ᠲᠣᠭᠤᠷᠢᠨ ᠪᠠᠶᠢᠴᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2023/3/1
       ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠤᠳᠠ ᠶᠢᠨ ᠨᠠᠮ ᠤᠨ ᠬᠤᠷᠢᠶ᠎ᠠ ᠶᠢᠨ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ 2023 ᠣᠨ ᠤ 2 ᠰᠠᠷ᠎ᠠ ᠶᠢᠨ 27  ᠤ ᠡᠳᠦᠷ ᠠᠴᠠ 3 ᠰᠠᠷ᠎ᠠ ᠶᠢᠨ 18  ᠤ ᠡᠳᠦᠷ ᠪᠣᠯᠲᠠᠯ᠎ᠠ ᠰᠢᠶᠠᠨᠹᠧᠩ ᠰᠢᠶᠠᠩ ᠤᠨ ᠨᠠᠮ ᠤᠨ ᠬᠤᠷᠢᠶ᠎ᠠ ᠳᠤ ︽ᠰᠢᠶᠠᠩ ᠢ ᠲᠣᠭᠤᠷᠢᠨ ᠪᠠᠶᠢᠴᠠᠭᠠᠵᠤ ᠲᠣᠰᠬᠤᠨ ᠢ ᠳᠠᠭᠠᠭᠤᠯᠬᠤ︾ ᠲᠡᠰ ᠳᠡᠪᠰᠢᠭᠦᠯᠦᠨ ᠲᠣᠭᠤᠷᠢᠨ ᠪᠠᠶᠢᠴᠠᠭᠠᠬᠤ ᠠᠵᠢᠯᠯᠠᠭ᠎ᠠ ᠦᠷᠨᠢᠭᠦᠯᠦᠨ᠎ᠡ᠃        ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢ ᠴᠢᠩᠭᠠᠳᠬᠠᠬᠤ᠂ ︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠠᠷ ᠦᠨᠳᠦᠰᠦᠨ ᠡᠭᠦᠷᠭᠡ ᠪᠣᠯᠭᠠᠵᠤ᠂ ᠭᠤᠣᠯ ᠠᠵᠢᠯ ᠤᠨ ᠲᠣᠭᠤᠷᠢᠨ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠳᠤᠷᠢᠳᠬᠤ ᠪᠠᠭ ᠪᠣᠯᠣᠨ ᠵᠠᠩᠭᠢᠯᠠᠭ᠎ᠠ ᠶᠢᠨ ᠴᠥᠭᠡᠨ ᠡᠳᠡᠭᠡᠳ ᠢ ᠲᠤᠪᠤᠶᠢᠯᠭᠠᠵᠤ᠂ ᠤᠯᠤᠰ ᠲᠦᠷᠦ ᠶᠢᠨ ᠵᠥᠷᠢᠶ᠎ᠡ ᠶᠢ ᠡᠷᠢᠵᠦ᠂ ᠰᠢᠶᠠᠨᠹᠧᠩ ᠰᠢᠶᠠᠩ ᠤᠨ ᠨᠠᠮ ᠤᠨ ᠬᠤᠷᠢᠶ᠎ᠠ ᠶᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠪᠠᠶᠢᠳᠠᠯ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠪᠣᠯᠣᠨ ᠲᠥᠪ ᠪᠤᠰᠤ ᠰᠤᠷᠲᠠᠯ ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠳᠤ ᠬᠢᠨᠠᠯᠲᠠ ᠪᠠᠶᠢᠴᠠᠭᠠᠯᠲᠠ ᠶᠢ ᠥᠷᠨᠢᠭᠦᠯᠦᠨ᠎ᠡ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠳᠡᠭᠡᠷ᠎ᠡ ᠨᠢᠭᠡ ᠡᠭᠡᠯᠵᠢ ᠶᠢᠨ ᠲᠣᠭᠤᠷᠢᠨ ᠪᠠᠶᠢᠴᠠᠭᠠᠭᠰᠠᠨ ᠠᠴᠠ ᠨᠠᠰᠢᠬᠢ ᠰᠢᠶᠠᠨᠹᠧᠩ ᠰᠢᠶᠠᠩ ᠤᠨ ᠨᠠᠮ ᠵᠠᠰᠠᠭ ᠤᠨ ᠪᠠᠭ ᠤᠨ ᠪᠦᠷᠢᠯᠳᠦᠭᠦᠨ ᠂ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂  ᠵᠠᠩᠭᠢᠯᠠᠭ᠎ᠠ ᠶᠢᠨ ᠺᠠᠳ᠋ᠷ ᠵᠢᠴᠢ ᠴᠢᠬᠤᠯᠠ ᠠᠵᠢᠯ ᠤᠨ ᠪᠠᠶᠢᠷᠢ ᠶᠢᠨ ᠺᠠᠳ᠋ᠷ ᠪᠣᠯᠣᠨ ᠬᠠᠷᠢᠶ᠎ᠠ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠭᠦᠨ ᠤ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠶᠢᠨ ᠠᠰᠠᠭᠤᠳᠠᠯ ᠠᠴᠠ ᠵᠥᠷᠢᠴᠡᠭᠰᠡᠨ ᠵᠠᠬᠢᠳᠠᠯ ᠴᠢᠮᠡᠭᠡ᠂ ᠴᠠᠬᠢᠯᠭᠠᠨ ᠮᠡᠳᠡᠭᠡ᠂ ᠰᠣᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠪᠠ ᠲᠤᠰᠬᠠᠭᠰᠠᠨ ᠪᠠᠶᠢᠳᠠᠯ ᠢ ᠲᠦᠪᠯᠡᠷᠡᠭᠦᠯᠦᠨ ᠬᠦᠯᠢᠶᠡᠵᠤ ᠠᠪᠣᠨ᠎ᠠ᠃ ᠴᠠᠭᠳᠠᠨ ᠪᠠᠶᠢᠴᠠᠭᠠᠬᠤ ᠠᠵᠢᠯ ᠢ ᠬᠠᠷᠰᠢᠯᠠᠬᠤ᠂ ᠨᠦᠯᠦᠭᠡᠯᠡᠬᠦ ᠵᠢᠴᠢ ᠬᠡᠷᠡᠭ ᠤᠴᠢᠷ ᠵᠣᠬᠢᠶᠠᠬᠤ᠂ ᠬᠤᠳᠠᠯ ᠬᠠᠭᠤᠷᠮᠠᠭ ᠢᠶᠠᠷ ᠢᠯᠡᠴᠢᠯᠡᠨ ᠮᠡᠳᠡᠭᠦᠯᠬᠦ᠂ ᠭᠦᠳᠬᠡᠨ ᠭᠦᠵᠢᠷᠯᠡᠬᠦ᠂ ᠵᠠᠭᠤᠷᠠᠯᠳᠣᠨ ᠲᠦᠢᠪᠡᠭᠡᠵᠦ ᠦᠢᠮᠡᠭᠦᠯᠦᠨ ᠰᠤᠷᠪᠤᠯᠵᠢᠯᠠᠬᠤ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠲᠣᠳᠣᠯᠠᠪᠠᠯ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠰᠢᠢᠳᠪᠦᠷᠢᠯᠡᠵᠦ᠂ ᠭᠠᠵᠢᠭᠤ ᠪᠤᠷᠤᠭᠤ ᠶᠢ ᠠᠷᠢᠯᠭᠠᠵᠤ ᠲᠥᠪ ᠶᠣᠰᠣ ᠶᠢ ᠲᠡᠳᠬᠦᠬᠦ᠂ ᠮᠠᠭᠤ ᠶᠢ ᠨᠢ ᠮᠠᠭᠤᠰᠢᠶᠠᠵᠤ ᠰᠠᠶᠢᠨ ᠢ ᠨᠢ ᠰᠠᠶᠢᠰᠢᠶᠠᠬᠤ ᠴᠢᠩᠭ᠎ᠠ ᠳᠣᠬᠢᠶ᠎ᠠ ᠶᠢ ᠮᠡᠳᠡᠭᠦᠯᠦᠨ᠎ᠡ᠃ ᠴᠠᠭᠳᠠᠨ ᠪᠠᠶᠢᠴᠠᠭᠠᠬᠤ ᠠᠵᠢᠯ  ᠯᠤᠭ᠎ᠠ ᠰᠢᠭᠤᠳ ᠬᠠᠷᠢᠴᠠᠭ᠎ᠠ ᠦᠭᠡᠢ ᠪᠤᠰᠤᠳ ᠬᠤᠪᠢ ᠬᠥᠮᠥᠨ ᠤ ᠭᠤᠮᠣᠳᠠᠯ ᠱᠠᠭᠠᠷᠳᠠᠯᠭ᠎ᠠ᠂ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠡᠷᠭᠡ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠳᠤ ᠲᠣᠰᠬᠠᠵᠦ ᠪᠣᠯᠣᠨ᠎ᠠ᠃        ᠲᠣᠭᠤᠷᠢᠨ ᠪᠠᠶᠢᠴᠠᠭᠠᠬᠤ  ᠴᠠᠭ᠄ 2023 ᠣᠨ ᠤ 2 ᠰᠠᠷ᠎ᠠ ᠶᠢᠨ 27 ᠤ ᠡᠳᠦᠷ ᠠᠴᠠ 3 ᠰᠠᠷ᠎ᠠ ᠶᠢᠨ 18 ᠤ ᠡᠳᠦᠷ ᠪᠣᠯᠲᠠᠯ᠎ᠠ        ᠰᠣᠷᠪᠤᠯᠵᠢᠯᠠᠭ᠎ᠠ ᠬᠦᠯᠢᠶᠡᠬᠦ ᠴᠠᠭ᠄ 2023 ᠣᠨ ᠤ 2 ᠰᠠᠷ᠎ᠠ ᠶᠢᠨ 27 ᠤ ᠡᠳᠦᠷ ᠠᠴᠠ 3 ᠰᠠᠷ᠎ᠠ ᠶᠢᠨ 15 ᠤ ᠡᠳᠦᠷ ︵ᠦᠳᠡ ᠶᠢᠨ ᠡᠮᠦᠨᠡᠬᠢ 8᠄ 30 ︱ 12᠄ 00︔ ᠦᠳᠡ ᠶᠢᠨ ᠬᠤᠶᠢᠨᠠᠬᠢ 14᠄ 30 ︱ 17᠄ 30᠂ ᠭᠠᠷᠠᠭ ᠤᠨ ᠵᠢᠷᠭᠤᠭᠠᠨ ᠤ ᠡᠳᠦᠷ ᠬᠡᠪ ᠤᠨ ᠶᠣᠰᠣᠭᠠᠷ ᠰᠣᠷᠪᠤᠯᠵᠢᠯᠠᠭ᠎ᠠ ᠬᠦᠯᠢᠶᠡᠨ᠎ᠡ︶        ᠰᠣᠷᠪᠤᠯᠵᠢᠯᠠᠭ᠎ᠠ ᠶᠢ ᠭᠥᠯᠢᠶᠡᠨ ᠠᠪᠬᠤ ᠠᠷᠭ᠎ᠠ ᠮᠠᠶ᠋ᠢᠭ᠄ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠨᠢᠭᠤᠷᠲᠠᠨ ᠰᠣᠷᠪᠤᠯᠵᠢᠯᠠᠭ᠎ᠠ ᠶᠢ ᠭᠥᠯᠢᠶᠡᠨ ᠠᠪᠬᠤ᠂ ᠤᠲᠠᠰᠤ ᠪᠠᠷ ᠰᠣᠷᠪᠤᠯᠵᠢᠯᠠᠭ᠎ᠠ ᠶᠢ ᠭᠥᠯᠢᠶᠡᠨ ᠠᠪᠬᠤ᠂ ᠰᠦᠯᠵᠢᠶᠡᠨ ᠳᠡᠭᠡᠷ᠎ᠡ ᠰᠣᠷᠪᠤᠯᠵᠢᠯᠠᠭ᠎ᠠ ᠶᠢ ᠭᠥᠯᠢᠶᠡᠨ ᠠᠪᠬᠤ ︵ᠸᠢᠴᠠᠲ ᠤᠨ  ᠮᠡᠷᠭᠡᠨ ᠴᠣᠬᠤᠷ ᠢ ᠰᠢᠷᠪᠢᠵᠦ  ᠂ ᠰᠠᠨᠠᠭᠤᠯᠤᠮᠵᠢ ᠶᠢ ᠦᠨᠳᠦᠰᠦᠯᠡᠨ ᠭᠠᠷ ᠤᠲᠠᠰᠤᠨ ᠳᠤ ᠠᠵᠢᠯᠯᠠᠵᠤ᠂ ᠬᠤᠯᠪᠣᠭᠳᠠᠯ ᠪᠦᠬᠦᠢ ᠠᠭᠤᠯᠭ᠎ᠠ ᠶᠢ ᠲᠠᠭᠯᠠᠨ᠎ᠠ︶ ᠵᠡᠷᠭᠡ ᠠᠷᠭ᠎ᠠ ᠬᠡᠮᠵᠢᠶ᠎ᠡ ᠠᠪᠤᠨ᠎ᠠ  ᠃        ᠰᠣᠷᠪᠤᠯᠵᠢᠯᠠᠭ᠎ᠠ ᠶᠢ ᠭᠥᠯᠢᠶᠡᠨ ᠠᠪᠬᠤ ᠭᠠᠵᠠᠷ᠄ ᠰᠢᠶᠠᠨᠹᠧᠩ ᠰᠢᠶᠠᠩ ᠤᠨ ᠠᠷᠠᠳ ᠤᠨ ᠵᠠᠰᠠᠭ ᠤᠨ ᠣᠷᠳᠣᠨ ᠤ 1 ᠳ᠋ᠦ᠋ᠭᠡᠷ ᠠᠰᠠᠷ ᠤᠨ ᠨᠢᠭᠡᠳᠦᠭᠡᠷ  ᠲᠠᠪᠬᠤᠷᠯᠢᠭ ᠤᠨ 111  ᠳ᠋ᠦ᠋ᠬᠡᠷ ᠥᠷᠥᠭᠡ        ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠣᠷᠪᠤᠯᠵᠢᠯᠠᠭ᠎ᠠ ᠶᠢᠨ ᠤᠲᠠᠰᠤ᠄      15247610554        ᠶᠡᠷᠦᠩᠬᠡᠶᠢᠯᠡᠭᠰᠡᠨ ᠵᠠᠬᠢᠳᠠᠯ ᠰᠣᠷᠪᠤᠯᠵᠢᠯᠠᠭ᠎ᠠ ᠶᠢᠨ ᠳᠤᠭᠤᠶᠢᠯᠠᠩ ᠤᠨ ᠤᠲᠠᠰᠤ᠄ 15560766898        ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ᠤᠨ ᠭᠠᠵᠠᠷ᠄ ᠰᠢᠶᠠᠨ ᠹᠧᠩ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠡᠭᠦᠳᠡᠨ ᠤ ᠪᠠᠷᠠᠭᠤᠨ ᠲᠠᠯ᠎ᠠ        ᠲᠣᠭᠤᠷᠢᠨ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠶᠢᠨ ᠲᠥᠯᠥᠭᠡ᠂ ᠥᠷᠭᠡᠨ ᠤᠯᠠᠨ ᠺᠠᠳ᠋ᠷ ᠤᠯᠠᠨ ᠲᠦᠮᠡᠨ ᠢ ᠤᠷᠢᠵᠤ ᠴᠠᠭᠳᠠᠨ ᠪᠠᠶᠢᠴᠠᠭᠠᠬᠤ ᠳᠤᠭᠤᠶᠢᠯᠠᠩ ᠤᠨ ᠠᠵᠢᠯ ᠳᠤ ᠬᠢᠨᠠᠯᠲᠠ ᠲᠠᠯᠪᠢᠭᠤᠯᠪᠠ᠃ ᠬᠢᠨᠠᠯᠲᠠ ᠲᠠᠯᠪᠢᠬᠤ ᠤᠲᠠᠰᠤ᠄ 0476 ︱ 8301671 ︵ᠵᠥᠪᠬᠡᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠠᠰᠠᠭᠤᠳᠠᠯ ᠢ ᠲᠤᠰᠬᠠᠭᠰᠠᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠨ᠎ᠡ︶                         ᠬᠤᠳᠠ ᠶᠢᠨ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ                            2023 ᠣᠨ ᠤ 2 ᠰᠠᠷ᠎ᠠ ᠶᠢᠨ 27
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号