ᠴᠢᠪᠠᠭ᠎ᠠ ᠬᠤᠲᠠ ᠲᠣᠭᠤᠷᠢᠭ ᠲᠤ ᠨᠣᠬᠠᠢ ᠲᠡᠵᠢᠭᠡᠬᠦ ᠬᠠᠮᠢᠶᠠᠷᠤᠯᠲᠠ ᠶᠢᠨ ᠠᠷᠭ᠎ᠠ ︵ᠬᠤᠶᠠᠷ︶
ᠨᠡᠶᠢᠲᠡᠯᠡᠭᠰᠡᠨ ᠴᠠᠭ᠄
2023/3/17
     ᠳᠥᠷᠪᠡᠳᠦᠭᠡᠷ ᠪᠦᠯᠦᠭ     ᠬᠤᠷᠢᠶᠠᠮᠵᠢᠯᠠᠬᠤ᠂ ᠲᠠᠨᠢᠵᠤ ᠠᠪᠬᠤ ᠪᠠ ᠡᠷᠭᠦᠨ ᠲᠡᠵᠢᠭᠡᠬᠦ      ᠠᠷᠪᠠᠨ ᠨᠠᠢᠮᠠᠳᠤᠭᠠᠷ ᠵᠦᠢᠯ   ᠲᠣᠭᠲᠠᠭᠠᠯ ᠶᠣᠰᠣᠭᠠᠷ ᠨᠣᠬᠠᠢ ᠶᠢᠨ ᠫᠠᠶᠢᠰᠠ ᠵᠡᠭᠦᠯᠭᠡᠭᠰᠡᠨ ᠦᠭᠡᠢ ᠨᠣᠬᠠᠢ᠂ ᠲᠥᠭᠡᠷᠢᠭᠰᠡᠨ ᠨᠣᠬᠠᠢ᠂ ᠲᠡᠨᠦᠭᠦᠯ ᠨᠣᠬᠠᠢ ᠵᠢᠴᠢ ᠲᠤᠰ ᠠᠷᠭ᠎ᠠ ᠶᠢᠨ ᠠᠷᠪᠠᠨ ᠲᠠᠪᠤᠳᠤᠭᠠᠷ ᠵᠦᠢᠯ ᠤᠨ ︵ᠨᠢᠭᠡ︶᠂ ︵ᠲᠤᠯᠤᠭ᠎ᠠ︶᠂ ︵ᠨᠠᠢᠮᠠ︶᠂ ︵ᠶᠢᠰᠦ︶᠂ ︵ᠠᠷᠪᠠ︶ ᠳ᠋ᠤᠭᠠᠷ ᠵᠤᠷᠪᠤᠰ ᠤᠨ ᠲᠣᠭᠲᠠᠭᠠᠯ ᠠᠴᠠ ᠵᠥᠷᠢᠴᠡᠭᠰᠡᠨ ᠨᠣᠬᠠᠢ ᠶᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠤᠷᠢᠶᠠᠮᠵᠢᠯᠠᠨ᠎ᠠ᠃       ᠠᠷᠪᠠ ᠶᠢᠰᠦᠳᠦᠭᠡᠷ ᠵᠦᠢᠯ    ᠬᠠᠤᠯᠢ ᠶᠣᠰᠣᠭᠠᠷ ᠳᠠᠩᠰᠠᠯᠠᠭᠤᠯᠤᠭᠰᠠᠨ ᠨᠣᠬᠠᠢ ᠲᠥᠭᠡᠷᠢᠭᠰᠡᠨ ᠪᠠᠶᠢᠪᠠᠯ ᠨᠣᠬᠠᠢ ᠬᠤᠷᠢᠶᠠᠨ ᠠᠪᠬᠤ ᠭᠠᠵᠠᠷ ᠨᠢ ᠨᠣᠬᠠᠢ ᠶᠢ ᠬᠤᠷᠢᠶᠠᠨ ᠠᠪᠤᠭᠰᠠᠨ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠨᠣᠬᠠᠢ ᠲᠡᠵᠢᠭᠡᠭᠴᠢ ᠳᠤ ᠮᠡᠳᠡᠭᠳᠡᠵᠦ ᠲᠠᠨᠢᠭᠤᠯᠤᠨ ᠥᠭᠬᠦ ᠬᠡᠷᠡᠭᠲᠡᠢ᠃      ᠨᠣᠬᠠᠢ ᠲᠡᠵᠢᠭᠡᠭᠴᠢ ᠨᠢ ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ 5 ᠡᠳᠦᠷ ᠤᠨ ᠳᠣᠲᠣᠷ᠎ᠠ ᠨᠣᠬᠠᠢ ᠬᠤᠷᠢᠶᠠᠨ ᠠᠪᠬᠤ ᠭᠠᠵᠠᠷ ᠲᠤ ᠣᠴᠢᠵᠤ ᠲᠠᠨᠢᠵᠤ ᠠᠪᠬᠤ ᠬᠡᠷᠡᠭᠲᠡᠢ᠃      ᠬᠤᠷᠢᠳᠤᠭᠠᠷ ᠵᠦᠢᠯ  ᠲᠡᠨᠦᠭᠦᠯ ᠨᠣᠬᠠᠢ᠂ ᠨᠤᠬᠠᠢ ᠲᠠᠵᠢᠭᠡᠭᠴᠢ ᠶᠢᠨ ᠬᠦᠷᠭᠡᠵᠦ ᠥᠭᠭᠦᠭᠰᠡᠨ ᠨᠣᠬᠠᠢ᠂ ᠲᠤᠰ ᠠᠷᠭ᠎ᠠ ᠶᠢᠨ ᠲᠣᠭᠲᠠᠭᠠᠯ ᠢ ᠵᠥᠷᠢᠴᠡᠭᠰᠡᠨ ᠠᠴᠠ ᠪᠣᠯᠵᠤ ᠬᠤᠷᠢᠶᠠᠮᠵᠢᠯᠠᠭᠳᠠᠭᠰᠠᠨ ᠨᠣᠬᠠᠢ ᠪᠤᠶᠤ ᠬᠤᠭᠤᠴᠠᠭ᠎ᠠ ᠬᠡᠲᠦᠷᠡᠲᠡᠯ᠎ᠡ ᠲᠠᠨᠢᠵᠤ ᠠᠪᠬᠤ ᠬᠥᠮᠥᠨ ᠦᠭᠡᠢ ᠨᠣᠬᠠᠢ ᠶᠢ ᠠᠮᠢᠲᠠᠨ ᠤ ᠬᠢᠵᠢᠭ ᠢ ᠰᠡᠷᠭᠡᠶᠢᠯᠡᠬᠦ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠪᠡᠯ᠂ ᠲᠤᠰ ᠠᠷᠭ᠎ᠠ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠬᠤᠪᠢ ᠬᠥᠮᠥᠨ ᠪᠤᠶᠤ ᠨᠢᠭᠡᠴᠢ ᠠᠴᠠ ᠠᠪᠴᠤ ᠲᠡᠵᠢᠭᠡᠵᠦ ᠪᠣᠯᠣᠨ᠎ᠠ᠃      ᠲᠡᠵᠢᠭᠡᠬᠦ ᠪᠠᠷ ᠲᠤᠭᠳᠠᠭᠠᠭᠳᠠᠭᠰᠠᠨ ᠨᠣᠬᠠᠢ ᠨᠢ ᠭᠠᠯᠵᠠᠭᠤ ᠡᠪᠡᠳᠴᠢᠨ ᠢ ᠰᠡᠷᠭᠡᠶᠢᠯᠡᠬᠦ ᠲᠠᠷᠢᠯᠭ᠎ᠠ ᠬᠢᠯᠭᠡᠭᠰᠡᠨ ᠦᠭᠡᠢ ᠪᠣᠯ᠂ ᠲᠤᠰ ᠠᠷᠭ᠎ᠠ ᠶᠢᠨ ᠲᠣᠭᠲᠠᠭᠠᠯ ᠶᠣᠰᠣᠭᠠᠷ ᠭᠠᠯᠵᠠᠭᠤ  ᠡᠪᠡᠳᠴᠢᠨ  ᠢ  ᠰᠡᠷᠭᠡᠶᠢᠯᠡᠬᠦ  ᠲᠠᠷᠢᠯᠭ᠎ᠠ  ᠬᠢᠯᠭᠡᠨ᠎ᠡ᠃      ᠨᠣᠬᠠᠢ ᠡᠷᠭᠦᠨ ᠲᠡᠵᠢᠭᠡᠭᠴᠢ ᠨᠢ ᠨᠣᠬᠠᠢ ᠲᠡᠵᠢᠭᠡᠬᠦ ᠠᠯᠬᠤᠮ ᠳᠠᠷᠠᠭ᠎ᠠ ᠶᠤᠰᠤᠭᠠᠷ ᠳᠠᠩᠰᠠᠯᠠᠯᠲᠠ ᠬᠢᠯᠭᠡᠬᠦ ᠬᠡᠷᠡᠭᠲᠡᠢ᠃      ᠬᠤᠷᠢᠨ ᠨᠢᠭᠡᠳᠦᠭᠡᠷ ᠵᠦᠢᠯ   ᠬᠤᠷᠢᠶᠠᠮᠵᠢᠯᠠᠭᠰᠠᠨ ᠨᠣᠬᠠᠢ ᠶᠢ ᠬᠤᠷᠢᠶᠠᠮᠵᠢᠯᠠᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠡᠷᠭᠦᠨ ᠲᠡᠵᠢᠭᠡᠬᠦ ᠬᠥᠮᠥᠨ ᠦᠭᠡᠢ ᠪᠠᠶᠢᠪᠠᠯ᠂ ᠡᠵᠡᠨ ᠦᠭᠡᠢ ᠨᠣᠬᠠᠢ ᠪᠠᠷ ᠦᠵᠡᠵᠦ᠂ ᠬᠤᠷᠢᠶᠠᠮᠵᠢᠯᠠᠬᠤ ᠭᠠᠵᠠᠷ ᠠᠴᠠ ᠤᠯᠤᠰ ᠤᠨ ᠪᠠ ᠲᠤᠰ ᠬᠤᠳᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃      ᠬᠤᠷᠢᠨ ᠬᠤᠶᠠᠳᠤᠭᠠᠷ ᠵᠦᠢᠯ   ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ᠂ ᠠᠮᠢᠲᠠᠨ ᠤ ᠬᠠᠮᠠᠭᠠᠯᠠᠯᠲᠠ ᠶᠢᠨ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠪᠦᠯᠬᠦᠮ ᠤᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ᠂ ᠨᠣᠬᠠᠢ ᠶᠢ ᠬᠤᠷᠢᠶᠠᠨ ᠠᠪᠬᠤ᠂ ᠡᠷᠭᠦᠨ ᠲᠡᠵᠢᠭᠡᠬᠦ ᠠᠵᠢᠯ ᠢ ᠥᠷᠨᠢᠭᠦᠯᠵᠦ ᠪᠣᠯᠣᠨ᠎ᠠ᠂ ᠬᠤᠷᠢᠶᠠᠨ ᠠᠪᠬᠤ᠂ ᠡᠷᠭᠦᠨ ᠲᠡᠵᠢᠭᠡᠭᠰᠡᠨ ᠨᠣᠬᠠᠢ ᠶᠢ ᠡᠵᠡᠩᠨᠡᠯᠲᠡ ᠶᠢᠨ ᠠᠵᠢᠯᠯᠠᠭ᠎ᠠ ᠳᠤ ᠬᠡᠷᠡᠭᠯᠡᠵᠦ ᠪᠣᠯᠬᠤ ᠦᠭᠡᠢ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠦᠢᠯᠡᠴᠢᠯᠡᠭᠡ ᠬᠤᠳᠠᠯᠳᠤᠨ ᠠᠪᠬᠤ ᠵᠡᠷᠭᠡ ᠬᠡᠯᠪᠡᠷᠢ ᠪᠠᠷ ᠬᠠᠪᠰᠤᠷᠤᠨ ᠳᠡᠮᠵᠢᠵᠤ ᠪᠣᠯᠬᠤ ᠪᠦᠭᠡᠳ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠵᠦ ᠪᠣᠯᠣᠨ᠎ᠠ᠃      ᠬᠤᠷᠢᠨ ᠭᠤᠷᠪᠠᠳᠤᠭᠠᠷ ᠵᠦᠢᠯ   ᠨᠣᠬᠠᠢ ᠳᠤ ᠭᠠᠯᠵᠠᠭᠤ ᠨᠣᠬᠠᠢ ᠶᠢᠨ ᠡᠪᠡᠳᠴᠢᠨ ᠤ ᠢᠯᠡᠷᠡᠯ ᠭᠠᠷᠤᠭᠰᠠᠨ ᠢ ᠰᠡᠷᠡᠵᠦ ᠮᠡᠳᠡᠭᠰᠡᠨ ᠬᠥᠮᠥᠨ ᠪᠦᠬᠦᠨ᠂ ᠡᠷᠬᠡᠪᠰᠢ ᠲᠡᠷᠡ ᠳᠠᠷᠤᠢ ᠳᠤᠨᠢ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠮᠢᠳᠠᠨ ᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠲᠤ ᠮᠡᠳᠡᠭᠦᠯᠵᠦ᠂ ᠲᠤᠰᠬᠠᠢ ᠮᠡᠷᠭᠡᠵᠢᠯ ᠤᠨ ᠠᠵᠢᠯᠲᠠᠨ ᠢᠶᠠᠷ ᠣᠨᠣᠰᠢᠯᠠᠭᠤᠯᠤᠭᠰᠠᠨ ᠤ ᠲᠠᠷᠠᠭ᠎ᠠ ᠪᠠᠷᠢᠵᠤ ᠠᠯᠠᠬᠤ ᠬᠡᠷᠡᠭᠲᠡᠢ᠃ ᠨᠣᠬᠠᠢ ᠶᠢᠨ ᠬᠡᠭᠦᠷ ᠢ ᠡᠷᠬᠡᠪᠰᠢ ᠰᠢᠶᠠᠨ ᠤ ᠱᠠᠲᠤᠨ ᠠᠴᠠ ᠳᠡᠭᠡᠭᠰᠢᠬᠢ ᠠᠮᠢᠳᠡᠠ ᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠭᠠᠵᠠᠷ ᠲᠤ ᠰᠢᠲᠠᠭᠠᠵᠤ ᠬᠤᠣᠷ ᠦᠭᠡᠶᠢᠵᠢᠬᠦᠯᠦᠠ ᠰᠢᠢᠳᠪᠦᠷᠢᠯᠡᠵᠦ᠂ ᠳᠤᠷ᠎ᠠ ᠪᠠᠷ ᠢᠶᠠᠨ ᠬᠠᠶᠠᠵᠤ ᠪᠣᠯᠬᠤ ᠦᠭᠡᠢ᠃ ᠠᠮᠢᠳᠡᠠ ᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠤᠳ ᠭᠠᠯᠵᠠᠭᠤ ᠨᠣᠬᠠᠢ ᠶᠢ ᠢᠯᠡᠷᠡᠭᠦᠯᠦᠭᠰᠡᠨ ᠣᠷᠣᠨ ᠲᠤᠭᠤᠷᠢᠭ ᠲᠠᠬᠢ ᠭᠡᠷ ᠤᠨ ᠨᠣᠬᠠᠢ ᠳᠤ ᠲᠣᠭᠲᠠᠭᠠᠯ ᠶᠣᠰᠣᠭᠠᠷ ᠬᠢᠵᠢᠭ ᠤᠨ ᠪᠠᠶᠢᠴᠠᠭᠠᠯᠳᠠ ᠬᠢᠵᠦ ᠰᠢᠢᠳᠪᠦᠷᠢᠯᠡᠬᠦ ᠬᠡᠷᠡᠭᠲᠡᠢ᠃      ᠲᠠᠪᠤᠳᠤᠭᠠᠷ ᠪᠦᠯᠦᠭ     ᠡᠵᠡᠩᠨᠡᠬᠦ      ᠬᠤᠷᠢᠨ ᠳᠥᠷᠪᠡᠳᠦᠭᠡᠷ ᠵᠦᠢᠯ    ᠨᠣᠬᠠᠢ ᠲᠡᠵᠢᠭᠡᠯᠭᠡᠬᠦ  ᠂ ᠨᠤᠬᠠᠢ ᠭᠤᠶᠣᠯᠠᠬᠤ ᠵᠡᠷᠭᠡ ᠡᠵᠡᠩᠨᠡᠯᠲᠡ ᠶᠢᠨ ᠴᠢᠨᠠᠷᠲᠠᠢ ᠠᠵᠢᠯᠯᠠᠭ᠎ᠠ ᠬᠢᠬᠦ ᠳᠤ ᠬᠦᠷᠪᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠬᠢᠯᠭᠡᠭᠰᠡᠨ ᠤ ᠲᠠᠷᠠᠭ᠎ᠠ᠂ ᠠᠮᠢᠳᠠᠨ ᠤ ᠬᠢᠵᠢᠭ ᠢ ᠰᠡᠷᠭᠡᠶᠢᠯᠡᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠭᠤᠭ᠎ᠠ ᠭᠠᠵᠠᠷ ᠤᠨ ᠢᠶᠠᠨ ᠠᠮᠢᠳᠠᠨ ᠤ ᠬᠢᠵᠢᠭ ᠢ ᠰᠡᠷᠭᠡᠶᠢᠯᠡᠬᠦ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠠᠮᠢᠳᠠᠨ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ᠂ ᠠᠮᠢᠳᠠᠨ ᠢ ᠡᠮᠴᠢᠯᠠᠨ ᠵᠠᠰᠠᠬᠤ ᠵᠥᠪᠰᠢᠶᠡᠷᠡᠯ ᠤᠨ ᠦᠨᠡᠮᠯᠡᠯ ᠢ ᠣᠯᠬᠤ ᠬᠡᠷᠡᠭᠲᠡᠢ᠃      ᠵᠥᠪᠰᠢᠶᠡᠷᠡᠯ ᠦᠭᠡᠢ ᠪᠠᠷ ᠨᠣᠬᠠᠢ ᠲᠡᠵᠢᠭᠡᠯᠭᠡᠬᠦ᠂ ᠨᠤᠬᠠᠢ ᠭᠤᠶᠣᠯᠠᠬᠤ ᠵᠡᠷᠭᠡ ᠠᠵᠢᠯᠯᠠᠭ᠎ᠠ ᠶᠢ ᠥᠷᠨᠢᠭᠦᠯᠵᠦ ᠪᠣᠯᠬᠤ ᠦᠭᠡᠢ᠃      ᠬᠤᠷᠢᠨ ᠲᠠᠪᠤᠳᠤᠭᠠᠷ ᠵᠦᠢᠯ   ᠨᠣᠬᠠᠢ ᠪᠣᠷᠣᠯᠠᠭᠤᠯᠬᠤ ᠡᠵᠡᠩᠨᠡᠯᠲᠡ ᠶᠢᠨ ᠠᠵᠢᠯᠯᠠᠭ᠎ᠠ ᠬᠢᠪᠡᠯ᠂ ᠬᠠᠤᠯᠢ ᠶᠣᠰᠣᠭᠠᠷ ᠦᠢᠯᠡᠳᠪᠦᠷᠢ ᠬᠤᠳᠠᠯᠳᠤᠭᠠᠨ ᠤ ᠪᠦᠷᠢᠳᠬᠡᠭᠦᠯᠦᠨ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠶᠢᠨ ᠬᠠᠮᠲᠤ ᠡᠵᠡᠩᠨᠡᠯᠲᠡ ᠶᠢᠨ ᠦᠨᠡᠮᠯᠡᠯ ᠣᠯᠣᠭᠰᠠᠨ ᠤ ᠳᠠᠷᠠᠭ᠎ᠠ 5 ᠡᠳᠦᠷ ᠤᠨ ᠳᠣᠲᠣᠷ᠎ᠠ ᠰᠠᠭᠤᠭ᠎ᠠ ᠭᠠᠵᠠᠷ ᠤᠨ ᠢᠶᠠᠨ ᠠᠮᠢᠲᠠᠨ ᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠲᠤ ᠬᠦᠷᠴᠦ ᠳᠠᠩᠰᠠᠯᠠᠭᠤᠯᠬᠤ ᠬᠡᠷᠡᠭᠲᠡᠢ᠃      ᠨᠣᠬᠠᠢ ᠶᠢ ᠠᠷᠠᠯᠵᠢᠶᠠᠯᠠᠬᠤ ᠳᠤ ᠲᠣᠭᠲᠠᠭᠰᠠᠨ ᠠᠷᠠᠯᠵᠢᠶᠠᠨ ᠤ ᠵᠠᠬ᠎ᠠ ᠳᠡᠯᠭᠡᠭᠦᠷ ᠲᠤ ᠬᠦᠴᠦᠨ ᠪᠦᠬᠦᠢ ︽ᠨᠣᠬᠠᠢ ᠲᠡᠵᠢᠭᠡᠬᠦ ᠳᠠᠩᠰᠠᠯᠠᠯᠲᠠ ᠶᠢᠨ ᠦᠨᠡᠮᠯᠡᠯ︾ ᠢᠶᠠᠨ ᠠᠪᠴᠤ ᠠᠷᠠᠯᠵᠢᠶᠠᠯᠠᠬᠤ ᠬᠡᠷᠡᠭᠲᠡᠢ᠃ᠪᠦᠬᠦᠯᠢ 60 ᠡᠳᠦᠷ ᠪᠣᠯᠤᠭᠰᠠᠨ ᠪᠣᠯᠪᠠᠴᠤ ᠭᠠᠯᠵᠠᠭᠤ ᠡᠪᠡᠳᠴᠢᠨ ᠢ ᠦᠯᠦ ᠬᠠᠯᠳᠠᠭᠠᠬᠤ ᠰᠡᠷᠭᠡᠶᠢᠯᠡᠬᠦ ᠲᠠᠷᠢᠯᠭ᠎ᠠ ᠬᠢᠯᠭᠡᠭᠰᠡᠨ ᠦᠭᠡᠢ ᠨᠣᠬᠠᠢ ᠶᠢ ᠪᠣᠷᠣᠯᠠᠭᠤᠯᠬᠤ ᠶᠢ ᠴᠠᠭᠠᠵᠠᠯᠠᠨ᠎ᠠ᠃      ᠬᠤᠷᠢᠨ ᠵᠢᠷᠭᠤᠳᠤᠭᠠᠷ ᠵᠦᠢᠯ   ᠨᠣᠬᠠᠢ ᠲᠡᠵᠢᠭᠡᠯᠭᠡᠬᠦ᠂  ᠨᠤᠬᠠᠢ ᠭᠤᠶᠣᠯᠠᠬᠤ ᠵᠡᠷᠭᠡ ᠡᠵᠡᠩᠨᠡᠯᠲᠡ ᠶᠢᠨ ᠴᠢᠨᠠᠷᠲᠠᠢ ᠠᠵᠢᠯᠯᠠᠭ᠎ᠠ ᠬᠢᠪᠡᠯ᠂ ᠡᠵᠡᠩᠨᠡᠭᠴᠢ ᠠᠷᠭ᠎ᠠ ᠬᠡᠮᠵᠢᠶ᠎ᠡ ᠠᠪᠴᠤ ᠪᠠᠶᠢᠭᠠᠳ ᠠᠷᠠᠳ ᠢ ᠦᠢᠮᠡᠭᠦᠯᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠤᠬᠢᠷᠠᠭᠤᠯᠬᠤ ᠵᠡᠷᠬᠡ ᠶᠠᠪᠤᠳᠠᠯ ᠢ ᠰᠡᠷᠭᠡᠶᠢᠯᠡᠨ ᠬᠤᠷᠢᠭᠯᠠᠬᠤ  ᠬᠡᠷᠡᠭᠲᠡᠢ᠃     ᠵᠢᠷᠭᠤᠳᠤᠭᠠᠷ ᠪᠦᠯᠦᠭ     ᠬᠠᠤᠯᠢ ᠶᠢᠨ ᠬᠠᠷᠢᠭᠤᠴᠠᠯᠭ᠎ᠠ     ᠬᠤᠷᠢᠨ ᠳᠣᠯᠣᠳᠤᠭᠠᠷ ᠵᠦᠢᠯ    ᠳᠠᠩᠰᠠᠯᠠᠭᠤᠯᠤᠭᠰᠠᠨ ᠦᠭᠡᠢ ᠪᠠᠷ ᠳᠤᠷ᠎ᠠ ᠪᠠᠷ ᠢᠶᠠᠨ ᠨᠣᠬᠠᠢ ᠲᠡᠵᠢᠭᠡᠭᠰᠡᠨ ᠪᠠ ᠲᠣᠰ ᠠᠷᠭ᠎ᠠ ᠶᠢᠨ ᠠᠷᠪᠠᠨ ᠲᠠᠪᠤᠳᠤᠭᠠᠷ ᠵᠦᠢᠯ ᠤᠨ ︵ᠬᠤᠶᠠᠷ︶᠂ ︵ᠭᠤᠷᠪᠠ︶᠂ ︵ᠳᠥᠷᠪᠡ︶᠂ ︵ᠲᠠᠪᠤ︶᠂ ︵ᠳᠣᠯᠤᠭ᠎ᠠ︶᠂ ︵ᠨᠠᠢᠮᠠ︶᠂ ︵ᠶᠢᠰᠦ︶ ᠳ᠋ᠦ᠋ᠭᠡᠷ ᠵᠤᠷᠪᠤᠰ ᠠᠴᠠ ᠵᠥᠷᠢᠴᠡᠭᠰᠡᠨ ᠪᠠᠶᠢᠪᠠᠯ᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠣᠷᠭᠠᠭᠤᠯᠢ ᠶᠢᠨ ᠬᠠᠤᠯᠢ︾ ᠶᠢᠨ ᠳᠠᠯᠠᠨ ᠲᠠᠪᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠡᠷᠡᠮᠵᠢ ᠥᠭᠭᠦᠨ᠎ᠡ᠃ ᠰᠡᠷᠡᠮᠵᠢᠯᠡᠭᠦᠯᠦᠭᠰᠡᠨ ᠤ ᠳᠠᠷᠠᠭ᠎ᠠ ᠬᠠᠯᠠᠨ ᠵᠠᠯᠠᠷᠠᠭᠤᠯᠤᠭᠰᠠᠨ ᠦᠭᠡᠢ ᠪᠤᠶᠤ ᠨᠣᠬᠠᠢ ᠪᠠᠨ ᠳᠤᠷ᠎ᠠ ᠪᠠᠷ ᠨᠢ ᠲᠠᠯᠪᠢᠵᠤ ᠪᠤᠰᠤᠳ ᠢ ᠰᠦᠷᠳᠡᠭᠦᠯᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ 200 ᠲᠥᠭᠦᠷᠢᠭ ᠠᠴᠠ ᠳᠡᠭᠡᠭᠰᠢ᠂ 500 ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠨ᠎ᠡ᠃      ᠠᠮᠢᠲᠠᠨ ᠢ ᠵᠠᠬᠢᠷᠴᠤ ᠪᠠᠶᠢᠭᠠᠳ ᠪᠤᠰᠤᠳ ᠢ ᠰᠢᠷᠬᠠᠲᠤᠭᠤᠯᠤᠭᠰᠠᠨ ᠪᠣᠯ᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠤᠷᠭᠠᠭᠤᠯᠢ ᠶᠢᠨ ᠬᠠᠤᠯᠢ︾ ᠶᠢᠨ ᠳᠥᠴᠢᠨ ᠭᠤᠷᠪᠠᠳᠤᠭᠠᠷ ᠵᠦᠢᠯ ᠢ ᠦᠨᠳᠦᠰᠦᠯᠡᠨ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ 5 ᠡᠳᠦᠷ ᠠᠴᠠ ᠳᠡᠭᠡᠭᠰᠢ 10 ᠡᠳᠦᠷ ᠠᠴᠠ ᠲᠤᠷᠤᠭᠰᠢ ᠲᠦᠷ ᠬᠤᠷᠢᠬᠤ ᠮᠦᠷᠳᠡᠭᠡᠨ 200 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠨ᠎ᠡ᠃ ᠥᠢᠯᠡ ᠪᠠᠶᠢᠳᠠᠯ ᠨᠢ ᠬᠥᠩᠭᠡᠨ ᠪᠠᠶᠢᠪᠠᠯ᠂ 5 ᠡᠳᠦᠷ ᠠᠴᠠ  ᠲᠤᠷᠤᠭᠰᠢ ᠲᠥᠷ ᠬᠤᠷᠢᠬᠤ ᠪᠤᠶᠤ 500 ᠲᠥᠭᠦᠷᠢᠭ ᠠᠴᠠ  ᠲᠤᠷᠤᠭᠰᠢ ᠵᠣᠭᠤᠰ ᠢᠶᠠᠷ ᠲᠣᠷᠭᠠᠨ᠎ᠡ᠃     ᠨᠣᠬᠠᠢ ᠲᠡᠵᠢᠭᠡᠬᠦ ᠳᠠᠩᠰᠠᠯᠠᠯᠲᠠ ᠶᠢᠨ ᠦᠨᠡᠮᠯᠡᠯ ᠢ ᠰᠠᠷᠢᠭᠠᠯᠠᠭᠰᠠᠨ᠂ ᠬᠠᠭᠤᠷᠮᠠᠭᠯᠠᠨ ᠵᠣᠬᠢᠶᠠᠭᠰᠠᠨ ᠪᠠᠶᠢᠪᠠᠯ᠂ ︽ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠲᠤᠷᠭᠠᠭᠤᠯᠢ ᠶᠢᠨ ᠬᠠᠤᠯᠢ︾ ᠶᠢᠨ ᠲᠠᠪᠢᠨ ᠬᠤᠶᠠᠳᠤᠭᠠᠷ ᠵᠦᠢᠯ ᠢ ᠦᠨᠳᠦᠰᠦᠯᠡᠨ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ 10 ᠡᠳᠦᠷ ᠠᠴᠠ ᠳᠡᠭᠡᠭᠰᠢ 15 ᠡᠳᠦᠷ ᠠᠴᠠ ᠲᠤᠷᠤᠭᠰᠢ ᠲᠦᠷ ᠬᠤᠷᠢᠬᠤ ᠮᠦᠷᠳᠡᠭᠡᠨ 1000 ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠨ᠎ᠠ᠃ ᠥᠢᠯᠡ ᠪᠠᠶᠢᠳᠠᠯ ᠨᠢ ᠬᠥᠩᠭᠡᠨ ᠪᠠᠶᠢᠪᠠᠯ᠂ 5 ᠡᠳᠦᠷ ᠠᠴᠠ ᠳᠡᠭᠡᠭᠰᠢ 10 ᠡᠳᠦᠷ ᠠᠴᠠ ᠲᠤᠷᠤᠭᠰᠢ ᠲᠥᠷ ᠬᠤᠷᠢᠬᠤ ᠪᠠᠷ ᠰᠢᠢᠳᠬᠡᠬᠦ ᠪᠥᠭᠡᠳ 500 ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠨ᠎ᠠ᠃      ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠵᠢᠯ ᠭᠦᠢᠴᠡᠳᠬᠡᠬᠦ ᠶᠢ ᠲᠡᠪᠴᠢᠵᠦ᠂ ᠬᠠᠷᠰᠢᠯᠠᠭᠰᠠᠨ ᠪᠠᠶᠢᠪᠠᠯ ︽ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠲᠤᠷᠭᠠᠭᠤᠯᠢ ᠶᠢᠨ ᠬᠠᠤᠯᠢ︾ ᠶᠢᠨ ᠲᠠᠪᠢᠳᠤᠭᠠᠷ ᠵᠦᠢᠯ ᠢ ᠦᠨᠳᠦᠰᠦᠯᠡᠨ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠰᠡᠷᠡᠮᠵᠢᠯᠡᠭᠦᠯᠬᠦ ᠪᠤᠶᠤ 200 ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠨ᠎ᠡ᠃ ᠥᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ 5 ᠡᠳᠦᠷ ᠠᠴᠠ ᠳᠡᠭᠡᠭᠰᠢ 10 ᠡᠳᠦᠷ ᠠᠴᠠ ᠲᠤᠷᠤᠭᠰᠢ ᠲᠥᠷ ᠬᠤᠷᠢᠬᠤ ᠪᠠᠷ ᠰᠢᠢᠳᠬᠡᠬᠦ ᠪᠥᠭᠡᠳ 500 ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠨ᠎ᠠ᠃ᠳᠡᠭᠡᠷᠡᠬᠢ ᠲᠣᠭᠲᠠᠭᠠᠯ ᠢ ᠵᠦᠷᠢᠴᠡᠭᠰᠡᠨ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ ᠪᠣᠯᠣᠨ᠎ᠠ᠃      ᠬᠤᠷᠢᠨ ᠨᠠᠢᠮᠠᠳᠤᠭᠠᠷ ᠵᠦᠢᠯ    ᠲᠣᠰ ᠠᠷᠭ᠎ᠠ ᠶᠢᠨ ᠠᠷᠪᠠᠨ ᠲᠠᠪᠤᠳᠤᠭᠠᠷ ᠵᠦᠢᠯ ᠤᠨ ︵ᠵᠢᠷᠭᠤᠭ᠎ᠠ︶ ᠳ᠋ᠤᠭᠠᠷ ᠵᠤᠷᠪᠤᠰ ᠢ ᠵᠥᠷᠢᠴᠡᠭᠰᠡᠨ ᠪᠠᠶᠢᠪᠠᠯ᠂     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠲᠦᠷᠬᠦ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠢᠢᠳᠬᠡᠬᠦ ᠲᠣᠭᠲᠠᠭᠠᠯ︾ ᠤᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂  ᠤᠷᠴᠢᠨ ᠲᠤᠭᠤᠷᠢᠨ ᠤ ᠴᠡᠪᠡᠷᠯᠡᠭᠴᠢ ᠠᠴᠠ ᠡᠩᠬᠦᠷᠡᠢ ᠠᠮᠢᠳᠠᠨ ᠤ ᠢᠯᠭᠠᠳᠠᠰᠤ ᠶᠢ ᠴᠠᠭ ᠲᠤᠬᠠᠢ ᠳᠤᠨᠢ ᠴᠡᠪᠡᠷᠯᠡᠭᠦᠯᠬᠦ ᠪᠠᠷ ᠵᠠᠷᠯᠢᠭᠳᠠᠵᠤ ᠪᠣᠯᠣᠨ᠎ᠠ᠂ ᠬᠡᠷᠪᠡ ᠢᠯᠭᠠᠳᠠᠰᠤ ᠴᠡᠪᠡᠷᠯᠡᠬᠦ ᠶᠢ ᠲᠡᠪᠴᠢᠭᠰᠡᠨ ᠪᠠᠶᠢᠪᠠᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠰᠡᠷᠡᠮᠵᠢᠯᠡᠭᠦᠯᠬᠦ ᠶᠢᠨ ᠬᠠᠮᠲᠤ 50 ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠨ᠎ᠡ᠃      ᠬᠤᠷᠢ ᠶᠢᠰᠦᠳᠦᠭᠡᠷ ᠵᠦᠢᠯ    ᠲᠣᠭᠲᠠᠭᠠᠯ ᠶᠣᠰᠣᠭᠠᠷ ᠨᠣᠬᠠᠢ ᠳᠤ ᠸᠠᠺᠼᠢᠨ ᠤ ᠦᠯᠦ ᠬᠠᠯᠳᠠᠭᠠᠬᠤ ᠲᠠᠷᠢᠯᠭ᠎ᠠ ᠬᠢᠭᠰᠡᠨ ᠦᠭᠡᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢᠨ ᠲᠠᠯᠠᠨ ᠭᠤᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠠᠮᠢᠲᠠᠨ ᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠠᠴᠠ ᠵᠠᠷᠯᠢᠭᠳᠠᠨ᠂ ᠬᠠᠯᠠᠵᠤ ᠵᠠᠯᠠᠷᠠᠭᠤᠯᠬᠤ ᠰᠡᠷᠡᠮᠵᠢ ᠥᠭᠭᠦᠨ᠎ᠡ᠃ ᠵᠠᠯᠠᠷᠠᠭᠤᠯᠬᠤ ᠶᠢ ᠲᠡᠪᠴᠢᠭᠰᠡᠨ ᠪᠠᠶᠢᠪᠠᠯ᠂ ᠠᠮᠢᠲᠠᠨ ᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠠᠴᠠ ᠣᠷᠣᠯᠠᠨ ᠰᠢᠢᠳᠪᠦᠷᠢᠯᠡᠨ᠎ᠡ᠂ ᠰᠢᠢᠳᠪᠦᠷᠢᠯᠡᠬᠦ ᠳᠤ ᠬᠡᠷᠡᠭᠰᠡᠬᠦ ᠵᠠᠷᠤᠳᠠᠯ ᠢ ᠬᠠᠤᠯᠢ ᠶᠢ ᠵᠥᠷᠢᠴᠡᠭᠰᠡᠨ ᠦᠢᠯᠡ ᠠᠵᠢᠯᠯᠠᠭᠠᠲᠤ ᠬᠥᠮᠥᠨ ᠡᠭᠦᠷᠭᠡᠯᠡᠬᠦ ᠪᠥᠭᠡᠳ1000 ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠨ᠎ᠠ᠃      ᠠᠮᠢᠳᠡᠠ ᠤ ᠬᠢᠵᠢᠭ ᠢ ᠰᠡᠷᠭᠡᠶᠢᠯᠡᠬᠦ ᠨᠥᠬᠦᠴᠡᠯ ᠤᠨ ᠬᠢᠷᠢ ᠲᠡᠩᠴᠡᠭᠰᠡᠨ ᠦᠨᠡᠮᠯᠡᠯ ᠣᠯᠣᠭᠰᠠᠨ ᠦᠭᠡᠢ ᠪᠠᠷ ᠨᠣᠬᠠᠢ ᠲᠡᠵᠢᠭᠡᠨ ᠦᠷᠡᠵᠢᠭᠦᠯᠬᠦ ᠭᠠᠵᠠᠷ ᠭᠠᠷᠭᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠳᠡᠠ ᠤ ᠬᠢᠵᠢᠭ ᠢ ᠰᠡᠷᠭᠡᠶᠢᠯᠡᠬᠦ ᠬᠠᠤᠯᠢ︾ ᠶᠢᠨ ᠲᠡᠯᠡᠠ ᠳᠣᠯᠣᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠠᠮᠢᠳᠡᠠ ᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠠᠴᠠ ᠵᠠᠷᠯᠢᠭᠳᠠᠨ ᠬᠠᠯᠠᠨ ᠵᠠᠯᠠᠷᠠᠭᠤᠯᠵᠤ᠂ 1000 ᠲᠥᠭᠦᠷᠢᠭ ᠠᠴᠠ ᠳᠡᠭᠡᠭᠰᠢ ᠲᠦᠮᠡᠨ ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠨ᠎ᠡ᠃ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠨ᠎ᠡ᠃      ᠠᠮᠢᠲᠠᠨ ᠢ ᠡᠮᠴᠢᠯᠡᠨ ᠵᠠᠰᠠᠬᠤ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠷ ᠨᠣᠬᠠᠢ ᠶᠢ ᠡᠮᠴᠢᠯᠡᠨ ᠵᠠᠰᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢᠨ ᠨᠠᠶᠠᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠠᠮᠢᠲᠠᠨ ᠤ ᠬᠢᠵᠢᠭ ᠢ ᠰᠡᠷᠭᠡᠶᠢᠯᠡᠬᠦ ᠰᠠᠯᠠᠭ᠎ᠠ ᠮᠥᠴᠢᠷ ᠠᠴᠠ ᠡᠮᠴᠢᠯᠡᠨ ᠵᠠᠰᠠᠬᠤ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ ᠬᠠᠤᠯᠢ ᠶᠢ ᠵᠥᠷᠢᠴᠡᠵᠦ ᠣᠯᠣᠭᠰᠠᠨ ᠠᠰᠢᠭ ᠬᠤᠨᠵᠢᠪᠤᠷᠢ ᠶᠢ ᠬᠤᠷᠢᠶᠠᠨ ᠠᠪᠬᠤ ᠶᠢᠨ ᠬᠠᠮᠳᠦ ᠬᠠᠤᠯᠢ ᠪᠤᠰᠤ ᠠᠰᠢᠭ ᠬᠤᠨᠵᠢᠪᠤᠷᠢ ᠨᠢ 3 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠬᠠᠤᠯᠢ ᠶᠢ ᠵᠥᠷᠢᠴᠡᠵᠦ ᠣᠯᠣᠭᠰᠠᠨ ᠠᠰᠢᠭ ᠬᠤᠨᠵᠢᠪᠤᠷᠢ ᠶᠢᠨ ᠬᠢᠨᠢ ᠨᠢᠭᠡ ᠲᠠᠬᠢᠨ ᠠᠴᠠ ᠳᠡᠭᠡᠭᠰᠢ ᠭᠤᠷᠪᠠᠨ ᠲᠠᠬᠢᠨ ᠠᠴᠠ ᠲᠤᠷᠤᠭᠰᠢ ᠵᠣᠭᠤᠰ ᠢᠶᠠᠷ ᠲᠣᠷᠭᠠᠨ᠎ᠡ᠂ ᠬᠠᠤᠯᠢ ᠶᠢ ᠵᠥᠷᠢᠴᠡᠵᠦ ᠣᠯᠣᠭᠰᠠᠨ ᠠᠰᠢᠭ ᠬᠤᠨᠵᠢᠪᠤᠷᠢ ᠨᠢ ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ᠂ ᠲᠦᠮᠡᠨ ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ  ᠲᠤᠷᠤᠭᠰᠢ ᠵᠣᠭᠤᠰ ᠢᠶᠠᠷ ᠲᠣᠷᠭᠠᠡᠨ᠎ᠡ᠃ ᠬᠠᠤᠯᠢ ᠶᠢ ᠵᠥᠷᠢᠴᠡᠵᠦ ᠣᠯᠣᠭᠰᠠᠨ ᠠᠰᠢᠭ ᠬᠤᠨᠵᠢᠪᠤᠷᠢ ᠦᠭᠡᠢ ᠪᠤᠶᠤ ᠬᠠᠤᠯᠢ ᠶᠢ ᠵᠥᠷᠢᠴᠡᠵᠦ ᠣᠯᠣᠭᠰᠠᠨ ᠠᠰᠢᠭ ᠬᠤᠨᠵᠢᠪᠤᠷᠢ ᠨᠢ ᠲᠦᠮᠡᠨ ᠲᠥᠭᠦᠷᠢᠭ ᠲᠤ ᠬᠦᠷᠬᠦ ᠦᠭᠡᠢ ᠪᠠᠶᠢᠪᠠᠯ᠂ 3 ᠮᠢᠩᠭᠠᠨ ᠲᠥᠭᠦᠷᠢᠭ ᠠᠴᠠ ᠳᠡᠭᠡᠭᠰᠢ ᠲᠦᠮᠡᠨ ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠨ᠎ᠡ᠃      ᠭᠤᠴᠢᠳᠤᠭᠠᠷ ᠵᠦᠢᠯ   ᠨᠣᠬᠠᠢ ᠲᠡᠵᠢᠭᠡᠬᠦ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠨᠣᠬᠠᠢ ᠲᠡᠵᠢᠭᠡᠬᠦ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠠᠵᠢᠯ ᠡᠭᠦᠷᠬᠡ ᠳᠡᠭᠡᠨ ᠴᠠᠯᠠᠭᠠᠶᠢᠳᠠᠬᠤ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃      ᠭᠤᠴᠢᠨ ᠨᠢᠭᠡᠳᠦᠭᠡᠷ ᠵᠦᠢᠯ    ᠲᠤᠰ ᠠᠷᠭ᠎ᠠ ᠶᠢᠨ ᠶᠣᠰᠣᠭᠠᠷ ᠬᠤᠷᠢᠶᠠᠵᠤ ᠠᠪᠤᠭᠰᠠᠨ ᠲᠣᠷᠭᠠᠵᠤ ᠬᠤᠷᠢᠶᠠᠭᠰᠠᠨ ᠵᠣᠭᠤᠰ ᠢ ᠲᠤᠰ ᠱᠠᠳᠤᠨ ᠤ ᠡᠳ᠋ ᠤᠨ ᠵᠠᠰᠠᠭ ᠲᠤ ᠲᠤᠰᠢᠶᠠᠵᠤ᠂ ᠨᠣᠬᠠᠢ ᠲᠡᠵᠢᠭᠡᠬᠦ ᠬᠠᠮᠢᠶᠠᠷᠤᠯᠲᠠ ᠶᠢᠨ ᠠᠵᠢᠯ ᠳᠤ ᠲᠤᠰᠬᠠᠢ ᠬᠡᠷᠡᠭᠯᠡᠨ᠎ᠡ᠃      ᠭᠤᠴᠢᠨ ᠬᠤᠶᠠᠳᠤᠭᠠᠷ ᠵᠦᠢᠯ    ᠲᠣᠰ ᠠᠷᠭ᠎ᠠ ᠶᠢ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃      ᠭᠤᠴᠢᠨ ᠭᠤᠷᠪᠠᠳᠤᠭᠠᠷ ᠵᠦᠢᠯ    ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠡᠷᠡᠭᠵᠢᠭᠦᠯᠦᠨ᠎ᠡ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号