ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ | ᠶᠣᠰᠤᠭᠠᠷ᠂ ᠠᠷᠤ ᠬᠤᠷᠴᠢᠨ ᠬᠤᠰᠢᠭᠤᠨ ᠤ ᠴᠢᠪᠠᠭ᠎ᠠ ᠬᠤᠲᠠ ᠲᠣᠭᠤᠷᠢᠭ ᠤᠨ ᠬᠠᠨ ᠯᠢᠨ ᠵᠡᠭᠡᠯᠢ ᠶᠢᠨ ᠬᠤᠶᠠᠷ | ᠲᠠᠯ᠎ᠠ ᠶᠢᠨ ᠰᠠᠭᠤᠷᠢ ᠲᠦᠬᠦᠭᠡᠷᠦᠮᠵᠢ ᠶᠢ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠣᠳᠤ ᠪᠠᠷᠢᠯᠭ᠎ᠠ ᠡᠬᠢᠯᠡᠬᠦ | ᠴᠢᠬᠤᠯᠠᠲᠠᠢ ᠪᠠᠶᠢᠨ᠎ᠠ᠃ ᠪᠠᠷᠢᠯᠭ᠎ᠠ ᠶᠢᠨ ᠠᠵᠢᠯ ᠤᠨ ᠠᠮᠤᠷ ᠲᠥᠪᠰᠢᠨ᠂ ᠣᠷᠣᠭᠰᠢᠲᠠᠢ ᠶᠠᠪᠤᠭᠳᠠᠬᠤ ᠶᠢ | ᠪᠠᠲᠤᠯᠠᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ | ᠬᠠᠤᠯᠢ︾ ᠶᠢᠨ ᠭᠤᠴᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ 2023 ᠣᠨ ᠤ 6 ᠰᠠᠷ᠎ᠠ ᠶᠢᠨ | 14 ᠤ ᠡᠳᠦᠷ ᠠᠴᠠ 2023 ᠣᠨ ᠤ 10 ᠰᠠᠷ᠎ᠠ ᠶᠢᠨ 1 ᠤ ᠡᠳᠦᠷ ᠪᠣᠯᠲᠠᠯ᠎ᠠ ᠴᠢᠪᠠᠭ᠎ᠠ ᠪᠠᠯᠭᠠᠰᠤ ᠶᠢᠨ ᠬᠠᠨ ᠯᠢᠨ | ᠵᠡᠭᠡᠯᠢ ᠶᠢᠨ ᠬᠤᠶᠠᠷ ᠲᠠᠯ᠎ᠠ ᠶᠢ ᠪᠢᠲᠡᠭᠦᠮᠵᠢᠯᠡᠨ ᠪᠠᠷᠢᠯᠭ᠎ᠠ ᠪᠠᠷᠢᠬᠤ ᠪᠠᠷ ᠲᠣᠭᠲᠠᠪᠠ᠃ ᠪᠣᠳᠠᠲᠠᠢ ᠵᠠᠷᠯᠠᠯ ᠨᠢ ᠳᠠᠷᠠᠭᠠᠬᠢ | ᠮᠡᠲᠦ᠄ | ᠴᠢᠪᠠᠭ᠎ᠠ ᠪᠠᠯᠭᠠᠰᠤ ᠶᠢᠨ ᠬᠠᠨ ᠯᠢᠨ ᠵᠡᠭᠡᠯᠢ ᠶᠢᠨ ᠬᠤᠶᠠᠷ ᠲᠠᠯ᠎ᠠ ᠶᠢ ᠪᠦᠬᠦᠨ ᠢ ᠪᠢᠲᠡᠭᠦᠮᠵᠢᠯᠡᠨ ᠪᠠᠷᠢᠯᠭ᠎ᠠ | ᠪᠠᠷᠢᠵᠤ᠂ ᠠᠯᠢᠪᠠ ᠲᠡᠷᠭᠡ ᠬᠦᠰᠭᠡ ᠲᠤᠰ ᠭᠠᠵᠠᠷ ᠣᠷᠣᠨ ᠢᠶᠠᠷ ᠦᠩᠭᠡᠷᠡᠬᠦ ᠶᠢ ᠴᠠᠭᠠᠵᠠᠯᠠᠨ᠎ᠠ᠂ ᠦᠩᠭᠡᠷᠡᠨ ᠶᠠᠪᠤᠬᠤ | ᠲᠡᠷᠭᠡ ᠬᠦᠰᠭᠡ ᠲᠤᠭᠤᠷᠢᠵᠤ ᠶᠠᠪᠤᠭᠠᠷᠠᠢ᠃ | ᠪᠠᠷᠢᠯᠭ᠎ᠠ ᠶᠢᠨ ᠠᠵᠢᠯ ᠬᠢᠵᠦ ᠪᠠᠶᠢᠭ᠎ᠠ ᠬᠤᠭᠤᠴᠠᠭᠠᠨ ᠳᠤ ᠵᠠᠮ ᠳᠠᠭᠠᠤ ᠶᠢᠨ ᠰᠠᠭᠤᠭᠠᠯᠢ ᠠᠷᠠᠳ ᠤᠨ ᠶᠠᠪᠤᠵᠤ | ᠰᠠᠭᠤᠬᠤ ᠪᠠ ᠠᠮᠢᠳᠤᠷᠠᠯ ᠳᠤ ᠳᠦᠭᠦᠮ ᠦᠭᠡᠢ ᠪᠣᠯᠬᠤ ᠨᠢ ᠮᠡᠳᠡᠭᠡᠵᠢ᠂ ᠠᠭᠤᠴᠢᠯᠠᠬᠤ ᠪᠣᠯᠪᠠᠤ᠃ | | ᠠᠷᠤ ᠬᠤᠷᠴᠢᠨ ᠬᠤᠰᠢᠭᠤᠨ ᠤ ᠣᠷᠣᠨ ᠰᠠᠭᠤᠴᠠ ᠪᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ | | ᠠᠷᠤ ᠬᠤᠷᠴᠢᠨ ᠬᠤᠰᠢᠭᠤᠨ ᠤ ᠳᠣᠲᠤᠭᠠᠳᠤ ᠶᠢ ᠬᠠᠮᠠᠭᠠᠯᠠᠬᠤ ᠲᠣᠪᠴᠢᠶ᠎ᠠ | ᠶᠢᠨ ᠵᠠᠮ ᠬᠠᠷᠢᠯᠴᠠᠭᠠᠨ ᠤ ᠬᠠᠮᠠᠭᠠᠯᠠᠯᠲᠠ ᠶᠢᠨ ᠶᠡᠭᠡ ᠠᠩᠭᠢ | 2023 ᠣᠨ ᠤ 6 ᠰᠠᠷ᠎ᠠ ᠶᠢᠨ 13 ᠤ ᠡᠳᠦᠷ |