ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠢ ᠬᠤᠭᠤᠴᠠᠭᠠᠨ ᠳᠤ ᠴᠢᠩᠭ᠎ᠠ ᠰᠡᠷᠭᠡᠶᠢᠯᠡᠯᠲᠡ ᠶᠠᠪᠤᠭᠤᠯᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2023/3/16
     ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠪᠥᠬᠦ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠤᠭᠤᠴᠠᠭᠠᠨ ᠳᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠬᠦ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠭᠠᠯ ᠴᠠᠭᠠᠵᠠᠯᠠᠬᠤ ᠴᠠᠭ2023 ᠣᠨ ᠤ 3 ᠰᠠᠷ᠎ᠠ ᠶᠢᠨ 15 ᠤ ᠡᠳᠦᠷ ︱ 2023 ᠣᠨ ᠤ 6 ᠰᠠᠷ᠎ᠠ ᠶᠢᠨ 15 ᠤ ᠡᠳᠦᠷ      ᠬᠤᠶᠠᠷ᠂ ᠭᠠᠯ ᠴᠠᠭᠠᠵᠠᠯᠠᠬᠤ ᠬᠡᠪᠴᠢᠶ᠎ᠡ      ᠠᠷᠤ ᠬᠤᠷᠴᠢᠨ ᠬᠤᠰᠢᠭᠤᠨ ᠤ ᠬᠢᠯᠢ ᠳᠣᠲᠣᠷᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ      ᠭᠤᠷᠪᠠ᠂ ᠭᠠᠯ ᠴᠠᠭᠠᠵᠠᠯᠠᠬᠤ ᠱᠠᠭᠠᠷᠳᠠᠯᠭ᠎ᠠ      ︵ᠨᠢᠭᠡ︶ ᠡᠯ᠎ᠡ ᠲᠥᠷᠥᠯ ᠤᠨ ᠪᠤᠯᠠᠰᠢᠨ ᠭᠠᠵᠠᠷ ᠣᠩᠭᠤᠨ ᠤ ᠬᠦᠷᠢᠶᠡᠯᠡᠩ ᠳᠤ ᠲᠠᠬᠢᠯᠭ᠎ᠠ ᠶᠢᠨ ᠵᠦᠢᠯ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠵᠠᠮ᠂ ᠠᠭᠤᠳᠠᠮ ᠲᠠᠯᠠᠪᠠᠢ᠂ ᠰᠠᠭᠤᠭᠠᠯᠢ ᠠᠷᠠᠳ ᠤᠨ ᠲᠣᠭᠤᠷᠢᠭ᠂ ᠭᠤᠣᠯ ᠤᠨ ᠬᠡᠪᠡᠯᠢ᠂ ᠴᠡᠴᠡᠷᠯᠢᠭ ᠵᠡᠷᠭᠡ ᠲᠠᠯᠠᠪᠤᠷ ᠲᠤ ᠲᠠᠬᠢᠯᠭ᠎ᠠ ᠶᠢᠨ ᠵᠦᠢᠯ  ᠰᠢᠲᠠᠭᠠᠬᠤ  ᠶᠢ  ᠴᠢᠩᠭ᠎ᠠ  ᠴᠠᠭᠠᠵᠠᠯᠠᠨ᠎ᠠ᠃      ︵ᠬᠤᠶᠠᠷ︶ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠰᠠᠭᠤᠭᠠᠯᠢ ᠠᠷᠠᠳ ᠤᠨ ᠵᠤᠤᠬᠠᠨ ᠤ ᠦᠨᠡᠰᠦ ᠪᠠᠨ ᠳᠤᠷ᠎ᠠ ᠪᠠᠷ ᠢᠶᠠᠨ ᠬᠠᠶᠠᠬᠤ ᠶᠢ ᠴᠢᠩᠭ᠎ᠠ ᠴᠠᠭᠠᠵᠠᠯᠠᠨ᠎ᠠ᠃      ︵ᠭᠤᠷᠪᠠ︶ ᠶᠠᠮᠠᠷᠪᠠ ᠬᠥᠮᠥᠨ ᠭᠠᠯ ᠤᠨ ᠴᠤᠭ ᠢ ᠠᠪᠴᠤ ᠠᠭᠤᠯᠠᠨ ᠳᠤ ᠭᠠᠷᠬᠤ᠂ ᠤᠢ ᠰᠢᠭᠤᠢ ᠳᠤ ᠣᠷᠣᠬᠤ ᠶᠢ ᠴᠢᠩᠭ᠎ᠠ ᠴᠠᠭᠠᠵᠠᠯᠠᠨ᠎ᠠ᠂ ᠦᠨᠡᠰᠦ ᠪᠠᠷ ᠪᠣᠷᠳᠣᠭᠤᠷ ᠴᠤᠭᠯᠠᠭᠤᠯᠬᠤ᠂ ᠭᠤᠤᠷᠰᠤ ᠰᠢᠲᠠᠭᠠᠵᠤ ᠨᠡᠭᠦᠷᠡᠰᠦ ᠰᠢᠲᠠᠭᠠᠬᠤ᠂ ᠡᠰᠢ ᠰᠦᠷᠡᠯ ᠰᠢᠲᠠᠭᠠᠬᠤ᠂ ᠬᠤᠭ ᠨᠣᠪᠰᠢ ᠰᠢᠲᠠᠭᠠᠬᠤ ᠶᠢ ᠴᠠᠭᠠᠵᠠᠯᠠᠨ᠎ᠠ᠂ ᠬᠡᠭᠡᠷ᠎ᠡ ᠬᠤᠭᠤᠯᠠᠯᠠᠬᠤ ᠪᠠ ᠬᠤᠸᠠᠷ ᠫᠤᠤᠵᠢᠩ ᠲᠠᠯᠪᠢᠬᠤ᠂ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠳᠡᠭᠳᠡᠭᠦᠷ ᠳ᠋ᠧᠩᠯᠦ ᠠᠰᠠᠭᠠᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠠᠭᠠᠵᠠᠯᠠᠨ᠎ᠠ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠣᠭᠤᠷᠢᠭ ᠲᠤ᠂ ᠭᠠᠯ ᠰᠡᠷᠭᠡᠶᠢᠯᠡᠬᠦ ᠴᠠᠷᠠᠭ᠎ᠠ ᠭᠠᠷᠭᠠᠬᠤ᠂ ᠦᠨᠡᠨᠬᠦ ᠦᠢᠯᠡᠳᠪᠦᠷᠢᠯᠡᠯ ᠤᠨ ᠴᠢᠨᠠᠷᠲᠠᠢ ᠭᠠᠯ ᠬᠡᠷᠡᠭᠯᠡᠬᠦ ᠴᠢᠬᠤᠯᠠ ᠲᠠᠢ ᠪᠣᠯ ᠣᠶ ᠰᠢᠭᠤᠢ ᠨᠤᠲᠤᠭ ᠪᠡᠯᠴᠢᠭᠡᠷ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠴᠢᠬᠤᠯᠠ ᠪᠦᠬᠦᠢ ᠭᠠᠯ ᠰᠡᠷᠭᠡᠶᠢᠯᠡᠬᠦ ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃      ︵ᠳᠥᠷᠪᠡ︶ ᠪᠥᠬᠦ ᠬᠤᠰᠢᠭᠤᠨ ᠤ ᠪᠣᠶ ᠪᠦᠬᠦᠢ ᠪᠠᠶᠢᠴᠠᠭᠠᠬᠤ ᠥᠷᠲᠡᠭᠡ᠂ ᠭᠠᠯ ᠰᠡᠷᠭᠡᠶᠢᠯᠡᠬᠦ ᠬᠠᠷᠠᠭᠤᠯ ᠤᠨ ᠴᠠᠮᠬᠠᠭ᠂ ᠣᠢ ᠰᠢᠭᠤᠢ ᠶᠢᠨ ᠡᠵᠡᠩᠨᠡᠨ ᠬᠠᠮᠢᠶᠠᠷᠤᠯᠲᠠ ᠶᠢᠨ ᠣᠷᠣᠨ ᠤ ᠠᠵᠢᠯᠲᠠᠳ ᠴᠥᠮ ᠠᠵᠢᠯ ᠤᠨ ᠪᠠᠶᠢᠷᠢ ᠳᠤ ᠪᠠᠨ ᠬᠦᠷᠴᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠵᠦ᠂ ︽ᠠᠭᠤᠯᠠ ᠶᠢ ᠪᠢᠲᠡᠭᠦᠮᠵᠢᠯᠡᠬᠦ᠂ ᠬᠥᠮᠥᠨ ᠢ ᠬᠠᠷᠠᠬᠤ᠂ ᠭᠠᠯ ᠢ ᠬᠠᠮᠢᠶᠠᠷᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃      ︵ᠲᠠᠪᠤ︶ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠬᠡᠰᠡᠭ ᠬᠤᠪᠢᠶᠠᠨ ᠳᠠᠭᠠᠭᠠᠴᠢᠯᠠᠭᠤᠯᠬᠤ᠂ ᠲᠣᠣᠷᠵᠢᠭᠤᠯᠤᠨ ᠬᠠᠮᠢᠶᠠᠷᠤᠨ ᠡᠵᠡᠮᠳᠡᠬᠦ︾ ᠪᠠ          ︽ᠬᠡᠨ ᠤ ᠬᠠᠷᠢᠶᠠᠨ ᠳᠤ ᠪᠠᠶᠢᠪᠠᠯ ᠬᠡᠨ ᠬᠠᠷᠢᠭᠤᠴᠠᠬᠤ᠂ ᠬᠡᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠲᠠᠪᠤᠨ ᠱᠠᠲᠤᠨ ᠤ ᠬᠠᠷᠢᠭᠤᠴᠠᠯᠭ᠎ᠠ ᠶᠢ ᠳᠠᠭᠠᠭᠠᠨ ᠬᠤᠯᠪᠣᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠬᠥᠮᠥᠨ ᠳᠤᠨᠢ ᠨᠠᠶᠢᠳᠠᠪᠤᠷᠢᠵᠢᠭᠤᠯᠬᠤ ᠬᠡᠷᠡᠭᠲᠡᠢ᠃      ︵ᠵᠢᠷᠭᠤᠭ᠎ᠠ︶ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠡᠷᠭᠡᠶᠢᠯᠡᠬᠦ ᠶᠢ ᠲᠡᠷᠢᠭᠦᠨ ᠳᠤ ᠲᠠᠯᠪᠢᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠰᠠᠶᠢᠲᠤᠷ ᠠᠳᠬᠤᠵᠤ᠂ ᠡᠯ᠎ᠡ ᠵᠦᠢᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢ ᠥᠷᠨᠢᠭᠦᠯᠬᠦ ᠬᠡᠷᠡᠭᠲᠡᠢ᠃ ᠠᠭᠤᠯᠠᠨ ᠳᠤ ᠣᠷᠣᠬᠤ ᠵᠠᠮ ᠤᠨ ᠠᠭᠤᠯᠵᠠᠷ᠂ ᠵᠠᠰᠠᠮᠠᠯ ᠵᠠᠮ ᠤᠨ ᠬᠤᠶᠠᠷ ᠬᠠᠵᠠᠭᠤ᠂ ᠦᠵᠡᠮᠵᠢ ᠶᠢᠨ ᠣᠷᠣᠨ ᠳᠤ ᠤᠷᠢᠶ᠎ᠠ ᠯᠣᠽᠦ᠋ᠩ᠂ ᠡᠯᠭᠦᠭᠡ ᠪᠢᠴᠢᠭᠡᠰᠦ ᠨᠠᠭᠠᠵᠤ᠂ ᠭᠠᠯ ᠰᠡᠷᠭᠡᠶᠢᠯᠡᠬᠦ ᠲᠤᠭ ᠪᠠ ᠤᠬᠠᠭᠤᠯᠭ᠎ᠠ ᠶᠢᠨ ᠫᠠᠶᠢᠰᠠ ᠵᠡᠷᠭᠡ ᠶᠢ ᠪᠠᠶᠢᠷᠢᠯᠠᠭᠤᠯᠵᠤ᠂ ᠭᠠᠯ ᠰᠡᠷᠭᠡᠶᠢᠯᠡᠬᠦ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃      ︵ᠳᠣᠯᠤᠭ᠎ᠠ︶ ᠪᠦᠬᠦ ᠬᠤᠰᠢᠭᠤᠨ ᠤ ᠭᠤᠣᠯᠳᠠᠯᠭ᠎ᠠ  ᠲᠠᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠴᠢᠩᠭ᠎ᠠ ᠰᠡᠷᠭᠡᠶᠢᠯᠡᠬᠦ ᠬᠤᠭᠤᠴᠠᠭᠠᠨ ᠳᠤ᠂ ᠲᠣᠭᠲᠠᠭᠠᠯ ᠢ ᠵᠥᠷᠢᠴᠡᠨ ᠭᠠᠯ ᠤᠨ ᠠᠶᠤᠯ ᠤᠨ ᠴᠢᠩᠭ᠎ᠠ ᠰᠡᠷᠭᠡᠶᠢᠯᠡᠯᠲᠡ ᠶᠢᠨ ᠬᠠᠮᠢᠶᠠᠷᠤᠯᠲᠠ ᠶᠢᠨ ᠣᠷᠣᠨ ᠳᠤ ᠳᠤᠷ᠎ᠠ ᠪᠠᠷ ᠢᠶᠠᠨ ᠣᠷᠣᠵᠤ ᠭᠠᠯ ᠬᠡᠷᠡᠭᠯᠡᠬᠦ ᠪᠠ ᠠᠳᠡᠯ ᠠᠴᠠ ᠪᠣᠯᠵᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠭᠡᠬᠦ᠂ ᠵᠣᠷᠢᠭᠤᠳᠠ ᠭᠠᠯ ᠲᠠᠯᠪᠢᠬᠤ᠂ ᠭᠠᠯ ᠰᠡᠷᠭᠡᠶᠢᠯᠡᠨ ᠤᠨᠲᠠᠷᠠᠭᠠᠬᠤ ᠠᠵᠢᠯᠲᠠᠨ ᠤ ᠵᠢᠯᠣᠭᠤᠳᠤᠯᠭ᠎ᠠ ᠶᠢ ᠳᠠᠭᠠᠬᠤ ᠦᠭᠡᠢ ᠪᠠᠶᠢᠵᠤ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠶᠢ ᠨᠥᠯᠥᠭᠡᠯᠡᠭᠰᠡᠨ ᠪᠠᠶᠢᠪᠠᠯ᠂ ︽ᠡᠷᠡᠭᠦᠦ ᠶᠢᠨ ᠬᠠᠤᠯᠢ︾᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃      ︵ᠨᠠᠢᠮᠠ︶ ᠥᠷᠭᠡᠨ ᠣᠯᠠᠨ ᠺᠠᠳ᠋ᠷ ᠣᠯᠠᠨ ᠲᠦᠮᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠪᠠ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠢᠯᠡᠷᠡᠭᠦᠯᠪᠡᠯ᠂ ᠳᠠᠷᠤᠶᠢᠬᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠴᠠᠭᠳᠠᠭᠠᠨ ᠤ ᠤᠲᠠᠰᠤ ᠶᠢ ᠤᠲᠠᠰᠤᠳᠠᠬᠤ ᠬᠡᠷᠡᠭᠲᠡᠢ᠄ 12119᠂ 7231802᠃      ᠲᠤᠰ ᠴᠢᠩᠭ᠎ᠠ ᠰᠡᠷᠭᠡᠶᠢᠯᠡᠯᠲᠡ ᠶᠢᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                 ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                2023 ᠣᠨ ᠤ 3 ᠰᠠᠷ᠎ᠠ ᠶᠢᠨ 13 ᠤ ᠡᠳᠦᠷ
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号