2022 ᠣᠨ ᠤ ᠤᠯᠤᠰ ᠠᠷᠠᠳ ᠤᠨ ᠠᠵᠤ ᠠᠬᠤᠶ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠵᠢᠴᠢ 2023 ᠣᠨ ᠤ ᠤᠯᠤᠰ ᠠᠷᠠᠳ ᠤᠨ ᠠᠵᠤ ᠠᠬᠤᠶ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠲᠣᠬᠠᠢ ᠮᠡᠳᠡᠭᠦᠯᠦᠯᠲᠡ        ︵ᠭᠤᠷᠪᠠ︶
ᠨᠡᠶᠢᠲᠡᠯᠡᠭᠰᠡᠨ ᠴᠠᠭ᠄
2023/2/9
     ︵ᠳᠥᠷᠪᠡ︶ ᠪᠣᠬᠢᠷᠲᠤᠯ ᠥᠬᠡᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠳᠡᠪᠢᠰᠭᠡᠷ ᠥᠩᠭᠡ ᠶᠢ ᠬᠤᠷᠴᠠ ᠪᠣᠯᠭᠠᠨ᠎ᠠ      ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠣᠶ ᠰᠢᠭᠤᠶ         ︵ᠡᠪᠡᠰᠦ ᠪᠡᠯᠴᠢᠭᠡᠷ︶ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠤᠶᠤᠨᠲᠤ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ︾ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠣᠰ ᠵᠢᠯ ᠳᠤ 4 ᠲᠦᠮᠡᠨ ᠮᠥ ᠣᠶᠢᠵᠢᠭᠤᠯᠤᠨ᠂ 9 ᠲᠦᠮᠡᠨ ᠮᠥ ᠪᠡᠯᠴᠢᠭᠡᠷ ᠢ ᠵᠠᠰᠠᠵᠤ᠂ 5 ᠲᠦᠮᠡᠨ ᠮᠦ ᠶᠢ ᠬᠦᠷᠢᠶᠡᠯᠡᠨ ᠪᠢᠲᠡᠭᠦᠮᠵᠢᠯᠡᠵᠦ ᠪᠣᠶᠢᠵᠢᠭᠤᠯᠤᠨ᠎ᠠ᠃      ᠠᠮᠢ ᠠᠬᠤᠶ ᠶᠢᠨ ᠣᠷᠴᠢᠨ ᠨᠥᠬᠦᠴᠡᠯ ᠤᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠷᠠᠭᠤᠯᠤᠨ᠎ᠠ᠃ ᠨᠠᠷᠢᠯᠢᠭ ᠣᠨᠣᠪᠴᠢᠲᠠᠢ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠬᠦᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠨ᠎ᠠ᠃ ᠬᠦᠯᠡᠮᠵᠢ ᠶᠢᠨ ᠬᠡᠶ ᠪᠡᠶᠡᠲᠦ ᠶᠢᠨ ᠭᠠᠳᠠᠭᠰᠢᠯᠠᠭᠤᠯᠤᠯᠲᠠ ᠶᠢ ᠵᠣᠬᠢᠴᠠᠭᠤᠯᠤᠨ ᠡᠵᠡᠮᠳᠡᠬᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠵᠠᠰᠠᠬᠤ ᠵᠡᠷᠭᠡ ᠵᠠᠰᠠᠯᠲᠠ ᠶᠢᠨ ᠠᠵᠢᠯ ᠢ ᠠᠬᠢᠭᠤᠯᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠡᠵᠡᠮᠳᠡᠬᠦ ᠶᠢ ᠬᠡᠷᠡᠭᠵᠢᠭᠦᠯᠵᠦ᠂ ᠬᠤᠲᠠ ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠪᠠᠶᠢᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠬᠦ ᠶᠢ ᠪᠠᠲᠤᠯᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠭᠤᠣᠯ ᠮᠥᠷᠡᠨ ᠨᠠᠭᠤᠷ ᠴᠥᠭᠦᠷᠥᠮ ᠤᠨ         ︽ᠳᠦᠷᠪᠡᠨ ᠳᠤᠷ᠎ᠠ ᠪᠠᠷ ᠢᠶᠠᠨ︾ ᠪᠠᠶᠢᠬᠤ ᠶᠢ ᠦᠷᠭᠦᠯᠵᠢᠯᠡᠨ ᠴᠡᠪᠡᠷᠯᠡᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠠᠵᠠᠷ ᠳᠡᠭᠡᠷᠡᠬᠢ ᠤᠰᠤ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠭᠡᠬᠦ ᠠᠵᠢᠯ ᠢ ᠰᠠᠶᠢᠲᠤᠷ ᠠᠳᠬᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ ᠪᠣᠬᠢᠷᠲᠤᠯ ᠥᠬᠡᠶ ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ᠂ ᠦᠯᠡᠳᠡᠭᠳᠡᠯ ᠪᠦᠷᠬᠦᠭᠦᠯ ᠢ ᠬᠤᠷᠢᠶᠠᠨ ᠠᠪᠬᠤ ᠶᠢ ᠳᠡᠯᠭᠡᠷᠡᠭᠦᠯᠦᠨ ᠠᠬᠢᠭᠤᠯᠵᠤ᠂ ᠬᠢᠮᠢ ᠶᠢᠨ ᠪᠣᠷᠲᠣᠭᠤᠷ᠂ ᠲᠠᠷᠢᠶᠠᠨ ᠡᠮ ᠬᠡᠷᠡᠭᠯᠡᠬᠦ ᠬᠡᠮᠵᠢᠶᠡᠨ ᠤ ᠰᠥᠭᠡᠷᠭᠦ ᠨᠡᠮᠡᠭᠳᠡᠯ ᠢ ᠦᠨᠡᠨᠬᠦ ᠪᠠᠲᠤᠯᠠᠵᠤ᠂ ᠬᠠᠶᠠᠭᠳᠠᠮᠠᠯ ᠲᠠᠷᠢᠶᠠᠯᠠᠩ ᠤᠨ ᠪᠦᠷᠬᠦᠭᠦᠯ ᠤᠨ ᠪᠤᠴᠠᠭᠠᠨ ᠬᠤᠷᠢᠶᠠᠬᠤ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠨᠣᠷᠮ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃      ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠳᠤ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠬᠠᠷᠠᠯᠲᠠᠲᠤ ᠡᠭᠦᠷᠭᠡ ᠶᠢᠨ ᠲᠣᠭᠤᠷᠢᠨ ᠳᠤ᠂ ᠡᠨᠧᠷᠭᠢ ᠶᠢᠨ ᠬᠤᠷᠣᠭᠳᠠᠭᠤᠯᠭ᠎ᠠ ᠶᠢᠨ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠵᠦᠶ ᠵᠣᠬᠢᠰᠲᠠᠶ ᠬᠢᠵᠠᠭᠠᠷᠯᠠᠨ᠂ ᠤᠶᠠᠨ ᠬᠠᠲᠠᠨ ᠢᠶᠠᠷ ᠬᠠᠮᠢᠶᠠᠷᠤᠨ᠎ᠠ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠵᠤ ᠬᠢᠵᠠᠭᠠᠷᠯᠠᠬᠤ ᠶᠢ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠭᠠᠳᠠᠭᠰᠢᠯᠠᠭᠤᠯᠤᠯᠲᠠ ᠶᠡᠬᠡᠲᠡᠶ ᠳᠣᠣᠷ᠎ᠠ ᠲᠦᠪᠰᠢᠨ ᠤ ᠲᠥᠷᠥᠯ ᠵᠦᠢᠯ ᠢ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠵᠤ᠂ ︽ᠲᠠᠪᠤᠨ ᠵᠦᠢᠯ ᠳᠤ ᠪᠠᠶᠢᠳᠠᠯ ᠢ ᠣᠶᠢᠯᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠪᠦᠬᠦ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠠᠮᠤ ᠪᠤᠳᠠᠭ᠎ᠠ ᠠᠷᠪᠢᠯᠠᠬᠤ᠂ ᠤᠰᠤ ᠠᠷᠪᠢᠯᠠᠬᠤ᠂ ᠴᠠᠬᠢᠯᠭᠠᠨ ᠠᠷᠪᠢᠯᠠᠬᠤ᠂ ᠪᠣᠬᠢᠷᠲᠤᠯ ᠦᠭᠡᠢ ᠪᠠᠷ ᠶᠠᠪᠤᠵᠤ ᠰᠠᠭᠤᠬᠤ᠂ ᠪᠣᠬᠢᠷᠲᠤᠯ ᠦᠭᠡᠢ ᠪᠠᠷ ᠪᠠᠷᠠᠭ᠎ᠠ ᠬᠤᠳᠠᠯᠳᠤᠨ ᠠᠪᠬᠤ ᠵᠡᠷᠭᠡ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠦᠯᠭᠡ ᠶᠢ ᠥᠷᠨᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃      ︵ᠲᠠᠪᠤ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠬᠦᠴᠦᠯᠡᠨ ᠳᠡᠭᠡᠭᠰᠢᠯᠡᠭᠦᠯᠦᠨ᠎ᠡ      ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠬᠦᠴᠦᠯᠡᠨ ᠲᠣᠭᠲᠠᠪᠤᠷᠢᠵᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠷᠠᠭᠤᠯᠤᠨ᠂ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ︽ᠨᠢᠭᠡ ᠴᠦ ᠠᠵᠢᠯ ᠣᠯᠤᠭᠰᠠᠨ ᠥᠬᠡᠶ︾ ᠬᠡᠷ ᠪᠦᠯᠢ ᠳᠤ ᠠᠵᠢᠯ ᠣᠯᠭᠤᠬᠤ ᠶᠢ ᠦᠨᠡᠨᠬᠦ      ᠪᠠᠲᠤᠯᠠᠨ᠎ᠠ᠃ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠳᠠᠯ ᠦᠢᠯᠡᠰ ᠴᠣᠭᠴᠠᠯᠠᠬᠤ ᠲᠠᠪᠴᠠᠩ ᠢ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠴᠢᠨᠠᠷ ᠰᠠᠶᠢᠲᠠᠶ ᠪᠦᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ︽ᠨᠢᠭᠡ ᠮᠥᠩᠭᠦ ᠭᠤᠷᠪᠠᠨ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠥᠯᠥᠰᠥᠨ ᠠᠵᠢᠯᠴᠢᠨ ᠤ ᠬᠠᠤᠯᠢ ᠶᠣᠰᠣᠨ ᠤ ᠠᠰᠢᠭ ᠲᠤᠰᠠ ᠶᠢ ᠦᠨᠡᠨ ᠬᠦ ᠬᠠᠮᠠᠭᠠᠯᠠᠨ᠎ᠠ᠃      ᠴᠢᠨᠠᠷ ᠰᠠᠶᠢᠲᠠᠶ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠦᠨ᠎ᠡ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠤᠱᠯᠠᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠥᠭᠵᠢᠭᠦᠯᠵᠦ᠂     ︽ᠬᠤᠶᠠᠷ ᠢ ᠬᠥᠩᠭᠡᠷᠡᠭᠦᠯᠬᠦ︾ ᠲᠦᠷᠦ ᠶᠢᠨ ᠪᠤᠳᠤᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠬᠦᠴᠦᠯᠡᠨ ᠳᠡᠭᠡᠭᠰᠢᠯᠡᠭᠦᠯᠦᠨ᠎ᠡ᠃ ᠴᠢᠪᠠᠭ᠎ᠠ ᠳᠥᠷᠪᠡᠳᠦᠭᠡᠷ ᠪᠠᠭ᠎ᠠ ᠰᠤᠷᠭᠠᠭᠤᠯᠢ᠂ ᠬᠤᠰᠢᠭᠤᠨ ᠰᠢᠭᠤᠳ ᠬᠠᠷᠢᠶ᠎ᠠ ᠲᠠᠪᠤᠳᠤᠭᠠᠷ ᠬᠡᠤᠬᠡᠳ ᠤᠨ ᠴᠡᠴᠡᠷᠯᠢᠭ᠂ ᠴᠢᠪᠠᠭ᠎ᠠ ᠨᠢᠭᠡᠳᠦᠭᠡᠷ ᠳᠤᠮᠳᠠᠳᠤ ᠰᠤᠷᠭᠠᠭᠤᠯᠢ ᠤᠨ ᠶᠡᠷᠦᠩᠬᠡᠶᠢᠯᠡᠭᠰᠡᠨ ᠠᠰᠠᠷ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠥᠷᠭᠡᠳᠬᠡᠵᠦ᠂ ᠴᠢᠪᠠᠭ᠎ᠠ ᠶᠢᠨ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠬᠦ ᠪᠠ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠶᠢ ᠲᠦᠷᠭᠡᠳᠬᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ ᠤᠨ ᠨᠡᠶᠢᠳᠡᠮ ᠠᠰᠢᠭ ᠬᠦᠷᠲᠡᠭᠡᠬᠦ ᠬᠥᠭᠵᠢᠯᠲᠡ ᠶᠢ ᠴᠢᠩᠭᠠᠷᠠᠭᠤᠯᠤᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠳᠤ ᠰᠤᠷᠭᠠᠭᠤᠯᠢ ᠶᠢᠨ ᠣᠯᠠᠨ ᠶᠠᠩᠵᠤ ᠶᠢᠨ ᠬᠥᠭᠵᠢᠯᠲᠡ ᠶᠢ ᠪᠠᠷᠢᠮᠲᠠᠯᠠᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠵᠦ᠂ ᠠᠵᠤ ᠦᠢᠯᠡᠰ ᠪᠠ ᠰᠤᠷᠭᠠᠨ ᠬᠥᠮᠦᠵᠢᠯ ᠤᠨ ᠭᠦᠨᠵᠡᠭᠡᠶ ᠠᠭᠤᠰᠤᠯᠴᠠᠬᠤ ᠶᠢ ᠲᠦᠷᠭᠡᠳᠬᠡᠨ ᠠᠬᠢᠭᠤᠯᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠦᠲᠦᠯᠦᠨ ᠳᠠᠭᠠᠭᠤᠯᠵᠤ ᠳᠦᠷᠢᠮᠵᠢᠭᠦᠯᠦᠨ᠎ᠡ᠃      ᠡᠷᠡᠭᠦᠯ ᠡᠩᠬᠡ ᠠᠷᠤ ᠬᠤᠷᠴᠢᠨ ᠬᠤᠰᠢᠭᠤᠨ ᠤ ᠪᠠᠶᠢᠭᠤᠯᠤᠯᠲᠠ ᠶᠢ ᠲᠦᠷᠭᠡᠳᠬᠡᠨ᠎ᠡ᠃ ᠠᠷᠠᠳ ᠲᠦᠮᠡᠨ ᠤ ᠡᠷᠡᠭᠦᠯ ᠮᠡᠨᠳᠤ ᠶᠢ ᠪᠠᠲᠤᠯᠠᠬᠤ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠯᠳᠠᠪᠤᠷᠢᠲᠤ ᠡᠪᠡᠳᠴᠢᠨ ᠢ ᠡᠮᠨᠡᠨ ᠵᠠᠰᠠᠬᠤ ᠲᠥᠪ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠶᠢᠨ ᠬᠤᠯᠪᠣᠭᠠᠲᠤ ᠴᠣᠭᠴᠠ ᠪᠣᠯᠣᠨ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ ᠶᠡᠭᠡ ᠠᠷᠬᠠᠭ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠪᠡᠳᠴᠢᠨ ᠰᠡᠷᠭᠡᠶᠢᠯᠡᠵᠦ ᠡᠪᠡᠳᠴᠢᠨ ᠵᠠᠰᠠᠬᠤ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠢᠳᠡᠪᠬᠢᠲᠡᠶ ᠪᠠᠷ ᠦᠷᠡᠵᠢᠯ ᠤᠨ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠬᠥᠮᠦᠨ ᠠᠮᠠ ᠶᠢᠨ ᠤᠷᠳᠤ ᠬᠤᠭᠤᠴᠠᠭ᠎ᠠ ᠪᠠᠷ ᠲᠡᠩᠴᠡᠭᠦᠷᠢᠲᠡᠶ ᠬᠥᠭᠵᠢᠬᠦ ᠶᠢ ᠠᠬᠢᠭᠤᠯᠤᠨ᠎ᠠ᠃      ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶᠡᠴᠢᠯᠡᠨ ᠣᠶᠢᠯᠠᠭᠠᠬᠤ᠂ ᠰᠡᠯᠡᠭᠦᠴᠡᠯ ᠤᠩᠰᠢᠯᠭ᠎ᠠ᠂ ᠰᠣᠶᠣᠯ ᠤᠨ ᠪᠦᠲᠦᠭᠡᠯᠴᠢ ᠰᠡᠳᠬᠢᠮᠵᠢ ᠶᠢ ᠨᠢᠭᠡ ᠴᠣᠭᠴᠠᠵᠢᠭᠤᠯᠤᠭᠰᠠᠨ ᠬᠤᠲᠠ ᠶᠢᠨ ᠵᠣᠴᠢᠳ ᠤᠨ ᠲᠢᠩᠬᠢᠮ ᠤᠨ ᠪᠠᠶᠢᠭᠤᠯᠤᠯᠲᠠ ᠶᠢ ᠡᠬᠢᠯᠡᠭᠦᠯᠵᠦ᠂ ᠤᠯᠠᠭᠠᠨᠮᠦ᠋ᠴᠢᠷ ᠤᠨ ᠲᠢᠶᠡᠲᠷ ᠵᠢᠴᠢ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠥᠬᠦ ᠬᠤᠰᠢᠭᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠤᠨ ᠳᠠᠷᠤᠭ᠎ᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠨᠡᠮᠡᠭᠳᠡᠭᠦᠯᠦᠨ᠎ᠡ᠃ ᠬᠤᠶᠢᠲᠤ ᠠᠭᠤᠯᠠ ᠶᠢᠨ ᠪᠡᠶ᠎ᠡ ᠶᠢᠨ ᠲᠠᠮᠢᠷ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ︽15 ᠮᠢᠨᠦ᠋ᠲ ᠤᠨ ᠪᠡᠶ᠎ᠡ ᠶᠢᠨ ᠲᠠᠮᠢᠷ ᠤᠨ ᠠᠮᠢᠳᠤᠷᠠᠯ ᠤᠨ ᠬᠦᠷᠢᠶ᠎ᠡ︾ ᠶᠢ ᠪᠠᠶᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠵᠢᠯ ᠡᠷᠬᠢᠯᠡᠭᠰᠡᠳ ᠪᠠ ᠠᠮᠢᠳᠤᠯᠢᠭ ᠢᠶᠠᠷ ᠠᠵᠢᠯ ᠣᠯᠤᠭᠰᠠᠳ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠬᠤᠳᠠᠯᠳᠤᠭᠠᠨ ᠤ ᠨᠥᠬᠦᠪᠥᠷᠢ ᠡᠮ ᠡᠮᠨᠡᠯᠭᠡ ᠶᠢᠨ ᠳᠠᠭᠠᠳᠬᠠᠯ ᠤᠨ ᠬᠥᠭᠵᠢᠯᠲᠡ ᠶᠢ ᠲᠡᠮᠵᠢᠵᠤ᠂ ᠨᠡᠶᠢᠭᠡᠮ ᠤᠨ ᠪᠠᠲᠤᠯᠠᠭ᠎ᠠ ᠶᠢᠨ ᠠᠶᠤᠯᠭᠦᠶ ᠶᠢᠨ ᠲᠣᠣᠷ ᠢ ᠨᠠᠷᠢᠨ ᠨᠢᠭᠲᠠ ᠪᠣᠯᠭᠠᠨ᠎ᠠ᠃  ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ᠂ ᠬᠡᠷ ᠲᠡᠭᠡᠨ ᠬᠤᠴᠣᠷᠤᠭᠰᠠᠨ ᠬᠡᠤᠬᠡᠳ᠂ ᠥᠨᠥᠴᠢᠨ ᠬᠡᠤᠬᠡᠳ᠂ ᠵᠡᠮᠳᠡᠭᠴᠦᠳ ᠵᠡᠷᠭᠡ ᠪᠠᠭᠤᠷᠠᠶᠢᠴᠤᠳ ᠤᠨ ᠦᠨᠳᠦᠰᠦᠨ ᠠᠮᠢᠳᠤᠷᠠᠯ ᠪᠠ ᠡᠯ᠎ᠡ ᠵᠦᠢᠯ ᠤᠨ ᠡᠷᠬᠡ ᠠᠰᠢᠭ ᠢ ᠪᠠᠲᠤᠯᠠᠨ᠎ᠠ᠃ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠵᠤ᠂ ᠮᠠᠯᠵᠢᠬᠤ ᠣᠷᠣᠨ ᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠂ ᠱᠣᠤ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠢ ᠥᠷᠭᠡᠳᠬᠡᠨ ᠪᠠᠶᠢᠭᠤᠯᠬᠤ ᠠᠵᠢᠯ ᠢ ᠥᠷᠨᠢᠭᠦᠯᠵᠦ᠂ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠶᠢ ᠴᠢᠩᠭᠠᠷᠠᠭᠤᠯᠵᠤ᠂ ᠪᠥᠬᠦ ᠨᠠᠰᠤᠲᠠᠶᠢᠴᠤᠳ ᠲᠤ ᠦᠨᠳᠦᠰᠦᠨ ᠨᠠᠰᠤᠵᠢᠯ ᠤᠨ ᠦᠢᠯᠡᠴᠢᠯᠡᠭᠡ ᠶᠢ ᠡᠳ᠋ᠯᠡᠭᠦᠯᠬᠦ ᠶᠢ ᠠᠬᠢᠭᠤᠯᠤᠨ᠎ᠠ᠃ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠬᠤᠶᠠᠷ ᠢ ᠬᠦᠷᠢᠶᠡᠯᠡᠬᠦ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ᠂ ᠴᠡᠷᠢᠭ ᠤᠨ ᠠᠯᠪᠠᠨ ᠠᠴᠠ ᠪᠠᠭᠤᠭᠰᠠᠳ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠨ᠎ᠠ᠃      ︵ᠵᠢᠷᠭᠤᠭ᠎ᠠ︶ ᠤᠯᠠᠨ ᠨᠡᠶᠢᠲᠡ ᠶᠢᠨ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠨ᠎ᠠ      ᠠᠮᠤᠷ ᠠᠮᠤᠭᠤᠯᠠᠩ ᠠᠷᠤ ᠬᠤᠷᠴᠢᠨ ᠬᠤᠰᠢᠭᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠭᠦᠨᠵᠡᠭᠡᠶ ᠲᠤᠭᠤᠰᠢᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠨ᠎ᠠ᠃ ᠴᠢᠬᠤᠯᠠ ᠶᠡᠭᠡ ᠠᠵᠤ ᠠᠬᠤᠶ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠬᠢᠵᠦ᠂ ᠰᠢᠰᠲ᠋ᠧᠮ ᠤᠨ ᠴᠢᠨᠠᠷᠲᠠᠶ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠡᠯ᠎ᠡ ᠲᠠᠯ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠢᠳᠡᠭᠡᠨ ᠡᠮ ᠤᠨ ᠵᠦᠢᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠭᠡᠨᠡᠳᠲᠡ ᠡᠭᠦᠰᠦᠭᠰᠡᠨ ᠴᠢᠬᠤᠯᠠ ᠶᠡᠭᠡ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃      ᠨᠡᠶᠢᠭᠡᠮ ᠤᠨ ᠲᠣᠭᠲᠠᠭᠤᠨ ᠪᠠᠶᠢᠳᠠᠯ ᠢ ᠯᠠᠪᠳᠠᠭᠤᠨ ᠪᠠᠲᠤᠲᠠᠶ ᠬᠠᠮᠠᠭᠠᠯᠠᠨ᠎ᠠ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ ᠡᠷᠬᠡ ᠠᠰᠢᠭ ᠢ ᠪᠠᠲᠤᠯᠠᠬᠤ ᠵᠠᠮ ᠢ ᠰᠠᠭᠠᠳ ᠦᠭᠡᠢ ᠨᠡᠪᠲᠡᠷᠡᠭᠦᠯᠦᠨ ᠵᠢᠷᠤᠮᠵᠢᠭᠤᠯᠵᠤ᠂ ᠵᠠᠬᠢᠳᠠᠯ ᠰᠣᠷᠪᠣᠯᠵᠢᠯᠠᠯ ᠪᠠ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠠᠵᠢᠯ ᠤᠨ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠯᠲᠡ ᠡᠵᠡᠮᠳᠡᠯ ᠢ ᠴᠢᠩᠭᠠᠳᠬᠠᠨ᠎ᠠ᠃      ᠲᠥᠯᠥᠭᠡᠯᠡᠭᠴᠢᠳ ᠡ᠂ ᠮᠢᠩᠭ᠎ᠠ ᠭᠠᠷᠤᠢ ᠳᠠᠷᠪᠠᠭᠤᠯᠲᠤ ᠣᠩᠭᠤᠴᠠ ᠳᠠᠯᠠᠢ ᠠᠴᠠ ᠮᠣᠷᠳᠠᠬᠤᠨ᠎ᠠ᠂ ᠮᠢᠲᠠᠷᠠᠰᠢ ᠦᠭᠡᠢ ᠲᠡᠮᠡᠴᠡᠭᠰᠡᠳ ᠢᠨᠦ ᠢᠯᠠᠯᠲᠠ ᠣᠯᠣᠨ ᠴᠢᠳᠠᠮᠣᠢ᠃ ᠡᠶᠢᠮᠦ ᠶᠢᠨ ᠲᠤᠯᠠᠳᠠ ᠰᠢᠷᠦᠭᠦᠨ ᠦᠷᠢᠰᠦᠯᠳᠦᠭᠡᠨ ᠳᠤ ᠵᠣᠬᠢᠴᠠᠨ ᠰᠢᠨᠲᠠᠷᠠᠰᠢ ᠦᠭᠡᠢ ᠴᠢᠷᠮᠠᠶᠢᠬᠤ ᠯᠠ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠣᠳᠣᠬᠢᠴᠢᠯᠠᠭᠰᠠᠨ ᠠᠷᠤ ᠬᠤᠷᠴᠢᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号