2022 ᠣᠨ ᠤ ᠤᠯᠤᠰ ᠠᠷᠠᠳ ᠤᠨ ᠠᠵᠤ ᠠᠬᠤᠶ ᠪᠣᠯᠣᠨ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2023 ᠣᠨ ᠤ ᠤᠯᠤᠰ ᠠᠷᠠᠳ ᠤᠨ ᠠᠵᠤ | ᠠᠬᠤᠶ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠲᠣᠬᠠᠢ ᠮᠡᠳᠡᠭᠦᠯᠦᠯᠲᠡ | | | — 2023 ᠤᠨ ᠤ 1ᠰᠠᠷ᠎ᠠ ᠶᠢᠨ 31 ᠤ ᠡᠳᠦᠷ ᠠᠷᠦ ᠬᠤᠷᠴᠢᠨ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ | ᠳᠡᠬᠡᠷ᠎ᠡ | | | ᠲᠥᠯᠥᠭᠡᠯᠡᠭᠴᠢᠳ ᠡ᠄ | ᠬᠤᠰᠢᠭᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠡᠳᠦᠭᠡ 2022 ᠣᠨ ᠤ ᠤᠯᠤᠰ | ᠠᠷᠠᠳ ᠤᠨ ᠠᠵᠤ ᠠᠬᠤᠶ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ | ᠵᠢᠴᠢ 2023 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ | ︵ᠲᠥᠰᠦᠯ︶ ᠶᠢ ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠬᠢᠨᠠᠨ | ᠵᠥᠪᠯᠡᠭᠦᠯᠬᠦ ᠶᠢᠨ ᠬᠠᠮᠲᠤ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠬᠤᠷᠠᠯ ᠳᠤ ᠰᠤᠯᠠ | ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃ | ᠨᠢᠭᠡ᠂ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ | 2022 ᠣᠨ ᠳᠤ᠂ ᠬᠤᠰᠢᠭᠤ ᠳᠠᠶᠠᠭᠠᠷ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ | ᠤᠳᠠᠭ᠎ᠠ ᠪᠦᠷᠢ ᠶᠢᠨ ᠪᠦᠬᠦᠳᠠ ᠬᠤᠷᠠᠯ ᠪᠣᠯᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ | ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠶᠡᠷᠦᠩᠬᠡᠢ ᠱᠠᠭᠠᠷᠳᠠᠯᠭ᠎ᠠ ᠶᠢ ᠡᠷᠡᠰ | ᠲᠤᠤᠱᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠠᠵᠢᠯ ᠢ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠦᠨ᠂ ᠬᠥᠭᠵᠢᠯᠲᠡ ᠪᠣᠯᠤᠨ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ ᠵᠢᠷᠭᠤᠭ᠎ᠠ ᠶᠢ ᠪᠠᠲᠤᠯᠠᠬᠤ︾ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠢ ᠶᠢᠨ ᠬᠥᠭᠵᠢᠯᠲᠡ ᠶᠢ ᠲᠣᠭᠲᠠᠭᠤᠨ ᠤ ᠳᠤᠮᠳᠠ ᠰᠠᠶᠢᠵᠢᠷᠠᠭᠤᠯᠵᠤ᠂ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠪᠠ᠃ ᠪᠥᠬᠦ ᠬᠤᠰᠢᠭᠤᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 110.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ 4.1% ᠪᠠᠷ | ᠨᠡᠮᠡᠭᠳᠡᠭᠦᠯᠪᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3.82 ᠳ᠋ᠦᠩᠰᠢᠭᠤᠷ ᠲᠥᠭᠦᠷᠢᠭ | ᠪᠡᠶᠡᠯᠡᠭᠦᠯᠵᠦ᠂ 3.66% ᠪᠠᠷ ᠨᠡᠮᠡᠭᠳᠡᠭᠦᠯᠪᠡ︔ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ 31.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ 14.3% ᠢᠶᠠᠷ ᠨᠡᠮᠡᠭᠳᠡᠭᠦᠯᠪᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ 29.26 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 0.9% ᠪᠠᠷ ᠨᠡᠮᠡᠭᠳᠡᠭᠦᠯᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 33062 ᠲᠥᠭᠦᠷᠢᠭ ᠪᠡᠶᠡᠯᠡᠭᠦᠯᠵᠦ᠂ | 6.5% ᠪᠠᠷ ᠨᠡᠮᠡᠭᠳᠡᠭᠦᠯᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 14124 ᠲᠥᠭᠦᠷᠢᠭ ᠪᠡᠶᠡᠯᠡᠭᠦᠯᠵᠦ᠂ 9% ᠪᠠᠷ | ᠨᠡᠮᠡᠭᠳᠡᠭᠦᠯᠪᠡ᠃ | ︵ᠨᠢᠭᠡ︶ ᠬᠦᠴᠢᠷ ᠪᠡᠷᠬᠡ ᠶᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠬᠤ ᠡᠭᠦᠷᠭᠡ ᠬᠠᠷᠢᠭᠤᠴᠠᠯᠭ᠎ᠠ ᠪᠠᠨ | ᠪᠠᠲᠤ ᠰᠠᠬᠢᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠴᠢᠳᠠᠪᠬᠢ ᠶᠢᠨ ᠲᠡᠰ ᠢ ᠨᠡᠩ ᠶᠡᠭᠡ ᠡᠷᠴᠢᠮ ᠢᠶᠠᠷ | ᠪᠤᠵᠠᠭᠠᠶᠢᠷᠠᠭᠤᠯᠪᠠ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠮᠵᠢᠶ᠎ᠡ ᠶᠢ | ᠨᠡᠮᠡᠭᠳᠡᠭᠦᠯᠪᠡ᠃ ︽ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠳᠤ ᠭᠠᠵᠠᠷ ᠰᠢᠷᠣᠢ ᠶᠢ ᠲᠣᠭᠲᠠᠪᠤᠷᠢᠵᠢᠭᠤᠯᠬᠤ᠂ | ᠠᠮᠤ ᠪᠤᠳᠠᠭᠠᠨ ᠤ ᠦᠢᠯᠡᠳᠪᠦᠷᠢᠯᠡᠯ ᠤᠨ ᠬᠦᠴᠦᠨ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ | ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ 12.5 ᠲᠦᠮᠡᠨ ᠮᠥ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ | ᠰᠢᠨ᠎ᠡ ᠪᠠᠷ ᠨᠡᠮᠡᠭᠳᠡᠭᠦᠯᠦᠨ᠂ ᠪᠥᠬᠦ ᠬᠤᠰᠢᠭᠤᠨ ᠤ ᠲᠠᠷᠢᠮᠠᠯ ᠤᠨ ᠲᠠᠯᠠᠪᠠᠶ ᠶᠢ 328 ᠲᠦᠮᠡᠨ ᠮᠥ ᠪᠡᠶᠡᠯᠡᠭᠦᠯᠵᠦ᠂ | ᠠᠮᠤ ᠪᠤᠳᠠᠭᠠᠨ ᠤ ᠵᠢᠯ ᠤᠨ ᠤᠨᠠᠯᠲᠠ ᠶᠢ 10 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠪᠠ᠃ | ᠲᠡᠵᠢᠭᠡᠨ ᠦᠷᠡᠵᠢᠭᠦᠯᠬᠦ ᠦᠢᠯᠡᠰ ᠲᠠᠰᠤᠷᠠᠯᠲᠠ ᠥᠬᠡᠶ ᠬᠥᠭᠵᠢᠵᠦ᠂ ᠲᠣᠮᠣ ᠬᠡᠯᠪᠡᠷᠢ ᠶᠢᠨ ᠲᠡᠵᠢᠭᠡᠨ ᠦᠷᠡᠵᠢᠭᠦᠯᠬᠦ | ᠠᠵᠤ ᠠᠬᠤᠶᠢᠯᠠᠯ 5 ᠪᠣᠯᠵᠣ᠂ ᠣᠣ ᠶᠠ ᠪᠦᠯᠦᠭᠯᠡᠯ ᠤᠨ ᠶᠢᠰᠦᠳᠡᠬᠢ ᠣᠲᠣ ᠦᠶ᠎ᠡ ᠶᠢᠨ ᠮᠠᠯᠵᠢᠯ ᠤᠨ ᠲᠠᠯᠠᠪᠠᠶ ᠠᠷᠤ | ᠬᠤᠷᠴᠢᠨ ᠬᠤᠰᠢᠭᠤᠨ ᠳᠤ ᠰᠠᠭᠤᠷᠢᠰᠢᠵᠤ᠂ ᠶᠢᠨ ᠴᠢᠦ ᠦᠬᠡᠷ ᠤᠨ ᠦᠢᠯᠡᠰ ᠤᠨ ᠴᠢᠨᠠᠷ ᠰᠠᠶᠢᠲᠠᠶ ᠠᠯᠠᠰᠢᠨ | ᠦᠬᠡᠷ ᠤᠨ ᠡᠭᠦᠯᠳᠡᠷ ᠤᠨ ᠰᠠᠭᠤᠷᠢᠨ᠂ ᠪᠧᠨ ᠶᠤᠸᠠᠢ ᠠᠯᠠᠰᠢᠨ ᠦᠬᠡᠷ ᠤᠨ ᠠᠮᠢ ᠠᠬᠤᠶ ᠶᠢᠨ ᠲᠡᠵᠢᠭᠡᠨ | ᠦᠷᠡᠵᠢᠭᠦᠯᠬᠦ ᠰᠠᠭᠤᠷᠢᠨ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ 2022 ᠣᠨ ᠳᠤ᠂ ᠪᠥᠬᠦ | ᠬᠤᠰᠢᠭᠤᠨ ᠤ ᠪᠣᠳᠠ ᠪᠣᠭ ᠮᠠᠯ ᠤᠨ ᠲᠤᠭ᠎ᠠ 274.5 ᠲᠦᠮᠡ ᠳᠤ ᠬᠦᠷᠴᠦ᠂ ᠡᠭᠦᠨ ᠳᠤ ᠠᠯᠠᠰᠢᠨ ᠦᠬᠡᠷ ᠤᠨ | ᠵᠣᠭᠰᠤᠭ᠎ᠠ ᠲᠤᠭ᠎ᠠ 53.1 ᠲᠦᠮᠡ ᠳᠤ ᠬᠦᠷᠴᠡᠶ᠃ ᠵᠦᠩ ᠬᠤᠸᠠ ᠪᠦᠯᠦᠭᠯᠡᠯ ᠤᠨ MAP ᠣᠲᠣ ᠦᠶ᠎ᠡ ᠶᠢᠨ | ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠲᠥᠷᠥᠯ | ᠵᠦᠢᠯ ᠢ ᠡᠬᠢᠯᠡᠨ ᠬᠡᠷᠡᠭᠵᠢᠭᠦᠯᠵᠦ᠂ ᠡᠪᠡᠰᠦᠨ ᠤ ᠠᠵᠤ ᠦᠢᠯᠡᠰ ᠢ ᠲᠠᠰᠤᠷᠠᠯᠲᠠ ᠥᠬᠡᠶ ᠪᠠᠬᠢᠵᠢᠭᠦᠯᠪᠡ᠃ | ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ 20 ᠰᠠᠭᠤᠷᠢ ᠳᠤᠮᠳᠠ ᠵᠢᠵᠢᠭ | ᠬᠡᠯᠪᠡᠷᠢ ᠶᠢᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢ ᠲᠠᠰ ᠳᠡᠪᠰᠢᠭᠦᠯᠦᠨ ᠥᠭᠡᠷᠡᠴᠢᠯᠡᠨ | ᠳᠡᠭᠡᠭᠰᠢᠯᠡᠭᠦᠯᠵᠦ᠂ ᠰᠠᠭᠠᠯᠢ ᠶᠢᠨ ᠦᠨᠢᠶ᠎ᠡ ᠶᠢᠨ ᠵᠣᠭᠰᠤᠭ᠎ᠠ ᠲᠤᠭ᠎ᠠ 4.9 ᠲᠦᠮᠨ ᠪᠣᠯᠵᠤ᠂ ᠰᠦᠨ ᠤ ᠭᠠᠷᠤᠯᠲᠠ | 25 ᠲᠦᠮᠡᠨ ᠲᠣᠨ ᠳᠤ ᠬᠦᠷᠴᠡᠢ᠃ ᠠᠵᠤ ᠦᠢᠯᠡᠳᠪᠦᠷᠢ ᠶᠢᠨ ᠠᠵᠤ ᠠᠬᠤᠶ ᠪᠠᠭᠤᠷᠠᠵᠤ ᠪᠠᠶᠢᠭᠰᠠᠨ ᠢᠶᠠᠨ | ᠲᠣᠭᠲᠠᠪᠤᠷᠢᠵᠢᠬᠤ ᠶᠢᠨ ᠵᠡᠷᠭᠡ ᠳᠤ ᠰᠠᠶᠢᠵᠢᠷᠠᠪᠠ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ 12 ᠪᠠᠶᠢᠵᠤ᠂ ᠪᠥᠬᠦ ᠵᠢᠯ ᠳᠤ ᠨᠡᠶᠢᠲᠡ 23 ᠳ᠋ᠦᠩᠰᠢᠭᠤᠷ ᠲᠥᠭᠦᠷᠢᠭ ᠤᠨ | ᠦᠢᠯᠡᠳᠬᠦᠨ ᠤ ᠥᠷᠲᠡᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃ ᠹᠸᠢ | ᠾᠧ ᠤᠶᠤᠨᠴᠢᠯᠠᠭᠰᠠᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠳᠤ ᠭᠠᠷ ᠤᠨ ᠥᠰᠥᠭ ᠵᠢᠷᠤᠨ ᠠᠷᠤ | ᠬᠤᠰᠢᠭᠤᠨ ᠳᠤ ᠨᠠᠶᠢᠳᠠᠪᠤᠷᠢᠵᠢᠭᠤᠯᠵᠤ᠂ ᠣᠯᠠᠨᠬᠤᠸᠠ ᠠᠭᠤᠷᠬᠠᠶ ᠶᠢᠨ ᠦᠢᠯᠡᠰ ᠤᠨ ᠬᠠᠶᠠᠭᠳᠠᠮᠠᠯ ᠴᠢᠯᠠᠭᠤ ᠶᠢ | ᠶᠡᠷᠦᠩᠬᠡᠶᠢᠯᠡᠨ ᠠᠰᠢᠭᠯᠠᠬᠤ᠂ ᠰᠢᠩᠯᠢ 30 ᠲᠦᠮᠡᠨ ᠲᠣᠨ ᠲᠡᠮᠦᠷ ᠤᠨ ᠬᠦᠳᠡᠷ ᠰᠢᠯᠢᠬᠦ ᠦᠢᠯᠡᠳᠪᠦᠷᠢ ᠵᠡᠷᠭᠡ | ᠲᠥᠷᠥᠯ ᠵᠦᠢᠯ ᠤᠨ ᠠᠬᠢᠴᠠ ᠤᠷᠤᠭᠰᠢᠲᠠᠶ ᠪᠣᠯᠪᠠ᠃ ᠶᠢᠨ ᠶᠤᠸᠠᠨ ᠤ 10 ᠲᠦᠮᠡᠨ ᠺᠢᠯᠣᠸᠠᠲ ᠤᠨ ᠰᠠᠯᠬᠢᠨ ᠤ | ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠳᠠᠭᠠᠤᠰᠴᠤ᠂ ᠰᠢᠨ᠎ᠡ | ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ 10 ᠲᠦᠮᠡᠨ | ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠢ ᠰᠢᠨ᠎ᠡ ᠪᠠᠷ ᠪᠠᠶᠢᠭᠤᠯᠵᠤ᠂ | ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃ ᠭᠤᠷᠪᠠᠳᠤᠭᠠᠷ | ᠠᠵᠤ ᠦᠢᠯᠡᠰ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠠᠷᠤ ᠬᠤᠷᠴᠢᠨ ᠤ ᠲᠠᠯ᠎ᠠ ᠨᠤᠲᠤᠭ ᠤᠨ ᠨᠡᠭᠦᠳᠡᠯ | ᠮᠠᠯᠵᠢᠯ ᠤᠨ ᠰᠢᠰᠲ᠋ᠧᠮ ᠢ ᠪᠦᠬᠦ ᠪᠥᠮᠪᠥᠷᠴᠡᠭ ᠤᠨ ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ ᠥᠪ ᠢᠶᠠᠷ | ᠨᠤᠲᠠᠯᠠᠨ ᠲᠣᠭᠲᠠᠭᠠᠭᠰᠠᠨ ᠢᠶᠠᠷ ᠠᠵᠠ ᠲᠣᠬᠢᠶᠠᠯ ᠪᠣᠯᠭᠠᠨ᠂ ︽ᠠᠷᠢᠭᠤᠨ ᠳᠠᠭᠰᠢᠨ ᠡᠪᠡᠰᠦᠨ ᠤ ᠭᠠᠷᠤᠯᠲᠠ ᠶᠢᠨ | ᠲᠥᠪ · ᠨᠡᠭᠦᠳᠡᠯ ᠮᠠᠯᠵᠢᠯ ᠤᠨ ᠠᠷᠢᠭᠤᠨ ᠳᠠᠷᠬᠠᠨ ᠣᠷᠣᠨ︾ ᠵᠡᠷᠭᠡ ᠭᠤᠷᠪᠠᠨ ᠵᠢᠭᠤᠯᠴᠢᠯᠠᠯ ᠤᠨ ᠤᠬᠠᠭᠤᠯᠭ᠎ᠠ ᠶᠢᠨ | ᠹᠢᠯᠢᠮ ᠢ ᠦᠢᠯᠡᠳᠪᠡ︔ ᠲᠢᠶᠠᠨ ᠱᠠᠨ ᠺᠸᠦ ᠪᠠᠯᠭᠠᠰᠤ ᠶᠢᠨ ᠪᠠ ᠵᠢᠶᠠ ᠲᠣᠰᠬᠤᠨ ᠤᠯᠠᠭᠠᠨᠬᠠᠳᠠ ᠬᠤᠳᠠ ᠶᠢᠨ | ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠵᠦ᠂ ᠵᠤᠭᠠᠴᠠᠯ ᠤᠨ | ᠦᠢᠯᠡᠰ ᠤᠨ ᠵᠢᠯ ᠤᠨ ᠣᠷᠣᠯᠭ᠎ᠠ 2.9 ᠳ᠋ᠦᠩᠰᠢᠭᠤᠷ ᠲᠥᠭᠦᠷᠢᠭ ᠲᠤ ᠬᠦᠷᠴᠡᠢ᠃ ᠳᠤᠮᠳᠠᠳᠤ ᠤᠯᠤᠰ ᠤᠨ | ᠭᠠᠳᠠᠭᠠᠲᠤ ᠪᠦᠯᠦᠭᠯᠡᠯ ᠤᠨ ᠴᠢᠯᠠᠭᠤᠨ ᠲᠣᠰᠣ ᠰᠢᠲᠠᠮᠠᠬᠠᠶ ᠬᠡᠶ ᠶᠢᠨ ᠬᠠᠩᠭᠠᠯᠭ᠎ᠠ ᠶᠢᠨ ᠦᠢᠯᠡᠴᠢᠯᠡᠭᠡᠨ ᠤ ᠲᠣᠭᠤᠷᠢᠭ᠂ | ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ︵ᠪᠦᠯᠦᠭᠯᠡᠯ︶ ᠬᠢᠵᠠᠭᠠᠷᠲᠤ | ᠺᠣᠮᠫᠠᠨᠢ ᠶᠢᠨ ᠲᠤᠬᠤᠢ ᠳᠠᠬᠢ ᠲᠣᠰᠣ ᠨᠡᠮᠡᠬᠦ ᠥᠷᠲᠡᠭᠡ ᠵᠡᠷᠭᠡ ᠲᠥᠷᠥᠯ ᠵᠦᠢᠯ ᠠᠵᠢᠯ ᠳᠠᠭᠤᠰᠴᠤ᠂ ᠤᠯᠤᠰ ᠤᠨ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ | ᠦᠵᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ | ᠪᠠᠬᠢᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 4950 ᠲᠦᠮᠡᠨ | ᠲᠥᠭᠦᠷᠢᠭ ᠲᠤ ᠬᠦᠷᠴᠡᠢ᠃ | ︵ᠬᠤᠶᠠᠷ︶ ᠦᠨᠡᠨ ᠬᠦ ᠠᠳᠬᠤᠵᠤ ᠪᠣᠳᠠᠲᠠᠢ ᠠᠵᠢᠯᠯᠠᠬᠤ ᠢᠲᠡᠭᠡᠯ ᠵᠣᠷᠢᠭ ᠢᠶᠠᠨ ᠪᠠᠲᠤ ᠰᠠᠬᠢᠵᠤ᠂ ᠬᠤᠳᠠ | ᠬᠥᠳᠡᠭᠡ ᠶᠢᠨ ᠳᠦᠷᠰᠦ ᠪᠠᠶᠢᠳᠠᠯ ᠢ ᠰᠠᠶᠢᠵᠢᠷᠠᠭᠤᠯᠬᠤ ᠶᠢ ᠨᠡᠩ ᠶᠡᠭᠡ ᠡᠷᠴᠢᠮ ᠢᠶᠠᠷ ᠠᠬᠢᠭᠤᠯᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠣᠭᠲᠠᠭᠤᠨ ᠢᠶᠠᠷ | ᠬᠡᠷᠡᠭᠵᠢᠭᠦᠯᠪᠡ᠃ ᠶᠠᠳᠠᠭᠤ ᠠᠴᠠ ᠠᠩᠭᠢᠵᠢᠷᠠᠭᠤᠯᠤᠨ ᠪᠡᠷᠬᠡ ᠶᠢ ᠲᠤᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ | ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠ ᠬᠢᠨᠠᠨ ᠬᠡᠮᠵᠢᠬᠦ ᠵᠢᠴᠢ ᠬᠠᠪᠰᠤᠷᠤᠨ ᠲᠡᠳᠬᠦᠬᠦ ᠠᠵᠢᠯ ᠢ | ᠪᠠᠶᠢᠩᠭᠤᠵᠢᠭᠤᠯᠤᠨ ᠥᠷᠨᠢᠭᠦᠯᠪᠡ᠃ 2022 ᠣᠨ ᠳᠤ ᠳᠡᠭᠡᠳᠦ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠠᠵᠢᠯᠯᠠᠬᠤ᠂ | ᠵᠦᠩ ᠬᠤᠸᠠ ᠪᠦᠯᠦᠭᠯᠡᠯ ᠤᠨ ᠬᠠᠪᠰᠤᠷᠤᠨ ᠲᠡᠳᠬᠦᠬᠦ ᠵᠡᠷᠭᠡ ᠪᠠᠯᠠ ᠮᠥᠩᠭᠦ ᠶᠢ 2.58 ᠳ᠋ᠦᠩᠰᠢᠭᠤᠷ ᠲᠥᠭᠦᠷᠢᠭ | ᠣᠷᠣᠭᠤᠯᠵᠤ᠂ 79 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠬᠡᠷᠡᠭᠵᠢᠭᠦᠯᠦᠨ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠳᠠᠯ ᠢ ᠡᠭᠦᠳᠪᠡ᠃ 10 ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ᠂ 9 ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠭᠠᠴᠠᠭ᠎ᠠ ᠲᠣᠰᠬᠤᠨ᠂ ᠪᠣᠬᠢᠷᠲᠤᠯ ᠥᠬᠡᠶ ᠪᠠᠷ ᠬᠡᠯᠪᠡᠷᠢ ᠪᠠᠨ | ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ | 1650 ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠲᠣᠭᠲᠠᠴᠠ ᠶᠢ ᠠᠩᠬ᠎ᠠ ᠠᠯᠬᠤᠮ | ᠪᠦᠷᠢᠳᠦᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ | ᠦᠷᠭᠦᠯᠵᠢᠯᠡᠨ ᠰᠠᠶᠢᠵᠢᠷᠠᠭᠤᠯᠪᠠ᠃ ᠬᠤᠳᠠ ᠶᠢᠨ ᠴᠢᠨᠠᠷ ᠴᠢᠨᠰᠠᠭ᠎ᠠ ᠦᠷᠭᠦᠯᠵᠢᠯᠡᠨ ᠳᠡᠭᠡᠭᠰᠢᠯᠡᠪᠡ᠃ ︽ᠭᠤᠷᠪᠠᠨ | ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠬᠤ ᠶᠢ ᠪᠡᠶᠡᠯᠡᠭᠦᠯᠵᠦ᠂ ᠤᠯᠤᠰ ᠤᠨ ᠨᠤᠲᠤᠭ ᠳᠡᠪᠢᠰᠭᠡᠷ ᠤᠨ | ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021 — 2035 ᠣᠨ︶ ᠶᠢ ᠨᠠᠶᠢᠷᠠᠭᠤᠯᠤᠨ ᠵᠣᠬᠢᠶᠠᠬᠤ | ᠠᠵᠢᠯ ᠢ ᠯᠠᠪᠳᠠᠭᠤᠨ ᠢᠶᠠᠷ ᠠᠬᠢᠭᠤᠯᠪᠠ᠃ ᠬᠠᠨ ᠯᠢᠨ ᠵᠡᠭᠡᠯᠢ᠂ ᠢ ᠮᠢᠨ ᠵᠠᠮ᠂ ᠴᠢᠶᠠᠨ ᠶᠢᠨ ᠵᠠᠮ ᠤᠨ ᠡᠮᠦᠨ᠎ᠡ | ᠬᠡᠰᠡᠭ᠂ ᠭᠥᠩ ᠶᠤᠸᠠᠨ ᠵᠡᠭᠡᠯᠢ ᠶᠢᠨ ᠪᠠᠷᠠᠭᠤᠨ ᠬᠡᠰᠡᠭ ᠵᠡᠷᠭᠡ ᠶᠢ ᠲᠠᠰ ᠳᠡᠪᠰᠢᠭᠦᠯᠦᠨ ᠥᠭᠡᠷᠡᠴᠢᠯᠡᠬᠦ ᠶᠢ | ᠪᠡᠶᠡᠯᠡᠭᠦᠯᠪᠡ᠃ ᠬᠤᠳᠠ ᠶᠢᠨ ᠳᠦᠷᠰᠦ ᠪᠠᠶᠢᠳᠠᠯ ᠤᠨ ᠡᠮᠬᠢ ᠳᠢᠭᠯᠢᠮ ᠤᠨ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢ | ᠴᠢᠩᠭᠠᠳᠬᠠᠵᠤ᠂ ᠬᠤᠳᠠ ᠶᠢᠨ ᠳᠦᠷᠰᠦ ᠪᠠᠶᠢᠳᠠᠯ ᠲᠠᠰᠤᠷᠠᠯᠳᠠ ᠦᠭᠡᠢ ᠰᠠᠶᠢᠵᠢᠷᠠᠪᠠ᠃ 36 ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢ ︽ᠡᠳᠦᠷ ᠲᠤ ᠨᠢ | ᠴᠡᠪᠡᠷᠯᠡᠬᠦ︾ ᠶᠢ ᠪᠡᠶᠡᠯᠡᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠬᠢᠴᠠ ᠶᠢ | ᠲᠦᠷᠭᠡᠳᠬᠡᠪᠡ᠃ ᠬᠥᠭᠵᠢᠯᠲᠡ ᠶᠢᠨ ᠰᠠᠭᠤᠷᠢ ᠡᠳᠦᠷ ᠢᠷᠡᠬᠦᠶ᠎ᠡ ᠪᠠᠬᠢᠵᠢᠪᠡ᠃ ᠮᠠᠯᠵᠢᠬᠤ ᠲᠠᠷᠢᠶᠠᠯᠠᠬᠤ ᠣᠷᠣᠨ ᠤ | ᠵᠠᠰᠠᠮᠠᠯ ᠵᠠᠮ ᠪᠠ ᠨᠤᠷᠠᠬᠤ ᠠᠶᠤᠯᠲᠠᠶ 4 ᠬᠥᠭᠦᠷᠭᠡ ᠶᠢ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ ᠮᠤᠵᠢ ᠶᠢᠨ | ᠬᠤᠭᠤᠷᠣᠨᠳᠣᠬᠢ ᠨᠡᠪᠲᠡᠷᠡᠬᠦ ᠵᠠᠮ ᠢ ᠳᠡᠭᠡᠳᠦ ᠬᠤᠷᠳᠤ ᠶᠢᠨ ᠵᠠᠰᠠᠮᠠᠯ ᠵᠠᠮ ᠪᠣᠯᠭᠠᠨ ᠥᠭᠡᠷᠡᠴᠢᠯᠡᠬᠦ ᠠᠵᠢᠯ ᠲᠡᠷᠭᠡ | ᠨᠡᠪᠲᠡᠷᠡᠬᠦ ᠨᠥᠬᠦᠴᠡᠯ ᠢ ᠪᠦᠷᠢᠳᠦᠭᠦᠯᠵᠦ᠂ ᠠᠷᠤ ᠬᠤᠷᠴᠢᠨ ᠬᠤᠰᠢᠭᠤᠨ ᠠᠴᠠ ᠤᠯᠠᠭᠠᠨᠬᠠᠳᠠ ᠬᠥᠷᠬᠦ ᠢᠷᠡᠵᠦ | ᠶᠠᠪᠤᠬᠤ ᠡᠭᠡᠯᠵᠢ ᠶᠢᠨ ᠨᠢᠰᠬᠡᠯ ᠢ ᠡᠳᠦᠷ ᠪᠦᠷᠢ ᠬᠤᠶᠠᠷ ᠤᠳᠠᠭ᠎ᠠ ᠪᠣᠯᠭᠠᠨ ᠨᠡᠮᠡᠭᠳᠡᠭᠦᠯᠵᠦ᠂ ᠪᠣᠰᠤᠭ᠎ᠠ ᠴᠣᠭᠴᠠᠲᠤ | ᠵᠠᠮ ᠬᠠᠷᠢᠯᠴᠠᠭᠠᠨ ᠤ ᠲᠣᠣᠷᠵᠢᠯ ᠢ ᠠᠯᠬᠤᠮ ᠠᠯᠬᠤᠮ ᠢᠶᠠᠷ ᠪᠠᠶᠢᠭᠤᠯᠪᠠ᠃ ᠷᠠᠳᠢᠣ᠋ ᠲᠧᠯᠸᠢᠰ ᠤᠨ ᠳᠠᠮᠵᠢᠭᠤᠯᠤᠨ | ᠨᠡᠪᠲᠡᠷᠡᠭᠦᠯᠬᠦ ᠥᠷᠲᠡᠭᠡ ᠪᠠ ᠪᠢᠴᠢᠯ ᠳᠣᠯᠭᠢᠶᠠᠨ ᠤ ᠥᠷᠲᠡᠭᠡ ᠶᠢᠨ ᠪᠠᠶᠢᠷᠢᠰᠢᠯ ᠢ ᠰᠣᠯᠢᠨ ᠳᠠᠬᠢᠨ ᠪᠠᠶᠢᠭᠤᠯᠬᠤ ᠶᠢ | ᠪᠡᠶᠡᠯᠡᠭᠦᠯᠪᠡ︔ ᠰᠢᠨ᠎ᠡ ᠤᠰᠤᠨ ᠰᠤᠷᠪᠤᠯᠵᠢ ᠶᠢᠨ ᠭᠠᠵᠠᠷ ᠤᠨ ᠦᠶᠡᠷ ᠢ ᠰᠡᠷᠭᠡᠶᠢᠯᠡᠨ ᠵᠠᠰᠠᠬᠤ᠂ ᠬᠠᠬᠢᠷ ᠤᠨ | ᠭᠤᠣᠯ ᠤᠨ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠢᠵᠢ ᠪᠦᠷᠢᠳᠦᠭᠦᠯᠬᠦ | ᠥᠭᠡᠷᠡᠴᠢᠯᠡᠯᠲᠡ᠂ ᠮᠠᠨᠢᠲᠤ ᠶᠢᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠵᠡᠷᠭᠡ ᠪᠠᠷᠢᠯᠭ᠎ᠠ ᠶᠢ ᠪᠠᠷᠢᠵᠤ | ᠳᠠᠭᠤᠰᠬᠠᠪᠠ︔ 1 ᠰᠠᠭᠤᠷᠢ 66 ᠺᠢᠯᠤᠸᠤᠯᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢ ᠰᠢᠨ᠎ᠡ ᠪᠠᠷ | ᠪᠠᠶᠢᠭᠤᠯᠵᠤ᠂ 231 ᠺᠢᠯᠣᠮᠧᠲᠷ ᠤᠨ 10 ᠺᠢᠯᠤᠸᠤᠯᠲ ᠠᠴᠠ ᠳᠣᠷᠣᠭᠰᠢᠬᠢ ᠬᠥᠳᠡᠭᠡ ᠲᠣᠰᠬᠤᠨ ᠤ ᠴᠠᠬᠢᠯᠭᠠᠨ | ᠲᠣᠤᠷ ᠢ ᠥᠭᠡᠷᠡᠴᠢᠯᠡᠪᠡ︔ ᠨᠡᠶᠢᠲᠡ 290 ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ | ᠢᠨᠵᠧᠨᠧᠷᠢᠩ ᠢ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢ ᠲᠠᠰᠤᠷᠠᠯᠲᠠ ᠥᠬᠡᠶ | ᠲᠡᠭᠦᠯᠳᠡᠷᠵᠢᠭᠦᠯᠪᠡ᠃ | ︵ᠭᠤᠷᠪᠠ︶ ᠬᠦᠴᠢᠷ ᠪᠡᠷᠬᠡ ᠶᠢ ᠰᠦᠷᠦᠨ ᠤᠷᠤᠭᠰᠢᠯᠠᠬᠤ ᠥᠭᠡᠷᠡᠴᠢᠯᠡᠯᠲᠡ ᠶᠢᠨ ᠰᠥᠰᠥ ᠵᠣᠷᠢᠭ ᠢ ᠪᠠᠲᠤ | ᠰᠠᠬᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠪᠡ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠥᠬᠦ ᠬᠤᠲᠠ ᠳᠤ ᠡᠩ ᠲᠡᠷᠢᠭᠦᠨ ᠳᠤ ︽ᠺᠣᠳ᠋ | ᠰᠢᠷᠪᠢᠨ ᠦᠨᠡᠮᠯᠡᠯ ᠢᠶᠠᠨ ᠦᠵᠡᠭᠦᠯᠬᠦ︾ ᠮᠠᠲ᠋ᠧᠷᠢᠶᠠᠯ ᠢ ᠴᠢᠯᠦᠭᠡᠯᠡᠬᠦ ᠦᠢᠯᠡᠴᠢᠯᠡᠭᠡ ᠶᠢ ᠭᠠᠷᠭᠠᠨ ᠲᠠᠨᠢᠯᠴᠠᠭᠤᠯᠵᠤ᠂ | ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠬᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠨ᠂ ᠠᠵᠢᠯ | ᠶᠠᠪᠤᠳᠠᠯ ᠭᠦᠢᠴᠡᠳᠬᠡᠬᠦ ᠮᠠᠲ᠋ᠧᠷᠢᠶᠠᠯ ᠢ ᠳᠠᠬᠢᠨ 34.4% ᠪᠠᠷ ᠪᠠᠭᠠᠰᠬᠠᠵᠤ᠂ ᠭᠤᠭᠴᠤᠭ᠎ᠠ ᠶᠢ ᠳᠠᠬᠢᠨ | 37.8% ᠪᠠᠷ ᠪᠠᠭᠠᠰᠬᠠᠨ᠂ ᠴᠠᠭ ᠤᠨ ᠬᠢᠵᠠᠭᠠᠷ ᠢ ᠳᠠᠬᠢᠨ 59.5% ᠪᠠᠷ ᠪᠠᠭᠠᠰᠬᠠᠬᠤ ᠶᠢ ᠪᠡᠶᠡᠯᠡᠭᠦᠯᠪᠡ᠃ | ︽ᠶᠡᠷᠦᠩᠬᠡᠶᠢᠯᠡᠭᠰᠡᠨ ᠴᠣᠩᠬᠤᠪᠴᠢ ᠶᠢᠨ ᠥᠭᠡᠷᠡᠴᠢᠯᠡᠯᠲᠡ︾ ᠶᠢ ᠡᠮᠬᠢ ᠵᠢᠷᠤᠮ ᠲᠠᠢ ᠪᠠᠷ ᠠᠬᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠬᠤ ᠵᠦᠢᠯᠡᠰ ᠤᠨ ᠶᠡᠷᠦᠩᠬᠡᠶᠢᠯᠡᠭᠰᠡᠨ | ᠴᠣᠩᠬᠤᠪᠴᠢ ᠶᠢᠨ ᠬᠦᠯᠢᠶᠡᠨ ᠠᠪᠴᠤ ᠰᠢᠢᠳᠪᠦᠷᠢᠯᠡᠬᠦ ᠨᠠᠶᠢᠳᠠᠯᠭ᠎ᠠ ᠶᠢᠨ ᠨᠤᠷᠮ᠎ᠠ 70% ᠳᠤ ᠬᠦᠷᠴᠦ᠂ ︽ᠲᠠᠪᠤᠨ | ᠵᠦᠢᠯ ᠳᠤ ᠪᠠᠶᠢᠳᠠᠯ ᠢ ᠣᠶᠢᠯᠠᠭᠠᠬᠤ︾ ᠥᠭᠡᠷᠡᠴᠢᠯᠡᠯᠲᠡ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ | ᠵᠦᠢᠯᠡᠰ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠠᠵᠢᠯᠯᠠᠭᠠᠨ ᠢ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠪᠠ᠃ ᠭᠤᠣᠯᠳᠠᠯᠭᠠᠲᠤ ᠲᠥᠷᠥᠯ ᠵᠦᠢᠯ ᠢ ᠲᠦᠷᠭᠡᠪᠴᠢᠯᠡᠨ | ᠠᠬᠢᠭᠤᠯᠪᠠ᠃ ᠭᠤᠤᠯᠳᠠᠯᠭ᠎ᠠ ᠲᠠᠢ ᠲᠥᠷᠥᠯ ᠵᠦᠢᠯ ᠢ ᠠᠷᠪᠠᠨ ᠡᠳᠦᠷ ᠲᠤ ᠲᠣᠬᠢᠷᠠᠭᠤᠯᠤᠨ᠂ ᠰᠠᠷ᠎ᠠ ᠪᠦᠷᠢ | ᠨᠡᠶᠢᠲᠡᠯᠡᠬᠦ ᠲᠣᠭᠲᠠᠴᠠ ᠶᠢ ᠴᠢᠩᠭᠠᠷᠠᠭᠤᠯᠤᠨ᠂ ᠭᠤᠤᠯᠳᠠᠯᠭ᠎ᠠ ᠲᠠᠢ ᠲᠥᠷᠥᠯ ᠵᠦᠢᠯ ᠢ ᠳᠠᠭᠠᠭᠠᠨ ᠬᠠᠷᠢᠯᠴᠠᠬᠤ | ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠵᠢᠷᠤᠭ ᠲᠥᠰᠥᠯ ᠢᠶᠠᠷ ᠠᠵᠢᠯᠯᠠᠨ᠂ ᠰᠠᠷ᠎ᠠ ᠪᠦᠷᠢ ᠵᠠᠷᠯᠠᠨ | ᠨᠡᠶᠢᠲᠡᠯᠡᠵᠦ᠂ ᠵᠣᠬᠢᠴᠠᠭᠤᠯᠭ᠎ᠠ ᠶᠢ ᠴᠢᠩᠭᠠᠳᠬᠠᠨ᠂ ᠦᠢᠯᠡᠴᠢᠯᠡᠭᠡ ᠶᠢ ᠪᠠᠲᠤᠯᠠᠵᠤ᠂ ᠭᠤᠤᠯᠳᠠᠯᠭ᠎ᠠ ᠲᠠᠢ ᠲᠥᠷᠥᠯ | ᠵᠦᠢᠯ ᠤᠨ ᠠᠬᠢᠴᠠ ᠶᠢᠨ ᠬᠤᠷᠳᠤᠴᠠ ᠶᠢ ᠦᠨᠡᠨᠬᠦ ᠲᠦᠷᠭᠡᠳᠬᠡᠵᠦ᠂ ᠲᠣᠰ ᠵᠢᠯ ᠳᠤ 33 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ | ᠢᠯᠡᠳᠲᠡ ᠦᠷ᠎ᠡ ᠪᠦᠲᠦᠮᠵᠢ ᠤᠯᠪᠠ᠃ ᠮᠠᠨ ᠤ ᠬᠤᠰᠢᠭᠤᠨ ᠤ ᠳᠠᠪᠠᠭᠤᠯᠢᠭ ᠡᠬᠢ ᠪᠠᠶᠠᠯᠢᠭ ᠲᠤ ᠠᠩᠬᠠᠷᠤᠯ ᠢᠶᠠᠨ | ᠲᠥᠪᠯᠡᠷᠡᠭᠦᠯᠵᠦ᠂ ᠨᠠᠷᠢᠯᠢᠭ ᠣᠨᠣᠴᠠᠲᠠᠶ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ | ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠵᠡᠷᠭᠡ ᠠᠷᠠᠯᠵᠢᠶᠠᠴᠢᠨ ᠤᠷᠢᠬᠤ ᠠᠷᠭ᠎ᠠ | ᠬᠡᠯᠪᠡᠷᠢ ᠶᠢ ᠴᠢᠩᠭᠠᠳᠬᠠᠵᠤ᠂ ᠪᠥᠬᠦ ᠲᠠᠯ᠎ᠠ ᠪᠠᠷ᠂ ᠣᠯᠠᠨ ᠲᠠᠰ ᠳᠠᠪᠬᠤᠷᠭ᠎ᠠ ᠪᠠᠷ ᠤᠬᠠᠭᠤᠯᠤᠨ ᠲᠠᠨᠢᠯᠴᠠᠭᠤᠯᠵᠤ᠂ | ᠦᠢᠯᠡᠴᠢᠯᠡᠭᠡᠨ ᠤ ᠬᠢᠷᠢ ᠲᠦᠪᠰᠢᠨ ᠢᠶᠠᠨ ᠰᠢᠯᠢᠳᠡᠭᠵᠢᠭᠦᠯᠦᠨ᠂ 60 ᠲᠥᠷᠥᠯ ᠵᠦᠢᠯ ᠳᠤ ᠭᠠᠷ ᠤᠨ ᠥᠰᠥᠭ | ᠵᠢᠷᠤᠵᠤ᠂ ᠨᠡᠶᠢᠲᠡ 43.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠪᠠ᠃ | ︵ᠲᠦᠷᠪᠡ︶ ᠲᠣᠯᠭᠤᠷ ᠵᠣᠷᠢᠯᠲᠠ ᠪᠠᠨ ᠦᠯᠦ ᠮᠠᠷᠳᠠᠨ ᠠᠷᠠᠳ ᠤᠨ ᠲᠥᠯᠥᠭᠡ ᠵᠢᠳᠬᠦᠬᠦ ᠬᠠᠶᠢᠷ᠎ᠠ | ᠰᠡᠳᠬᠢᠯᠭᠡ ᠶᠢ ᠪᠠᠲᠤ ᠰᠠᠬᠢᠵᠤ᠂ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠨᠡᠩ ᠶᠡᠭᠡ ᠪᠠᠷ | ᠳᠡᠭᠡᠭᠰᠢᠯᠡᠭᠦᠯᠪᠡ | ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠪᠡ᠃ ᠬᠠᠨ | ᠠᠭᠤᠯᠠ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠴᠢᠪᠠᠭ᠎ᠠ ᠲᠠᠪᠤᠳᠤᠭᠠᠷ ᠳᠤᠮᠳᠠᠳᠤ ᠰᠤᠷᠭᠠᠭᠤᠯᠢ ᠶᠢᠨ | ᠶᠡᠷᠦᠩᠬᠡᠶᠢᠯᠡᠭᠰᠡᠨ ᠠᠰᠠᠷ᠂ ᠬᠤᠰᠢᠭᠤᠨ ᠤ ᠰᠢᠭᠤᠳ ᠬᠠᠷᠢᠶ᠎ᠠ ᠳᠥᠷᠪᠡᠳᠦᠭᠡᠷ ᠬᠡᠤᠬᠡᠳ ᠤᠨ ᠴᠡᠴᠡᠷᠯᠢᠭ ᠵᠡᠷᠭᠡ | ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠵᠤ᠂ ᠰᠤᠷᠭᠠᠭᠤᠯᠢ ᠡᠷᠭᠢᠯᠡᠬᠦ | ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ | ᠬᠥᠩᠭᠡᠷᠡᠭᠦᠯᠬᠦ︾᠂ ᠰᠢᠨ᠎ᠡ ᠮᠠᠶ᠋ᠢᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ | ᠰᠤᠷᠭᠠᠨ ᠬᠥᠮᠦᠵᠢᠯ ᠤᠨ ᠥᠭᠡᠷᠡᠴᠢᠯᠡᠯᠲᠡ ᠵᠡᠷᠭᠡ ᠠᠵᠢᠯ ᠢ ᠲᠣᠭᠲᠠᠭᠤᠨ ᠢᠶᠠᠷ ᠥᠷᠨᠢᠭᠦᠯᠪᠡ᠃ ᠬᠠᠯᠳᠠᠪᠤᠷᠢᠲᠤ | ᠡᠪᠡᠳᠴᠢᠨ ᠢ ᠡᠮᠨᠡᠨ ᠵᠠᠰᠠᠬᠤ ᠲᠥᠪ ᠤᠨ ᠲᠥᠷᠥᠯ ᠵᠦᠢᠯ ᠢ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠦᠨᠳᠦᠰᠦᠨ ᠳᠡᠭᠡᠨ ᠬᠡᠯᠪᠡᠷᠢᠵᠢᠭᠦᠯᠵᠦ᠂ ᠡᠮᠴᠢᠯᠡᠭᠡᠨ ᠤ ᠬᠤᠯᠪᠣᠭᠠᠲᠤ | ᠴᠣᠭᠴᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ 1 ᠰᠠᠭᠤᠷᠢ ᠡᠮᠴᠢᠯᠡᠬᠦ ᠪᠠ | ᠰᠤᠪᠢᠯᠠᠬᠤ ᠶᠢ ᠤᠶᠠᠯᠳᠤᠭᠤᠯᠬᠤ ᠲᠤᠷᠰᠢᠯᠲᠠ ᠶᠢᠨ ᠴᠡᠭ ᠢ ᠰᠢᠨ᠎ᠡ ᠪᠠᠷ ᠨᠡᠮᠡᠭᠳᠡᠭᠦᠯᠪᠡ᠃ ᠣᠷᠣᠰᠢᠭᠤᠯᠭ᠎ᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠬᠤᠰᠢᠭᠤᠨ ᠤ ᠣᠷᠣᠰᠢᠭᠤᠯᠭ᠎ᠠ ᠶᠢᠨ ᠭᠠᠵᠠᠷ ᠤᠨ ᠣᠨᠴᠠ ᠵᠥᠪᠰᠢᠶᠡᠷᠡᠯ ᠤᠨ | ᠡᠵᠡᠩᠨᠡᠯᠲᠡ ᠶᠢᠨ ᠡᠷᠬᠡ ᠶᠢ ᠬᠤᠷᠢᠶᠠᠨ ᠠᠪᠤᠪᠠ᠃ ᠪᠣᠯᠪᠠᠰᠤᠨ ᠣᠷᠣᠰᠢᠭᠤᠯᠭ᠎ᠠ ᠶᠢᠨ ᠥᠭᠡᠷᠡᠴᠢᠯᠡᠯᠲᠡ ᠶᠢ | ᠬᠡᠷᠡᠭᠵᠢᠭᠦᠯᠵᠦ᠂ ᠠᠷᠠᠳ ᠲᠤ ᠠᠰᠢᠭ ᠬᠦᠷᠲᠡᠭᠡᠬᠦ ᠲᠦᠭᠡᠮᠡᠯ ᠬᠠᠷᠠᠭᠠᠯᠵᠠᠯ ᠤᠨ ᠳᠦᠷᠢᠮᠲᠦ ᠲᠦᠷᠦ ᠶᠢᠨ ᠪᠤᠳᠤᠯᠭ᠎ᠠ ᠶᠢ | ᠥᠷᠭᠦᠯᠵᠢᠯᠡᠨ ᠬᠡᠷᠡᠭᠵᠢᠭᠦᠯᠪᠡ᠃ ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ | ᠨᠡᠮᠡᠭᠳᠡᠭᠦᠯᠪᠡ᠃ ᠬᠤᠲᠠ ᠪᠠᠯᠭᠠᠰᠤᠨ ᠳᠤ 730 ᠬᠥᠮᠦᠨ ᠳᠤ ᠰᠢᠨ᠎ᠡ ᠪᠠᠷ ᠠᠵᠢᠯ ᠣᠯᠭᠤᠵᠤ᠂ 5 ᠲᠦᠮᠡᠨ | ᠬᠥᠮᠦᠨ ᠢ ᠰᠢᠯᠵᠢᠭᠦᠯᠦᠨ ᠠᠵᠢᠯ ᠣᠯᠭᠤᠪᠠ︔ ᠨᠡᠶᠢᠭᠡᠮ ᠤᠨ ᠠᠪᠤᠷᠠᠨ ᠲᠤᠰᠠᠯᠠᠯᠲᠠ 4.1 ᠲᠦᠮᠡᠨ ᠬᠥᠮᠦᠨ ᠢ | ᠬᠠᠮᠤᠷᠴᠤ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ | 13.6 ᠲᠦᠮᠨ᠂ 21.1 ᠲᠦᠮᠨ ᠪᠣᠯᠪᠠ᠃ ᠨᠠᠰᠤᠵᠢᠯ ᠤᠨ ᠦᠢᠯᠡᠴᠢᠯᠡᠭᠡᠨ ᠤ ᠠᠵᠢᠯ ᠢ ᠴᠢᠩᠭᠠᠳᠬᠠᠵᠤ᠂ 7 | ᠰᠠᠭᠤᠷᠢ ᠬᠤᠲᠠ ᠲᠣᠭᠤᠷᠢᠭ ᠤᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ ᠪᠠ ᠡᠳᠦᠷ | ᠲᠤᠲᠤᠮ ᠤᠨ ᠬᠠᠷᠠᠭᠠᠯᠵᠠᠬᠤ ᠲᠥᠪ᠂ 4 ᠰᠠᠭᠤᠷᠢ ᠮᠠᠯᠵᠢᠬᠤ ᠲᠠᠷᠢᠶᠠᠯᠠᠬᠤ ᠣᠷᠣᠨ ᠤ ᠭᠠᠴᠠᠭ᠎ᠠ ᠲᠣᠰᠬᠤᠨ ᠤ | ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠮᠠᠯᠵᠢᠬᠤ ᠣᠷᠣᠨ ᠤ ᠣᠨᠴᠠ | ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠲᠥᠪ ᠤᠨ ᠭᠤᠤᠯ ᠴᠣᠭᠴᠠ ᠶᠢᠨ ᠠᠵᠢᠯ ᠢ | ᠳᠠᠭᠤᠰᠬᠠᠪᠠ᠃ ᠠᠮᠢ ᠠᠬᠤᠶ ᠶᠢᠨ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃ ᠣᠶ ᠰᠢᠭᠤᠶ ᠡᠪᠡᠰᠦ | ᠪᠡᠯᠴᠢᠭᠡᠷ ᠤᠨ ᠠᠮᠢ ᠠᠬᠤᠶ ᠶᠢ ᠰᠡᠷᠭᠦᠭᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠬᠡᠷᠡᠭᠵᠢᠭᠦᠯᠦᠨ᠂ ︽ᠭᠤᠤᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾ ︽ᠣᠶ ᠰᠢᠭᠤᠶ ︵ᠡᠪᠡᠰᠦ ᠪᠡᠯᠴᠢᠭᠡᠷ︶ ᠶᠢᠨ | ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠵᠦ᠂ 6.09 ᠲᠦᠮᠡᠨ ᠮᠥ ᠶᠢᠨ ᠣᠶᠢᠵᠢᠭᠤᠯᠤᠯᠲᠠ ᠶᠢ | ᠪᠡᠶᠡᠯᠡᠭᠦᠯᠵᠦ᠂ 7.2 ᠲᠦᠮᠡᠨ ᠮᠥ ᠶᠢᠨ ᠨᠤᠲᠤᠭ ᠪᠡᠯᠴᠢᠭᠡᠷ ᠢ ᠵᠠᠰᠠᠨ ᠰᠡᠷᠭᠦᠭᠡᠵᠦ᠂ ᠪᠥᠬᠦ ᠬᠤᠰᠢᠭᠤᠨ ᠤ ᠣᠶ | ᠰᠢᠭᠤᠶ ᠶᠢᠨ ᠪᠦᠷᠬᠦᠴᠡ ᠶᠢᠨ ᠨᠣᠷᠮ᠎ᠠ᠂ ᠨᠤᠲᠤᠭ ᠪᠡᠯᠴᠢᠭᠡᠷ ᠤᠷᠭᠤᠮᠠᠯ ᠤᠨ ᠪᠦᠷᠬᠦᠴᠡ ᠲᠣᠰ ᠲᠣᠰ 31.84%᠂ | 68.8% ᠳᠤ ᠬᠥᠷᠪᠡ᠃ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠤᠳᠠ ᠲᠣᠭᠤᠷᠢᠭ ᠤᠨ ᠠᠭᠠᠷ ᠰᠢᠯᠢᠳᠡᠭ ᠰᠠᠶᠢᠨ ᠡᠳᠦᠷ ᠤᠨ | ᠲᠤᠭ᠎ᠠ ᠶᠢᠨ ᠬᠠᠷᠢᠴᠠᠯ 98% ᠳᠤ ᠬᠦᠷᠴᠡᠢ᠃ ᠣᠣ ᠮᠦᠷᠡᠨ᠂ ᠰᠢᠨ ᠺᠠᠶ ᠾᠧ ᠭᠤᠣᠯ ᠵᠡᠷᠭᠡ ᠭᠤᠣᠯ ᠤᠨ | ᠭᠤᠯᠳᠤᠷᠢᠯ ᠢ ᠵᠠᠰᠠᠬᠤ ᠢᠨᠵᠧᠨᠧᠷᠢᠩ ᠢ ᠡᠬᠢᠯᠡᠨ ᠪᠦᠳᠦᠭᠡᠨ ᠪᠠᠶᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ | ᠤᠰᠤᠨ ᠤ ᠠᠮᠢ ᠠᠬᠤᠶ ᠶᠢᠨ ᠦᠷᠭᠦᠯᠵᠢᠯᠡᠨ ᠰᠠᠶᠢᠵᠢᠷᠠᠯᠲᠠ ᠲᠠᠢ ᠪᠣᠯᠬᠤ ᠶᠢ ᠠᠬᠢᠭᠤᠯᠪᠠ᠃ ᠲᠠᠷᠢᠶᠠᠨ ᠡᠮ ᠬᠢᠮᠢ ᠶᠢᠨ | ᠪᠤᠷᠳᠤᠭᠤᠷ ᠤᠨ ᠬᠡᠷᠡᠭᠯᠡᠬᠦ ᠬᠡᠮᠵᠢᠶ᠎ᠡ ᠦᠷᠭᠦᠯᠵᠢᠯᠡᠨ ᠰᠥᠭᠡᠷᠭᠦ ᠦᠰᠦᠯᠲᠡ ᠲᠠᠢ ᠪᠤᠯᠵᠤ᠂ ᠲᠠᠷᠢᠶᠠᠯᠠᠩ ᠤᠨ ᠤᠯᠠᠨ | ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠭᠦᠨᠵᠡᠭᠡᠶᠢᠷᠡᠨ ᠠᠬᠢᠪᠠ᠃ ᠲᠥᠷᠥᠯ ᠵᠦᠢᠯ ᠤᠨ ᠡᠨᠧᠷᠭᠢ | ᠠᠷᠪᠢᠯᠠᠬᠤ ᠶᠢ ᠬᠢᠨᠠᠨ ᠪᠠᠶᠢᠴᠠᠭᠠᠬᠤ ᠶᠢ ᠴᠢᠩᠳᠠᠯᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠢ ᠥᠭᠡᠷᠡᠴᠢᠯᠡᠨ ᠲᠠᠰ | ᠳᠡᠪᠰᠢᠭᠦᠯᠬᠦ ᠶᠢ ᠠᠬᠢᠭᠤᠯᠤᠨ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠨᠧᠷᠭᠢ | ᠠᠷᠪᠢᠯᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠠᠬᠢᠭᠤᠯᠤᠨ᠂ ᠪᠣᠬᠢᠷᠲᠤᠯ ᠥᠬᠡᠶ ᠬᠥᠭᠵᠢᠯᠲᠡ ᠶᠢ | ᠪᠡᠶᠡᠯᠡᠭᠦᠯᠪᠡ᠃ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃ ᠤᠯᠤᠰ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠷᠢᠯᠢᠭ | ᠣᠨᠣᠴᠠᠲᠠᠶ ᠪᠥᠭᠡᠳ ᠥᠨᠳᠥᠷ ᠪᠦᠲᠦᠮᠵᠢᠲᠡᠶ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠠᠷᠠᠳ | ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠠᠲᠤᠯᠠᠪᠠ᠃ ᠥᠷᠢ | ᠥᠭᠴᠡᠭᠡ ᠶᠢᠨ ᠲᠦᠭᠰᠢᠭᠦᠷᠢ ᠶᠢ ᠢᠳᠡᠪᠬᠢᠲᠡᠶ ᠪᠠᠷ ᠠᠷᠢᠯᠭᠠᠵᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ᠂ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠡᠷᠭᠢᠯᠲᠡ ᠳᠤ ᠣᠷᠣᠭᠤᠯᠬᠤ᠂ ᠴᠢᠨᠠᠷ ᠰᠠᠶᠢᠲᠠᠶ ᠭᠠᠶᠢᠯᠢ ᠶᠢᠨ | ᠢᠷᠡᠯᠳᠡ ᠶᠢ ᠲᠣᠬᠢᠷᠠᠭᠤᠯᠬᠤ᠂ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ᠵᠡᠷᠭᠡ ᠠᠷᠭ᠎ᠠ | ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠵᠠᠰᠠᠭ ᠤᠨ ᠣᠷᠳᠣᠨ ᠤ ᠲᠠᠯᠳᠠ ᠥᠷᠢ ᠥᠭᠴᠡᠭᠡ ᠶᠢ 3.9 ᠳ᠋ᠦᠩᠰᠢᠭᠤᠷ | ᠲᠥᠭᠦᠷᠢᠭ ᠠᠷᠢᠯᠭᠠᠪᠠ᠃ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠬᠤ ᠪᠠᠶᠢᠭᠤᠯᠤᠯᠲᠠ ᠶᠢ ᠯᠠᠪᠳᠠᠭᠤᠨ ᠢᠶᠠᠷ | ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠦᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠪᠡ᠃ ᠵᠠᠬᠢᠳᠠᠯ ᠰᠤᠷᠪᠤᠯᠵᠢᠯᠠᠯ ᠤᠨ ᠦᠯᠡᠮᠵᠢ | ᠤᠯᠠᠨ ᠳᠠᠷᠤᠭᠳᠠᠮᠠᠯ ᠬᠡᠷᠡᠭ ᠢ ᠪᠦᠲᠦᠮᠵᠢᠲᠡᠶ ᠪᠠᠷ ᠰᠢᠢᠳᠪᠦᠷᠢᠯᠡᠵᠦ᠂ ᠢᠳᠡᠭᠡᠨ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ | ᠢᠮᠠᠭᠲᠠ ᠲᠣᠭᠲᠠᠭᠤᠨ ᠪᠠᠶᠢᠯᠭᠠᠪᠠ᠃ | ᠶᠡᠷᠦᠩᠬᠡᠶ ᠳᠤᠨᠢ ᠠᠪᠴᠤ ᠦᠵᠡᠪᠡᠯ᠂ 2022 ᠣᠨ ᠳᠤ ᠮᠠᠨ ᠤ ᠬᠤᠰᠢᠭᠤᠨ ᠤ ᠠᠵᠤ ᠠᠬᠤᠶ ᠶᠢᠨ | ᠠᠵᠢᠯᠯᠠᠭᠠᠨ ᠲᠣᠭᠲᠠᠭᠤᠨ ᠪᠠᠶᠢᠨ᠎ᠠ᠃ ᠭᠡᠪᠡᠴᠦ ᠮᠥᠨ ᠯᠡ ᠣᠮᠲᠣᠭᠠᠶᠢᠯᠠᠵᠤ ᠪᠣᠯᠤᠰᠢ ᠦᠭᠡᠢ ᠠᠰᠠᠭᠤᠳᠠᠯ ᠤᠳ | ᠣᠷᠣᠰᠢᠭᠰᠠᠭᠠᠷ᠂ ᠡᠭᠦᠨ ᠳᠤ ᠭᠤᠣᠯᠳᠠᠭᠤ᠄ ᠬᠤᠷᠸ᠎ᠠ ᠠᠵᠤ ᠠᠬᠤᠶ ᠶᠢᠨ ᠪᠠᠶᠢᠳᠠᠯ ᠨᠠᠷᠢᠨ ᠪᠤᠳᠤᠯᠢᠶᠠᠨᠲᠠᠶ ᠪᠥᠭᠡᠳ | ᠬᠦᠨᠳᠦ ᠬᠡᠴᠡᠭᠦᠦ᠂ ᠭᠤᠣᠯ ᠪᠣᠯᠬᠤ ᠠᠵᠤ ᠠᠬᠤᠶ ᠶᠢᠨ ᠭᠦᠢᠴᠡᠳᠬᠡᠬᠦ ᠲᠤᠭ᠎ᠠ ᠶᠢᠨ ᠦᠷᠭᠦᠯᠵᠢᠯᠡᠨ ᠨᠡᠮᠡᠭᠳᠡᠬᠦ | ᠳᠠᠷᠤᠯᠲᠠ ᠨᠡᠯᠢᠶᠡᠳ ᠶᠡᠭᠡ︔ ᠠᠵᠤ ᠦᠢᠯᠡᠰ ᠤᠨ ᠲᠠᠰ ᠳᠠᠪᠬᠤᠷᠭ᠎ᠠ ᠳᠣᠤᠷ᠎ᠠ᠂ ᠰᠢᠨ᠎ᠡ ᠶᠢ ᠡᠭᠦᠳᠬᠦ ᠴᠢᠳᠠᠪᠤᠷᠢ | ᠪᠠᠭᠤᠷᠠᠶ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠡᠭᠦᠷᠭᠡ ᠬᠠᠲᠠᠭᠤ ᠪᠡᠷᠬᠡ︔ ᠥᠷᠢ ᠥᠭᠴᠡᠭᠡᠨ ᠤ | ᠳᠠᠷᠤᠭᠠᠰᠤ ᠬᠦᠨᠳᠦᠷᠡᠵᠦ᠂ ᠡᠳ᠋ ᠤᠨ ᠵᠠᠰᠠᠭ ᠤᠨ ᠲᠡᠩᠴᠡᠭᠦᠷᠢ ᠶᠢᠨ ᠳᠠᠷᠤᠯᠲᠠ ᠶᠡᠬᠡᠰᠴᠦ ᠪᠣᠢ︔ ᠤᠯᠠᠨ | ᠨᠡᠶᠢᠲᠡ ᠶᠢᠨ ᠦᠢᠯᠡᠴᠢᠯᠡᠭᠡ ᠨᠢ ᠤᠯᠠᠨ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠵᠥᠷᠢᠶ᠎ᠡ ᠲᠠᠢ ᠪᠠᠶᠢᠬᠤ ᠵᠡᠷᠭᠡ | ᠪᠣᠯᠤᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠦᠴᠦᠲᠡᠶ ᠠᠷᠭ᠎ᠠ ᠬᠡᠮᠵᠢᠶ᠎ᠡ | ᠠᠪᠴᠤ ᠨᠠᠷᠢᠨ ᠬᠢᠨᠠᠮᠠᠭᠠᠶ ᠪᠠᠷ ᠰᠢᠢᠳᠪᠦᠷᠢᠯᠡᠬᠦ ᠬᠡᠷᠡᠭᠲᠡᠶ᠃ | | |