ᠠᠷᠤ ᠬᠤᠷᠴᠢᠨ ᠬᠤᠰᠢᠭᠤᠨ ᠤ ᠭᠠᠯ ᠢ ᠰᠡᠷᠭᠡᠶᠢᠯᠡᠨ ᠭᠠᠯ ᠤᠨᠲᠠᠷᠠᠭᠠᠬᠤ ᠠᠪᠤᠷᠠᠨ ᠲᠤᠰᠠᠯᠠᠯᠳᠠ ᠶᠢᠨ ᠶᠡᠭᠡ ᠠᠩᠬᠢ ᠶᠢᠨ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠤ ᠭᠠᠯ  ᠢ ᠰᠡᠷᠭᠡᠶᠢᠯᠡᠬᠦ ᠠᠮᠤᠷ ᠲᠦᠪᠰᠢᠨ ᠤ ᠲᠤᠬᠠᠢ ᠰᠠᠨᠠᠭᠤᠯᠤᠮᠵᠢ
ᠨᠡᠶᠢᠲᠡᠯᠡᠭᠰᠡᠨ ᠴᠠᠭ᠄
2023/2/6
       ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠢ ᠪᠡᠯᠬᠡᠯᠡᠭᠦ ᠬᠤᠭᠤᠴᠠᠭᠠᠨ ᠳᠤ ᠠᠷᠤ ᠬᠤᠷᠴᠢᠨ ᠬᠤᠰᠢᠭᠤᠨ ᠤ ᠭᠠᠯ ᠢ ᠰᠡᠷᠭᠡᠶᠢᠯᠡᠨ ᠭᠠᠯ ᠤᠨᠲᠠᠷᠠᠭᠠᠬᠤ ᠠᠪᠤᠷᠠᠨ ᠲᠤᠰᠠᠯᠠᠯᠳᠠ ᠶᠢᠨ ᠶᠡᠭᠡ ᠠᠩᠬᠢ  ᠠᠴᠠ ᠥᠷᠭᠡᠨ ᠣᠯᠠᠨ ᠲᠦᠮᠡᠨ ᠳᠤ ᠭᠠᠯ ᠤᠨ ᠠᠶᠤᠯ ᠭᠠᠷᠬᠤ ᠶᠢ ᠤᠬᠠᠮᠰᠠᠷ ᠠᠴᠠ ᠪᠠᠨ ᠰᠡᠷᠭᠡᠶᠢᠯᠡᠵᠦ᠂ ᠭᠠᠯ ᠢ ᠰᠡᠷᠬᠡᠶᠢᠯᠡᠭᠦ ᠠᠮᠤᠷ ᠲᠦᠪᠰᠢᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤ ᠪᠠᠷ ᠪᠣᠶ ᠪᠤᠯᠭᠠᠨ᠂ ᠠᠮᠤᠷ ᠠᠮᠤᠭᠤᠯᠠᠩ ᠪᠠᠶᠠᠷ ᠤᠨ ᠡᠳᠦᠷ ᠢ ᠬᠠᠮᠲᠤ ᠪᠠᠷ ᠥᠩᠭᠡᠷᠡᠭᠦᠯᠬᠦ ᠶᠢ ᠤᠷᠢᠶᠠᠯᠠᠵᠦ ᠪᠠᠶᠢᠨ᠎ᠠ᠃        ᠨᠢᠭᠡ᠂ ᠬᠤᠸᠠᠷ ᠫᠤᠤᠵᠢᠩ ᠬᠤᠳᠠᠯᠳᠤᠨ ᠠᠪᠬᠤ ᠳᠤ ᠬᠢᠷᠢ ᠲᠡᠩᠴᠡᠭᠰᠡᠨ ᠥᠢᠯᠡᠳᠭᠦᠨ ᠢ ᠰᠣᠩᠭᠤᠨ ᠬᠡᠷᠡᠭᠯᠡᠵᠦ᠂ ᠠᠮᠤᠷ ᠲᠦᠪᠰᠢᠨ ᠭᠠᠵᠠᠷ ᠲᠤ ᠫᠤᠤᠵᠢᠩ ᠲᠠᠯᠪᠢᠵᠦ᠂ ᠲᠣᠰᠣ ᠨᠡᠮᠡᠬᠦ ᠥᠷᠲᠡᠭᠡ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠲᠠᠯᠠᠪᠤᠷ ᠭᠠᠵᠠᠷ᠂ ᠴᠢᠬᠤᠯᠠ ᠡᠳ᠋ ᠪᠠᠷᠠᠭ᠎ᠠ ᠶᠢᠨ ᠬᠥᠮᠥᠷᠭᠡ᠂ ᠲᠡᠦᠬᠡ ᠶᠢᠨ ᠳᠤᠷᠠᠰᠬᠠᠯᠲᠤ ᠵᠤᠶᠢᠯᠡᠰ ᠡᠷᠲᠡᠨ ᠤ ᠪᠠᠷᠢᠯᠭ᠎ᠠ᠂ ᠰᠠᠭᠤᠭᠠᠯᠢ ᠲᠣᠭᠤᠷᠢᠭ᠂ ᠲᠦᠯᠡᠭᠡ ᠡᠪᠡᠰᠤᠨ ᠤ ᠤᠪᠤᠭ᠎ᠠ᠂ ᠥᠨᠳᠥᠷ ᠳᠠᠷᠤᠯᠲᠠᠲᠤ ᠴᠠᠬᠢᠯᠭᠠᠨ ᠤᠳᠠᠰᠤ ᠶᠢᠨ ᠣᠶᠢᠷᠠᠯᠴᠠᠭ᠎ᠠ ᠫᠤᠤᠵᠢᠩ ᠲᠠᠯᠪᠢᠬᠤ ᠶᠢ ᠡᠷᠡᠰ ᠴᠠᠭᠠᠵᠠᠯᠠᠬᠤ ᠬᠡᠷᠡᠭᠲᠡᠶ᠃ ᠫᠤᠤᠵᠢᠩ ᠲᠠᠯᠪᠢᠬᠰᠠᠨ ᠤ ᠳᠠᠷᠠᠭ᠎ᠠ ᠦᠯᠡᠳᠡᠪᠦᠷᠢ ᠭᠠᠯ ᠪᠠ ᠰᠢᠭᠠᠷᠤ ᠶᠢ ᠳᠠᠷᠦ᠋ᠢᠬᠠᠨ ᠴᠡᠪᠡᠷᠯᠡᠬᠦ ᠬᠡᠷᠡᠭᠲᠡᠶ᠃ ᠨᠠᠰᠤᠨ ᠳᠤ ᠦᠯᠦ ᠬᠦᠷᠦᠭᠰᠡᠳ ᠬᠤᠸᠠᠷ ᠫᠤᠤᠵᠢᠩ ᠲᠠᠯᠪᠢᠬᠤ ᠳᠤ ᠬᠢᠨᠠᠨ ᠬᠠᠮᠠᠭᠠᠯᠠᠭᠴᠢ ᠨᠢ ᠬᠠᠷᠠᠨ ᠬᠠᠮᠠᠭᠠᠯᠠᠵᠤ᠂ ᠭᠠᠯ ᠠᠯᠳᠠᠬᠤ ᠠᠴᠠ ᠰᠡᠷᠬᠡᠶᠢᠯᠡᠭᠦ ᠬᠡᠷᠡᠭᠲᠡᠶ᠃        ᠬᠤᠶᠠᠷ᠂ ᠭᠠᠳᠠᠭᠰᠢ ᠭᠠᠷᠴᠤ ᠪᠠᠷᠠᠭ᠎ᠠ ᠬᠤᠳᠠᠯᠳᠤᠨ ᠠᠪᠬᠤ᠂ ᠵᠢᠭᠤᠯᠴᠢᠯᠠᠬᠤ ᠪᠤᠶᠤ ᠬᠤᠨᠤᠬᠯᠠᠬᠤ ᠳᠤ ᠰᠠᠭᠤᠭ᠎ᠠ ᠭᠠᠵᠠᠷ ᠤᠨ ᠢᠶᠠᠨ ᠲᠠᠷᠬᠠᠭᠠᠬᠤ ᠵᠠᠮ ᠤᠨ ᠣᠷᠣᠨ ᠪᠠᠶᠢᠷᠢ ᠪᠣᠯᠤᠨ ᠠᠮᠢ ᠵᠢᠭᠤᠲᠠᠬᠤ ᠵᠠᠮ ᠢ ᠰᠠᠶᠢᠨ ᠮᠡᠳᠡᠭᠰᠡᠨ ᠪᠠᠶᠢᠬᠤ ᠶᠢ ᠠᠩᠬᠠᠷᠴᠤ᠂ ᠭᠠᠯ ᠤᠨᠲᠠᠷᠠᠭᠠᠭᠤᠷ᠂ ᠲᠠᠮᠠᠬᠢ ᠰᠡᠷᠭᠡᠶᠢᠯᠡᠬᠦ ᠪᠠᠭ ᠵᠡᠷᠭᠡ ᠪᠠᠭᠠᠵᠢ ᠬᠡᠷᠡᠭᠰᠡᠯ ᠢ ᠬᠠᠳᠠᠭᠠᠯᠠᠬᠤ ᠣᠷᠣᠨ ᠪᠠᠶᠢᠷᠢ ᠪᠣᠯᠤᠨ ᠬᠡᠷᠡᠭᠯᠡᠬᠦ ᠠᠷᠭ᠎ᠠ ᠶᠢ ᠠᠩᠬᠠᠷᠬᠤ ᠬᠡᠷᠡᠭᠲᠡᠶ᠃ ᠲᠡᠷᠭᠡ ᠵᠢᠯᠣᠭᠤᠳᠬᠤ ᠪᠤᠶᠤ ᠠᠶᠠᠨᠴᠢᠳ ᠤᠨ ᠲᠡᠷᠭᠡ᠂ ᠭᠠᠯᠲᠤ ᠲᠡᠷᠭᠡ᠂ ᠬᠥᠯᠭᠡ ᠣᠩᠭᠤᠴᠠ ᠵᠡᠷᠭᠡ ᠡᠯ᠎ᠡ ᠲᠥᠷᠥᠯ ᠤᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠳᠠᠭᠠᠨ ᠴᠢᠶ᠋ᠢᠦ ᠲᠣᠰᠣ᠂ ᠴᠠᠶᠢᠶ᠋ᠢᠦ ᠲᠣᠰᠣ᠂ ᠰᠫᠢᠷᠲ᠂ ᠬᠤᠸᠠᠷ ᠫᠤᠤᠵᠢᠩ ᠵᠡᠷᠭᠡ ᠠᠮᠠᠷᠬᠠᠨ ᠨᠤᠴᠤᠵᠦ ᠲᠡᠯᠪᠡᠷᠡᠭᠦ ᠠᠶᠤᠯᠲᠠᠶ ᠪᠣᠳᠠᠰ ᠢ ᠠᠪᠴᠤ ᠶᠠᠪᠤᠵᠤ ᠪᠣᠯᠬᠤ ᠥᠬᠡᠶ᠃ᠭᠤᠷᠪᠠ᠂ ᠭᠡᠷ ᠲᠡᠭᠡᠨ᠂ ᠬᠡᠭᠡᠷ᠎ᠡ ᠭᠠᠳᠠᠨ᠎ᠠ᠂ ᠵᠠᠰᠠᠮᠠᠯ ᠵᠠᠮ᠂ ᠰᠠᠭᠤᠭᠠᠯᠢ ᠲᠣᠭᠤᠷᠢᠭ ᠤᠨ ᠤᠯᠠᠨ ᠨᠡᠶᠢᠲᠡ ᠶᠢᠨ ᠲᠣᠭᠤᠷᠢᠭ ᠲᠤ ᠬᠦᠵᠢ ᠵᠤᠯᠠ ᠠᠰᠠᠭᠠᠵᠤ ᠵᠣᠭᠤᠰ ᠰᠢᠲᠠᠭᠠᠵᠤ ᠪᠣᠯᠬᠤ ᠦᠭᠡᠢ᠃ ᠬᠦᠵᠢ ᠵᠤᠯᠠ᠂ ᠴᠠᠭᠠᠰᠤᠨ ᠵᠤᠭᠤᠰ ᠢ ᠲᠥᠪᠯᠡᠷᠡᠭᠦᠯᠦᠨ ᠰᠢᠳᠠᠭᠠᠬᠤ ᠪᠤᠶᠤ ᠰᠣᠷᠭᠤᠭ ᠴᠡᠴᠡᠭ ᠢᠶᠠᠷ ᠲᠠᠭᠢᠬᠤ᠂ ᠰᠦᠯᠵᠢᠶᠡᠨ ᠳᠡᠭᠡᠷ᠎ᠡ ᠲᠠᠭᠢᠬᠤ ᠵᠡᠷᠭᠡ ᠬᠡᠯᠪᠡᠷᠢ ᠪᠠᠷ ᠲᠠᠬᠢᠯᠭ᠎ᠠ ᠬᠢᠵᠦ᠂ ᠭᠠᠯ ᠤᠨ ᠠᠶᠤᠯ ᠭᠠᠷᠬᠤ ᠠᠴᠠ ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ᠃        ᠳᠥᠷᠪᠡ᠂ ᠰᠠᠭᠤᠭᠠᠯᠢ ᠠᠷᠠᠳ ᠤᠨ ᠲᠣᠭᠤᠭᠠᠨ ᠭᠡᠷ ᠤᠨ ᠴᠠᠬᠢᠯᠭᠠᠨ ᠬᠡᠷᠡᠭᠰᠡᠯ᠂ ᠰᠢᠲᠠᠮᠠᠬᠠᠶ ᠬᠡᠢ ᠶᠢᠨ ᠪᠠᠭᠠᠵᠢ ᠬᠡᠷᠡᠭᠰᠡᠯ ᠢ ᠬᠡᠷᠡᠭᠯᠡᠬᠦ ᠳᠡᠭᠡᠨ ᠬᠥᠮᠦᠨ ᠰᠠᠯᠵᠤ ᠪᠣᠯᠬᠤ ᠦᠭᠡᠶ᠂ ᠴᠠᠬᠢᠯᠭᠠᠨ ᠬᠡᠷᠡᠭᠰᠡᠯ ᠢ ᠳᠠᠭᠠᠭᠠᠴᠠ ᠠᠴᠠ ᠨᠢ ᠬᠡᠲᠦᠷᠡᠭᠦᠯᠦᠨ ᠬᠡᠷᠡᠭᠯᠡᠵᠦ ᠪᠣᠯᠬᠤ ᠦᠭᠡᠶ᠂ ᠰᠢᠲᠠᠮᠠᠬᠠᠶ ᠬᠡᠢ ᠯᠡᠪᠡᠷᠡᠬᠦ ᠳᠤ ᠬᠦᠷᠪᠡᠯ᠂ ᠰᠢᠲᠠᠮᠠᠬᠠᠶ ᠬᠡᠢ ᠶᠢᠨ ᠨᠡᠭᠡᠯᠡᠬᠡᠶ ᠪᠠᠨ ᠳᠠᠷᠤᠶ ᠲᠦᠷᠭᠡᠨ ᠬᠠᠭᠠᠵᠤ᠂ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠦᠨ᠂ ᠠᠮᠤᠷ ᠲᠦᠪᠰᠢᠨ ᠣᠷᠣᠨ ᠳᠤ ᠬᠦᠷᠴᠦ 119 ᠶᠢ ᠤᠲᠠᠰᠤᠳᠠᠨ᠂ ᠭᠠᠳᠠᠭᠰᠢ ᠭᠠᠷᠬᠤ ᠳᠤ ᠶᠠᠪᠤᠬᠤ ᠵᠠᠮ᠂ ᠨᠠᠷᠠᠪᠴᠢ᠂ ᠲᠣᠭᠤᠭᠠᠨ ᠭᠡᠷ ᠭᠤᠷᠪᠠ ᠶᠢ ᠰᠠᠶᠢᠳᠤᠷ ᠴᠡᠪᠡᠷᠯᠡᠨ᠂ ᠴᠠᠬᠢᠯᠭᠠᠨ ᠡᠭᠦᠰᠭᠡᠭᠴᠢ ᠂ ᠭᠠᠯ ᠤᠨ ᠢᠷᠡᠯᠲᠡ᠂ ᠬᠡᠢ ᠶᠢᠨ ᠢᠷᠡᠯᠲᠡ ᠭᠤᠷᠪᠠ ᠶᠢ ᠰᠠᠶᠢᠳᠤᠷ ᠬᠠᠭᠠᠬᠤ ᠬᠡᠷᠡᠭᠲᠡᠶ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠭᠤᠳᠤᠮᠵᠢ᠂ ᠠᠰᠠᠷ ᠤᠨ ᠱᠠᠲᠤ᠂ ᠬᠤᠩᠭᠢᠯ ᠪᠣᠯᠤᠨ ᠠᠶᠤᠯ ᠦᠭᠡᠶ ᠭᠠᠷᠬᠤ ᠡᠭᠦᠳᠡᠨ ᠳᠡᠭᠡᠷ᠎ᠡ ᠵᠣᠭᠰᠣᠭᠠᠵᠤ ᠪᠣᠯᠬᠤ ᠦᠭᠡᠶ᠂ ᠬᠡᠷ ᠲᠤ ᠪᠠᠨ ᠵᠤᠬᠰᠤᠭᠠᠬᠤ ᠪᠤᠶᠤ ᠴᠠᠬᠢᠯᠭᠠᠨ ᠴᠡᠨᠡᠭᠯᠡᠵᠦ ᠪᠣᠯᠬᠤ ᠦᠭᠡᠶ᠂ ᠴᠠᠬᠢᠯᠭᠠᠨ ᠴᠡᠨᠡᠭᠯᠡᠬᠦ ᠳᠡᠭᠡᠨ ᠰᠢᠲᠠᠮᠠᠬᠠᠶ ᠪᠣᠳᠠᠰ ᠠᠴᠠ ᠬᠤᠯᠠ ᠵᠠᠶᠢᠳᠠᠭᠤᠯᠵᠤ᠂ ᠴᠠᠬᠢᠯᠭᠠᠨ ᠴᠡᠨᠡᠭᠯᠡᠬᠦ ᠴᠠᠭ ᠢ ᠬᠡᠳᠦ ᠤᠷᠲᠤ ᠪᠠᠶᠢᠯᠭᠠᠵᠤ ᠪᠣᠯᠬᠤ ᠦᠭᠡᠶ᠃        ᠲᠠᠪᠤ᠂ ᠵᠣᠴᠢᠳ ᠤᠨ ᠪᠠᠭᠤᠳᠠᠯ ᠬᠤᠭᠤᠯᠠᠨ ᠭᠡᠷ᠂ ᠬᠤᠳᠠᠯᠳᠤᠭᠠᠨ ᠤ ᠵᠠᠬ᠎ᠠ ᠳᠡᠯᠭᠡᠭᠦᠷ᠂ ᠲᠡᠦᠬᠡ ᠶᠢᠨ ᠳᠤᠷᠠᠰᠬᠠᠯᠲᠤ ᠵᠦᠢᠯᠡᠰ ᠡᠷᠲᠡᠨ ᠤ ᠪᠠᠷᠢᠯᠭ᠎ᠠ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠤᠳ ᠲᠠᠷᠬᠠᠭᠠᠬᠤ ᠨᠡᠪᠲᠡᠷᠡᠯ ᠤᠨ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠰᠠᠭᠠᠳ ᠦᠭᠡᠶ ᠪᠠᠶᠢᠯᠭᠠᠬᠤ ᠶᠢ ᠪᠠᠲᠤᠯᠠᠵᠤ᠂ ᠭᠠᠯ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠵᠤ ᠠᠷᠠᠴᠢᠯᠠᠬᠤ ᠪᠠᠨ ᠴᠢᠩᠭᠠᠳᠬᠠᠨ᠂ ᠭᠠᠯ ᠤᠨᠲᠠᠷᠠᠭᠠᠬᠤ ᠡᠵᠡᠮᠳᠡᠯ ᠤᠨ ᠭᠡᠷ ᠤᠨ 24 ᠴᠠᠭ ᠢᠶᠠᠷ ᠵᠢᠵᠢᠭᠦᠷᠯᠡᠬᠦ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃        ᠵᠢᠷᠭᠤᠭ᠎ᠠ᠂ ᠰᠠᠨᠠᠭᠠᠨ ᠳᠤ ᠦᠭᠡᠢ ᠪᠠᠷ ᠭᠠᠯ ᠤᠨ ᠠᠶᠤᠯ ᠡᠭᠦᠰᠪᠡᠯ᠂ ᠯᠠᠪᠳᠠᠭᠤᠨ ᠲᠣᠭᠲᠠᠭᠤᠨ ᠪᠠᠶᠢᠵᠦ᠂ ᠳᠠᠷᠤᠢ ᠲᠦᠷᠭᠡᠨ᠂ ᠡᠮᠬᠢ ᠵᠢᠷᠤᠮ ᠲᠠᠢ ᠪᠠᠷ ᠲᠤᠬᠠᠢ ᠶᠢᠨ ᠲᠠᠯᠠᠪᠤᠷ ᠠᠴᠠ ᠲᠤᠳᠠᠭᠠᠵᠦ᠂ ᠡᠳ᠋ ᠪᠣᠳᠠᠰ ᠢᠶᠠᠨ ᠠᠪᠬᠤ  ᠶᠢ ᠶᠠᠭᠠᠷᠠᠬᠤ ᠦᠭᠡᠶ ᠪᠠᠶᠢᠵᠦ᠂ ᠳᠠᠷᠤᠢ ᠲᠦᠷᠭᠡᠨ 119 ᠶᠢ ᠤᠳᠠᠰᠤᠳᠠᠵᠦ᠂ ᠭᠠᠯ ᠭᠠᠷᠤᠭᠰᠠᠨ ᠭᠠᠵᠠᠷ ᠤᠨ ᠪᠣᠳᠠᠲᠠᠶ ᠣᠷᠣᠨ ᠪᠠᠶᠢᠷᠢ᠂ ᠭᠡᠷ ᠪᠠᠶᠢᠰᠢᠩ ᠤᠨ ᠡᠭᠦᠳᠡᠨ ᠫᠠᠶᠢᠰᠠ ᠶᠢᠨ ᠨᠣᠮᠧᠷ᠂ ᠭᠠᠯ ᠭᠠᠷᠤᠭᠰᠠᠨ ᠬᠡᠰᠡᠭ᠂ ᠨᠣᠴᠣᠭᠰᠠᠨ ᠪᠣᠳᠠᠰ᠂ ᠬᠤᠷᠢᠭᠳᠠᠭᠰᠠᠨ ᠬᠥᠮᠦᠨ ᠪᠠᠶᠢᠬᠤ ᠡᠰᠡᠬᠦ ᠵᠢᠴᠢ ᠭᠠᠯ ᠤᠨ ᠪᠠᠶᠢᠳᠠᠯ ᠢ ᠭᠤᠣᠯᠳᠠᠯᠭ᠎ᠠ ᠲᠠᠢ ᠲᠣᠳᠣᠷᠬᠠᠶ ᠶᠠᠷᠢᠵᠤ᠂ ᠭᠡᠷᠡᠭ ᠮᠡᠳᠡᠭᠦᠯᠦᠭᠴᠢ ᠶᠢᠨ ᠤᠳᠠᠰᠤ ᠶᠢᠨ ᠰᠠᠭᠠᠳ ᠦᠭᠡᠶ ᠨᠡᠪᠲᠡᠷᠡᠬᠦ ᠶᠢ ᠪᠠᠲᠤᠯᠠᠵᠤ᠂ ᠮᠡᠳᠡᠭᠦᠯᠦᠭᠰᠡᠨ ᠤ ᠳᠠᠷᠠᠭ᠎ᠠ ᠬᠥᠮᠦᠨ ᠲᠣᠬᠢᠷᠠᠭᠤᠯᠤᠨ ᠵᠠᠮ ᠤᠨ ᠠᠭᠤᠯᠵᠠᠷ ᠲᠤ ᠲᠤᠰᠴᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠡᠷᠭᠡ ᠬᠥᠰᠬᠡ ᠶᠢ ᠭᠠᠯ ᠤᠨ ᠠᠶᠤᠯ ᠤᠨ ᠲᠤᠬᠠᠶ ᠶᠢᠨ ᠲᠠᠯᠠᠪᠠᠶ ᠳᠤ ᠰᠠᠭᠠᠳ ᠥᠬᠡᠢ ᠤᠷᠤᠭᠤᠯᠬᠤ ᠬᠡᠷᠡᠭᠲᠡᠶ᠃                               ᠠᠷᠤ   ᠬᠤᠷᠴᠢᠨ   ᠬᠤᠰᠢᠭᠤᠨ   ᠤ  ᠭᠠᠯ   ᠢ  ᠰᠡᠷᠭᠡᠶᠢᠯᠡᠨ                               ᠭᠠᠯ ᠤᠨᠲᠠᠷᠠᠭᠠᠬᠤ ᠠᠪᠤᠷᠠᠨ ᠲᠤᠰᠠᠯᠠᠯᠳᠠ ᠶᠢᠨ ᠶᠡᠭᠡ ᠠᠩᠭᠢ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号