ᠠᠷᠤ ᠬᠤᠷᠴᠢᠨ ᠬᠤᠰᠢᠭᠤᠨ ᠤ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠳᠡᠮᠵᠢᠵᠦ ᠪᠣᠶ
ᠨᠡᠶᠢᠲᠡᠯᠡᠭᠰᠡᠨ ᠴᠠᠭ᠄
2023/5/10
     ᠠᠷᠤ ᠬᠤᠷᠴᠢᠨ ᠬᠤᠰᠢᠭᠤᠨ ᠤ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠠᠵᠤ ᠠᠬᠤᠢ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠳᠡᠮᠵᠢᠬᠦ ᠶᠢ ᠣᠳᠣᠬᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ︾  ᠤ ᠦᠢᠯᠡᠴᠢᠯᠡᠭᠡᠨ ᠤ ᠠᠵᠢᠯ ᠤᠨ ᠭᠤᠣᠯᠳᠠᠯᠭ᠎ᠠ ᠪᠣᠯᠭᠠᠵᠤ᠂ ᠲᠤᠰ ᠪᠡᠶ᠎ᠡ ᠶᠢᠨ ᠬᠠᠮᠤᠷᠬᠤ ᠬᠡᠪᠴᠢᠶ᠎ᠡ ᠥᠷᠭᠡᠨ᠂ ᠰᠢᠢᠳᠪᠦᠷᠢᠲᠦ ᠪᠣᠳᠣᠯᠭ᠎ᠠ ᠶᠢᠨ ᠲᠠᠯ᠎ᠠ ᠶᠢᠨ ᠳᠠᠪᠠᠭᠤᠯᠢᠭ ᠢᠶᠠᠨ ᠦᠨᠡᠨᠬᠦ ᠪᠠᠳᠠᠷᠠᠭᠤᠯᠵᠤ᠂  ᠲᠠᠷᠢᠶᠠᠴᠢᠨ ᠡᠷᠦᠬᠡ ᠶᠢᠨ ᠮᠥᠩᠭᠦᠨ ᠭᠦᠢᠯᠭᠡᠭᠡᠨ ᠤ ᠬᠡᠷᠡᠭᠴᠡᠭᠡ ᠶᠢ ᠪᠦᠬᠦ ᠲᠠᠯ᠎ᠠ ᠪᠠᠷ ᠵᠣᠯᠭᠠᠭᠤᠯᠵᠤ᠂ ᠲᠠᠷᠢᠶᠠᠯᠠᠩ ᠳᠤ ᠬᠤᠯᠪᠣᠭᠳᠠᠬᠤ ᠢᠲᠡᠭᠡᠮᠵᠢᠲᠦ ᠵᠢᠭᠡᠯᠡᠯᠭᠡ ᠶᠢᠨ ᠣᠷᠤᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠬᠤ ᠳᠤ ᠬᠦᠴᠦᠲᠡᠢ ᠪᠡᠯᠡ ᠮᠥᠩᠭᠦ ᠶᠢᠨ ᠪᠠᠲᠤᠯᠠᠭ᠎ᠠ ᠪᠣᠯᠣᠨ ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠵᠤ ᠪᠣᠢ᠃ 3 ᠰᠠᠷ᠎ᠠ ᠶᠢᠨ ᠡᠴᠦᠰ ᠪᠣᠯᠲᠠᠯ᠎ᠠ᠂ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 39.05 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ  ᠬᠢ ᠠᠴᠠ 2.13 ᠳ᠋ᠦᠩᠰᠢᠭᠤᠷ ᠲᠥᠭᠦᠷᠢᠭ ᠨᠡᠮᠡᠭᠳᠡᠵᠡᠢ᠂ ᠡᠭᠦᠨ ᠳᠤ ᠲᠠᠷᠢᠶᠠᠯᠠᠩ ᠳᠤ ᠬᠤᠯᠪᠣᠭᠳᠠᠭᠰᠠᠨ ᠵᠢᠭᠡᠯᠡᠯᠭᠡ ᠶᠢ ᠨᠡᠶᠢᠲᠡ 16.57 ᠳ᠋ᠦᠩᠰᠢᠭᠤᠷ ᠲᠥᠭᠦᠷᠢᠭ ᠲᠠᠯᠪᠢᠵᠤ᠂ ᠨᠢᠳᠤᠨᠤᠨ ᠤ ᠠᠳᠠᠯᠢ ᠬᠤᠭᠤᠴᠠᠭᠠᠨ ᠤ  ᠬᠢ ᠠᠴᠠ 4.6 ᠳ᠋ᠦᠩᠰᠢᠭᠤᠷ ᠲᠥᠭᠦᠷᠢᠭ ᠢᠯᠡᠭᠦᠦ ᠲᠠᠯᠪᠢᠨ᠂ ᠦᠯᠡᠳᠡᠪᠦᠷᠢ ᠨᠢ 34.86 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 7.45% ᠪᠠᠶᠢᠵᠤ᠂ ᠡᠵᠡᠯᠡᠬᠦ ᠬᠠᠷᠢᠴᠠᠯ ᠨᠢ 89.28% ᠳᠤ ᠬᠦᠷᠴᠡᠢ᠃ ᠬᠠᠪᠤᠷ ᠤᠨ ᠲᠠᠷᠢᠶᠠᠯᠠᠭ᠎ᠠ ᠳᠤ ᠪᠡᠯᠡᠳᠬᠡᠬᠦ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ 4.41 ᠳ᠋ᠦᠩᠰᠢᠭᠤᠷ ᠲᠥᠭᠦᠷᠢᠭ ᠲᠠᠯᠪᠢᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠢ ᠳᠡᠮᠵᠢᠵᠦ᠂ ᠦᠢᠯᠡᠳᠪᠦᠷᠢᠯᠡᠯ ᠡᠵᠡᠩᠨᠡᠯᠲᠡ ᠶᠢ ᠥᠷᠭᠡᠳᠬᠡᠨ᠂ 2023 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠪᠠ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号