ᠠᠷᠤ ᠬᠤᠷᠴᠢᠨ ᠬᠤᠰᠢᠭᠤᠨ ᠤ 2022 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ | ᠪᠠᠶᠢᠳᠠᠯ ᠪᠠ 2023 ᠣᠨ ᠤ ᠡᠳ᠋ ᠤᠨ ᠵᠠᠰᠠᠭ ᠤᠨ ᠲᠥᠰᠥᠪ ︵ᠲᠥᠰᠥᠯ︶ ᠤᠨ ᠮᠡᠳᠡᠭᠦᠯᠦᠯᠲᠡ | | | — 2023 ᠤᠨ ᠤ 1 ᠰᠠᠷ᠎ᠠ ᠶᠢᠨ 31 ᠤ ᠡᠳᠦᠷ ᠠᠷᠦ ᠬᠤᠷᠴᠢᠨ ᠬᠤᠰᠢᠭᠤᠨ ᠤ | ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠳᠡᠬᠡᠷ᠎ᠡ | ᠬᠤᠰᠢᠭᠤᠨ ᠡᠳ᠋ ᠤᠨ ᠵᠠᠰᠠᠭ ᠤᠨ ᠳᠤᠪᠴᠢᠶ᠎ᠠ | | | | ᠬᠤᠷᠠᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠣᠳᠣ 2022 ᠣᠨ ᠤ ᠡᠳ᠋ ᠤᠨ ᠵᠠᠰᠠᠭ ᠤᠨ | ᠲᠥᠰᠥᠪ ᠢ ᠭᠦᠢᠴᠡᠳᠬᠡᠭᠰᠡᠨ ᠪᠠᠶᠢᠳᠠᠯ ᠪᠠ 2023 ᠣᠨ ᠤ ᠡᠳ᠋ ᠤᠨ ᠵᠠᠰᠠᠭ ᠤᠨ ᠲᠥᠰᠥᠪ ︵ᠲᠥᠰᠥᠯ︶ ᠤᠨ | ᠲᠣᠬᠠᠢ ᠮᠡᠳᠡᠭᠦᠯᠦᠶ᠎ᠡ᠄ | ᠨᠢᠭᠡ᠂ 2022 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ | ︵ᠨᠢᠭᠡ︶ ᠡᠩ ᠤᠨ ᠤᠯᠠᠨ ᠨᠡᠶᠢᠲᠡ ᠶᠢᠨ ᠲᠥᠰᠥᠪ ᠢ ᠭᠦᠢᠴᠡᠳᠬᠡᠭᠰᠡᠨ ᠪᠠᠶᠢᠳᠠᠯ | 2022 ᠣᠨ ᠳᠤ ᠪᠦᠭᠦ ᠬᠤᠰᠢᠭᠤᠨ ᠤ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ | 38198 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠲᠣᠬᠢᠷᠠᠭᠤᠯᠤᠯᠲᠠ ᠶᠢᠨ ᠲᠥᠰᠥᠪ ᠤᠨ 100% ᠶᠢ | ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 1347 ᠲᠦᠮᠡᠨ ᠲᠥᠭᠦᠷᠢᠭ ᠨᠡᠮᠡᠭᠳᠡᠵᠦ᠂ 3.66 % ᠨᠡᠮᠡᠭᠳᠡᠵᠡᠢ᠃ | ᠡᠭᠦᠨ ᠤ ᠳᠣᠲᠣᠷ᠎ᠠ᠄ ᠭᠠᠶᠢᠯᠢ ᠲᠠᠲᠠᠪᠤᠷᠢ ᠶᠢᠨ ᠣᠷᠣᠯᠭ᠎ᠠ ᠶᠢ 24237 ᠲᠦᠮᠡᠨ ᠲᠥᠭᠦᠷᠢᠭ ᠪᠡᠶᠡᠯᠡᠭᠦᠯᠵᠦ᠂ | ᠲᠦᠷᠦᠭᠦᠦ ᠵᠢᠯ ᠤᠨ ᠬᠢ ᠠᠴᠠ 1403 ᠲᠦᠮᠡᠨ ᠲᠥᠭᠦᠷᠢᠭ ᠬᠠᠰᠤᠭᠳᠠᠵᠤ᠂ 5.47 % ᠪᠠᠷ ᠪᠠᠭᠤᠷᠠᠵᠤ᠂ | ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 63.45% ᠶᠢ ᠡᠵᠡᠯᠡᠪᠡ᠃ ᠭᠠᠶᠢᠯᠢ ᠶᠢᠨ ᠪᠤᠰᠤ | ᠣᠷᠣᠯᠭ᠎ᠠ ᠶᠢ 13961 ᠲᠦᠮᠡᠨ ᠲᠥᠭᠦᠷᠢᠭ ᠪᠡᠶᠡᠯᠡᠭᠦᠯᠵᠦ᠂ ᠲᠦᠷᠦᠭᠦᠦ ᠵᠢᠯ ᠤᠨ ᠬᠢ ᠠᠴᠠ 2750 ᠲᠦᠮᠡᠨ | ᠲᠥᠭᠦᠷᠢᠭ ᠨᠡᠮᠡᠭᠳᠡᠨ᠂ 24.53% ᠪᠠᠷ ᠨᠡᠮᠡᠭᠳᠡᠵᠦ᠂ ᠤᠯᠠᠨ ᠨᠡᠶᠢᠲᠡ ᠶᠢᠨ ᠡᠩ ᠤᠨ ᠲᠥᠰᠥᠪ ᠤᠨ | ᠣᠷᠣᠯᠭ᠎ᠠ ᠶᠢᠨ 36.55% ᠶᠢ ᠡᠵᠡᠯᠡᠵᠦ᠂ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠡᠳᠦᠢ ᠲᠡᠳᠦᠢ | ᠪᠠᠭᠤᠷᠠᠪᠠ᠃ | 2022 ᠣᠨ ᠳᠤ ᠪᠦᠭᠦ ᠬᠤᠰᠢᠭᠤᠨ ᠤ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ | 403641 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 20972 ᠲᠦᠮᠡᠨ ᠲᠥᠭᠦᠷᠢᠭ | ᠨᠡᠮᠡᠭᠳᠡᠵᠦ᠂ 5.48% ᠨᠡᠮᠡᠭᠳᠡᠵᠡᠢ᠃ | ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠢ ᠭᠦᠢᠴᠡᠳᠬᠡᠭᠰᠡᠨ | ᠪᠠᠶᠢᠳᠠᠯ | 2022 ᠣᠨ ᠳᠤ ᠪᠦᠭᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ | ᠲᠥᠰᠥᠪ ᠤᠨ ᠣᠷᠣᠯᠭ᠎ᠠ ᠨᠡᠶᠢᠲᠡ 28410 ᠲᠦᠮᠡᠨ ᠲᠥᠭᠦᠷᠢᠭ ᠲᠤ ᠬᠦᠷᠴᠦ᠂ ᠡᠭᠦᠨ ᠳᠤ᠄ ᠵᠠᠰᠠᠭ ᠤᠨ | ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠥᠪ ᠤᠨ ᠳᠣᠰ ᠱᠠᠲᠤᠨ ᠤ ᠣᠷᠣᠯᠭ᠎ᠠ 15030 ᠲᠦᠮᠡᠨ | ᠲᠥᠭᠦᠷᠢᠭ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠰᠢᠯᠵᠢᠬᠦᠯᠦᠯᠳᠡ ᠶᠢᠨ ᠣᠷᠣᠯᠭ᠎ᠠ 1938 | ᠲᠦᠮᠡᠨ ᠲᠥᠭᠦᠷᠢᠭ᠂ ᠥᠷᠢ ᠥᠭᠴᠡᠭᠡ ᠶᠢ ᠰᠢᠯᠵᠢᠭᠦᠯᠦᠨ ᠵᠢᠬᠡᠯᠡᠬᠦᠯᠦᠭᠰᠡᠨ ᠣᠷᠣᠯᠭ᠎ᠠ 1435 ᠲᠦᠮᠡᠨ | ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 10007 ᠲᠦᠮᠡᠨ ᠲᠥᠭᠦᠷᠢᠭ ᠪᠣᠯᠣᠨ᠎ᠠ᠃ | 2022 ᠣᠨ ᠳᠤ ᠪᠦᠭᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ | ᠲᠥᠰᠥᠪ ᠤᠨ ᠵᠠᠷᠤᠯᠭ᠎ᠠ ᠨᠡᠶᠢᠲᠡ 28410 ᠲᠦᠮᠡᠨ ᠲᠥᠭᠦᠷᠢᠭ ᠲᠤ ᠬᠦᠷᠴᠦ᠂ ᠡᠭᠦᠨ ᠳᠤ᠄ ᠵᠠᠰᠠᠭ ᠤᠨ | ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠥᠪ ᠤᠨ ᠳᠣᠰ ᠱᠠᠲᠤᠨ ᠤ ᠵᠠᠷᠤᠯᠭ᠎ᠠ 9736 ᠲᠦᠮᠡᠨ | ᠲᠥᠭᠦᠷᠢᠭ᠂ ᠰᠢᠯᠵᠢᠭᠦᠯᠦᠨ ᠭᠠᠷᠭᠠᠭᠰᠠᠨ ᠪᠡᠯᠡ ᠮᠥᠩᠭᠦ 7600 ᠲᠦᠮᠡᠨ ᠲᠥᠭᠦᠷᠢᠭ᠂ ᠵᠢᠯ ᠤᠨ ᠡᠴᠦᠰ ᠤᠨ | ᠦᠯᠡᠳᠡᠪᠦᠷᠢ 11074 ᠲᠦᠮᠡᠨ ᠲᠥᠭᠦᠷᠢᠭ ᠪᠣᠯᠣᠨ᠎ᠠ᠃ | ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠢ ᠭᠦᠢᠴᠡᠳᠬᠡᠭᠰᠡᠨ ᠪᠠᠶᠢᠳᠠᠯ | 2022 ᠣᠨ ᠤ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ | ᠨᠡᠶᠢᠲᠡ 71129 ᠲᠦᠮᠡᠨ ᠲᠥᠭᠦᠷᠢᠭ᠂ ᠡᠭᠦᠨ ᠳᠤ᠄ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠣᠰ | ᠱᠠᠲᠤᠨ ᠤ ᠣᠷᠣᠯᠭ᠎ᠠ 46032 ᠲᠦᠮᠡᠨ ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 24221 | ᠲᠦᠮᠡᠨ ᠲᠥᠭᠦᠷᠢᠭ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠰᠢᠯᠵᠢᠭᠦᠯᠦᠯᠲᠡ ᠶᠢᠨ ᠣᠷᠣᠯᠭ᠎ᠠ | 876 ᠲᠦᠮᠡᠨ ᠲᠥᠭᠦᠷᠢᠭ ᠪᠣᠯᠣᠨ᠎ᠠ᠃ | 2022 ᠣᠨ ᠳᠤ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ | ᠨᠡᠶᠢᠲᠡ 71129 ᠲᠦᠮᠡᠨ ᠲᠥᠭᠦᠷᠢᠭ᠂ ᠡᠭᠦᠨ ᠳᠤ᠄ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠣᠰ | ᠱᠠᠲᠤᠨ ᠤ ᠵᠠᠷᠤᠯᠭ᠎ᠠ 44283 ᠲᠦᠮᠡᠨ ᠲᠥᠭᠦᠷᠢᠭ᠂ ᠵᠢᠯ ᠤᠨ ᠡᠴᠦᠰ ᠤᠨ ᠦᠯᠡᠳᠡᠪᠦᠷᠢ 26825 ᠲᠦᠮᠡᠨ | ᠲᠥᠭᠦᠷᠢᠭ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠰᠢᠯᠵᠢᠭᠦᠯᠦᠯᠲᠡ ᠶᠢᠨ ᠵᠠᠷᠤᠯᠭ᠎ᠠ 21 ᠲᠦᠮᠡᠨ | ᠲᠥᠭᠦᠷᠢᠭ ᠪᠣᠯᠣᠨ᠎ᠠ᠃ | ︵ᠳᠥᠷᠪᠡ︶ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠢ ᠭᠦᠢᠴᠡᠳᠬᠡᠭᠰᠡᠨ | ᠪᠠᠶᠢᠳᠠᠯ | 2022 ᠣᠨ ᠳᠤ ᠪᠦᠭᠦ ᠬᠤᠰᠢᠭᠤᠨ ᠤ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠣᠷᠣᠯᠭ᠎ᠠ ᠨᠡᠶᠢᠲᠡ 30777 ᠲᠦᠮᠡᠨ ᠲᠥᠭᠦᠷᠢᠭ ᠪᠠᠶᠢᠵᠤ᠂ ᠡᠭᠦᠨ ᠳᠤ ᠤᠯᠤᠰ ᠤᠨ | ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠤᠰ ᠱᠠᠲᠤᠨ ᠤ ᠣᠷᠣᠯᠭ᠎ᠠ 30756 ᠲᠦᠮᠡᠨ | ᠲᠥᠭᠦᠷᠢᠭ᠂ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠰᠢᠯᠵᠢᠭᠦᠯᠦᠯᠲᠡ ᠶᠢᠨ | ᠣᠷᠣᠯᠭ᠎ᠠ 7 ᠲᠦᠮᠡᠨ ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 14 ᠲᠦᠮᠡᠨ ᠲᠥᠭᠦᠷᠢᠭ | ᠪᠣᠯᠣᠨ᠎ᠠ᠃ | 2022 ᠣᠨ ᠳᠤ ᠪᠦᠭᠦ ᠬᠤᠰᠢᠭᠤᠨ ᠤ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ | ᠲᠥᠰᠥᠪ ᠤᠨ ᠵᠠᠷᠤᠯᠭ᠎ᠠ 30777 ᠲᠦᠮᠡᠨ ᠲᠥᠭᠦᠷᠢᠭ᠂ ᠡᠭᠦᠨ ᠳᠤ ᠤᠯᠤᠰ ᠤᠨ ᠥᠮᠴᠢᠯᠡᠯ ᠤᠨ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠳᠤᠰ ᠱᠠᠲᠤᠨ ᠤ ᠵᠠᠷᠤᠯᠭ᠎ᠠ 1510 ᠲᠦᠮᠡᠨ ᠲᠥᠭᠦᠷᠢᠭ᠂ ᠰᠢᠯᠵᠢᠭᠦᠯᠦᠨ | ᠭᠠᠷᠭᠠᠭᠰᠠᠨ ᠪᠡᠯᠡ ᠮᠥᠩᠭᠦ 29267 ᠲᠦᠮᠡᠨ ᠲᠥᠭᠦᠷᠢᠭ ᠪᠣᠯᠣᠨ᠎ᠠ᠃ | ᠳᠡᠭᠡᠷ᠎ᠡ ᠳᠤᠷᠠᠳᠤᠭᠰᠠᠨ ᠡᠯ᠎ᠡ ᠲᠥᠷᠥᠯ ᠤᠨ ᠣᠷᠣᠯᠭ᠎ᠠ ᠵᠠᠷᠤᠯᠭ᠎ᠠ ᠶᠢᠨ ᠲᠤᠭ᠎ᠠ ᠪᠠᠷᠢᠮᠲᠠ ᠶᠢ ᠤᠯᠠᠭᠠᠨᠬᠠᠳᠠ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠲᠥᠰᠥᠪ ᠤᠨ ᠭᠦᠢᠴᠡᠳᠬᠡᠯ ᠢ ᠴᠣᠬᠤᠯᠠᠪᠤᠷᠢᠯᠠᠭᠰᠠᠨ ᠤ | ᠳᠠᠷᠠᠭ᠎ᠠ᠂ ᠡᠳᠦᠢ ᠲᠡᠳᠦᠢ ᠬᠤᠪᠢᠷᠠᠯᠲᠠ ᠭᠠᠷᠴᠦ ᠮᠡᠳᠡᠨ᠎ᠡ᠂ ᠲᠤᠬᠠᠢ ᠶᠢᠨ ᠴᠠᠭ ᠲᠤ ᠨᠢ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠠᠬᠢᠨ ᠮᠡᠳᠡᠭᠦᠯᠦᠯᠲᠡ ᠬᠢᠬᠦ ᠪᠣᠯᠣᠨ᠎ᠠ᠃ | ︵ᠲᠠᠪᠤ︶ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠪᠠᠶᠢᠳᠠᠯ | 2022 ᠣᠨ ᠳᠤ᠂ ᠳᠡᠭᠡᠳᠦ ᠱᠠᠲᠤᠨ ᠠᠴᠠ ᠮᠠᠨ ᠤ ᠬᠤᠰᠢᠭᠤᠨ ᠳᠤ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 29250 ᠲᠦᠮᠡᠨ ᠲᠥᠭᠦᠷᠢᠭ ᠰᠢᠯᠵᠢᠭᠦᠯᠦᠨ ᠵᠢᠭᠡᠯᠡᠭᠦᠯᠵᠦ᠂ | ᠡᠭᠦᠨ ᠳᠤ ᠡᠩ ᠤᠨ ᠵᠢᠭᠡᠯᠡᠯᠭᠡ ᠶᠢᠨ ᠲᠡᠮᠳᠡᠭᠲᠦ ᠶᠢ 13000 ᠲᠦᠮᠡᠨ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ | ᠳᠠᠬᠢᠨ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢᠨ ᠲᠡᠮᠳᠡᠭᠲᠦ ᠶᠢ 16250 ᠲᠦᠮᠡᠨ ᠲᠥᠭᠦᠷᠢᠭ ᠰᠢᠨ᠎ᠡ ᠪᠠᠷ | ᠲᠣᠬᠢᠷᠠᠭᠤᠯᠪᠠ᠃ ᠴᠣᠬᠤᠯᠠᠪᠤᠷᠢᠯᠠᠭᠰᠠᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ | ᠬᠡᠷᠡᠭᠯᠡᠬᠦ ᠲᠥᠯᠥᠪᠯᠡᠭᠡ ᠶᠣᠰᠣᠭᠠᠷ᠂ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠠᠮ ᠱᠣᠭᠤᠮ ᠵᠢᠴᠢ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ 7000 ᠲᠦᠮᠡᠨ ᠲᠥᠭᠦᠷᠢᠭ᠂ | ᠮᠤᠵᠢ ᠶᠢᠨ ᠵᠠᠮ ᠤᠨ 210 ᠱᠤᠭᠤᠮ ᠤᠨ ᠪᠠᠯᠴᠢᠷᠤᠳ ᠠᠴᠠ ᠭᠤᠷᠣᠬᠠᠨ ︵ᠠᠷᠤ ᠬᠤᠷᠴᠢᠨ ᠬᠤᠰᠢᠭᠤᠨ ᠤ | ᠬᠠᠷᠢᠶᠠᠨ ᠳᠣᠲᠣᠷᠠᠬᠢ ᠬᠡᠰᠡᠭ︶ ᠬᠦᠷᠬᠦ ᠵᠠᠰᠠᠮᠠᠯ ᠵᠠᠮ ᠤᠨ ᠢᠨᠵᠧᠨᠧᠷᠢᠩ ᠤᠨ 3899 ᠲᠦᠮᠡᠨ ᠲᠥᠭᠦᠷᠢᠭ᠂ ᠠᠷᠤ | ᠬᠤᠷᠴᠢᠨ ᠬᠤᠰᠢᠭᠤᠨ ᠤ ᠴᠢᠪᠠᠭ᠎ᠠ ᠤᠨ ᠬᠤᠲᠠ ᠲᠣᠭᠤᠷᠢᠭ ᠤᠨ ᠵᠡᠭᠦᠨ ᠭᠠᠷᠬᠤ ᠵᠠᠮ ᠵᠢᠴᠢ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ 1000 ᠲᠦᠮᠡᠨ ᠲᠥᠭᠦᠷᠢᠭ᠂ ᠠᠷᠤ | ᠬᠤᠷᠴᠢᠨ ᠬᠤᠰᠢᠭᠤᠨ ᠤ ᠴᠢᠪᠠᠭ᠎ᠠ ᠶᠢᠨ ᠬᠤᠲᠠ ᠲᠣᠭᠤᠷᠢᠭ ᠤᠨ ᠦᠯᠵᠡᠢ ᠮᠥᠷᠡᠨ ᠵᠡᠭᠡᠯᠢ ᠶᠢᠨ ᠵᠠᠮ ᠵᠢᠴᠢ ᠢᠵᠢ | ᠪᠦᠷᠢᠳᠦᠭᠦᠯᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ 1000 ᠲᠦᠮᠡᠨ | ᠲᠥᠭᠦᠷᠢᠭ᠂ ᠠᠷᠤ ᠬᠤᠷᠴᠢᠨ ᠬᠤᠰᠢᠭᠤᠨ ᠤ 2022 ᠣᠨ ᠤ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ | ᠲᠥᠷᠥᠯ ᠵᠦᠢᠯ ᠳᠤ 101 ᠲᠦᠮᠡᠨ ᠲᠥᠭᠦᠷᠢᠭ ᠬᠡᠷᠡᠭᠯᠡᠪᠡ᠃ ᠲᠠᠬᠢᠨ ᠪᠡᠯᠡ ᠲᠣᠬᠢᠷᠠᠭᠤᠯᠬᠤ ᠵᠢᠭᠡᠯᠡᠯᠭᠡ ᠶᠢᠨ | ᠲᠡᠮᠳᠡᠭᠲᠦ 16250 ᠲᠦᠮᠡᠨ ᠲᠥᠭᠦᠷᠢᠭ ᠢ ᠪᠥᠬᠦᠳᠡ ᠶᠢ 2022 ᠣᠨ ᠤ ᠬᠤᠭᠤᠴᠠᠭ᠎ᠠ ᠨᠢ ᠲᠤᠯᠤᠭᠰᠠᠨ | ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠲᠦᠯᠦᠬᠦ ᠳᠤ ᠬᠡᠷᠡᠭᠯᠡᠪᠡ᠃ ᠮᠠᠨ ᠤ | ᠬᠤᠰᠢᠭᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠦᠯᠡᠳᠡᠪᠦᠷᠢ ᠲᠤᠭ᠎ᠠ | ᠨᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠬᠢᠵᠠᠭᠠᠷ ᠲᠤᠭ᠎ᠠ ᠠᠴᠠ ᠳᠠᠪᠠᠭᠰᠠᠨ ᠦᠭᠡᠢ᠂ | ᠰᠢᠨ᠎ᠡ ᠪᠠᠷ ᠨᠡᠮᠡᠭᠳᠡᠭᠰᠡᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠨᠢ | ᠭᠤᠣᠯᠳᠠᠯᠭ᠎ᠠ ᠲᠠᠢ ᠬᠦᠷᠢᠶ᠎ᠡ ᠴᠠᠷ᠎ᠠ ᠪᠣᠯᠣᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠡᠷᠡᠭᠦᠯ | ᠲᠣᠭᠲᠠᠭᠤᠨ ᠬᠦᠭᠵᠢᠯᠲᠡ ᠢ ᠠᠬᠢᠭᠤᠯᠪᠠ᠃ | ︵ᠵᠢᠷᠭᠤᠭ᠎ᠠ︶ ᠪᠡᠯᠡᠳᠬᠡᠯ ᠵᠠᠷᠤᠳᠠᠯ ᠢ ᠬᠡᠷᠡᠭᠯᠡᠭᠰᠡᠨ ᠪᠠᠶᠢᠳᠠᠯ | ᠵᠢᠯ ᠤᠨ ᠡᠬᠢᠨ ᠤ ᠲᠥᠰᠥᠪ ᠲᠤ 7000 ᠲᠦᠮᠡᠨ ᠲᠥᠭᠦᠷᠢᠭ ᠤᠨ ᠪᠡᠯᠡᠳᠬᠡᠯ ᠵᠠᠷᠤᠳᠠᠯ ᠢ ᠲᠣᠬᠢᠷᠠᠭᠤᠯᠵᠤ᠂ | ᠲᠤᠰ ᠵᠢᠯ ᠳᠡᠭᠡᠨ 7000 ᠲᠦᠮᠡᠨ ᠲᠥᠭᠦᠷᠢᠭ ᠤᠨ ᠪᠡᠯᠡᠳᠬᠡᠯ ᠵᠠᠷᠤᠳᠠᠯ ᠢ ᠬᠡᠷᠡᠭᠯᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢ ᠬᠤᠳᠠᠯᠳᠤᠨ ᠠᠪᠬᠤ᠂ ᠲᠤᠰᠠᠭᠠᠷᠯᠠᠬᠤ ᠴᠡᠭ ᠤᠨ ᠪᠦᠲᠦᠭᠡᠨ ᠪᠠᠶᠢᠭᠤᠯᠤᠯᠲᠠ | ᠵᠢᠴᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠵᠡᠷᠭᠡ ᠲᠠᠯ᠎ᠠ ᠶᠢᠨ ᠵᠠᠷᠤᠯᠭ᠎ᠠ ᠳᠤ ᠭᠤᠣᠯᠳᠠᠯᠭ᠎ᠠ ᠲᠠᠢ | ᠬᠡᠷᠡᠭᠯᠡᠪᠡ᠃ | ︵ᠲᠤᠯᠤᠭ᠎ᠠ︶ 2022 ᠣᠨ ᠤ ᠡᠳ᠋ ᠤᠨ ᠵᠠᠰᠠᠭ ᠤᠨ ᠠᠵᠢᠯ ᠢ ᠥᠷᠨᠢᠭᠦᠯᠦᠭᠰᠡᠨ ᠪᠠᠶᠢᠳᠠᠯ | 1. ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠲᠠᠲᠠᠪᠦᠷᠢᠯᠡᠬᠤ ᠬᠠᠮᠢᠶᠠᠷᠬᠤ ᠠᠵᠢᠯ ᠢ | ᠴᠢᠩᠭᠠᠳᠬᠠᠵᠤ᠂ ᠠᠵᠦ ᠠᠬᠤᠢ ᠶᠢᠨ ᠡᠷᠡᠭᠦᠯ ᠢᠶᠠᠷ ᠬᠦᠭᠵᠢᠬᠦ ᠶᠢ ᠠᠬᠢᠭᠤᠯᠪᠠ | ᠨᠢᠭᠡ ᠳᠤ ᠣᠷᠣᠨ ᠨᠤᠲᠤᠭ ᠤᠨ ᠡᠳ᠋ ᠤᠨ ᠵᠠᠰᠠᠭ ᠠᠵᠤ ᠠᠬᠤᠢ ᠶᠢᠨ ᠡᠮᠬᠢ ᠵᠢᠷᠤᠮ ᠢ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠠ ᠲᠣᠬᠢᠶᠠᠯ ᠢ ᠠᠰᠢᠭᠯᠠᠨ᠂ ᠡᠳ᠋ ᠤᠨ ᠵᠠᠰᠠᠭ ᠭᠠᠶᠢᠯᠢ ᠶᠢᠨ ᠰᠠᠯᠠᠭ᠎ᠠ | ᠮᠥᠴᠢᠷ ᠪᠠ ᠠᠷᠠᠳ ᠤᠨ ᠪᠠᠩᠬᠢ ᠲᠠᠢ ᠵᠦᠪᠳᠡᠯᠴᠡᠭᠡᠷ ᠤᠨ ᠲᠣᠭᠲᠠᠴᠠ ᠶᠢ ᠪᠠᠶᠢᠭᠤᠯᠵᠤ᠂ ᠲᠣᠭᠲᠠᠮᠠᠯ | ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠵᠤ᠂ ᠣᠷᠣᠯᠭ᠎ᠠ ᠶᠢᠨ ᠬᠠᠷᠠᠯᠲᠠ ᠡᠭᠦᠷᠭᠡ ᠶᠢ | ᠨᠠᠶᠢᠳᠠᠪᠤᠷᠢᠵᠢᠭᠤᠯᠤᠨ᠂ ᠭᠠᠶᠢᠯᠢ ᠲᠠᠲᠠᠪᠤᠷᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠵᠤ᠂ ᠡᠳ᠋ ᠤᠨ | ᠵᠠᠰᠠᠭ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠴᠢᠷᠮᠠᠶᠢᠨ ᠪᠠᠲᠤᠯᠠᠪᠠ᠃ ᠬᠤᠶᠠᠷ ᠲᠤ ᠬᠢᠵᠢᠭ ᠤᠨ | ᠪᠠᠶᠢᠳᠠᠯ ᠤᠨ ᠳᠠᠭᠠᠷᠢᠯᠲᠠ᠂ ᠠᠵᠤ ᠠᠬᠤᠢ ᠶᠢᠨ ᠪᠠᠭᠤᠷᠠᠯᠲᠠ ᠵᠡᠷᠭᠡ ᠠᠰᠢᠭ ᠦᠭᠡᠢ ᠬᠦᠴᠦᠨ ᠵᠦᠢᠯ ᠤᠨ ᠨᠥᠯᠥᠭᠡᠯᠡᠯ | ᠳᠣᠣᠷ᠎ᠠ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠢᠴᠢ ᠭᠠᠶᠢᠯᠢ ᠶᠢ ᠦᠯᠡᠳᠡᠭᠡᠬᠦ ᠲᠣᠯᠭᠠᠬᠤ ᠪᠣᠴᠠᠭᠠᠬᠤ | ᠲᠦᠷᠦ ᠶᠢᠨ ᠪᠣᠳᠣᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠭᠠᠶᠢᠯᠢ ᠶᠢᠨ | ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠪᠦᠬᠦ ᠵᠢᠯ ᠳᠤ ᠵᠢᠵᠢᠭ ᠪᠢᠴᠢᠯ ᠠᠵᠤ ᠠᠬᠤᠶᠢᠯᠠᠯ ᠤᠨ | ᠠᠰᠢᠭ ᠣᠷᠣᠯᠭ᠎ᠠ ᠶᠢᠨ ᠭᠠᠶᠢᠯᠢ ᠶᠢ ᠬᠥᠩᠭᠡᠯᠡᠵᠦ ᠬᠡᠯᠲᠦᠷᠢᠭᠦᠯᠬᠦ ᠵᠢᠴᠢ ᠪᠠᠭ᠎ᠠ ᠬᠡᠪᠴᠢᠶᠡᠨ ᠤ ᠭᠠᠶᠢᠯᠢ | ᠲᠤᠰᠢᠶᠠᠭᠴᠢ ᠳᠤ ᠨᠡᠶᠢᠳᠡ 410 ᠲᠦᠮᠡᠨ ᠲᠥᠭᠦᠷᠢᠭ ᠤᠨ ᠦᠷᠳᠡᠭ ᠤᠨ ᠨᠡᠮᠡᠭᠳᠡᠯ ᠤᠨ ᠭᠠᠶᠢᠯᠢ ᠶᠢ | ᠬᠡᠯᠲᠦᠷᠢᠭᠦᠯᠵᠦ᠂ 951 ᠲᠦᠮᠡᠨ ᠲᠥᠭᠦᠷᠢᠭ ᠤᠨ ᠭᠠᠶᠢᠯᠢ ᠶᠢ ᠦᠯᠡᠳᠡᠭᠡᠨ ᠲᠤᠯᠭᠠᠨ ᠪᠣᠴᠠᠭᠠᠵᠦ᠂ ᠠᠵᠤ | ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠢ | ᠬᠥᠭᠵᠢᠭᠡᠪᠡ᠃ ᠭᠤᠷᠪᠠ ᠳᠤ ᠭᠠᠶᠢᠯᠢ ᠶᠢᠨ ᠪᠤᠰᠤ ᠣᠷᠣᠯᠭ᠎ᠠ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠴᠢᠩᠭᠠᠳᠬᠠᠪᠠ᠃ | ᠪᠥᠬᠦ ᠵᠢᠯ ᠳᠤ ᠭᠠᠶᠢᠯᠢ ᠶᠢᠨ ᠪᠤᠰᠤ ᠣᠷᠣᠯᠭ᠎ᠠ ᠶᠢ 13961 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 2750 ᠲᠦᠮᠡᠨ ᠲᠥᠭᠦᠷᠢᠭ ᠨᠡᠮᠡᠭᠳᠡᠨ᠂ 24.53% ᠪᠠᠷ ᠨᠡᠮᠡᠭᠳᠡᠪᠡ᠃ ᠬᠠᠤᠯᠢ | ᠲᠣᠭᠲᠠᠭᠠᠯ ᠶᠣᠰᠣᠭᠠᠷ ᠲᠠᠲᠠᠪᠦᠷᠢᠯᠠᠬᠤ ᠤᠷᠢᠲᠠᠯ ᠳᠣᠣᠷ᠎ᠠ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠵᠤ᠂ | ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠪᠡᠶᠡᠯᠡᠭᠦᠯᠪᠡ᠃ ᠳᠥᠷᠪᠡ ᠳᠤ ᠳᠡᠭᠡᠳᠦ ᠱᠠᠲᠤᠨ ᠤ | ᠡᠳ᠋ ᠤᠨ ᠬᠦᠴᠦᠨ ᠤ ᠴᠢᠨᠠᠷᠲᠠᠢ ᠨᠥᠬᠦᠪᠦᠷᠢ ᠪᠡᠯᠡ ᠮᠥᠩᠭᠦ ᠵᠢᠴᠢ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠮᠥᠩᠭᠦ ᠶᠢ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠵᠡᠷᠭᠡ ᠵᠠᠩᠭᠢᠯᠠᠭ᠎ᠠ ᠶᠢᠨ ᠬᠦᠷᠢᠶ᠎ᠡ ᠪᠣᠯᠣᠨ ᠪᠠᠭᠤᠷᠠᠢ ᠭᠤᠭᠴᠤᠭ᠎ᠠ ᠳᠤ ᠲᠥᠪᠯᠡᠷᠡᠭᠦᠯᠵᠦ᠂ | ᠪᠥᠬᠦ ᠵᠢᠯ ᠳᠤ ᠨᠡᠶᠢᠲᠡ 29 ᠳ᠋ᠦᠩᠰᠢᠭᠤᠷ ᠲᠥᠭᠦᠷᠢᠭ ᠤᠨ ᠰᠢᠯᠵᠢᠭᠦᠯᠦᠨ ᠥᠭᠬᠦ ᠪᠡᠯᠡ ᠮᠥᠩᠭᠦ᠂ 1.3 | ᠳ᠋ᠦᠩᠰᠢᠭᠤᠷ ᠲᠥᠭᠦᠷᠢᠭ ᠤᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠴᠢᠷᠮᠠᠶᠢᠨ ᠣᠯᠵᠤ᠂ | ᠠᠷᠤ ᠬᠤᠷᠴᠢᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠲᠣᠭᠲᠠᠭᠤᠨ ᠪᠥᠭᠡᠳ ᠡᠮᠬᠢ ᠵᠢᠷᠤᠮ ᠲᠠᠢ | ᠪᠠᠶᠢᠬᠤ ᠶᠢ ᠪᠠᠲᠣᠯᠠᠪᠠ᠃ | 2. ᠨᠠᠷᠢᠨ ᠨᠢᠮᠪᠠᠢ ᠲᠥᠯᠥᠪᠯᠡᠨ ᠪᠤᠳᠤᠵᠤ᠂ ᠪᠦᠲᠦᠴᠡ ᠶᠢ ᠰᠢᠯᠢᠳᠡᠭᠵᠢᠭᠦᠯᠦᠨ᠂ ᠠᠷᠠᠳ ᠤᠨ ᠠᠮᠢᠳᠣᠷᠠᠯ ᠢ | ᠦᠷᠭᠦᠯᠵᠢᠯᠡᠨ ᠦᠭᠡᠷᠡᠴᠢᠯᠡᠨ ᠰᠠᠶᠢᠵᠢᠷᠠᠭᠤᠯᠪᠠ | ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠠᠷᠪᠢᠯᠠᠨ ᠭᠠᠮᠨᠠᠬᠤ ᠱᠠᠭᠠᠷᠳᠠᠯᠭ᠎ᠠ ᠶᠢ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠨ᠂ ︽ᠭᠤᠷᠪᠠᠨ | ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ | ᠵᠦᠢ ᠵᠣᠬᠢᠰᠲᠠᠢ ᠲᠣᠬᠢᠷᠠᠭᠤᠯᠤᠨ᠂ ︽ᠭᠤᠷᠪᠠ ᠶᠢ ᠪᠠᠲᠤᠯᠠᠬᠤ︾ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠦᠨᠡᠨ | ᠬᠦ ᠪᠠᠲᠤ ᠪᠠᠬᠢᠵᠢᠭᠦᠯᠪᠡ᠃ ᠪᠥᠬᠦ ᠬᠤᠰᠢᠭᠤᠨ ᠤ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ | 294272 ᠲᠦᠮᠡᠨ ᠲᠥᠭᠦᠷᠢᠭ ᠪᠠᠶᠢᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ | 72.67% ᠶᠢ ᠡᠵᠡᠯᠡᠪᠡ᠃ ᠨᠢᠭᠡ ᠳᠤ ᠪᠦᠭᠦ ᠬᠤᠰᠢᠭᠤᠨ ᠤ ᠡᠯ᠎ᠡ ᠲᠦᠷᠤᠯ ᠤᠨ ᠬᠥᠮᠥᠰ ᠤᠨ ᠴᠠᠯᠢᠩ ᠪᠣᠯᠣᠨ | ᠳᠠᠭᠠᠳᠬᠠᠯ ᠤᠨ ᠮᠥᠩᠭᠦ ᠶᠢ 124075 ᠲᠦᠮᠡᠨ ᠲᠥᠭᠦᠷᠢᠭ ᠰᠠᠯᠭᠠᠨ ᠦᠭᠪᠡ᠃ ᠬᠤᠶᠠᠷ ᠲᠤ ᠬᠤᠳᠠ | ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠲᠠᠪᠤᠨ ᠪᠠᠲᠤᠯᠠᠭ᠎ᠠ ᠪᠠᠷ ᠠᠰᠠᠷᠠᠨ ᠲᠡᠵᠢᠭᠡᠬᠦ᠂ ᠨᠡᠶᠢᠭᠡᠮ ᠤᠨ ᠠᠪᠤᠷᠠᠨ | ᠲᠣᠰᠠᠯᠠᠯᠲᠠ᠂ ᠨᠡᠶᠢᠭᠡᠮ ᠤᠨ ᠠᠰᠠᠷᠠᠮᠵᠢ ᠪᠠ ᠠᠵᠢᠯ ᠣᠯᠭᠤᠯᠲᠠ ᠶᠢᠨ ᠪᠡᠯᠡ ᠮᠥᠩᠭᠦ ᠶᠢ 52813 ᠲᠦᠮᠡᠨ | ᠲᠥᠭᠦᠷᠢᠭ ᠰᠠᠯᠭᠠᠨ ᠦᠭᠪᠡ᠃ ᠭᠤᠷᠪᠠ ᠳᠤ ᠣᠯᠠᠨ ᠨᠡᠶᠢᠲᠠ ᠶᠢᠨ ᠡᠷᠡᠭᠦᠯ ᠬᠠᠮᠠᠭᠠᠯᠠᠯ᠂ ᠡᠮ ᠡᠮᠨᠡᠯᠭᠡ ᠶᠢᠨ ᠠᠪᠤᠷᠠᠨ | ᠲᠤᠰᠠᠯᠠᠯᠲᠠ ᠵᠡᠷᠭᠡ ᠡᠮ ᠡᠮᠨᠡᠯᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠡᠯᠡ ᠮᠥᠩᠭᠦ ᠶᠢ 4871 ᠲᠦᠮᠡᠨ | ᠲᠥᠭᠦᠷᠢᠭ ᠰᠠᠯᠭᠠᠨ ᠦᠭᠪᠡ᠃ ᠳᠥᠷᠪᠡ ᠳᠤ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠦᠷᠢ᠂ | ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠶᠢ ᠰᠡᠷᠭᠦᠭᠡᠬᠦ᠂ ᠨᠡᠶᠢᠲᠡ ᠶᠢᠨ ᠠᠰᠠᠷᠠᠮᠵᠢ ᠶᠢᠨ ᠤᠢ᠂ ᠲᠠᠷᠢᠶᠠᠯᠠᠩ | ᠤᠰᠤᠨ ᠠᠰᠢᠭᠯᠠᠯᠲᠠ᠂ ᠤᠰᠤ ᠤᠮᠳᠠ ᠶᠢᠨ ᠠᠮᠣᠷ ᠲᠦᠪᠰᠢᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠵᠣᠯᠭᠠᠭᠤᠯᠬᠤ ᠵᠡᠷᠭᠡ ᠲᠠᠷᠢᠶᠠᠯᠠᠩ ᠤᠢ ᠰᠢᠭᠤᠢ ᠣᠰᠣᠨ ᠠᠰᠢᠭᠯᠠᠯᠲᠠ ᠶᠢᠨ ᠪᠡᠯᠡ ᠮᠥᠩᠭᠦ | 79319 ᠲᠦᠮᠡᠨ ᠲᠥᠭᠦᠷᠢᠭ ᠰᠠᠯᠭᠠᠨ ᠦᠭᠪᠡ᠃ ᠲᠠᠪᠤ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠠᠯᠪᠠᠨ ᠬᠡᠷᠡᠭᠯᠡᠭᠡᠨ ᠤ ᠵᠠᠷᠤᠳᠠᠯ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠪᠠᠶᠢᠷᠢ ᠶᠢᠨ ᠰᠤᠷᠤᠭᠴᠢᠳ ᠤᠨ | ᠠᠮᠢᠳᠤᠷᠠᠯ ᠤᠨ ᠨᠥᠬᠦᠪᠦᠷᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠢ ᠬᠦᠭᠵᠢᠯᠲᠡ᠂ | ᠰᠤᠷᠭᠠᠭᠤᠯᠢ ᠶᠢᠨ ᠭᠡᠷ ᠪᠠᠶᠢᠰᠢᠩ ᠢ ᠰᠡᠯᠪᠢᠨ ᠵᠠᠰᠠᠬᠤ ᠵᠡᠷᠭᠡ ᠪᠡᠯᠡ ᠮᠥᠩᠭᠦ ᠶᠢ 17141 ᠲᠦᠮᠡᠨ ᠲᠥᠭᠦᠷᠢᠭ | ᠰᠠᠯᠭᠠᠨ ᠦᠭᠪᠡ᠃ ᠵᠢᠷᠭᠤᠭ᠎ᠠ ᠳᠤ ᠵᠠᠮ ᠬᠠᠷᠢᠯᠴᠠᠭ᠎ᠠ᠂ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠶᠢ 46834 ᠲᠦᠮᠡᠨ ᠲᠥᠭᠦᠷᠢᠭ ᠰᠠᠯᠭᠠᠨ ᠦᠭᠪᠡ᠃ ᠲᠤᠯᠤᠭ᠎ᠠ ᠳᠤ | 19495 ᠲᠦᠮᠡᠨ ᠲᠥᠭᠦᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠪᠡᠯᠡ ᠮᠥᠩᠭᠦ ᠶᠢ ᠰᠠᠯᠭᠠᠨ ᠦᠭᠪᠡ᠃ | 3. ᠬᠢᠨᠠᠯᠲᠠ ᠬᠠᠮᠢᠶᠠᠷᠤᠯᠲᠠ ᠶᠢ ᠨᠠᠷᠢᠯᠢᠭᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠯᠡᠨ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ | ᠨᠢᠭᠡ ᠳᠤ ᠡᠳ᠋ ᠬᠥᠷᠥᠩᠭᠡ ᠶᠢ ᠴᠡᠭᠴᠡᠯᠡᠨ᠂ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠪᠠ᠃ | ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠰᠤᠯᠠ ᠪᠠᠶᠢᠬᠤ ᠡᠳ᠋ ᠬᠥᠷᠥᠩᠭᠡ ᠶᠢ ᠪᠦᠬᠦ ᠲᠠᠯ᠎ᠠ ᠪᠠᠷ | ᠴᠡᠭᠴᠡᠯᠡᠨ᠂ ᠴᠠᠭ ᠲᠤᠬᠠᠢ ᠳᠤᠨᠢ ᠰᠢᠢᠳᠪᠦᠷᠢᠯᠡᠵᠦ᠂ ᠪᠦᠷᠢᠯᠭᠡᠨ ᠰᠦᠢᠳᠬᠡᠬᠦ ᠠᠴᠠ ᠵᠡᠶᠢᠯᠠᠰᠬᠢᠪᠠ᠃ ᠲᠥᠰᠥᠪ ᠤᠨ | ᠨᠢᠭᠡᠴᠢ ᠶᠢᠨ ᠲᠠᠩᠰᠠᠨ ᠡᠷᠦᠬᠡ ᠶᠢᠨ ᠬᠥᠳᠡᠯᠦᠩᠭᠦᠢ ᠬᠢᠨᠠᠨ ᠡᠵᠡᠮᠳᠡᠯ ᠢ ᠥᠷᠨᠢᠭᠦᠯᠵᠦ᠂ ᠳ᠋ᠦᠩᠨᠡᠨ ᠰᠢᠯᠵᠢᠭᠦᠯᠦᠭᠰᠡᠨ | ᠦᠯᠡᠳᠡᠪᠦᠷᠢ ᠪᠡᠯᠡ ᠮᠥᠩᠭᠦ ᠶᠢ ︽ᠲᠡᠭ ᠪᠣᠯᠭᠠᠬᠤ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠴᠡᠭᠴᠡᠯᠡᠨ | ᠳᠢᠭᠯᠡᠵᠦ ᠠᠮᠢᠳᠤᠯᠢᠭ ᠪᠣᠯᠭᠠᠬᠤ ᠡᠷᠴᠢᠮ ᠢ ᠴᠢᠩᠭᠠᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ᠃ ᠬᠤᠶᠠᠷ ᠵᠢᠯ ᠠᠴᠠ ᠳᠡᠭᠡᠭᠰᠢ ᠳ᠋ᠦᠩᠨᠡᠨ ᠰᠢᠯᠵᠢᠭᠦᠯᠦᠭᠰᠡᠨ | ᠳᠡᠭᠡᠳᠦ ᠱᠠᠲᠤᠨ ᠤ ᠲᠤᠰᠬᠠᠢ ᠲᠦᠷᠦᠯ ᠪᠠ ᠬᠤᠰᠢᠭᠤᠨ ᠱᠠᠲᠤᠨ ᠤ ᠪᠡᠯᠡ ᠮᠥᠩᠭᠦ ᠶᠢ ᠴᠥᠮ ᠡᠳ᠋ ᠤᠨ ᠵᠠᠰᠠᠭ ᠲᠤ | ᠨᠢᠭᠡᠳᠦᠯᠲᠡᠢ ᠬᠤᠷᠢᠶᠠᠨ ᠠᠪᠴᠤ ᠲᠥᠯᠥᠪᠯᠡᠨ ᠬᠡᠷᠡᠭᠯᠡᠭᠡᠳ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢᠨ | ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠬᠤᠶᠠᠷ ᠲᠤ ᠲᠥᠰᠥᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ | ᠠᠵᠢᠯ ᠢ ᠲᠦᠷᠭᠡᠪᠴᠢᠯᠡᠨ ᠠᠬᠢᠭᠤᠯᠪᠠ᠃ ᠰᠠᠯᠠᠭ᠎ᠠ ᠮᠥᠴᠢᠷ ᠤᠨ ᠪᠦᠬᠦᠯᠢ ᠴᠣᠭᠴᠠ ᠶᠢᠨ ᠠᠵᠢᠯ ᠤᠨ ᠦᠷ᠎ᠡ | ᠪᠦᠲᠦᠮᠵᠢ ᠪᠠ ᠲᠥᠷᠥᠯ ᠵᠦᠢᠯ ᠤᠨ ᠠᠵᠢᠯ ᠤᠨ ᠦᠷ᠎ᠡ ᠪᠦᠲᠦᠮᠵᠢ ᠶᠢᠨ ᠬᠠᠷᠠᠯᠲᠠ ᠶᠢ ᠪᠦᠬᠦᠨ ᠢ ᠬᠠᠮᠤᠷᠬᠤ ᠶᠢ ᠪᠥᠬᠦ | ᠲᠠᠯ᠎ᠠ ᠪᠠᠷ ᠪᠡᠶᠡᠯᠡᠭᠦᠯᠵᠦ᠂ ᠭᠤᠷᠪᠠᠳᠠᠭᠢ ᠡᠲᠡᠭᠡᠳ ᠤᠨ ᠰᠦᠯᠵᠢᠶᠡᠨ ᠳᠡᠭᠡᠷᠡᠬᠢ ᠠᠵᠢᠯ ᠤᠨ ᠦᠷ᠎ᠡ ᠪᠦᠲᠦᠮᠵᠢ ᠶᠢᠨ | ᠬᠠᠮᠢᠶᠠᠷᠤᠯᠲᠠ ᠶᠢᠨ ᠲᠠᠪᠴᠠᠩ ᠢ ᠣᠷᠣᠭᠤᠯᠤᠨ ᠠᠪᠴᠢᠷᠠᠵᠤ᠂ ᠬᠠᠷᠠᠯᠲᠠ᠂ ᠬᠢᠨᠠᠨ ᠡᠵᠡᠮᠳᠡᠬᠦ ᠪᠠ ᠥᠪᠡᠰᠦᠪᠡᠨ | ᠦᠨᠡᠯᠡᠬᠦ ᠶᠢ ᠪᠦᠬᠦᠨ ᠢ ᠰᠦᠯᠵᠢᠶ᠎ᠡ ᠪᠠᠷ ᠭᠤᠶᠤᠴᠢᠯᠠᠨ ᠮᠡᠳᠡᠭᠦᠯᠵᠦ᠂ ᠬᠢᠨᠠᠨ ᠬᠠᠷᠭᠤᠭᠤᠯᠬᠤ ᠠᠵᠢᠯ ᠢ | ᠰᠢᠯᠢᠳᠡᠭᠵᠢᠭᠦᠯᠪᠡ᠃ ᠰᠠᠯᠠᠭ᠎ᠠ ᠮᠥᠴᠢᠷ ᠤᠨ ᠲᠥᠰᠥᠪ ᠤᠨ ᠲᠥᠷᠥᠯ ᠵᠦᠢᠯ ᠤᠨ ᠦᠷ᠎ᠡ ᠪᠦᠲᠦᠮᠵᠢ ᠵᠢᠴᠢ ᠰᠠᠯᠠᠭ᠎ᠠ | ᠮᠥᠴᠢᠷ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢᠨ ᠬᠠᠷᠠᠯᠲᠠ ᠶᠢ ᠲᠣᠭᠳᠠᠭᠠᠨ᠂ ᠬᠢᠨᠠᠨ ᠡᠵᠡᠮᠳᠡᠬᠦ ᠠᠵᠢᠯ ᠢ | ᠪᠥᠬᠦ ᠲᠠᠯ᠎ᠠ ᠪᠠᠷ ᠪᠡᠶᠡᠯᠡᠭᠦᠯᠪᠡ᠃ ᠭᠤᠷᠪᠠ ᠳᠤ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ ᠲᠣᠭᠲᠠᠭᠠᠬᠤ | ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠪᠠ᠃ ︽ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢ ᠬᠢᠨᠠᠨ | ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ | ᠬᠢᠨᠠᠨ ᠲᠣᠭᠲᠠᠭᠠᠬᠤ ᠶᠢᠨ ᠨᠡᠪᠲᠡᠯᠬᠦ ᠴᠢᠳᠠᠪᠤᠷᠢ ᠶᠢ ᠳᠡᠭᠡᠭᠰᠢᠯᠡᠭᠦᠯᠦᠨ᠂ ᠠᠩᠬ᠎ᠠ ᠬᠢᠨᠠᠬᠤ᠂ ᠳᠠᠬᠢᠨ ᠬᠢᠨᠠᠬᠤ᠂ | ᠮᠥᠷᠳᠡᠨ ᠬᠢᠨᠠᠨ ᠪᠤᠳᠤᠬᠤ ᠴᠤᠪᠤᠷᠠᠯ ᠢ ᠪᠠᠶᠢᠭᠤᠯᠵᠤ᠂ ᠲᠥᠷᠥᠯ ᠵᠦᠢᠯ ᠤᠨ ᠶᠠᠪᠣᠴᠠ ᠶᠢᠨ ᠣᠷᠢᠳ᠂ ᠶᠠᠪᠣᠴᠠ ᠶᠢᠨ | ᠳᠤᠮᠳᠠ᠂ ᠶᠠᠪᠣᠴᠠ ᠶᠢᠨ ᠳᠠᠷᠠᠭ᠎ᠠ ᠬᠢᠨᠠᠨ ᠬᠠᠮᠢᠶᠠᠷᠬᠤ ᠳᠦᠷᠢᠮ ᠢ ᠪᠦᠷᠢᠨᠰᠢᠭᠦᠯᠪᠡ᠃ ᠪᠥᠬᠦ ᠵᠢᠯ ᠳᠤ ᠤᠷᠢᠳᠴᠢᠯᠠᠨ | ᠳ᠋ᠦᠩᠨᠡᠨ ᠪᠤᠳᠤᠬᠤ ᠲᠥᠷᠥᠯ ᠵᠦᠢᠯ ᠢ ᠨᠡᠶᠢᠲᠡ 682 ᠬᠢᠨᠠᠨ ᠲᠣᠭᠲᠠᠭᠠᠵᠤ᠂ ᠬᠢᠨᠠᠨ ᠪᠠᠶᠢᠴᠠᠭᠠᠯᠭᠠᠬᠤ ᠪᠠᠷ | ᠮᠡᠳᠡᠭᠦᠯᠦᠭᠰᠡᠨ ᠵᠣᠭᠤᠰ ᠤᠨ ᠲᠤᠭ᠎ᠠ 148738 ᠲᠦᠮᠡᠨ ᠲᠥᠭᠦᠷᠢᠭ᠂ ᠬᠢᠨᠠᠨ ᠲᠣᠭᠲᠠᠭᠠᠭᠰᠠᠨ ᠵᠣᠭᠤᠰ ᠤᠨ | ᠲᠤᠭ᠎ᠠ 131687 ᠲᠦᠮᠡᠨ ᠲᠥᠭᠦᠷᠢᠭ᠂ ᠬᠢᠨᠠᠨ ᠬᠠᠰᠤᠭᠰᠠᠨ ᠵᠣᠭᠤᠰ ᠤᠨ ᠲᠤᠭ᠎ᠠ 17051 ᠲᠦᠮᠡᠨ | ᠲᠥᠭᠦᠷᠢᠭ ᠪᠠᠶᠢᠵᠤ᠂ ᠬᠢᠨᠠᠨ ᠬᠠᠰᠤᠭᠰᠠᠨ ᠨᠣᠷᠮ᠎ᠠ 11.46% ᠪᠣᠯᠪᠠ᠃ ᠳᠥᠷᠪᠡ ᠳᠤ ᠤᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠯᠵᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠪᠡ᠃ | ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠡᠳ᠋ ᠤᠨ ᠵᠠᠰᠠᠭ ᠤᠨ ᠦᠢᠯᠡᠴᠢᠯᠡᠭᠡ ᠶᠢ | ᠰᠢᠯᠢᠳᠡᠭᠵᠢᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠦᠨ᠂ ᠠᠵᠤ ᠠᠬᠤᠶᠢᠯᠠᠯ ᠤᠨ ᠦᠢᠯᠡᠴᠢᠯᠡᠭᠡ᠂ ᠠᠷᠠᠳ ᠤᠨ ᠠᠮᠢᠳᠤᠷᠠᠯ ᠤᠨ ᠦᠢᠯᠡᠰ ᠤᠨ ᠲᠠᠯ᠎ᠠ ᠪᠠᠷ | ᠢᠯᠡᠳᠲᠡ ᠦᠷ᠎ᠡ ᠪᠦᠲᠦᠮᠵᠢ ᠣᠯᠪᠠ᠃ | 4. ᠪᠣᠳᠠᠲᠠᠢ ᠶᠢ ᠡᠷᠬᠢᠮᠯᠡᠨ ᠨᠠᠷᠢᠯᠢᠭ ᠣᠨᠣᠴᠠᠲᠠᠢ ᠠᠵᠢᠯᠯᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ | ᠭᠤᠣᠯᠳᠠᠯᠭ᠎ᠠ ᠲᠠᠢ ᠠᠵᠢᠯ ᠢ ᠬᠦᠴᠦᠲᠡᠢ ᠪᠠᠲᠣᠯᠠᠪᠠ | ᠨᠢᠭᠡ ᠳᠤ ᠶᠠᠳᠠᠭᠤ ᠠᠴᠠ ᠠᠩᠭᠢᠵᠢᠷᠠᠭᠤᠯᠣᠨ ᠪᠡᠷᠬᠡ ᠶᠢ ᠲᠣᠭᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠦᠬᠦ | ᠬᠦᠴᠦᠨ ᠢᠶᠠᠷ ᠳᠡᠮᠵᠢᠪᠡ᠃ 2022 ᠣᠨ ᠳᠤ ᠡᠯ᠎ᠡ ᠲᠦᠷᠦᠯ ᠤᠨ ᠡᠳ᠋ ᠤᠨ ᠵᠠᠰᠠᠭ ᠢ ᠵᠣᠯᠭᠠᠭᠤᠯᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ ᠮᠥᠩᠭᠦ ᠶᠢᠨ ᠣᠷᠣᠭᠤᠯᠤᠯᠲᠠ | ᠨᠡᠶᠢᠳᠡ 43069 ᠲᠦᠮᠡᠨ ᠲᠥᠭᠦᠷᠢᠭ ᠲᠤ ᠬᠦᠷᠴᠦ᠂ ᠶᠠᠳᠠᠭᠤ ᠠᠴᠠ ᠠᠩᠭᠢᠵᠢᠷᠠᠭᠤᠯᠣᠨ ᠪᠡᠷᠬᠡ ᠶᠢ ᠲᠣᠭᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠲᠦᠮᠵᠢᠲᠡᠢ ᠵᠣᠯᠭᠠᠭᠤᠯᠬᠤ ᠳᠤ ᠡᠳ᠋ ᠤᠨ ᠬᠦᠴᠦᠨ ᠤ ᠪᠠᠲᠤᠯᠠᠭ᠎ᠠ ᠬᠠᠩᠭᠠᠵᠠᠢ᠃ ᠬᠤᠶᠠᠷ ᠲᠤ ᠪᠣᠬᠢᠷᠳᠤᠯ ᠢ | ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠪᠡ᠃ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠮᠢ | ᠠᠬᠤᠢ ᠶᠢᠨ ᠣᠷᠴᠢᠨ ᠨᠥᠬᠦᠴᠡᠯ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ | ᠰᠢᠰᠲ᠋ᠧᠮ ᠤᠨ ᠬᠠᠮᠠᠭᠠᠯᠠᠯᠲᠠ ᠪᠠ ᠰᠡᠷᠭᠦᠭᠡᠯᠲᠡ ᠶᠢ ᠠᠬᠢᠭᠤᠯᠪᠠ᠃ 2022 ᠣᠨ ᠳᠤ ᠣᠷᠴᠢᠨ ᠠᠬᠤᠢ ᠶᠢᠨ | ᠪᠣᠬᠢᠷᠳᠤᠯ ᠢ ᠵᠠᠰᠠᠬᠤ ᠪᠠ ᠠᠮᠢ ᠠᠬᠤᠢ ᠶᠢ ᠬᠠᠮᠠᠭᠠᠯᠠᠬᠤ ᠪᠡᠯᠡ ᠮᠥᠩᠭᠦ ᠶᠢ ᠨᠡᠶᠢᠳᠡ 40809 ᠲᠦᠮᠡᠨ ᠲᠥᠭᠦᠷᠢᠭ | ᠰᠢᠯᠵᠢᠭᠦᠯᠦᠨ ᠥᠭᠪᠡ᠃ ᠭᠤᠷᠪᠠ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠦᠷᠢ ᠥᠭᠴᠡᠭᠡ ᠶᠢᠨ ᠠᠶᠤᠯ | ᠲᠦᠭᠰᠢᠭᠦᠷᠢ ᠶᠢ ᠢᠳᠡᠪᠬᠢᠲᠡᠢ ᠪᠠᠷ ᠰᠡᠷᠭᠡᠶᠢᠯᠡᠪᠡ᠃ ᠡᠳ᠋ ᠤᠨ ᠬᠦᠴᠦᠨ ᠢ ᠨᠢᠭᠡᠳᠦᠯᠲᠡᠢ ᠲᠥᠯᠥᠪᠯᠡᠵᠦ᠂ ᠬᠤᠭᠤᠴᠠᠭ᠎ᠠ | ᠨᠢ ᠲᠤᠯᠤᠭᠰᠠᠨ ᠥᠷᠢ ᠥᠭᠴᠡᠭᠡ ᠪᠠᠨ ᠴᠠᠭ ᠲᠤᠬᠠᠢ ᠳᠤᠨᠢ ᠲᠥᠯᠥᠵᠦ᠂ ᠬᠤᠭᠤᠴᠠᠭ᠎ᠠ ᠨᠢ ᠬᠡᠲᠦᠷᠡᠵᠦ ᠭᠡᠷ᠎ᠡ | ᠵᠥᠷᠢᠴᠡᠭᠰᠡᠨ ᠪᠠᠶᠢᠳᠠᠯ ᠭᠠᠷᠤᠭᠰᠠᠨ ᠦᠭᠡᠢ᠂ ᠥᠷᠢ ᠥᠭᠴᠡᠭᠡ ᠶᠢᠨ ᠲᠦᠭᠰᠢᠭᠦᠷᠢ ᠶᠢᠨ ᠰᠢᠷ᠎ᠠ ᠥᠩᠭᠡ ᠶᠢᠨ | ᠰᠡᠷᠡᠮᠵᠢᠯᠡᠭᠦᠯᠬᠦ ᠳᠡᠰ ᠢ ᠪᠠᠲᠣᠯᠠᠪᠠ᠃ 2022 ᠣᠨ ᠳᠤ ᠵᠠᠰᠠᠭ ᠤᠨ ᠣᠷᠳᠣᠨ ᠤ ᠲᠠᠯᠳᠠ ᠥᠭᠴᠡᠭᠡ ᠶᠢ 39139 | ᠲᠦᠮᠡᠨ ᠲᠥᠭᠦᠷᠢᠭ ᠠᠷᠢᠯᠭᠠᠵᠤ᠂ ᠵᠢᠭᠡᠯᠡᠯᠭᠡ ᠶᠢᠨ ᠲᠡᠮᠳᠡᠭᠲᠦ᠂ ᠪᠠᠩᠬᠢ ᠶᠢᠨ ᠵᠢᠭᠡᠯᠡᠯᠭᠡ᠂ ᠰᠠᠭᠤᠷᠢ ᠮᠥᠩᠭᠦᠨ ᠤ | ᠬᠦᠦ ᠮᠥᠩᠭᠦ ᠶᠢ 20137 ᠲᠦᠮᠡᠨ ᠲᠥᠭᠦᠷᠢᠭ ᠲᠣᠰᠢᠶᠠᠪᠠ᠃ ᠳᠥᠷᠪᠡ ᠳᠤ ᠵᠢᠭᠡᠯᠡᠯᠭᠡ ᠶᠢᠨ ᠲᠡᠮᠳᠡᠭᠲᠦ ᠶᠢᠨ | ᠲᠦᠷᠦᠯ ᠵᠦᠢᠯ ᠢ ᠢᠳᠡᠪᠬᠢᠲᠡᠢ ᠪᠠᠷ ᠣᠯᠪᠠ᠃ ᠵᠢᠭᠡᠯᠡᠯᠭᠡ ᠶᠢᠨ ᠲᠡᠮᠳᠡᠭᠲᠦ ᠶᠢᠨ ᠬᠡᠷᠡᠭᠴᠡᠭᠡ ᠪᠦᠬᠦᠢ ᠲᠥᠷᠥᠯ ᠵᠦᠢᠯ | ᠢ 17 ᠮᠡᠳᠡᠭᠦᠯᠵᠦ᠂ ᠡᠭᠦᠨ ᠳᠤ᠄ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ 9 | ᠪᠠᠶᠢᠵᠦ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 215700 ᠲᠦᠮᠡᠨ | ᠲᠥᠭᠦᠷᠢᠭ ᠭᠤᠶᠣᠴᠢᠯᠠᠪᠠ︔ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠲᠦᠷᠦᠯ ᠵᠦᠢᠯ 8 ᠪᠠᠶᠢᠵᠤ᠂ ᠡᠩ ᠤᠨ | ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 21600 ᠲᠦᠮᠡᠨ ᠲᠥᠭᠦᠷᠢᠭ ᠭᠤᠶᠣᠴᠢᠯᠠᠪᠠ᠃ ᠲᠠᠪᠤ ᠳᠤ | ᠳᠠᠷᠤᠭᠳᠠᠮᠠᠯ ᠪᠡᠯᠡ ᠮᠥᠩᠭᠦ ᠶᠢ ᠶᠡᠭᠡ ᠪᠠᠷ ᠠᠭᠤᠳᠠᠯᠠᠨ ᠭᠠᠷᠭᠠᠬᠤ ᠲᠤᠰᠬᠠᠢ ᠠᠵᠢᠯᠯᠠᠭ᠎ᠠ ᠶᠢ ᠯᠠᠪᠳᠠᠭᠤᠨ ᠢᠶᠠᠷ | ᠠᠬᠢᠭᠤᠯᠪᠠ᠃ ᠲᠥᠰᠥᠪ ᠤᠨ ᠨᠢᠭᠡᠴᠢ ᠶᠢᠨ ᠥᠪᠡᠰᠦᠪᠡᠨ ᠪᠠᠶᠢᠴᠠᠭᠠᠬᠤ᠂ ᠬᠢᠨᠠᠨ ᠪᠤᠳᠤᠬᠤ ᠭᠤᠣᠯᠳᠠᠯᠭ᠎ᠠ ᠲᠠᠢ ᠬᠢᠨᠠᠨ | ᠪᠠᠶᠢᠴᠠᠭᠠᠬᠤ ᠪᠠ ᠴᠡᠭᠴᠡᠯᠡᠨ ᠲᠢᠭᠯᠡᠵᠦ ᠠᠮᠢᠳᠤᠯᠢᠭ ᠪᠣᠯᠭᠠᠬᠤ ᠭᠤᠷᠪᠠᠨ ᠱᠠᠲᠤᠨ ᠤ ᠠᠵᠢᠯ ᠢᠶᠠᠷ ᠳᠠᠮᠵᠢᠭᠤᠯᠤᠨ᠂ | ᠡᠯ᠎ᠡ ᠨᠢᠭᠡᠴᠢ ᠶᠢᠨ ᠳᠡᠭᠡᠭᠰᠢ ᠲᠤᠰᠢᠶᠠᠭᠰᠠᠨ ᠳᠠᠷᠤᠭᠳᠠᠮᠠᠯ ᠪᠡᠯᠡ ᠮᠥᠩᠭᠦ ᠨᠡᠶᠢᠳᠡ 2292 .85 ᠲᠦᠮᠡᠨ | ᠲᠥᠭᠦᠷᠢᠭ ᠲᠤ ᠬᠦᠷᠴᠦ᠂ ᠲᠤᠰᠢᠶᠠᠬᠤ ᠶᠣᠰᠣᠲᠠᠢ ᠲᠤᠰᠢᠶᠠᠭᠠᠳᠤᠢ ᠭᠠᠶᠢᠯᠢ ᠶᠢᠨ ᠪᠤᠰᠤ ᠣᠷᠣᠯᠭ᠎ᠠ ᠶᠢ ᠰᠠᠭᠤᠯᠭᠠᠨ | ᠠᠪᠤᠭᠰᠠᠨ ᠤ ᠲᠠᠷᠠᠭ᠎ᠠ᠂ ᠳᠡᠭᠡᠭᠰᠢ ᠲᠤᠰᠢᠶᠠᠭᠰᠠᠨ ᠪᠤᠰᠤᠳ ᠪᠡᠯᠡ ᠮᠥᠩᠭᠦ 512.6 ᠲᠦᠮᠡᠨ ᠲᠥᠭᠦᠷᠢᠭ ᠢ | ᠪᠥᠬᠦᠳᠡ ᠶᠢ ᠠᠷᠠᠳ ᠤᠨ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ | ᠵᠣᠭᠤᠰ ᠢ ᠲᠥᠯᠥᠵᠦ ᠳᠠᠭᠤᠰᠬᠠᠬᠤ ᠳᠤ ᠬᠡᠷᠡᠭᠯᠡᠪᠡ᠃ ᠵᠢᠷᠭᠤᠭ᠎ᠠ ᠳᠤ ᠣᠷᠣᠨ ᠨᠤᠲᠤᠭ ᠤᠨ ᠡᠳ᠋ ᠤᠨ ᠵᠠᠰᠠᠭ ᠠᠵᠤ | ᠠᠬᠤᠢ ᠶᠢᠨ ᠡᠮᠬᠢ ᠵᠢᠷᠤᠮ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠡᠮᠬᠢ ᠵᠢᠷᠣᠮ ᠲᠠᠢ ᠦᠷᠨᠢᠭᠦᠯᠪᠡ᠃ | ︽ᠠᠷᠤ ᠬᠤᠷᠴᠢᠨ ᠬᠤᠰᠢᠭᠤᠨ ᠤ ᠣᠷᠣᠨ ᠨᠤᠲᠤᠭ ᠤᠨ ᠡᠳ᠋ ᠤᠨ ᠵᠠᠰᠠᠭ ᠠᠵᠤ ᠠᠬᠤᠢ ᠶᠢᠨ ᠡᠮᠬᠢ ᠳᠢᠭᠯᠢᠮ ᠢ | ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠥᠰᠥᠯ︾ ︽ᠠᠷᠤ ᠬᠤᠷᠴᠢᠨ ᠬᠤᠰᠢᠭᠤᠨ ᠤ ᠡᠳ᠋ ᠤᠨ | ᠵᠠᠰᠠᠭ ᠠᠵᠤ ᠠᠬᠤᠢ ᠶᠢᠨ ᠡᠮᠬᠢ ᠳᠢᠭᠯᠢᠮ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ | ᠲᠣᠭᠲᠠᠴᠠ ᠶᠢ ᠪᠠᠶᠢᠭᠤᠯᠬᠤ ᠲᠤᠬᠠᠢ ᠮᠡᠳᠡᠭᠳᠡᠯ︾ ᠢ ᠲᠣᠭᠲᠠᠭᠠᠵᠤ᠂ ᠠᠵᠢᠯ ᠤᠨ ᠳᠦᠷᠢᠮ ᠢ ᠲᠣᠳᠣᠷᠬᠠᠶᠢᠯᠠᠨ᠂ | ᠴᠡᠭᠴᠡᠯᠡᠨ ᠵᠠᠰᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ ᠨᠠᠷᠢᠯᠢᠭᠵᠢᠭᠤᠯᠪᠠ᠃ ᠥᠪᠡᠷ ᠢ ᠪᠠᠨ | ᠴᠢᠩᠭ᠎ᠠ ᠪᠠᠶᠢᠴᠠᠭᠠᠬᠤ ᠪᠠᠷ ᠳᠡᠮᠵᠢᠨ᠂ ᠨᠡᠶᠢᠲᠡ 4 ᠬᠦᠷᠢᠶ᠎ᠡ ᠴᠠᠷ᠎ᠠ ᠶᠢᠨ 9 ᠲᠥᠷᠥᠯ ᠬᠡᠯᠪᠡᠷᠢ ᠶᠢᠨ ᠠᠰᠠᠭᠤᠳᠠᠯ ᠤᠨ | 24 ᠪᠣᠳᠠᠲᠠᠢ ᠠᠰᠠᠭᠤᠳᠠᠯ ᠢ ᠢᠯᠡᠷᠡᠭᠦᠯᠵᠦ᠂ ᠪᠦᠬᠦᠨ ᠢ ᠴᠡᠭᠴᠡᠯᠡᠨ ᠵᠠᠰᠠᠪᠠ᠃ ᠳᠣᠯᠤᠭ᠎ᠠ ᠳᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠬᠤᠰᠢᠭᠤᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠳᠠᠭᠠᠭᠠᠴᠢᠯᠠᠨ ᠬᠠᠷᠢᠯᠴᠠᠬᠤ ᠰᠠᠭᠤᠭᠠᠯᠢ ᠲᠣᠭᠤᠷᠢᠭ ᠤᠨ ᠪᠥᠭᠡᠮ ᠬᠦᠴᠢᠯ ᠤᠨ ᠪᠠᠶᠢᠴᠠᠭᠠᠯᠲᠠ᠂ ᠭᠡᠷ ᠲᠤ ᠪᠠᠨ | ᠲᠣᠰᠭᠠᠷᠯᠠᠵᠦ ᠪᠠᠶᠢᠭ᠎ᠠ ᠬᠥᠮᠥᠰ ᠢ ᠬᠠᠮᠢᠶᠠᠷᠤᠨ ᠡᠵᠡᠮᠳᠡᠬᠦ᠂ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠤᠨ ᠺᠠᠳ᠋ᠷ | ᠠᠵᠢᠯᠲᠠᠨ ᠢ ᠬᠠᠮᠢᠶᠠᠷᠬᠤ ᠵᠡᠷᠭᠡ ᠠᠵᠢᠯ ᠢ ᠦᠨᠡᠨᠬᠦ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠳᠠᠭᠠᠭᠠᠴᠢᠯᠠᠨ ᠬᠠᠷᠢᠯᠴᠠᠬᠤ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠡᠯᠡ ᠮᠥᠩᠭᠦ ᠶᠢᠨ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠣᠯᠠᠪᠠ᠃ | 5. ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠢᠶᠠᠷᠤᠯᠲᠠ ᠶᠢ ᠵᠢᠷᠤᠮᠵᠢᠭᠤᠯᠤᠨ᠂ ᠡᠳ᠋ ᠤᠨ ᠵᠠᠰᠠᠭ ᠤᠨ | ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ | ᠨᠢᠭᠡ ᠳᠤ ᠲᠥᠰᠥᠪ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠥᠪ ᠤᠨ | ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠤᠨ ᠥᠭᠡᠷᠡᠴᠢᠯᠡᠯᠲᠡ ᠶᠢ ᠢᠳᠡᠪᠬᠢᠲᠡᠢ ᠪᠠᠷ ᠠᠬᠢᠭᠤᠯᠵᠤ᠂ | ᠣᠳᠣᠬᠢᠴᠢᠯᠠᠭᠰᠠᠨ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠲᠦᠷᠭᠡᠪᠴᠢᠯᠡᠨ ᠪᠠᠶᠢᠭᠤᠯᠵᠤ᠂ ᠡᠳ᠋ ᠤᠨ | ᠵᠠᠰᠠᠭ ᠤᠨ ᠰᠠᠭᠤᠷᠢ ᠠᠵᠢᠯ ᠢ ᠲᠡᠭᠦᠯᠳᠡᠷᠵᠢᠭᠦᠯᠪᠡ᠃ ︽ᠳᠦᠷᠢᠮ + ᠮᠡᠷᠭᠡᠵᠢᠯ︾ ᠤᠨ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠥᠰᠥᠪ ᠤᠨ ᠬᠠᠮᠢᠶᠠᠷᠤᠯᠲᠠ ᠶᠢ | ᠬᠥᠳᠡᠯᠦᠩᠭᠦᠢ ᠪᠠᠷ ᠲᠤᠰᠬᠠᠬᠤ ᠪᠠ ᠪᠦᠲᠦᠮᠵᠢᠲᠡᠶ ᠪᠠᠷ ᠬᠢᠵᠠᠭᠠᠷᠯᠠᠬᠤ ᠶᠢ ᠪᠡᠶᠡᠯᠡᠭᠦᠯᠪᠡ᠃ ᠬᠤᠶᠠᠷ ᠲᠤ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠢᠵᠡᠭᠡᠶᠢᠷᠡᠭᠦᠯᠪᠡ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ | ᠬᠤᠰᠢᠭᠤᠨ ᠤ ᠲᠠᠰ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠪᠦᠯᠦᠭᠯᠡᠯ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠢ ᠴᠣᠭᠴᠠᠯᠠᠨ ᠪᠠᠶᠢᠭᠤᠯᠵᠤ᠂ ᠬᠠᠮᠢᠶ᠎ᠠ ᠪᠦᠬᠦᠢ | ᠪᠠᠶᠢᠭᠤᠯᠤᠮᠵᠢ ᠶᠢ ᠪᠠᠶᠢᠭᠤᠯᠤᠨ᠂ ᠳᠦᠷᠢᠮ ᠲᠣᠭᠲᠠᠭᠠᠯ ᠢ ᠪᠦᠷᠢᠨᠰᠢᠭᠦᠯᠵᠦ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠤᠷᠤᠭᠰᠢᠲᠠᠢ ᠶᠠᠪᠤᠭᠳᠠᠬᠤ ᠶᠢ ᠠᠬᠢᠭᠤᠯᠪᠠ᠃ ᠭᠤᠷᠪᠠ ᠳ᠋ᠤ᠋ᠡᠳ᠋ ᠤᠨ | ᠵᠠᠰᠠᠭ ᠤᠨ ᠫᠢᠶᠣᠣ ᠪᠠᠷᠢᠮᠲᠠ ᠶᠢ ᠡᠯᠧᠺᠲᠷᠤᠨᠴᠢᠯᠠᠬᠤ ᠥᠭᠡᠷᠡᠴᠢᠯᠡᠯᠲᠡ ᠶᠢᠨ ᠠᠵᠢᠯ ᠢ ᠡᠬᠢᠯᠡᠭᠦᠯᠵᠦ᠂ ᠲᠥᠰᠥᠪ ᠤᠨ | ᠨᠢᠭᠡᠴᠢ ᠶᠢᠨ ᠫᠢᠶᠣᠣ ᠪᠠᠷᠢᠮᠲᠠ ᠶᠢ ᠡᠯᠧᠺᠲᠷᠤᠨᠴᠢᠯᠠᠬᠤ ᠥᠭᠡᠷᠡᠴᠢᠯᠡᠯᠲᠡ ᠶᠢᠨ ᠲᠠᠮᠠᠭ᠎ᠠ ᠲᠡᠮᠳᠡᠭ᠂ ᠫᠢᠶᠣᠣ | ᠪᠢᠴᠢᠭᠴᠢ᠂ ᠫᠢᠶᠣᠣ ᠬᠠᠮᠢᠶᠠᠷᠤᠭᠴᠢ ᠵᠡᠷᠭᠡ ᠰᠠᠭᠤᠷᠢ ᠮᠠᠲ᠋ᠧᠷᠢᠶᠠᠯ ᠮᠡᠳᠡᠭᠡ ᠵᠠᠩᠭᠢ ᠶᠢ ᠴᠤᠭᠯᠠᠭᠤᠯᠵᠤ᠂ ᠫᠢᠶᠣᠣ | ᠪᠠᠷᠢᠮᠲᠠ ᠶᠢ ᠡᠯᠧᠺᠲᠷᠤᠨᠴᠢᠯᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠰᠠᠭᠤᠷᠢ ᠶᠢ ᠰᠠᠶᠢᠲᠤᠷ | ᠲᠠᠯᠪᠢᠪᠠ᠃ ᠳᠥᠷᠪᠡ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠠᠷᠠᠯᠵᠢᠶ᠎ᠠ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠵᠠᠰᠠᠭ ᠤᠨ ᠣᠷᠳᠣᠨ ᠤ ᠬᠤᠳᠠᠯᠳᠤᠨ ᠠᠪᠬᠤ | ᠲᠤᠬᠠᠶᠢᠯᠠᠭᠰᠠᠨ ᠠᠵᠢᠯ ᠢ ︽ᠪᠥᠬᠦ ᠣᠷᠣᠨ ᠤ ᠨᠢᠭᠡ ᠰᠦᠯᠵᠢᠶ᠎ᠡ︾ ᠶᠢᠨ ᠰᠢᠰᠲ᠋ᠧᠮ ᠳᠤ ᠵᠠᠯᠭᠠᠨ ᠣᠷᠣᠭᠤᠯᠬᠤ ᠶᠢ | ᠪᠥᠬᠦ ᠬᠦᠴᠦᠨ ᠢᠶᠠᠷ ᠢᠶᠠᠨ ᠠᠬᠢᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠣᠷᠳᠣᠨ ᠤ ᠬᠤᠳᠠᠯᠳᠤᠨ | ᠠᠪᠬᠤ︾ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠡᠶᠡᠯᠡᠭᠦᠯᠦᠨ᠂ ᠵᠠᠰᠠᠭ ᠤᠨ ᠣᠷᠳᠣᠨ ᠤ ᠬᠤᠳᠠᠯᠳᠣᠨ | ᠠᠪᠬᠤ ᠪᠦᠲᠦᠮᠵᠢ ᠶᠢ ᠳᠡᠭᠡᠭᠰᠢᠯᠡᠭᠦᠯᠪᠡ᠃ | ᠶᠡᠷᠦᠩᠬᠡᠢ ᠳᠤᠨᠢ ᠠᠪᠴᠤ ᠦᠵᠡᠪᠡᠯ᠂ 2022 ᠣᠨ ᠳᠤ ᠪᠥᠬᠦ ᠬᠤᠰᠢᠭᠤᠨ ᠤ ᠡᠩ ᠤᠨ ᠣᠯᠠᠨ | ᠨᠡᠶᠢᠲᠡ ᠶᠢᠨ ᠲᠥᠰᠥᠪ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ | ᠲᠥᠰᠥᠪ ᠤᠨ ᠵᠠᠷᠤᠯᠭ᠎ᠠ ᠨᠡᠯᠢᠶᠡᠳ ᠥᠨᠳᠥᠷ ᠲᠦᠪᠰᠢᠨ ᠢ ᠪᠠᠲᠤᠯᠠᠵᠤ᠂ ᠡᠳ᠋ ᠤᠨ ᠵᠠᠰᠠᠭ ᠤᠨ ᠲᠥᠰᠥᠪ ᠢ | ᠭᠦᠢᠴᠡᠳᠬᠡᠭᠰᠡᠨ ᠪᠠᠶᠢᠳᠠᠯ ᠨᠡᠯᠢᠶᠡᠳ ᠰᠠᠶᠢᠨ ᠪᠠᠶᠢᠨ᠎ᠠ᠃ ᠭᠡᠪᠡᠴᠦ ᠠᠵᠤ ᠠᠬᠤᠢ ᠶᠢᠨ ᠶᠡᠷᠦᠩᠬᠡᠢ ᠪᠠᠶᠢᠳᠠᠯ | ᠪᠠᠭᠤᠷᠠᠭᠰᠠᠨ ᠠᠴᠠ ᠪᠣᠯᠵᠤ᠂ ᠢᠯᠠᠩᠭᠤᠶ᠎ᠠ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠢᠯ ᠲᠥᠷᠥᠯ ᠤᠨ | ᠳᠣᠣᠷᠠᠳᠠᠭᠰᠠᠨ ᠪᠠ ᠡᠭᠦᠨ ᠤ ᠳᠡᠭᠡᠷ᠎ᠡ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ᠂ ᠲᠥᠷᠥ ᠶᠢᠨ | ᠪᠣᠳᠣᠯᠭ᠎ᠠ ᠶᠢᠨ ᠴᠢᠨᠠᠷᠲᠠᠢ ᠣᠷᠣᠯᠭ᠎ᠠ ᠬᠠᠰᠤᠭᠳᠠᠬᠤ᠂ ᠵᠠᠶᠢᠯᠠᠰᠢ ᠦᠭᠡᠢ ᠵᠠᠷᠤᠯᠭ᠎ᠠ ᠨᠡᠮᠡᠭᠳᠡᠬᠦ᠂ ᠥᠷᠢ ᠦᠭᠴᠡᠭᠡ | ᠳᠥᠯᠥᠬᠦ ᠣᠷᠭᠢᠯ ᠦᠶ᠎ᠡ ᠪᠣᠯᠣᠭᠰᠠᠨ᠂ ᠶᠠᠳᠠᠭᠤ ᠠᠴᠠ ᠠᠩᠭᠢᠵᠢᠷᠠᠭᠤᠯᠣᠨ ᠪᠡᠷᠬᠡ ᠶᠢ ᠲᠣᠭᠤᠯᠬᠤ ᠶᠢ ᠵᠣᠯᠭᠠᠭᠤᠯᠬᠤ | ᠪᠡᠯᠡ ᠮᠥᠩᠭᠦ ᠶᠢᠨ ᠵᠠᠷᠤᠯᠭ᠎ᠠ ᠨᠡᠯᠢᠶᠡᠳ ᠶᠡᠭᠡ ᠪᠠᠶᠢᠬᠤ ᠵᠢᠴᠢ ᠲᠦᠷᠦᠭᠦᠸ ᠬᠡᠳᠦᠨ ᠵᠢᠯ ᠳᠤ ᠠᠵᠢᠯ ᠡᠬᠢᠯᠡᠭᠦᠯᠦᠭᠰᠡᠨ | ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠠᠯᠭᠠᠭ᠎ᠠ ᠪᠠᠷ | ᠠᠵᠢᠯ ᠳᠠᠭᠤᠰᠬᠠᠵᠤ ᠳ᠋ᠦᠩᠨᠡᠨ ᠪᠤᠳᠤᠬᠤ ᠵᠡᠷᠭᠡ ᠣᠯᠠᠨ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠤ᠂ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ ᠪᠠᠶᠢᠵᠤ᠂ ᠡᠳ᠋ ᠤᠨ ᠵᠠᠰᠠᠭ ᠤᠨ | ᠠᠵᠢᠯᠯᠠᠭᠠᠨ ᠳᠤ ᠪᠠᠰᠠ ᠡᠳᠦᠢ ᠲᠡᠳᠦᠢ ᠠᠰᠠᠭᠤᠳᠠᠯ ᠪᠠ ᠬᠦᠴᠢᠷᠳᠡᠯ ᠣᠷᠣᠰᠢᠵᠤ ᠪᠠᠶᠢᠨ᠎ᠠ︔ ᠨᠢᠭᠡ ᠳᠤ ᠠᠵᠤ | ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠳᠣᠣᠷ᠎ᠠ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠬᠦᠴᠦ | ᠮᠡᠬᠦᠰᠳᠡᠵᠦ ᠪᠠᠶᠢᠨ᠎ᠠ᠃ ᠬᠤᠶᠠᠷ ᠲᠤ ᠵᠠᠰᠠᠭ ᠤᠨ ᠣᠷᠳᠣᠨ ᠤ ᠥᠷᠢ ᠥᠭᠴᠡᠭᠡᠨ ᠤ ᠳᠠᠷᠤᠭᠠᠰᠤ ᠬᠦᠨᠳᠦ᠂ ᠥᠷᠢ | ᠲᠦᠯᠦᠬᠦ ᠳᠠᠷᠤᠯᠲᠠ ᠯᠤᠲᠤ ᠶᠡᠭᠡ ᠪᠠᠶᠢᠨ᠎ᠠ᠃ ᠭᠤᠷᠪᠠ ᠳᠤ ᠵᠠᠶᠢᠯᠠᠰᠢ ᠦᠭᠡᠢ ᠬᠡᠷᠡᠭᠴᠡᠭᠡ ᠲᠠᠰᠤᠷᠠᠯᠲᠠ ᠦᠭᠡᠢ | ᠨᠡᠮᠡᠭᠳᠡᠵᠦ᠂ ᠪᠡᠯᠡ ᠮᠥᠩᠭᠦ ᠶᠢ ᠲᠣᠬᠢᠷᠠᠭᠤᠯᠬᠤ ᠳᠤ ᠬᠦᠴᠢᠷᠲᠡᠢ ᠪᠠᠶᠢᠨ᠎ᠠ᠃ ᠳᠡᠭᠡᠷ᠎ᠡ ᠳᠤᠷᠠᠳᠤᠭᠰᠠᠨ ᠠᠰᠠᠭᠤᠳᠠᠯ ᠳᠤ | ᠴᠢᠭᠯᠡᠭᠦᠯᠦᠨ᠂ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ︽ᠠᠷᠪᠢᠯᠠᠨ ᠭᠠᠮᠨᠠᠬᠤ︾ ᠱᠠᠭᠠᠷᠳᠠᠯᠭ᠎ᠠ ᠶᠢ | ᠦᠷᠭᠦᠯᠵᠢᠯᠡᠨ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠨᠢᠭᠡᠳᠦᠯᠲᠡᠢ | ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠴᠢᠩᠳᠠᠯᠠᠨ ᠰᠢᠢᠳᠪᠦᠷᠢᠯᠡᠬᠦ ᠪᠠᠷ ᠴᠢᠷᠮᠠᠶᠢᠨ᠎ᠠ᠃ | | |