| | ᠰᠤᠷᠪᠤᠯᠵᠢᠯᠠᠭᠴᠢ᠄ ᠥᠨᠥᠳᠥᠷ ᠪᠢᠳᠡ ᠵᠠᠪᠰᠢᠶᠠᠨ ᠢᠶᠠᠷ ᠤᠤ ᠮᠦᠷᠡᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠡᠷᠬᠢᠯᠡᠭᠴᠢ ᠴᠠᠩ ᠬᠤᠩ ᠢ ᠤᠷᠢᠵᠤ᠂ ᠪᠣᠯᠪᠠᠰᠤᠨ ᠬᠤᠲᠠ ᠶᠢ ᠴᠤᠭᠴᠠᠯᠠᠨ ᠪᠠᠶᠢᠭᠤᠯᠤᠭᠰᠠᠨ | ᠭᠤᠣᠯ ᠠᠷᠭ᠎ᠠ ᠪᠠᠷᠢᠯ ᠪᠠ ᠲᠡᠷᠢᠭᠦᠨ ᠤ ᠲᠤᠷᠰᠢᠯᠭ᠎ᠠ ᠶᠢ ᠣᠯᠠᠨ ᠲᠠᠢ ᠪᠠᠨ ᠬᠤᠪᠢᠶᠠᠯᠴᠠᠬᠤ ᠪᠤᠯᠤᠯ᠎ᠠ᠃ ᠴᠠᠩ | ᠡᠷᠬᠢᠯᠡᠭᠴᠢ ᠲᠠ ᠤᠣ ᠮᠦᠷᠡᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠦᠨᠳᠦᠰᠦᠨ ᠪᠠᠶᠢᠳᠠᠯ ᠵᠢᠴᠢ | ᠴᠤᠭᠴᠠᠯᠠᠨ ᠪᠠᠶᠢᠭᠤᠯᠬᠤ ᠠᠵᠢᠯ ᠤᠨ ᠳᠤᠮᠳᠠ ᠲᠤᠯᠭᠠᠷᠠᠵᠤ ᠪᠠᠶᠢᠭ᠎ᠠ ᠣᠳᠣᠬᠢ ᠪᠠᠶᠢᠳᠠᠯ ᠢ ᠳᠥᠭᠦᠮᠬᠡᠨ | ᠲᠠᠨᠢᠯᠴᠠᠭᠤᠯᠤᠭᠠᠳ ᠥᠭᠬᠦ ᠪᠣᠯᠪᠠᠤ ⁈ | ᠴᠠᠩ ᠬᠤᠩ᠄ ᠤᠤ ᠮᠦᠷᠡᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠨᠢ ᠴᠢᠪᠠᠭ᠎ᠠ ᠶᠢᠨ | ᠬᠠᠭᠤᠴᠢᠨ ᠬᠤᠲᠠ ᠲᠤᠭᠤᠷᠢᠭ ᠤᠨ 6 ᠨᠡᠶᠢᠭᠡᠮ ᠲᠣᠭᠤᠷᠢᠭ᠂ 112 ᠰᠠᠭᠤᠭᠠᠯᠢ ᠠᠷᠠᠳ ᠤᠨ ᠲᠣᠭᠤᠷᠢᠭ | ᠬᠠᠷᠢᠶᠠᠯᠠᠠᠵᠤ᠂ ᠪᠠᠶᠢᠩᠭᠤ ᠰᠠᠭᠤᠭ᠎ᠠ ᠬᠥᠮᠥᠨ ᠠᠮᠠ 4.5 ᠲᠦᠮᠡ᠂ ᠠᠵᠤ ᠠᠬᠤᠶᠢᠯᠠᠯ ᠪᠠ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ 3800᠂ ᠬᠤᠳᠠᠯᠳᠤᠭᠠᠨ ᠤ ᠲᠠᠯᠠᠪᠠᠶ 11 ᠪᠣᠶ᠃ ᠬᠤᠲᠠ ᠶᠢᠨ | ᠴᠤᠭᠴᠠᠯᠠᠨ ᠪᠠᠶᠢᠭᠤᠯᠤᠯᠳᠠ ᠶᠢᠨ ᠪᠦᠬᠦᠶᠢᠯᠡ ᠪᠠᠶᠢᠳᠠᠯ ᠳᠤ ᠳᠣᠣᠷᠠᠬᠢ ᠮᠡᠲᠦ ᠭᠤᠷᠪᠠᠨ ᠣᠨᠴᠠᠯᠢᠭ ᠲᠠᠢ᠄ ᠨᠢᠭᠡ ᠳᠤ᠂ | ᠬᠠᠭᠤᠴᠢᠨ ᠰᠠᠭᠤᠭᠠᠯᠢ ᠲᠣᠭᠤᠷᠢᠭ ᠣᠯᠠᠨ᠂ ᠰᠠᠭᠤᠷᠢ ᠲᠥᠬᠦᠭᠡᠷᠦᠮᠵᠢ ᠪᠠᠭᠤᠷᠠᠢ᠃ 112 ᠰᠠᠭᠤᠭᠠᠯᠢ ᠠᠷᠠᠳ ᠤᠨ | ᠲᠣᠭᠤᠷᠢᠭ ᠤᠨ ᠳᠣᠲᠣᠷᠠᠬᠢ 67 ᠨᠢ 2005 ᠣᠨ ᠠᠴᠠ ᠡᠮᠦᠨ᠎ᠡ ᠪᠠᠶᠢᠭᠤᠯᠤᠭᠳᠠᠵᠤ᠂ ᠬᠠᠭᠤᠴᠢᠨ | ᠲᠣᠭᠤᠷᠢᠭ ᠤᠨ ᠬᠠᠷᠢᠴᠠᠯ ᠨᠢ 60% ᠳᠤ ᠬᠦᠷᠴᠡᠢ᠃ ᠡᠶᠢᠮᠦ ᠠᠴᠠ ᠰᠠᠭᠤᠷᠢ ᠲᠥᠬᠦᠭᠡᠷᠦᠮᠵᠢ ᠲᠤᠶᠢᠯ ᠤᠨ | ᠪᠠᠷᠤᠭᠳᠠᠢ᠂ ᠵᠢᠱᠢᠶᠡᠯᠡᠪᠡᠯ ᠭᠠᠵᠠᠷ ᠳᠣᠣᠷᠠᠬᠢ ᠬᠤᠭᠤᠯᠠᠢ ᠬᠠᠭᠤᠴᠢᠷᠠᠬᠤ᠂ ᠵᠠᠮ ᠤᠨ ᠨᠢᠭᠤᠷ ᠡᠪᠳᠡᠷᠡᠬᠦ᠂ ᠠᠰᠠᠷ ᠤᠨ | ᠬᠤᠩᠭᠢᠯ ᠤᠨ ᠪᠣᠰᠤᠭ᠎ᠠ ᠲᠠᠯ᠎ᠠ ᠨᠢ ᠬᠤᠪᠬᠤᠷᠠᠬᠤ᠂ ᠳᠤᠷ᠎ᠠ ᠪᠠᠷ ᠢᠶᠠᠨ ᠲᠠᠯᠪᠢᠵᠤ ᠲᠠᠪᠠ ᠪᠠᠷ ᠪᠠᠷᠢᠬᠤ᠂ ᠨᠢᠰᠦᠬᠡ | ᠤᠳᠠᠰᠤ ᠤᠯᠠᠨ᠂ ᠣᠯᠠᠨ ᠨᠡᠶᠢᠲᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠬᠦᠭᠡᠷᠦᠮᠵᠢ | ᠳᠤᠲᠠᠭᠳᠠᠬᠤ᠂ ᠬᠡᠷᠡᠮ ᠬᠠᠨ᠎ᠠ ᠪᠠᠷ ᠳᠤᠷ᠎ᠠ ᠪᠠᠷ ᠵᠠᠷ ᠮᠡᠳᠡᠭᠡ ᠨᠠᠭᠠᠬᠤ ᠵᠡᠷᠭᠡ ᠠᠰᠠᠭᠤᠳᠠᠯ ᠤᠳ ᠮᠠᠰᠢ ᠲᠣᠪᠣᠶᠢᠮ᠎ᠠ | ᠣᠷᠣᠰᠢᠵᠤ ᠪᠠᠶᠢᠨ᠎ᠠ᠃ ᠬᠤᠶᠠᠷ ᠲᠤ᠂ ᠣᠷᠴᠢᠨ ᠲᠤᠭᠤᠷᠢᠨ ᠤ ᠪᠠᠶᠢᠳᠠᠯ ᠪᠠᠷᠤᠭᠲᠠᠢ᠂ ᠵᠠᠰᠠᠯᠳᠡ ᠶᠢᠨ ᠬᠦᠴᠢᠷᠳᠡᠯᠭᠡ | ᠶᠡᠭᠡ᠃ ᠣᠶᠢᠷ᠎ᠠ ᠶᠢᠨ ᠬᠡᠳᠦᠨ ᠵᠢᠯ ᠤᠨ ᠴᠡᠭᠴᠡᠯᠡᠨ ᠵᠠᠰᠠᠯᠲᠠ ᠪᠠᠷ ᠳᠡᠮᠵᠢᠨ᠂ ᠰᠠᠭᠤᠭᠠᠯᠢ ᠠᠷᠠᠳ ᠤᠨ ᠵᠢᠵᠢᠭ | ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠳᠤ ᠢᠯᠡᠳᠲᠡ ᠬᠤᠪᠢᠷᠠᠯᠲᠠ ᠭᠠᠷᠤᠭᠰᠠᠨ | ᠪᠣᠯᠪᠠᠴᠤ ᠪᠠᠰᠠ ᠠᠳᠠᠯᠢ ᠪᠤᠰᠤ ᠬᠡᠮᠵᠢᠶ᠎ᠡ ᠪᠠᠷ ᠳᠠᠬᠢᠨ ᠰᠤᠯᠠᠷᠠᠬᠤ ᠦᠵᠡᠭᠳᠡᠯ ᠣᠷᠣᠰᠢᠵᠤ᠂ ᠬᠡᠰᠡᠭ ᠵᠢᠵᠢᠭ | ᠲᠣᠭᠤᠷᠢᠭ ᠲᠤ ᠪᠠᠰᠠ ᠨᠢᠳᠤᠨ ᠡᠮᠦᠨᠡᠬᠢ ᠪᠠᠨ ᠴᠡᠪᠡᠷᠯᠡᠵᠦ᠂ ᠠᠷᠤ ᠬᠤᠶᠢᠨᠡᠬᠢ ᠨᠢ ᠡᠮᠬᠢ ᠲᠢᠭᠯᠢᠮ ᠦᠭᠡᠢ ᠪᠠᠶᠢᠬᠤ | ᠪᠠᠶᠢᠳᠠᠯ ᠣᠷᠣᠰᠢᠵᠤ ᠪᠠᠶᠢᠨ᠎ᠠ᠃ ᠢᠯᠠᠩᠭᠤᠶ᠎ᠠ ᠬᠤᠪᠢ ᠪᠠᠷ ᠢᠶᠠᠨ ᠴᠠᠬᠢᠯᠭᠠᠨ ᠤᠲᠠᠰᠤ ᠲᠠᠲᠠᠬᠤ ᠶᠢ ᠬᠠᠮᠢᠶᠠᠷᠤᠨ | ᠡᠵᠡᠮᠳᠡᠬᠦ ᠳᠤ ᠬᠦᠴᠢᠷ᠂ ᠠᠰᠠᠷ ᠤᠨ ᠬᠤᠩᠭᠢᠯ ᠳᠤ ᠣᠪᠤᠭᠠᠯᠠᠭᠰᠠᠨ ᠡᠯᠳᠡᠪ ᠪᠣᠳᠠᠰ ᠢ ᠴᠡᠪᠡᠷᠯᠡᠬᠦ ᠳᠤ ᠬᠦᠴᠢᠷ᠂ | ᠵᠢᠵᠢᠭ ᠵᠠᠷ ᠮᠡᠳᠡᠭᠡ ᠶᠢ ᠦᠨᠳᠦᠰᠦᠨ ᠠᠴᠠ ᠨᠢ ᠵᠠᠰᠠᠬᠤ ᠳᠤ ᠬᠦᠴᠢᠷ ᠵᠡᠷᠭᠡ ᠠᠰᠠᠭᠤᠳᠠᠯ ᠨᠢ ᠪᠤᠯᠪᠠᠰᠤᠨ ᠬᠤᠲᠠ ᠶᠢ | ᠴᠤᠭᠴᠠᠯᠠᠨ ᠪᠠᠶᠢᠭᠤᠯᠬᠤ ᠠᠵᠢᠯ ᠤᠨ ᠦᠷ᠎ᠡ ᠪᠦᠲᠦᠮᠵᠢ ᠶᠢ ᠨᠥᠯᠥᠭᠡᠯᠡᠭᠰᠡᠭᠡᠷ ᠢᠷᠡᠵᠡᠶ᠃ ᠭᠤᠷᠪᠠ ᠳᠤ᠂ ᠣᠷᠣᠰᠢᠨ | ᠰᠠᠭᠤᠵᠤ ᠪᠠᠶᠢᠭ᠎ᠠ ᠬᠥᠮᠥᠰ ᠤᠨ ᠪᠦᠲᠦᠴᠡ ᠪᠤᠳᠤᠯᠢᠶᠠᠨᠲᠠᠢ᠂ ᠪᠣᠯᠪᠠᠰᠤᠨ ᠪᠤᠰᠤ ᠡᠷᠦᠢ ᠬᠤᠷᠤᠢ ᠦᠭᠡᠢ ᠦᠵᠡᠭᠳᠡᠯ | ︽ᠵᠠᠩᠰᠢᠯ ᠤᠨ ᠴᠢᠨᠠᠷᠲᠠᠢ ᠲᠠᠬᠢᠭᠰᠠᠨ︾ ᠪᠠᠶᠢᠨ᠎ᠠ᠃ ᠣᠶᠢᠷ᠎ᠠ ᠶᠢᠨ ᠬᠡᠳᠦᠨ ᠵᠢᠯ ᠤᠨ ᠴᠣᠭᠴᠠᠯᠠᠨ ᠪᠠᠶᠢᠭᠤᠯᠤᠯᠳᠠ | ᠪᠠᠷ ᠲᠠᠮᠵᠢᠨ ᠬᠤᠳᠠ ᠶᠢᠨ ᠳᠦᠷᠰᠦ ᠪᠠᠶᠢᠳᠠᠯ ᠢᠯᠡᠳᠲᠡ ᠰᠠᠶᠢᠵᠢᠷᠠᠵᠤ᠂ ᠬᠤᠳᠠ ᠶᠢᠨ ᠠᠷᠠᠳ ᠤᠨ ᠬᠡᠪ ᠴᠢᠨᠠᠷ | ᠢᠯᠡᠳᠲᠡ ᠳᠡᠭᠡᠭᠰᠢᠯᠡᠵᠦ᠂ ᠦᠷ᠎ᠡ ᠪᠦᠲᠦᠮᠵᠢ ᠢᠯᠡᠷᠬᠡᠢ ᠪᠠᠶᠢᠨ᠎ᠠ᠃ ᠭᠡᠪᠡᠴᠦ ᠬᠠᠷᠢᠶ᠎ᠠ ᠣᠷᠣᠨ ᠤ ᠬᠥᠮᠥᠨ ᠠᠮᠠ ᠶᠢᠨ | ᠲᠤᠭ᠎ᠠ ᠨᠢ ᠤᠯᠠᠨ᠂ ᠪᠦᠲᠦᠴᠡ ᠨᠢ ᠨᠠᠷᠢᠨ ᠪᠤᠳᠤᠯᠢᠶᠠᠨᠲᠠᠢ ᠪᠥᠭᠡᠳ ᠬᠥᠳᠡᠯᠦᠩᠭᠦᠢ ᠪᠠᠶᠢᠳᠠᠯ ᠳᠤ ᠣᠷᠣᠰᠢᠵᠤ | ᠪᠠᠶᠢᠬᠤ ᠤᠴᠢᠷ ᠠᠴᠠ ᠪᠣᠯᠪᠠᠰᠤᠨ ᠤ ᠲᠠᠪᠰᠢᠯᠳᠠ ᠶᠢ ᠨᠢᠭᠡ ᠯᠡ ᠠᠯᠬᠤᠮ ᠢᠶᠠᠷ ᠶᠠᠪᠤᠭᠤᠯᠬᠤ ᠪᠣᠯᠣᠯᠴᠠᠭ᠎ᠠ ᠦᠭᠡᠢ᠂ | ᠴᠥᠭᠡᠨ ᠲᠣᠭᠠᠨ ᠤ ᠬᠥᠮᠥᠨ ᠬᠤᠶᠢᠰᠢ ᠲᠠᠲᠠᠬᠤ ᠨᠢ ᠵᠠᠶᠢᠯᠠᠰᠢ ᠦᠭᠡᠢ ᠶᠤᠮ᠂ ᠵᠢᠱᠢᠶᠡᠯᠡᠪᠡᠯ ᠲᠠᠮᠠᠬᠢᠨ ᠶᠤᠵᠤᠭᠤᠷ | ᠢᠶᠠᠨ ᠭᠠᠵᠠᠷ ᠰᠠᠢ ᠦᠭᠡᠢ ᠬᠠᠶᠠᠬᠤ᠂ ᠲᠡᠷᠭᠡ ᠤᠨᠤᠭ᠎ᠠ ᠪᠠᠨ ᠳᠤᠷ᠎ᠠ ᠪᠠᠷ ᠢᠶᠠᠨ ᠲᠠᠯᠪᠢᠬᠤ᠂ ᠨᠣᠬᠠᠢ ᠪᠠᠨ | ᠲᠣᠭᠤᠷᠢᠭᠤᠯᠤᠭᠠᠳ ᠳᠡᠭᠡᠰᠦ ᠪᠠᠷ ᠤᠶᠠᠬᠤ ᠦᠭᠡᠢ ᠵᠡᠷᠭᠡ ᠪᠣᠯᠪᠠᠰᠤᠨ ᠪᠤᠰᠤ ᠦᠵᠡᠭᠳᠡᠯ ᠪᠠᠶᠢᠨ ᠪᠠᠶᠢᠨ ᠭᠠᠷᠴᠤ | ᠪᠠᠶᠢᠭ᠎ᠠ ᠪᠣᠯᠬᠤᠷ ᠨᠠᠷᠢᠯᠢᠭ ᠬᠠᠮᠢᠶᠠᠷᠤᠯᠳᠠ᠂ ᠪᠠᠶᠢᠩᠭᠤ ᠵᠠᠰᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ | ᠴᠢᠬᠤᠯᠠᠲᠠᠢ ᠪᠤᠢ᠃ | ᠰᠤᠷᠪᠤᠯᠵᠢᠯᠠᠭᠴᠢ᠄ ᠬᠠᠷᠢᠶᠠᠲᠤ ᠣᠷᠣᠨ ᠤ ᠣᠳᠣᠬᠢ ᠪᠠᠶᠢᠳᠠᠯ ᠳᠤ ᠴᠢᠭᠯᠡᠭᠦᠯᠦᠨ᠂ ᠵᠡᠭᠡᠯᠢ ᠭᠤᠳᠤᠮᠵᠢ ᠶᠢᠨ | ᠬᠢᠨ ᠶᠠᠮᠠᠷᠬᠠᠨ ᠠᠷᠭ᠎ᠠ ᠬᠡᠮᠵᠢᠶ᠎ᠡ ᠨᠦᠭᠦᠳ ᠢ ᠠᠪᠬᠤ ᠪᠠᠷ ᠲᠥᠯᠥᠪᠯᠡᠵᠦ ᠪᠠᠶᠢᠭ᠎ᠠ ᠪᠤᠢ︖ ᠡᠭᠦᠨ ᠳᠤ ᠶᠠᠮᠠᠷ ᠶᠠᠮᠠᠷ | ᠬᠢᠯᠠᠰ ᠴᠡᠭ ᠲᠠᠢ ᠠᠵᠢᠯ ᠤᠨ ᠲᠥᠯᠦᠪᠵᠢᠭᠦᠯᠭᠡ ᠪᠠᠶᠢᠬᠤ ᠪᠣᠶ︖ | ᠴᠠᠩ ᠬᠤᠩ᠄ ᠬᠤᠲᠠ ᠲᠣᠭᠤᠷᠢᠭ ᠨᠢ ᠪᠣᠯᠪᠠᠰᠤᠨ ᠢ ᠴᠤᠭᠴᠠᠯᠠᠨ ᠪᠠᠶᠢᠭᠤᠯᠬᠤ ᠭᠤᠣᠯ ᠵᠢᠭᠰᠠᠭᠠᠯ ᠤᠨ | ᠭᠠᠵᠠᠷ ᠪᠣᠯᠤᠭᠰᠠᠨ ᠤ ᠬᠤᠪᠢ ᠳᠤ᠂ ᠴᠤᠭᠴᠠᠯᠠᠨ ᠪᠠᠶᠢᠭᠤᠯᠬᠤ ᠠᠵᠢᠯ ᠢ ᠰᠠᠶᠢᠲᠤᠷ ᠬᠢᠬᠦ ᠳᠤ ᠵᠠᠶᠢᠯᠠᠭᠤᠯᠵᠤ ᠪᠣᠯᠣᠰᠢ | ᠦᠭᠡᠢ ᠬᠠᠷᠢᠭᠤᠴᠠᠯᠭ᠎ᠠ ᠲᠠᠢ ᠶᠤᠮ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠵᠢᠯ ᠤᠨ ᠡᠬᠢᠨ ᠤ ᠶᠡᠭᠡ | ᠬᠤᠷᠠᠯ ᠠᠴᠠ ᠲᠤᠳᠤᠷᠬᠠᠢ ᠲᠤᠷᠠᠳᠤᠭᠰᠠᠨ ᠨᠢ ᠡᠷᠡᠰ ᠵᠣᠷᠢᠭ ᠭᠤᠶᠢᠪᠢᠰᠢ ᠦᠭᠡᠢ᠂ ᠠᠵᠢᠯ ᠤᠨ ᠡᠷᠴᠢᠮ ᠰᠤᠯᠠᠷᠠᠰᠢ | ᠦᠭᠡᠢ ᠪᠠᠷ ᠤᠯᠤᠰ ᠤᠨ ᠪᠣᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠠᠵᠢᠯ ᠢ ᠰᠠᠶᠢᠳᠦᠷ ᠬᠢᠵᠤ᠂ ᠪᠦᠬᠦ | ᠬᠦᠴᠦᠨ ᠢᠶᠠᠨ ᠲᠠᠶᠢᠴᠢᠯᠠᠵᠤ᠂ ᠪᠦᠬᠦ ᠠᠷᠠᠳ ᠤᠨ ᠤᠶᠤᠨ ᠤᠬᠠᠭᠠᠨ ᠢ ᠲᠥᠪᠯᠡᠷᠡᠭᠦᠯᠵᠦ ᠪᠠᠶᠢᠭᠠᠳ ᠴᠤᠭᠴᠠᠯᠠᠨ | ᠪᠠᠶᠢᠭᠤᠯᠬᠤ ᠡᠯ᠎ᠡ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠲᠣᠳᠣᠷᠬᠠᠢ ᠳᠤᠷᠠᠳᠪᠠ᠃ | ᠨᠢᠭᠡ ᠳᠤ᠂ ᠪᠠᠷᠢᠮᠵᠢᠶ᠎ᠠ ᠳᠤ ᠨᠡᠶᠢᠴᠡᠭᠦᠯᠵᠦ᠂ ᠲᠡᠷᠢᠭᠦᠨ ᠲᠠᠢ ᠬᠠᠷᠭᠤᠭᠤᠯᠤᠨ ᠴᠣᠭᠴᠠᠯᠠᠨ ᠪᠠᠶᠢᠭᠤᠯᠬᠤ | ᠠᠵᠢᠯ ᠢ ᠠᠳᠬᠤᠵᠤ᠂ ᠪᠣᠯᠪᠠᠰᠤᠨ ᠬᠤᠲᠠ ᠶᠢ ᠴᠤᠭᠴᠠᠯᠠᠨ ᠪᠠᠶᠢᠭᠤᠯᠬᠤ ᠠᠵᠢᠯ ᠤᠨ ᠬᠥᠲᠥᠯᠪᠦᠷᠢ ᠪᠣᠯᠬᠤ ︽ | ᠤᠯᠤᠰ ᠤᠨ ᠪᠣᠯᠪᠠᠰᠤᠨ ᠬᠤᠲᠠ ᠶᠢ ᠰᠢᠯᠭᠠᠨ ᠦᠨᠡᠯᠡᠬᠦ ᠰᠢᠰᠲ᠋ᠧᠮ︾ ᠲᠠᠢ ᠬᠠᠷᠭᠤᠭᠤᠯᠵᠤ ᠪᠠᠶᠢᠭᠠᠳ ᠤᠷᠬᠢᠭᠳᠠᠵᠤ | ᠠᠯᠳᠠᠭᠳᠠᠭᠰᠠᠨ ᠢ ᠨᠠᠷᠢᠨ ᠬᠢᠨᠠᠮᠠᠭᠠᠢ ᠪᠠᠶᠢᠴᠠᠭᠠᠵᠤ ᠳᠤᠲᠠᠭᠤ ᠶᠢ ᠨᠥᠬᠦᠪᠦᠷᠢᠯᠡᠨ᠎ᠡ᠃ ᠡᠨᠡ ᠵᠢᠯ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠦᠷᠭᠦᠯᠵᠢᠯᠡᠨ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠵᠤ ᠪᠠᠶᠢᠭᠠᠳ | ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠰᠠᠷ ᠤᠨ ᠬᠤᠩᠭᠢᠯ ᠤᠨ | ᠡᠯᠳᠡᠪ ᠪᠤᠳᠠᠰ᠂ ᠵᠢᠵᠢᠭ ᠵᠠᠷ ᠵᠡᠷᠭᠡ ᠶᠢ ᠪᠠᠶᠢᠩᠭᠤᠵᠢᠭᠤᠯᠤᠨ ᠴᠡᠪᠡᠷᠯᠡᠨ ᠴᠡᠭᠴᠡᠯᠡᠨ᠎ᠡ︔ ᠡᠯ᠎ᠡ ᠲᠠᠯ᠎ᠠ ᠶᠢᠨ | ᠬᠦᠴᠦᠨ ᠢ ᠨᠡᠶᠢᠳᠬᠡᠵᠦ ᠵᠢᠵᠢᠭ ᠲᠣᠭᠤᠷᠢᠭ ᠤᠨ ᠳᠣᠲᠣᠷᠠᠬᠢ ᠵᠠᠮ ᠤᠨ ᠭᠠᠳᠠᠷᠭᠤ ᠶᠢ ᠬᠠᠲᠠᠭᠤᠷᠠᠭᠤᠯᠬᠤ᠂ | ᠠᠰᠠᠷ ᠤᠨ ᠣᠷᠤᠴᠠ ᠶᠢᠨ ᠡᠭᠦᠳᠡ ᠶᠢ ᠰᠡᠯᠪᠢᠨ ᠵᠠᠰᠠᠬᠤ ᠵᠡᠷᠭᠡ ᠠᠵᠢᠯ ᠢ ᠥᠷᠨᠢᠭᠦᠯᠦᠨ᠎ᠡ︔ ᠵᠠᠷᠯᠠᠯ ᠤᠨ ᠰᠠᠮᠪᠠᠷ᠎ᠠ᠂ | ᠤᠬᠠᠭᠤᠯᠭ᠎ᠠ ᠶᠢᠨ ᠰᠠᠮᠪᠠᠷ᠎ᠠ᠂ ᠠᠰᠠᠷ ᠤᠨ ᠲᠤᠳᠤᠷᠠᠬᠢ ᠰᠠᠨᠠᠭᠤᠯᠤᠮᠵᠢ ᠶᠢᠨ ᠫᠠᠶᠢᠰᠠ ᠵᠡᠷᠭᠡ ᠶᠢᠨ ᠳᠤᠲᠠᠭᠤᠳᠠᠯ ᠢ | ᠨᠥᠬᠦᠪᠦᠷᠢᠯᠡᠨ᠎ᠡ︔ ᠲᠡᠷᠭᠡ ᠵᠣᠭᠰᠤᠭᠠᠬᠤ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠬᠥᠳᠡᠯᠬᠦ ᠦᠭᠡᠢ ᠲᠡᠷᠭᠡ ᠬᠥᠰᠬᠡ ᠶᠢ ᠴᠡᠪᠡᠷᠯᠡᠨ᠂ ᠲᠡᠷᠭᠡ ᠵᠣᠭᠰᠤᠭᠠᠬᠤ ᠪᠠᠶᠢᠷᠢ ᠶᠢ ᠵᠠᠭᠠᠭᠯᠠᠨ | ᠲᠣᠭᠲᠠᠭᠠᠵᠤ᠂ ᠲᠡᠷᠭᠡ ᠵᠣᠭᠰᠤᠭᠠᠬᠤ ᠡᠮᠬᠢ ᠳᠢᠭᠯᠢᠮ ᠢ ᠵᠢᠷᠤᠮᠵᠢᠭᠤᠯᠤᠨ᠎ᠠ︔ ︽ᠨᠢᠰᠦᠭᠡ ᠤᠲᠠᠰᠤ ᠪᠠᠷ ᠴᠠᠬᠢᠯᠭᠠᠨ | ᠴᠡᠨᠡᠭᠯᠡᠬᠦ︾ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠴᠠᠬᠢᠯᠭᠠᠨ ᠴᠡᠨᠡᠭᠯᠡᠬᠦ ᠪᠠᠭᠠᠨ᠎ᠠ ᠶᠢ ᠰᠢᠨ᠎ᠡ ᠪᠠᠷ | ᠪᠠᠶᠢᠭᠤᠯᠬᠤ ᠪᠠ ᠬᠠᠭᠤᠴᠢᠨ ᠴᠠᠬᠢᠯᠭᠠᠨ ᠴᠡᠨᠡᠭᠯᠡᠬᠦ ᠪᠠᠭᠠᠨ᠎ᠠ ᠶᠢ ᠰᠡᠯᠪᠢᠨ ᠵᠠᠰᠠᠬᠤ ᠠᠵᠢᠯ ᠢ ᠲᠦᠷᠭᠡᠪᠴᠢᠯᠡᠨ | ᠠᠬᠢᠭᠤᠯᠬᠤ ᠶᠢᠨ ᠬᠠᠮᠳᠦ ᠤᠬᠠᠭᠤᠯᠭ᠎ᠠ ᠶᠢᠨ ᠬᠦᠴᠦᠯᠡᠴᠡ ᠪᠠᠨ ᠨᠡᠮᠡᠭᠳᠡᠭᠦᠯᠦᠨ ᠬᠠᠤᠯᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ︽ᠨᠢᠰᠦᠭᠡ ᠤᠲᠠᠰᠤ ᠪᠠᠷ ᠴᠠᠬᠢᠯᠭᠠᠨ ᠴᠡᠨᠡᠭᠯᠡᠬᠦ︾ ᠠᠵᠢᠯᠯᠠᠭ᠎ᠠ ᠶᠢ ᠬᠠᠤᠯᠢ ᠲᠣᠭᠲᠠᠭᠠᠯ | ᠶᠣᠰᠣᠭᠠᠷ ᠴᠡᠭᠴᠡᠯᠡᠨ ᠵᠠᠰᠠᠨ᠎ᠠ᠃ ᠬᠤᠶᠠᠷ ᠲᠤ ᠤᠬᠠᠭᠤᠯᠭ᠎ᠠ ᠪᠠᠨ ᠴᠢᠩᠭᠠᠳᠬᠠᠨ ᠪᠣᠯᠪᠠᠰᠤᠨ ᠬᠤᠳᠠ ᠶᠢ | ᠴᠤᠭᠴᠠᠯᠠᠨ ᠪᠠᠶᠢᠭᠤᠯᠬᠤ ᠠᠵᠢᠯ ᠢ ᠠᠳᠬᠤᠨ᠎ᠠ᠃ ᠤᠯᠠᠨ ᠲᠠᠯ᠎ᠠ ᠶᠢᠨ ᠤᠬᠠᠭᠤᠯᠭ᠎ᠠ ᠶᠢ ᠥᠷᠨᠢᠭᠦᠯᠵᠦ᠂ ᠪᠤᠯᠪᠠᠰᠤᠨ | ᠬᠤᠳᠠ ᠶᠢ ᠴᠤᠭᠴᠠᠯᠠᠬᠤ ᠣᠶᠢᠯᠠᠭᠠᠭᠳᠠᠬᠤᠨ ᠢ ᠰᠠᠭᠤᠭᠠᠯᠢ ᠠᠷᠠᠳ ᠤᠨ ᠰᠡᠳᠬᠢᠯ ᠳᠤ ᠦᠨᠳᠦᠰᠦᠯᠡᠭᠦᠯᠵᠦ᠂ | ᠰᠠᠭᠤᠭᠠᠯᠢ ᠠᠷᠠᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠎ᠠ᠃ ᠰᠦᠯᠵᠢᠶᠡᠨ ᠳᠡᠭᠡᠷ᠎ᠡ ︽ᠠᠯᠠᠭᠠᠨ | ᠲᠡᠭᠡᠷᠡᠬᠢ ᠣᠤ ᠮᠦᠷᠡᠨ︾ ᠤᠯᠠᠨ ᠨᠡᠶᠢᠲᠡ ᠶᠢᠨ ᠳ᠋ᠤᠭᠠᠷ᠂ ︽ᠪᠣᠯᠪᠠᠰᠤᠨ ᠤᠤ ᠮᠦᠷᠡᠨ︾ ᠲᠢᠺ ᠲᠣᠺ ᠤᠨ | ᠠᠯᠪᠠᠨ ᠤ ᠲᠠᠩᠰᠠᠨ ᠳ᠋ᠤᠭᠠᠷ ᠲᠤ ᠪᠤᠯᠪᠠᠰᠤᠨ ᠬᠤᠲᠠ ᠶᠢ ᠪᠠᠶᠢᠭᠤᠯᠬᠤ ᠲᠤᠰᠬᠠᠢ ᠪᠤᠯᠤᠩ ᠭᠠᠷᠭᠠᠵᠤ᠂ ᠪᠤᠯᠪᠠᠰᠤᠨ | ᠬᠤᠳᠠ ᠶᠢ ᠴᠤᠭᠴᠠᠯᠠᠨ ᠪᠠᠶᠢᠭᠤᠯᠬᠤ ᠤᠯᠠᠨ ᠰᠠᠶᠢᠬᠠᠨ ᠥᠯᠢᠭᠡᠷ ᠵᠢᠱᠢᠶ᠎ᠡ ᠶᠢ ᠶᠠᠷᠢᠬᠤ ᠪᠤᠯᠤᠨ᠎ᠠ᠃ ᠰᠦᠯᠵᠢᠶᠡᠨ | ᠭᠠᠳᠠᠨ᠎ᠠ ᠤᠬᠠᠭᠤᠯᠭ᠎ᠠ ᠶᠢᠨ ᠵᠢᠷᠤᠬᠲᠦ ᠰᠠᠮᠪᠠᠷ᠎ᠠ᠂ ᠡᠯᠭᠦᠭᠡ ᠪᠢᠴᠢᠭᠡᠰᠦ᠂ ᠤᠬᠠᠭᠤᠯᠭ᠎ᠠ ᠶᠢᠨ ᠮᠠᠲ᠋ᠧᠷᠢᠶᠠᠯ ᠵᠡᠷᠬᠡ ᠪᠠᠷ | ᠳᠠᠮᠵᠢᠭᠤᠯᠤᠨ ᠤᠯᠤᠰ ᠤᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠶᠢᠨ ᠴᠢᠬᠤᠯᠠ ᠶᠡᠭᠡ ᠠᠴᠢ | ᠬᠤᠯᠪᠣᠭᠳᠠᠯ ᠢ ᠥᠷᠭᠡᠨ ᠢᠶᠠᠷ ᠤᠬᠠᠭᠤᠯᠤᠨ᠎ᠠ᠃ ᠪᠠᠶᠠᠷ ᠤᠨ ᠡᠳᠦᠷ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ | ᠰᠢᠷᠢᠰ ᠠᠵᠢᠯᠯᠠᠭ᠎ᠠ ᠪᠠᠨ ᠭᠦᠨᠵᠡᠭᠡᠢ ᠥᠷᠨᠢᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠤᠯᠠᠨ ᠲᠦᠮᠡᠨ ᠲᠠᠢ | ᠬᠠᠮᠲᠤ ᠪᠠᠷ ᠡᠳ᠋ᠯᠡᠵᠦ᠂ ᠪᠣᠯᠪᠠᠰᠤᠨ ᠬᠤᠳᠠ ᠪᠣᠯᠣᠨ ᠪᠣᠯᠪᠠᠰᠤᠨ ᠰᠠᠭᠤᠭᠠᠯᠢ ᠠᠷᠠᠳ ᠤᠨ ᠬᠠᠮᠲᠤ ᠶᠢᠨ | ᠬᠥᠭᠵᠢᠯᠲᠡ ᠶᠢ ᠪᠡᠶᠡᠯᠡᠭᠦᠯᠦᠨ᠎ᠡ᠃ ᠭᠤᠷᠪᠠ ᠳᠤ᠂ ᠠᠷᠠᠳ ᠲᠤ ᠠᠰᠢᠭ ᠬᠦᠷᠳᠡᠭᠡᠬᠦ ᠲᠠᠯ᠎ᠠ ᠪᠠᠷ ᠴᠤᠭᠴᠠᠯᠠᠨ | ᠪᠠᠶᠢᠭᠤᠯᠬᠤ ᠠᠵᠢᠯ ᠢ ᠠᠳᠬᠤᠵᠤ᠂ ᠠᠷᠠᠳ ᠤᠨ ᠲᠥᠯᠥᠭᠡ ᠪᠠᠶᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ | ᠣᠷᠴᠢᠨ ᠲᠣᠭᠤᠷᠢᠨ ᠢ ᠰᠠᠶᠢᠵᠢᠷᠠᠭᠤᠯᠬᠤ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ | ᠵᠣᠷᠢᠯᠭ᠎ᠠ ᠪᠠᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠨᠢ ᠣᠨ ᠵᠢᠯ ᠤᠳᠠᠭᠰᠠᠨ ᠬᠠᠭᠤᠴᠢᠨ ᠰᠠᠭᠤᠭᠠᠯᠢ | ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠵᠢᠴᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠦᠷᠦᠯ ᠵᠦᠢᠯ ᠢ ᠦᠷᠭᠦᠯᠵᠢᠯᠡᠨ ᠠᠬᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠰᠠᠭᠤᠷᠢ ᠲᠥᠬᠦᠭᠡᠷᠦᠮᠵᠢ ᠨᠢ | ᠰᠦᠷᠡᠬᠡᠢ ᠬᠠᠭᠤᠴᠢᠷᠠᠭᠰᠠᠨ᠂ ᠣᠷᠴᠢᠨ ᠲᠣᠭᠤᠷᠢᠨ ᠨᠢ ᠪᠤᠵᠠᠷ ᠪᠥᠭᠡᠳ ᠲᠢᠭᠯᠢᠮ ᠦᠭᠡᠢ ᠨᠦᠬᠦᠴᠠᠯ ᠪᠠᠷᠤᠭᠳᠠᠢ | ᠬᠠᠭᠤᠴᠢᠨ ᠲᠣᠭᠤᠷᠢᠭ ᠢ ᠭᠤᠣᠯᠳᠠᠯᠭ᠎ᠠ ᠲᠠᠢ ᠪᠠᠷ ᠥᠭᠡᠷᠡᠴᠢᠯᠡᠨ ᠵᠠᠰᠠᠵᠤ᠂ ᠵᠠᠮ ᠨᠢ ᠲᠡᠭᠰᠢᠬᠡᠨ᠂ ᠤᠰᠤ ᠨᠢ | ᠰᠢᠯᠤᠭᠤᠨ᠂ ᠳ᠋ᠧᠩ ᠨᠢ ᠭᠡᠷᠡᠯ ᠲᠠᠢ ᠴᠣ ᠰᠢᠨ᠎ᠡ ᠬᠤᠳᠠ ᠲᠣᠭᠤᠷᠢᠭ ᠢ ᠪᠠᠶᠢᠭᠤᠯᠬᠤ ᠪᠠᠷ ᠴᠢᠷᠮᠠᠶᠢᠨ᠎ᠠ᠃ ᠨᠠᠮ ᠤᠨ | ᠭᠡᠰᠢᠭᠦᠨ ᠢ ᠰᠠᠭᠤᠭᠠᠯᠢ ᠠᠷᠠᠳ ᠤᠨ ᠺᠣᠮᠢᠰ ᠲᠤ ᠰᠣᠩᠭᠤᠨ ᠲᠠᠨᠢᠯᠴᠠᠭᠤᠯᠵᠤ᠂ ᠨᠠᠮ ᠤᠨ ᠭᠡᠰᠢᠭᠦᠨ ᠢ ᠬᠥᠲᠥᠯᠥᠨ | ᠵᠢᠯᠤᠭᠤᠳᠴᠤ ᠰᠠᠭᠤᠭᠠᠯᠢ ᠲᠣᠭᠤᠷᠢᠭ ᠤᠨ ᠵᠠᠰᠠᠯᠲᠠ ᠳᠤ ᠣᠷᠣᠯᠴᠠᠭᠤᠯᠵᠤ᠂ ︽ᠰᠠᠭᠤᠭᠠᠯᠢ ᠲᠣᠭᠤᠷᠢᠭ ᠤᠨ ᠬᠡᠷᠡᠭ | ᠵᠥᠪᠯᠡᠬᠦ ᠳᠦᠷᠢᠮ︾ ᠢ ᠲᠣᠭᠲᠠᠭᠠᠵᠤ᠂ ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ ᠵᠠᠰᠠᠯᠲᠠ ᠳᠤ ᠣᠷᠣᠯᠴᠠᠬᠤ | ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠰᠠᠭᠤᠭᠠᠯᠢ ᠠᠷᠠᠳ ᠤᠨ ᠡᠵᠡᠨ ᠬᠥᠮᠥᠨ ᠤ ᠤᠬᠠᠮᠰᠠᠷ ᠢ | ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠠᠴᠠ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ | ᠦᠢᠯᠡᠴᠢᠯᠡᠭᠡ ᠶᠢ ᠲᠦᠭᠡᠮᠡᠯᠵᠢᠭᠦᠯᠬᠦ ᠶᠢᠨ ᠬᠠᠮᠳᠦ ᠨᠠᠷᠢᠯᠢᠭᠵᠢᠭᠰᠠᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠂ ᠵᠢᠱᠢᠶᠡᠯᠡᠪᠡᠯ᠂ ᠵᠠᠬᠢᠶᠠᠯᠠᠭ᠎ᠠ ᠬᠦᠷᠭᠡᠭᠴᠢ ᠳᠤ ᠲᠦᠭᠦᠮ ᠦᠵᠡᠭᠦᠯᠬᠦ ᠭᠠᠵᠡᠷ ᠭᠠᠷᠭᠠᠬᠤ ᠂ | ᠬᠠᠷᠢᠶᠠᠲᠤ ᠣᠷᠣᠨ ᠤ ᠨᠠᠰᠤᠲᠠᠶᠢᠴᠤᠳ ᠢ ᠡᠳᠦᠷ ᠲᠤᠲᠤᠮ ᠤᠨ ᠠᠰᠠᠷᠠᠨ ᠬᠠᠷᠠᠭᠠᠯᠵᠠᠬᠤ ᠲᠥᠪ ᠪᠠᠶᠢᠭᠤᠯᠬᠤ᠂ | ︽ᠬᠤᠳᠠᠯᠳᠤᠭᠠᠴᠢᠨ ᠠᠵᠤ ᠠᠬᠤᠶᠢᠯᠠᠯ ᠤᠨ ᠬᠠᠶᠢᠷ᠎ᠠ ᠬᠠᠯᠠᠮᠵᠢ ᠶᠢᠨ ᠬᠤᠯᠪᠣᠭ᠎ᠠ︾ ᠶᠢ ᠵᠣᠬᠢᠶᠠᠨ ᠪᠠᠶᠢᠭᠤᠯᠵᠤ᠂ | ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠵᠡᠷᠭᠡ᠃ ᠦᠨᠳᠦᠰᠦᠨ ᠱᠠᠲᠤᠨ ᠤ | ᠦᠢᠯᠡᠴᠢᠯᠡᠭᠡᠨ ᠤ ᠰᠠᠨᠠᠭᠠᠴᠢᠯᠠᠭᠠᠲᠤ ᠴᠢᠨᠠᠷ ᠢ ᠲᠠᠰᠤᠷᠠᠯᠲᠠ ᠦᠭᠡᠢ ᠴᠢᠩᠭᠠᠳᠬᠠᠬᠤ ᠪᠠᠷ ᠳᠠᠮᠵᠢᠭᠤᠯᠤᠨ᠂ ᠰᠠᠭᠤᠭᠠᠯᠢ | ᠠᠷᠠᠳ ᠤᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ᠃ ᠳᠥᠷᠪᠡ ᠳᠤ᠂ ᠳᠦᠷᠢᠮ ᠲᠣᠭᠲᠠᠭᠠᠯ ᠲᠣᠭᠲᠠᠭᠠᠨ | ᠴᠤᠭᠴᠠᠯᠠᠨ ᠪᠠᠶᠢᠭᠤᠯᠬᠤ ᠶᠢ ᠠᠳᠬᠤᠵᠤ᠂ ︽ᠤᠤ ᠮᠦᠷᠡᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ | ᠤᠯᠤᠰ ᠤᠨ ᠪᠣᠯᠪᠠᠰᠤᠨ ᠬᠤᠳᠠ ᠶᠢ ᠴᠤᠭᠴᠠᠯᠠᠨ ᠪᠠᠶᠢᠭᠤᠯᠬᠤ ᠶᠢ ᠬᠢᠨᠠᠨ ᠰᠢᠯᠭᠠᠬᠤ ᠨᠠᠷᠢᠨ ᠳᠦᠷᠢᠮ︾ ᠢ | ᠲᠣᠭᠲᠠᠭᠠᠵᠤ᠂ ᠲᠤᠰᠬᠠᠢ ᠰᠡᠳᠦᠪᠲᠦ ᠲᠣᠬᠢᠷᠠᠭᠤᠯᠭ᠎ᠠ ᠶᠢᠨ ᠬᠤᠷᠠᠯ᠂ ᠬᠠᠷᠢᠭᠤ ᠮᠡᠳᠡᠭᠦᠯᠵᠦ ᠦᠨᠡᠯᠡᠬᠦ᠂ | ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ᠂ ᠱᠠᠩᠨᠠᠵᠤ ᠲᠣᠷᠭᠠᠬᠤ ᠬᠠᠷᠢᠭᠤᠴᠠᠯᠭ᠎ᠠ ᠨᠡᠬᠡᠮᠵᠢᠯᠡᠬᠦ᠂ ᠨᠡᠶᠢᠭᠡᠮ | ᠲᠣᠭᠤᠷᠢᠭ ᠤᠨ ᠥᠪᠡᠷᠲᠡᠭᠡᠨ ᠪᠠᠶᠢᠴᠠᠭᠠᠬᠤ ᠵᠡᠷᠭᠡ ᠲᠠᠪᠤᠨ ᠵᠦᠢᠯ ᠤᠨ ᠲᠣᠭᠲᠠᠴᠠ ᠶᠢ ᠪᠠᠶᠢᠭᠤᠯᠵᠤ᠂ | ᠬᠡᠷᠡᠭᠵᠢᠭᠦᠯᠦᠯᠳᠦ ᠴᠢᠨᠠᠷ ᠢ ᠲᠤᠪᠤᠶᠢᠯᠭᠠᠬᠤ ᠮᠥᠷᠲᠡᠭᠡᠨ ᠦᠷ᠎ᠡ ᠳ᠋ᠦᠩ ᠤᠨ ᠬᠡᠷᠡᠭᠯᠡᠯᠲᠡ ᠶᠢ ᠲᠤᠪᠤᠶᠢᠯᠭᠠᠵᠦ᠂ | ᠤᠳᠠᠭ᠎ᠠ ᠪᠦᠷᠢ ᠶᠢᠨ ᠥᠪᠡᠷ ᠤᠨ ᠪᠠᠶᠢᠴᠠᠭᠠᠯᠲᠠ ᠶᠢ ᠴᠥᠮ ᠰᠢᠯᠭᠠᠨ ᠠᠪᠬᠤ ᠶᠢ ᠤᠭᠲᠤᠬᠤ ᠰᠣᠷᠢᠯᠲᠠ ᠪᠣᠯᠭᠠᠨ | ᠬᠢᠬᠦ ᠶᠢ ᠪᠠᠳᠤᠯᠠᠨ᠎ᠠ᠃ ᠪᠠᠭ ᠤᠨ ᠪᠦᠷᠢᠯᠳᠦᠭᠦᠨ ᠨᠢ ᠨᠡᠶᠢᠭᠡᠮ ᠲᠣᠭᠤᠷᠢᠭ ᠢ ᠳᠠᠭᠠᠭᠠᠴᠢᠯᠠᠬᠤ᠂ ᠵᠡᠭᠡᠯᠢ | ᠭᠤᠳᠤᠮᠵᠢ ᠶᠢᠨ ᠺᠠᠳ᠋ᠷ ᠨᠢ ᠵᠢᠵᠢᠭ ᠲᠣᠭᠤᠷᠢᠭ ᠢ ᠳᠠᠭᠠᠭᠠᠴᠢᠯᠠᠬᠤ᠂ ᠨᠡᠶᠢᠭᠡᠮ ᠲᠣᠭᠤᠷᠢᠭ ᠤᠨ ᠺᠠᠳ᠋ᠷ ᠨᠢ ᠬᠡᠰᠡᠭ ᠢᠶᠠᠷ | ᠳᠠᠭᠠᠭᠠᠴᠢᠯᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠶᠠᠪᠤᠳᠠᠯ ᠪᠦᠬᠦᠨ ᠢ ᠬᠠᠮᠢᠶᠠᠷᠬᠤ ᠬᠥᠮᠥᠨ ᠲᠠᠢ᠂ ᠬᠥᠮᠥᠨ | ᠪᠦᠬᠦᠨ ᠬᠠᠮᠢᠶᠠᠷᠬᠤ ᠠᠵᠢᠯ ᠲᠠᠢ᠂ ᠬᠤᠯᠪᠤᠭᠠᠯᠠᠨ ᠬᠠᠮᠵᠢᠯᠴᠠᠵᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ | ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ᠡᠭᠦᠨ ᠠᠴᠠ ᠬᠤᠶᠢᠰᠢᠳᠠ᠂ ᠤᠤ ᠮᠦᠷᠡᠨ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠡᠷ ᠪᠦᠭᠦᠳᠡᠭᠡᠷ ᠰᠡᠳᠬᠢᠯ ᠨᠢᠭᠡᠳᠴᠦ᠂ ᠨᠠᠷᠢᠨ ᠨᠢᠮᠪᠠᠢ ᠠᠵᠢᠯ ᠤᠨ ᠣᠪᠣᠷ ᠪᠠ ᠦᠢᠯᠡ | ᠠᠵᠢᠯᠯᠠᠭ᠎ᠠ ᠪᠠᠷ ᠢᠶᠠᠨ ᠬᠠᠷᠢᠶ᠎ᠠ ᠣᠷᠣᠨ ᠤ ᠪᠠᠨ ᠪᠣᠯᠪᠠᠰᠤᠨ ᠤ ᠴᠢᠨᠠᠷ ᠴᠢᠨᠰᠠᠭ᠎ᠠ ᠶᠢ ᠨᠡᠩ ᠳᠡᠭᠡᠭᠰᠢᠯᠡᠭᠦᠯᠵᠦ᠂ ᠤᠯᠠᠨ | ᠲᠦᠮᠡᠨ ᠤ ᠬᠦᠷᠲᠡᠭᠡᠮᠵᠢᠳᠦ ᠰᠡᠳᠬᠢᠯᠭᠡ ᠶᠢ ᠨᠡᠩ ᠨᠡᠮᠡᠭᠳᠡᠭᠦᠯᠬᠦ ᠪᠣᠯᠣᠨ᠎ᠠ᠃ | ᠰᠤᠷᠪᠤᠯᠵᠢᠯᠠᠭᠴᠢ᠄ ᠲᠠᠨ ᠳᠤ ᠪᠠᠶᠠᠷᠯᠠᠯ᠎ᠠ᠃ | |