ᠲᠤᠭᠤᠷᠢᠨ ᠪᠠᠶᠢᠴᠠᠭᠠᠯᠲᠠ ᠶᠢᠨ ᠠᠯᠪᠠᠨ ᠵᠡᠷᠯᠡᠯ
ᠨᠡᠶᠢᠲᠡᠯᠡᠭᠰᠡᠨ ᠴᠠᠭ᠄
2023/4/26
     ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ      ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠵᠤ ᠬᠤᠯᠪᠤᠭᠠᠯᠠᠨ ᠬᠢᠨᠠᠯᠲᠠ ᠲᠠᠯᠪᠢᠬᠤ ᠡᠭᠦᠷᠭᠡ ᠪᠠ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠠᠷᠪᠠᠨ ᠲᠠᠪᠤᠳᠤᠭᠠᠷ ᠬᠤᠭᠤᠴᠠᠭᠠᠨ ᠤ  ᠬᠤᠰᠢᠭᠤᠨ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠨᠢ ᠨᠡᠶᠢᠲᠡ 4 ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠠᠷᠤ ᠬᠤᠷᠴᠢᠨ ᠬᠤᠰᠢᠭᠤᠨ ᠳᠠᠬᠢ ᠬᠤᠪᠢᠶᠠᠷᠢ ᠲᠣᠪᠴᠢᠶ᠎ᠠ᠂ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠥᠢᠯᠡᠳᠪᠤᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠭᠦ ᠤᠬᠠᠭᠠᠨ ᠲᠧᠭᠨᠢᠭ ᠮᠡᠷᠬᠡᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ 6 ᠨᠢᠭᠡᠴᠢ ᠳᠤ ︽ᠲᠤᠰᠬᠠᠶ ᠲᠥᠷᠥᠯ + ᠪᠠᠶᠢᠩᠭᠤ︾  ᠶᠢᠨ ᠲᠣᠭᠤᠷᠢᠨ ᠪᠠᠶᠢᠴᠠᠭᠠᠯᠳᠠ ᠥᠷᠨᠢᠭᠦᠯᠵᠦ᠂ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠲᠣᠰ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠳᠤ ᠪᠠᠶᠢᠴᠠᠭᠠᠵᠤ ᠥᠩᠭᠡᠷᠡᠭᠰᠡᠨ 2 ᠨᠢᠭᠡᠴᠢ ᠳᠤ ᠲᠤᠰᠬᠠᠶ  ᠲᠣᠭᠤᠷᠢᠨ  ᠪᠠᠶᠢᠴᠠᠭᠠᠯᠲᠠ  ᠥᠷᠨᠢᠭᠦᠯᠦᠨ᠎ᠡ᠃      ᠲᠤᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠰᠬᠠᠶ ᠲᠣᠭᠤᠷᠢᠨ ᠪᠠᠶᠢᠴᠠᠭᠠᠯᠲᠠ ᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠢᠴᠢ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠬᠢᠨᠠᠯᠲᠠ ᠲᠠᠯᠪᠢᠵᠦ᠂ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠨᠢ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠳᠠ᠂ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠵᠢᠴᠢ ᠣᠯᠠᠨ ᠲᠦᠮᠡᠨ ᠤ ᠲᠤᠰᠬᠠᠯ ᠴᠢᠩᠭ᠎ᠠ ᠠᠰᠠᠭᠤᠳᠠᠯ  ᠪᠠ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠭᠤᠷᠢᠨ ᠳᠤ ᠠᠩᠬᠠᠷᠤᠯ ᠢᠶᠠᠨ ᠲᠥᠪᠯᠡᠷᠡᠭᠦᠯᠵᠦ ᠬᠢᠨᠠᠯᠲᠠ ᠲᠠᠯᠪᠢᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠭᠤᠣᠯᠳᠠᠭᠤ ᠳᠡᠭᠡᠷ᠎ᠡ ᠳᠤᠷᠠᠳᠤᠭᠰᠠᠨ ᠲᠣᠭᠤᠷᠢᠨ ᠪᠠᠶᠢᠴᠠᠭᠠᠯᠲᠠ ᠳᠤ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠵᠢᠴᠢ ᠲᠡᠭᠦᠨ ᠤ ᠪᠦᠷᠢᠯᠳᠦᠬᠦᠨ ᠪᠠ ᠴᠢᠬᠤᠯᠠ ᠠᠵᠢᠯ ᠤᠨ ᠪᠠᠶᠢᠷᠢ ᠳᠠᠬᠢ ᠨᠠᠮ ᠤᠨ ᠭᠡᠰᠢᠭᠦᠨ ᠺᠠᠳ᠋ᠷ ᠤᠨ ᠠᠰᠠᠭᠤᠳᠠᠯ ᠤᠨ ᠲᠤᠬᠠᠢ ᠢᠷᠡᠭᠦᠯᠦᠭᠰᠡᠨ ᠵᠠᠬᠢᠳᠠᠯ᠂ ᠤᠲᠠᠰᠤ᠂ ᠰᠤᠷᠪᠤᠯᠵᠢᠯᠠᠯ ᠢ ᠬᠦᠯᠢᠶᠠᠨ ᠠᠪᠴᠤ ᠰᠢᠢᠳᠪᠦᠷᠢᠯᠡᠨ᠎ᠡ᠂ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠠᠴᠠ ᠵᠥᠷᠢᠴᠡᠭᠰᠡᠨ ᠢ ᠢᠯᠡᠴᠢᠯᠡᠨ ᠮᠡᠳᠡᠭᠦᠯᠦᠭᠰᠡᠨ ᠪᠠ ᠲᠤᠰᠬᠠᠭᠰᠠᠨ ᠠᠰᠠᠭᠤᠳᠠᠯ ᠢ ᠭᠤᠣᠯᠴᠢᠯᠠᠨ ᠰᠢᠢᠳᠪᠦᠷᠢᠯᠡᠨ᠎ᠡ᠃ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠦᠯᠦ ᠪᠠᠭᠲᠠᠬᠤ ᠵᠠᠬᠢᠳᠠᠯ ᠰᠣᠷᠪᠣᠯᠵᠢᠯᠠᠯ ᠤᠨ ᠠᠰᠠᠭᠤᠳᠠᠯ ᠢ ᠲᠣᠭᠲᠠᠭᠠᠯ ᠶᠣᠰᠣᠭᠠᠷ ᠲᠣᠭᠤᠷᠢᠨ ᠪᠠᠶᠢᠴᠠᠭᠠᠯᠲᠠ ᠳᠤ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠢᠶᠠᠨ ᠥᠭᠴᠦ ᠰᠢᠢᠳᠪᠦᠷᠢᠯᠡᠭᠦᠯᠬᠦ ᠪᠣᠯᠤᠨ᠎ᠠ᠃      ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠣᠷᠪᠣᠯᠵᠢᠯᠠᠯ ᠲᠣᠰᠬᠤ ᠬᠤᠭᠤᠴᠠᠭ᠎ᠠ᠄ 2023 ᠣᠨ ᠤ 4 ᠰᠠᠷ᠎ᠠ ᠶᠢᠨ 20 ᠤ ᠡᠳᠦᠷ — 2023 ᠣᠨ ᠤ 6 ᠰᠠᠷ᠎ᠠ ᠶᠢᠨ 21 ᠤ ᠡᠳᠦᠷ                   ︵8᠄ 30 —11᠄ 30︔ 14᠄ 30 —17᠄ 30︶      ᠥᠷᠭᠡᠨ ᠣᠯᠠᠨ ᠺᠠᠳ᠋ᠷ ᠣᠯᠠᠨ ᠲᠦᠮᠡᠨ ᠤ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠤᠷᠪᠤᠯᠵᠢᠯᠠᠬᠤ᠂ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠬᠦ ︵ᠸᠢᠴᠠᠲ ᠢᠶᠠᠷ ᠬᠤᠶᠠᠷ ᠬᠡᠮᠵᠢᠯᠳᠦ ᠺᠣᠳ᠋ ᠢ ᠰᠢᠷᠪᠢᠵᠦ᠂ ᠰᠠᠨᠠᠭᠤᠯᠤᠮᠵᠢ ᠶᠢ ᠦᠨᠳᠦᠰᠦᠯᠡᠨ ᠭᠠᠷ ᠤᠲᠠᠰᠤᠨ ᠳᠡᠭᠡᠷ᠎ᠡ ᠪᠠᠨ ᠬᠠᠮᠢᠶ᠎ᠠ ᠪᠦᠬᠦᠢ ᠠᠭᠤᠯᠭ᠎ᠠ ᠶᠢ ᠲᠠᠭᠯᠠᠨ ᠭᠥᠢᠴᠡᠳᠬᠡᠭᠦ︶ ᠵᠡᠷᠭᠡ ᠠᠷᠭ᠎ᠠ ᠬᠡᠯᠪᠡᠷᠢ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠪᠠᠶᠢᠳᠠᠯ ᠢ ᠦᠨᠡᠨ ᠪᠣᠳᠠᠲᠠᠶ ᠪᠠᠷ ᠲᠤᠰᠬᠠᠬᠤ ᠶᠢ ᠬᠦᠰᠡᠨ ᠬᠦᠯᠢᠶᠡᠨ᠎ᠡ᠃      ᠨᠢᠭᠡ᠂ ᠲᠤᠭᠤᠷᠢᠨ ᠪᠠᠶᠢᠴᠠᠭᠠᠯᠲᠠ ᠶᠢᠨ ᠬᠤᠭᠤᠴᠠᠭ᠎ᠠ᠄ 2023 ᠣᠨ ᠤ 4 ᠰᠠᠷ᠎ᠠ ᠶᠢᠨ 20 ᠤ ᠡᠳᠦᠷ — 2023 ᠣᠨ ᠤ 6 ᠰᠠᠷ᠎ᠠ ᠶᠢᠨ 25 ᠤ ᠡᠳᠦᠷ      ᠬᠤᠶᠠᠷ᠂ ᠲᠣᠭᠤᠷᠢᠨ ᠪᠠᠶᠢᠴᠠᠭᠠᠯᠲᠠ ᠶᠢᠨ ᠡᠲᠡᠭᠡᠳ᠄      ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠯᠲᠠ ᠶᠢᠨ ᠨᠢᠭᠡᠳᠦᠭᠡᠷ ᠪᠠᠶᠢᠴᠠᠭᠠᠬᠤ ᠳᠤᠭᠤᠶᠢᠯᠠᠩ᠄ ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠠᠷᠤ ᠬᠤᠷᠴᠢᠨ ᠬᠤᠰᠢᠭᠤᠨ ᠳᠠᠬᠢ ᠬᠤᠪᠢᠶᠠᠷᠢ ᠲᠣᠪᠴᠢᠶ᠎ᠠ᠂ ᠬᠤᠰᠢᠭᠤᠨ ᠠᠵᠤ ᠥᠢᠯᠡᠳᠪᠤᠷᠢ ᠮᠡᠳᠡᠭᠡ ᠵᠠᠩᠬᠢᠴᠢᠯᠠᠯᠳᠠ ᠪᠠ ᠰᠢᠨᠵᠢᠯᠡᠭᠦ ᠤᠬᠠᠭᠠᠨ ᠲᠧᠭᠨᠢᠭ ᠮᠡᠷᠬᠡᠵᠢᠯ ᠤᠨ ᠲᠣᠪᠴᠢᠶ᠎ᠠ      ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠶᠢᠨ ᠬᠤᠶᠠᠳᠤᠭᠠᠷ ᠪᠠᠶᠢᠴᠠᠭᠠᠬᠤ ᠳᠤᠭᠤᠶᠢᠯᠠᠩ᠄ ᠬᠤᠰᠢᠭᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤᠰᠤᠨ ᠠᠰᠢᠭᠯᠠᠯᠲᠠ ᠶᠢᠨ ᠲᠣᠪᠴᠢᠶ᠎ᠠ      ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠶᠢᠨ ᠭᠤᠷᠪᠠᠳᠤᠭᠠᠷ ᠪᠠᠶᠢᠴᠠᠭᠠᠬᠤ ᠳᠤᠭᠤᠶᠢᠯᠠᠩ᠄ ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ      ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠶᠢᠨ ᠳᠥᠷᠪᠡᠳᠦᠭᠡᠷ ᠪᠠᠶᠢᠴᠠᠭᠠᠬᠤ ᠳᠤᠭᠤᠶᠢᠯᠠᠩ᠄ ᠬᠤᠰᠢᠭᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ      ᠭᠤᠷᠪᠠ᠂ ᠢᠯᠡᠴᠢᠯᠡᠨ ᠮᠡᠳᠡᠭᠦᠯᠬᠦ ᠬᠠᠶᠢᠷᠴᠠᠭ ᠲᠣᠬᠢᠷᠠᠭᠤᠯᠤᠭᠰᠠᠨ ᠭᠠᠵᠠᠷ᠄ ᠰᠢᠨ᠎ᠡ ᠬᠤᠳᠠ ᠲᠣᠭᠤᠷᠢᠭ ᠤᠨ ᠰᠣᠶᠣᠯ ᠤᠨ ᠠᠭᠤᠳᠠᠮ ᠲᠠᠯᠠᠪᠠᠶ᠂ ᠬᠠᠭᠤᠴᠢᠨ ᠬᠤᠳᠠ ᠲᠤᠭᠤᠷᠢᠭ ᠤᠨ ᠪᠡᠶ᠎ᠡ ᠶᠢᠨ ᠲᠠᠮᠢᠷ ᠤᠨ ᠠᠭᠤᠳᠠᠮ ᠲᠠᠯᠠᠪᠠᠶ᠂ ᠡᠮᠦᠨ᠎ᠡ ᠵᠠᠬ᠎ᠠ ᠳᠡᠯᠭᠡᠭᠦᠷ᠂ ᠲᠤᠭᠤᠷᠢᠨ ᠪᠠᠶᠢᠴᠠᠭᠠᠭᠳᠠᠬᠤ ᠨᠢᠭᠡᠴᠢ      ᠳᠦᠷᠪᠡ᠂ ᠰᠣᠷᠪᠣᠯᠵᠢᠯᠠᠯ ᠢ ᠲᠤᠰᠬᠤ ᠭᠠᠵᠠᠷ᠄ ᠲᠤᠭᠤᠷᠢᠨ ᠪᠠᠶᠢᠴᠠᠭᠠᠯᠲᠠ ᠳᠤ ᠪᠠᠶᠢᠴᠠᠭᠠᠭᠳᠠᠬᠤ ᠨᠢᠭᠡᠴᠢ      ᠲᠠᠪᠤ᠂ ᠰᠣᠷᠪᠣᠯᠵᠢᠯᠠᠯ ᠢ ᠲᠣᠰᠬᠤ ᠤᠲᠠᠰᠤ ᠵᠢᠴᠢ ᠢᠮᠧᠯ᠄      ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠶᠢᠨ ᠨᠢᠭᠡᠳᠦᠭᠡᠷ ᠪᠠᠶᠢᠴᠠᠭᠠᠬᠤ ᠳᠤᠭᠤᠶᠢᠯᠠᠩ᠄      ᠤᠳᠠᠰᠤ᠄ 15247671284     7231941      ᠢᠮᠧᠯ᠄ aqwdyxcz@126.com        ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠶᠢᠨ ᠬᠤᠶᠠᠳᠤᠭᠠᠷ ᠪᠠᠶᠢᠴᠠᠭᠠᠬᠤ ᠳᠤᠭᠤᠶᠢᠯᠠᠩ᠄      ᠤᠳᠠᠰᠤ᠄ 15774882149    7231941      ᠢᠮᠧᠯ᠄ aqwdexcz@163.com        ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠶᠢᠨ ᠭᠤᠷᠪᠠᠳᠤᠭᠠᠷ ᠪᠠᠶᠢᠴᠠᠭᠠᠬᠤ ᠳᠤᠭᠤᠶᠢᠯᠠᠩ᠄      ᠤᠳᠠᠰᠤ᠄ 15750401943    7231941      ᠢᠮᠧᠯ᠄ aqwdsxcz@163.com      ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠯᠲᠠ ᠶᠢᠨ ᠳᠥᠷᠪᠡᠳᠦᠭᠡᠷ ᠪᠠᠶᠢᠴᠠᠭᠠᠬᠤ ᠳᠤᠭᠤᠶᠢᠯᠠᠩ᠄      ᠤᠳᠠᠰᠤ᠄ 15247612251      7231941      ᠢᠮᠧᠯ᠄ aqwdsxcz@126.com        ᠲᠤᠰ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠥᠷᠭᠡᠨ ᠤᠯᠠᠨ ᠺᠠᠳ᠋ᠷ ᠤᠯᠠᠨ ᠲᠦᠮᠡᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠳᠤ ᠬᠢᠨᠠᠯᠲᠠ ᠲᠠᠯᠪᠢᠬᠤ ᠪᠣᠯᠪᠠᠦ᠂ ᠬᠢᠨᠠᠯᠲᠠ ᠲᠠᠯᠪᠢᠬᠤ ᠤᠲᠠᠰᠤ᠄ 0476—7230557  ᠃              ᠠᠷᠪᠠᠨ   ᠲᠠᠪᠤᠳᠤᠭᠠᠷ   ᠬᠤᠭᠤᠴᠠᠭᠠᠨ    ᠤ   ᠬᠤᠰᠢᠭᠤᠨ   ᠨᠠᠮ  ᠤᠨ              ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠯᠳᠠ ᠶᠢᠨ                           ᠨᠢᠭᠡᠳᠦᠭᠡᠷ ᠪᠠᠶᠢᠴᠠᠭᠠᠬᠤ ᠳᠤᠭᠤᠶᠢᠯᠠᠩ                            ᠬᠤᠶᠠᠳᠤᠭᠠᠷ ᠪᠠᠶᠢᠴᠠᠭᠠᠬᠤ ᠳᠤᠭᠤᠶᠢᠯᠠᠩ                           ᠭᠤᠷᠪᠠᠳᠤᠭᠠᠷ ᠪᠠᠶᠢᠴᠠᠭᠠᠬᠤ ᠳᠤᠭᠤᠶᠢᠯᠠᠩ                            ᠳᠥᠷᠪᠡᠳᠦᠭᠡᠷ ᠪᠠᠶᠢᠴᠠᠭᠠᠬᠤ ᠳᠤᠭᠤᠶᠢᠯᠠᠩ                            2023 ᠣᠨ ᠤ 4  ᠰᠠᠷ᠎ᠠ ᠶᠢᠨ 20 ᠤ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号