ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠲᠦ ᠡᠳᠦᠷ ᠤᠨ ᠬᠤᠭᠤᠴᠠᠭᠠᠨ ᠳᠤ ︽ᠳᠡᠭᠳᠡᠭᠦᠷ ᠳ᠋ᠧᠩᠯᠤ︾ ᠠᠰᠠᠭᠠᠬᠤ ᠶᠢ ᠴᠠᠭᠠᠵᠠᠯᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2023/2/8
ᠥᠷᠭᠡᠨ ᠣᠯᠠᠨ ᠲᠦᠮᠡᠨ ᠳᠤ᠄        ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠲᠦ ᠡᠳᠦᠷ ᠬᠦᠷᠴᠦ ᠢᠷᠡᠬᠦ ᠲᠠᠰᠢᠷᠠᠮ ᠳᠤ᠂ ︽ᠳᠡᠭᠳᠡᠭᠦᠷ ᠳ᠋ᠧᠩᠯᠤ︾ ︵ᠪᠠᠰᠠ ︽ᠺᠥᠩ ᠮᠢᠩ ᠳ᠋ᠧᠩ︾᠂ ︽ᠲᠡᠭᠷᠢ ᠶᠢᠨ ᠳ᠋ᠧᠩ︾᠂ ︽ᠬᠦᠰᠡᠯ ᠢᠶᠠᠨ ᠳᠠᠭᠠᠳᠬᠠᠬᠤ ᠳ᠋ᠧᠩ︾ ᠭᠡᠳᠡᠭ︶ ᠠᠰᠠᠭᠠᠬᠤ ᠠᠴᠠ ᠪᠣᠯᠤᠭᠰᠠᠨ ᠠᠮᠤᠷ ᠲᠦᠪᠰᠢᠨ ᠤ ᠬᠡᠮ ᠰᠣᠭᠤᠭ ᠢ ᠠᠷᠢᠯᠭᠠᠵᠤ᠂ ᠡᠯ᠎ᠡ ᠲᠦᠷᠦᠯ ᠤᠨ ᠠᠳᠡᠯ ᠡᠭᠦᠰᠬᠦ ᠶᠢ ᠰᠡᠷᠭᠡᠶᠢᠯᠡᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠴᠠᠭᠠᠨ ᠰᠠᠷ᠎ᠠ ᠶᠢᠨ ᠠᠷᠪᠠᠨ ᠲᠠᠪᠤᠨ ᠶᠢᠨ ᠦᠯᠵᠡᠶᠢᠲᠦ ᠡᠳᠦᠷ ᠤᠨ ᠬᠤᠭᠤᠴᠠᠭᠠᠨ ᠳᠤ ᠪᠥᠬᠦ ᠬᠤᠰᠢᠭᠤᠨ ᠤ ᠬᠡᠪᠴᠢᠶᠡᠨ ᠳᠤ ︽ᠳᠡᠭᠳᠡᠭᠦᠷ ᠳ᠋ᠧᠩᠯᠤ︾ ᠠᠰᠠᠭᠠᠬᠤ ᠶᠢ ᠴᠠᠭᠠᠵᠠᠯᠠᠬᠤ ᠪᠠᠷ ᠲᠣᠭᠲᠠᠪᠠ᠂ ᠣᠲᠣ ᠲᠠᠷᠠᠭᠠᠬᠢ ᠮᠡᠲᠦ ᠮᠡᠳᠡᠭᠳᠡᠶ᠎ᠡ᠄        ᠨᠢᠭᠡ᠂ ᠤᠬᠠᠮᠰᠠᠷ ᠠᠴᠠ ᠪᠠᠨ ︽ᠳᠡᠭᠳᠡᠭᠦᠷ ᠳ᠋ᠧᠩᠯᠤ︾ ᠬᠤᠳᠠᠯᠳᠤᠨ ᠠᠪᠬᠤ ᠦᠭᠡᠶ᠂ ᠠᠰᠠᠭᠠᠬᠤ ᠦᠭᠡᠶ ᠪᠠᠶᠢᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠶ᠃ ︽ᠳᠡᠭᠳᠡᠭᠦᠷ ᠳ᠋ᠧᠩᠯᠤ︾ ᠪᠣᠯ ᠲᠣᠭᠲᠠᠪᠤᠷᠢ ᠦᠭᠡᠢ ᠢᠯᠡ ᠭᠠᠯ ᠮᠥᠨ᠂ ᠰᠢᠲᠠᠬᠤ ᠶᠠᠪᠤᠴᠠ ᠳᠠᠭᠠᠨ ᠰᠠᠯᠬᠢᠨ ᠤ ᠬᠤᠷᠳᠤᠴᠠ ᠪᠠ ᠠᠭᠠᠷ ᠤᠨ ᠤᠷᠤᠰᠬᠠᠯ ᠤᠨ ᠨᠥᠯᠥᠭᠡ ᠶᠢ ᠬᠦᠷᠲᠡᠵᠦ᠂ ᠰᠢᠲᠠᠮᠠᠬᠠᠢ ᠪᠤᠳᠠᠰ ᠠᠮᠠᠷᠬᠠᠨ ᠭᠤᠭᠤᠵᠢᠬᠤ ᠪᠤᠶᠤ ᠳ᠋ᠧᠩ ᠤᠨ ᠪᠦᠷᠬᠦᠭᠦᠯ  ᠢ ᠨᠣᠴᠣᠭᠠᠳᠠᠭ᠂ ᠬᠡᠷᠪᠡ ᠥᠨᠳᠥᠷ ᠳᠠᠷᠤᠯᠲᠠᠲᠤ ᠴᠠᠬᠢᠯᠭᠠᠨ ᠬᠠᠩᠭᠠᠬᠤ ᠲᠥᠬᠦᠭᠡᠷᠦᠮᠵᠢ᠂ ᠮᠡᠳᠡᠭᠡ ᠬᠤᠯᠪᠣᠭᠠᠨ ᠤ ᠲᠥᠬᠦᠭᠡᠷᠦᠮᠵᠢ᠂ ᠲᠣᠰᠣ ᠨᠡᠮᠡᠬᠦ ᠥᠷᠲᠡᠭᠡ᠂ ᠰᠢᠩᠭᠡᠵᠢᠮᠡᠯ ᠬᠡᠢ ᠶᠢᠨ ᠥᠷᠲᠡᠭᠡ᠂ ᠲᠣᠰᠣᠨ ᠤ ᠬᠥᠮᠥᠷᠭᠡ᠂ ᠡᠪᠡᠰᠦᠲᠦ ᠲᠠᠯ᠎ᠠ᠂ ᠡᠪᠡᠰᠦᠨ ᠣᠪᠣᠭ᠎ᠠ ᠵᠡᠷᠭᠡ ᠰᠢᠲᠠᠮᠠᠬᠠᠶ ᠪᠣᠳᠠᠰ ᠨᠡᠯᠢᠶᠡᠳ ᠠᠷᠪᠢᠨ ᠭᠠᠵᠠᠷ ᠲᠤ ᠤᠨᠠᠬᠤ ᠳᠤ ᠬᠦᠷᠪᠡᠯ ᠠᠮᠠᠷᠬᠠᠨ ᠭᠠᠯ ᠤᠨ ᠠᠶᠤᠯ ᠡᠭᠦᠰᠭᠡᠵᠦ᠂ ᠬᠥᠮᠦᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠬᠤᠬᠢᠷᠠᠬᠤ ᠤᠴᠢᠷ ᠠᠴᠠ᠂ ᠥᠷᠭᠡᠨ ᠣᠯᠠᠨ ᠲᠦᠮᠡᠨ ᠤᠬᠠᠮᠰᠠᠷ ᠠᠴᠠ ᠪᠠᠨ ᠬᠤᠪᠢ ᠬᠥᠮᠦᠨ ᠤ ᠦᠢᠯᠡ ᠠᠵᠢᠯᠯᠠᠭ᠎ᠠ  ᠪᠠᠨ ᠵᠢᠷᠤᠮᠵᠢᠭᠤᠯᠵᠤ᠂ ︽ᠳᠡᠭᠳᠡᠭᠦᠷ ᠳ᠋ᠧᠩᠯᠤ︾ ᠬᠤᠳᠠᠯᠳᠤᠨ ᠠᠪᠬᠤ ᠦᠭᠡᠢ᠂ ᠠᠰᠠᠭᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃        ᠬᠤᠶᠠᠷ᠂ ᠴᠢᠩᠭ᠎ᠠ ᠬᠠᠮᠢᠶᠠᠷᠴᠤ᠂ ᠬᠠᠤᠯᠢ ᠶᠣᠰᠣᠭᠠᠷ ᠪᠠᠶᠢᠴᠠᠭᠠᠨ ᠰᠢᠳᠬᠡᠵᠦ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠰᠣᠭᠤᠭ ᠢ ᠡᠷᠡᠰ ᠠᠷᠢᠯᠭᠠᠬᠤ ᠬᠡᠷᠡᠭᠲᠡᠶ᠃ ᠴᠠᠭᠠᠨ ᠰᠠᠷ᠎ᠠ ᠶᠢᠨ ᠠᠷᠪᠠᠨ ᠲᠠᠪᠤᠨ ᠤ ᠦᠯᠵᠡᠶᠢᠲᠦ ᠡᠳᠦᠷ ᠤᠨ ᠬᠤᠭᠤᠴᠠᠭᠠᠨ ᠳᠤ᠂ ᠡᠯ᠎ᠡ ᠬᠠᠮᠢᠶ᠎ᠠ ᠪᠦᠬᠦᠢ ᠬᠠᠷᠢᠭᠤᠴᠠᠯᠭᠠᠳᠤ ᠰᠠᠯᠠᠭ᠎ᠠ ᠮᠥᠴᠢᠷ ᠪᠥᠬᠦ ᠬᠤᠰᠢᠭᠤᠨ ᠤ ᠬᠥᠮᠦᠨ ᠬᠠᠷ᠎ᠠ ᠲᠥᠪᠯᠡᠷᠡᠳᠡᠭ ᠡᠯ᠎ᠡ ᠲᠠᠯᠠᠪᠤᠷ ᠲᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠤᠨᠴᠠᠭᠠᠶᠢᠯᠠᠨ ᠬᠡᠷ ᠤᠨ ᠭᠠᠳᠠᠨ᠎ᠠ ᠪᠠᠨ ᠶᠡᠭᠡ ᠬᠡᠮᠵᠢᠶᠡᠨ ᠤ ᠰᠢᠲᠠᠮᠠᠬᠠᠶ ᠪᠣᠳᠠᠰ ᠬᠠᠳᠠᠭᠠᠯᠠᠵᠤ᠂ ᠭᠠᠯ ᠤᠨ ᠠᠶᠤᠯ ᠠᠮᠠᠷᠬᠠᠨ ᠡᠭᠦᠰᠬᠦ ᠭᠠᠵᠠᠷ ᠲᠤ ᠪᠦᠲᠦᠮᠵᠢᠲᠡᠶ ᠠᠷᠭ᠎ᠠ ᠠᠪᠴᠠᠯ ᠠᠪᠴᠤ᠂ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠡᠯ᠎ᠡ ᠲᠥᠷᠥᠯ ᠤᠨ ᠠᠳᠡᠯ ᠡᠭᠦᠰᠬᠦ ᠪᠤᠯᠤᠮᠵᠢ ᠲᠠᠢ ᠳᠠᠯᠳᠠ ᠬᠡᠮ ᠰᠣᠭᠤᠭ ᠢ ᠦᠨᠡᠨᠬᠦ ᠠᠷᠢᠯᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ  ᠠᠴᠠ ︽ᠳᠡᠭᠳᠡᠭᠦᠷ ᠳ᠋ᠧᠩᠯᠤ︾ ᠠᠰᠠᠭᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠤᠯᠤᠨ᠎ᠠ᠃ ︽ᠳᠡᠭᠳᠡᠭᠦᠷ ᠳ᠋ᠧᠩᠯᠤ︾ ᠶᠢ ᠬᠠᠤᠯᠢ ᠪᠤᠰᠤ ᠪᠠᠷ ᠪᠣᠷᠣᠯᠠᠭᠤᠯᠤᠨ ᠬᠤᠳᠠᠯᠳᠤᠭᠰᠠᠨ᠂ ᠠᠰᠠᠭᠠᠭᠰᠠᠨ ᠮᠥᠷᠲᠡᠭᠡᠨ ᠬᠠᠮᠢᠶᠠᠷᠤᠯᠲᠠ ᠶᠢ ᠳᠠᠭᠠᠬᠤ ᠦᠭᠡᠶ᠂ ᠠᠵᠢᠯᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠠᠷᠰᠢᠯᠠᠭᠰᠠᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠵᠦ᠂ ᠳᠡᠭᠳᠡᠭᠦᠷ ᠳ᠋ᠧᠩᠯᠤ ᠠᠰᠠᠭᠠᠭᠰᠠᠨ  ᠠᠴᠠ ᠪᠣᠯᠵᠤ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠭᠠᠭᠰᠠᠨ ᠬᠠᠮᠢᠶ᠎ᠠ ᠪᠦᠬᠦᠢ ᠬᠦᠮᠦᠰ ᠠᠴᠠ ᠬᠠᠤᠯᠢ ᠶᠣᠰᠣᠭᠠᠷ ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠭᠤᠷᠪᠠ᠂ ᠥᠷᠭᠡᠨ ᠣᠯᠠᠨ ᠲᠦᠮᠡᠨ ᠳᠡᠭᠳᠡᠭᠦᠷ ᠳ᠋ᠧᠩᠯᠤ ᠶᠢ ᠬᠠᠤᠯᠢ ᠪᠤᠰᠤ ᠪᠠᠷ ᠪᠣᠷᠣᠯᠠᠭᠤᠯᠤᠭᠰᠠᠨ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠶ ᠢᠯᠡᠴᠢᠯᠡᠨ ᠮᠡᠳᠡᠭᠦᠯᠬᠦ ᠬᠡᠷᠡᠭᠲᠡᠶ᠂ ᠢᠯᠡᠴᠢᠯᠡᠨ ᠮᠡᠳᠡᠭᠦᠯᠬᠦ ᠤᠲᠠᠰᠤ᠄ ᠬᠤᠰᠢᠭᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 110᠂ 0476 — 7235829᠃        ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ᠃                            ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                                     2023 ᠣᠨ ᠤ 2 ᠰᠠᠷ᠎ᠠ ᠶᠢᠨ 3 ᠤ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号