| | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠣᠬᠠᠢ ᠵᠡᠷᠭᠡ ᠠᠮᠢᠳᠠᠨ ᠤ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠢᠷᠭᠡᠳ ᠤᠨ | ᠪᠡᠶ᠎ᠡ ᠶᠢᠨ ᠡᠷᠡᠭᠦᠯ ᠮᠡᠨᠳᠦ ᠶᠢ ᠪᠠᠲᠤᠯᠠᠨ᠂ ᠨᠡᠶᠢᠭᠡᠮ ᠤᠨ ᠣᠯᠠᠨ ᠨᠡᠶᠢᠲᠡ ᠶᠢᠨ ᠡᠮᠬᠢ ᠳᠢᠭᠯᠢᠮ ᠢ ᠬᠠᠮᠠᠭᠠᠯᠠᠵᠤ᠂ | ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠶᠢᠨ ᠲᠤᠰᠠᠳᠠ᠂ ᠬᠠᠮᠢᠶ᠎ᠠ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠦᠨᠳᠦᠰᠦᠯᠡᠨ᠂ ᠲᠣᠰ | ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠴᠢᠪᠠᠭ᠎ᠠ ᠬᠤᠲᠠ ᠲᠣᠭᠤᠷᠢᠭ ᠲᠤᠳᠤᠷ᠎ᠠ ᠨᠣᠬᠠᠢ ᠲᠡᠵᠢᠭᠡᠬᠦ᠂ ᠡᠵᠡᠩᠨᠡᠬᠦ ᠵᠢᠴᠢ | ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯᠯᠠᠭ᠎ᠠ ᠳᠤ ᠲᠣᠰ ᠠᠷᠭ᠎ᠠ ᠶᠢ ᠬᠡᠷᠡᠭᠯᠡᠨ᠎ᠡ᠃ | ᠭᠤᠷᠪᠠᠳᠤᠭᠠᠷ ᠵᠦᠢᠯ ᠨᠣᠬᠠᠢ ᠲᠡᠵᠢᠭᠡᠬᠦ ᠬᠠᠮᠢᠶᠠᠷᠤᠯᠲᠠ ᠶᠢ ᠬᠡᠷᠡᠭᠵᠢᠭᠦᠯᠬᠦ ᠭᠤᠤᠯᠳᠠᠯᠭ᠎ᠠ ᠲᠠᠢ ᠤᠷᠤᠨ ᠳᠤ | ᠴᠢᠪᠠᠭ᠎ᠠ ᠬᠤᠲᠠ ᠲᠣᠭᠤᠷᠢᠭ ᠲᠤ ᠬᠠᠷᠢᠶᠠᠯᠠᠭᠳᠠᠬᠤ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠬᠠᠷᠢᠶ᠎ᠠ ᠣᠷᠣᠨ᠂ ᠴᠢᠪᠠᠭ᠎ᠠ ᠪᠠᠯᠭᠠᠰᠤ ᠶᠢᠨ ᠬᠠᠮᠢᠶ᠎ᠠ ᠪᠦᠬᠦᠢ ᠪᠦᠳᠦᠭᠡᠨ ᠪᠠᠶᠢᠭᠤᠯᠤᠯᠳᠠ ᠶᠢᠨ ᠤᠷᠤᠨ ᠲᠣᠭᠤᠷᠢᠭ | ᠪᠠᠭᠲᠠᠨ᠎ᠠ᠃ | ᠳᠥᠷᠪᠡᠳᠦᠭᠡᠷ ᠵᠦᠢᠯ ᠣᠷᠣᠨ ᠪᠦᠰᠡ ᠪᠠᠷ ᠬᠢᠵᠠᠭᠠᠷᠯᠠᠬᠤ᠂ ᠨᠢᠭᠡᠳᠦᠯᠲᠡᠢ ᠳᠡᠩᠰᠡᠯᠡᠨ ᠲᠡᠮᠳᠡᠭᠯᠡᠬᠦ᠂ | ᠴᠢᠩᠭ᠎ᠠ ᠬᠠᠮᠢᠶᠠᠷᠬᠤ ᠵᠠᠷᠴᠢᠮ ᠶᠣᠰᠣᠭᠠᠷ᠂ ᠨᠣᠬᠠᠢ ᠲᠡᠵᠢᠭᠡᠬᠦ ᠭᠤᠣᠯᠳᠠᠯᠭ᠎ᠠ ᠲᠠᠢ ᠬᠠᠮᠢᠶᠠᠷᠤᠯᠲᠠ ᠶᠢᠨ ᠣᠷᠣᠨ ᠤ | ᠳᠣᠲᠣᠷ᠎ᠠ ᠦᠯᠦ ᠬᠠᠯᠳᠠᠭᠠᠬᠤ ᠰᠡᠷᠭᠡᠶᠢᠯᠡᠯᠳᠡ ᠬᠢᠬᠦ᠂ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ | ᠬᠡᠷᠡᠭᠵᠢᠭᠦᠯᠦᠨ᠎ᠡ᠃ ᠳᠠᠩᠰᠠᠯᠠᠭᠤᠯᠤᠭᠰᠠᠨ ᠦᠭᠡᠢ ᠪᠣᠯ ᠶᠠᠮᠠᠷᠪᠠ ᠨᠢᠭᠡᠴᠢ ᠪᠠ ᠬᠤᠪᠢ ᠬᠥᠮᠥᠨ ᠨᠣᠬᠠᠢ ᠲᠡᠵᠢᠭᠡᠵᠦ | ᠪᠣᠯᠬᠤ ᠦᠭᠡᠢ᠃ | ᠲᠠᠪᠤᠳᠤᠭᠠᠷ ᠵᠦᠢᠯ ᠬᠤᠰᠢᠭᠤᠨ ᠠᠷᠠᠳ ᠤᠨ ᠵᠠᠰᠠᠭ ᠤᠨ ᠣᠷᠳᠣᠨ ᠨᠢ ᠪᠥᠬᠦ ᠬᠤᠰᠢᠭᠤᠨ ᠤ ᠨᠣᠬᠠᠢ | ᠲᠡᠵᠢᠭᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠴᠢᠪᠠᠭ᠎ᠠ ᠬᠤᠲᠠ ᠲᠣᠭᠤᠷᠢᠭ ᠤᠨ ᠡᠯ᠎ᠡ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠴᠢᠪᠠᠭ᠎ᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠲᠣᠰ | ᠠᠷᠭ᠎ᠠ ᠶᠢᠨ ᠬᠡᠷᠡᠭᠵᠢᠭᠦᠯᠦᠯᠲᠡ ᠶᠢ ᠬᠠᠷᠢᠭᠤᠴᠠᠨ᠎ᠠ᠃ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠨᠣᠬᠠᠢ ᠲᠡᠵᠢᠭᠡᠬᠦ ᠠᠵᠢᠯᠯᠠᠭ᠎ᠠ ᠶᠢ ᠬᠢᠨᠠᠨ ᠬᠠᠮᠢᠶᠠᠷᠬᠤ | ᠠᠵᠢᠯ ᠢ ᠬᠠᠷᠢᠭᠤᠴᠠᠵᠤ᠂ ᠲᠣᠰ ᠬᠤᠰᠢᠭᠤᠨ ᠤ ᠨᠣᠬᠠᠢ ᠲᠡᠵᠢᠭᠡᠬᠦ APP ᠮᠡᠳᠡᠭᠡ ᠵᠠᠩᠭᠢ ᠶᠢᠨ ᠲᠠᠪᠴᠠᠩ ᠤᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠤᠨ ᠪᠠᠶᠢᠭᠤᠯᠤᠭᠰᠠᠨ ᠨᠣᠬᠠᠢ ᠬᠤᠷᠢᠶᠠᠮᠵᠢᠯᠠᠬᠤ ᠭᠠᠵᠠᠷ ᠨᠢ ᠨᠣᠬᠠᠢ ᠶᠢ ᠬᠤᠷᠢᠶᠠᠨ ᠠᠪᠬᠤ᠂ ᠲᠠᠨᠢᠵᠤ | ᠠᠪᠬᠤ ᠪᠠ ᠡᠷᠭᠦᠨ ᠲᠡᠵᠢᠭᠡᠬᠦ ᠠᠵᠢᠯ ᠢ ᠬᠠᠷᠢᠭᠤᠴᠠᠨ᠎ᠠ᠃ | ᠠᠮᠢᠳᠠᠨ ᠤ ᠬᠢᠵᠢᠭ ᠢ ᠰᠡᠷᠭᠡᠶᠢᠯᠡᠬᠦ ᠶᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠣᠬᠠᠢ ᠶᠢᠨ ᠬᠢᠵᠢᠭ ᠢ | ᠰᠡᠷᠭᠡᠶᠢᠯᠡᠬᠦ ᠠᠵᠢᠯ ᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠬᠤᠳᠠ ᠶᠢᠨ ᠠᠷᠠᠳ | ᠴᠡᠴᠡᠷᠯᠢᠭ᠂ ᠠᠭᠤᠳᠠᠮ ᠲᠠᠯᠠᠪᠠᠶ᠂ ᠬᠤᠲᠠ ᠶᠢᠨ ᠣᠯᠠᠨ ᠨᠡᠶᠢᠲᠡ ᠶᠢᠨ ᠵᠠᠮ ᠢᠶᠠᠷ ᠨᠣᠬᠠᠢ ᠪᠠᠨ ᠲᠤᠭᠤᠷᠢᠭᠤᠯᠬᠤ | ᠶᠠᠪᠤᠴᠠ ᠳᠤ ᠡᠩᠬᠦᠷᠡᠢ ᠠᠮᠢᠲᠠᠨ ᠤ ᠢᠯᠭᠠᠳᠠᠰᠤ ᠶᠢ ᠴᠠᠭ ᠲᠤᠬᠠᠢ ᠳᠤ ᠨᠢ ᠴᠡᠪᠡᠷᠯᠡᠭᠰᠡᠨ ᠦᠭᠡᠢ ᠠᠴᠠ ᠪᠣᠯᠵᠤ᠂ | ᠬᠤᠲᠠ ᠶᠢᠨ ᠳᠦᠷᠢ ᠲᠥᠷᠬᠦ ᠣᠷᠴᠢᠨ ᠲᠣᠭᠤᠷᠢᠨ ᠤ ᠠᠷᠢᠭᠤᠨ ᠴᠡᠪᠡᠷ ᠢ ᠨᠦᠯᠦᠭᠡᠯᠡᠭᠰᠡᠨ ᠦᠶᠯᠡ ᠠᠵᠢᠯᠯᠠᠭ᠎ᠠ ᠶᠢ | ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠨᠣᠬᠠᠢ ᠵᠡᠷᠬᠡ ᠠᠮᠢᠳᠠᠨ ᠤ | ᠡᠵᠡᠩᠨᠡᠯᠲᠡ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ | ᠵᠢᠷᠭᠤᠳᠤᠭᠠᠷ ᠵᠦᠢᠯ ᠨᠣᠬᠠᠢ ᠲᠡᠵᠢᠭᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ | ᠬᠠᠮᠠᠭᠠᠯᠠᠨ᠎ᠠ᠃ ᠨᠣᠬᠠᠢ ᠲᠡᠵᠢᠭᠡᠭᠴᠢ ᠬᠠᠤᠯᠢ ᠶᠣᠰᠣᠭᠠᠷ᠂ ᠪᠣᠯᠪᠠᠰᠤᠨ ᠢᠶᠠᠷ ᠨᠣᠬᠠᠢ ᠲᠡᠵᠢᠭᠡᠵᠦ᠂ ᠪᠤᠰᠤᠳ ᠤᠨ | ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠪᠣᠯᠬᠤ ᠦᠭᠡᠢ᠃ | ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠬᠠᠤᠯᠢ ᠶᠣᠰᠣᠭᠠᠷ ᠨᠣᠬᠠᠢ ᠲᠡᠵᠢᠭᠡᠬᠦ᠂ | ᠪᠣᠯᠪᠠᠰᠤᠨ ᠢᠶᠠᠷ ᠨᠣᠬᠠᠢ ᠲᠡᠵᠢᠭᠡᠬᠦ᠂ ᠭᠠᠯᠵᠠᠭᠤ ᠡᠪᠡᠳᠴᠢᠨ ᠢ ᠰᠡᠷᠭᠡᠶᠢᠯᠡᠨ ᠵᠠᠰᠠᠬᠤ ᠪᠠ ᠬᠥᠮᠥᠨ ᠪᠣᠯᠣᠨ ᠠᠮᠢᠳᠠᠨ | ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠤᠬᠠᠭᠤᠯᠭ᠎ᠠ ᠬᠥᠮᠦᠵᠢᠯ ᠢ ᠦᠷᠨᠢᠭᠦᠯᠪᠠᠯ ᠵᠤᠬᠢᠨ᠎ᠠ ᠃ | ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ | ᠵᠠᠭᠤᠴᠢᠯᠠᠭᠤᠷ ᠤᠨ ᠬᠢᠨ ᠨᠡᠶᠢᠭᠡᠮ ᠨᠡᠶᠢᠲᠡ ᠶᠢᠨ ᠶᠣᠰᠣ ᠮᠣᠷᠠᠯ ᠤᠨ ᠬᠥᠮᠦᠵᠢᠯ ᠪᠠ ᠨᠣᠬᠠᠢ ᠲᠡᠵᠢᠭᠡᠬᠦ ᠮᠡᠳᠡᠯᠭᠡ ᠶᠢᠨ | ᠤᠬᠠᠭᠤᠯᠭ᠎ᠠ ᠶᠢ ᠴᠢᠩᠭᠠᠳᠬᠠᠵᠤ᠂ ᠨᠣᠬᠠᠢ ᠲᠡᠵᠢᠭᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠨᠣᠬᠠᠢ ᠲᠡᠵᠢᠭᠡᠬᠦ | ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠬᠡᠷᠡᠭᠲᠡᠢ᠃ | ᠨᠠᠢᠮᠠᠳᠤᠭᠠᠷ ᠵᠦᠢᠯ ᠰᠠᠭᠤᠭᠠᠯᠢ ᠠᠷᠠᠳ ᠤᠨ ᠵᠥᠪᠯᠡᠯ᠂ ᠭᠠᠴᠠᠭ᠎ᠠ ᠲᠤᠰᠬᠤᠨ ᠤ ᠠᠷᠠᠳ ᠤᠨ ᠵᠥᠪᠯᠡᠯ ᠨᠢ | ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠤᠨ ᠨᠣᠬᠠᠢ ᠲᠡᠵᠢᠭᠡᠭᠰᠡᠨ ᠪᠠᠶᠢᠳᠠᠯ ᠢ ᠲᠠᠩᠰᠠᠯᠠᠨ ᠳᠡᠪᠲᠡᠷᠯᠡᠬᠦ ᠠᠵᠢᠯ ᠢ | ᠬᠠᠷᠢᠭᠤᠴᠠᠨ᠎ᠠ᠂ ᠳᠠᠩᠰᠠᠯᠠᠬᠤ ᠠᠭᠤᠯᠭ᠎ᠠ ᠳᠤ ᠨᠣᠬᠠᠢ ᠶᠢᠨ ᠲᠦᠷᠦᠯ ᠬᠡᠯᠪᠡᠷᠢ᠂ ᠦᠯᠦ ᠬᠠᠯᠳᠠᠭᠠᠬᠤ ᠰᠡᠷᠬᠡᠶᠢᠯᠡᠯᠳᠡ | ᠬᠢᠭᠰᠡᠨ ᠡᠰᠡᠬᠦ᠂ ︽ᠨᠣᠬᠠᠢ ᠲᠡᠵᠢᠭᠡᠬᠦ ᠳᠠᠩᠰᠠᠯᠠᠯᠲᠠ ᠶᠢᠨ ᠦᠨᠡᠮᠯᠡᠯ︾ ᠭᠦᠢᠴᠡᠳᠬᠡᠭᠰᠡᠨ ᠡᠰᠡᠬᠦ ᠵᠡᠷᠭᠡ ᠮᠡᠳᠡᠭᠡ | ᠵᠠᠩᠭᠢ ᠶᠢ ᠪᠠᠭᠲᠠᠭᠠᠨ᠎ᠠ︔ ᠣᠷᠣᠨ ᠰᠠᠭᠤᠴᠠ ᠶᠢᠨ ᠲᠣᠭᠤᠷᠢᠭ ᠲᠤ ᠬᠠᠤᠯᠢ ᠶᠢ ᠵᠥᠷᠢᠴᠡᠨ ᠨᠣᠬᠠᠢ ᠲᠡᠵᠢᠭᠡᠬᠦ ᠦᠶᠯᠡ | ᠠᠵᠢᠯᠯᠠᠭ᠎ᠠ ᠶᠢ ᠢᠳᠬᠠᠨ ᠬᠤᠷᠢᠭᠯᠠᠬᠤ᠂ ᠢᠯᠡᠴᠢᠯᠡᠨ ᠮᠡᠳᠡᠭᠦᠯᠬᠦ᠂ ᠵᠠᠭᠠᠯᠳᠤᠬᠤ ᠡᠷᠬᠡ ᠲᠠᠢ ᠪᠥᠭᠡᠳ ᠪᠣᠳᠠᠲᠠᠢ | ᠪᠠᠶᠢᠳᠠᠯ ᠢ ᠦᠨᠳᠦᠰᠦᠯᠡᠨ᠂ ᠲᠣᠰ ᠣᠷᠣᠨ ᠰᠠᠭᠤᠴᠠ ᠶᠢᠨ ᠲᠣᠭᠤᠷᠢᠭ ᠲᠠᠬᠢ ᠨᠣᠬᠠᠢ ᠣᠷᠣᠬᠤ ᠶᠢ ᠴᠠᠭᠠᠵᠠᠯᠠᠭᠰᠠᠨ | ᠣᠯᠠᠨ ᠨᠡᠶᠢᠲᠡ ᠶᠢᠨ ᠲᠣᠭᠤᠷᠢᠭ ᠢ ᠵᠠᠭᠠᠭᠯᠠᠨ ᠲᠣᠭᠲᠠᠭᠠᠬᠤ ᠡᠷᠬᠡ ᠲᠠᠢ︔ ᠨᠣᠬᠠᠢ ᠲᠡᠵᠢᠭᠡᠭᠰᠡᠨ ᠠᠴᠠ ᠪᠣᠯᠤᠭᠰᠠᠨ | ᠵᠠᠭᠤᠷᠠᠯᠳᠤᠭᠠᠨ ᠢ ᠬᠠᠷᠢᠭᠤᠴᠠᠨ ᠡᠶᠡᠳᠡᠭᠦᠯᠦᠨ᠎ᠡ᠃ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠨᠢ ᠰᠠᠭᠤᠭᠠᠯᠢ ᠠᠷᠠᠳ ᠤᠨ ᠵᠥᠪᠯᠡᠯ᠂ ᠭᠠᠴᠠᠭ᠎ᠠ ᠲᠣᠰᠬᠤᠨ ᠤ ᠠᠷᠠᠳ ᠤᠨ | ᠵᠥᠪᠯᠡᠯ ᠢ ᠬᠠᠮᠵᠢᠨ ᠳᠡᠭᠡᠷᠡᠬᠢ ᠪᠣᠳᠠᠲᠠᠢ ᠠᠵᠢᠯ ᠢ ᠰᠠᠶᠢᠲᠤᠷ ᠬᠢᠨ᠎ᠡ᠃ | ᠶᠢᠰᠦᠳᠦᠭᠡᠷ ᠵᠦᠢᠯ ᠲᠣᠰ ︽ᠠᠷᠭ᠎ᠠ︾ ᠶᠢ ᠵᠦᠷᠢᠴᠡᠵᠦ ᠨᠣᠬᠠᠢ ᠲᠡᠵᠢᠭᠡᠭᠰᠡᠨ ᠦᠶᠯᠡ ᠠᠵᠢᠯᠯᠠᠭ᠎ᠠ ᠶᠢ | ᠣᠯᠠᠨ ᠲᠦᠮᠡᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠤᠨ᠎ᠠ᠃ | | | ᠬᠤᠶᠠᠳᠤᠭᠠᠷ ᠪᠦᠯᠦᠭ ᠨᠣᠬᠠᠢ ᠲᠡᠵᠢᠭᠡᠬᠦ ᠳᠠᠩᠰᠠᠯᠠᠯᠲᠠ | ᠠᠷᠪᠠᠳᠤᠭᠠᠷ ᠵᠦᠢᠯ ᠨᠣᠬᠠᠢ ᠲᠡᠵᠢᠭᠡᠬᠦ ᠭᠤᠣᠯᠳᠠᠯᠭ᠎ᠠ ᠲᠠᠢ ᠬᠠᠮᠢᠶᠠᠷᠤᠯᠲᠠ ᠶᠢᠨ ᠣᠷᠣᠨ ᠤ ᠳᠣᠲᠤᠷ᠎ᠠ ᠬᠤᠪᠢ | ᠬᠥᠮᠥᠨ ᠨᠣᠬᠠᠢ ᠲᠡᠵᠢᠭᠡᠬᠦ ᠳᠤ ᠡᠷᠬᠡᠪᠰᠢ ᠳᠣᠣᠷᠠᠬᠢ ᠨᠥᠬᠦᠴᠡᠯ ᠤᠳ ᠢ ᠪᠦᠷᠢᠯᠳᠦᠭᠦᠯᠪᠡᠯ ᠰᠠᠶ᠋ᠢ ᠳᠠᠩᠰᠠᠯᠠᠭᠤᠯᠬᠤ ᠪᠠᠷ | ᠭᠤᠶᠤᠴᠢᠯᠠᠵᠤ ᠪᠣᠯᠣᠨ᠎ᠠ᠄ | ︵ᠨᠢᠭᠡ︶ ᠨᠣᠬᠠᠢ ᠲᠡᠵᠢᠭᠡᠭᠴᠢ ᠨᠢ ᠲᠤᠰ ᠬᠤᠰᠢᠭᠤᠨ ᠤ ᠪᠠᠶᠢᠩᠭᠤ ᠰᠠᠭᠤᠭ᠎ᠠ ᠡᠷᠥᠭᠡ ᠠᠮᠠ ᠪᠤᠶᠤ | ᠣᠷᠣᠰᠢᠨ ᠰᠠᠭᠤᠬᠤ ᠦᠨᠡᠮᠯᠡᠯ ᠲᠠᠢ ᠪᠠᠶᠢᠬᠤ︔ | ︵ᠬᠤᠶᠠᠷ︶ ᠨᠣᠬᠠᠢ ᠲᠡᠵᠢᠭᠡᠭᠴᠢ ᠨᠢ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ | ᠪᠠᠶᠢᠬᠤ︔ | ︵ᠭᠤᠷᠪᠠ︶ ᠰᠢᠶᠠᠨ ᠤ ᠱᠠᠲᠤᠨ ᠠᠴᠠ ᠳᠡᠭᠡᠭᠰᠢᠬᠢ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ | ᠬᠢᠵᠠᠭᠠᠷᠯᠠᠬᠤ ᠪᠠᠶᠢᠭᠤᠯᠤᠮᠵᠢ ᠶᠢᠨ ᠭᠠᠷᠭᠠᠭᠰᠠᠨ ᠦᠯᠦ ᠬᠠᠯᠳᠠᠭᠠᠬᠤ ᠰᠡᠷᠬᠡᠶᠢᠯᠡᠯᠳᠡ ᠶᠢᠨ ᠭᠡᠷᠡᠴᠢ ᠶᠢ ᠬᠠᠩᠭᠠᠬᠤ᠃ | ᠠᠷᠪᠠᠨ ᠨᠢᠭᠡᠳᠦᠭᠡᠷ ᠵᠦᠢᠯ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠠᠴᠠ ᠨᠣᠬᠠᠢ ᠲᠡᠵᠢᠭᠡᠬᠦ | ᠳᠠᠩᠰᠠᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ︽ᠨᠣᠬᠠᠢ ᠲᠡᠵᠢᠭᠡᠬᠦ ᠳᠠᠩᠰᠠᠯᠠᠯᠲᠠ ᠶᠢᠨ | ᠦᠨᠡᠮᠯᠡᠯ︾ ᠪᠠ ᠨᠣᠬᠠᠢ ᠶᠢᠨ ᠫᠠᠶᠢᠰᠠ ᠣᠯᠭᠤᠬᠤ ᠶᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ | ᠠᠷᠪᠠᠨ ᠬᠤᠶᠠᠳᠤᠭᠠᠷ ᠵᠦᠢᠯ ︽ᠨᠣᠬᠠᠢ ᠲᠡᠵᠢᠭᠡᠬᠦ ᠳᠠᠩᠰᠠᠯᠠᠯᠲᠠ ᠶᠢᠨ ᠦᠨᠡᠮᠯᠡᠯ︾ ᠢ ᠨᠢᠭᠡ ᠨᠣᠬᠠᠢ ᠨᠢᠭᠡ | ᠦᠨᠡᠮᠯᠡᠯ ᠢᠶᠠᠷ ᠬᠢᠨᠠᠨ ᠣᠯᠭᠤᠬᠤ ᠶᠢᠨ ᠬᠠᠮᠲᠤ ᠣᠨ ᠤ ᠪᠠᠶᠢᠴᠠᠭᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ | ᠠᠷᠪᠠᠨ ᠭᠤᠷᠪᠠᠳᠤᠭᠠᠷ ᠵᠦᠢᠯ ᠨᠣᠬᠠᠢ ᠲᠡᠵᠢᠭᠡᠬᠦ ᠭᠤᠣᠯᠳᠠᠯᠭ᠎ᠠ ᠲᠠᠢ ᠬᠠᠮᠢᠶᠠᠷᠤᠯᠲᠠ ᠶᠢᠨ ᠲᠣᠭᠤᠷᠢᠭ ᠲᠤ᠂ | ᠨᠣᠬᠠᠢ ᠶᠢᠨ ᠲᠥᠷᠥᠯ ᠤᠨ ᠦᠵᠡᠭᠦᠯᠦᠯᠭᠡ ᠡᠷᠭᠢᠯᠡᠬᠦ ᠶᠢ ᠴᠠᠭᠠᠵᠠᠯᠠᠨ᠎ᠠ᠂ ᠬᠤᠪᠢ ᠬᠥᠮᠥᠨ ᠵᠥᠪᠰᠢᠶᠡᠷᠡᠯ ᠦᠭᠡᠢ ᠪᠠᠷ | ᠳᠣᠭᠰᠢᠨ ᠨᠣᠬᠠᠢ᠂ ᠲᠣᠮᠣ ᠬᠡᠯᠪᠡᠷᠢ ᠶᠢᠨ ᠨᠣᠬᠠᠢ ᠲᠡᠵᠢᠭᠡᠬᠦ ᠶᠢ ᠴᠠᠭᠠᠵᠠᠯᠠᠨ᠎ᠠ᠃ | ᠠᠷᠪᠠᠨ ᠳᠥᠷᠪᠡᠳᠦᠭᠡᠷ ᠵᠦᠢᠯ ᠪᠠᠶᠢᠭᠤᠯᠭ᠎ᠠ ᠨᠢᠭᠡᠴᠢ ᠪᠤᠶᠤ ᠬᠤᠪᠢ ᠬᠥᠮᠥᠨ ᠳᠣᠣᠷᠠᠬᠢ ᠮᠡᠲᠦ ᠬᠡᠷᠡᠭᠴᠡᠭᠡ | ᠱᠠᠭᠠᠷᠳᠠᠯᠭ᠎ᠠ ᠶᠢᠨ ᠨᠢᠭᠡ ᠨᠢ ᠪᠠᠶᠢᠪᠠᠯ᠂ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ | ᠰᠠᠯᠪᠤᠷᠢ ᠳᠤ ᠲᠤᠭᠰᠢᠨ ᠨᠣᠬᠠᠢ᠂ ᠲᠣᠮᠣ ᠬᠡᠯᠪᠡᠷᠢ ᠶᠢᠨ ᠨᠣᠬᠠᠢ ᠲᠡᠵᠢᠭᠡᠬᠦ ᠪᠠᠷ ᠭᠤᠶᠤᠴᠢᠯᠠᠵᠤ ᠪᠣᠯᠣᠨ᠎ᠠ᠄ | ︵ᠨᠢᠭᠡ︶ ᠲᠠᠩᠨᠠᠬᠤ᠂ ᠴᠠᠭᠳᠠᠨ ᠲᠣᠭᠤᠷᠢᠬᠤ᠂ ᠭᠤᠣᠯᠳᠠᠯᠭ᠎ᠠ ᠲᠠᠢ ᠰᠡᠷᠭᠡᠶᠢᠯᠡᠨ ᠬᠠᠮᠠᠭᠠᠯᠠᠬᠤ︔ | ︵ᠬᠤᠶᠠᠷ︶ ᠰᠢᠨᠵᠢᠯᠡᠬᠦ ᠤᠬᠠᠭᠠᠨ ᠤ ᠰᠤᠳᠤᠯᠭᠠᠨ᠂ ᠡᠮ ᠡᠮᠨᠡᠯᠭᠡ ᠶᠢᠨ ᠲᠤᠷᠰᠢᠯᠲᠠ︔ | ︵ᠭᠤᠷᠪᠠ︶ ᠲᠤᠰᠬᠠᠢ ᠮᠡᠷᠭᠡᠵᠢᠯ ᠤᠨ ᠲᠣᠭᠯᠠᠯᠲᠠ ᠶᠢᠨ ᠪᠦᠯᠬᠦᠮ ᠤᠨ ᠲᠣᠭᠯᠠᠯᠲᠠ︔ | ︵ᠳᠥᠷᠪᠡ︶ ᠠᠮᠢᠳᠡᠠ ᠤ ᠬᠦᠷᠢᠶᠡᠯᠡᠩ ᠤᠨ ᠦᠵᠡᠮᠦᠷᠢ︔ | ︵ᠲᠠᠪᠤ︶ ᠰᠣᠬᠤᠷ ᠬᠥᠮᠥᠨ ᠤ ᠬᠦᠲᠦᠴᠢ︔ | ︵ᠵᠢᠷᠭᠤᠭ᠎ᠠ︶ ᠪᠤᠰᠤᠳ ᠣᠨᠴᠠᠭᠠᠶ ᠬᠡᠷᠡᠭᠴᠡᠭᠡ ᠲᠠᠢ ᠪᠠᠶᠢᠬᠤ᠃ | ᠳᠡᠭᠡᠷ᠎ᠡ ᠳᠤᠷᠠᠳᠤᠭᠰᠠᠨ ᠵᠥᠪᠰᠢᠶᠡᠷᠡᠯ ᠢᠶᠠᠷ ᠨᠣᠬᠠᠢ ᠲᠡᠵᠢᠭᠡᠬᠦ ᠳᠤ ᠡᠷᠬᠡᠪᠰᠢ ᠲᠤᠰᠬᠠᠢ ᠲᠠᠯᠠᠪᠤᠷ ᠭᠠᠵᠠᠷ ᠪᠠ | ᠠᠶᠤᠯᠭᠦᠢ ᠶᠢᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠢ᠃ | | | ᠭᠤᠷᠪᠠᠳᠤᠭᠠᠷ ᠪᠦᠯᠦᠭ ᠨᠣᠬᠠᠢ ᠲᠡᠵᠢᠭᠡᠬᠦ ᠦᠢᠯᠡ ᠠᠵᠢᠯᠯᠠᠭ᠎ᠠ ᠶᠢᠨ ᠵᠢᠷᠤᠮᠵᠢᠯ | ᠠᠷᠪᠠᠨ ᠲᠠᠪᠤᠳᠤᠭᠠᠷ ᠵᠦᠢᠯ ᠨᠣᠬᠠᠢ ᠲᠡᠵᠢᠭᠡᠭᠴᠢ ᠡᠷᠬᠡᠪᠰᠢ ᠳᠣᠣᠷᠠᠬᠢ ᠲᠣᠭᠲᠠᠭᠠᠯ ᠨᠤᠭᠤᠳ ᠢ | ᠵᠢᠷᠤᠮᠯᠠᠬᠤ ᠬᠡᠷᠡᠭᠲᠡᠢ ᠄ | ︵ᠨᠢᠭᠡ︶ ᠨᠣᠬᠠᠢ ᠪᠠᠨ ᠳᠠᠭᠠᠭᠤᠯᠵᠤ ᠭᠠᠳᠠᠭᠰᠢ ᠭᠠᠷᠬᠤ ᠦᠶ᠎ᠡ ᠳᠤ᠂ ᠢᠷᠭᠡᠨ ᠤ ᠬᠡᠷᠡᠭ ᠤᠨ | ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠬᠦᠮᠦᠨ ᠨᠣᠬᠠᠢ ᠳᠤ ᠫᠠᠶᠢᠰᠠ ᠵᠡᠭᠦᠯᠭᠡᠵᠦ᠂ ᠨᠣᠬᠠᠢ ᠶᠢᠨ ᠭᠢᠨᠵᠢ | ︵ᠳᠡᠭᠡᠰᠦ︶ ᠪᠠᠷ ᠬᠥᠲᠥᠯᠥᠨ᠂ ᠰᠠᠨᠠᠭᠠᠴᠢᠯᠠᠭ᠎ᠠ ᠠᠴᠠ ᠪᠠᠨ ᠪᠤᠰᠤᠳ ᠬᠥᠮᠥᠨ ᠪᠠ ᠲᠡᠷᠭᠡ ᠬᠥᠰᠬᠡ ᠠᠴᠠ ᠵᠠᠶᠢᠯᠠᠵᠤ | ᠥᠭᠬᠦ ᠬᠡᠷᠡᠭᠳᠡᠢ᠂ ᠨᠣᠬᠠᠢ ᠬᠦᠲᠦᠯᠬᠦ ᠭᠢᠨᠵᠢ ᠶᠢᠨ ᠣᠷᠳᠣ ᠨᠢ ᠬᠤᠶᠠᠷ ᠮᠧᠲᠷ ᠠᠴᠠ ᠬᠡᠲᠦᠷᠡᠵᠦ ᠪᠣᠯᠬᠤ ᠦᠭᠡᠢ︔ | ︵ᠬᠤᠶᠠᠷ︶ ᠨᠣᠬᠠᠢ ᠪᠠᠨ ᠳᠠᠭᠠᠭᠤᠯᠤᠨ ᠴᠠᠬᠢᠯᠭᠠᠨ ᠱᠠᠲᠤᠨ ᠳᠤ ᠰᠠᠭᠤᠬᠤ ᠳᠤ ᠨᠣᠬᠠᠢ ᠶᠢᠨ ᠠᠮᠠᠨ ᠳᠤ | ᠳᠤᠭᠲᠤᠢ ᠵᠡᠭᠦᠯᠭᠡᠬᠦ ᠪᠤᠶᠤ ᠨᠣᠬᠠᠢ ᠪᠠᠨ ᠨᠣᠬᠠᠢ ᠶᠢᠨ ᠰᠢᠩᠭᠡᠯᠢᠭ᠂ ᠨᠣᠬᠠᠢ ᠶᠢᠨ ᠤᠭᠤᠲᠠᠨ ᠳᠤ ᠬᠢᠬᠦ ᠪᠤᠶᠤ | ᠪᠡᠶ᠎ᠡ ᠠᠴᠠ ᠪᠠᠨ ᠰᠠᠯᠭᠠᠬᠤ ᠦᠭᠡᠢ ᠦᠢᠷ᠎ᠠ ᠬᠦᠲᠦᠯᠬᠦ︔ | ︵ᠭᠤᠷᠪᠠ︶ ᠨᠣᠬᠠᠢ ᠲᠤᠭᠤᠷᠢᠭᠤᠯᠬᠤ ᠳᠠᠭᠠᠨ ᠬᠥᠮᠥᠨ ᠣᠯᠠᠨ ᠠᠴᠠ ᠵᠠᠶᠢᠳᠠᠭᠤ ᠪᠠᠶᠢᠵᠤ ᠂ | ᠨᠠᠰᠤᠲᠠᠶᠢᠴᠤᠳ᠂ ᠵᠡᠮᠳᠡᠭᠴᠦᠳ᠂ ᠵᠢᠷᠮᠦᠰᠦᠨ ᠡᠮᠡᠭᠲᠡᠢ ᠪᠠ ᠬᠡᠦᠬᠡᠳ ᠢ ᠠᠶᠤᠯᠭᠠᠨ ᠰᠣᠴᠢᠭᠠᠬᠤ ᠠᠴᠠ ᠰᠡᠷᠭᠡᠶᠢᠯᠡᠬᠦ | ᠬᠡᠷᠡᠭᠲᠡᠢ︔ | ︵ᠳᠥᠷᠪᠡ︶ ᠨᠣᠬᠠᠢ ᠲᠤᠭᠤᠷᠢᠭᠤᠯᠤᠭᠰᠠᠳ ᠴᠤᠭᠯᠠᠷᠠᠵᠤ ᠪᠣᠯᠬᠤ ᠦᠭᠡᠢ᠂ ᠨᠣᠬᠠᠢ ᠵᠢᠭᠤᠷᠠᠯᠳᠤᠨ | ᠬᠡᠷᠡᠯᠳᠤᠵᠤ᠂ ᠬᠤᠴᠠᠬᠤ ᠪᠠ ᠨᠣᠬᠠᠢ ᠶᠢᠨ ᠡᠪᠡᠳᠴᠢᠨ ᠬᠠᠷᠢᠯᠴᠠᠨ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠢ︔ | ︵ᠲᠠᠪᠤ︶ ᠨᠣᠬᠠᠢ ᠲᠤᠭᠤᠷᠢᠭᠤᠯᠬᠤ ᠶᠠᠪᠤᠴᠠ ᠳᠤ ᠦᠢᠮᠡᠯᠳᠦᠨ ᠪᠠᠷᠬᠢᠷᠠᠵᠤ ᠪᠣᠯᠬᠤ ᠦᠭᠡᠢ᠂ ᠨᠣᠬᠠᠢ | ᠲᠡᠵᠢᠭᠡᠭᠦ ᠳᠤ ᠱᠤᠤᠭᠢᠶᠠᠨ ᠳᠡᠭᠳᠡᠭᠡᠨ᠂ ᠠᠷᠠᠳ ᠢ ᠦᠶᠮᠡᠭᠦᠯᠬᠦ᠂ ᠪᠤᠰᠤᠳ ᠢ ᠠᠶᠤᠯᠭᠠᠬᠤ᠂ ᠪᠤᠰᠤᠳ ᠤᠨ ᠬᠡᠪ ᠤᠨ | ᠠᠮᠢᠳᠤᠷᠠᠯ ᠢ ᠬᠠᠷᠰᠢᠯᠠᠬᠤ ᠵᠢᠴᠢ ᠪᠤᠰᠤᠳ ᠤᠨ ᠠᠮᠠᠷᠠᠬᠤ ᠶᠢ ᠨᠥᠯᠥᠭᠡᠯᠡᠵᠦ ᠪᠣᠯᠬᠤ ᠦᠭᠡᠢ︔ | ︵ᠵᠢᠷᠭᠤᠭ᠎ᠠ︶ ᠨᠣᠬᠠᠢ ᠶᠢ ᠲᠤᠭᠤᠷᠢᠭᠤᠯᠬᠤ ᠳᠠᠭᠠᠨ ᠨᠣᠬᠠᠢ ᠶᠢᠨ ᠢᠯᠭᠠᠳᠠᠰᠤ ᠶᠢ ᠠᠷᠢᠯᠭᠠᠬᠤ ᠪᠠᠭᠠᠵᠢ | ᠬᠡᠷᠡᠭᠰᠡᠯ ᠢᠶᠠᠨ ᠠᠪᠴᠤ ᠂ ᠨᠣᠬᠠᠢ ᠶᠢᠨ ᠢᠯᠭᠠᠳᠠᠰᠤ ᠶᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ︔ | ︵ᠳᠣᠯᠤᠭ᠎ᠠ︶ ᠪᠠᠶᠢᠭᠤᠯᠭ᠎ᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠬᠡᠦᠬᠡᠳ ᠤᠨ ᠴᠡᠴᠡᠷᠯᠢᠭ᠂ | ᠮᠦᠽᠧᠢ᠂ ᠨᠣᠮ ᠤᠨ ᠰᠠᠩ᠂ ᠺᠢᠨᠣ᠋ ᠵᠦᠴᠦᠭᠡ ᠶᠢᠨ ᠲᠢᠶᠠᠲᠷ᠂ ᠴᠡᠴᠡᠷᠯᠢᠭ ᠵᠡᠷᠭᠡ ᠰᠣᠶᠣᠯ᠂ ᠵᠤᠭ᠎ᠠ ᠴᠡᠩᠭᠡᠯ᠂ ᠪᠡᠶ᠎ᠡ | ᠴᠢᠭᠢᠷᠠᠭᠵᠢᠭᠤᠯᠬᠤ ᠲᠠᠯᠠᠪᠤᠷ ᠵᠢᠴᠢ ᠵᠣᠴᠢᠳ ᠤᠨ ᠪᠠᠭᠤᠳᠠᠯ᠂ ᠬᠤᠭᠤᠯᠠᠨ ᠤ ᠭᠠᠵᠡᠷ᠂ ᠵᠠᠬ᠎ᠠ ᠳᠡᠯᠭᠡᠭᠦᠷ᠂ ᠳᠡᠯᠭᠡᠭᠦᠷ | ᠬᠤᠳᠠᠯᠳᠤᠭ᠎ᠠ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠨᠣᠬᠠᠢ ᠪᠠᠨ ᠳᠠᠭᠠᠭᠤᠯᠤᠨ ᠣᠷᠣᠵᠤ ᠪᠣᠯᠬᠤ ᠦᠭᠡᠢ︔ | ︵ᠨᠠᠢᠮᠠ︶ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡ ᠠᠴᠠ ᠪᠤᠰᠤᠳ ᠤᠯᠠᠨ | ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠨᠣᠬᠠᠢ ᠪᠠᠨ ᠳᠠᠭᠠᠭᠤᠯᠤᠨ ᠰᠠᠭᠤᠵᠤ ᠪᠣᠯᠬᠤ ᠦᠭᠡᠢ᠂ | ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠳᠤ ᠨᠣᠬᠠᠢ ᠪᠠᠨ ᠳᠠᠭᠠᠭᠤᠯᠤᠨ ᠰᠠᠭᠤᠬᠤ ᠳᠤ | ᠡᠷᠬᠡᠪᠰᠢ ᠵᠢᠯᠣᠭᠤᠴᠢ ᠶᠢᠨ ᠵᠥᠪᠰᠢᠶᠡᠷᠡᠯ ᠢ ᠣᠯᠬᠤ ᠬᠡᠷᠡᠭᠲᠡᠢ ᠪᠥᠭᠡᠳ ᠨᠣᠬᠠᠢ ᠪᠠᠨ ᠨᠣᠬᠠᠢ ᠶᠢᠨ ᠰᠢᠩᠭᠡᠯᠢᠭ᠂ | ᠨᠣᠬᠠᠢ ᠶᠢᠨ ᠤᠭᠤᠲᠠᠨ ᠳᠤ ᠬᠢᠬᠦ ᠬᠡᠷᠡᠭᠲᠡᠢ︔ | ︵ᠶᠢᠰᠦ︶ ᠤᠯᠡᠠ ᠨᠡᠶᠢᠲᠡ ᠶᠢᠨ ᠭᠤᠣᠯ ᠮᠦᠷᠡᠨ ᠨᠠᠭᠤᠷ ᠴᠦᠭᠦᠷᠤᠮ ᠵᠡᠷᠬᠡ ᠤᠰᠦᠠ ᠣᠷᠣᠨ ᠳᠤ ᠨᠣᠬᠠᠢ | ᠪᠠᠨ ᠳᠠᠭᠠᠭᠤᠯᠵᠤ ᠣᠷᠤᠬᠤ᠂ ᠤᠬᠢᠶᠠᠬᠤ ᠪᠤᠶᠤ ᠳᠤᠷ᠎ᠠ ᠪᠠᠷ ᠨᠢ ᠲᠠᠯᠪᠢᠵᠤ ᠣᠮᠪᠠᠭᠤᠯᠵᠦ ᠪᠣᠯᠬᠤ ᠦᠭᠡᠢ︔ | ︵ᠠᠷᠪᠠ︶ ᠲᠣᠭᠲᠠᠭᠠᠯ ᠶᠣᠰᠣᠭᠠᠷ ᠨᠣᠬᠠᠢ ᠳᠤ ᠸᠠᠺᠼᠢᠨ ᠤ ᠦᠯᠦ ᠬᠠᠯᠳᠠᠭᠠᠬᠤ ᠰᠡᠷᠭᠡᠶᠢᠯᠡᠯᠳᠡ ᠶᠢᠨ | ᠲᠠᠷᠢᠯᠭ᠎ᠠ ᠬᠢᠯᠭᠡᠨ᠎ᠡ︔ ︽ᠨᠣᠬᠠᠢ ᠲᠡᠵᠢᠭᠡᠬᠦ ᠳᠠᠩᠰᠠᠯᠠᠯᠲᠠ ᠶᠢᠨ ᠦᠨᠡᠮᠯᠡᠯ︾ ᠤᠨ ᠣᠨ ᠤ ᠬᠢᠨᠠᠨ ᠰᠢᠯᠭᠠᠬᠤ | ᠭᠦᠢᠴᠡᠳᠬᠡᠯ ᠢ ᠲᠣᠭᠲᠠᠭᠰᠠᠨ ᠬᠤᠭᠤᠴᠠᠭᠠᠨ ᠳᠤ ᠭᠦᠢᠴᠡᠳᠬᠡᠨ᠎ᠡ᠃ | ᠠᠷᠪᠠᠨ ᠵᠢᠷᠭᠤᠳᠤᠭᠠᠷ ᠵᠦᠢᠯ ᠪᠦᠷᠢᠳᠬᠡᠭᠦᠯᠵᠦ ᠳᠠᠩᠰᠠᠯᠠᠭᠤᠯᠤᠭᠠᠳ ᠲᠡᠵᠢᠭᠡᠭᠰᠡᠨ ᠨᠣᠬᠠᠢ ᠶᠢ ᠪᠤᠰᠤᠳ ᠲᠤ | ᠰᠢᠯᠵᠢᠭᠦᠯᠦᠭᠰᠡᠨ᠂ ᠪᠡᠯᠡᠭᠯᠡᠭᠰᠡᠨ᠂ ᠠᠯᠠᠭ᠎ᠠ ᠪᠣᠯᠤᠭᠰᠠᠨ᠂ ᠦᠬᠦᠭᠰᠡᠨ ᠪᠠᠶᠢᠪᠠᠯ 30 ᠡᠳᠦᠷ ᠤᠨ ᠳᠣᠲᠣᠷ᠎ᠠ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠦᠷᠴᠦ ᠡᠷᠦᠬᠡ ᠰᠢᠯᠵᠢᠭᠦᠯᠬᠦ ᠪᠤᠶᠤ ᠳᠠᠩᠰᠠᠨ ᠠᠴᠠ ᠬᠠᠰᠤᠬᠤ ᠭᠠᠷ | ᠭᠦᠢᠴᠡᠳᠬᠡᠯ ᠬᠢᠬᠦ ᠬᠡᠷᠡᠭᠲᠡᠢ᠃ | ᠨᠢᠭᠡᠨᠲᠡ ᠳᠠᠩᠰᠠᠯᠠᠭᠤᠯᠤᠭᠰᠠᠨ ᠨᠣᠬᠠᠢ ᠭᠦᠯᠦᠭᠡᠯᠡᠭᠰᠡᠨ ᠪᠠᠶᠢᠪᠠᠯ᠂ ᠨᠣᠬᠠᠢ ᠶᠢᠨ ᠡᠵᠡᠨ ᠨᠢ 60 ᠡᠳᠦᠷ ᠤᠨ | ᠳᠣᠲᠣᠷ᠎ᠠ ᠭᠦᠯᠦᠭᠡ ᠨᠣᠬᠠᠢ ᠪᠠᠨ ᠳᠠᠩᠰᠠᠯᠠᠭᠤᠯᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠨᠣᠬᠠᠢ ᠪᠤᠰᠤᠳ ᠢ ᠰᠢᠷᠬᠠᠳᠤᠭᠤᠯᠤᠭᠰᠠᠨ ᠪᠤᠶᠤ ᠡᠪᠡᠳᠴᠢᠯᠡᠭᠦᠯᠬᠦ ᠳᠤ | ᠬᠦᠷᠪᠡᠯ᠂ ᠨᠣᠬᠠᠢ ᠲᠡᠵᠢᠭᠡᠭᠴᠢ ᠨᠢ ᠰᠢᠷᠬᠠᠲᠤᠭᠰᠠᠳ ᠢ ᠲᠡᠷᠡ ᠳᠠᠷᠤᠢ ᠳᠤᠨᠢ ᠲᠤᠬᠠᠢ ᠶᠢᠨ ᠭᠠᠵᠠᠷ ᠤᠨ ᠡᠷᠡᠭᠦᠯ ᠢ | ᠬᠠᠮᠠᠭᠠᠯᠠᠬᠤ ᠬᠢᠵᠢᠭ ᠢ ᠰᠡᠷᠭᠡᠶᠢᠯᠡᠬᠦ ᠪᠠᠶᠢᠭᠤᠯᠤᠮᠵᠢ ᠳᠤ ᠬᠦᠷᠭᠡᠵᠦ ᠰᠡᠷᠭᠡᠶᠢᠯᠡᠬᠦ ᠲᠠᠷᠢᠯᠭ᠎ᠠ ᠬᠢᠯᠭᠡᠵᠦ᠂ ᠰᠢᠷᠬ᠎ᠠ ᠶᠢᠨ | ᠪᠠᠶᠢᠳᠠᠯ ᠢ ᠨᠢ ᠦᠵᠡᠵᠦ ᠪᠠᠶᠢᠭᠠᠳ ᠡᠷᠡᠭᠦᠯ ᠬᠠᠮᠠᠭᠠᠯᠠᠯ ᠡᠮ ᠡᠮᠨᠡᠯᠭᠡ ᠶᠢᠨ ᠪᠠᠶᠢᠭᠤᠯᠤᠮᠵᠢ ᠳᠤ ᠡᠮᠨᠡᠭᠦᠯᠦᠨ | ᠵᠠᠰᠠᠭᠤᠯᠬᠤ ᠶᠢᠨ ᠬᠠᠮᠲᠤ ᠬᠠᠤᠯᠢ ᠶᠣᠰᠣᠭᠠᠷ ᠬᠤᠬᠢᠷᠠᠯ ᠢ ᠲᠦᠯᠦᠬᠦ ᠬᠡᠷᠡᠭᠲᠡᠢ᠃ | | |