ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠤ ᠬᠤᠷᠴᠢᠨ ᠬᠤᠰᠢᠭᠤᠨ ᠤ ᠠᠷᠪᠠᠨ ᠲᠠᠪᠤᠳᠤᠭᠠᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ 2023 ᠣᠨ ᠤ 2 | ᠰᠠᠷ᠎ᠠ ᠶᠢᠨ 7 ᠤ ᠡᠳᠦᠷ ᠠᠷᠤ ᠬᠤᠷᠴᠢᠨ ᠬᠤᠰᠢᠭᠤᠨ ᠳᠤ ᠬᠤᠷᠠᠯᠳᠤᠵᠤ᠂ ᠬᠤᠰᠢᠭᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ 12 ᠭᠡᠰᠢᠭᠦᠨ ᠣᠷᠣᠯᠴᠠᠪᠠ᠃ | ᠬᠤᠰᠢᠭᠤᠨ ᠨᠠᠮ ᠤᠨ ᠬᠤᠷᠢᠶᠠᠨ ᠤ ᠱᠦᠵᠢ ᠸᠧᠶ ᠪᠢᠯᠢᠭ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠬᠤᠰᠢᠭᠤᠨ ᠵᠠᠰᠠᠭ ᠤᠨ ᠣᠷᠳᠣᠨ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠨᠠᠷ | ᠬᠤᠷᠠᠯ ᠳᠤ ᠣᠷᠣᠯᠴᠠᠪᠠ᠃ | ᠪᠥᠬᠦᠳᠡ ᠬᠤᠷᠠᠯ ᠢ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ | ᠬᠤᠷᠢᠶ᠎ᠠ ᠠᠴᠠ ᠡᠷᠭᠢᠯᠡᠪᠡ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠪᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠬᠤᠶᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠬᠤᠲᠠ ᠶᠢᠨ | ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ | ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠤᠳᠠᠭ᠎ᠠ ᠪᠦᠷᠢ ᠶᠢᠨ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 2022 ᠣᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠳ᠋ᠦᠩᠨᠡᠵᠦ᠂ 2023 ᠣᠨ ᠤ ᠡᠭᠦᠷᠭᠡ ᠶᠢ ᠪᠠᠶᠢᠷᠢᠯᠠᠭᠤᠯᠪᠠ᠃ ᠰᠦᠨ | ᠰᠢᠶᠠᠩ ᠢᠦᠢ ᠨᠥᠬᠦᠷ ᠤᠨ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠵᠦ ᠬᠢᠭᠰᠡᠨ ︽ᠬᠠᠷᠢᠭᠤᠴᠠᠯᠭ᠎ᠠ ᠪᠠᠨ ᠲᠠᠨᠢᠵᠤ ᠬᠠᠷᠢᠭᠤᠴᠠᠯᠭ᠎ᠠ ᠡᠬᠦᠷᠭᠡᠯᠡᠨ ᠡᠷᠡᠮᠡᠭᠡᠶᠢᠯᠡᠨ ᠤᠷᠤᠭᠰᠢᠯᠠᠵᠤ | ᠵᠢᠳᠬᠦᠯ ᠴᠢᠷᠮᠠᠶᠢᠯᠭ᠎ᠠ ᠭᠠᠷᠭᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠡᠷᠡᠰ ᠭᠤᠶᠢᠪᠢᠰᠢ ᠦᠭᠡᠢ | ᠠᠬᠢᠭᠤᠯᠤᠶ᠎ᠠ︾ ᠭᠡᠬᠦ ᠰᠡᠳᠦᠪᠳᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ᠂ 2022 ᠣᠨ ᠳᠤ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠪᠠ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ | ᠬᠤᠰᠢᠭᠤᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠬᠤ᠂ | ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠨ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ | ᠪᠠ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ | ᠡᠷᠡᠰ ᠭᠤᠶᠢᠪᠢᠰᠢ ᠦᠭᠡᠢ ᠠᠬᠢᠭᠤᠯᠪᠠ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ | ᠨᠡᠬᠡᠮᠵᠢᠯᠡᠬᠦ ᠪᠠ ᠬᠢᠨᠠᠯᠲᠠ ᠲᠠᠯᠪᠢᠬᠤ ᠪᠠᠶᠢᠴᠠᠭᠠᠬᠤ ᠰᠢᠢᠳᠪᠦᠷᠢᠯᠡᠬᠦ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ | ᠭᠦᠢᠴᠡᠳᠬᠡᠵᠦ᠂ ᠪᠠᠲᠤᠯᠠᠨ ᠭᠦᠢᠴᠡᠳᠬᠡᠬᠦ ᠳᠤ ᠬᠢᠨᠠᠯᠲᠠ ᠲᠠᠯᠪᠢᠬᠤ ᠪᠠ ᠬᠥᠭᠵᠢᠯᠲᠡ ᠶᠢ ᠲᠡᠭᠦᠯᠳᠡᠷᠵᠢᠭᠦᠯᠬᠦ ᠶᠢ | ᠠᠬᠢᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠰᠢᠨ᠎ᠡ ᠠᠬᠢᠴᠠ ᠲᠠᠢ ᠪᠣᠯᠪᠠ ᠭᠡᠵᠦ ᠦᠵᠡᠪᠡ᠃ | ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠢ ᠰᠠᠶᠢᠲᠤᠷ ᠬᠢᠬᠦ ᠡᠭᠦᠷᠭᠡ ᠦᠩᠬᠡ ᠬᠡᠷᠡᠯᠳᠡᠢ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ | ᠪᠥᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠶᠳᠪᠦᠷᠢᠯᠡᠭᠴᠢ ᠠᠴᠢ | ᠬᠤᠯᠪᠣᠭᠳᠠᠯ ᠢ ᠭᠦᠨᠵᠡᠭᠡᠶ ᠤᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠬᠤᠷᠢᠳᠤᠭᠠᠷ ᠬᠤᠭᠤᠴᠠᠭᠠᠨ ᠤ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ | ᠂ ᠤᠯᠠᠭᠠᠨᠬᠠᠳᠠ ᠬᠤᠲᠠ ᠶᠢᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠪᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ | ᠤᠳᠠᠭ᠎ᠠ ᠪᠦᠷᠢ ᠶᠢᠨ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠡᠭᠦᠷᠭᠡ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ | ᠲᠡᠮᠡᠴᠡᠯ ᠢ ᠭᠦᠨᠵᠡᠭᠡᠢ ᠦᠷᠨᠢᠬᠦᠯᠦᠨ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠤᠨ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠤᠨ᠂ ᠠᠷᠤ ᠬᠤᠷᠴᠢᠨ | ᠬᠤᠰᠢᠭᠤᠨ ᠤ ᠪᠥᠬᠦ ᠲᠠᠯ᠎ᠠ ᠶᠢᠨ ᠤᠳᠤᠬᠢᠴᠢᠯᠠᠭᠰᠠᠨ ᠪᠥᠲᠥᠭᠡᠨ ᠪᠠᠶᠢᠭᠤᠯᠤᠯᠲᠠ ᠤᠨ ᠰᠠᠶᠢᠨ ᠡᠬᠢᠯᠡᠯᠲᠡ ᠲᠠᠢ | ᠪᠣᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠦ ᠵᠢᠭᠠᠵᠤ ᠭᠠᠷᠭᠠᠪᠠ᠃ | ᠨᠢᠭᠡ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠬᠢᠨᠠᠯᠲᠠ ᠪᠠᠨ | ᠴᠢᠩᠭᠠᠳᠬᠠᠨ᠂ ︽ᠬᠤᠶᠠᠷ ᠢ ᠬᠠᠮᠠᠭᠠᠯᠠᠬᠤ︾ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠨ᠎ᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ | ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠯᠢᠪᠠ ᠠᠵᠢᠯ ᠢ ᠡᠷᠡᠰ ᠭᠤᠶᠢᠪᠢᠰᠢ ᠦᠭᠡᠢ ᠶᠡᠷᠦᠩᠬᠡᠶᠢᠯᠡᠨ ᠵᠢᠯᠤᠭᠤᠳᠤᠭᠤᠯᠤᠨ᠎ᠠ᠃ ᠤᠯᠤᠰ | ᠲᠥᠷᠥ ᠶᠢᠨ ᠬᠢᠨᠠᠯᠲᠠ ᠶᠢ ᠨᠠᠷᠢᠨ ᠣᠨᠣᠪᠴᠢᠲᠠᠶ ᠪᠥᠭᠡᠳ ᠬᠦᠴᠦᠲᠡᠶ ᠴᠢᠩᠭᠠᠳᠬᠠᠵᠤ᠂ ᠪᠣᠳᠠᠲᠠᠶᠢᠵᠢᠭᠤᠯᠬᠤ᠂ | ᠣᠨᠣᠪᠴᠢᠵᠢᠭᠤᠯᠬᠤ᠂ ᠪᠠᠶᠢᠩᠭᠤᠵᠢᠭᠤᠯᠬᠤ ᠳᠡᠭᠡᠷ᠎ᠡ ᠨᠠᠩ ᠶᠡᠭᠡ ᠬᠦᠴᠦ ᠲᠠᠯᠪᠢᠵᠤ᠂ ᠨᠠᠮ ᠤᠨ ᠲᠥᠪ ᠬᠤᠷᠢᠶᠠᠨ ᠤ | ᠦᠨᠳᠦᠰᠦᠨ ᠪᠣᠳᠣᠯᠭ᠎ᠠ ᠴᠢᠭᠯᠡᠯᠲᠡ ᠪᠠ ᠬᠤᠰᠢᠭᠤᠨ ᠨᠠᠮ ᠤᠨ ᠬᠤᠷᠢᠶᠠᠨ ᠤ ᠡᠯ᠎ᠡ ᠵᠦᠢᠯ ᠤᠨ ᠲᠣᠬᠢᠷᠠᠭᠤᠯᠤᠯᠲᠠ | ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠤᠯᠤᠰ | ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠳᠠᠯᠠᠵᠤ᠂ ᠪᠥᠬᠦ ᠨᠠᠮ ᠤᠨ ᠭᠡᠰᠢᠭᠦᠨ | ᠺᠠᠳ᠋ᠷ ᠤᠨ ᠢᠮᠠᠭᠲᠠ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ᠂ | ᠦᠵᠡᠯ ᠰᠠᠨᠠᠭ᠎ᠠ ᠪᠠᠨ ᠨᠢᠭᠡᠳᠬᠡᠬᠦ᠂ ᠵᠣᠷᠢᠭ ᠰᠠᠨᠠᠭ᠎ᠠ ᠪᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ ᠶᠢ | ᠨᠠᠩ ᠤᠬᠠᠮᠰᠠᠷ ᠠᠴᠠ ᠪᠠᠨ ᠠᠬᠢᠭᠤᠯᠬᠤ ᠬᠡᠷᠡᠭᠲᠡᠶ᠃ | ᠬᠤᠶᠠᠷ᠂ ᠴᠢᠩᠭ᠎ᠠ ᠦᠨᠳᠦᠰᠦᠨ ᠬᠦᠭ ᠠᠶᠠᠰ ᠢ ᠪᠠᠷᠢᠮᠲᠠᠯᠠᠵᠤ᠂ ᠦᠩᠬᠡᠨ ᠲᠠᠯ᠎ᠠ ᠪᠠ ᠦᠨᠳᠦᠰᠦ ᠠᠴᠠ ᠨᠢ | ᠵᠠᠰᠠᠬᠤ ᠶᠢ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ | ᠬᠡᠪ ᠵᠠᠩᠰᠢᠯ ᠪᠤᠯᠭᠠᠨ᠎ᠠ᠃ ︽ᠲᠦᠷᠪᠡᠨ ᠰᠤᠷᠲᠠᠯ︾ ᠤᠨ ᠰᠢᠨ᠎ᠡ ᠢᠯᠡᠷᠡᠯ ᠰᠢᠨ᠎ᠡ ᠬᠠᠨᠳᠤᠰᠢ ᠶᠢ ᠴᠢᠩᠭ᠎ᠠ ᠠᠩᠬᠠᠷᠴᠤ | ᠂ ᠴᠥᠬᠦᠷᠡᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠨ᠎ᠠ᠃ ᠨᠠᠮ ᠤᠨ ᠳᠦᠷᠢ | ᠲᠥᠷᠬᠦ ᠶᠢ ᠬᠤᠬᠢᠷᠠᠭᠤᠯᠤᠭᠰᠠᠨ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠵᠢᠷᠭᠠᠨ ᠴᠡᠩᠭᠡᠬᠦ ᠦᠵᠡᠯ᠂ | ᠱᠠᠯᠢᠨ ᠪᠦᠷᠢᠯᠭᠡᠬᠦ ᠰᠤᠷᠲᠠᠯ ᠢ ᠴᠢᠩᠭ᠎ᠠ ᠴᠡᠭᠴᠡᠯᠡᠨ ᠵᠠᠰᠠᠵᠤ᠂ ᠳᠠᠬᠢᠨ ᠰᠡᠷᠭᠦᠬᠦ ᠪᠠ ᠨᠢᠭᠤᠭᠳᠠᠮᠠᠯ ᠬᠤᠪᠢᠷᠠᠯᠲᠠ | ᠭᠠᠷᠬᠤ ᠢ ᠡᠷᠡᠰ ᠰᠡᠷᠭᠡᠶᠢᠯᠡᠬᠦ ᠵᠢᠴᠢ ᠶᠠᠳᠠᠷᠠᠯ ᠵᠦᠳᠡᠷᠡᠯ ᠢ ᠰᠡᠷᠭᠡᠶᠢᠯᠡᠵᠦ ᠬᠠᠯᠠᠰᠢᠷᠠᠬᠤ ᠶᠢ ᠰᠡᠷᠭᠡᠶᠢᠯᠡᠨ᠎ᠡ᠃ | ᠬᠡᠯᠪᠡᠷᠢᠴᠢ ᠦᠵᠡᠯ᠂ ᠨᠣᠶᠠᠨᠴᠢ ᠰᠤᠷᠲᠠᠯ ᠳᠤ ᠥᠴᠦᠬᠡᠨ ᠴᠦ ᠢᠯᠳᠠᠷ ᠬᠠᠶᠠᠬᠤ ᠦᠭᠡᠢ ᠪᠠᠶᠢᠵᠤ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ | ᠰᠣᠩᠭᠤᠯᠲᠠ ᠬᠢᠬᠦ᠂ ᠵᠣᠬᠢᠴᠠᠭᠤᠯᠤᠨ ᠬᠤᠪᠢᠷᠠᠭᠤᠯᠬᠤ᠂ ᠳᠤᠲᠠᠭᠤ ᠲᠤᠷᠭᠤᠨ ᠬᠢᠬᠦ ᠵᠡᠷᠭᠡ ᠦᠢᠯᠡ ᠠᠵᠢᠯᠯᠠᠭ᠎ᠠ ᠶᠢ | ᠡᠷᠡᠰ ᠵᠠᠯᠠᠷᠠᠭᠤᠯᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠵᠡᠷᠭᠡ ᠠᠰᠠᠭᠤᠳᠠᠯ ᠢ | ᠡᠷᠡᠰ ᠵᠠᠯᠠᠷᠠᠭᠤᠯᠤᠨ᠎ᠠ᠃ ᠰᠤᠷᠲᠠᠯ ᠤᠨ ᠪᠠᠶᠢᠭᠤᠯᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠷᠲᠠᠯ ᠤᠨ ᠢᠯᠵᠡᠷᠡᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ | ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠨᠠᠮ ᠤᠨ ᠰᠢᠯᠢᠳᠡᠭ ᠤᠯᠠᠮᠵᠢᠯᠠᠯ ᠪᠠ ᠰᠤᠷᠲᠠᠯ ᠤᠨ ᠬᠥᠮᠦᠵᠢᠯ ᠢ | ᠴᠢᠩᠭᠠᠳᠬᠠᠨ᠎ᠠ᠃ | ᠭᠤᠷᠪᠠ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠰᠢᠰᠲ᠋ᠧᠮ ᠲᠠᠢ | ᠵᠠᠰᠠᠯᠲᠠ ᠶᠢ ᠠᠬᠢᠭᠤᠯᠤᠨ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠤᠯᠤᠨ᠎ᠠ᠃ ᠢᠯᠵᠠᠷᠠᠬᠤ ᠠᠴᠠ ᠵᠢᠷᠦᠬᠡᠰᠢᠶᠡᠬᠦ ᠳᠡᠭᠡᠷ᠎ᠡ | ᠦᠷᠭᠦᠯᠵᠢᠯᠡᠨ ᠳᠠᠷᠤᠯᠲᠠ ᠥᠭᠭᠦᠨ᠎ᠡ᠃ ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠪᠠᠶᠢᠴᠠᠭᠠᠵᠤ᠂ ᠤᠯᠤᠰ | ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠢ ᠡᠷᠡᠰ ᠪᠠᠶᠢᠴᠠᠭᠠᠨ | ᠰᠢᠢᠳᠪᠤᠷᠢᠯᠡᠵᠦ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠢᠨᠵᠧᠨᠧᠷᠢᠩ ᠤᠨ | ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠯᠴᠠᠬᠤ᠂ ᠠᠮᠤ ᠪᠤᠳᠠᠭ᠎ᠠ ᠬᠤᠳᠠᠯᠳᠤᠨ ᠠᠪᠬᠤ ᠪᠠ | ᠪᠣᠷᠣᠯᠠᠭᠤᠯᠬᠤ᠂ ᠤᠯᠠᠨ ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ ᠵᠡᠷᠭᠡ ᠡᠷᠬᠡ ᠲᠥᠪᠯᠡᠷᠡᠭᠰᠡᠨ᠂ ᠪᠡᠯᠡ | ᠮᠥᠩᠭᠦ ᠬᠤᠷᠠᠭᠰᠠᠨ᠂ ᠡᠬᠢ ᠪᠠᠶᠠᠯᠢᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠦᠨ᠎ᠡ︔ ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ ᠰᠠᠨᠠᠭ᠎ᠠ ᠪᠠᠨ ᠬᠤᠷᠢᠶᠠᠬᠤ ᠦᠭᠡᠢ ᠭᠠᠷ ᠢᠶᠠᠨ ᠲᠠᠲᠠᠬᠤ ᠦᠭᠡᠢ᠂ ᠵᠣᠷᠢᠭ ᠢᠶᠠᠷ ᠢᠶᠠᠨ | ᠠᠭᠠᠰᠢᠯᠠᠭᠰᠠᠳ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠨ᠎ᠠ᠃ ᠢᠯᠵᠢᠷᠡᠵᠦ ᠪᠣᠯᠬᠤ ᠦᠭᠡᠢ ᠶᠢ | ᠭᠦᠨᠵᠡᠭᠡᠶᠢᠷᠡᠭᠦᠯᠦᠨ ᠥᠷᠭᠡᠳᠬᠡᠵᠦ᠂ ᠬᠡᠭᠡᠯᠢ ᠲᠦᠯᠬᠢᠭᠰᠡᠨ ᠬᠥᠮᠦᠨ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ | ᠲᠣᠭᠲᠠᠴᠠ ᠶᠢ ᠪᠠᠶᠢᠭᠤᠯᠤᠨ᠂ ᠬᠡᠭᠡᠯᠢ ᠢᠳᠡᠵᠦ ᠬᠠᠭ᠋ᠤᠤᠯᠢ ᠲᠦᠯᠬᠢᠭᠰᠡᠨ ᠢ ᠬᠠᠮᠲᠤ ᠳᠤᠨᠢ ᠪᠠᠶᠢᠴᠠᠭᠠᠬᠤ | ᠶᠡᠷᠦᠩᠬᠡᠶᠢᠯᠡᠭᠰᠡᠨ ᠦᠢᠯᠡᠳᠦᠯ ᠴᠢᠳᠠᠪᠤᠷᠢ ᠶᠢ ᠦᠷᠭᠦᠯᠵᠢᠯᠡᠨ ᠶᠡᠬᠡᠰᠬᠡᠨ᠎ᠡ᠃ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠲᠦᠷᠢᠮ ᠲᠣᠭᠲᠠᠭᠠᠯ ᠲᠣᠭᠲᠠᠭᠠᠬᠤ ᠶᠢ ᠵᠡᠷᠭᠡ ᠪᠠᠷ ᠠᠬᠢᠭᠤᠯᠬᠤ ᠶᠢ | ᠪᠠᠷᠢᠮᠲᠠᠯᠠᠨ᠎ᠠ᠃ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠬᠠᠨᠳᠤᠯᠭᠠᠲᠤ ᠴᠢᠨᠠᠷᠲᠠᠶ ᠨᠠᠮᠴᠢ ᠴᠢᠨᠠᠷ ᠤᠨ | ᠬᠥᠮᠦᠵᠢᠯ᠂ ᠵᠠᠰᠠᠭ ᠤᠨ ᠮᠣᠷᠠᠯ ᠤᠨ ᠬᠥᠮᠦᠵᠢᠯ᠂ ᠭᠡᠷ ᠤᠨ ᠰᠤᠷᠲᠠᠯ ᠤᠨ ᠬᠥᠮᠦᠵᠢᠯ ᠢ ᠥᠷᠨᠢᠭᠦᠯᠤᠨ᠎ᠠ᠃ ᠠᠷᠢᠭᠤᠨ | ᠴᠢᠬᠡᠴᠢ ᠠᠷᠤ ᠬᠤᠷᠴᠢᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠢᠭᠤᠨ | ᠴᠢᠬᠡᠴᠢ ᠨᠢᠭᠡᠴᠡ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠴᠡᠭ ᠢᠶᠠᠷ | ᠨᠡᠶᠢᠳᠡᠮ ᠢ ᠳᠠᠶᠢᠴᠢᠯᠠᠨ ᠠᠷᠢᠭᠤᠨ ᠴᠢᠬᠡᠴᠢ ᠠᠷᠤ ᠬᠤᠷᠴᠢᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠪᠥᠬᠦ | ᠱᠤᠭᠤᠮ ᠢᠶᠠᠷ ᠬᠠᠮᠲᠤ ᠪᠠᠷ ᠠᠬᠢᠭᠤᠯᠵᠤ᠂ ᠪᠥᠬᠦ ᠣᠷᠣᠨ ᠪᠦᠰᠡ ᠪᠠᠷ ᠠᠬᠢᠭᠤᠯᠤᠨ᠎ᠠ᠃ | ᠲᠥᠷᠪᠡ᠂ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠳᠬᠠᠵᠤ᠂ ᠲᠦᠷᠢᠮ ᠤᠨ ᠰᠢᠩᠭᠡᠯᠢᠭ ᠢ ᠪᠠᠬᠢᠯᠡᠵᠦ᠂ | ᠲᠡᠮᠤᠷ ᠮᠡᠲᠦ ᠰᠠᠬᠢᠯᠭ᠎ᠠ ᠪᠠᠲᠤ ᠶᠢ ᠨᠠᠮ ᠤᠨ ᠭᠡᠰᠢᠭᠦᠨ ᠺᠠᠳ᠋ᠷ ᠤᠨ ᠤᠬᠠᠮᠰᠠᠷᠲᠤ ᠵᠢᠷᠤᠮᠯᠠᠯ ᠪᠣᠯᠭᠠᠨ ᠬᠤᠪᠢᠷᠠᠭᠤᠯᠤᠨ᠎ᠠ | ᠃ ᠪᠠᠶᠢᠩᠭᠤ ᠶᠢᠨ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠵᠤ᠂ ᠵᠠᠯᠠᠭᠤ ᠤᠳᠤᠷᠢᠳᠬᠤ | ᠺᠠᠳ᠋ᠷᠴᠤᠳ ᠤᠨ ᠰᠠᠬᠢᠯᠭ᠎ᠠ ᠪᠠᠲᠤ ᠶᠢᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠮ ᠤᠨ ᠭᠡᠰᠢᠭᠦᠨ | ᠺᠠᠳ᠋ᠷᠴᠤᠳ ᠢ ᠬᠦᠲᠦᠯᠦᠨ ᠵᠢᠯᠣᠭᠤᠳᠴᠤ ᠪᠠᠶᠢᠭᠠᠳ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠴᠠᠭ ᠢᠮᠠᠭᠲᠠ | ᠰᠡᠳᠬᠢᠯ ᠳᠤ ᠨᠢ ᠳᠡᠭᠡᠨ ᠬᠠᠳᠠᠩᠰᠢᠭᠤᠯᠤᠨ᠎ᠠ᠃ ᠰᠠᠬᠢᠯᠭ᠎ᠠ ᠪᠠᠲᠤ ᠶᠢ ᠵᠠᠪᠠᠯ ᠴᠢᠩᠭ᠎ᠠ ᠬᠡᠷᠡᠭᠵᠢᠭᠦᠯᠬᠦ᠂ ᠰᠠᠬᠢᠯᠭ᠎ᠠ | ᠪᠠᠲᠤ ᠶᠢ ᠵᠥᠷᠢᠴᠡᠪᠡᠯ ᠵᠠᠪᠠᠯ ᠨᠡᠬᠡᠮᠵᠢᠯᠡᠬᠦ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠰᠢᠪᠠᠳᠠᠵᠤ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢ ᠴᠢᠩᠭ᠎ᠠ ᠰᠠᠶᠢᠲᠤᠷ ᠠᠳᠬᠤᠵᠤ᠂ ︽ᠲᠦᠷᠪᠡᠨ ᠵᠦᠢᠯ ᠤᠨ | ᠬᠡᠯᠪᠡᠷᠢ ᠪᠠᠶᠢᠳᠠᠯ︾ ᠢ ᠨᠠᠷᠢᠯᠢᠭ ᠣᠨᠣᠴᠠᠲᠠᠢ ᠪᠠᠷ ᠬᠡᠷᠡᠭᠯᠡᠨ᠎ᠡ᠃ ︽ᠭᠤᠷᠪᠠ ᠶᠢ ᠢᠯᠭᠠᠬᠤ︾ ᠶᠢ ᠪᠠᠷᠢᠮᠳᠠᠯᠠᠨ᠂ | ᠲᠤᠭ ᠲᠡᠮᠳᠡᠭ ᠲᠣᠳᠣᠷᠬᠠᠢ ᠪᠠᠷ ᠡᠭᠦᠷᠭᠡᠯᠡᠯ ᠡᠭᠦᠷᠭᠡᠯᠡᠵᠦ᠂ ᠬᠠᠷᠢᠭᠤᠴᠠᠯᠭᠠᠲᠠᠨ ᠳᠤ ᠬᠠᠷᠢᠭᠤᠴᠠᠨ᠎ᠠ᠃ ᠴᠤᠤᠷᠬᠠᠯ | ᠲᠠᠯᠪᠢᠵᠤ ᠭᠦᠳᠬᠡᠨ ᠭᠡᠮᠲᠦᠭᠡᠭᠰᠡᠨ᠂ ᠵᠣᠷᠢᠭᠤᠳᠠ ᠬᠠᠷᠢᠭᠤ ᠠᠪᠤᠭᠰᠠᠨ ᠭᠦᠳᠬᠡᠨ ᠵᠠᠭᠠᠯᠳᠤᠵᠤ ᠬᠤᠣᠷᠯᠠᠭᠰᠠᠨ | ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠦᠳᠬᠡᠨ ᠵᠠᠭᠠᠯᠳᠤᠭᠳᠠᠵᠤ ᠠᠳᠡᠭᠦᠷᠡᠨ | ᠵᠠᠭᠠᠯᠳᠤᠭᠳᠠᠭᠰᠠᠨ ᠺᠠᠳ᠋ᠷ ᠤᠨ ᠨᠡᠷ᠎ᠡ ᠬᠦᠨᠳᠦ ᠶᠢ ᠴᠠᠭ ᠲᠤᠬᠠᠢ ᠳᠤᠨᠢ ᠴᠠᠭᠠᠳᠬᠠᠵᠤ ᠥᠭᠬᠦᠨ᠎ᠠ᠃ | ᠲᠠᠪᠤᠳᠤᠭᠠᠷ ᠲᠤ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠠᠷᠠᠳ | ᠲᠦᠮᠡᠨ ᠢ ᠳᠡᠭᠡᠳᠦᠯᠡᠬᠦ ᠶᠢ ᠪᠠᠷᠢᠮᠳᠠᠯᠠᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠬᠦᠷᠢᠶᠡᠨ ᠤ ᠲᠤᠰᠬᠠᠶ ᠬᠢᠨᠠᠯᠲᠠ ᠶᠢ ᠭᠦᠨᠵᠡᠭᠡᠶ ᠥᠷᠨᠢᠭᠦᠯᠵᠦ᠂ ᠬᠥᠳᠡᠭᠡ ᠲᠣᠰᠬᠤᠨ ᠢ ᠪᠥᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠤ | ᠠᠩᠬᠠᠷᠤᠯ ᠢᠶᠠᠨ ᠲᠥᠪᠯᠡᠷᠡᠭᠦᠯᠵᠦ᠂ ᠱᠠᠮᠰᠢᠵᠤ ᠨᠡᠭᠦᠯᠭᠡᠨ ᠬᠡᠷᠡᠭᠯᠡᠭᠰᠡᠨ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ | ᠠᠪᠤᠭᠰᠠᠨ᠂ ᠲᠦᠷᠦᠯ ᠰᠠᠳᠤᠨ ᠨᠠᠶᠢᠵᠠ ᠨᠥᠬᠦᠳ ᠲᠡᠭᠡᠨ ᠬᠠᠷᠠᠭᠠᠯᠵᠠᠯ ᠦᠵᠡᠭᠦᠯᠦᠭᠰᠡᠨ ᠵᠡᠷᠭᠡ ᠠᠰᠠᠭᠤᠳᠠᠯ ᠢ | ᠴᠢᠩᠭ᠎ᠠ ᠪᠠᠶᠢᠴᠠᠭᠠᠨ ᠰᠢᠢᠳᠪᠤᠷᠢᠯᠡᠨ᠎ᠡ᠃ ᠬᠤᠳᠠᠯᠳᠤᠭ᠎ᠠ ᠡᠵᠡᠩᠨᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠠᠵᠢᠯ ᠢ ᠮᠥᠷᠳᠡᠨ ᠬᠢᠨᠠᠯᠲᠠ ᠲᠠᠯᠪᠢᠬᠤ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠡᠷᠡᠭᠦᠯ ᠢᠶᠠᠷ | ᠬᠥᠭᠵᠢᠬᠦ ᠶᠢ ᠢᠳᠡᠪᠬᠢᠲᠡᠢ ᠬᠠᠮᠠᠭᠠᠯᠠᠨ᠎ᠠ᠃ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠬᠦ ᠠᠵᠢᠯ ᠢ ᠰᠡᠳᠬᠢᠯ | ᠲᠠᠯᠪᠢᠨ ᠬᠦᠴᠦᠯᠡᠨ ᠰᠠᠶᠢᠲᠤᠷ ᠬᠢᠵᠦ᠂ ᠠᠩᠬ᠎ᠠ ᠤᠳᠠᠭᠠᠨ ᠤ ᠪᠠᠶᠢᠴᠠᠭᠠᠨ ᠡᠵᠡᠮᠳᠡᠭᠰᠡᠨ ᠬᠡᠷᠡᠭ ᠢ ᠰᠢᠢᠳᠪᠦᠷᠢᠯᠡᠵᠦ | ᠳᠠᠭᠤᠰᠬᠠᠭᠰᠠᠨ ᠨᠤᠷᠮ᠎ᠠ᠂ ᠦᠨᠡᠨ ᠨᠡᠷ᠎ᠡ ᠪᠠᠷ ᠢᠶᠠᠨ ᠢᠯᠡᠴᠢᠯᠡᠨ ᠵᠠᠭᠠᠯᠳᠤᠭᠰᠠᠨ ᠤ ᠬᠠᠷᠢᠭᠤ ᠲᠤᠰᠬᠠᠭᠰᠠᠨ | ᠬᠠᠨᠤᠮᠵᠢ ᠶᠢᠨ ᠨᠤᠷᠮ᠎ᠠ᠂ ᠳᠠᠪᠬᠤᠷᠳᠠᠭᠤᠯᠤᠨ ᠢᠯᠡᠴᠢᠯᠡᠨ ᠮᠡᠳᠡᠭᠦᠯᠦᠭᠰᠡᠨ ᠢ ᠰᠢᠢᠳᠪᠦᠷᠢᠯᠡᠭᠰᠡᠨ ᠨᠤᠷᠮ᠎ᠠ ᠶᠢ | ᠦᠷᠭᠦᠯᠵᠢᠯᠡᠨ ᠲᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠳᠤ ᠬᠢᠨᠠᠯᠲᠠ | ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠳᠤᠷ᠎ᠠ ᠪᠠᠷ ᠨᠢ ᠲᠠᠯᠪᠢᠬᠤ ︽ᠬᠠᠮᠠᠭᠠᠯᠠᠬᠴᠢ︾ ᠶᠢ ᠡᠷᠡᠰ ᠪᠠᠶᠢᠴᠠᠭᠠᠨ ᠰᠢᠢᠳᠪᠤᠷᠢᠯᠡᠨ᠎ᠡ᠃ | ᠵᠢᠷᠭᠤᠭ᠎ᠠ᠂ ᠤᠯᠤᠰ ᠲᠦᠷᠦ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠰᠦᠷᠳᠡᠭᠦᠯᠬᠦ ᠦᠢᠯᠡᠳᠦᠯ ᠢ ᠪᠠᠳᠠᠷᠠᠭᠤᠯᠤᠨ᠂ ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢ | ᠭᠦᠢᠴᠡᠳ ᠢᠯᠡᠷᠡᠭᠦᠯᠥᠨ᠎ᠡ᠃ ︽ᠬᠤᠶᠠᠷ ᠢ ᠬᠠᠮᠠᠭᠠᠯᠠᠬᠤ︾ ᠶᠢ ᠲᠣᠭᠤᠷᠢᠨ ᠪᠠᠶᠢᠴᠠᠭᠠᠬᠤ ᠦᠨᠳᠦᠰᠦᠨ ᠡᠭᠦᠷᠭᠡ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠪᠠᠶᠢᠳᠠᠯ ᠢ ᠴᠢᠬᠤᠯᠠ ᠠᠴᠠ ᠴᠢᠬᠤᠯᠠ ᠵᠦᠢᠯ ᠪᠤᠯᠭᠠᠨ᠎ᠠ᠃ ᠬᠤᠰᠢᠭᠤᠨ ᠨᠠᠮ ᠤᠨ ᠬᠤᠷᠢᠶ᠎ᠠ ᠶᠢ ᠬᠠᠮᠵᠢᠨ ᠣᠨ ᠤ | ᠲᠣᠭᠤᠷᠢᠨ ᠪᠠᠶᠢᠴᠠᠭᠠᠬᠤ ᠠᠵᠢᠯ ᠤᠨ ᠭᠤᠤᠯᠳᠠᠯᠭ᠎ᠠ ᠶᠢ ᠲᠣᠭᠲᠠᠭᠠᠵᠤ᠂ ᠡᠩ ᠤᠨ ᠲᠣᠭᠤᠷᠢᠨ ᠪᠠᠶᠢᠴᠠᠭᠠᠯᠲᠠ ᠪᠠᠷ | ᠤᠳᠤᠷᠢᠳᠤᠮᠵᠢ ᠪᠣᠯᠭᠠᠨ᠂ ᠬᠠᠨᠳᠤᠯᠭᠠᠲᠤ ᠴᠢᠨᠠᠷᠲᠠᠶ ᠪᠠᠷ ᠲᠤᠰᠬᠠᠶ ᠲᠣᠭᠤᠷᠢᠨ ᠪᠠᠶᠢᠴᠠᠭᠠᠯᠲᠠ ᠪᠠ ᠬᠥᠳᠡᠯᠦᠩᠭᠦᠶ | ᠲᠣᠭᠤᠷᠢᠨ ᠪᠠᠶᠢᠴᠠᠭᠠᠯᠲᠠ ᠶᠢ ᠥᠷᠨᠢᠭᠦᠯᠦᠨ᠎ᠡ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠦᠨᠡᠨᠬᠦ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ | ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠲᠣᠭᠤᠷᠢᠨ ᠪᠠᠶᠢᠴᠠᠭᠠᠵᠤ | ᠬᠢᠨᠠᠯᠲᠠ ᠲᠠᠯᠪᠢᠬᠤ ᠪᠠ ᠪᠤᠰᠤᠳ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠠᠭᠤᠰᠤᠯᠴᠠᠭᠤᠯᠬᠤ ᠶᠢ ᠭᠦᠨᠵᠡᠭᠡᠶ | ᠠᠬᠢᠭᠤᠯᠵᠤ᠂ ᠬᠢᠨᠠᠨ ᠪᠤᠳᠤᠬᠤ᠂ ᠡᠳ᠋ ᠤᠨ ᠵᠠᠰᠠᠭ᠂ ᠵᠠᠬᠢᠳᠠᠯ ᠰᠤᠷᠪᠤᠯᠵᠢᠯᠠᠯ ᠵᠡᠷᠭᠡ ᠬᠦᠴᠦᠨ ᠤ ᠲᠣᠭᠤᠷᠢᠨ | ᠪᠠᠶᠢᠴᠠᠭᠠᠬᠤ ᠠᠵᠢᠯ ᠳᠤ ᠭᠦᠨᠵᠡᠭᠡᠶ ᠣᠷᠣᠯᠴᠠᠬᠤ ᠶᠢ ᠠᠬᠢᠭᠤᠯᠤᠨ᠎ᠠ᠃ ᠴᠠᠭᠳᠠᠨ ᠪᠠᠶᠢᠴᠠᠭᠠᠬᠤ ᠠᠵᠢᠯ ᠢ ᠦᠨᠳᠦᠰᠦᠨ | ᠱᠠᠳᠤ ᠲᠡᠶᠢᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠵᠤ᠂ ᠴᠠᠭᠳᠠᠨ ᠪᠠᠶᠢᠴᠠᠭᠠᠬᠤ ᠭᠦᠨᠴᠡ ᠪᠠ ᠥᠷᠭᠡᠴᠡ ᠶᠢ | ᠲᠠᠰᠤᠷᠠᠯᠳᠠ ᠦᠭᠡᠢ ᠨᠡᠮᠡᠭᠳᠡᠭᠦᠯᠦᠨ᠎ᠡ᠃ | ᠲᠤᠯᠤᠭ᠎ᠠ᠂ ᠨᠡᠪᠲᠡᠷᠡᠯᠴᠡᠨ ᠵᠣᠬᠢᠴᠠᠭᠤᠯᠬᠤ ᠶᠢ ᠳᠣᠪᠤᠶᠢᠯᠭᠠᠵᠤ᠂ ᠬᠢᠨᠠᠯᠲᠠ ᠲᠠᠯᠪᠢᠬᠤ ᠰᠢᠰᠲ᠋ᠧᠮ ᠢ | ᠲᠡᠭᠦᠯᠳᠡᠷᠵᠢᠭᠦᠯᠥᠨ᠂ ᠲᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠨᠠᠩ ᠰᠠᠶᠢᠲᠤᠷ | ᠬᠤᠪᠢᠷᠠᠭᠤᠯᠬᠤ ᠶᠢ ᠠᠬᠢᠭᠤᠯᠤᠨ᠎ᠠ᠃ ᠲᠠᠪᠬᠤᠷᠳᠠᠯ ᠤᠳᠤᠷᠢᠳᠤᠯᠭ᠎ᠠ ᠪᠠ ᠢᠯᠵᠡᠷᠡᠯ ᠤᠨ ᠭᠡᠷᠡᠭ ᠢ ᠪᠠᠶᠢᠴᠠᠭᠠᠨ | ᠰᠢᠢᠳᠪᠦᠷᠢᠯᠡᠬᠦ ᠳᠡᠭᠡᠨ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠤᠳᠤᠷᠢᠳᠤᠯᠭ᠎ᠠ ᠪᠠᠷ ᠭᠤᠣᠯ ᠱᠠᠭᠠᠷᠳᠠᠯᠭ᠎ᠠ ᠪᠤᠯᠭᠠᠬᠤ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ | ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭᠠᠳᠬᠠᠨ᠂ ᠡᠭᠦᠷᠭᠡ | ᠴᠢᠳᠠᠪᠬᠢᠳᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ | ᠱᠠᠯᠠᠪᠳᠠᠭᠤᠯᠤᠨ᠎ᠠ᠃ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠵᠦ᠂ ᠲᠣᠮᠢᠯᠠᠨ | ᠰᠠᠭᠤᠯᠭᠠᠭᠰᠠᠨ ᠪᠠᠶᠢᠭᠤᠯᠤᠮᠵᠢ ᠶᠢᠨ ᠬᠢᠨᠠᠨ ᠪᠠᠶᠢᠴᠠᠭᠠᠬᠤ ᠡᠷᠬᠡ ᠪᠠᠨ ᠪᠦᠬᠦ ᠲᠠᠯ᠎ᠠ ᠪᠠᠷ ᠬᠡᠷᠡᠭᠯᠡᠬᠦ ᠶᠢ ᠠᠬᠢᠭᠤᠯᠤᠨ᠂ | ᠨᠠᠮ ᠤᠨ ᠬᠤᠷᠢᠶ᠎ᠠ ᠶᠢ ᠬᠠᠮᠵᠢᠨ ᠬᠢᠨᠠᠯᠲᠠ ᠲᠠᠯᠪᠢᠬᠤ ᠰᠢᠰᠲ᠋ᠧᠮ ᠤᠨ ᠨᠠᠩ ᠥᠨᠳᠥᠷ ᠪᠦᠲᠦᠮᠵᠢᠲᠡᠶ ᠠᠵᠢᠯᠯᠠᠭᠠᠨ ᠢ | ᠠᠬᠢᠭᠤᠯᠤᠨ᠎ᠠ᠃ ︽ᠨᠢᠭᠡᠳᠦᠭᠡᠷ ᠭᠠᠷ︾ ᠪᠣᠯᠤᠨ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠵᠤ᠂ | ᠤᠳᠤᠷᠢᠳᠬᠤ ᠺᠠᠳ᠋ᠷᠴᠤᠳ ᠢ ᠱᠠᠭᠠᠷᠳᠠᠵᠦ ᠪᠠᠶᠢᠭᠠᠳ ᠥᠪᠡᠷ ᠢ ᠪᠠᠨ ᠴᠢᠩᠭ᠎ᠠ ᠱᠠᠭᠠᠷᠳᠠᠨ᠂ ᠬᠠᠷᠢᠭᠤᠴᠠᠯᠭ᠎ᠠ ᠶᠢ ᠨᠢ | ᠴᠢᠩᠭ᠎ᠠ ᠡᠭᠦᠷᠭᠡᠯᠡᠭᠦᠯᠵᠦ᠂ ᠬᠠᠷᠢᠶᠠᠯᠠᠯ ᠢ ᠨᠢ ᠴᠢᠩᠭ᠎ᠠ ᠬᠠᠮᠢᠶᠠᠷᠤᠭᠤᠯᠤᠨ᠎ᠠ᠃ | ᠨᠠᠢᠮᠠ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠪᠠᠲᠤ ᠴᠢᠩᠭ᠎ᠠ ᠲᠡᠮᠦᠷ ᠴᠡᠷᠢᠭ ᠢ | ᠪᠠᠶᠢᠭᠤᠯᠵᠤ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠥᠨᠳᠥᠷ ᠬᠡᠪ ᠪᠣᠯᠪᠠᠰᠤᠷᠠᠯ ᠲᠠᠢ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢ ᠳᠠᠪᠲᠠᠨ ᠪᠤᠯᠪᠠᠰᠤᠷᠠᠭᠤᠯᠤᠨ᠎ᠠ᠃ ᠤᠯᠤᠰ ᠲᠦᠷᠦ ᠶᠢᠨ | ᠪᠠᠶᠢᠭᠤᠯᠤᠯᠲᠠ ᠶᠢ ᠴᠢᠩᠭᠠᠳᠬᠠᠵᠤ᠂ ᠨᠠᠮ ᠳᠤ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠶᠢ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠲᠡᠷᠢᠭᠦᠨ ᠴᠢᠬᠤᠯᠠ ᠤᠯᠤᠰ ᠲᠦᠷᠦ ᠶᠢᠨ ᠵᠠᠷᠴᠢᠮ ᠪᠣᠯᠭᠠᠵᠤ᠂ | ᠨᠠᠮ ᠤᠨ ᠤᠳᠤᠷᠢᠳᠤᠯᠭ᠎ᠠ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠡᠯ᠎ᠡ ᠲᠠᠯ᠎ᠠ ᠪᠦᠬᠦ | ᠶᠠᠪᠤᠴᠠ ᠳᠤ ᠦᠨᠡᠨᠬᠦ ᠲᠤᠭᠤᠰᠢᠯᠠᠭᠤᠯᠤᠨ᠎ᠠ᠃ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠤᠯᠴᠠᠬᠤ | ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠦᠨ᠎ᠡ᠃ ᠬᠢᠨᠠᠨ ᠪᠠᠶᠢᠴᠠᠭᠠᠬᠤ ᠲᠤᠰᠢᠶᠠᠯᠲᠠᠨ ᠤ ᠵᠡᠷᠭᠡ | ᠳᠡᠰ ᠢ ᠠᠩᠬ᠎ᠠ ᠤᠳᠠᠭ᠎ᠠ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠠᠷᠢᠭᠤᠨ ᠴᠢᠬᠡᠴᠢ | ᠪᠠᠶᠢᠭᠤᠯᠤᠯᠲᠠ ᠶᠢ ᠲᠤᠪᠤᠶᠢᠯᠠᠭᠠᠨ᠂ ᠵᠠᠶᠢᠯᠠᠭᠤᠯᠬᠤ᠂ ᠨᠢᠭᠤᠴᠠ ᠶᠢ ᠬᠠᠮᠠᠭᠠᠯᠠᠬᠤ᠂ ᠬᠡᠷᠡᠭ ᠲᠤ ᠭᠠᠷ ᠲᠦᠷᠦᠭᠦ ᠶᠢ | ᠳᠡᠩᠰᠡᠯᠡᠨ ᠲᠡᠮᠳᠡᠭᠯᠡᠬᠦ ᠵᠡᠷᠭᠡ ᠳᠣᠲᠣᠭᠠᠳᠤ ᠡᠵᠡᠮᠳᠡᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ︽ | ᠭᠤᠷᠪᠠ ᠶᠢ ᠦᠯᠦ ᠢᠯᠵᠠᠷᠠᠭᠤᠯᠬᠤ︾ ᠣᠶᠢᠯᠠᠭᠠᠭᠳᠠᠬᠤᠨ ᠢ ᠨᠢᠭᠡ ᠴᠤᠭᠴᠠᠵᠢᠭᠤᠯᠤᠨ ᠲᠦᠯᠬᠢᠨ ᠠᠬᠢᠭᠤᠯᠬᠤ ᠶᠢ | ᠲᠤᠰ ᠪᠡᠶ᠎ᠡ ᠶᠢᠨ ᠪᠠᠶᠢᠭᠤᠯᠤᠯᠲᠠ ᠳᠠᠭᠠᠨ ᠲᠤᠭᠤᠰᠢᠯᠠᠭᠤᠯᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠭᠡᠷᠡᠭᠵᠢᠭᠦᠯᠥᠭᠴᠢ᠂ | ᠬᠠᠤᠯᠢ ᠭᠡᠷᠡᠭᠵᠢᠭᠦᠯᠥᠭᠴᠢ ᠬᠠᠤᠯᠢ ᠲᠦᠷᠢᠮ ᠢ ᠵᠦᠷᠢᠴᠠᠪᠠᠯ ︽ᠥᠴᠦᠬᠡᠨ ᠴᠦ ᠠᠭᠤᠴᠢᠯᠠᠬᠤ ᠦᠭᠡᠢ︾᠃ | ᠪᠥᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠥᠯᠭᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠢᠭᠠᠭᠰᠠᠨ | ᠴᠢᠭᠯᠡᠯ ᠢᠶᠠᠷ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠤᠲᠠ ᠶᠢᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠤᠤᠷ᠎ᠠ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠡᠭᠦᠷᠭᠡ ᠲᠤᠰᠢᠶᠠᠯ ᠢᠶᠠᠨ ᠭᠤᠲᠤᠭᠠᠬᠤ | ᠦᠭᠡᠢ᠂ ᠡᠷᠴᠢ ᠵᠣᠷᠢᠭ ᠢᠶᠠᠨ ᠬᠥᠪᠴᠢᠯᠡᠬᠦ᠂ ᠡᠷᠡᠯᠬᠡᠭ ᠢᠶᠠᠷ ᠤᠷᠤᠭᠰᠢᠯᠠᠬᠤ᠂ ᠪᠤᠴᠠᠯᠲᠠ ᠦᠭᠡᠢ ᠤᠷᠤᠭᠰᠢᠯᠠᠬᠤ | ᠲᠡᠮᠡᠴᠡᠯ ᠤᠨ ᠣᠪᠣᠷ ᠢᠶᠠᠷ ᠡᠭᠦᠷᠢᠳᠡ ᠴᠥᠬᠦᠷᠡᠰᠢ ᠦᠭᠡᠢ ᠣᠶᠤᠨ ᠰᠠᠨᠠᠭᠠᠨ ᠤ ᠳᠦᠷᠰᠦ ᠪᠠᠶᠢᠳᠠᠯ ᠦᠨᠡᠨᠴᠢ | ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠥᠢᠴᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠬᠢᠭᠡᠳ ᠢᠯᠵᠠᠷᠠᠯ ᠢ | ᠡᠰᠡᠷᠭᠦᠴᠡᠬᠦ ᠲᠡᠮᠡᠴᠡᠯ ᠤᠨ ᠰᠢᠨ᠎ᠡ ᠦᠷ᠎ᠡ ᠪᠦᠲᠦᠮᠵᠢ᠂ ᠠᠵᠤ ᠠᠬᠤᠶ ᠶᠢᠨ ᠬᠥᠭᠵᠢᠯᠲᠡ ᠶᠢ ᠲᠦᠯᠬᠢᠨ | ᠠᠬᠢᠭᠤᠯᠬᠤ ᠶᠢᠨ ᠲᠥᠯᠥᠭᠡ᠂ ᠠᠵᠤ ᠠᠬᠤᠢ ᠬᠦᠭᠵᠢᠩᠬᠦᠢ᠂ ᠨᠡᠶᠢᠭᠡᠮ ᠡᠶ᠎ᠡ ᠵᠣᠬᠢᠴᠠᠯ ᠲᠠᠢ᠂ ᠠᠷᠠᠳ ᠲᠦᠮᠡᠨ ᠵᠣᠯ | ᠵᠢᠷᠭᠠᠯ ᠲᠠᠢ ᠰᠢᠨ᠎ᠡ ᠠᠷᠤ ᠬᠤᠷᠴᠢᠨ ᠬᠤᠰᠢᠭᠤ ᠶᠢ ᠪᠥᠳᠤᠬᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ | ᠥᠵᠡᠭᠦᠯᠥᠶᠡ ᠭᠡᠵᠦ ᠤᠷᠢᠶᠠᠯᠠᠪᠠ᠃ |