1—10 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.4% ᠨᠡᠮᠡᠭᠳᠡᠪᠡ᠃ | ᠭᠤᠷᠪᠠᠨ ᠶᠡᠭᠡ ᠲᠥᠷᠥᠯ ᠵᠦᠢᠯ ᠢᠶᠠᠷ ᠬᠤᠪᠢᠶᠠᠵᠤ ᠦᠵᠡᠪᠡᠯ᠂ 1—10 ᠰᠠᠷ᠎ᠠ ᠳᠤ᠂ ᠪᠥᠬᠦ ᠬᠤᠲᠠ ᠶᠢᠨ | ᠠᠭᠤᠷᠬᠠᠢ ᠮᠠᠯᠲᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 8.1% ᠪᠠᠷ ᠪᠠᠭᠤᠷᠠᠵᠤ᠂ ᠦᠢᠯᠡᠳᠬᠦ ᠦᠢᠯᠡᠰ | 10.9% ᠪᠠᠷ ᠨᠡᠮᠡᠭᠳᠡᠨ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 5.7% ᠪᠠᠷ ᠨᠡᠮᠡᠭᠳᠡᠪᠡ᠃ | ᠠᠵᠤ ᠠᠬᠤᠢ ᠶᠢᠨ ᠲᠥᠷᠥᠯ ᠵᠦᠢᠯ ᠢᠶᠠᠷ ᠬᠤᠪᠢᠶᠠᠵᠤ ᠦᠵᠡᠪᠡᠯ᠂ 1—10 ᠰᠠᠷ᠎ᠠ ᠳᠤ᠂ ᠪᠥᠬᠦ | ᠬᠤᠲᠠ ᠶᠢᠨ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠠᠳᠠᠯᠢ ᠬᠤᠭᠤᠴᠠᠭᠠᠨ ᠤ | ᠬᠢ ᠠᠴᠠ 3.8% ᠪᠠᠷ ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ 5.1% ᠪᠠᠷ ᠨᠡᠮᠡᠭᠳᠡᠨ᠂ | ᠠᠷᠠᠳ ᠤᠨ ᠡᠵᠡᠩᠨᠡᠭᠰᠡᠨ ᠠᠵᠤ ᠠᠬᠤᠶᠢᠯᠠᠯ 8.1% ᠪᠠᠷ ᠨᠡᠮᠡᠭᠳᠡᠨ᠂ ᠭᠠᠳᠠᠭᠠᠳᠤ ᠶᠢᠨ ᠬᠤᠳᠠᠯᠳᠤᠭᠠᠴᠢᠨ ᠵᠢᠴᠢ | ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 8.2% ᠢᠶᠠᠷ | ᠪᠠᠭᠤᠷᠠᠪᠠ᠃ | ᠠᠵᠢᠯ ᠲᠥᠷᠥᠯ ᠢᠶᠠᠷ ᠬᠤᠪᠢᠶᠠᠵᠤ ᠦᠵᠡᠪᠡᠯ᠂ 1—10 ᠰᠠᠷ᠎ᠠ ᠳᠤ᠂ ᠪᠥᠬᠦ ᠬᠤᠲᠠ ᠶᠢᠨ 28 ᠶᠡᠭᠡ | ᠲᠥᠷᠥᠯ ᠤᠨ ᠠᠵᠢᠯ ᠲᠥᠷᠥᠯ ᠤᠨ ᠳᠣᠲᠣᠷᠠᠬᠢ 17 ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ | ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 60.7% ᠬᠦᠷᠴᠦ᠂ ᠡᠭᠦᠨ ᠤ | ᠳᠣᠲᠣᠷ᠎ᠠ᠂ ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠰᠤᠪᠢᠵᠤ ᠪᠣᠯᠪᠠᠰᠤᠷᠠᠭᠤᠯᠬᠤ ᠦᠢᠯᠡᠰ 26.5% ᠪᠠᠷ | ᠨᠡᠮᠡᠭᠳᠡᠵᠦ᠂ ᠥᠩᠭᠡᠲᠦ ᠲᠡᠮᠦᠷᠯᠢᠭ ᠪᠣᠯᠪᠠᠰᠤᠷᠠᠭᠤᠯᠬᠤ ᠪᠠ ᠰᠤᠪᠢᠵᠤ ᠪᠣᠯᠪᠠᠰᠤᠷᠠᠭᠤᠯᠬᠤ ᠦᠢᠯᠡᠰ 13.3% ᠪᠠᠷ | ᠨᠡᠮᠡᠭᠳᠡᠵᠦ᠂ ᠬᠠᠷ᠎ᠠ ᠲᠡᠮᠦᠷᠯᠢᠭ ᠤᠨ ᠬᠦᠳᠡᠷ ᠰᠢᠯᠢᠬᠦ ᠦᠢᠯᠡᠰ 13.8% ᠪᠠᠷ ᠪᠠᠭᠤᠷᠠᠵᠤ᠂ ᠥᠩᠭᠡᠲᠦ | ᠲᠡᠮᠦᠷᠯᠢᠭ ᠤᠨ ᠬᠦᠳᠡᠷ ᠰᠢᠯᠢᠬᠦ ᠦᠢᠯᠡᠰ 9.7% ᠪᠠᠷ ᠪᠠᠭᠤᠷᠠᠪᠠ᠃ | ᠪᠦᠲᠦᠭᠡᠭᠳᠡᠬᠦᠨ ᠢᠶᠠᠷ ᠬᠤᠪᠢᠶᠠᠵᠤ ᠦᠵᠡᠪᠡᠯ᠂ 1—10 ᠰᠠᠷ᠎ᠠ ᠳᠤ᠂ ᠪᠥᠬᠦ ᠬᠤᠲᠠ ᠶᠢᠨ ᠪᠦᠷᠢᠳᠬᠡᠭᠰᠡᠨ | 69 ᠵᠦᠢᠯ ᠤᠨ ᠪᠦᠲᠦᠭᠡᠭᠳᠡᠬᠦᠨ ᠤ ᠳᠣᠲᠣᠷᠠᠬᠢ 32 ᠵᠦᠢᠯ ᠤᠨ ᠭᠠᠷᠤᠯᠲᠠ ᠨᠢ ᠠᠳᠠᠯᠢ ᠬᠤᠭᠤᠴᠠᠭᠠᠨ ᠤ | ᠬᠢ ᠠᠴᠠ ᠨᠡᠮᠡᠭᠳᠡᠵᠡᠢ᠃ ᠭᠤᠣᠯ ᠪᠣᠯᠬᠤ ᠦᠢᠯᠡᠳᠬᠦᠨ ᠤ ᠳᠣᠲᠣᠷ᠎ᠠ᠂ ᠪᠣᠯᠣᠳ ᠮᠠᠲ᠋ᠧᠷᠢᠶᠠᠯ ᠤᠨ ᠭᠠᠷᠤᠯᠲᠠ ᠠᠳᠠᠯᠢ | ᠬᠤᠭᠤᠴᠠᠭᠠᠨ ᠤ ᠬᠢ ᠠᠴᠠ 28.9% ᠪᠠᠷ ᠨᠡᠮᠡᠭᠳᠡᠵᠦ᠂ ᠬᠢᠮᠢ ᠶᠢᠨ ᠪᠣᠷᠳᠣᠭᠤᠷ ᠤᠨ ᠭᠠᠷᠤᠯᠲᠠ 25.3% ᠪᠠᠷ | ᠨᠡᠮᠡᠭᠳᠡᠵᠦ᠂ ᠠᠷᠪᠠᠨ ᠵᠦᠢᠯ ᠤᠨ ᠥᠩᠭᠡᠲᠦ ᠲᠡᠮᠦᠷᠯᠢᠭ ᠤᠨ ᠭᠠᠷᠤᠯᠲᠠ 4.6% ᠪᠠᠷ ᠨᠡᠮᠡᠭᠳᠡᠵᠦ᠂ ᠰᠢᠨ᠎ᠡ | ᠰᠣᠷᠭᠤᠭ᠂ ᠬᠦᠢᠲᠡᠨ ᠢᠶᠠᠷ ᠬᠠᠳᠠᠭᠠᠯᠠᠬᠤ ᠮᠢᠬᠠᠨ ᠤ ᠭᠠᠷᠤᠯᠲᠠ 121.3% ᠪᠠᠷ ᠨᠡᠮᠡᠭᠳᠡᠵᠦ᠂ ᠴᠠᠭᠠᠨ ᠢᠳᠡᠭᠡᠨ ᠤ | ᠭᠠᠷᠤᠯᠲᠠ 6.6% ᠪᠠᠷ ᠪᠠᠭᠤᠷᠠᠵᠤ᠂ ᠽᠧᠮᠧᠨ᠋ᠲ ᠤᠨ ᠭᠠᠷᠤᠯᠲᠠ 3.1% ᠪᠠᠷ ᠪᠠᠭᠤᠷᠠᠪᠠ᠃ | 1—10 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 98.8% ᠬᠦᠷᠴᠤ᠂ ᠠᠳᠠᠯᠢ ᠬᠤᠭᠤᠴᠠᠭᠠᠨ ᠤ | ᠬᠢ ᠠᠴᠠ 3.4 % ᠪᠠᠷ ᠨᠡᠮᠡᠭᠳᠡᠪᠡ᠃ | | |