2023 ᠣᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠤᠷ ᠤᠨ ᠪᠠᠶᠠᠷ ᠤᠨ ᠬᠤᠸᠠᠷ | ᠫᠤᠤᠵᠢᠩ ᠤᠨ ᠥᠵᠡᠬᠦᠯᠭᠡ ᠶᠢᠨ ᠬᠤᠭᠤᠴᠠᠭᠠᠨ ᠳᠤ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠪᠠ ᠵᠠᠮ | ᠬᠠᠷᠢᠯᠴᠠᠭᠠᠨ ᠤ ᠠᠮᠤᠷ ᠲᠦᠪᠰᠢᠨ᠂ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠵᠠᠮ ᠬᠠᠷᠢᠯᠴᠠᠭᠠᠨ ᠤ ᠲᠦᠭᠵᠢᠷᠡᠯ | ᠪᠠ ᠵᠠᠮ ᠬᠠᠷᠢᠯᠴᠠᠭᠠᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠵᠦ᠂ ᠪᠥᠬᠦ ᠬᠤᠰᠢᠭᠤᠨ ᠤ ᠵᠠᠮ ᠬᠠᠷᠢᠯᠴᠠᠭ᠎ᠠ | ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ | ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠤᠯᠢ︾ ᠶᠢᠨ ᠭᠤᠴᠢ ᠶᠢᠰᠦᠳᠦᠭᠡᠷ ᠵᠤᠶᠢᠯ ᠤᠨ ᠲᠣᠭᠲᠠᠭᠠᠯ ᠢ ᠦᠨᠳᠦᠰᠦᠯᠡᠨ᠂ ᠬᠤᠸᠠᠷ ᠫᠤᠤᠵᠢᠩ ᠤᠨ | ᠥᠵᠡᠭᠦᠯᠬᠡ ᠶᠢᠨ ᠬᠤᠭᠤᠴᠠᠭᠠᠨ ᠳᠠᠬᠢ ᠬᠡᠰᠡᠭ ᠪᠦᠯᠥᠭ ᠵᠠᠮ ᠤᠨ ᠬᠡᠰᠡᠭ ᠲᠤ ᠲᠦᠷ ᠴᠠᠭ ᠤᠨ ᠴᠢᠨᠠᠷᠲᠠᠶ ᠵᠠᠮ | ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠬᠤ ᠪᠠᠷ ᠲᠣᠭᠲᠠᠪᠠ᠄ | ᠨᠢᠭᠡ᠂ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠳᠤ ᠡᠳᠤᠷ ᠤᠨ ᠪᠠᠶᠠᠷ ᠤᠨ ᠬᠤᠸᠠᠷ | ᠫᠤᠤᠵᠢᠩ ᠤᠨ ᠥᠵᠡᠭᠦᠯᠬᠡ ᠶᠢᠨ ᠬᠤᠭᠤᠴᠠᠭᠠᠨ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠳᠠ ᠶᠠᠪᠤᠭᠤᠯᠬᠤ | ᠵᠠᠮ ᠤᠨ ᠬᠡᠰᠡᠭ | ︵ᠨᠢᠭᠡ︶ 2023 ᠣᠨ ᠤ 2 ᠰᠠᠷ᠎ᠠ ᠶᠢᠨ 5 ᠤ ᠡᠳᠦᠷ ᠤᠨ 17 ᠴᠠᠭ ᠠᠴᠠ ᠡᠬᠢᠯᠡᠨ᠂ ᠲᠢᠶᠠᠨ | ᠶᠤᠸᠠᠨ ᠶᠡᠭᠡ ᠵᠡᠭᠡᠯᠢ ︵ᠵᠢᠶ ᠲᠦᠩ ᠵᠠᠮ ᠠᠴᠠ ᠢ ᠮᠢᠨ ᠵᠠᠮ ᠭᠥᠷᠭᠦ ᠵᠠᠮ ᠤᠨ ᠬᠡᠰᠡᠭ︶᠂ ᠵᠠᠰᠠᠭ ᠤᠨ ᠣᠷᠳᠣᠨ ᠤ | ᠬᠤᠶᠢᠲᠤ ᠭᠤᠳᠤᠮᠵᠢ ︵ᠬᠠᠨ ᠠᠭᠤᠯᠠ ᠵᠡᠭᠦᠨ ᠵᠠᠮ ᠠᠴᠠ ᠬᠠᠨ ᠠᠭᠤᠯᠠ ᠪᠠᠷᠠᠭᠤᠨ ᠵᠠᠮ ᠭᠥᠷᠭᠦ ᠵᠠᠮ ᠤᠨ ᠬᠡᠰᠡᠭ︶ | ᠂ ᠥᠯᠵᠡᠶᠢᠮᠥ᠋ᠷᠡᠨ ᠭᠤᠳᠤᠮᠵᠢ ︵ᠵᠢᠶ ᠲᠦᠩ ᠵᠠᠮ ᠠᠴᠠ ᠢ ᠮᠢᠨ ᠵᠠᠮ ᠬᠥᠷᠬᠦ ᠵᠠᠮ ᠤᠨ ᠬᠡᠰᠡᠭ︶ ᠪᠠᠷ ᠮᠠᠰᠢᠨ | ᠲᠡᠷᠭᠡ ᠪᠤᠶᠤ ᠮᠠᠰᠢᠨᠲᠤ ᠪᠤᠰᠤ ᠲᠡᠷᠭᠡ ᠨᠡᠪᠲᠡᠷᠡᠬᠦ ᠶᠢ ᠴᠠᠭᠠᠵᠠᠯᠠᠨ᠎ᠠ᠃ | ︵ᠬᠤᠶᠠᠷ︶ 2023 ᠣᠨ ᠤ 2 ᠰᠠᠷ᠎ᠠ ᠶᠢᠨ 5 ᠤ ᠡᠳᠦᠷ ᠤᠨ 17 ᠴᠠᠭ ᠠᠴᠠ ᠡᠬᠢᠯᠡᠨ᠂ ᠵᠢᠶ ᠲᠦᠩ | ᠵᠠᠮ ︵ᠲᠢᠶᠠᠨ ᠶᠤᠸᠠᠨ ᠶᠡᠭᠡ ᠵᠡᠭᠡᠯᠢ ᠠᠴᠠ ᠥᠯᠵᠡᠶᠢᠮᠥ᠋ᠷᠡᠨ ᠭᠤᠳᠤᠮᠵᠢ ᠬᠥᠷᠬᠦ ᠵᠠᠮ ᠤᠨ ᠬᠡᠰᠡᠭ︶᠂ ᠬᠠᠨ ᠠᠭᠤᠯᠠ | ᠵᠡᠭᠦᠨ ᠵᠠᠮ ︵ᠵᠠᠰᠠᠭ ᠤᠨ ᠣᠷᠳᠣᠨ ᠤ ᠬᠤᠶᠢᠲᠤ ᠭᠤᠳᠤᠮᠵᠢ ᠠᠴᠠ ᠥᠯᠵᠡᠶᠢᠮᠥ᠋ᠷᠡᠨ ᠭᠤᠳᠤᠮᠵᠢ ᠬᠥᠷᠬᠦ ᠵᠠᠮ ᠤᠨ | ᠬᠡᠰᠡᠭ︶᠂ ᠬᠠᠨ ᠠᠭᠤᠯᠠ ᠪᠠᠷᠠᠭᠤᠨ ᠵᠠᠮ ︵ᠵᠠᠰᠠᠭ ᠤᠨ ᠣᠷᠳᠣᠨ ᠤ ᠬᠤᠶᠢᠲᠤ ᠭᠤᠳᠤᠮᠵᠢ ᠠᠴᠠ ᠥᠯᠵᠡᠶᠢᠮᠥ᠋ᠷᠡᠨ | ᠭᠤᠳᠤᠮᠵᠢ ᠬᠥᠷᠬᠦ ᠵᠠᠮ ᠤᠨ ᠬᠡᠰᠡᠭ︶᠂ ᠢ ᠮᠢᠨ ᠵᠠᠮ ︵ᠵᠠᠰᠠᠭ ᠤᠨ ᠣᠷᠳᠣᠨ ᠤ ᠬᠤᠶᠢᠲᠤ ᠭᠤᠳᠤᠮᠵᠢ ᠠᠴᠠ | ᠥᠯᠵᠡᠶᠢᠮᠥ᠋ᠷᠡᠨ ᠭᠤᠳᠤᠮᠵᠢ ᠬᠥᠷᠬᠦ ᠵᠠᠮ ᠤᠨ ᠬᠡᠰᠡᠭ︶ ᠢᠶᠠᠷ ᠮᠠᠰᠢᠨ ᠲᠡᠷᠭᠡ ᠪᠤᠶᠤ ᠮᠠᠰᠢᠨᠲᠤ ᠪᠤᠰᠤ | ᠲᠡᠷᠭᠡ ᠨᠡᠪᠲᠡᠷᠡᠬᠦ ᠶᠢ ᠴᠠᠭᠠᠵᠠᠯᠠᠨ᠎ᠠ᠃ | ︵ᠭᠤᠷᠪᠠ︶ ᠲᠣᠭᠤᠷᠢᠵᠤ ᠶᠠᠪᠤᠬᠤ ᠵᠠᠮ ᠤᠨ ᠬᠡᠰᠡᠭ᠄ ᠰᠢᠤᠸᠠᠢ ᠶᠤᠸᠠᠨ ᠵᠠᠮ᠂ ᠥᠯᠵᠡᠶᠢᠮᠥ᠋ᠷᠡᠨ ᠵᠡᠭᠡᠯᠢ᠂ | ᠬᠠᠨ ᠯᠢᠨ ᠵᠡᠭᠡᠯᠢ᠂ ᠴᠢᠪᠠᠭ᠎ᠠ ᠶᠡᠭᠡ ᠵᠡᠭᠡᠯᠢ᠂ ᠬᠠᠬᠢᠷ ᠵᠡᠭᠡᠯᠢ᠂ ᠬᠠᠬᠢᠷ ᠭᠤᠳᠤᠮᠵᠢ᠂ ᠲᠢᠶᠠᠨ ᠶᠤᠸᠠᠨ ᠶᠡᠭᠡ | ᠵᠡᠭᠡᠯᠢ ᠶᠢᠨ ᠵᠡᠭᠦᠨ ᠬᠡᠰᠡᠭ᠃ | ᠬᠤᠶᠠᠷ᠂ ᠭᠠᠳᠠᠭᠰᠢ ᠭᠠᠷᠬᠤ ᠳᠤ ᠠᠩᠬᠠᠷᠤᠭᠤᠰᠢᠳᠠᠢ ᠨᠢ | ︵ᠨᠢᠭᠡ︶ ᠥᠵᠡᠭᠦᠯᠬᠡ ᠶᠢᠨ ᠬᠤᠭᠤᠴᠠᠭᠠᠨ ᠳᠤ᠂ ᠦᠵᠡᠭᠦ ᠬᠦᠮᠥᠨ ᠠᠷᠪᠢᠨ᠂ ᠲᠡᠷᠭᠡ ᠬᠥᠰᠬᠡ ᠨᠠᠭᠠᠰᠢ | ᠴᠠᠭᠠᠰᠢ ᠶᠠᠪᠤᠬᠤ ᠨᠢ ᠣᠯᠠᠨ ᠪᠣᠯᠬᠤᠷ ᠦᠵᠡᠭᠴᠢ ᠲᠦᠠᠮᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ | ᠰᠠᠭᠤᠬᠤ ᠪᠠ ᠶᠠᠪᠠᠭᠠᠨ ᠢᠶᠠᠷ ᠶᠠᠪᠤᠬᠤ ᠶᠢ ᠤᠶᠠᠯᠳᠤᠭᠤᠯᠤᠨ ᠥᠵᠡᠭᠦᠯᠬᠡ ᠶᠢᠨ ᠲᠤᠬᠠᠶ ᠶᠢᠨ ᠲᠠᠯᠠᠪᠠᠶ ᠳᠤ ᠤᠴᠢᠪᠠᠯ | ᠬᠠᠮᠤᠭ ᠰᠠᠶᠢᠨ᠂ ᠥᠪᠡᠷ ᠢᠶᠠᠨ ᠲᠡᠷᠭᠡ ᠵᠢᠯᠣᠭᠤᠳᠤᠨ ᠲᠤᠬᠠᠶ ᠶᠢᠨ ᠲᠠᠯᠠᠪᠠᠶ ᠳᠤ ᠭᠥᠷᠭᠦ ᠦᠵᠡᠭᠴᠢ ᠲᠦᠮᠡᠨ ᠵᠠᠮ | ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠣᠯᠭ᠎ᠠ ᠶᠣᠰᠣᠭᠠᠷ ᠲᠤᠬᠳᠠᠬᠰᠠᠨ ᠲᠡᠷᠬᠡᠨ ᠵᠤᠬᠰᠤᠭᠠᠯ ᠪᠤᠶᠤ ᠵᠠᠮ | ᠬᠠᠷᠢᠯᠴᠠᠭᠠᠨ ᠤ ᠵᠠᠬᠢᠷᠤᠨ ᠬᠠᠮᠢᠶᠠᠷᠬᠤ ᠣᠷᠣᠨ ᠤ ᠭᠠᠳᠠᠨ᠎ᠠ ᠲᠡᠷᠭᠡ ᠪᠠᠨ ᠵᠤᠬᠰᠤᠭᠠᠬᠤ ᠬᠡᠷᠡᠭᠲᠡᠶ᠃ | ︵ᠬᠤᠶᠠᠷ︶ ᠥᠵᠡᠭᠦᠯᠬᠡ ᠶᠢᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠮ ᠬᠠᠷᠢᠯᠴᠠᠭᠠᠨ ᠤ ᠨᠡᠪᠲᠡᠷᠡᠯ ᠤᠨ ᠪᠣᠳᠠᠲᠠᠶ ᠪᠠᠶᠢᠳᠠᠯ ᠢ | ᠦᠨᠳᠦᠰᠦᠯᠡᠨ᠂ ᠲᠦᠷ ᠴᠠᠭ ᠤᠨ ᠴᠢᠨᠠᠷᠲᠠᠶ ᠵᠠᠮ ᠬᠠᠷᠢᠯᠴᠠᠭᠠᠨ ᠤ ᠵᠢᠯᠣᠭᠤᠳᠤᠯᠭ᠎ᠠ ᠬᠢᠬᠦ ᠪᠠ ᠵᠠᠮ ᠰᠠᠯᠪᠤᠷᠢᠯᠠᠬᠤ | ᠪᠤᠯᠤᠨ᠎ᠠ᠂ ᠥᠷᠭᠡᠨ ᠣᠯᠠᠨ ᠲᠥᠮᠡᠨ ᠢᠳᠡᠪᠬᠢᠲᠡᠶ ᠬᠠᠮᠵᠢᠯᠴᠠᠨ ᠵᠠᠮ ᠬᠠᠷᠢᠯᠴᠠᠭᠠᠨ ᠤ ᠴᠠᠭᠳᠠᠭ᠎ᠠ ᠶᠢᠨ | ᠵᠢᠯᠤᠭᠤᠳᠤᠯᠭ᠎ᠠ ᠶᠢ ᠤᠬᠠᠮᠰᠠᠷ ᠠᠴᠠ ᠪᠠᠨ ᠵᠢᠷᠤᠮᠯᠠᠬᠤ ᠬᠡᠷᠡᠭᠲᠡᠶ᠃ | ︵ᠭᠤᠷᠪᠠ︶ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢᠨ ᠲᠡᠭᠦᠰᠬᠦ ᠴᠠᠭ ᠢ ᠥᠵᠡᠭᠦᠯᠬᠡ ᠶᠢᠨ | ᠬᠤᠭᠤᠴᠠᠭᠠᠨ ᠤ ᠵᠠᠮ ᠬᠠᠷᠢᠯᠴᠠᠭᠠᠨ ᠤ ᠨᠡᠪᠲᠡᠷᠡᠯ ᠤᠨ ᠪᠣᠳᠠᠲᠤ ᠪᠠᠶᠢᠳᠠᠯ ᠢ ᠦᠨᠳᠦᠰᠦᠯᠡᠨ ᠲᠤᠬᠠᠶ ᠶᠢᠨ ᠲᠠᠯᠠᠪᠠᠶ ᠳᠤ | ᠲᠤᠬᠳᠠᠭᠠᠬᠤ ᠪᠤᠯᠤᠨ᠎ᠠ᠂ ᠥᠵᠡᠭᠦᠯᠬᠡ ᠶᠢᠨ ᠲᠠᠷᠠᠭᠠᠬᠢ ᠵᠠᠮ ᠬᠠᠷᠢᠯᠴᠠᠭᠠᠨ ᠤ ᠲᠦᠭᠵᠢᠷᠡᠯ ᠭᠠᠷᠬᠤ ᠠᠴᠠ | ᠵᠠᠶᠢᠯᠠᠰᠬᠢᠬᠦ ᠶᠢᠨ ᠲᠤᠰᠠᠳᠠ ᠤᠯᠠᠨ ᠢᠶᠠᠷ ᠢᠶᠠᠨ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠣᠯᠭ᠎ᠠ ᠶᠢ ᠳᠠᠭᠠᠵᠦ᠂ | ᠲᠤᠬᠠᠢ ᠶᠢᠨ ᠲᠠᠯᠠᠪᠠᠢ ᠶᠢᠨ ᠡᠮᠬᠢ ᠵᠢᠷᠤᠮ ᠢ ᠪᠠᠳᠤᠯᠠᠬᠤ ᠭᠡᠷᠡᠭᠳᠡᠢ᠃ | ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ | | | ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2023 ᠣᠨ ᠤ 2 ᠰᠠᠷ᠎ᠠ ᠶᠢᠨ 4 ᠤ ᠡᠳᠦᠷ |