ᠬᠤᠶᠠᠷ᠂ 2023 ᠣᠨ ᠤ ᠡᠳ᠋ ᠤᠨ ᠵᠠᠰᠠᠭ ᠤᠨ ᠲᠥᠰᠥᠪ ᠤᠨ ᠲᠥᠰᠥᠯ | ᠲᠥᠰᠥᠪ ᠢ ᠨᠠᠶᠢᠷᠠᠭᠤᠯᠤᠨ ᠵᠣᠬᠢᠶᠠᠬᠤ ᠪᠠ ᠡᠳ᠋ ᠤᠨ ᠵᠠᠰᠠᠭ ᠤᠨ ᠠᠵᠢᠯ ᠤᠨ ᠦᠨᠳᠦᠰᠦᠨ ᠰᠡᠳᠬᠢᠴᠡ ᠪᠣᠯ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ | ᠠᠵᠤ ᠠᠬᠤᠢ ᠶᠢᠨ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠬᠤᠰᠢᠭᠤᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠣᠰᠣᠭᠠᠷ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠣᠨ᠎ᠠ︔ ᠨᠠᠮ | ᠪᠠ ᠵᠠᠰᠠᠭ ᠤᠨ ᠣᠷᠳᠣᠨ ᠤ ᠠᠷᠪᠢᠯᠠᠨ ᠭᠠᠮᠨᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠡᠳ᠋ ᠤᠨ ᠵᠠᠰᠠᠭ ᠤᠨ ᠵᠠᠷᠤᠯᠭ᠎ᠠ ᠶᠢ ᠪᠠᠷᠢᠮᠵᠢᠶᠠᠵᠢᠭᠤᠯᠬᠤ ᠶᠢ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ | ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠠᠷᠠᠳ ᠤᠨ | ᠠᠮᠢᠳᠤᠷᠠᠯ ᠢ ᠬᠦᠴᠦ ᠲᠠᠯᠪᠢᠨ ᠪᠠᠲᠤᠯᠠᠨ ᠰᠠᠶᠢᠵᠢᠷᠠᠭᠤᠯᠣᠨ᠎ᠠ︔ ᠲᠥᠰᠥᠪ ᠢ ᠨᠢᠭᠡ ᠴᠣᠭᠴᠠᠵᠢᠭᠤᠯᠤᠭᠰᠠᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠥᠰᠥᠪ ᠤᠨ ᠬᠢᠵᠠᠭᠠᠷᠯᠠᠯ ᠪᠠ ᠦᠷ᠎ᠡ ᠪᠦᠲᠦᠮᠵᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ | ᠳᠡᠭᠡᠷ᠎ᠡ ᠳᠤᠷᠠᠳᠤᠭᠰᠠᠨ ᠰᠡᠳᠬᠢᠴᠡ ᠶᠢ ᠦᠨᠳᠦᠰᠦᠯᠡᠨ᠂ 2023 ᠣᠨ ᠤ ᠡᠳ᠋ ᠤᠨ ᠵᠠᠰᠠᠭ ᠤᠨ ᠲᠥᠰᠥᠪ ᠤᠨ | ᠲᠥᠰᠥᠯ ᠢ ᠳᠣᠣᠷᠠᠬᠢ ᠮᠡᠲᠦ ᠲᠣᠬᠢᠷᠠᠭᠤᠯᠪᠠ᠄ | ︵ᠨᠢᠭᠡ︶ ᠡᠩ ᠤᠨ ᠤᠯᠠᠨ ᠨᠡᠶᠢᠲᠡ ᠶᠢᠨ ᠲᠥᠰᠥᠪ ︵ᠲᠥᠰᠥᠯ︶ | 2023 ᠣᠨ ᠳᠤ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 40470 ᠲᠦᠮᠡᠨ | ᠲᠥᠭᠦᠷᠢᠭ ᠪᠡᠶᠡᠯᠡᠭᠦᠯᠬᠦ ᠪᠠᠷ ᠵᠢᠱᠢᠵᠦ᠂ ᠳᠡᠭᠡᠷ᠎ᠡ ᠵᠢᠯ ᠤᠨ ᠬᠢ ᠠᠴᠠ 2272 ᠲᠦᠮᠡᠨ ᠲᠥᠭᠦᠷᠢᠭ ᠨᠡᠮᠡᠭᠳᠡᠭᠦᠯᠵᠦ᠂ | 6% ᠪᠠᠷ ᠨᠡᠮᠡᠭᠳᠡᠭᠦᠯᠦᠨ᠎ᠡ᠃ ᠡᠭᠦᠨ ᠳᠤ᠄ ᠭᠠᠶᠢᠯᠢ ᠲᠠᠲᠠᠪᠤᠷᠢ ᠶᠢᠨ ᠣᠷᠣᠯᠭ᠎ᠠ ᠶᠢ 26270 ᠲᠦᠮᠡᠨ | ᠲᠥᠭᠦᠷᠢᠭ ᠢᠶᠠᠷ ᠲᠣᠬᠢᠷᠠᠭᠤᠯᠵᠤ᠂ 8.4% ᠪᠠᠷ ᠨᠡᠮᠡᠭᠳᠡᠭᠦᠯᠦᠨ᠎ᠡ︔ ᠭᠠᠶᠢᠯᠢ ᠶᠢᠨ ᠪᠤᠰᠤ ᠣᠷᠣᠯᠭ᠎ᠠ ᠶᠢ 14200 | ᠲᠦᠮᠡᠨ ᠲᠥᠭᠦᠷᠢᠭ ᠢᠶᠠᠷ ᠲᠣᠬᠢᠷᠠᠭᠤᠯᠵᠤ᠂ 1.7% ᠪᠠᠷ ᠨᠡᠮᠡᠭᠳᠡᠭᠦᠯᠦᠨ᠎ᠡ᠃ | 2023 ᠣᠨ ᠤ ᠣᠷᠣᠯᠭ᠎ᠠ ᠶᠢᠨ ᠶᠡᠷᠦᠩᠬᠡᠢ ᠬᠡᠮᠵᠢᠶ᠎ᠡ ᠶᠢ 318401 ᠲᠦᠮᠡᠨ ᠲᠥᠭᠦᠷᠢᠭ ᠲᠤ ᠬᠦᠷᠭᠡᠵᠦ᠂ | ᠡᠭᠦᠨ ᠳᠤ᠄ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ 40470 ᠲᠦᠮᠡᠨ ᠲᠥᠭᠦᠷᠢᠭ᠂ | ᠪᠤᠴᠠᠭᠠᠬᠤ ᠴᠢᠨᠠᠷᠲᠠᠢ ᠣᠷᠣᠯᠭ᠎ᠠ 7735 ᠲᠦᠮᠡᠨ ᠲᠥᠭᠦᠷᠢᠭ᠂ ᠡᠩ ᠤᠨ ᠴᠢᠨᠠᠷᠲᠠᠢ ᠰᠢᠯᠵᠢᠭᠦᠯᠦᠨ ᠥᠭᠬᠦ | ᠣᠷᠣᠯᠭ᠎ᠠ 175095 ᠲᠦᠮᠡᠨ ᠲᠥᠭᠦᠷᠢᠭ᠂ ᠲᠤᠰᠬᠠᠢ ᠵᠦᠢᠯ ᠢᠶᠠᠷ ᠰᠢᠯᠵᠢᠭᠦᠯᠦᠨ ᠥᠭᠬᠦ ᠣᠷᠣᠯᠭ᠎ᠠ 512 | ᠲᠦᠮᠡᠨ ᠲᠥᠭᠦᠷᠢᠭ᠂ ᠰᠢᠯᠵᠢᠭᠦᠯᠦᠨ ᠣᠷᠣᠭᠤᠯᠬᠤ ᠪᠡᠯᠡ ᠮᠥᠩᠭᠦ 94589 ᠲᠦᠮᠡᠨ ᠲᠥᠭᠦᠷᠢᠭ | ︵ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ 20 ᠲᠦᠮᠡᠨ ᠲᠥᠭᠦᠷᠢᠭ᠂ ᠵᠠᠰᠠᠭ ᠤᠨ ᠣᠷᠳᠣᠨ ᠤ | ᠴᠢᠨᠠᠷᠲᠠᠢ ᠰᠠᠭᠤᠷᠢ ᠮᠥᠩᠭᠦ ᠶᠢᠨ ᠲᠥᠰᠥᠪ ᠢ 19569 ᠲᠦᠮᠡᠨ ᠲᠥᠭᠦᠷᠢᠭ᠂ ᠤᠯᠤᠰ ᠤᠨ ᠥᠮᠴᠢᠯᠡᠯ ᠤᠨ ᠪᠡᠯᠡ | ᠬᠥᠷᠥᠩᠭᠡ ᠶᠢᠨ ᠡᠵᠡᠩᠨᠡᠯᠲᠡ ᠶᠢᠨ ᠲᠥᠰᠥᠪ 75000 ᠲᠦᠮᠡᠨ ᠲᠥᠭᠦᠷᠢᠭ ᠢᠶᠠᠷ ᠲᠦᠰᠦᠪᠯᠡᠪᠡ︶᠃ | ᠣᠷᠣᠯᠭ᠎ᠠ ᠶᠢᠨ ᠶᠡᠷᠦᠩᠬᠡᠢ ᠬᠡᠮᠵᠢᠶ᠎ᠡ ᠠᠴᠠ ᠳᠡᠭᠡᠳᠦ ᠱᠠᠲᠤᠨ ᠳᠤ ᠲᠤᠰᠢᠶᠠᠬᠤ ᠵᠠᠷᠤᠯᠭ᠎ᠠ ᠶᠢ 17091 ᠲᠦᠮᠡᠨ | ᠲᠥᠭᠦᠷᠢᠭ ᠬᠠᠰᠤᠵᠤ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ 301310 ᠲᠦᠮᠡᠨ | ᠲᠥᠭᠦᠷᠢᠭ ᠲᠣᠬᠢᠷᠠᠭᠤᠯᠪᠠ᠃ ᠵᠠᠷᠤᠯᠭ᠎ᠠ ᠶᠢᠨ ᠴᠢᠳᠠᠮᠵᠢ ᠪᠠᠷ ᠨᠢ ᠲᠦᠷᠦᠯ ᠬᠤᠪᠢᠶᠠᠨ ᠳᠣᠣᠷᠠᠬᠢ ᠮᠡᠲᠦ | ᠲᠣᠬᠢᠷᠠᠭᠤᠯᠪᠠ᠄ | ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 34782 ᠲᠦᠮᠡᠨ ᠲᠥᠭᠦᠷᠢᠭ ᠲᠤ ᠬᠦᠷᠴᠦ᠂ | ᠭᠤᠣᠯᠳᠠᠭᠤ ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠴᠠᠯᠢᠩ ᠵᠢᠴᠢ ᠠᠵᠢᠯᠯᠠᠭᠠᠨ ᠤ | ᠵᠠᠷᠤᠯᠭ᠎ᠠ ᠳᠤ ᠬᠡᠷᠡᠭᠯᠡᠨ᠎ᠡ︔ ᠤᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 10681 ᠲᠦᠮᠡᠨ | ᠲᠥᠭᠦᠷᠢᠭ ᠲᠤ ᠬᠦᠷᠴᠦ᠂ ᠭᠤᠣᠯᠳᠠᠭᠤ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠵᠡᠷᠭᠡ ᠰᠠᠯᠠᠭ᠎ᠠ | ᠮᠥᠴᠢᠷ ᠤᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ︔ ᠰᠤᠷᠭᠠᠨ ᠬᠥᠮᠦᠵᠢᠯ ᠤᠨ ᠵᠠᠷᠤᠯᠭ᠎ᠠ | 53444 ᠲᠦᠮᠡᠨ ᠲᠥᠭᠦᠷᠢᠭ᠂ ᠭᠤᠣᠯᠳᠠᠭᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ | ᠪᠣᠯᠣᠨ ᠪᠥᠬᠦ ᠬᠤᠰᠢᠭᠤᠨ ᠤ ᠡᠯ᠎ᠡ ᠰᠤᠷᠭᠠᠭᠤᠯᠢ ᠶᠢᠨ ᠴᠠᠯᠢᠩ᠂ ᠠᠵᠢᠯᠯᠠᠭᠠᠨ ᠵᠢᠴᠢ ᠲᠥᠷᠥᠯ ᠵᠦᠢᠯ ᠤᠨ | ᠵᠠᠷᠤᠯᠭ᠎ᠠ ᠳᠤ ᠬᠡᠷᠡᠭᠯᠡᠨ᠎ᠡ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ 171 ᠲᠦᠮᠡᠨ ᠲᠥᠭᠦᠷᠢᠭ | ᠪᠠᠶᠢᠵᠤ᠂ ᠭᠤᠣᠯᠳᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ︔ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ | ᠵᠠᠭᠤᠴᠢᠯᠠᠭᠤᠷ ᠤᠨ ᠵᠠᠷᠤᠯᠭ᠎ᠠ 2892 ᠲᠦᠮᠡᠨ ᠲᠥᠭᠦᠷᠢᠭ ᠪᠠᠶᠢᠵᠦ᠂ ᠭᠤᠣᠯᠳᠠᠭᠤ ᠰᠣᠶᠣᠯ᠂ ᠵᠢᠭᠤᠯᠴᠢᠯᠠᠯ᠂ | ᠪᠡᠶ᠎ᠡ ᠶᠢᠨ ᠲᠠᠮᠢᠷ᠂ ᠷᠠᠳᠢᠣ᠋ ᠨᠡᠪᠲᠡᠷᠡᠭᠦᠯᠭᠡ ᠲᠧᠯᠸᠢᠰ ᠵᠢᠴᠢ ᠰᠣᠨᠢᠨ ᠮᠡᠳᠡᠭᠡ ᠵᠠᠭᠤᠴᠢᠯᠠᠭᠤᠷ ᠵᠡᠷᠭᠡ ᠨᠢᠭᠡᠴᠢ ᠶᠢᠨ | ᠴᠠᠯᠢᠩ ᠬᠢᠭᠡᠳ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ | ᠵᠠᠷᠤᠯᠭ᠎ᠠ 67129 ᠲᠦᠮᠡᠨ ᠲᠥᠭᠦᠷᠢᠭ ᠲᠤ ᠬᠦᠷᠴᠦ᠂ ᠭᠤᠣᠯᠳᠠᠭᠤ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ | ᠳᠠᠭᠠᠳᠬᠠᠯ᠂ ᠠᠰᠠᠷᠠᠮᠵᠢ᠂ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠵᠡᠷᠭᠡ ᠬᠤᠳᠠ ᠬᠥᠳᠡᠭᠡ ᠶᠢᠨ | ᠰᠠᠭᠤᠭᠠᠯᠢ ᠠᠷᠠᠳ ᠲᠤ ᠣᠯᠭᠤᠬᠤ ᠨᠥᠬᠦᠪᠦᠷᠢ ᠶᠢᠨ ᠵᠠᠷᠤᠯᠭ᠎ᠠ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ | ᠠᠵᠢᠯ ᠠᠴᠠ ᠪᠠᠨ ᠲᠠᠷᠬᠠᠯᠠᠵᠦ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠵᠠᠷᠤᠳᠠᠯ᠂ | ᠨᠥᠭᠴᠢᠭᠰᠡᠳ ᠤᠨ ᠭᠡᠷ ᠪᠦᠯᠢ ᠶᠢᠨ ᠨᠥᠬᠦᠪᠦᠷᠢ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ︔ ᠡᠷᠡᠭᠦᠯ | ᠬᠠᠮᠠᠭᠠᠯᠠᠯ ᠡᠷᠡᠭᠦᠯ ᠮᠡᠨᠳᠤ ᠶᠢᠨ ᠵᠠᠷᠤᠯᠭ᠎ᠠ 16616 ᠲᠦᠮᠡᠨ ᠲᠥᠭᠦᠷᠢᠭ ᠂ ᠭᠤᠣᠯᠳᠠᠭᠤ ᠦᠨᠳᠦᠰᠦᠨ ᠤᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ | ᠡᠮᠨᠡᠯᠭᠡ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠡᠮ ᠡᠮᠨᠡᠯᠭᠡ ᠡᠷᠡᠭᠦᠯ ᠬᠠᠮᠠᠭᠠᠯᠠᠯ ᠤᠨ | ᠵᠠᠷᠤᠯᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠡᠮ ᠡᠮᠨᠡᠯᠭᠡ ᠶᠢᠨ ᠳᠠᠭᠠᠳᠬᠠᠯ ᠵᠡᠷᠭᠡ ᠰᠠᠯᠠᠭ᠎ᠠ ᠮᠥᠴᠢᠷ ᠤᠨ | ᠴᠠᠯᠢᠩ᠂ ᠠᠵᠢᠯᠯᠠᠭᠠᠨ ᠵᠢᠴᠢ ᠲᠦᠷᠦᠯ ᠵᠦᠢᠯ ᠤᠨ ᠵᠠᠷᠤᠯᠭ᠎ᠠ ᠳᠤ ᠬᠡᠷᠡᠭᠯᠡᠨ᠎ᠡ︔ ᠡᠨᠧᠷᠭᠢ ᠠᠷᠪᠢᠯᠠᠵᠤ ᠣᠷᠴᠢᠨ | ᠠᠬᠤᠢ ᠶᠢ ᠬᠠᠮᠠᠭᠠᠯᠠᠬᠤ ᠵᠠᠷᠤᠯᠭ᠎ᠠ 1468 ᠲᠦᠮᠡᠨ ᠲᠥᠭᠦᠷᠢᠭ ᠂ ᠭᠤᠣᠯᠳᠠᠭᠤ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠵᠡᠷᠭᠡ ᠨᠢᠭᠡᠴᠢ ᠶᠢᠨ ᠴᠠᠯᠢᠩ᠂ ᠠᠵᠢᠯᠯᠠᠭᠠᠨ ᠤ ᠵᠠᠷᠤᠯᠭ᠎ᠠ ᠵᠢᠴᠢ ᠣᠷᠴᠢᠨ ᠠᠬᠤᠢ ᠶᠢᠨ ᠬᠠᠮᠠᠭᠠᠯᠠᠯᠲᠠ ᠶᠢᠨ | ᠲᠦᠷᠦᠯ ᠵᠦᠢᠯ ᠤᠨ ᠵᠠᠷᠤᠯᠭ᠎ᠠ ᠳᠤ ᠬᠡᠷᠡᠭᠯᠡᠨ᠎ᠡ︔ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠷᠤᠯᠭ᠎ᠠ | 14418 ᠲᠦᠮᠡᠨ ᠲᠥᠭᠦᠷᠢᠭ ︵ᠡᠭᠦᠨ ᠳᠤ᠄ ᠨᠣᠭᠤᠭᠠᠷᠠᠭᠤᠯᠣᠯᠲᠠ ᠠᠷᠠᠴᠢᠯᠠᠨ ᠬᠠᠮᠠᠭᠠᠯᠠᠬᠤ ᠵᠠᠷᠤᠯᠭ᠎ᠠ 1230 | ᠲᠦᠮᠡᠨ ᠲᠥᠭᠦᠷᠢᠭ︶᠂ ᠡᠭᠦᠨ ᠢ ᠭᠤᠣᠯᠳᠠᠭᠤ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢ ᠬᠠᠮᠠᠭᠠᠯᠠᠬᠤ᠂ | ᠬᠤᠳᠠ ᠶᠢᠨ ᠦᠵᠡᠮᠵᠢ ᠶᠢ ᠬᠠᠮᠠᠭᠠᠯᠠᠬᠤ ᠵᠢᠴᠢ ᠣᠷᠣᠨ ᠰᠠᠭᠤᠴᠠ ᠪᠦᠲᠦᠭᠡᠨ ᠪᠠᠶᠢᠭᠤᠯᠤᠯᠲᠠ᠂ ᠬᠤᠳᠠ ᠶᠢᠨ | ᠬᠠᠮᠢᠶᠠᠷᠤᠯᠲᠠ ᠵᠡᠷᠭᠡ ᠨᠢᠭᠡᠴᠢ ᠶᠢᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ᠂ ᠬᠤᠳᠠ ᠲᠣᠭᠤᠷᠢᠭ ᠤᠨ ᠬᠤᠳᠠ ᠶᠢᠨ | ᠶᠠᠪᠤᠳᠠᠯ ᠤᠨ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠪᠠᠩᠬᠢ ᠶᠢᠨ ᠵᠢᠭᠡᠯᠡᠯᠭᠡ ᠶᠢᠨ ᠡᠬᠡ ᠬᠦᠦ ᠶᠢ ᠪᠤᠴᠠᠭᠠᠬᠤ | ᠵᠠᠷᠤᠯᠭ᠎ᠠ ᠳᠤ ᠬᠡᠷᠡᠭᠯᠡᠨ᠎ᠡ︔ ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 45495 ᠲᠦᠮᠡᠨ | ᠲᠥᠭᠦᠷᠢᠭ᠂ ᠭᠤᠣᠯᠳᠠᠭᠤ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠤᠨ ᠦᠨᠳᠦᠰᠦᠨ ᠬᠥᠯᠥᠰᠦ | ᠣᠯᠭᠤᠮᠵᠢ᠂ ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠠᠷᠤᠳᠠᠯ᠂ ᠭᠠᠴᠠᠭ᠎ᠠ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠵᠠᠷᠤᠳᠠᠯ᠂ ᠲᠤᠰᠢᠶᠠᠯ ᠠᠴᠠ ᠪᠠᠨ ᠰᠠᠯᠤᠭᠰᠠᠨ | ᠭᠠᠴᠠᠭ᠎ᠠ ᠲᠣᠰᠬᠤᠨ ᠤ ᠺᠠᠳ᠋ᠷ ᠤᠨ ᠠᠮᠢᠳᠤᠷᠠᠯ ᠤᠨ ᠨᠥᠬᠦᠪᠦᠷᠢ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ | ᠵᠥᠪᠯᠡᠯ ᠤᠨ ᠵᠠᠷᠤᠳᠠᠯ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠵᠠᠷᠤᠳᠠᠯ᠂ | ᠲᠠᠷᠢᠶᠠᠯᠠᠩ᠂ ᠣᠶ ᠰᠢᠭᠤᠢ᠂ ᠤᠰᠤᠨ ᠠᠰᠢᠭᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ | ᠨᠢᠭᠡᠴᠢ ᠶᠢᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠬᠤᠰᠢᠭᠤᠨ ᠤ ᠲᠣᠰ ᠱᠠᠲᠤᠨ ᠤ ᠢᠵᠢ ᠪᠦᠷᠢᠳᠦᠭᠦᠯᠬᠦ ᠵᠠᠷᠤᠯᠭ᠎ᠠ᠂ ᠶᠠᠳᠠᠭᠤ ᠶᠢ ᠲᠡᠳᠬᠦᠬᠦ ᠵᠢᠭᠡᠯᠡᠯᠭᠡ᠂ ᠶᠠᠳᠠᠭᠤ | ᠬᠦᠴᠢᠷᠳᠡᠯᠲᠡᠢ ᠲᠣᠰᠬᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠪᠠᠩᠬᠢ ᠶᠢᠨ | ᠵᠢᠭᠡᠯᠡᠯᠭᠡ ᠶᠢᠨ ᠡᠬᠡ ᠬᠦᠦ ᠶᠢ ᠪᠤᠴᠠᠭᠠᠬᠤ ᠵᠠᠷᠤᠯᠭ᠎ᠠ ᠳᠤ ᠬᠡᠷᠡᠭᠯᠡᠨ᠎ᠡ︔ ᠵᠠᠮ ᠬᠠᠷᠢᠯᠴᠠᠭ᠎ᠠ ᠲᠡᠭᠡᠭᠡᠪᠦᠷᠢ ᠶᠢᠨ | ᠵᠠᠷᠤᠯᠭ᠎ᠠ 2969 ᠲᠦᠮᠡᠨ ᠲᠥᠭᠦᠷᠢᠭ ᠪᠠᠶᠢᠵᠤ᠂ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ᠂ ᠵᠠᠮ ᠬᠠᠷᠢᠯᠴᠠᠭ᠎ᠠ᠂ ᠵᠠᠰᠠᠮᠠᠯ ᠵᠠᠮ ᠢ ᠬᠠᠮᠢᠶᠠᠷᠤᠨ ᠬᠠᠮᠠᠭᠠᠯᠠᠬᠤ ᠪᠠ ᠲᠡᠭᠡᠭᠡᠪᠦᠷᠢ ᠶᠢᠨ | ᠪᠠᠲᠤᠯᠠᠭ᠎ᠠ ᠶᠢᠨ ᠲᠥᠪ᠂ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠵᠡᠷᠭᠡ | ᠨᠢᠭᠡᠴᠢ ᠶᠢᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ︔ ᠠᠷᠠᠯᠵᠢᠶ᠎ᠠ ᠬᠤᠳᠠᠯᠳᠤᠭ᠎ᠠ | ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ 741 ᠲᠦᠮᠡᠨ ᠲᠥᠭᠦᠷᠢᠭ᠂ ᠭᠤᠣᠯᠳᠠᠭᠤ ᠠᠷᠠᠯᠵᠢᠶ᠎ᠠ | ᠬᠤᠳᠠᠯᠳᠤᠭ᠎ᠠ ᠦᠢᠯᠡᠴᠢᠯᠡᠭᠡᠨ ᠤ ᠦᠢᠯᠡᠰ ᠤᠨ ᠰᠠᠯᠠᠭ᠎ᠠ ᠮᠥᠴᠢᠷ ᠤᠨ ᠴᠠᠯᠢᠩ᠂ ᠠᠵᠢᠯᠯᠠᠭᠠᠨ ᠵᠢᠴᠢ | ᠬᠤᠳᠠᠯᠳᠤᠭᠠᠴᠢᠨ ᠤᠷᠢᠵᠤ ᠪᠡᠯᠡ ᠲᠠᠲᠠᠬᠤ ᠵᠠᠷᠤᠯᠭ᠎ᠠ ᠳᠤ ᠬᠡᠷᠡᠭᠯᠡᠨ᠎ᠡ︔ ᠪᠠᠶᠢᠭᠠᠯᠢ ᠶᠢᠨ ᠡᠬᠢ ᠪᠠᠶᠠᠯᠢᠭ ᠳᠠᠯᠠᠢ | ᠲᠠᠩᠭᠢᠰ ᠴᠠᠭ ᠠᠭᠤᠷ ᠵᠡᠷᠭᠡ ᠶᠢᠨ ᠵᠠᠷᠤᠯᠭ᠎ᠠ 1245 ᠲᠦᠮᠡᠨ ᠲᠥᠭᠦᠷᠢᠭ᠂ ᠭᠤᠣᠯᠳᠠᠭᠤ ᠪᠠᠶᠢᠭᠠᠯᠢ ᠶᠢᠨ ᠡᠬᠢ | ᠪᠠᠶᠠᠯᠢᠭ ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ᠂ ᠡᠵᠡᠭᠦᠢ | ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠵᠠᠷᠤᠯᠭ᠎ᠠ ᠳᠤ ᠬᠡᠷᠡᠭᠯᠡᠨ᠎ᠡ︔ ᠣᠷᠣᠨ ᠰᠠᠭᠤᠴᠠ ᠶᠢᠨ | ᠪᠠᠲᠤᠯᠠᠭ᠎ᠠ ᠶᠢᠨ ᠵᠠᠷᠤᠯᠭ᠎ᠠ 28847 ᠲᠦᠮᠡᠨ ᠲᠥᠭᠦᠷᠢᠭ ᠲᠤ ᠬᠦᠷᠴᠦ᠂ ᠭᠤᠣᠯᠳᠠᠭᠤ ᠵᠠᠰᠠᠭ ᠵᠠᠬᠢᠷᠭ᠎ᠠ ᠠᠵᠢᠯ | ᠦᠢᠯᠡᠰ ᠤᠨ ᠨᠢᠭᠡᠴᠢ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠠᠷᠤᠯᠭ᠎ᠠ᠂ | ᠲᠦᠬᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠵᠢᠭᠡᠯᠡᠯᠭᠡ ᠶᠢᠨ ᠡᠬᠡ ᠬᠦᠦ ᠶᠢ ᠪᠤᠴᠠᠭᠠᠬᠤ | ᠵᠠᠷᠤᠯᠭ᠎ᠠ ᠳᠤ ᠬᠡᠷᠡᠭᠯᠡᠨ᠎ᠡ︔ ᠠᠮᠤ ᠪᠤᠳᠠᠭ᠎ᠠ ᠲᠣᠰᠣ ᠡᠳ᠋ ᠪᠣᠳᠠᠰ ᠤᠨ ᠨᠥᠭᠡᠴᠡᠯᠡᠯᠲᠡ ᠶᠢᠨ ᠵᠠᠷᠤᠯᠭ᠎ᠠ 92 ᠲᠦᠮᠡᠨ | ᠲᠥᠭᠦᠷᠢᠭ ᠪᠠᠶᠢᠵᠤ᠂ ᠭᠤᠣᠯᠳᠠᠭᠤ ᠠᠮᠤ ᠪᠤᠳᠠᠭᠠᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠡᠯᠭᠦᠭᠡ ᠳᠠᠩᠰᠠᠨ ᠤ | ᠬᠦᠦ ᠮᠥᠩᠭᠦ ᠶᠢᠨ ᠵᠠᠷᠤᠯᠭ᠎ᠠ ᠳᠤ ᠬᠡᠷᠡᠭᠯᠡᠨ᠎ᠡ︔ ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠵᠠᠷᠤᠯᠭ᠎ᠠ 1013 ᠲᠦᠮᠡᠨ ᠲᠥᠭᠦᠷᠢᠭ᠂ ᠡᠭᠦᠨ ᠢ ᠭᠤᠣᠯᠳᠠᠭᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ᠂ ᠭᠠᠯ ᠤᠨᠲᠠᠷᠠᠭᠠᠬᠤ ᠪᠠ ᠭᠠᠵᠠᠷ ᠬᠥᠳᠡᠯᠦᠯᠲᠡ ᠶᠢᠨ ᠰᠠᠯᠠᠭ᠎ᠠ ᠮᠥᠴᠢᠷ ᠤᠨ ᠴᠠᠯᠢᠩ | ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ︔ ᠦᠷᠢ ᠥᠭᠴᠡᠭᠡᠨ ᠤ ᠬᠦᠦ ᠮᠥᠩᠭᠦ ᠥᠭᠬᠦ ᠵᠠᠷᠤᠯᠭ᠎ᠠ 7152 | ᠲᠦᠮᠡᠨ ᠲᠥᠭᠦᠷᠢᠭ ᠂ ᠭᠤᠣᠯᠳᠠᠭᠤ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ | ᠲᠡᠮᠳᠡᠭᠲᠦ ᠶᠢᠨ ᠬᠦᠦ ᠮᠥᠩᠭᠦ ᠶᠢᠨ ᠵᠠᠷᠤᠯᠭ᠎ᠠ ᠳᠤ ᠬᠡᠷᠡᠭᠯᠡᠨ᠎ᠡ︔ ᠪᠤᠰᠤᠳ ᠵᠠᠷᠤᠯᠭ᠎ᠠ 5155 ᠲᠦᠮᠡᠨ | ᠲᠥᠭᠦᠷᠢᠭ ᠲᠤ ᠬᠦᠷᠴᠦ᠂ ᠭᠤᠣᠯᠳᠠᠭᠤ ᠬᠥᠮᠥᠨ ᠬᠦᠴᠦ ᠶᠢᠨ ᠨᠡᠮᠡᠭᠳᠡᠯ ᠠᠴᠠ ᠪᠣᠯᠣᠭᠰᠠᠨ ᠪᠡᠯᠡ ᠮᠥᠩᠭᠦ ᠶᠢᠨ | ᠨᠡᠮᠡᠭᠳᠡᠯ᠂ ᠨᠦᠭᠴᠢᠭᠰᠡᠳ ᠤᠨ ᠭᠡᠷ ᠪᠦᠯᠢ ᠶᠢᠨ ᠠᠰᠠᠷᠠᠮᠵᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠵᠠᠷᠤᠯᠭ᠎ᠠ ᠳᠤ ᠬᠡᠷᠡᠭᠯᠡᠨ᠎ᠡ︔ ᠪᠡᠯᠡᠳᠬᠡᠯ ᠵᠠᠷᠤᠳᠠᠯ 7000 | ᠲᠦᠮᠡᠨ ᠲᠥᠭᠦᠷᠢᠭ ᠢ ︽ᠲᠥᠰᠥᠪ ᠤᠨ ᠬᠠᠤᠯᠢ︾ ᠶᠢᠨ ᠲᠣᠭᠲᠠᠭᠠᠯ ᠶᠣᠰᠣᠭᠠᠷ ᠪᠠᠶᠢᠭᠤᠯᠵᠤ᠂ ᠲᠤᠬᠠᠢ ᠶᠢᠨ | ᠵᠢᠯ ᠤᠨ ᠲᠥᠰᠥᠪ ᠢ ᠭᠦᠢᠴᠡᠳᠬᠡᠬᠦ ᠶᠠᠪᠤᠴᠠ ᠳᠠᠬᠢ ᠪᠠᠶᠢᠭᠠᠯᠢ ᠶᠢᠨ ᠭᠠᠮᠰᠢᠭ ᠵᠡᠷᠭᠡ ᠭᠡᠨᠡᠳᠲᠡ ᠶᠢᠨ ᠶᠠᠪᠣᠳᠠᠯ ᠢ | ᠰᠢᠢᠳᠪᠦᠷᠢᠯᠡᠬᠦ ᠳᠤ ᠨᠡᠮᠡᠭᠳᠡᠭᠰᠡᠨ ᠵᠠᠷᠤᠯᠭ᠎ᠠ ᠵᠢᠴᠢ ᠤᠷᠢᠳᠴᠢᠯᠠᠨ ᠲᠦᠰᠦᠭᠡᠯᠡᠬᠦ ᠳᠤ ᠪᠡᠷᠬᠡ ᠪᠤᠰᠤᠳ ᠵᠠᠷᠤᠯᠭ᠎ᠠ ᠳᠤ | ᠬᠡᠷᠡᠭᠯᠡᠨ᠎ᠡ᠃ | ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ︵ᠲᠥᠰᠥᠯ︶ | 2023 ᠣᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠣᠷᠣᠯᠭ᠎ᠠ ᠨᠡᠶᠢᠳᠡ 26093 | ᠲᠦᠮᠡᠨ ᠲᠥᠭᠦᠷᠢᠭ᠂ ᠡᠭᠦᠨ ᠳᠤ᠄ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠤᠨ ᠲᠤᠰ | ᠱᠠᠲᠤᠨ ᠤ ᠣᠷᠣᠯᠭ᠎ᠠ 26000 ᠲᠦᠮᠡᠨ ᠲᠥᠭᠦᠷᠢᠭ᠂ ᠰᠢᠯᠵᠢᠭᠦᠯᠬᠦ ᠴᠢᠨᠠᠷᠲᠠᠢ ᠣᠷᠣᠯᠭ᠎ᠠ 93 ᠲᠦᠮᠡᠨ | ᠲᠥᠭᠦᠷᠢᠭ ᠲᠤ ᠬᠦᠷᠭᠡᠨ᠎ᠡ᠃ | 2023 ᠣᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠵᠠᠷᠤᠯᠭ᠎ᠠ ᠨᠡᠶᠢᠳᠡ 26093 | ᠲᠦᠮᠡᠨ ᠲᠥᠭᠦᠷᠢᠭ᠂ ᠡᠭᠦᠨ ᠳᠤ᠄ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠤᠨ ᠲᠤᠰ | ᠱᠠᠲᠤᠨ ᠤ ᠵᠠᠷᠤᠯᠭ᠎ᠠ ᠶᠢ 6524 ᠲᠦᠮᠡᠨ ᠲᠥᠭᠦᠷᠢᠭ ᠂ ᠰᠢᠯᠵᠢᠭᠦᠯᠦᠨ ᠭᠠᠷᠭᠠᠬᠤ ᠪᠡᠯᠡ ᠮᠥᠩᠭᠦ ᠶᠢ 19569 | ᠲᠦᠮᠡᠨ ᠲᠥᠭᠦᠷᠢᠭ ᠲᠤ ᠬᠦᠷᠭᠡᠨ᠎ᠡ᠃ | ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ︵ᠲᠥᠰᠥᠯ︶ | 2023 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ ᠶᠢ ᠨᠡᠶᠢᠳᠡ 75099 | ᠲᠦᠮᠡᠨ ᠲᠥᠭᠦᠷᠢᠭ᠂ ᠡᠭᠦᠨ ᠳᠤ᠄ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠤᠰ ᠱᠠᠲᠤᠨ ᠤ | ᠣᠷᠣᠯᠭ᠎ᠠ 46458 ᠲᠦᠮᠡᠨ ᠲᠥᠭᠦᠷᠢᠭ᠂ ᠲᠦᠷᠦᠭᠦᠦ ᠵᠢᠯ ᠤᠨ ᠦᠯᠡᠳᠡᠪᠦᠷᠢ ᠣᠷᠣᠯᠭ᠎ᠠ 27764 ᠲᠦᠮᠡᠨ | ᠲᠥᠭᠦᠷᠢᠭ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠰᠢᠯᠵᠢᠭᠦᠯᠦᠨ ᠦᠭᠬᠦ ᠣᠷᠣᠯᠭ᠎ᠠ 877 ᠲᠦᠮᠡᠨ | ᠲᠥᠭᠦᠷᠢᠭ ᠲᠤ ᠬᠦᠷᠭᠡᠨ᠎ᠡ᠃ | 2023 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ ᠨᠡᠶᠢᠲᠡ 75099 | ᠲᠦᠮᠡᠨ ᠲᠥᠭᠦᠷᠢᠭ᠂ ᠡᠭᠦᠨ ᠳᠤ᠄ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠤᠰ ᠱᠠᠲᠤᠨ ᠤ | ᠵᠠᠷᠤᠯᠭ᠎ᠠ 43793 ᠲᠦᠮᠡᠨ ᠲᠥᠭᠦᠷᠢᠭ᠂ ᠵᠢᠯ ᠤᠨ ᠡᠴᠦᠰ ᠤᠨ ᠦᠯᠡᠳᠡᠪᠦᠷᠢ 31289 ᠲᠦᠮᠡᠨ ᠲᠥᠭᠦᠷᠢᠭ᠂ | ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠰᠢᠯᠵᠢᠭᠦᠯᠬᠦ ᠵᠠᠷᠤᠯᠭ᠎ᠠ 17 ᠲᠦᠮᠡᠨ ᠲᠥᠭᠦᠷᠢᠭ ᠲᠤ | ᠬᠦᠷᠭᠡᠨ᠎ᠡ᠃ | ︵ᠳᠥᠷᠪᠡ︶ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ︵ᠲᠥᠰᠥᠯ︶ | 2023 ᠣᠨ ᠤ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠣᠷᠣᠯᠭ᠎ᠠ | ᠶᠢ ᠨᠡᠶᠢᠳᠡ 76207 ᠲᠦᠮᠡᠨ ᠲᠥᠭᠦᠷᠢᠭ᠂ ᠡᠭᠦᠨ ᠳᠤ᠄ ᠤᠯᠤᠰ ᠤᠨ ᠥᠮᠴᠢᠯᠡᠯ ᠤᠨ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠲᠤᠰ ᠱᠠᠲᠤᠨ ᠤ ᠣᠷᠣᠯᠭ᠎ᠠ 76200 ᠲᠦᠮᠡᠨ ᠲᠥᠭᠦᠷᠢᠭ᠂ ᠤᠯᠤᠰ ᠤᠨ | ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠰᠢᠯᠵᠢᠯᠲᠡ ᠶᠢᠨ ᠴᠢᠨᠠᠷᠲᠠᠢ ᠣᠷᠣᠯᠭ᠎ᠠ 7 ᠲᠦᠮᠡᠨ | ᠲᠥᠭᠦᠷᠢᠭ ᠲᠤ ᠬᠦᠷᠭᠡᠨ᠎ᠡ᠃ | 2023 ᠣᠨ ᠤ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠵᠠᠷᠤᠯᠭ᠎ᠠ | ᠶᠢ ᠨᠡᠶᠢᠳᠡ 76207 ᠲᠦᠮᠡᠨ ᠲᠥᠭᠦᠷᠢᠭ᠂ ᠡᠭᠦᠨ ᠳᠤ᠄ ᠤᠯᠤᠰ ᠤᠨ ᠥᠮᠴᠢᠯᠡᠯ ᠤᠨ ᠬᠥᠷᠥᠩᠭᠡ ᠶᠢᠨ | ᠡᠵᠡᠩᠨᠡᠯᠲᠡ ᠶᠢᠨ ᠲᠥᠰᠥᠪ ᠤᠨ ᠲᠤᠰ ᠱᠠᠲᠤᠨ ᠤ ᠵᠠᠷᠤᠯᠭ᠎ᠠ 1207 ᠲᠦᠮᠡᠨ ᠲᠥᠭᠦᠷᠢᠭ᠂ ᠰᠢᠯᠵᠢᠭᠦᠯᠦᠨ | ᠭᠠᠷᠭᠠᠬᠤ ᠪᠡᠯᠡ ᠮᠥᠩᠭᠦ 75000 ᠲᠦᠮᠡᠨ ᠲᠥᠭᠦᠷᠢᠭ ᠲᠤ ᠬᠦᠷᠭᠡᠨ᠎ᠡ᠃ | ︵ᠲᠠᠪᠤ︶ 2023 ᠣᠨ ᠤ ᠡᠳ᠋ ᠤᠨ ᠵᠠᠰᠠᠭ ᠤᠨ ᠭᠤᠣᠯᠳᠠᠯᠭ᠎ᠠ ᠲᠠᠢ ᠠᠵᠢᠯ | 1. ᠡᠳ᠋ ᠮᠦᠩᠭᠦᠨ ᠤ ᠢᠷᠡᠯᠲᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ | ᠣᠷᠣᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠨᠡᠮᠡᠭᠳᠡᠯ ᠢ ᠠᠬᠢᠭᠤᠯᠤᠨ᠎ᠠ᠃ ᠨᠢᠭᠡ ᠳᠤ ᠭᠠᠶᠢᠯᠢ ᠶᠢ ᠬᠥᠩᠭᠡᠯᠡᠵᠦ | ᠰᠦᠢᠳᠬᠡᠯ ᠢ ᠪᠠᠭᠤᠷᠠᠭᠤᠯᠬᠤ ᠪᠠ ᠭᠠᠶᠢᠯᠢ ᠶᠢ ᠦᠯᠡᠳᠡᠭᠡᠬᠦ ᠲᠣᠯᠭᠠᠬᠤ ᠪᠤᠴᠠᠭᠠᠬᠤ ᠲᠦᠷᠦ ᠶᠢᠨ ᠪᠣᠳᠣᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠭᠠᠶᠢᠯᠢ ᠲᠠᠲᠠᠪᠤᠷᠢ ᠶᠢ ᠬᠠᠰᠤᠵᠤ | ᠬᠡᠯᠲᠦᠷᠢᠭᠦᠯᠬᠦ ᠡᠷᠴᠢᠮ ᠢ ᠴᠢᠩᠭᠠᠷᠠᠭᠤᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ | ᠬᠤᠷᠢᠶᠠᠬᠤ ᠶᠢ ᠴᠡᠭᠴᠡᠯᠡᠨ ᠲᠢᠭᠯᠡᠵᠦ ᠵᠢᠷᠤᠮᠵᠢᠭᠤᠯᠤᠨ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠶᠢ ᠪᠦᠬᠦ | ᠬᠦᠴᠦᠨ ᠢᠶᠠᠷ ᠢᠶᠠᠨ ᠲᠡᠮᠵᠢᠵᠤ᠂ ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠶᠢ ᠪᠣᠶᠢᠵᠢᠭᠤᠯᠤᠨ᠂ ᠭᠠᠶᠢᠯᠢ ᠶᠢᠨ | ᠢᠷᠡᠯᠲᠡ ᠶᠢᠨ ᠪᠦᠲᠦᠴᠡ ᠶᠢ ᠰᠢᠯᠢᠳᠡᠭᠵᠢᠭᠦᠯᠵᠦ᠂ ᠣᠷᠣᠯᠭ᠎ᠠ ᠪᠠᠨ ᠨᠡᠮᠡᠭᠳᠡᠭᠦᠯᠦᠨ ᠰᠠᠭᠤᠷᠢ ᠪᠠᠨ ᠵᠤᠵᠠᠭᠠᠳᠬᠠᠨ᠎ᠠ᠃ | ᠬᠤᠶᠠᠷ ᠲᠤ ᠣᠷᠣᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠲᠦᠷᠭᠡᠪᠴᠢᠯᠡᠨ | ᠲᠡᠭᠦᠯᠳᠡᠷᠵᠢᠭᠦᠯᠵᠦ᠂ ᠭᠠᠶᠢᠯᠢ ᠶᠢ ᠶᠡᠷᠦᠩᠬᠡᠶᠢᠯᠡᠨ ᠵᠠᠰᠠᠬᠤ ᠠᠵᠢᠯ ᠢ ᠪᠦᠲᠦᠮᠵᠢᠲᠡᠶ ᠪᠠᠷ ᠥᠷᠨᠢᠭᠦᠯᠵᠦ᠂ ᠪᠦᠬᠦ | ᠵᠢᠯ ᠤᠨ ᠣᠷᠣᠯᠭ᠎ᠠ ᠶᠢᠨ ᠬᠠᠷᠠᠯᠲᠠ ᠶᠢ ᠴᠢᠩᠭ᠎ᠠ ᠠᠩᠬᠠᠷᠴᠤ᠂ ᠰᠠᠯᠠᠭ᠎ᠠ ᠮᠥᠴᠢᠷ ᠤᠨ ᠲᠠᠲᠠᠪᠤᠷᠢᠯᠠᠨ ᠬᠠᠮᠢᠶᠠᠷᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠷᠣᠯᠭ᠎ᠠ ᠶᠢᠨ ᠵᠢᠱᠢᠭᠰᠡᠨ ᠬᠠᠮᠢᠶᠠᠷᠤᠯᠲᠠ᠂ ᠬᠥᠳᠡᠯᠦᠩᠭᠦᠢ ᠬᠢᠨᠠᠨ | ᠡᠵᠡᠮᠳᠡᠯ ᠪᠠ ᠪᠦᠲᠦᠴᠡ ᠶᠢᠨ ᠵᠠᠳᠠᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠭᠠᠶᠢᠯᠢ ᠲᠠᠲᠠᠪᠤᠷᠢ ᠪᠠ ᠲᠠᠷᠠᠬᠠᠢ | ᠪᠤᠲᠠᠷᠬᠠᠢ ᠭᠠᠶᠢᠯᠢ ᠶᠢᠨ ᠲᠦᠷᠦᠯ ᠢᠶᠠᠷ ᠭᠤᠣᠯ ᠪᠣᠯᠭᠠᠵᠤ᠂ ᠭᠠᠶᠢᠯᠢ ᠲᠠᠲᠠᠪᠤᠷᠢ ᠶᠢᠨ ᠨᠡᠮᠡᠭᠳᠡᠯ ᠢ ᠠᠬᠢᠭᠤᠯᠤᠨ᠎ᠠ︔ | ᠭᠠᠵᠠᠷ ᠰᠢᠷᠣᠢ ᠶᠢ ᠰᠢᠯᠵᠢᠭᠦᠯᠦᠨ ᠦᠭᠬᠦ ᠠᠰᠢᠭ ᠣᠷᠣᠯᠭ᠎ᠠ ᠪᠠ ᠲᠤᠰᠬᠠᠢ ᠵᠦᠢᠯ ᠤᠨ ᠣᠷᠣᠯᠭ᠎ᠠ ᠪᠠᠷ ᠭᠤᠣᠯ | ᠪᠣᠯᠭᠠᠵᠤ᠂ ᠭᠠᠶᠢᠯᠢ ᠶᠢᠨ ᠪᠤᠰᠤ ᠨᠡᠮᠡᠭᠳᠡᠯ ᠢ ᠠᠬᠢᠭᠤᠯᠵᠤ᠂ ᠡᠯ᠎ᠡ ᠵᠦᠢᠯ ᠤᠨ ᠣᠷᠣᠯᠭ᠎ᠠ ᠶᠢᠨ ᠬᠤᠷᠢᠶᠠᠬᠤ ᠶᠣᠰᠣᠲᠠᠢ | ᠪᠦᠬᠦᠨ ᠢ ᠬᠤᠷᠢᠶᠠᠬᠤ ᠶᠢ ᠦᠨᠡᠨ ᠬᠦ ᠪᠠᠲᠤᠯᠠᠵᠤ᠂ ᠡᠳ᠋ ᠤᠨ ᠵᠠᠰᠠᠭ ᠤᠨ ᠣᠷᠣᠯᠭ᠎ᠠ ᠶᠢᠨ ᠬᠡᠪᠴᠢᠶ᠎ᠡ᠂ ᠨᠡᠮᠡᠭᠳᠡᠯ ᠤᠨ | ᠬᠡᠮᠵᠢᠶ᠎ᠡ ᠪᠠ ᠶᠠᠰᠤ ᠴᠢᠨᠠᠷ ᠤᠨ ᠵᠡᠷᠭᠡ ᠪᠠᠷ ᠳᠡᠭᠡᠭᠰᠢᠯᠡᠬᠦ ᠶᠢ ᠠᠬᠢᠭᠤᠯᠤᠨ᠎ᠠ᠃ ᠭᠤᠷᠪᠠ ᠳ᠋ᠤ᠋ᠬᠤᠭᠤᠴᠠᠭᠠ ᠲᠣᠭᠲᠠᠭᠠᠨ | ᠬᠡᠷᠡᠭᠯᠡᠭᠦᠯᠬᠦ᠂ ᠲᠣᠭᠲᠠᠮᠠᠯ ᠬᠤᠭᠤᠴᠠᠭ᠎ᠠ ᠲᠠᠢ ᠪᠠᠷ ᠴᠡᠭᠴᠡᠯᠡᠨ ᠲᠢᠭᠯᠡᠬᠦ᠂ ᠬᠤᠭᠤᠴᠠᠭ᠎ᠠ ᠠᠴᠠ ᠪᠠᠨ ᠬᠡᠲᠦᠷᠡᠪᠡᠯ | ᠬᠤᠷᠢᠶᠠᠨ ᠠᠪᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠲᠦᠷᠦᠯ | ᠬᠤᠪᠢᠶᠠᠨ ᠰᠢᠢᠳᠪᠦᠷᠢᠯᠡᠵᠦ᠂ ᠪᠡᠯᠡ ᠮᠥᠩᠭᠦᠨ ᠤ ᠦᠯᠡᠳᠡᠪᠦᠷᠢ ᠶᠢ ᠳ᠋ᠦᠩᠨᠡᠨ ᠰᠢᠯᠵᠢᠭᠦᠯᠬᠦ ᠬᠡᠪᠴᠢᠶ᠎ᠡ ᠶᠢ ᠦᠨᠡᠨ ᠬᠦ | ᠪᠠᠭᠠᠰᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠴᠢᠩᠭᠠᠳᠬᠠᠵᠤ᠂ | ᠵᠠᠷᠤᠯᠭ᠎ᠠ ᠪᠠᠨ ᠬᠤᠳᠠᠯ ᠢᠶᠠᠷ ᠵᠢᠭᠰᠠᠭᠠᠬᠤ᠂ ᠰᠢᠬᠠᠨ ᠡᠵᠡᠯᠡᠬᠦ ᠨᠡᠭᠦᠯᠭᠡᠨ ᠬᠡᠷᠡᠭᠯᠡᠬᠦ ᠶᠢ ᠡᠷᠡᠰ ᠬᠤᠷᠢᠭᠯᠠᠵᠤ᠂ ᠡᠳ᠋ ᠤᠨ | ᠵᠠᠰᠠᠭ ᠤᠨ ᠦᠯᠡᠳᠡᠭᠡᠯ ᠪᠡᠯᠡ ᠮᠥᠩᠭᠦ ᠶᠢ ᠬᠦᠴᠦᠯᠡᠨ ᠠᠮᠢᠳᠤᠯᠢᠭ ᠪᠣᠯᠭᠠᠵᠤ᠂ ᠡᠳ᠋ ᠤᠨ ᠵᠠᠰᠠᠭ ᠤᠨ ᠪᠡᠯᠡ | ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | 2. ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ︽ᠭᠤᠷᠪᠠ ᠶᠢ ᠪᠠᠲᠤᠯᠠᠬᠤ︾ ᠶᠢᠨ ᠨᠠᠭᠠᠲᠤ | ᠵᠠᠬ᠎ᠠ ᠶᠢᠨ ᠬᠤᠷᠢᠭ᠎ᠠ ᠱᠤᠭᠤᠮ ᠢ ᠦᠨᠡᠨᠬᠦ ᠪᠠᠲᠤ ᠪᠠᠬᠢ ᠪᠠᠲᠤᠯᠠᠨ᠎ᠠ᠃ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ | ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠬᠤ᠂ ᠪᠠᠲᠣᠯᠭ᠎ᠠ ᠲᠠᠢ ᠳᠠᠷᠣᠯᠲᠠ ᠲᠠᠢ ᠪᠠᠶᠢᠬᠤ ᠶᠢ | ᠪᠠᠷᠢᠮᠲᠠᠯᠠᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠦᠷᠭᠦᠯᠵᠢᠯᠡᠨ ᠲᠣᠬᠢᠷᠠᠭᠤᠯᠤᠨ | ᠰᠢᠯᠢᠳᠡᠭᠵᠢᠭᠦᠯᠵᠦ᠂ ᠵᠣᠭᠤᠰ ᠮᠦᠩᠬᠦ ᠶᠢ ᠵᠠᠩᠭᠢᠯᠠᠭ᠎ᠠ ᠶᠢᠨ ᠭᠠᠵᠠᠷ ᠲᠤ ᠨᠢ ᠬᠡᠷᠡᠭᠯᠡᠨ᠎ᠡ᠃ ᠨᠢᠭᠡ ᠳᠤ ᠨᠠᠮ ᠪᠠ | ᠵᠠᠰᠠᠭ ᠤᠨ ᠣᠷᠳᠣᠨ ᠤ ᠠᠷᠪᠢᠯᠠᠨ ᠭᠠᠮᠨᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠷᠢᠨ | ᠨᠢᠭᠲᠠ ᠲᠥᠯᠥᠪᠯᠡᠨ ᠪᠣᠳᠣᠵᠦ᠂ ᠠᠷᠪᠢᠯᠠᠨ ᠭᠠᠮᠨᠠᠵᠤ ᠠᠷᠠᠳ ᠢ ᠴᠢᠨᠡᠭᠡᠯᠢᠭᠵᠢᠭᠦᠯᠬᠦ ᠶᠢ ᠪᠠᠷᠢᠮᠲᠠᠯᠠᠨ᠂ ᠲᠥᠰᠥᠪ ᠤᠨ | ᠵᠠᠷᠤᠯᠭ᠎ᠠ ᠶᠢᠨ ᠪᠣᠭᠤᠮᠲᠠ ᠶᠢ ᠴᠢᠩᠭ᠎ᠠ ᠠᠳᠬᠤᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠴᠢᠩᠭ᠎ᠠ | ᠬᠢᠵᠠᠭᠠᠷᠯᠠᠵᠤ᠂ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠨ᠎ᠠ᠃ ᠬᠤᠶᠠᠷ ᠲᠤ ᠣᠷᠣᠯᠭ᠎ᠠ ᠵᠠᠷᠤᠯᠭ᠎ᠠ ᠶᠢᠨ | ᠵᠥᠷᠢᠴᠡᠯ ᠢ ᠰᠠᠨᠠᠭᠠᠴᠢᠯᠠᠭ᠎ᠠ ᠠᠴᠠ ᠪᠠᠨ ᠠᠷᠭᠠᠴᠠᠵᠤ᠂ ︽ᠭᠤᠷᠪᠠ ᠶᠢ ᠪᠠᠲᠤᠯᠠᠬᠤ︾ ᠶᠢ ᠣᠳᠣᠬᠠᠨ ᠤ | ᠭᠤᠣᠯᠳᠠᠯᠭ᠎ᠠ ᠲᠠᠢ ᠠᠵᠢᠯ ᠢᠶᠠᠨ ᠪᠣᠯᠭᠠᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢ ᠵᠦᠢ ᠵᠣᠬᠢᠰᠲᠠᠢ | ᠵᠣᠬᠢᠴᠠᠭᠤᠯᠬᠤ ᠪᠠ ᠲᠣᠬᠢᠷᠠᠭᠤᠯᠵᠤ᠂ ᠦᠨᠳᠦᠰᠦᠨ ᠠᠷᠠᠳ ᠤᠨ ᠠᠮᠢᠳᠤᠷᠠᠯ ᠤᠨ ᠵᠠᠷᠤᠯᠭ᠎ᠠ᠂ ᠴᠠᠯᠢᠩ ᠣᠯᠭᠤᠯᠲᠠ | ᠪᠠ ᠪᠠᠶᠢᠭᠤᠯᠤᠮᠵᠢ ᠶᠢᠨ ᠠᠵᠢᠯᠯᠠᠭᠠᠨ ᠢ ᠤᠷᠢᠳ ᠢᠶᠠᠷ ᠪᠠᠲᠤᠯᠠᠵᠤ᠂ ︽ᠭᠤᠷᠪᠠ ᠶᠢ ᠪᠠᠲᠤᠯᠠᠬᠤ︾ ᠵᠠᠷᠤᠯᠭ᠎ᠠ ᠳᠤ | ᠨᠣᠴᠢᠲᠠᠢ ᠳᠤᠲᠠᠭᠤᠳᠠᠯ ᠦᠯᠡᠳᠡᠭᠡᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠭᠤᠷᠪᠠ ᠳᠤ ᠨᠢᠭᠡᠳᠦᠯᠲᠡᠢ | ᠲᠥᠯᠥᠪᠯᠡᠨ ᠨᠡᠶᠢᠲᠡ ᠳᠤᠨᠢ ᠬᠠᠷᠠᠭᠠᠯᠵᠠᠵᠤ᠂ ᠭᠤᠣᠯᠳᠠᠯᠭ᠎ᠠ ᠶᠢ ᠲᠣᠪᠤᠶᠢᠯᠭᠠᠨ᠂ ᠬᠤᠰᠢᠭᠤᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠦᠵᠡᠭᠦᠯᠬᠦ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ᠃ | 3. ᠡᠳ᠋ ᠤᠨ ᠵᠠᠰᠠᠭ ᠭᠠᠶᠢᠯᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ | ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠢᠭᠡ ᠳ᠋ᠦᠲ᠋ᠥ᠋ᠰᠥᠪ ᠤᠨ | ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠳᠦᠷᠢᠮ ᠤᠨ ᠵᠢᠷᠤᠮᠵᠢᠯ ᠢ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠲᠠᠢ ᠨᠢᠭᠲᠠ | ᠤᠶᠠᠯᠳᠤᠭᠤᠯᠵᠤ᠂ ᠰᠢᠰᠲ᠋ᠧᠮᠵᠢᠭᠦᠯᠦᠭᠰᠡᠨ ᠰᠡᠳᠬᠢᠬᠦᠢ ᠶᠢᠨ ᠪᠦᠬᠦ ᠶᠠᠪᠤᠴᠠ ᠪᠠᠷ ᠲᠥᠰᠥᠪ ᠤᠨ ᠬᠠᠮᠢᠶᠠᠷᠤᠯᠲᠠ ᠶᠢᠨ | ᠡᠯ᠎ᠡ ᠭᠤᠭᠴᠤᠭ᠎ᠠ ᠶᠢᠨ ᠲᠤᠬᠠᠶᠢᠯᠠᠭᠰᠠᠨ ᠠᠵᠢᠯ ᠤᠨ ᠵᠢᠷᠤᠮᠵᠢᠯ ᠢ ᠡᠮᠬᠢᠯᠡᠨ ᠨᠡᠶᠢᠯᠡᠭᠦᠯᠵᠦ᠂ ᠳᠦᠷᠢᠮ ᠢ | ᠰᠢᠰᠲ᠋ᠧᠮ ᠳᠤ ᠰᠢᠭᠢᠳᠬᠡᠨ ᠣᠷᠣᠭᠤᠯᠬᠤ ᠪᠠᠷ ᠳᠠᠮᠵᠢᠭᠤᠯᠤᠨ ᠳᠦᠷᠢᠮ ᠤᠨ ᠬᠡᠷᠡᠭᠵᠢᠭᠦᠯᠬᠦ ᠬᠦᠴᠦᠨ ᠢ | ᠴᠢᠩᠭᠠᠳᠬᠠᠵᠤ᠂ ᠪᠠᠷᠢᠮᠵᠢᠶᠠᠵᠢᠭᠰᠠᠨ ᠰᠢᠨᠵᠢᠯᠡᠬᠦ ᠤᠬᠠᠭᠠᠨᠴᠢ᠂ ᠵᠢᠷᠤᠮᠵᠢᠯ ᠲᠠᠢ ᠢᠯᠡ ᠲᠣᠳᠣ᠂ ᠬᠢᠵᠠᠭᠠᠷᠯᠠᠯ ᠨᠢ | ᠬᠦᠴᠦᠲᠡᠢ ᠲᠥᠰᠥᠪ ᠤᠨ ᠳᠦᠷᠢᠮ ᠢ ᠲᠡᠭᠦᠯᠳᠡᠷᠵᠢᠭᠦᠯᠬᠦ ᠳᠤ ᠰᠠᠭᠤᠷᠢ ᠪᠠᠲᠤᠯᠠᠭ᠎ᠠ ᠬᠠᠩᠭᠠᠵᠤ᠂ ︽ᠵᠢᠷᠤᠮᠵᠢᠯ ᠲᠠᠢ᠂ | ᠠᠮᠤᠷ ᠲᠦᠪᠰᠢᠨ᠂ ᠥᠨᠳᠥᠷ ᠪᠦᠲᠦᠮᠵᠢᠲᠡᠶ︾ ᠡᠳ᠋ ᠤᠨ ᠵᠠᠰᠠᠭ ᠤᠨ ᠪᠡᠯᠡ ᠮᠥᠩᠭᠦ ᠶᠢᠨ ᠠᠵᠢᠯᠯᠠᠭᠠᠨ ᠤ | ᠰᠢᠰᠲ᠋ᠧᠮ ᠢ ᠪᠠᠶᠢᠭᠤᠯᠤᠨ᠎ᠠ᠃ ᠬᠤᠶᠠᠷ ᠲᠤ ᠡᠳ᠋ ᠤᠨ ᠵᠠᠰᠠᠭ ᠤᠨ ᠪᠡᠯᠡ ᠮᠥᠩᠭᠦ ᠶᠢᠨ ᠵᠠᠷᠤᠯᠭ᠎ᠠ ᠶᠢᠨ ᠦᠷ᠎ᠡ | ᠪᠦᠲᠦᠮᠵᠢ ᠶᠢᠨ ᠦᠨᠡᠯᠡᠯᠲᠡ ᠶᠢ ᠦᠷᠭᠦᠯᠵᠢᠯᠡᠨ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠮᠥᠷᠳᠡᠨ | ᠪᠠᠶᠢᠴᠠᠭᠠᠬᠤ ᠬᠠᠷᠢᠭᠤᠴᠠᠯᠭ᠎ᠠ ᠨᠡᠬᠡᠮᠵᠢᠯᠡᠬᠦ ᠪᠠ ᠰᠢᠢᠳᠪᠦᠷᠢᠲᠦ ᠪᠣᠳᠣᠯᠭ᠎ᠠ ᠶᠢᠨ ᠮᠡᠳᠡᠭᠡ ᠵᠠᠩᠭᠢ ᠶᠢᠨ ᠬᠠᠷᠢᠭᠤ | ᠲᠤᠰᠬᠠᠬᠤ ᠦᠢᠯᠡᠳᠦᠯ ᠢ ᠪᠡᠶᠡᠯᠡᠭᠦᠯᠦᠨ᠎ᠡ᠃ ᠶᠠᠪᠣᠴᠠ ᠶᠢᠨ ᠣᠷᠢᠳ ᠦᠨᠡᠯᠡᠨ ᠵᠢᠱᠢᠯᠲᠡ ᠲᠠᠢ ᠪᠠᠶᠢᠬᠤ᠂ ᠶᠠᠪᠣᠴᠠ | ᠶᠢᠨ ᠳᠤᠮᠳᠠ ᠬᠢᠨᠠᠨ ᠡᠵᠡᠮᠳᠡᠯ ᠲᠠᠢ ᠪᠠᠶᠢᠬᠤ ᠪᠠ ᠶᠠᠪᠣᠴᠠ ᠶᠢᠨ ᠲᠠᠷᠠᠭ᠎ᠠ ᠦᠨᠡᠯᠡᠨ ᠳ᠋ᠦᠩᠨᠡᠯᠲᠡ ᠲᠠᠢ ᠪᠠᠶᠢᠬᠤ | ᠠᠵᠢᠯ ᠤᠨ ᠭᠤᠭᠴᠤᠭ᠎ᠠ ᠶᠢ ᠪᠡᠶᠡᠯᠡᠭᠦᠯᠵᠦ᠂ ᠲᠥᠰᠥᠪ ᠢ ᠨᠠᠶᠢᠷᠠᠭᠤᠯᠤᠨ ᠵᠣᠬᠢᠶᠠᠬᠤ ᠳᠤ ᠬᠠᠷᠠᠯᠲᠠ ᠲᠠᠢ᠂ ᠲᠥᠰᠥᠪ ᠢ | ᠭᠦᠢᠴᠡᠳᠬᠡᠬᠦ ᠳᠤ ᠬᠢᠨᠠᠨ ᠡᠵᠡᠮᠳᠡᠯ ᠲᠠᠢ᠂ ᠲᠥᠰᠥᠪ ᠢ ᠪᠡᠶᠡᠯᠡᠭᠦᠯᠬᠦ ᠳᠤ ᠦᠨᠡᠯᠡᠯᠲᠡ ᠲᠠᠢ᠂ ᠦᠨᠡᠯᠡᠯᠲᠡ ᠶᠢᠨ ᠦᠷ᠎ᠡ | ᠳ᠋ᠦᠩ ᠬᠠᠷᠢᠭᠤ ᠲᠤᠰᠬᠠᠯ ᠲᠠᠢ᠂ ᠬᠠᠷᠢᠭᠤ ᠲᠤᠰᠬᠠᠯ ᠤᠨ ᠦᠷ᠎ᠡ ᠳ᠋ᠦᠩ ᠬᠡᠷᠡᠭᠯᠡᠯᠲᠡ ᠲᠠᠢ ᠪᠠᠶᠢᠬᠤ ᠪᠣᠯᠭᠠᠨ᠎ᠠ᠃ | ᠭᠤᠷᠪᠠ ᠳᠤ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠡᠯᠡ ᠮᠥᠩᠭᠦ ᠲᠣᠰᠢᠶᠠᠨ ᠥᠭᠬᠦ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ᠂ | ᠨᠢᠭᠲᠠᠯᠠᠨ ᠪᠤᠳᠤᠬᠤ ᠲᠣᠭᠠᠴᠠᠭ᠎ᠠ ᠬᠢᠬᠦ᠂ ᠡᠳ᠋ ᠤᠨ ᠶᠠᠪᠤᠳᠠᠯ ᠤᠨ ᠮᠡᠳᠡᠭᠦᠯᠦᠯᠲᠡ ᠬᠢᠬᠦ ᠵᠡᠷᠭᠡ ᠲᠤᠬᠠᠶᠢᠯᠠᠭᠰᠠᠨ | ᠠᠵᠢᠯ ᠲᠠᠢ ᠪᠦᠲᠦᠮᠵᠢᠲᠡᠶ ᠪᠠᠷ ᠵᠣᠯᠭᠠᠭᠤᠯᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠲᠥᠰᠥᠪ ᠤᠨ | ᠬᠠᠮᠢᠶᠠᠷᠤᠯᠲᠠ ᠶᠢᠨ ᠶᠠᠪᠤᠴᠠ ᠶᠢ ᠬᠥᠳᠡᠯᠦᠩᠭᠦᠢ ᠪᠠᠷ ᠲᠤᠰᠬᠠᠬᠤ ᠪᠠ ᠪᠦᠲᠦᠮᠵᠢᠲᠡᠶ ᠪᠠᠷ ᠬᠢᠨᠠᠨ ᠡᠵᠡᠮᠳᠡᠬᠦ ᠶᠢ | ᠪᠡᠶᠡᠯᠡᠭᠦᠯᠦᠨ᠎ᠡ᠃ ᠳᠥᠷᠪᠡ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ | ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ | ᠺᠣᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠬᠥᠷᠥᠩᠭᠡ ᠶᠢᠨ ᠪᠠᠶᠢᠷᠢᠰᠢᠯ ᠪᠠ | ᠪᠦᠲᠦᠴᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠠᠮ ᠤᠨ ᠱᠤᠭᠤᠮ ᠴᠢᠭᠯᠡᠯᠲᠡ ᠲᠦᠷᠦ ᠶᠢᠨ | ᠪᠣᠳᠣᠯᠭ᠎ᠠ ᠶᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ | ᠬᠦ ᠪᠠᠲᠣᠯᠠᠨ᠎ᠠ᠃ | 4. ᠭᠤᠣᠯᠳᠠᠯᠭ᠎ᠠ ᠲᠠᠢ ᠬᠦᠷᠢᠶ᠎ᠡ ᠴᠡᠷ᠎ᠡ ᠶᠢ ᠪᠠᠲᠤᠯᠠᠵᠤ᠂ ᠨᠡᠶᠢᠭᠡᠮ ᠤᠨ ᠦᠢᠯᠡᠰ ᠤᠨ ᠡᠶ᠎ᠡ ᠵᠣᠬᠢᠴᠠᠯ ᠲᠠᠢ | ᠬᠥᠭᠵᠢᠯᠲᠡ ᠶᠢ ᠠᠬᠢᠭᠤᠯᠤᠨ᠎ᠠ᠃ ᠨᠢᠭᠡ ᠳᠤ ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠶᠢ ᠪᠦᠬᠦ ᠲᠠᠯ᠎ᠠ ᠪᠠᠷ | ᠠᠮᠢᠳᠤᠯᠢᠭ ᠪᠣᠯᠭᠠᠨ ᠡᠮᠬᠢᠯᠡᠨ ᠨᠡᠶᠢᠯᠡᠭᠦᠯᠵᠦ᠂ ᠪᠡᠯᠡ ᠮᠥᠩᠭᠦᠨ ᠤ ᠳᠡᠮᠵᠢᠯᠭᠡ ᠪᠠᠴᠢᠮ ᠱᠠᠭᠠᠷᠳᠠᠭᠳᠠᠵᠤ ᠪᠠᠶᠢᠭ᠎ᠠ | ᠪᠤᠰᠤᠳ ᠬᠦᠷᠢᠶᠡᠨ ᠳᠤ ᠬᠡᠷᠡᠭᠯᠡᠵᠦ᠂ ᠡᠳ᠋ ᠤᠨ ᠵᠠᠰᠠᠭ ᠤᠨ ᠪᠡᠯᠡ ᠮᠥᠩᠭᠦᠨ ᠤ ᠡᠬᠢ ᠪᠠᠶᠠᠯᠢᠭ ᠢ ᠨᠢᠭᠡᠳᠦᠯᠲᠡᠢ | ᠲᠥᠯᠥᠪᠯᠡᠬᠦ ᠴᠢᠳᠠᠪᠤᠷᠢ ᠪᠠ ᠦᠷ᠎ᠡ ᠠᠰᠢᠭ ᠢ ᠳᠡᠭᠡᠭᠰᠢᠯᠡᠭᠦᠯᠵᠦ᠂ ᠬᠦᠴᠦᠨ ᠢᠶᠠᠨ ᠲᠥᠪᠯᠡᠷᠡᠭᠦᠯᠦᠨ ᠲᠣᠮᠣ ᠶᠠᠪᠤᠳᠠᠯ ᠢ | ᠪᠦᠲᠦᠭᠡᠨ᠎ᠡ᠃ ᠬᠤᠶᠠᠷ ᠲᠤ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠪᠠ ᠭᠤᠣᠯᠳᠠᠯᠭ᠎ᠠ ᠲᠠᠢ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠶᠢ ᠦᠨᠡᠨ ᠬᠦ ᠪᠠᠲᠤᠯᠠᠵᠤ᠂ ᠬᠤᠳᠠ | ᠬᠥᠳᠡᠭᠡ ᠣᠷᠣᠨ ᠪᠦᠰᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ | ᠳᠤᠲᠠᠭᠤᠳᠠᠯ ᠢ ᠨᠥᠬᠦᠪᠦᠷᠢᠯᠡᠨ᠎ᠡ᠃ ᠭᠤᠷᠪᠠ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ | ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠶᠢ ᠴᠢᠩᠭ᠎ᠠ | ᠴᠡᠭᠡᠷᠯᠡᠵᠦ᠂ ᠥᠷᠢ ᠥᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠵᠤ᠂ ᠥᠷᠢ ᠥᠭᠴᠡᠭᠡ ᠶᠢᠨ ᠬᠤᠷᠠᠮᠳᠣᠯ ᠢ | ᠯᠠᠪᠳᠠᠭᠤᠨ ᠢᠶᠠᠷ ᠰᠢᠢᠳᠪᠦᠷᠢᠯᠡᠵᠦ᠂ ᠲᠥᠰᠥᠪ ᠢ ᠲᠣᠬᠢᠷᠠᠭᠤᠯᠬᠤ᠂ ᠦᠯᠡᠳᠡᠭᠡᠯ ᠡᠳ᠋ ᠬᠥᠷᠥᠩᠭᠡ ᠶᠢ | ᠠᠮᠢᠳᠤᠯᠢᠭᠵᠢᠭᠤᠯᠬᠤ᠂ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠶᠢ ᠴᠡᠭᠴᠡᠯᠡᠬᠦ ᠵᠡᠷᠭᠡ ᠠᠷᠭ᠎ᠠ | ᠬᠡᠮᠵᠢᠶ᠎ᠡ ᠶᠢ ᠶᠡᠷᠦᠩᠬᠡᠶᠢᠯᠡᠨ ᠬᠡᠷᠡᠭᠵᠢᠭᠦᠯᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠳᠠᠷᠤᠯᠲᠠ ᠶᠢ ᠤᠯᠠᠨ | ᠠᠷᠭ᠎ᠠ ᠵᠠᠮ ᠢᠶᠠᠷ ᠬᠦᠩᠭᠡᠷᠡᠭᠦᠯᠦᠨ᠂ 2023 ᠣᠨ ᠤ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ | ᠠᠷᠢᠯᠭᠠᠬᠤ ᠡᠭᠦᠷᠭᠡ ᠶᠢ ᠪᠡᠶᠡᠯᠡᠭᠦᠯᠬᠦ ᠪᠠᠷ ᠴᠢᠷᠮᠠᠶᠢᠨ᠎ᠠ᠃ | 2023 ᠪᠣᠯ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠡᠬᠢᠯᠡᠯᠲᠡ ᠶᠢᠨ ᠵᠢᠯ ᠮᠥᠨ᠃ | ᠡᠨᠡ ᠵᠢᠯ ᠤᠨ ᠡᠳ᠋ ᠤᠨ ᠵᠠᠰᠠᠭ ᠤᠨ ᠠᠵᠢᠯ ᠢ ᠰᠠᠶᠢᠲᠤᠷ ᠬᠢᠬᠦ ᠳᠤ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ | ᠬᠦᠨᠳᠦ ᠶᠡᠭᠡ ᠪᠠᠶᠢᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠪᠣᠯᠣᠨ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠳᠣᠣᠷ᠎ᠠ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ | ᠡᠳ᠋ ᠤᠨ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠵᠤ᠂ ᠨᠠᠩ ᠥᠷᠭᠡᠨ ᠳᠡᠯᠭᠡᠷ ᠰᠡᠳᠬᠢᠴᠡ᠂ ᠨᠠᠩ ᠪᠦᠲᠦᠮᠵᠢᠲᠡᠶ | ᠠᠷᠭ᠎ᠠ ᠬᠡᠮᠵᠢᠶ᠎ᠡ᠂ ᠨᠠᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ | ᠵᠦᠢᠯ ᠤᠨ ᠡᠳ᠋ ᠤᠨ ᠵᠠᠰᠠᠭ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠥᠬᠦ ᠬᠤᠰᠢᠭᠤᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠨ᠎ᠠ᠃ | | |