ᠪᠦᠬᠦ ᠬᠤᠲᠠ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ︽ᠠᠳᠡᠯ ᠢ ᠪᠠᠭᠠᠰᠬᠠᠵᠤ᠂ ᠠᠮᠤᠷ ᠲᠦᠪᠰᠢᠨ ᠢ ᠪᠠᠲᠤᠯᠠᠬᠤ︾ ᠲᠤᠰᠬᠠᠶ ᠨᠢᠭᠡᠳᠦᠯᠲᠡᠶ ᠠᠵᠢᠯᠯᠠᠭᠠᠨ ᠥᠷᠨᠢᠭᠦᠯᠭᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2023/2/9
       ᠤᠯᠤᠰ᠂ ᠮᠤᠵᠢ᠂ ᠬᠤᠰᠢᠭᠤ ᠰᠢᠶᠠᠨ᠂ ᠰᠤᠮᠤ ᠰᠢᠶᠠᠩ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠪᠠ ᠠᠮᠤᠷ ᠲᠦᠪᠰᠢᠨ ᠤ ᠳᠠᠯᠳᠠ ᠬᠡᠮ ᠢ ᠴᠢᠩᠭ᠎ᠠ ᠪᠠᠶᠢᠴᠠᠭᠠᠨ ᠴᠡᠭᠴᠡᠯᠡᠨ ᠵᠠᠰᠠᠵᠤ᠂ ᠠᠷᠠᠳ ᠣᠯᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ 2023 ᠣᠨ ᠤ 2 ᠰᠠᠷ᠎ᠠ ᠶᠢᠨ 8 ᠤ ᠡᠳᠦᠷ ᠠᠴᠠ 3 ᠰᠠᠷ᠎ᠠ ᠶᠢᠨ 10 ᠤ ᠡᠳᠦᠷ ᠪᠣᠯᠲᠠᠯ᠎ᠠ᠂ ᠤᠯᠤᠰ ᠤᠨ ᠪᠠ ᠮᠤᠵᠢ ᠶᠢᠨ ᠲᠡᠰ ᠤᠨ ᠵᠠᠮ᠂ ᠬᠤᠰᠢᠭᠤ ᠰᠢᠶᠠᠨ᠂ ᠰᠤᠮᠤ ᠰᠢᠶᠠᠩ ᠤᠨ ᠵᠠᠰᠠᠮᠠᠯ ᠵᠠᠮ᠂ ᠮᠠᠯᠵᠢᠬᠤ ᠲᠠᠷᠢᠶᠠᠯᠠᠬᠤ ᠣᠷᠣᠨ ᠤ ᠵᠠᠮ ᠢᠶᠠᠷ ᠭᠤᠤᠯᠳᠠᠯᠭ᠎ᠠ ᠪᠣᠯᠭᠠᠵᠤ᠂ ᠪᠥᠬᠦ ᠬᠤᠲᠠ ᠶᠢᠨ ᠬᠡᠪᠴᠢᠶᠡᠨ ᠳᠤ ᠨᠢᠭᠡ ᠰᠠᠷ᠎ᠠ ᠶᠢᠨ ᠬᠤᠭᠤᠴᠠᠭ᠎ᠠ ᠲᠠᠢ ︽ᠠᠳᠡᠯ ᠢ ᠪᠠᠭᠠᠰᠬᠠᠵᠤ᠂ ᠠᠮᠤᠷ ᠲᠦᠪᠰᠢᠨ ᠢ ᠪᠠᠲᠤᠯᠠᠬᠤ︾ ᠲᠤᠰᠬᠠᠶ ᠨᠢᠭᠡᠳᠦᠯᠲᠡᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠃ ᠠᠵᠢᠯᠯᠠᠭ᠎ᠠ ᠨᠢ ᠴᠣᠬᠢᠯᠲᠠ ᠥᠭᠬᠦ ᠪᠠ ᠰᠡᠷᠭᠡᠶᠢᠯᠡᠬᠦ ᠶᠢ ᠵᠡᠷᠭᠡ ᠪᠠᠷ ᠠᠳᠬᠤᠬᠤ᠂ ᠡᠬᠢ ᠡᠭᠦᠰᠦᠯ ᠠᠴᠠ ᠨᠢ ᠵᠠᠰᠠᠬᠤ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠬᠦ ᠶᠢ ᠪᠠᠷᠢᠮᠲᠠᠯᠠᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠠᠮ ᠬᠠᠷᠢᠯᠴᠠᠭᠠᠨ ᠤ ᠠᠳᠡᠯ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ        ᠨᠢᠭᠡ᠂ ᠠᠵᠢᠯᠯᠠᠭ᠎ᠠ ᠶᠢᠨ ᠴᠠᠭ᠄        2 ᠰᠠᠷ᠎ᠠ ᠶᠢᠨ 8 ᠤ ᠡᠳᠦᠷ ᠠᠴᠠ 3 ᠰᠠᠷ᠎ᠠ ᠶᠢᠨ 10 ᠤ ᠡᠳᠦᠷ ᠪᠣᠯᠲᠠᠯ᠎ᠠ᠂ 1 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠨ᠎ᠠ᠃        ᠬᠤᠶᠠᠷ᠂ ᠠᠵᠢᠯ ᠤᠨ ᠭᠤᠣᠯᠳᠠᠯᠭ᠎ᠠ᠄        ︵ᠨᠢᠭᠡ︶ ᠭᠤᠤᠯᠳᠠᠯᠭ᠎ᠠ ᠲᠠᠢ ᠵᠠᠮ ᠱᠤᠭᠤᠮ ᠢ ᠵᠢᠭᠰᠠᠭᠠᠨ ᠪᠠᠶᠢᠴᠠᠭᠠᠬᠤ᠄ ᠪᠦᠬᠦ ᠬᠤᠲᠠ ᠶᠢᠨ ᠬᠡᠪᠴᠢᠶᠡᠨ ᠳᠠᠬᠢ ᠤᠯᠤᠰ ᠤᠨ ᠪᠠ ᠮᠤᠵᠢ ᠶᠢᠨ ᠲᠡᠰ ᠤᠨ ᠵᠠᠮ᠂ ᠬᠤᠰᠢᠭᠤ ᠰᠢᠶᠠᠨ ᠰᠤᠮᠤ ᠰᠢᠶᠠᠩ ᠤᠨ ᠵᠠᠰᠠᠮᠠᠯ ᠵᠠᠮ ᠪᠣᠯᠤᠨ ᠮᠠᠯᠵᠢᠬᠤ ᠲᠠᠷᠢᠶᠠᠯᠠᠬᠤ ᠣᠷᠣᠨ ᠤ ᠵᠠᠮ᠃        ︵ᠬᠤᠶᠠᠷ︶ ᠭᠤᠣᠯᠳᠠᠯᠭ᠎ᠠ ᠲᠠᠢ ᠲᠡᠷᠭᠡ ᠬᠥᠰᠬᠡ ᠶᠢ ᠴᠡᠭᠴᠡᠯᠡᠨ ᠵᠠᠰᠠᠬᠤ᠄ ᠠᠶᠠᠨᠴᠢᠳ ᠪᠠ ᠵᠤᠭᠠᠴᠠᠭᠰᠠᠳ ᠤᠨ ᠮᠠᠰᠢᠨ᠂ ᠠᠶᠤᠯᠳᠠᠢ ᠬᠢᠮᠢ ᠶᠢᠨ ᠪᠤᠳᠠᠰ ᠵᠥᠬᠡᠬᠡᠪᠤᠷᠢᠯᠡᠭᠦ ᠲᠡᠷᠬᠡ᠂ ᠪᠠᠷᠠᠭᠠᠨ ᠲᠡᠷᠬᠡ᠂ 6 ᠰᠠᠭᠤᠳᠠᠯ ᠠᠴᠠ ᠳᠡᠭᠡᠭᠰᠢ ᠮᠢᠶᠠᠨᠪᠣᠤ ᠲᠡᠷᠭᠡ ᠪᠣᠯᠤᠨ ᠬᠤᠪᠢ ᠶᠢᠨ ᠮᠠᠰᠢᠨ ᠲᠡᠷᠭᠡ᠃        ︵ᠭᠤᠷᠪᠠ︶ ᠭᠤᠤᠯᠳᠠᠯᠭ᠎ᠠ ᠲᠠᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠄ ᠰᠥᠷᠭᠡᠤ ᠴᠢᠭᠯᠡᠯ ᠢᠶᠠᠷ ᠵᠠᠮᠨᠠᠬᠤ᠂ ᠬᠠᠤᠯᠢ ᠠᠴᠠ ᠵᠥᠷᠢᠴᠡᠨ ᠲᠡᠷᠭᠡ ᠵᠣᠭᠰᠣᠭᠠᠬᠤ᠂ ᠶᠠᠳᠠᠷᠠᠭᠰᠠᠨ ᠪᠠᠶᠢᠳᠠᠯ ᠲᠤᠤᠷ᠎ᠠ ᠲᠡᠷᠭᠡ ᠵᠢᠯᠣᠭᠤᠳᠬᠤ᠂ ᠬᠡᠲᠦ ᠲᠦᠷᠭᠡᠨ ᠵᠢᠯᠣᠭᠤᠳᠬᠤ᠂ ᠬᠡᠮᠵᠢᠶ᠎ᠠ ᠠᠴᠠ ᠪᠠᠨ ᠬᠡᠲᠦᠷᠡᠲᠡᠯ᠎ᠡ ᠪᠠᠷᠠᠭ᠎ᠠ ᠠᠴᠢᠶᠠᠯᠠᠬᠤ᠂ ᠰᠠᠭᠤᠳᠠᠯ ᠤᠨ ᠲᠤᠭ᠎ᠠ ᠠᠴᠠ ᠬᠡᠲᠦᠷᠡᠭᠦᠯᠦᠨ ᠠᠶᠠᠨᠴᠢᠳ ᠲᠡᠭᠡᠭᠡᠪᠦᠷᠢᠯᠡᠬᠦ᠂ ᠬᠠᠤᠯᠢ ᠠᠴᠠ ᠵᠥᠷᠢᠴᠡᠨ ᠬᠥᠮᠦᠨ ᠲᠡᠭᠡᠭᠡᠬᠦ᠂ ᠰᠣᠭᠲᠣᠭᠤ ᠪᠠᠷ ᠲᠡᠷᠭᠡ ᠵᠢᠯᠣᠭᠤᠳᠬᠤ᠂ ᠦᠨᠡᠮᠯᠡᠯ ᠦᠭᠡᠶ ᠪᠠᠷ ᠲᠡᠷᠭᠡ ᠵᠢᠯᠣᠭᠤᠳᠬᠤ᠂ ᠲᠣᠭᠲᠠᠭᠠᠯ ᠶᠣᠰᠣᠭᠠᠷ ᠠᠶᠤᠯ ᠦᠭᠡᠶ ᠶᠢᠨ ᠪᠦᠰᠡ ᠪᠦᠰᠡᠯᠡᠬᠦ ᠦᠭᠡᠶ᠂ ᠲᠣᠭᠲᠠᠭᠠᠯ ᠶᠣᠰᠣᠭᠠᠷ ᠳᠤᠭᠤᠯᠠᠭ᠎ᠠ ᠵᠡᠭᠦᠬᠦ ᠦᠭᠡᠶ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠭᠤᠤᠯᠳᠠᠯᠭ᠎ᠠ ᠲᠠᠢ ᠦᠢᠯᠡ ᠠᠵᠢᠯᠯᠠᠭ᠎ᠠ᠃        ᠭᠤᠷᠪᠠ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠄        ︽ᠥᠴᠦᠬᠡᠨ ᠴᠦ ᠠᠭᠤᠴᠢᠯᠠᠬᠤ ᠦᠭᠡᠶ᠂ ᠪᠦᠬᠦᠨ ᠢ ᠬᠠᠮᠤᠷᠬᠤ᠂ ᠥᠷᠭᠡᠨ ᠢᠶᠠᠷ ᠤᠬᠠᠭᠤᠯᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠶᠡᠷᠦᠩᠬᠡᠶ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠡᠭᠡᠷ᠎ᠡ ᠳᠤᠷᠠᠳᠤᠭᠰᠠᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠴᠢᠩᠭ᠎ᠠ ᠰᠢᠳᠬᠡᠨ ᠲᠣᠷᠭᠠᠬᠤ ᠬᠡᠷᠡᠭᠲᠡᠶ︔ ᠵᠠᠮ ᠬᠠᠷᠢᠯᠴᠠᠭᠠᠨ ᠤ ᠬᠠᠤᠯᠢ ᠠᠴᠠ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠪᠤᠶᠤ ᠣᠯᠠᠨ ᠤᠳᠠᠭ᠎ᠠ ᠬᠠᠤᠯᠢ ᠠᠴᠠ ᠵᠥᠷᠢᠴᠡᠭᠰᠡᠨ ᠮᠠᠰᠢᠨᠲᠤ ᠲᠡᠷᠭᠡᠨ ᠤ ᠵᠢᠯᠣᠭᠤᠴᠢ ᠶᠢ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ ᠣᠯᠠᠨ ᠳᠤ ᠢᠯᠡ ᠨᠡᠶᠢᠳᠡᠯᠡᠬᠦ ᠬᠡᠷᠡᠭᠲᠡᠶ︔ ᠵᠠᠮ ᠬᠠᠷᠢᠯᠴᠠᠭᠠᠨ ᠤ ᠴᠠᠭᠳᠠᠭ᠎ᠠ ᠶᠢᠨ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠬᠠᠷᠰᠢᠯᠠᠭᠰᠠᠳ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠳᠬᠡᠨ ᠲᠣᠷᠭᠠᠨ᠎ᠠ︔ ᠤᠢᠢᠯᠠ ᠪᠠᠶᠢᠳᠠᠯ ᠨᠢ ᠬᠦᠨᠳᠦ ᠨᠣᠴᠢᠲᠠᠢ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠥᠷᠭᠡᠨ ᠣᠯᠠᠨ ᠵᠠᠮ ᠬᠠᠷᠢᠯᠴᠠᠭᠠᠨ ᠤ ᠣᠷᠣᠯᠴᠠᠭᠴᠢ ᠲᠣᠰ ᠤᠳᠠᠭᠠᠨ ᠤ ᠠᠵᠢᠯᠯᠠᠭ᠎ᠠ ᠳᠤ ᠢᠳᠡᠪᠬᠢᠲᠡᠶ ᠬᠠᠮᠵᠢᠯᠴᠠᠵᠤ᠂ ᠲᠣᠰ ᠤᠳᠠᠭᠠᠨ ᠤ ᠲᠤᠰᠬᠠᠶ ᠴᠡᠭᠴᠡᠯᠡᠨ ᠵᠠᠰᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠤᠷᠤᠯᠴᠠᠨ ᠂ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠥᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠵᠠᠮ ᠬᠠᠷᠢᠯᠴᠠᠭᠠᠨ ᠤ ᠪᠣᠯᠪᠠᠰᠤᠨ ᠪᠤᠰᠤ ᠪᠣᠯᠬᠢ ᠳᠠᠳᠬᠠᠯ ᠢ ᠲᠠᠶᠠᠬᠳᠠᠨ᠂ ᠵᠠᠮ ᠬᠠᠷᠢᠯᠴᠠᠭᠠᠨ ᠤ ᠪᠣᠯᠪᠠᠰᠤᠨ ᠠᠵᠢᠯᠯᠠᠭ᠎ᠠ ᠳᠤ ᠬᠠᠤᠯᠢ ᠶᠣᠰᠣᠭᠠᠷ ᠤᠷᠤᠯᠴᠠᠵᠦ᠂ ᠠᠮᠤᠷ ᠲᠦᠪᠰᠢᠨ ᠪᠣᠯᠪᠠᠰᠤᠨ᠂ ᠰᠠᠭᠠᠳ ᠥᠬᠡᠶ ᠪᠥᠭᠡᠳ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠬᠠᠮᠲᠤ ᠪᠠᠷ ᠪᠣᠶ ᠪᠤᠯᠭᠠᠶ᠎ᠠ        ᠢᠯᠡᠴᠢᠯᠡᠨ ᠮᠡᠳᠡᠭᠦᠯᠬᠦ ᠤᠲᠠᠰᠤ᠄ 122        ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ᠃                           ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ                           ᠵᠠᠮ   ᠬᠠᠷᠢᠯᠴᠠᠭᠠᠨ   ᠤ   ᠬᠠᠮᠢᠶᠠᠷᠤᠯᠲᠠ    ᠶᠢᠨ  ᠰᠠᠯᠪᠤᠷᠢ   ᠠᠩᠭᠢ                                     2023 ᠣᠨ ᠤ 2 ᠰᠠᠷ᠎ᠠ ᠶᠢᠨ 7 ᠤ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号