤᠯᠤᠯᠲᠠ ᠶᠢᠨ ᠲᠠᠯ᠎ᠠ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ | ᠲᠦᠢᠮᠣᠴᠢᠯᠠᠨ ᠲᠣᠭᠠᠴᠢᠨ᠎ᠠ᠃ | ᠨᠠᠢᠮᠠᠳᠤᠭᠠᠷ ᠪᠦᠯᠦᠭ ᠮᠥᠷᠳᠡᠵᠦ ᠬᠢᠨᠠᠨ ᠰᠢᠨᠵᠢᠬᠦ ᠬᠢᠭᠡᠳ ᠠᠮᠵᠢᠯᠲᠠ ᠪᠦᠲᠦᠮᠵᠢ ᠶᠢ ᠦᠨᠡᠯᠡᠬᠦ | ᠨᠢᠭᠡᠳᠦᠭᠡᠷ ᠬᠡᠰᠡᠭ ᠮᠥᠷᠳᠡᠵᠦ ᠬᠢᠨᠠᠨ ᠰᠢᠨᠵᠢᠬᠦ | ᠢᠨᠵᠧᠨ᠋ᠧᠷᠢᠩ ᠢ ᠬᠡᠷᠡᠭᠵᠢᠭᠦᠯᠦᠭᠰᠡᠨ ᠤ ᠳᠠᠷᠠᠭᠠᠬᠢ ᠮᠥᠷᠳᠡᠵᠦ ᠬᠢᠨᠠᠨ ᠰᠢᠨᠵᠢᠬᠦ ᠠᠭᠤᠯᠭ᠎ᠠ ᠬᠢᠭᠡᠳ ᠠᠷᠭ᠎ᠠ ᠶᠢ | ᠲᠣᠳᠣᠷᠬᠠᠶᠢᠯᠠᠨ ᠥᠭᠦᠯᠡᠨ᠋᠎ᠡ᠃ | ᠬᠤᠶᠠᠳᠤᠭᠠᠷ ᠬᠡᠰᠡᠭ ᠠᠮᠵᠢᠯᠲᠠ ᠪᠦᠲᠦᠮᠵᠢ ᠶᠢ ᠦᠨᠡᠯᠡᠬᠦ | ᠢᠨᠵᠧᠨᠧᠷᠢᠩ ᠢ ᠬᠡᠷᠡᠭᠵᠢᠭᠦᠯᠦᠭᠰᠡᠨ ᠤ ᠳᠠᠷᠠᠭᠠᠬᠢ ᠠᠮᠵᠢᠯᠲᠠ ᠪᠦᠲᠦᠮᠵᠢ ᠶᠢ ᠦᠨᠡᠯᠡᠬᠦ ᠠᠭᠤᠯᠭ᠎ᠠ ᠪᠠ | ᠠᠷᠭ᠎ᠠ ᠶᠢ ᠲᠣᠳᠣᠷᠬᠠᠶᠢᠯᠠᠨ ᠥᠭᠦᠯᠡᠨ᠋᠎ᠡ᠃ | ᠶᠢᠰᠦᠳᠦᠭᠡᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ | ᠬᠤᠰᠢᠭᠤ ᠰᠢᠶᠠᠨ ᠤ ᠱᠠᠲᠤᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠬᠢᠨᠠᠯᠲᠠ ᠲᠠᠯᠪᠢᠨ ᠬᠠᠮᠢᠶᠠᠷᠬᠤ᠂ | ᠮᠡᠷᠭᠡᠵᠢᠯ ᠤᠨ ᠲᠤᠯᠭᠠᠭᠤᠷᠢᠯᠠᠯ ᠦᠵᠡᠬᠦᠯᠬᠦ ᠠᠵᠢᠯ ᠢ ᠨᠢᠭᠡᠳᠦᠯᠲᠡᠢ ᠲᠥᠯᠥᠪᠯᠡᠬᠦ ᠵᠡᠷᠭᠡ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠲᠣᠳᠣᠷᠬᠠᠶᠢᠯᠠᠨ ᠥᠭᠦᠯᠡᠨ᠋᠎ᠡ᠃ | ᠳᠠᠭᠠᠯᠳᠤᠭᠤᠯᠤᠯ᠄ | 1. × × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ × × ᠠᠮᠢ ᠠᠬᠤᠢ ᠶᠢ ᠰᠡᠷᠭᠦᠭᠡᠬᠦ | ᠲᠥᠷᠥᠯ ᠵᠦᠢᠯ ᠤᠨ ᠠᠯᠤᠰ ᠰᠡᠷᠡᠯ ᠤᠨ ᠢᠮᠡᠭᠧ ᠳᠦᠷᠰᠦ | 2. × × ᠬᠤᠰᠢᠭᠤᠨ ︵ᠰᠢᠶᠠᠨ᠂ ᠬᠤᠳᠠ᠂ ᠲᠣᠭᠤᠷᠢᠭ︶ ᠤ × × ᠠᠮᠢ ᠠᠬᠤᠢ ᠶᠢ ᠰᠡᠷᠭᠦᠭᠡᠬᠦ | ᠲᠦᠷᠦᠯ ᠵᠦᠢᠯ ᠤᠨ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ ᠤᠨ ᠵᠢᠷᠤᠭ | 3. × × ᠬᠤᠰᠢᠭᠤᠨ ︵ᠰᠢᠶᠠᠨ᠂ ᠬᠤᠳᠠ᠂ ᠲᠣᠭᠤᠷᠢᠭ︶ ᠤ × × ᠠᠮᠢ ᠠᠬᠤᠢ ᠶᠢ ᠰᠡᠷᠭᠦᠭᠡᠬᠦ | ᠲᠦᠷᠦᠯ ᠵᠦᠢᠯ ᠤᠨ ᠠᠮᠢ ᠠᠬᠤᠢ ᠶᠢᠨ ᠠᠰᠠᠭᠤᠳᠠᠯ ᠤᠨ ᠣᠳᠣᠬᠢ ᠪᠠᠶᠢᠳᠠᠯ ᠤᠨ ᠵᠢᠷᠤᠭ | 4. × × ᠬᠤᠰᠢᠭᠤᠨ ︵ᠰᠢᠶᠠᠨ᠂ ᠬᠤᠳᠠ᠂ ᠲᠣᠭᠤᠷᠢᠭ︶ ᠤ × × ᠠᠮᠢ ᠠᠬᠤᠢ ᠶᠢ ᠰᠡᠷᠭᠦᠭᠡᠬᠦ | ᠲᠦᠷᠦᠯ ᠵᠦᠢᠯ ᠤᠨ ᠢᠨᠵᠧᠨᠧᠷᠢᠩ ᠤᠨ ᠳᠠᠭᠠᠭᠤᠯ ᠲᠦᠷᠦᠯ ᠵᠦᠢᠯ ᠤᠨ ᠪᠠᠶᠢᠷᠢᠰᠢᠭᠤᠯᠤᠯᠲᠠ ᠶᠢᠨ ᠵᠢᠷᠤᠭ ︵ | ᠳᠠᠭᠠᠭᠤᠯ ᠲᠦᠷᠦᠯ ᠵᠦᠢᠯ ᠦᠭᠡᠢ ᠪᠣᠯ ᠬᠢᠬᠦ ᠦᠭᠡᠢ ᠪᠠᠶᠢᠭᠰᠠᠨ ᠴᠤ ᠪᠣᠯᠣᠨ᠎ᠠ︶ | 5. × × ᠬᠤᠰᠢᠭᠤᠨ ︵ᠰᠢᠶᠠᠨ᠂ ᠬᠤᠳᠠ᠂ ᠲᠣᠭᠤᠷᠢᠭ︶ ᠤ × × ᠠᠮᠢ ᠠᠬᠤᠢ ᠶᠢ ᠰᠡᠷᠭᠦᠭᠡᠬᠦ | ᠲᠦᠷᠦᠯ ᠵᠦᠢᠯ ᠤᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠤᠨ ᠪᠠᠶᠢᠷᠢᠰᠢᠭᠤᠯᠤᠯᠲᠠ ᠶᠢᠨ ᠵᠢᠷᠤᠭ | 6. ᠢᠨᠵᠧᠨᠧᠷᠢᠩ ᠤᠨ ᠬᠡᠪᠴᠢᠶᠡᠨ ᠳᠣᠲᠣᠷ᠎ᠠ ᠬᠤᠯᠪᠣᠭᠳᠠᠵᠤ ᠪᠠᠶᠢᠭ᠎ᠠ ᠰᠤᠮᠤ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠤ ᠰᠠᠨᠠᠯ᠂ ᠲᠤᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ︵ᠪᠤᠶᠤ ᠭᠠᠴᠠᠭ᠎ᠠ ᠲᠣᠰᠬᠤᠨ ᠤ ᠠᠷᠠᠳ ᠤᠨ ᠵᠥᠪᠯᠡᠯ︶ ᠶᠢᠨ ᠰᠠᠨᠠᠯ ᠪᠠ ᠳᠠᠭᠠᠭᠠᠴᠢᠯᠠᠭᠰᠠᠨ | ᠲᠠᠷᠢᠶᠠᠯᠠᠬᠤ ᠮᠠᠯᠵᠢᠬᠤ ᠡᠷᠦᠬᠡ ᠶᠢᠨ ᠰᠠᠨᠠᠯ | 7. ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠪᠡᠯᠡ ᠣᠷᠣᠭᠤᠯᠤᠯᠲᠠ ᠶᠢᠨ ᠰᠠᠨᠠᠮᠵᠢ ᠶᠢᠨ ᠪᠢᠴᠢᠭ | 8. × × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ × × ᠠᠮᠢ ᠠᠬᠤᠢ ᠶᠢ ᠰᠡᠷᠭᠦᠭᠡᠬᠦ | ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢᠨ ᠬᠦᠰᠦᠨᠦᠭᠲᠦ ︵ᠡᠯ᠎ᠡ ᠳᠠᠭᠠᠭᠤᠯ ᠲᠥᠷᠥᠯ ᠵᠦᠢᠯ | ᠪᠠᠭᠲᠠᠨ᠎ᠠ︶ | 9. ᠪᠤᠰᠤᠳ ᠲᠤᠰᠬᠠᠢ ᠲᠥᠰᠥᠯ ᠪᠠ ᠳᠠᠭᠠᠭᠤᠯ ᠲᠥᠷᠥᠯ ᠵᠦᠢᠯ ᠤᠨ ᠵᠢᠷᠤᠭ ᠲᠥᠯᠥᠪᠯᠡᠭᠡ ︵ᠥᠪᠡᠷᠲᠡᠭᠡᠨ | ᠵᠠᠰᠠᠬᠤ ᠣᠷᠣᠨ ᠤ ᠲᠠᠰ ᠤᠨ ᠲᠠᠷᠢᠶᠠᠯᠠᠩ ᠳᠤ ᠬᠡᠷᠡᠭᠯᠡᠬᠦ ᠭᠠᠵᠠᠷ ᠢ ᠨᠡᠭᠡᠭᠡᠨ ᠬᠥᠭᠵᠢᠭᠦᠯᠬᠦ ᠶᠢ ᠳᠠᠬᠢᠨ ᠬᠢᠨᠠᠭᠰᠠᠨ | ᠰᠠᠨᠠᠯ᠂ ᠠᠶᠢᠮᠠᠭ ᠬᠤᠲᠠ ᠶᠢᠨ ᠱᠠᠲᠤᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠲᠥᠷᠥᠯ ᠵᠦᠢᠯ ᠲᠣᠭᠲᠠᠭᠠᠬᠤ ᠵᠦᠢᠯ ᠢ ᠬᠢᠨᠠᠨ | ᠪᠠᠶᠢᠴᠠᠭᠠᠭᠰᠠᠨ ᠰᠠᠨᠠᠯ᠂ ᠳᠡᠯᠪᠡᠴᠢᠬᠦ ᠢᠨᠵᠧᠨᠧᠷᠢᠩ ᠤᠨ ᠠᠶᠤᠯ ᠦᠭᠡᠢ ᠪᠠᠷᠢᠯᠭ᠎ᠠ ᠶᠢᠨ ᠲᠥᠰᠥᠯ᠂ ᠠᠮᠢ ᠠᠬᠤᠢ | ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠮᠡᠳᠡᠭᠦᠯᠦᠯᠲᠡ᠂ ᠬᠥᠷᠥᠰᠥ ᠰᠢᠷᠣᠢ ᠶᠢ ᠬᠠᠮᠠᠭᠠᠯᠠᠬᠤ | ᠲᠥᠰᠥᠯ᠂ ᠬᠠᠶᠠᠭᠳᠠᠮᠠᠯ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠲᠥᠰᠥᠯ ᠵᠡᠷᠭᠡ︶ | | | ᠳᠠᠭᠠᠯᠳᠤᠭᠤᠯᠤᠯ 2 | | | × × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ × × ᠥᠩᠭᠡᠷᠡᠭᠰᠡᠨ ᠠᠴᠠ ᠦᠯᠡᠳᠡᠭᠳᠡᠵᠦ | ᠢᠷᠡᠭᠰᠡᠨ ᠠᠭᠤᠷᠬᠠᠢ ᠶᠢᠨ ᠵᠠᠬ᠎ᠠ ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠨ ᠰᠢᠷᠣᠢ | ᠴᠢᠯᠠᠭᠤᠨ ᠮᠠᠲ᠋ᠧᠷᠢᠶᠠᠯ ᠢ ᠠᠰᠢᠭᠯᠠᠬᠤ ᠲᠥᠰᠥᠯ | | | ︵ᠯᠠᠪᠯᠠᠯᠲᠠ ᠶᠢᠨ ᠲᠣᠪᠴᠢ︶ | | | × × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ | × × × × ᠣᠨ ᠤ × × ᠳ᠋ᠤᠭᠠᠷ ︵ᠳ᠋ᠦ᠋ᠭᠡᠷ︶ ᠰᠠᠷ᠎ᠠ | | | ᠨᠢᠭᠡᠳᠦᠭᠡᠷ ᠪᠦᠯᠦᠭ ᠡᠮᠦᠨᠡᠬᠢ ᠦᠭᠡ | ᠨᠢᠭᠡᠳᠦᠭᠡᠷ ᠬᠡᠰᠡᠭ ᠲᠥᠷᠥᠯ ᠵᠦᠢᠯ ᠤᠨ ᠲᠣᠪᠴᠢ ᠲᠠᠨᠢᠯᠴᠠᠭᠤᠯᠭ᠎ᠠ | ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠵᠠᠬ᠎ᠠ ᠳᠡᠯᠭᠡᠭᠦᠷᠴᠢᠯᠡᠨ ᠠᠮᠢ ᠠᠬᠤᠢ ᠶᠢ | ᠰᠡᠷᠭᠦᠭᠡᠬᠦ ᠲᠥᠷᠥᠯ ᠵᠦᠢᠯ ᠤᠨ ᠲᠦᠢᠮᠣ ᠪᠠᠶᠢᠳᠠᠯ ᠢ ᠲᠣᠪᠴᠢ ᠲᠣᠭᠠᠴᠢᠨ᠎ᠠ᠃ | ᠬᠤᠶᠠᠳᠤᠭᠠᠷ ᠬᠡᠰᠡᠭ ᠵᠣᠷᠢᠯᠭ᠎ᠠ ᠡᠭᠦᠷᠭᠡ | ᠲᠥᠰᠥᠯ ᠢ ᠨᠠᠶᠢᠷᠠᠭᠤᠯᠤᠨ ᠵᠣᠬᠢᠶᠠᠬᠤ ᠵᠣᠷᠢᠯᠭ᠎ᠠ ᠪᠠ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠪᠴᠢ | ᠲᠣᠭᠠᠴᠢᠨ᠎ᠠ᠃ | ᠭᠤᠷᠪᠠᠳᠤᠭᠠᠷ ᠬᠡᠰᠡᠭ ᠨᠠᠶᠢᠷᠠᠭᠤᠯᠤᠨ ᠵᠣᠬᠢᠶᠠᠬᠤ ᠵᠠᠷᠴᠢᠮ | ᠲᠥᠰᠥᠯ ᠢ ᠨᠠᠶᠢᠷᠠᠭᠤᠯᠤᠨ ᠵᠣᠬᠢᠶᠠᠬᠤ ᠦᠨᠳᠦᠰᠦᠨ ᠵᠠᠷᠴᠢᠮ ᠢ ᠲᠣᠳᠣᠷᠬᠠᠶᠢᠯᠠᠨ᠎ᠠ᠃ | ᠳᠥᠷᠪᠡᠳᠦᠭᠡᠷ ᠬᠡᠰᠡᠭ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | ᠲᠥᠰᠥᠯ ᠢ ᠨᠠᠶᠢᠷᠠᠭᠤᠯᠤᠨ ᠵᠣᠬᠢᠶᠠᠭᠰᠠᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ | ᠬᠤᠯᠪᠣᠭᠳᠠᠯ ᠪᠦᠬᠦᠢ ᠲᠥᠯᠦᠪᠵᠢᠭᠦᠯᠭᠡ᠂ ᠬᠠᠤᠯᠢ ᠴᠠᠭᠠᠵᠠ ᠬᠠᠤᠯᠢ ᠲᠣᠭᠲᠠᠭᠠᠯ᠂ ᠵᠢᠷᠤᠮᠵᠢᠯ ᠤᠨ ᠪᠠᠷᠢᠮᠵᠢᠶ᠎ᠠ | ᠵᠡᠷᠭᠡ ᠨᠠᠶᠢᠷᠠᠭᠤᠯᠤᠨ ᠵᠣᠬᠢᠶᠠᠬᠤ ᠦᠨᠳᠦᠰᠦᠯᠡᠯ ᠢ ᠲᠣᠳᠣᠷᠬᠠᠶᠢᠯᠠᠨ᠎ᠠ᠃ | ᠬᠤᠶᠠᠳᠤᠭᠠᠷ ᠪᠦᠯᠦᠭ ᠲᠥᠷᠥᠯ ᠵᠦᠢᠯ ᠤᠨ ᠣᠷᠣᠨ ᠤ ᠦᠨᠳᠦᠰᠦᠨ ᠪᠠᠶᠢᠳᠠᠯ | ᠨᠢᠭᠡᠳᠦᠭᠡᠷ ᠬᠡᠰᠡᠭ ᠪᠠᠶᠢᠷᠢᠯᠠᠯ ᠵᠠᠮ ᠬᠠᠷᠢᠯᠴᠠᠭ᠎ᠠ | ᠲᠥᠷᠥᠯ ᠵᠦᠢᠯ ᠤᠨ ᠣᠷᠣᠨ ᠤ ᠪᠠᠶᠢᠷᠢᠯᠠᠯ᠂ ᠬᠦᠷᠢᠶ᠎ᠡ ᠬᠡᠪᠴᠢᠶ᠎ᠡ ︵ᠵᠠᠮ ᠬᠠᠷᠢᠯᠴᠠᠭᠠᠨ ᠤ ᠪᠠᠶᠢᠷᠢᠯᠠᠯ ᠤᠨ | ᠵᠢᠷᠤᠭ ᠢ ᠳᠠᠭᠠᠯᠳᠤᠭᠤᠯᠤᠨ᠎ᠠ︶ ᠶᠢ ᠲᠣᠪᠴᠢ ᠲᠣᠭᠠᠴᠢᠨ᠎ᠠ᠃ | ᠬᠤᠶᠠᠳᠤᠭᠠᠷ ᠬᠡᠰᠡᠭ ᠪᠠᠶᠢᠭᠠᠯᠢ ᠶᠢᠨ ᠭᠠᠵᠠᠷ ᠵᠦᠢ | ᠲᠥᠷᠥᠯ ᠵᠦᠢᠯ ᠤᠨ ᠣᠷᠣᠨ ᠤ ᠤᠰᠤᠨ ᠵᠦᠢ ᠶᠢᠨ ᠴᠠᠭ ᠠᠭᠤᠷ ᠤᠨ ᠰᠢᠨᠵᠢᠯᠡᠭᠡᠨ᠂ ᠭᠠᠵᠠᠷ ᠤᠨ ᠪᠠᠶᠢᠴᠠ | ᠭᠠᠵᠠᠷ ᠤᠨ ᠭᠠᠳᠠᠷᠭᠤ᠂ ᠬᠥᠷᠥᠰᠥ ᠰᠢᠷᠣᠢ ᠤᠷᠭᠤᠮᠠᠯ ᠤᠨ ᠬᠤᠴᠢᠯᠭ᠎ᠠ᠂ ᠭᠠᠵᠠᠷ ᠰᠢᠷᠣᠢ ᠶᠢᠨ ᠠᠰᠢᠭᠯᠠᠯᠲᠠ ᠶᠢᠨ | ᠣᠳᠣᠬᠢ ᠪᠠᠶᠢᠳᠠᠯ ᠵᠡᠷᠭᠡ ᠪᠠᠶᠢᠳᠠᠯ ᠢ ᠲᠣᠪᠴᠢ ᠲᠣᠭᠠᠴᠢᠨ᠎ᠠ᠃ | ᠭᠤᠷᠪᠠᠳᠤᠭᠠᠷ ᠬᠡᠰᠡᠭ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠨᠥᠬᠦᠴᠡᠯ | ᠲᠥᠷᠥᠯ ᠵᠦᠢᠯ ᠤᠨ ᠣᠷᠣᠨ ᠤ ᠭᠠᠵᠠᠷ ᠤᠨ ᠳᠠᠪᠬᠤᠷᠭ᠎ᠠ ᠶᠢᠨ ᠴᠢᠯᠠᠭᠤᠯᠢᠭ ᠴᠢᠨᠠᠷ᠂ ᠭᠠᠵᠠᠷ ᠤᠨ | ᠲᠣᠭᠲᠠᠴᠠ᠂ ᠣᠰᠣᠨ ᠵᠦᠢ ᠶᠢᠨ ᠭᠠᠵᠠᠷ ᠰᠢᠨᠵᠢᠯᠡᠭᠡᠨ ᠤ ᠨᠥᠬᠦᠴᠡᠯ᠂ ᠢᠨᠵᠧᠨᠧᠷᠢᠩ ᠤᠨ ᠭᠠᠵᠠᠷ ᠰᠢᠨᠵᠢᠯᠡᠭᠡᠨ ᠤ | ᠨᠥᠬᠦᠴᠡᠯ᠂ ᠣᠷᠴᠢᠨ ᠲᠣᠭᠤᠷᠢᠨ ᠤ ᠭᠠᠵᠠᠷ ᠰᠢᠨᠵᠢᠯᠡᠭᠡᠨ ᠤ ᠨᠥᠬᠦᠴᠡᠯ ᠵᠡᠷᠭᠡ ᠪᠠᠶᠢᠳᠠᠯ ᠢ ᠲᠣᠪᠴᠢ ᠲᠣᠭᠠᠴᠢᠨ᠎ᠠ᠃ | ᠳᠥᠷᠪᠡᠳᠦᠭᠡᠷ ᠬᠡᠰᠡᠭ ᠨᠡᠶᠢᠭᠡᠮ ᠤᠨ ᠠᠵᠤ ᠠᠬᠤᠢ ᠪᠠ ᠬᠥᠮᠥᠨ ᠲᠥᠷᠥᠯᠬᠢᠲᠡᠨ ᠤ ᠢᠨᠵᠧᠨᠧᠷᠢᠩ ᠤᠨ | ᠠᠵᠢᠯᠯᠠᠭᠠᠨ | ᠲᠥᠷᠥᠯ ᠵᠦᠢᠯ ᠤᠨ ᠣᠷᠣᠨ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠣᠷᠣᠨ ᠤ ᠠᠵᠤ ᠠᠬᠤᠢ ᠨᠡᠶᠢᠭᠡᠮ ᠪᠠ | ᠲᠥᠷᠥᠯ ᠵᠦᠢᠯ ᠤᠨ ᠣᠷᠣᠨ ᠵᠢᠴᠢ ᠲᠡᠭᠦᠨ ᠤ ᠡᠷᠭᠢᠨ ᠲᠣᠭᠤᠷᠢᠨ ᠤ ᠬᠥᠮᠥᠨ ᠲᠥᠷᠥᠯᠬᠢᠲᠡᠨ ᠤ ᠢᠨᠵᠧᠨᠧᠷᠢᠩ ᠤᠨ | ᠠᠵᠢᠯᠯᠠᠭᠠᠨ ᠤ ᠲᠦᠢᠮᠣ ᠪᠠᠶᠢᠳᠠᠯ ᠢ ᠲᠣᠪᠴᠢ ᠲᠣᠭᠠᠴᠢᠨ᠎ᠠ᠃ | ᠭᠤᠷᠪᠠᠳᠤᠭᠠᠷ ᠪᠦᠯᠦᠭ ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ ᠲᠥᠰᠥᠯ | ᠨᠢᠭᠡᠳᠦᠭᠡᠷ ᠬᠡᠰᠡᠭ ᠤᠭ ᠭᠠᠵᠠᠷ ᠲᠠᠬᠢ ᠦᠯᠡᠳᠡᠭᠳᠡᠯ ᠰᠢᠷᠣᠢ ᠴᠢᠯᠠᠭᠤᠨ ᠮᠠᠲ᠋ᠧᠷᠢᠶᠠᠯ ᠤᠨ ᠪᠠᠶᠢᠳᠠᠯ | ᠲᠥᠷᠥᠯ ᠵᠦᠢᠯ ᠤᠨ ᠣᠷᠣᠨ ᠤ ᠬᠡᠪᠴᠢᠶᠡᠨ ᠳᠠᠬᠢ ᠤᠤᠯ ᠤᠨ ᠪᠠᠶᠢᠭᠰᠠᠨ ᠰᠢᠷᠣᠢ ᠴᠢᠯᠠᠭᠤᠨ ᠮᠠᠲ᠋ᠧᠷᠢᠶᠠᠯ ᠤᠨ | ᠲᠠᠷᠬᠠᠯᠲᠠ ᠶᠢᠨ ᠪᠠᠶᠢᠷᠢᠯᠠᠯ᠂ ᠣᠨᠴᠠᠯᠢᠭ᠂ ᠮᠧᠳ᠋ᠷ ᠰᠢᠷᠣᠢ ᠴᠢᠯᠠᠭᠤᠨ ᠤ ᠬᠡᠮᠵᠢᠶ᠎ᠡ ᠵᠡᠷᠭᠡ ᠪᠠᠶᠢᠳᠠᠯ ᠢ ᠲᠣᠳᠣᠷᠬᠠᠶᠢᠯᠠᠨ | ᠥᠭᠦᠯᠡᠨ᠎ᠡ᠃ | ᠬᠤᠶᠠᠳᠤᠭᠠᠷ ᠬᠡᠰᠡᠭ ᠰᠢᠷᠣᠢ ᠴᠢᠯᠠᠭᠤᠨ ᠮᠠᠲ᠋ᠧᠷᠢᠶᠠᠯ ᠢ ᠰᠠᠯᠭᠠᠬᠤ ᠪᠤᠶᠤ ᠨᠡᠭᠡᠭᠡᠨ ᠮᠠᠯᠲᠠᠬᠤ | ᠠᠮᠢ ᠠᠬᠤᠢ ᠶᠢ ᠰᠡᠷᠭᠦᠭᠡᠬᠦ ᠲᠥᠰᠥᠯ ᠢᠶᠠᠷ ᠶᠠᠪᠤᠭᠳᠠᠭᠤᠯᠵᠤ ᠪᠠᠶᠢᠭ᠎ᠠ ᠠᠮᠢ ᠠᠬᠤᠢ ᠶᠢ ᠰᠡᠷᠭᠦᠭᠡᠬᠦ ᠠᠷᠭ᠎ᠠ | ᠮᠠᠶ᠋ᠢᠭ ᠵᠢᠴᠢ ᠠᠮᠢ ᠠᠬᠤᠢ ᠶᠢ ᠰᠡᠷᠭᠦᠭᠡᠬᠦ ᠠᠷᠭ᠎ᠠ ᠬᠡᠮᠵᠢᠶ᠎ᠡ ᠶᠢᠨ ᠢᠨᠵᠧᠨᠧᠷᠢᠩ ᠤᠨ ᠪᠠᠶᠢᠷᠢᠰᠢᠭᠤᠯᠤᠯᠲᠠ ᠶᠢ | ᠦᠨᠳᠦᠰᠦᠯᠡᠵᠦ᠂ ᠢᠨᠵᠧᠨᠧᠷᠢᠩ ᠤᠨ ᠬᠡᠷᠡᠭᠵᠢᠭᠦᠯᠦᠯᠲᠡ ᠳᠠᠬᠢ ᠰᠢᠨ᠎ᠡ ᠪᠠᠷ ᠪᠣᠢ ᠪᠣᠯᠤᠭᠰᠠᠨ ᠰᠢᠷᠣᠢ ᠴᠢᠯᠠᠭᠤᠨ | ᠮᠠᠲ᠋ᠧᠷᠢᠶᠠᠯ ᠤᠨ ᠪᠠᠶᠢᠳᠠᠯ ︵ᠰᠠᠯᠭᠠᠬᠤ ᠪᠤᠶᠤ ᠨᠡᠭᠡᠭᠡᠨ ᠮᠠᠯᠲᠠᠬᠤ ᠪᠠᠶᠢᠷᠢᠯᠠᠯ᠂ ᠬᠦᠷᠢᠶ᠎ᠡ ᠬᠡᠪᠴᠢᠶ᠎ᠡ᠂ ᠲᠥᠰᠥᠭᠡᠯᠡᠨ | ᠪᠤᠳᠤᠬᠤ ᠠᠷᠭ᠎ᠠ ᠪᠠ ᠲᠥᠰᠥᠭᠡᠯᠡᠨ ᠪᠤᠳᠤᠬᠤ ᠪᠣᠯᠵᠣᠯᠲᠤ ᠲᠤᠭ᠎ᠠ︶ ᠢ ᠲᠣᠳᠣᠷᠬᠠᠶᠢᠯᠠᠬᠤ ᠶᠢᠨ ᠬᠠᠮᠲᠤ᠂ ᠡᠭᠦᠨ ᠢ | ᠦᠨᠳᠦᠰᠦᠯᠡᠨ ᠬᠠᠶᠠᠭᠳᠠᠮᠠᠯ ᠰᠢᠷᠣᠢ ᠴᠢᠯᠠᠭᠤᠨ ᠮᠠᠲ᠋ᠧᠷᠢᠶᠠᠯ ᠢ ᠰᠠᠯᠭᠠᠬᠤ ᠪᠤᠶᠤ ᠨᠡᠭᠡᠭᠡᠨ ᠮᠠᠯᠲᠠᠬᠤ ᠬᠡᠮᠵᠢᠶ᠎ᠡ ︵ᠠᠵᠤ | ᠦᠢᠯᠡᠳᠪᠦᠷᠢ ᠶᠢᠨ ᠭᠦᠢᠴᠡᠳᠬᠡᠯ ᠲᠣᠭᠠᠨ ᠤ ᠵᠥᠷᠢᠶ᠎ᠡ ᠣᠷᠣᠰᠢᠵᠤ ᠪᠠᠶᠢᠬᠤ ᠦᠶ᠎ᠡ ᠳᠤ᠂ ᠠᠰ ᠠᠰ ᠢᠶᠠᠷ ᠨᠢ | ᠲᠥᠰᠥᠭᠡᠯᠡᠨ ᠪᠣᠳᠣᠵᠦ᠂ ᠪᠦᠷᠢᠳᠬᠡᠯ ᠤᠨ ᠲᠠᠯ᠎ᠠ ᠶᠢᠨ ᠬᠡᠮᠵᠢᠶ᠎ᠡ ᠶᠢ ᠲᠣᠭᠲᠠᠭᠠᠨ᠎ᠠ︶ ᠶᠢ ᠲᠥᠰᠥᠭᠡᠯᠡᠨ ᠪᠤᠳᠤᠨ᠎ᠠ᠃ | ᠭᠤᠷᠪᠠᠳᠤᠭᠠᠷ ᠬᠡᠰᠡᠭ ᠰᠢᠷᠣᠢ ᠴᠢᠯᠠᠭᠤᠨ ᠮᠠᠲ᠋ᠧᠷᠢᠶᠠᠯ ᠠᠰᠢᠭᠯᠠᠬᠤ ᠶᠢᠨ ᠴᠢᠬᠤᠯᠠ ᠴᠢᠨᠠᠷ ᠪᠠ ᠪᠣᠯᠣᠮᠵᠢᠲᠤ | ᠴᠢᠨᠠᠷ ᠤᠨ ᠵᠠᠳᠠᠯᠤᠯᠲᠠ | ᠠᠮᠢ ᠠᠬᠤᠢ ᠶᠢ ᠰᠡᠷᠭᠦᠭᠡᠬᠦ ᠲᠥᠰᠥᠯ ᠢᠶᠠᠷ ᠶᠠᠪᠤᠭᠳᠠᠭᠤᠯᠵᠤ ᠪᠠᠶᠢᠭ᠎ᠠ ᠠᠮᠢ ᠠᠬᠤᠢ ᠶᠢ ᠰᠡᠷᠭᠦᠭᠡᠬᠦ ᠠᠷᠭ᠎ᠠ | ᠮᠠᠶ᠋ᠢᠭ ᠵᠢᠴᠢ ᠠᠮᠢ ᠠᠬᠤᠢ ᠶᠢ ᠰᠡᠷᠭᠦᠭᠡᠬᠦ ᠠᠷᠭ᠎ᠠ ᠬᠡᠮᠵᠢᠶ᠎ᠡ ᠶᠢᠨ ᠢᠨᠵᠧᠨᠧᠷᠢᠩ ᠤᠨ ᠪᠠᠶᠢᠷᠢᠰᠢᠭᠤᠯᠤᠯᠲᠠ ᠶᠢ | ᠦᠨᠳᠦᠰᠦᠯᠡᠵᠦ᠂ ᠲᠥᠷᠥᠯ ᠵᠦᠢᠯ ᠤᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠨᠥᠬᠦᠴᠡᠯ ᠵᠡᠷᠭᠡ | ᠭᠠᠳᠠᠷ ᠲᠠᠯ᠎ᠠ ᠶᠢᠨ ᠪᠠᠷᠢᠯᠭ᠎ᠠ ᠶᠢᠨ ᠨᠥᠬᠦᠴᠡᠯ ᠲᠠᠢ ᠤᠶᠠᠯᠳᠤᠭᠤᠯᠤᠨ᠂ ᠰᠢᠷᠣᠢ ᠴᠢᠯᠠᠭᠤᠨ ᠮᠠᠲ᠋ᠧᠷᠢᠶᠠᠯ ᠢ ᠰᠠᠯᠭᠠᠬᠤ | ᠪᠤᠶᠤ ᠨᠡᠭᠡᠭᠡᠨ ᠮᠠᠯᠲᠠᠬᠤ ᠶᠢᠨ ᠴᠢᠬᠤᠯᠠ ᠴᠢᠨᠠᠷ ᠪᠠ ᠵᠣᠬᠢᠬᠤ ᠢᠨᠵᠧᠨᠧᠷᠢᠩ ᠤᠨ ᠠᠷᠭ᠎ᠠ ᠬᠡᠮᠵᠢᠶ᠎ᠡ ᠶᠢᠨ ᠪᠣᠯᠣᠮᠵᠢᠲᠤ | ᠴᠢᠨᠠᠷ ᠢ ᠨᠤᠲᠠᠯᠠᠨ᠎ᠠ᠃ | ᠳᠥᠷᠪᠡᠳᠦᠭᠡᠷ ᠬᠡᠰᠡᠭ ᠰᠢᠷᠣᠢ ᠴᠢᠯᠠᠭᠤᠨ ᠮᠠᠲ᠋ᠧᠷᠢᠶᠠᠯ ᠤᠨ ᠲᠡᠩᠴᠡᠭᠦᠷᠢ ᠶᠢᠨ ᠵᠠᠳᠠᠯᠤᠯᠲᠠ | ᠲᠥᠷᠥᠯ ᠵᠦᠢᠯ ᠤᠨ ᠣᠷᠣᠨ ᠤ ᠠᠮᠢ ᠠᠬᠤᠢ ᠶᠢ ᠰᠡᠷᠭᠦᠭᠡᠬᠦ ᠢᠨᠵᠧᠨᠧᠷᠢᠩ ᠳᠠᠬᠢ ᠰᠢᠷᠣᠢ ᠴᠢᠯᠠᠭᠤᠨ | ᠮᠠᠲ᠋ᠧᠷᠢᠶᠠᠯ ᠬᠠᠩᠭᠠᠬᠤ ᠬᠡᠮᠵᠢᠶ᠎ᠡ ︵ᠤᠭ ᠭᠠᠵᠠᠷ ᠲᠠᠬᠢ ᠦᠯᠡᠳᠡᠭᠳᠡᠯ ᠰᠢᠷᠣᠢ ᠴᠢᠯᠠᠭᠤᠨ ᠮᠠᠲ᠋ᠧᠷᠢᠶᠠᠯ ᠪᠠ ᠰᠢᠨ᠎ᠡ ᠪᠠᠷ | ᠪᠤᠢ ᠪᠣᠯᠤᠭᠰᠠᠨ ᠰᠢᠷᠣᠢ ᠴᠢᠯᠠᠭᠤᠨ ᠮᠠᠲ᠋ᠧᠷᠢᠶᠠᠯ︶᠂ ᠰᠢᠷᠣᠢ ᠴᠢᠯᠠᠭᠤᠨ ᠮᠠᠲ᠋ᠧᠷᠢᠶᠠᠯ ᠤᠨ ᠬᠡᠷᠡᠭᠰᠡᠬᠦ ᠬᠡᠮᠵᠢᠶ᠎ᠡ ᠪᠠ | ᠦᠯᠡᠳᠡᠪᠦᠷᠢ ᠰᠢᠢᠳᠪᠦᠷᠢᠯᠡᠵᠦ ᠪᠣᠯᠬᠤᠶᠢᠴᠠ ᠰᠢᠷᠣᠢ ᠴᠢᠯᠠᠭᠤᠨ ᠮᠠᠲ᠋ᠧᠷᠢᠶᠠᠯ ᠤᠨ ᠬᠡᠮᠵᠢᠶ᠎ᠡ ᠳᠤ ᠲᠡᠩᠴᠡᠭᠦᠷᠢ ᠶᠢᠨ | ᠵᠠᠳᠠᠯᠤᠯᠲᠠ ᠬᠢᠨ᠎ᠡ᠃ | ᠲᠠᠪᠤᠳᠤᠭᠠᠷ ᠬᠡᠰᠡᠭ ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ ᠠᠷᠭ᠎ᠠ | ᠲᠣᠰ ᠤᠳᠠᠭᠠᠨ ᠤ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠳᠤ ᠵᠠᠷᠤᠴᠠᠭᠤᠯᠬᠤ ᠮᠧ ᠲᠷ ᠰᠢᠷᠣᠢ | ᠴᠢᠯᠠᠭᠤᠨ ᠤ ᠬᠡᠮᠵᠢᠶ᠎ᠡ ᠵᠢᠴᠢ ᠦᠯᠡᠳᠡᠪᠦᠷᠢ ᠰᠢᠢᠳᠪᠦᠷᠢᠯᠡᠵᠦ ᠪᠣᠯᠬᠤᠶᠢᠴᠠ ᠰᠢᠷᠣᠢ ᠴᠢᠯᠠᠭᠤᠨ ᠮᠠᠲ᠋ᠧᠷᠢᠶᠠᠯ ᠤᠨ | ᠬᠡᠮᠵᠢᠶ᠎ᠡ ᠶᠢ ᠲᠣᠳᠣᠷᠬᠠᠶᠢᠯᠠᠨ᠎ᠠ᠃ ᠦᠯᠡᠳᠡᠪᠦᠷᠢ ᠰᠢᠢᠳᠪᠦᠷᠢᠯᠡᠵᠦ ᠪᠣᠯᠬᠤᠶᠢᠴᠠ ᠰᠢᠷᠣᠢ ᠴᠢᠯᠠᠭᠤᠨ ᠮᠠᠲ᠋ᠧᠷᠢᠶᠠᠯ ᠢ | ᠰᠢᠢᠳᠪᠦᠷᠢᠯᠡᠬᠦ ᠠᠷᠭ᠎ᠠ ᠬᠡᠮᠵᠢᠶ᠎ᠡ ︵ᠠᠶᠢᠮᠠᠭ ᠬᠤᠲᠠ ᠶᠢᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠦᠭᠡᠳ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠵᠣᠬᠢᠶᠠᠨ ᠪᠠᠶᠢᠭᠤᠯᠵᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠣᠷᠣᠭᠤᠯᠤᠨ᠎ᠠ︶ ᠶᠢ | ᠲᠣᠳᠣᠷᠬᠠᠢ ᠲᠣᠭᠲᠠᠭᠠᠨ᠎ᠠ᠃ | ᠳᠥᠷᠪᠡᠳᠦᠭᠡᠷ ᠪᠦᠯᠦᠭ ᠠᠰᠢᠭ ᠣᠷᠣᠯᠭ᠎ᠠ ᠶᠢᠨ ᠬᠤᠪᠢᠶᠠᠷᠢᠯᠠᠯᠲᠠ | ᠨᠢᠭᠡᠳᠦᠭᠡᠷ ᠬᠡᠰᠡᠭ ᠠᠰᠢᠭ ᠤᠷᠤᠯᠭ᠎ᠠ ᠶᠢᠨ ᠲᠥᠰᠥᠭᠡᠯᠡᠨ ᠪᠣᠳᠣᠯᠲᠠ | ᠦᠯᠡᠳᠡᠪᠦᠷᠢ ᠰᠢᠢᠳᠪᠦᠷᠢᠯᠡᠵᠦ ᠪᠣᠯᠬᠤᠶᠢᠴᠠ ᠰᠢᠷᠣᠢ ᠴᠢᠯᠠᠭᠤᠨ ᠮᠠᠲ᠋ᠧᠷᠢᠶᠠᠯ ᠤᠨ ᠠᠷᠠᠯᠵᠢᠶᠠᠨ ᠤ ᠠᠰᠢᠭ | ᠣᠷᠣᠯᠭ᠎ᠠ ᠶᠢ ᠲᠥᠰᠥᠭᠡᠯᠡᠨ ᠪᠣᠳᠣᠨ᠎ᠠ᠃ | ᠬᠤᠶᠠᠳᠤᠭᠠᠷ ᠬᠡᠰᠡᠭ ᠠᠰᠢᠭ ᠤᠷᠤᠯᠭ᠎ᠠ ᠶᠢᠨ ᠬᠤᠪᠢᠶᠠᠷᠢᠯᠠᠯᠲᠠ | ᠪᠡᠯᠡ ᠮᠥᠩᠭᠦᠨ ᠤ ᠲᠡᠩᠴᠡᠭᠦᠷᠢ ᠶᠢᠨ ᠵᠠᠳᠠᠯᠤᠯᠲᠠ ᠳᠤ ᠰᠠᠭᠤᠷᠢᠯᠠᠵᠤ᠂ ᠨᠡᠶᠢᠭᠡᠮ ᠤᠨ ᠪᠡᠯᠡ | ᠣᠷᠣᠭᠤᠯᠤᠯᠲᠠ ᠶᠢᠨ ᠲᠠᠯ᠎ᠠ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠲᠦᠢᠮᠣᠴᠢᠯᠠᠨ | ᠲᠣᠭᠠᠴᠢᠨ᠎ᠠ᠃ | ᠳᠠᠭᠠᠯᠳᠤᠭᠤᠯᠤᠯ᠄ | 1. ᠲᠥᠷᠥᠯ ᠵᠦᠢᠯ ᠤᠨ ᠣᠷᠣᠨ ᠤ ᠰᠢᠷᠣᠢ ᠴᠢᠯᠠᠭᠤᠨ ᠮᠠᠲ᠋ᠧᠷᠢᠶᠠᠯ ᠤᠨ ᠲᠡᠩᠴᠡᠭᠦᠷᠢ ᠶᠢᠨ ᠵᠠᠳᠠᠯᠤᠯᠲᠠ ᠶᠢᠨ | ᠬᠦᠰᠦᠨᠦᠭᠲᠦ | 2. ᠲᠥᠷᠥᠯ ᠵᠦᠢᠯ ᠤᠨ ᠣᠷᠣᠨ ᠤ ᠤᠭ ᠭᠠᠵᠠᠷ ᠲᠠᠬᠢ ᠦᠯᠡᠳᠡᠭᠳᠡᠯ ᠰᠢᠷᠣᠢ ᠴᠢᠯᠠᠭᠤᠨ ᠮᠠᠲ᠋ᠧᠷᠢᠶᠠᠯ ᠤᠨ | ᠣᠳᠣᠬᠢ ᠪᠠᠶᠢᠳᠠᠯ ᠤᠨ ᠵᠢᠷᠤᠭ | 3. ᠲᠥᠷᠥᠯ ᠵᠦᠢᠯ ᠤᠨ ᠣᠷᠣᠨ ᠤ ᠰᠢᠷᠣᠢ ᠴᠢᠯᠠᠭᠤᠨ ᠤ ᠮᠠᠲ᠋ᠧᠷᠢᠶᠠᠯ ᠢ ᠰᠠᠯᠭᠠᠬᠤ ᠪᠤᠶᠤ ᠨᠡᠭᠡᠭᠡᠨ ᠮᠠᠯᠲᠠᠬᠤ | ᠢᠨᠵᠧᠨᠧᠷᠢᠩ ᠤᠨ ᠪᠠᠶᠢᠷᠢᠰᠢᠭᠤᠯᠤᠯᠲᠠ ᠶᠢᠨ ᠵᠢᠷᠤᠭ | 4. ᠲᠥᠷᠥᠯ ᠵᠦᠢᠯ ᠤᠨ ᠣᠷᠣᠨ ᠤ ᠰᠢᠷᠣᠢ ᠴᠢᠯᠠᠭᠤᠨ ᠮᠠᠲ᠋ᠧᠷᠢᠶᠠᠯ ᠢ ᠰᠠᠯᠭᠠᠬᠤ ᠪᠤᠶᠤ ᠨᠡᠭᠡᠭᠡᠨ ᠮᠠᠯᠲᠠᠬᠤ | ᠵᠢᠷᠤᠭ ᠲᠥᠯᠥᠪᠯᠡᠭᠡ ᠶᠢᠨ ᠶᠡᠷᠦᠩᠬᠡᠶᠢᠯᠡᠭᠰᠡᠨ ᠣᠭᠲᠣᠯᠣᠭᠠᠰᠤ ᠶᠢᠨ ᠵᠢᠷᠤᠭ | 5. ᠲᠥᠷᠥᠯ ᠵᠦᠢᠯ ᠤᠨ ᠣᠷᠣᠨ ᠤ ᠰᠢᠷᠣᠢ ᠴᠢᠯᠠᠭᠤᠨ ᠤ ᠮᠠᠲ᠋ᠧᠷᠢᠶᠠᠯ ᠤᠨ ᠬᠡᠮᠵᠢᠶᠡᠨ ᠤ ᠲᠥᠰᠥᠭᠡᠯᠡᠨ | ᠪᠤᠳᠤᠨᠨᠰᠠᠨ ᠬᠠᠪᠲᠠᠭᠠᠢ ᠵᠢᠷᠤᠭ | 6. ᠬᠠᠶᠠᠭᠳᠠᠮᠠᠯ ᠰᠢᠷᠣᠢ ᠴᠢᠯᠠᠭᠤᠨ ᠮᠠᠲ᠋ᠧᠷᠢᠶᠠᠯ ᠢ ᠶᠡᠷᠦᠩᠬᠡᠶᠢᠯᠡᠨ ᠠᠰᠢᠭᠯᠠᠬᠤ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠤᠬᠠᠢ × × ᠬᠤᠰᠢᠭᠤᠨ ︵ᠰᠢᠶᠠᠨ᠂ ᠬᠤᠳᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠤ ᠠᠮᠠᠯᠠᠯᠲᠠ ᠶᠢᠨ ᠪᠢᠴᠢᠭ | | | ᠳᠠᠭᠠᠯᠳᠤᠭᠤᠯᠤᠯ 3 | | | × × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ × × ᠠᠮᠢ ᠠᠬᠤᠢ ᠶᠢ ᠰᠡᠷᠭᠦᠭᠡᠬᠦ ᠲᠦᠷᠦᠯ | ᠵᠦᠢᠯ ᠤᠨ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠨᠢ ᠲᠡᠩᠴᠡᠭᠦᠷᠢᠰᠢᠭᠦᠯᠦᠨ | ᠠᠰᠢᠭᠯᠠᠬᠤ ᠲᠥᠰᠥᠯ | | | | ︵ᠯᠠᠪᠯᠠᠯᠲᠠ ᠶᠢᠨ ᠲᠣᠪᠴᠢ︶ | | | | ᠨᠢᠭᠡᠳᠦᠭᠡᠷ ᠪᠦᠯᠦᠭ ᠡᠮᠦᠨᠡᠬᠢ ᠦᠭᠡ | ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠦᠨᠳᠦᠰᠦᠯᠡᠯ᠂ ᠵᠣᠷᠢᠯᠭ᠎ᠠ ᠬᠢᠭᠡᠳ ᠡᠭᠦᠷᠭᠡ᠂ ᠵᠢᠯᠤᠭᠤᠳᠬᠤ | ᠦᠵᠡᠯ ᠰᠠᠨᠠᠭ᠎ᠠ ᠪᠠ ᠦᠨᠳᠦᠰᠦᠨ ᠵᠠᠷᠴᠢᠮ ᠢ ᠲᠣᠳᠣᠷᠬᠠᠶᠢᠯᠠᠨ ᠥᠭᠦᠯᠡᠨ᠎ᠡ᠃ | ᠬᠤᠶᠠᠳᠤᠭᠠᠷ ᠪᠦᠯᠦᠭ ᠣᠷᠣᠨ ᠪᠦᠰᠡ ᠶᠢᠨ ᠪᠠᠶᠢᠭᠠᠯᠢ ᠶᠢᠨ ᠲᠦᠢᠮᠣ ᠪᠠᠶᠢᠳᠠᠯ | ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠢ | ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠰᠢᠭᠦᠯᠬᠦ ᠳᠤ ᠬᠡᠷᠡᠭᠯᠡᠬᠦ ᠲᠥᠷᠥᠯ ᠵᠦᠢᠯ ᠤᠨ ᠣᠷᠣᠨ | ᠪᠦᠰᠡ ᠶᠢᠨ ᠪᠠᠶᠢᠷᠢᠯᠠᠯ᠂ ᠬᠡᠪᠴᠢᠶ᠎ᠡ᠂ ᠪᠠᠶᠢᠭᠠᠯᠢ ᠶᠢᠨ ᠭᠠᠵᠠᠷ ᠵᠦᠢ ︵ᠣᠨᠴᠠᠭᠠᠶᠢᠯᠠᠨ ᠭᠠᠵᠠᠷ ᠤᠨ ᠭᠠᠳᠠᠷᠭᠤ ᠶᠢᠨ | ᠲᠥᠷᠥᠯ ᠬᠡᠯᠪᠡᠷᠢ᠂ ᠠᠭᠤᠷ ᠠᠮᠢᠰᠬᠤᠯ ᠤᠨ ᠨᠥᠬᠦᠴᠡᠯ᠂ ᠬᠥᠷᠥᠰᠥ ᠰᠢᠷᠣᠢ ᠶᠢᠨ ᠨᠥᠬᠦᠴᠡᠯ᠂ ᠣᠰᠣᠨ ᠵᠦᠢ ᠶᠢᠨ | ᠭᠠᠵᠠᠷ ᠰᠢᠨᠵᠢᠯᠡᠭᠡᠨ ᠤ ᠨᠥᠬᠦᠴᠡᠯ ᠵᠡᠷᠭᠡ︶ ᠶᠢᠨ ᠠᠵᠤ ᠠᠬᠤᠢ ᠶᠢᠨ ᠲᠦᠢᠮᠣ ᠪᠠᠶᠢᠳᠠᠯ ᠢ ᠲᠣᠳᠣᠷᠬᠠᠶᠢᠯᠠᠨ | ᠥᠭᠦᠯᠡᠨ᠎ᠡ᠃ | ᠭᠤᠷᠪᠠᠳᠤᠭᠠᠷ ᠪᠦᠯᠦᠭ ᠲᠥᠷᠥᠯ ᠵᠦᠢᠯ ᠤᠨ ᠣᠷᠣᠨ ᠤ ᠭᠠᠵᠠᠷ ᠰᠢᠷᠣᠢ ᠶᠢ ᠠᠰᠢᠭᠯᠠᠵᠤ ᠪᠠᠶᠢᠭ᠎ᠠ ᠪᠠᠶᠢᠳᠠᠯ | ᠲᠥᠷᠥᠯ ᠵᠦᠢᠯ ᠤᠨ ᠣᠷᠣᠨ ᠢ ᠪᠦᠲᠦᠭᠡᠨ ᠪᠠᠶᠢᠭᠤᠯᠬᠤ ᠠᠴᠠ ᠡᠮᠦᠨᠡᠬᠢ ᠭᠠᠵᠠᠷ ᠰᠢᠷᠣᠢ ᠶᠢᠨ | ᠠᠰᠢᠭᠯᠠᠯᠲᠠ ᠶᠢᠨ ᠪᠠᠶᠢᠳᠠᠯ ᠢ ᠵᠠᠳᠠᠯᠤᠨ᠎ᠠ᠃ | ᠳᠥᠷᠪᠡᠳᠦᠭᠡᠷ ᠪᠦᠯᠦᠭ ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠨᠢ ᠲᠡᠩᠴᠡᠭᠦᠷᠢᠰᠢᠭᠦᠯᠬᠦ ᠶᠢᠨ | ᠴᠢᠬᠤᠯᠠ ᠴᠢᠨᠠᠷ ᠪᠠ ᠪᠣᠯᠣᠮᠵᠢᠲᠤ ᠴᠢᠨᠠᠷ ᠤᠨ ᠵᠠᠳᠠᠯᠤᠯᠲᠠ | ᠠᠮᠢ ᠠᠬᠤᠢ ᠶᠢ ᠰᠡᠷᠭᠦᠭᠡᠬᠦ ᠲᠥᠰᠥᠯ ᠳᠠᠬᠢ ᠡᠯ᠎ᠡ ᠵᠦᠢᠯ ᠤᠨ ᠢᠨᠵᠧᠨᠧᠷᠢᠩ ᠤᠨ ᠪᠠᠶᠢᠷᠢᠰᠢᠭᠤᠯᠤᠯᠲᠠ ᠲᠠᠢ | ᠤᠶᠠᠯᠳᠤᠭᠤᠯᠵᠤ᠂ ᠰᠡᠷᠭᠦᠭᠡᠨ ᠬᠠᠭᠠᠯᠪᠤᠷᠢᠯᠠᠭᠰᠠᠨ ᠭᠠᠵᠠᠷ ᠣᠷᠣᠨ ᠤ ᠬᠤᠯᠪᠣᠭᠳᠠᠯ ᠪᠦᠬᠦᠢ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠤ ᠨᠥᠬᠦᠴᠡᠯ᠂ ᠤᠰᠤᠨ ᠤ ᠡᠬᠢ ᠰᠤᠷᠪᠤᠯᠵᠢ ᠶᠢᠨ ᠨᠥᠬᠦᠴᠡᠯ᠂ ᠬᠥᠷᠥᠰᠥ ᠰᠢᠷᠣᠢ ᠶᠢᠨ | ᠨᠥᠬᠦᠴᠡᠯ᠂ ᠬᠦᠨᠳᠦ ᠲᠡᠮᠦᠷᠯᠢᠭ ᠤᠨ ᠪᠣᠬᠢᠷᠲᠤᠯ ᠤᠨ ᠪᠠᠶᠢᠳᠠᠯ ᠪᠠ ᠠᠮᠢ ᠠᠬᠤᠢ ᠶᠢᠨ ᠤᠯᠠᠭᠠᠨ ᠱᠤᠭᠤᠮ ᠤᠨ | ᠪᠠᠶᠢᠳᠠᠯ ᠢ ᠦᠨᠳᠦᠰᠦᠯᠡᠨ᠂ ᠤᠷᠳᠤ ᠬᠤᠭᠤᠴᠠᠭᠠᠨ ᠤ᠂ ᠲᠣᠭᠲᠠᠪᠤᠷᠢᠲᠠᠢ᠂ ᠪᠦᠲᠦᠮᠵᠢᠲᠡᠢ ᠲᠠᠷᠢᠶᠠᠯᠠᠬᠤ ᠭᠠᠵᠠᠷ ᠢ | ᠪᠤᠢ ᠪᠣᠯᠭᠠᠵᠦ ᠴᠢᠳᠠᠬᠤ ᠡᠰᠡᠬᠦ ᠶᠢᠨ ᠪᠣᠯᠣᠮᠵᠢᠲᠤ ᠴᠢᠨᠠᠷ ᠪᠠ ᠴᠢᠬᠤᠯᠠ ᠴᠢᠨᠠᠷ ᠢ ᠵᠠᠳᠠᠯᠤᠨ ᠨᠤᠲᠠᠯᠠᠨ᠎ᠠ᠃ | ᠲᠠᠪᠤᠳᠤᠭᠠᠷ ᠪᠦᠯᠦᠭ ᠲᠠᠷᠢᠶᠠᠯᠠᠬᠤ ᠭᠠᠵᠠᠷ ᠢ ᠡᠵᠡᠯᠡᠬᠦ ᠨᠥᠬᠦᠪᠦᠷᠢᠯᠡᠬᠦ ᠶᠢ ᠨᠢ ᠲᠡᠩᠴᠡᠭᠦᠷᠢᠰᠢᠭᠦᠯᠦᠨ | ᠠᠰᠢᠭᠯᠠᠬᠤ ᠲᠥᠰᠥᠯ | ᠭᠤᠣᠯᠳᠠᠭᠤ ᠲᠥᠷᠥᠯ ᠵᠦᠢᠯ ᠤᠨ ᠰᠡᠷᠭᠦᠭᠡᠨ ᠬᠠᠭᠠᠯᠪᠤᠷᠢᠯᠠᠬᠤ ᠭᠠᠵᠠᠷ᠂ ᠪᠦᠲᠦᠭᠡᠨ ᠪᠠᠶᠢᠭᠤᠯᠬᠤ | ᠢᠨᠵᠧᠨᠧᠷᠢᠩ ᠤᠨ ᠬᠤᠭᠤᠴᠠᠭ᠎ᠠ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠲᠥᠷᠥᠯ | ᠵᠦᠢᠯ ᠤᠨ ᠣᠷᠣᠨ ᠤ ᠡᠷᠬᠢᠨ ᠲᠣᠭᠤᠷᠢᠨ ᠤ ᠲᠠᠷᠢᠶᠠᠯᠠᠬᠤ ᠭᠠᠵᠠᠷ ᠤᠨ ᠪᠠᠶᠢᠳᠠᠯ ᠪᠠ ᠶᠠᠰᠤ ᠴᠢᠨᠠᠷ ᠤᠨ ᠪᠠᠶᠢᠳᠠᠯ᠂ | ᠣᠷᠳᠣ ᠬᠤᠭᠤᠴᠠᠭᠠᠨ ᠤ᠂ ᠲᠣᠭᠲᠠᠪᠤᠷᠢᠲᠠᠢ᠂ ᠪᠦᠲᠦᠮᠵᠢᠲᠡᠶ ᠲᠠᠷᠢᠶᠠᠯᠠᠬᠤ ᠭᠠᠵᠠᠷ ᠤᠨ ᠲᠠᠯᠠᠪᠠᠶ᠂ ᠦᠢᠯᠡᠳᠪᠦᠷᠢᠯᠡᠬᠦ | ᠴᠢᠳᠠᠮᠵᠢ ᠵᠢᠴᠢ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠤᠨ ᠪᠤᠢ ᠪᠣᠯᠤᠭᠰᠠᠨ ᠪᠠᠶᠢᠳᠠᠯ᠂ ᠭᠠᠵᠠᠷ ᠰᠢᠷᠣᠢ | ᠬᠠᠭᠠᠯᠪᠤᠷᠢᠯᠠᠨ ᠲᠠᠷᠢᠨᠨᠴᠢᠳ ᠤᠨ ᠪᠠᠲᠤᠯᠠᠭ᠎ᠠ ᠵᠢᠴᠢ ᠲᠥᠷᠥᠯ ᠵᠦᠢᠯ ᠢ ᠰᠢᠯᠭᠠᠨ ᠠᠪᠤᠭᠰᠠᠨ ᠤ ᠳᠠᠷᠠᠭᠠᠬᠢ | ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠭᠰᠠᠨ ᠪᠠ ᠭᠠᠵᠠᠷ ᠤᠨ ᠬᠦᠴᠦ ᠰᠢᠮᠡᠵᠢᠭᠦᠯᠦᠭᠰᠡᠨ | ᠪᠠᠶᠢᠳᠠᠯ ᠳᠤ ᠵᠠᠳᠠᠯᠤᠯᠲᠠ ᠬᠢᠨ᠎ᠡ᠃ | ᠵᠢᠷᠭᠤᠳᠤᠭᠠᠷ ᠪᠦᠯᠦᠭ ᠪᠡᠯᠡ ᠮᠥᠩᠭᠦᠨ ᠤ ᠲᠡᠩᠴᠡᠭᠦᠷᠢ ᠶᠢᠨ ᠵᠠᠳᠠᠯᠤᠯᠲᠠ | ᠶᠡᠷᠦᠩᠬᠡᠢ ᠪᠡᠯᠡ ᠣᠷᠣᠭᠤᠯᠤᠯᠲᠠ ᠶᠢ ᠲᠥᠰᠥᠭᠡᠯᠡᠨ ᠪᠣᠳᠣᠬᠤ᠂ ᠵᠠᠬ᠎ᠠ ᠳᠡᠯᠭᠡᠭᠦᠷᠴᠢᠯᠡᠯᠲᠡ ᠶᠢ ᠣᠷᠣᠭᠤᠯᠤᠨ | ᠠᠪᠴᠢᠷᠠᠭᠠᠳ ᠣᠷᠣᠭᠤᠯᠤᠯᠲᠠ ᠬᠢᠯᠭᠡᠭᠰᠡᠨ ᠪᠡᠯᠡ ᠮᠥᠩᠭᠦ ᠶᠢ ᠲᠥᠰᠥᠭᠡᠯᠡᠨ ᠪᠤᠳᠤᠬᠤ᠂ ᠵᠢᠱᠢᠭᠰᠡᠨ | ᠦᠢᠯᠡᠳᠪᠦᠷᠢᠯᠡᠯ ᠤᠨ ᠠᠰᠢᠭ ᠣᠷᠣᠯᠭ᠎ᠠ᠂ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠬᠢᠭᠡᠳ ᠠᠰᠢᠭ | ᠬᠦᠷᠲᠡᠬᠦ ᠶᠢ ᠬᠤᠯᠪᠣᠭᠳᠠᠭᠤᠯᠬᠤ ᠵᠠᠷᠴᠢᠮ ᠵᠡᠷᠭᠡ ᠶᠢ ᠲᠦᠢᠮᠣᠴᠢᠯᠠᠨ ᠲᠣᠭᠠᠴᠢᠨ᠎ᠠ᠃ | ᠳᠣᠯᠣᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ | ᠬᠤᠰᠢᠭᠤ ᠰᠢᠶᠠᠨ ᠤ ᠱᠠᠲᠤᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠬᠢᠨᠠᠯᠲᠠ ᠲᠠᠯᠪᠢᠨ ᠬᠠᠮᠢᠶᠠᠷᠬᠤ᠂ | ᠮᠡᠷᠭᠡᠵᠢᠯ ᠤᠨ ᠲᠤᠯᠭᠠᠭᠤᠷᠢᠯᠠᠯ ᠦᠵᠡᠬᠦᠯᠬᠦ ᠶᠢ ᠨᠢᠭᠡᠳᠦᠯᠲᠡᠢ ᠲᠥᠯᠥᠪᠯᠡᠬᠦ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠲᠣᠳᠣᠷᠬᠠᠢ ᠲᠣᠭᠲᠠᠭᠠᠨ᠎ᠠ᠃ | | | ᠳᠠᠭᠠᠯᠳᠤᠭᠤᠯᠤᠯ 4 | | | × × ᠬᠤᠰᠢᠭᠤᠨ ︵ᠰᠢᠶᠠᠨ᠂ ᠬᠤᠲᠠ᠂ ᠲᠣᠭᠤᠷᠢᠭ︶ ᠤ × × × × ᠠᠮᠢ ᠠᠬᠤᠢ ᠶᠢ ᠰᠡᠷᠭᠦᠭᠡᠬᠦ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠬᠦ ᠪᠠ ᠬᠠᠰᠤᠭᠳᠠᠬᠤ ᠶᠢ | ᠬᠤᠯᠪᠣᠭᠳᠠᠭᠤᠯᠤᠨ ᠠᠰᠢᠭᠯᠠᠬᠤ ᠲᠥᠷᠥᠯ ᠵᠦᠢᠯ ᠤᠨ ᠲᠥᠰᠥᠯ | | | | ︵ᠯᠠᠪᠯᠠᠯᠲᠠ ᠶᠢᠨ ᠲᠣᠪᠴᠢ︶ | | | ᠨᠢᠭᠡᠳᠦᠭᠡᠷ ᠪᠦᠯᠦᠭ ᠡᠮᠦᠨᠡᠬᠢ ᠦᠭᠡ | ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠦᠨᠳᠦᠰᠦᠯᠡᠯ᠂ ᠵᠣᠷᠢᠯᠭ᠎ᠠ ᠬᠢᠭᠡᠳ ᠡᠭᠦᠷᠭᠡ᠂ ᠵᠢᠯᠤᠭᠤᠳᠬᠤ | ᠦᠵᠡᠯ ᠰᠠᠨᠠᠭ᠎ᠠ ᠪᠠ ᠦᠨᠳᠦᠰᠦᠨ ᠵᠠᠷᠴᠢᠮ ᠢ ᠲᠣᠳᠣᠷᠬᠠᠶᠢᠯᠠᠨ ᠥᠭᠦᠯᠡᠨ᠎ᠡ᠃ | ᠬᠤᠶᠠᠳᠤᠭᠠᠷ ᠪᠦᠯᠦᠭ ᠵᠣᠷᠢᠯᠭ᠎ᠠ ᠡᠭᠦᠷᠭᠡ | ᠲᠥᠰᠥᠯ ᠢ ᠨᠠᠶᠢᠷᠠᠭᠤᠯᠤᠨ ᠵᠣᠬᠢᠶᠠᠬᠤ ᠵᠣᠷᠢᠯᠭ᠎ᠠ ᠪᠠ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠪᠴᠢ | ᠲᠣᠭᠠᠴᠢᠨ᠎ᠠ᠃ ᠭᠤᠣᠯᠳᠠᠭᠤ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠶᠠᠪᠤᠴᠠ ᠳᠠᠬᠢ ᠨᠡᠮᠡᠭᠳᠡᠬᠦ ᠪᠠ | ᠬᠠᠰᠤᠭᠳᠠᠬᠤ ᠶᠢ ᠬᠤᠯᠪᠣᠭᠳᠠᠭᠤᠯᠬᠤ ᠲᠥᠷᠥᠯ ᠵᠦᠢᠯ ᠤᠨ ᠭᠠᠵᠠᠷ ᠰᠣᠩᠭᠤᠬᠤ ᠨᠥᠬᠦᠴᠡᠯ ᠳᠤ ᠨᠡᠶᠢᠴᠡᠬᠦ ᠬᠡᠪᠴᠢᠶ᠎ᠡ᠂ | ᠭᠠᠵᠠᠷ ᠬᠡᠰᠡᠭ ᠤᠨ ᠪᠠᠶᠢᠷᠢ᠂ ᠰᠡᠷᠭᠦᠭᠡᠨ ᠬᠠᠭᠠᠯᠪᠤᠷᠢᠯᠠᠬᠤ ᠭᠠᠵᠠᠷ ᠤᠨ ᠲᠥᠷᠥᠯ᠂ ᠰᠡᠷᠭᠦᠭᠡᠨ ᠬᠠᠭᠠᠯᠪᠤᠷᠢᠯᠠᠬᠤ | ᠢᠨᠵᠧᠨᠧᠷᠢᠩ ᠵᠡᠷᠭᠡ ᠶᠢ ᠲᠣᠳᠣᠷᠬᠠᠶᠢᠯᠠᠨ᠎ᠠ᠃ | ᠭᠤᠷᠪᠠᠳᠤᠭᠠᠷ ᠪᠦᠯᠦᠭ ᠭᠦᠢᠴᠡᠳᠬᠡᠯ ᠲᠣᠭᠠᠨ ᠤ ᠬᠡᠪᠴᠢᠶ᠎ᠡ ᠶᠢ ᠬᠠᠷᠭᠤᠭᠤᠯᠤᠨ ᠲᠣᠭᠲᠠᠭᠠᠬᠤ | ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠲᠥᠷᠥᠯ ᠵᠦᠢᠯ ᠤᠨ ᠭᠠᠵᠠᠷ ᠰᠣᠩᠭᠤᠬᠤ ᠨᠥᠬᠦᠴᠡᠯ ᠲᠠᠢ | ᠵᠣᠬᠢᠴᠠᠯᠳᠤᠭᠤᠯᠵᠤ᠂ ᠭᠤᠣᠯᠳᠠᠭᠤ ᠨᠡᠮᠡᠭᠳᠡᠬᠦ ᠪᠠ ᠬᠠᠰᠤᠭᠳᠠᠬᠤ ᠶᠢ ᠬᠤᠯᠪᠣᠭᠳᠠᠭᠤᠯᠬᠤ ᠲᠥᠷᠥᠯ ᠵᠦᠢᠯ ᠳᠤ | ᠣᠷᠣᠭᠤᠯᠵᠤ ᠪᠣᠯᠬᠤ ᠭᠦᠢᠴᠡᠳᠬᠡᠯ ᠲᠣᠭᠠᠨ ᠤ ᠬᠡᠪᠴᠢᠶ᠎ᠡ ᠶᠢ ᠲᠣᠳᠣᠷᠬᠠᠶᠢᠯᠠᠨ᠎ᠠ᠃ | ᠭᠠᠵᠠᠷ ᠰᠣᠩᠭᠤᠬᠤ ᠨᠥᠬᠦᠴᠡᠯ ᠳᠤ᠄ | ᠡᠷᠬᠡ ᠶᠢᠨ ᠬᠠᠷᠢᠶᠠᠯᠠᠯ ᠨᠢ ᠬᠠᠮᠲᠤ ᠳᠤ ᠥᠮᠴᠢᠯᠡᠭᠳᠡᠬᠦ︔ | ᠠᠯᠤᠰ ᠰᠡᠷᠡᠯ ᠤᠨ ᠢᠮᠡᠭᠧ ᠳᠦᠷᠰᠦ ᠶᠢᠨ ᠳᠡᠮᠵᠢᠯᠭᠡ ᠲᠠᠢ ᠪᠠᠶᠢᠬᠤ︔ | ᠳᠠᠩ ᠭᠠᠭᠴᠠ ᠭᠠᠵᠠᠷ ᠬᠡᠰᠡᠭ ᠤᠨ ᠲᠠᠯᠠᠪᠠᠢ ᠨᠢ 1 ᠮᠦ ᠠᠴᠠ ᠪᠠᠭ᠎ᠠ ᠦᠭᠡᠢ᠃ | ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠳᠤ ᠬᠠᠷᠢᠶᠠᠯᠠᠭᠳᠠᠪᠠᠯ᠂ ᠥᠩᠭᠡᠷᠡᠭᠰᠡᠨ ᠠᠴᠠ | ᠦᠯᠡᠳᠡᠭᠳᠡᠵᠦ ᠢᠷᠡᠭᠰᠡᠨ ᠠᠭᠤᠷᠬᠠᠢ ᠶᠢᠨ ᠦᠨᠳᠦᠰᠦᠨ ᠪᠠᠶᠢᠳᠠᠯ ᠢ ᠲᠠᠨᠢᠯᠴᠠᠭᠤᠯᠤᠨ᠎ᠠ᠂ ᠡᠭᠦᠨ ᠳᠤ ᠠᠭᠤᠷᠬᠠᠢ | ᠮᠠᠯᠲᠠᠭᠰᠠᠨ ᠣᠨ ᠵᠢᠯ ᠪᠠ ᠠᠭᠤᠷᠬᠠᠢ ᠶᠢᠨ ᠲᠦᠷᠦᠯ ᠵᠦᠢᠯ ᠵᠡᠷᠭᠡ ᠪᠠᠭᠲᠠᠨ᠎ᠠ︔ | ᠪᠦᠲᠦᠭᠡᠨ ᠪᠠᠶᠢᠭᠤᠯᠤᠯᠲᠠ ᠳᠤ ᠪᠠᠶᠢᠭ᠎ᠠ ᠠᠭᠤᠷᠬᠠᠢ ᠳᠤ ᠬᠠᠷᠢᠶᠠᠯᠠᠭᠳᠠᠪᠠᠯ᠂ ᠠᠭᠤᠷᠬᠠᠢ ᠳᠤ ᠬᠡᠷᠡᠭᠯᠡᠭᠰᠡᠨ | ᠭᠠᠵᠠᠷ᠂ ᠪᠦᠲᠦᠭᠡᠨ ᠪᠠᠶᠢᠭᠤᠯᠵᠤ ᠪᠠᠶᠢᠭ᠎ᠠ ᠵᠢᠴᠢ ᠠᠵᠢᠯ ᠵᠣᠭᠰᠣᠭᠰᠠᠨ ᠵᠡᠷᠭᠡ ᠦᠨᠳᠦᠰᠦᠨ ᠪᠠᠶᠢᠳᠠᠯ ᠢ | ᠲᠠᠨᠢᠯᠴᠠᠭᠤᠯᠤᠨ᠎ᠠ᠂ ᠡᠭᠦᠨ ᠳᠤ ᠠᠭᠤᠷᠬᠠᠢ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠯ ᠴᠣᠬᠤᠯᠠᠪᠤᠷᠢ᠂ | ᠠᠭᠤᠷᠬᠠᠢ ᠶᠢᠨ ᠲᠦᠷᠦᠯ ᠵᠦᠢᠯ ᠵᠡᠷᠭᠡ ᠶᠢ ᠪᠠᠭᠲᠠᠭᠠᠨ᠎ᠠ᠃ | ᠳᠥᠷᠪᠡᠳᠦᠭᠡᠷ ᠪᠦᠯᠦᠭ ᠰᠡᠷᠭᠦᠭᠡᠨ ᠬᠠᠭᠠᠯᠪᠤᠷᠢᠯᠠᠬᠤ ᠭᠠᠵᠠᠷ ᠤᠨ ᠲᠥᠷᠥᠯ ᠤᠨ ᠪᠠᠶᠢᠳᠠᠯ | ᠭᠤᠣᠯᠳᠠᠭᠤ ᠰᠡᠷᠭᠦᠭᠡᠨ ᠬᠠᠭᠠᠯᠪᠤᠷᠢᠯᠠᠬᠤ ᠬᠠᠨᠳᠤᠰᠢ ᠪᠠ ᠡᠯ᠎ᠡ ᠭᠠᠵᠠᠷ ᠤᠨ ᠲᠥᠷᠥᠯ ᠤᠨ ᠲᠠᠯᠠᠪᠠᠶ ᠶᠢ | ᠲᠣᠳᠣᠷᠬᠠᠶᠢᠯᠠᠵᠤ᠂ ᠰᠡᠷᠭᠦᠭᠡᠨ ᠬᠠᠭᠠᠯᠪᠤᠷᠢᠯᠠᠬᠤ ᠨᠢ ᠲᠠᠷᠢᠶᠠᠯᠠᠬᠤ ᠭᠠᠵᠠᠷ ᠪᠣᠯᠬᠤ ᠳᠤ ᠭᠦᠷᠪᠡᠯ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷ᠎ᠠ ᠪᠠᠶᠢᠵᠤ ᠪᠣᠯᠬᠤ ᠦᠭᠡᠢ ᠮᠥᠷᠲᠡᠭᠡᠨ ᠨᠠᠯᠠᠤᠴᠠ ᠨᠢ | 25° ᠠᠴᠠ ᠪᠠᠭ᠎ᠠ ᠪᠠᠶᠢᠬᠤ ᠬᠡᠷᠡᠭᠲᠡᠢ᠃ | ᠲᠠᠪᠤᠳᠤᠭᠠᠷ ᠪᠦᠯᠦᠭ ᠰᠡᠷᠭᠦᠭᠡᠨ ᠬᠠᠭᠠᠯᠪᠤᠷᠢᠯᠠᠬᠤ ᠢᠨᠵᠧᠨᠧᠷᠢᠩ ᠵᠢᠴᠢ ᠪᠡᠯᠡ ᠮᠥᠩᠭᠦᠨ ᠤ ᠲᠥᠰᠥᠪ | ᠭᠤᠣᠯᠳᠠᠭᠤ ᠵᠣᠬᠢᠴᠠᠯᠳᠤᠬᠤ ᠭᠠᠵᠠᠷ ᠬᠡᠰᠡᠭ ᠢ ᠰᠡᠷᠭᠦᠭᠡᠨ ᠬᠠᠭᠠᠯᠪᠤᠷᠢᠯᠠᠬᠤ ᠳᠤ ᠠᠪᠤᠭᠰᠠᠨ ᠢᠨᠵᠧᠨᠧᠷᠢᠩ ᠤᠨ | ᠠᠷᠭ᠎ᠠ ᠬᠡᠮᠵᠢᠶ᠎ᠡ᠂ ᠢᠨᠵᠧᠨᠧᠷᠢᠩ ᠤᠨ ᠬᠡᠮᠵᠢᠶ᠎ᠡ ᠵᠢᠴᠢ ᠪᠡᠯᠡ ᠮᠥᠩᠭᠦᠨ ᠤ ᠲᠥᠰᠥᠪ ᠵᠡᠷᠭᠡ ᠶᠢ ᠲᠣᠳᠣᠷᠬᠠᠶᠢᠯᠠᠨ᠎ᠠ᠃ | ᠵᠢᠷᠭᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ | ᠬᠤᠰᠢᠭᠤ ᠰᠢᠶᠠᠨ ᠤ ᠱᠠᠲᠤᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠬᠢᠨᠠᠯᠲᠠ ᠲᠠᠯᠪᠢᠨ ᠬᠠᠮᠢᠶᠠᠷᠬᠤ᠂ | ᠮᠡᠷᠭᠡᠵᠢᠯ ᠤᠨ ᠲᠤᠯᠭᠠᠭᠤᠷᠢᠯᠠᠯ ᠦᠵᠡᠬᠦᠯᠬᠦ ᠶᠢ ᠨᠢᠭᠡᠳᠦᠯᠲᠡᠢ ᠲᠥᠯᠥᠪᠯᠡᠬᠦ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠲᠣᠳᠣᠷᠬᠠᠢ ᠲᠣᠭᠲᠠᠭᠠᠨ᠎ᠠ᠃ | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2023 ᠣᠨ ᠤ 2 ᠳ᠋ᠤᠭᠠᠷ ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ | | |