ᠠᠷᠤ ᠬᠤᠷᠴᠢᠨ ᠬᠤᠰᠢᠭᠤᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ        ︵ᠮᠣᠩᠭᠤᠯ ᠡᠮ ᠡᠮᠨᠡᠯᠭᠡ︶ ᠶᠢᠨ ᠠᠵᠢᠯ ᠤᠨ  ᠵᠢᠱᠢᠶ᠎ᠡ ᠦᠵᠡᠭᠦᠯᠬᠦ ᠰᠢᠶᠠᠨ ᠢ ᠴᠤᠭᠴᠠᠠᠯᠨ ᠪᠠᠶᠢᠭᠤᠯᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/6/20
ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ ᠳᠤ᠄      ᠬᠤᠰᠢᠭᠤᠨ ᠠᠷᠠᠳ ᠤᠨ ᠵᠠᠰᠠᠭ ᠤᠨ ᠣᠷᠳᠣᠨ ᠤ ᠵᠦᠪᠰᠢᠶ᠋ᠷᠡᠯ ᠢᠶᠠᠷ᠂ ᠡᠳᠦᠭᠡ ︽ᠠᠷᠤ ᠬᠤᠷᠴᠢᠨ ᠬᠤᠰᠢᠭᠤᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠴᠤᠭᠴᠠᠯᠠᠨ ᠪᠠᠶᠢᠭᠤᠯᠬᠤ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                         ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                    2023 ᠣᠨ ᠤ 4 ᠰᠠᠷ᠎ᠠ ᠶᠢᠨ 30      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶                     ᠠᠷᠤ ᠬᠤᠷᠴᠢᠨ ᠬᠤᠰᠢᠭᠤᠨ ᠤ ᠪᠥᠬᠦ ᠤᠯᠤᠰ ᠤᠨ ᠦᠨᠳᠦᠰᠦᠨ ᠱᠠᠲᠤᠨ ᠤ             ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠵᠢᠱᠢᠶ᠎ᠡ             ᠦᠵᠡᠭᠦᠯᠬᠦ ᠰᠢᠶᠠᠨ ᠢ ᠴᠤᠭᠴᠠᠯᠠᠨ ᠪᠠᠶᠢᠭᠤᠯᠬᠤ ᠬᠡᠷᠡᠭᠵᠢᠭᠦᠯᠬᠦ ᠲᠥᠰᠥᠯ      2015 ᠣᠨ ᠳᠤ᠂ ᠮᠠᠨ ᠤ ᠬᠤᠰᠢᠭᠤ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠨᠢᠭᠡᠴᠢ︾ ᠶᠢ ᠠᠮᠵᠢᠯᠲᠠ ᠲᠠᠢ ᠴᠤᠭᠴᠠᠯᠠᠨ ᠪᠠᠶᠢᠭᠤᠯᠵᠤ᠂ 2019 ᠣᠨ ᠳᠤ ᠳᠠᠬᠢᠨ ᠬᠢᠨᠠᠯᠲᠠ ᠪᠠᠷ ᠳᠡᠮᠵᠢᠨ ᠬᠢᠷᠢ ᠲᠡᠩᠴᠡᠪᠡ᠃ ᠣᠶᠢᠷ᠎ᠠ ᠶᠢᠨ ᠵᠢᠯ ᠳᠤ᠂ ᠮᠠᠨ ᠤ ᠬᠤᠰᠢᠭᠤ ᠴᠤᠭᠴᠠᠯᠠᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠨᠠᠩ ᠪᠦᠷᠢᠨᠰᠢᠭᠦᠯᠦᠨ᠂ ᠦᠢᠯᠡᠴᠢᠯᠡᠭᠡᠨ ᠤ ᠴᠢᠳᠠᠪᠤᠷᠢ ᠶᠢ ᠵᠢᠯ ᠳᠠᠷᠠᠭᠠᠯᠠᠨ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠣᠨᠴᠠᠯᠢᠭ ᠢ ᠡᠳᠦᠷ ᠢᠷᠡᠬᠦᠶ᠎ᠡ ᠲᠣᠪᠤᠶᠢᠯᠭᠠᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠪᠦᠬᠦ ᠲᠠᠯ᠎ᠠ ᠪᠠᠷ ᠬᠥᠭᠵᠢᠬᠦ  ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠠᠷᠠᠳ ᠣᠯᠠᠨ ᠤ ᠬᠢᠲᠠᠳ ᠡᠮ ᠡᠮᠨᠡᠯᠭᠡ ︵ᠮᠣᠩᠭᠤᠯ ᠡᠮ   ᠡᠮᠨᠡᠯᠭᠡ︶ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ︽2022 ︱ 2024 ᠣᠨ ᠤ  ᠴᠤᠭᠴᠠᠯᠠᠨ ᠪᠠᠶᠢᠭᠤᠯᠬᠤ ᠦᠶᠡᠯᠡᠯ ᠤᠨ ᠬᠤᠭᠤᠴᠠᠭᠠᠨ ᠳᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ  ᠴᠤᠭᠴᠠᠯᠠᠨ ᠪᠠᠶᠢᠭᠤᠯᠬᠤ ᠶᠢ ᠬᠢᠨᠠᠨ ᠲᠣᠭᠲᠠᠭᠠᠬᠤ ᠠᠵᠢᠯ ᠤᠨ ᠲᠥᠰᠥᠯ︾ ︵ ᠤᠯᠤᠰ ᠤᠨ  ᠬᠢᠲᠠᠳ ᠡᠮ ᠡᠮᠨᠡᠯᠭᠡ ᠶᠢᠨ ᠠᠯᠪᠠᠨ ᠭᠡᠷ   ᠡᠮ ᠡᠮᠨᠡᠯᠭᠡ ᠶᠢᠨ ᠶᠠᠪᠤᠳᠠᠯ   ᠲᠠᠷᠬᠠᠭᠠᠭᠰᠠᠨ ﹇2022﹈ 2 ᠳ᠋ᠤᠭᠠᠷ ᠲᠣᠭᠠᠲᠤ︶ ︽ᠤᠯᠠᠭᠠᠨᠬᠠᠳᠠ ᠬᠤᠲᠠ ᠶᠢᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ  ᠴᠤᠭᠴᠠᠯᠠᠨ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾          ︵ᠤᠯᠠᠭᠠᠨᠬᠳᠠ  ᠡᠷᠡᠬᠦᠯ ᠬᠠᠮᠠᠭᠠᠯᠠᠯ ᠡᠷᠡᠬᠦᠯ ᠮᠠᠨᠳᠤ   ᠠᠯᠪᠠᠨ ᠥᠰᠥᠭ ﹇2022﹈ 47 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠨᠢᠭᠡᠳᠦᠭᠡᠷ᠂ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂   ︽ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠡ ᠶᠢᠨ ᠰᠨᠠᠠᠯ︾   ︽ᠬᠢᠲᠠᠳ ᠡᠮ ᠡᠮᠨᠡᠯᠭᠡ ᠶᠢᠨ ᠣᠨᠴᠠᠯᠢᠭᠲᠤ ᠬᠥᠭᠵᠢᠯᠲᠡ ᠶᠢ ᠲᠦᠷᠭᠡᠳᠬᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︽ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾   ︽ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠪᠠᠷ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ  ᠴᠤᠭᠴᠠᠯᠠᠨ ᠪᠠᠶᠢᠭᠤᠯᠬᠤ ᠠᠵᠢᠯ ᠢᠶᠠᠷ ᠬᠥᠲᠥᠯᠥᠮᠵᠢ ᠪᠣᠯᠭᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠦᠨᠳᠦᠰᠦᠨ ᠱᠠᠲᠤᠨ ᠤ ᠬᠢᠲᠠᠳ ᠡᠮ ᠡᠮᠨᠡᠯᠭᠡ         ︵ᠮᠣᠩᠭᠤᠯ ᠡᠮ ᠡᠮᠨᠡᠯᠭᠡ︶ ᠶᠢᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠤᠨ᠂ ᠠᠷᠠᠳ ᠣᠯᠠᠨ ᠳᠤ ᠨᠠᠩ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠨ᠎ᠠ᠃      ᠬᠤᠶᠠᠷ᠂ ᠠᠵᠢᠯ ᠤᠨ ᠬᠠᠷᠠᠯᠲᠠ      ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ  ᠴᠤᠭᠴᠠᠯᠠᠨ ᠪᠠᠶᠢᠭᠤᠯᠬᠤ ᠪᠠᠷ ᠳᠠᠮᠵᠢᠭᠤᠯᠤᠨ᠂ ᠮᠠᠨ ᠤ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠠᠬᠢ ᠦᠢᠯᠡᠳᠦᠯ ᠢ ᠪᠠᠳᠠᠷᠠᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠥᠷᠭᠡᠨ ᠣᠯᠠᠨ ᠲᠦᠮᠡᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠮᠠᠨ ᠤ ᠬᠤᠰᠢᠭᠤᠨ ᠤ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠪᠥᠬᠦ ᠲᠠᠯ᠎ᠠ ᠪᠠᠷ ᠵᠣᠬᠢᠴᠠᠩᠭᠤᠢ ᠪᠠᠷ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃      ᠭᠤᠷᠪᠠ᠂ ᠭᠤᠣᠯ ᠡᠭᠦᠷᠭᠡ      ︵ᠨᠢᠭᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ᠂ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠲᠠᠳ ᠡᠮ ᠡᠮᠨᠡᠯᠭᠡ ᠶᠢᠨ ᠬᠠᠤᠯᠢ︾ ︽ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠬᠢᠨᠠᠮᠠᠭᠠᠢ ᠲᠤᠭᠤᠰᠢᠯᠠᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠢ ᠮᠠᠨ ᠤ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠵᠠᠰᠠᠭ ᠤᠨ ᠣᠷᠳᠣᠨ ᠤ ᠡᠳᠦᠷ ᠲᠤᠲᠤᠮ ᠤᠨ ᠵᠥᠪᠯᠡᠬᠦ ᠵᠦᠢᠯ ᠳᠤ ᠣᠷᠣᠭᠤᠯᠵᠤ᠂ ᠬᠢᠲᠠᠳ ᠡᠮ ᠡᠮᠨᠡᠯᠭᠡ     ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠲᠥᠯᠦᠪᠵᠢᠭᠦᠯᠭᠡ ᠳᠤ ᠣᠷᠣᠭᠤᠯᠵᠤ᠂ ᠵᠢᠱᠢᠶ᠎ᠡ ᠦᠵᠡᠭᠦᠯᠬᠦ ᠬᠤᠰᠢᠭᠤ ᠶᠢ ᠴᠤᠭᠴᠠᠯᠠᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠠᠬᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠬᠦ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      ︵ᠬᠤᠶᠠᠷ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠬᠤ ᠲᠣᠭᠲᠠᠴᠠ  ᠶᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠬᠠᠮᠢᠶ᠎ᠠ ᠪᠦᠬᠦᠢ ᠤᠴᠢᠷ ᠶᠠᠪᠤᠳᠠᠯ ᠢ ᠰᠤᠳᠤᠯᠵᠦ ᠵᠣᠬᠢᠴᠠᠭᠤᠯᠤᠨ ᠰᠢᠢᠳᠪᠦᠷᠢᠯᠡᠵᠦ᠂ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠲᠠᠰᠤᠭ ᠵᠢᠴᠢ ᠲᠣᠭᠲᠠᠴᠠ ᠶᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠲᠥᠯᠦᠪᠵᠢᠭᠦᠯᠭᠡ᠂ ᠪᠠᠷᠢᠮᠵᠢᠶ᠎ᠠ ᠲᠣᠭᠲᠠᠭᠠᠬᠤ᠂ ᠶᠠᠰᠤ ᠴᠢᠨᠠᠷ ᠤᠨ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠵᠦ᠂  ᠪᠥᠬᠦ ᠬᠤᠰᠢᠭᠤᠨ ᠤ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠶᠢ ᠲᠣᠣᠷ ᠰᠦᠯᠵᠢᠶ᠎ᠡ ᠲᠡᠭᠦᠯᠳᠡᠷ᠂ ᠪᠡᠯᠡᠳᠬᠡᠮᠵᠢ ᠲᠥᠬᠦᠭᠡᠷᠦᠮᠵᠢ ᠪᠦᠷᠢᠨ᠂ ᠠᠵᠢᠯᠲᠠᠨ ᠤ ᠲᠣᠬᠢᠷᠠᠭᠤᠯᠤᠯᠲᠠ ᠵᠣᠬᠢᠰᠲᠠᠢ᠂ ᠬᠠᠮᠢᠶᠠᠷᠤᠯᠲᠠ ᠵᠢᠷᠤᠮᠵᠢᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠡᠷᠭᠡᠶᠢᠯᠡᠨ ᠵᠠᠰᠠᠬᠤ  ᠡᠷᠡᠭᠦᠯᠵᠢᠬᠦ ᠰᠤᠪᠢᠯᠠᠬᠤ ᠠᠭᠤᠰᠤᠯᠴᠠᠨ ᠬᠥᠭᠵᠢᠭᠰᠡᠨ ᠰᠢᠰᠲ᠋ᠧᠮ ᠪᠣᠯᠭᠠᠨ ᠪᠠᠶᠢᠭᠤᠯᠤᠨ᠎ᠠ᠃ ᠪᠥᠬᠦ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠰ ᠤᠨ ᠬᠥᠭᠵᠢᠯᠲᠡ᠂ ᠰᠠᠭᠠᠳ ᠦᠭᠡᠢ ᠨᠡᠪᠲᠡᠷᠡᠬᠦ ᠰᠠᠨᠠᠭᠤᠯᠭ᠎ᠠ ᠪᠠ ᠵᠠᠭᠠᠯᠳᠤᠯᠭ᠎ᠠ ᠶᠢᠨ ᠲᠠᠪᠴᠠᠩ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠢᠨᠠᠮᠠᠭᠠᠢ ᠬᠢᠨᠠᠨ ᠬᠠᠷᠭᠤᠭᠤᠯᠬᠤ ᠪᠠ ᠰᠢᠢᠳᠪᠦᠷᠢᠯᠡᠵᠦ᠂  ᠬᠢᠲᠠᠳ ᠡᠮ ᠡᠮᠨᠡᠯᠭᠡ      ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠦᠯᠢᠶᠡᠭᠰᠡᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠠᠷᠠᠳ ᠣᠯᠠᠨ ᠤ ᠡᠪᠡᠳᠴᠢᠨ ᠦᠵᠡᠭᠦᠯᠬᠦ ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ︶ ᠶᠢᠨ ᠴᠢᠳᠠᠪᠤᠷᠢᠲᠠᠨ ᠤ ᠲᠤᠯᠭᠠᠭᠤᠷᠢᠯᠠᠯ᠂ ᠡᠳ᠋ ᠤᠨ ᠵᠠᠰᠠᠭ ᠤᠨ ᠲᠤᠯᠭᠠᠭᠤᠷᠢᠯᠠᠯ᠂ ᠡᠮᠴᠢᠯᠡᠭᠡᠨ ᠤ ᠳᠠᠭᠠᠳᠬᠠᠯ ᠤᠨ ᠲᠤᠯᠭᠠᠭᠤᠷᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠠᠬᠢᠭᠤᠯᠬᠤ ᠪᠠ ᠲᠡᠭᠦᠯᠳᠡᠷᠵᠢᠭᠦᠯᠦᠨ᠎ᠡ  ᠃      ︵ᠭᠤᠷᠪᠠ︶ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠮᠡᠳᠡᠯᠭᠡ ᠶᠢ ᠤᠯᠠᠮᠵᠢᠯᠠᠨ ᠳᠡᠯᠭᠡᠷᠡᠭᠦᠯᠬᠦ ᠶᠢ ᠴᠢᠩᠭᠠᠳᠬᠠᠨ ᠵᠢᠷᠤᠮᠵᠢᠭᠤᠯᠵᠤ᠂ ᠬᠤᠰᠢᠭᠤᠨ ᠬᠡᠪᠴᠢᠶᠡᠨ ᠳᠠᠬᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢ ᠦᠢᠯᠠᠭᠠᠬᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢ ᠢᠲᠡᠭᠡᠬᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢ ᠬᠡᠷᠡᠭᠯᠡᠬᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠢ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠰᠤᠷᠭᠠᠨ ᠬᠥᠮᠦᠵᠢᠯ ᠤᠨ ᠠᠭᠤᠯᠭ᠎ᠠ ᠪᠠ ᠠᠵᠢᠯᠯᠠᠭᠠᠨ ᠤ ᠬᠡᠯᠪᠡᠷᠢ ᠶᠢ ᠪᠠᠶᠠᠯᠢᠭᠵᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠪᠠᠶᠢᠭᠤᠯᠭ᠎ᠠ ᠳᠤ ᠣᠷᠣᠭᠤᠯᠵᠤ ᠠᠵᠢᠯᠯᠠᠭᠤᠯᠬᠤ ᠶᠢ ᠠᠬᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢ ᠵᠣᠬᠢᠶᠠᠨ ᠪᠠᠶᠢᠭᠤᠯᠤᠨ ᠤᠯᠠᠮᠵᠢᠯᠠᠯᠲᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠡᠷᠡᠬᠦᠢ ᠨᠢᠳᠤᠷᠭ᠎ᠠ᠂ ᠲᠡᠨᠢᠭᠦᠨ ᠲᠠᠮᠢᠷ ᠵᠡᠷᠭᠡ ᠪᠡᠶ᠎ᠡ ᠰᠤᠪᠢᠯᠠᠬᠤ ᠡᠷᠡᠭᠦᠯᠵᠢᠯ ᠤᠨ ᠠᠷᠭ᠎ᠠ ᠶᠢ ᠶᠡᠬᠡᠪᠡᠷ ᠲᠦᠭᠡᠮᠡᠯᠵᠢᠭᠦᠯᠦᠨ ᠳᠡᠯᠭᠡᠷᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠰᠢᠭᠤᠨ ᠬᠢᠲᠠᠳ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠰᠠᠭᠤᠷᠢ ᠨᠥᠬᠦᠴᠡᠯ ᠢ ᠰᠠᠶᠢᠵᠢᠷᠠᠭᠤᠯᠤᠨ᠂ ᠬᠤᠰᠢᠭᠤᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠢ ᠬᠠᠮᠠᠭᠠᠯᠠᠬᠤ ᠭᠠᠵᠡᠷ ᠤᠨ ᠬᠢᠲᠠᠳ ᠡᠮᠨᠡᠯᠭᠡ ᠶᠢᠨ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠨᠠᠷ ᠰᠠᠶᠢᠲᠠᠢ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠪᠠ ᠬᠢᠲᠠᠳ ᠡᠮᠨᠡᠯᠭᠡ ᠶᠢᠨ ᠦᠷᠦᠭᠡ         ︵ᠮᠣᠩᠭᠤᠯ ᠡᠮᠨᠡᠯᠭᠡ ᠶᠢᠨ ᠦᠷᠦᠭᠡ︶ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ᠶᠢᠨ  ᠦᠷᠦᠭᠡ ︵ᠮᠣᠩᠭᠤᠯ ᠡᠮᠨᠡᠯᠭᠡ ᠶᠢᠨ ᠦᠷᠦᠭᠡ︶ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ︵ᠳᠥᠷᠪᠡ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠡᠮᠵᠢᠯᠭᠡ ᠶᠢᠨ ᠰᠢᠰᠲ᠋ᠧᠮ ᠢ ᠪᠠᠶᠢᠭᠤᠯᠤᠨ᠎ᠠ᠃ ᠪᠥᠬᠦ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢᠴᠢᠯᠠᠯᠳᠠ ᠶᠢᠨ ᠰᠠᠭᠤᠷᠢ ᠨᠥᠬᠦᠴᠡᠯ ᠢ ᠰᠠᠶᠢᠵᠢᠷᠠᠭᠤᠯᠤᠨ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠭᠡ ᠵᠠᠩᠭᠢ ᠶᠢᠨ ᠵᠢᠷᠤᠮᠵᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ︽ᠨᠢᠭᠡ ᠬᠥᠮᠥᠨ ᠨᠢᠭᠡ ᠵᠣᠷ ᠲᠠᠢ ᠪᠠᠶᠢᠬᠤ︾ ᠪᠠ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠬᠢᠲᠠᠳ ᠡᠮ ︵ᠮᠣᠩᠭᠤᠯ ᠡᠮ︶ ᠤᠨ ᠨᠠᠶᠢᠷᠠᠯᠲᠠ ᠶᠢᠨ ᠬᠥᠭᠵᠢᠯᠲᠡ ᠶᠢ ᠳᠡᠮᠵᠢᠵᠦ᠂ ᠳᠡᠯᠭᠡᠷᠡᠭᠦᠯᠦᠨ ᠬᠡᠷᠡᠭᠯᠡᠬᠦ ᠪᠠᠷᠢᠮᠵᠢᠶ᠎ᠠ ᠶᠢ ᠲᠣᠭᠲᠠᠭᠠᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠰᠢᠭᠤᠨ ᠬᠡᠪᠴᠢᠶᠡᠨ ᠳᠠᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠰᠬᠠᠢ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ᠂ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠵᠡᠷᠭᠡ ᠬᠠᠮᠢᠶ᠎ᠠ ᠪᠦᠬᠦᠢ ᠠᠵᠢᠯ ᠲᠥᠷᠥᠯ ᠬᠢᠭᠡᠳ ᠬᠢᠲᠠᠳ ᠡᠮ ᠡᠮᠨᠡᠯᠭᠡ ︵ᠮᠣᠩᠭᠤᠯ ᠡᠮ      ᠡᠮᠨᠡᠯᠭᠡ︶ ᠶᠢᠨ ᠰᠣᠶᠣᠯ ᠤᠨ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠬᠢᠲᠠᠳ ᠡᠮ     ︵ᠮᠣᠩᠭᠤᠯ ᠡᠮ︶ ᠤᠨ ᠬᠠᠮᠠᠭᠠᠯᠠᠯᠲᠠ ᠪᠠ ᠬᠥᠭᠵᠢᠯᠲᠡ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃      ︵ᠲᠠᠪᠤ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠲᠠᠳ ᠡᠸᠦ᠋ᠷᠦᠫᠡ ᠡᠮᠨᠡᠯᠭᠡ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠨ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯᠣᠨ ᠡᠬᠡ ᠨᠢᠯᠬᠠᠰ ᠤᠨ ᠡᠷᠡᠭᠦᠯ ᠢ ᠪᠠᠳᠤᠯᠠᠬᠤ ᠭᠠᠵᠡᠷ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠠᠷᠢᠮᠵᠢᠶᠠᠵᠢᠭᠰᠠᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠰᠠᠯᠠᠭ᠎ᠠ ᠲᠠᠰᠤᠭ᠂ ᠬᠢᠲᠠᠳ ᠡᠮ ︵ᠮᠣᠩᠭᠤᠯ ᠡᠮ︶ ᠤᠨ ᠥᠷᠥᠭᠡ᠂ ᠡᠮ ᠴᠢᠨᠠᠬᠤ ᠲᠠᠰᠤᠭ ᠢ ᠪᠠᠶᠢᠭᠤᠯᠤᠨ᠎ᠠ᠃ ᠬᠢᠲᠠᠳ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠨᠤᠭᠤᠳ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢ ᠰᠠᠶᠢᠲᠤᠷ ᠬᠢᠵᠦ᠂ ᠡᠮᠨᠡᠯᠭᠡ ᠶᠢᠨ ᠬᠤᠯᠪᠣᠭᠠᠲᠤ ᠴᠣᠭᠴᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠠᠴᠤᠷᠠᠭᠯᠠᠨ ᠨᠥᠯᠥᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ 50% ᠠᠴᠠ ᠳᠡᠭᠡᠭᠰᠢ ᠬᠥᠮᠥᠨ ᠠᠮᠠ ᠶᠢ ᠬᠠᠮᠤᠷᠬᠤ ᠪᠠᠷ ᠴᠢᠷᠮᠠᠶᠢᠵᠤ᠂ ᠨᠥᠬᠦᠴᠡᠯ ᠳᠤ ᠨᠡᠶᠢᠴᠡᠬᠦ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠭᠠᠵᠠᠷ ᠢ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠳᠤ ᠣᠷᠣᠭᠤᠯᠤᠨ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠢᠲᠠᠳ ᠡᠮᠨᠡᠯᠭᠡ ᠶᠢᠨ ᠰᠠᠯᠠᠭ᠎ᠠ ︵ᠮᠣᠩᠭᠤᠯ ᠡᠮᠨᠡᠯᠭᠡ ᠶᠢᠨ ᠰᠠᠯᠠᠭ᠎ᠠ︶᠂ ᠬᠢᠲᠠᠳ ᠡᠮᠨᠡᠯᠭᠡ ᠶᠢᠨ ᠥᠷᠥᠭᠡ ︵ᠮᠣᠩᠭᠤᠯ ᠡᠮᠨᠡᠯᠭᠡ ᠶᠢᠨ ᠥᠷᠥᠭᠡ︶ ᠶᠢ 100% ᠪᠠᠷ ᠵᠢᠷᠤᠮᠵᠢᠭᠤᠯᠤᠨ ᠲᠣᠬᠢᠷᠠᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠣᠰᠢᠯᠠᠨ ᠡᠮᠨᠡᠬᠦ ᠲᠥᠬᠦᠭᠡᠷᠦᠮᠵᠢ ᠶᠢ ᠲᠣᠬᠢᠷᠠᠭᠤᠯᠤᠨ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠣᠯᠣᠨ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠢᠲᠠᠳ ᠡᠮᠨᠡᠯᠭᠡ ᠶᠢᠨ ᠦᠷᠦᠭᠡ ︵ᠮᠣᠩᠭᠤᠯ ᠡᠮᠨᠡᠯᠭᠡ ᠶᠢᠨ ᠦᠷᠦᠭᠡ︶ ᠶᠢ 100% ᠪᠠᠷ ᠲᠣᠬᠢᠷᠠᠭᠤᠯᠵᠤ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠬᠠᠩᠭᠠᠬᠤ ᠲᠠᠯᠠᠪᠤᠷ ᠭᠠᠵᠠᠷ ᠪᠠ ᠪᠡᠯᠡᠳᠬᠡᠮᠵᠢ ᠲᠥᠬᠦᠭᠡᠷᠦᠮᠵᠢ ᠶᠢ 100% ᠪᠠᠷ ᠪᠦᠷᠢᠳᠦᠭᠦᠯᠦᠨ᠎ᠡ᠃ ︽ᠬᠢᠲᠠᠳ ᠡᠮᠨᠡᠯᠭᠡ ᠶᠢᠨ ᠦᠷᠦᠭᠡ ︵ᠮᠣᠩᠭᠤᠯ ᠡᠮᠨᠡᠯᠭᠡ ᠶᠢᠨ ᠦᠷᠦᠭᠡ︶︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠦᠷᠬᠦᠴᠡ ᠶᠢᠨ ᠨᠣᠷᠮ᠎ᠠ ᠶᠢ ᠠᠳᠠᠭ ᠲᠠᠭᠠᠨ 10% ᠳᠤ  ᠬᠥᠷᠭᠡᠨ᠎ᠡ᠃      ︵ᠵᠢᠷᠭᠤᠭ᠎ᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠭᠤᠯᠤᠭᠳᠠᠬᠤᠨ ᠤ ᠪᠠᠶᠢᠭᠤᠯᠤᠯᠲᠠ ︵ᠪᠤᠯᠪᠠᠰᠤᠷᠠᠯ ᠤᠨ ᠴᠤᠭᠴᠠᠯᠠᠯᠳᠠ︶ ᠶᠢ ᠴᠢᠩᠭᠠᠳᠬᠠᠨ᠎ᠠ᠃ ᠬᠤᠰᠢᠭᠤᠨ ᠲᠠᠰ ᠤᠨ ᠡᠮᠨᠡᠯᠭᠡ ᠶᠢᠨ ᠬᠤᠷᠢᠶ᠎ᠠ ᠶᠢᠨ ᠡᠪᠡᠳᠴᠢᠨ ᠤ ᠲᠡᠮᠳᠡᠭᠯᠡᠯ  ᠤᠨ ᠡᠯᠧᠺᠲᠷᠣᠨ ᠬᠡᠪ ᠢ 4 ᠲᠠᠰ ᠤᠨ ᠲᠦᠪᠰᠢᠨ ᠳᠤ ᠬᠦᠷᠭᠡᠵᠦ᠂ ᠬᠤᠰᠢᠭᠤᠨ ᠲᠠᠰ ᠤᠨ ᠡᠮᠨᠡᠯᠭᠡ ᠶᠢᠨ ᠬᠤᠷᠢᠶ᠎ᠠ ᠪᠠᠷ ᠲᠦᠷᠦᠭᠦᠯᠦᠭᠰᠡᠨ ᠡᠮᠨᠡᠯᠭᠡ ᠶᠢᠨ ᠬᠤᠯᠪᠤᠠᠭᠠᠳᠤ ᠴᠤᠭᠴᠠ ᠶᠢᠨ ᠳᠣᠲᠣᠭᠠᠳᠤ ᠳᠠᠬᠢ ᠮᠡᠳᠡᠭᠡ ᠵᠠᠩᠭᠢ ᠶᠢ ᠬᠠᠷᠢᠯᠴᠠᠨ ᠨᠠᠪᠲᠠᠷᠡᠭᠦᠯᠵᠦ ᠬᠠᠮᠳᠦ ᠪᠠᠷ ᠬᠥᠷᠲᠡᠨ᠎ᠡ᠃ ᠮᠢᠩᠭᠠᠨ ᠬᠥᠮᠥᠨ ᠠᠮᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣ ᠶᠢᠨ ᠲᠤᠭ᠎ᠠ᠂ ᠪᠠᠶᠢᠩᠭᠤ ᠰᠠᠭᠤᠭ᠎ᠠ ᠮᠢᠩᠭᠠᠨ ᠬᠥᠮᠥᠨ ᠠᠮᠠ ᠪᠦᠷᠢ ᠶᠢᠨ ᠲᠤᠳᠤᠷᠠᠬᠢ ᠮᠡᠷᠭᠡᠵᠢᠯ ᠤᠨ ᠲᠤᠰᠠᠯᠠᠭᠴᠢ ᠡᠮᠴᠢ ᠶᠢᠨ ᠲᠤᠭ᠎ᠠ ᠪᠣᠯᠣᠨ ᠳᠠᠩᠰᠠᠯᠠᠭᠤᠯᠤᠭᠰᠠᠨ ᠰᠤᠪᠢᠯᠠᠭᠴᠢ ᠶᠢᠨ ᠲᠤᠭ᠎ᠠ᠂ ᠪᠠᠶᠢᠩᠭᠤ ᠰᠠᠭᠤᠭ᠎ᠠ ᠮᠢᠩᠭᠠᠨ ᠬᠥᠮᠥᠨ ᠠᠮᠠ ᠪᠦᠷᠢ ᠶᠢᠨ ᠲᠤᠳᠤᠷᠡᠬᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯᠲᠠᠨ ᠤ ᠲᠤᠭ᠎ᠠ᠂ ᠪᠠᠶᠢᠩᠭᠤ ᠰᠠᠭᠤᠭ᠎ᠠ ᠲᠦᠮᠡᠨ ᠬᠥᠮᠥᠨ ᠠᠮᠠ ᠪᠦᠷᠢ ᠶᠢᠨ ᠲᠤᠳᠤᠷᠠᠬᠢ ᠶᠡᠷᠦᠩᠬᠡᠢ ᠰᠠᠯᠠᠭᠠᠨ ᠤ ᠡᠮᠴᠢ ᠶᠢᠨ ᠲᠤᠭ᠎ᠠ᠂ ᠡᠮᠴᠢ ᠰᠤᠪᠢᠯᠠᠭᠴᠢ ᠶᠢᠨ ᠬᠠᠷᠢᠴᠠᠯ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯᠲᠠᠨ ᠤ ᠡᠵᠡᠯᠡᠬᠦ ᠬᠠᠷᠢᠴᠠᠯ ᠵᠡᠷᠭᠡ ᠭᠦᠢᠴᠡᠳᠬᠡᠯ ᠲᠤᠭ᠎ᠠ ᠶᠢ ᠴᠥᠮ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠳᠤ ᠬᠥᠷᠭᠡᠨ᠎ᠡ᠃ ᠬᠤᠲᠠ ᠬᠥᠳᠡᠭᠡ ᠶᠢᠨ ᠲᠦᠮᠡᠨ ᠰᠠᠭᠤᠭᠠᠯᠢ ᠠᠷᠠᠳ  ᠪᠦᠷᠢ ᠳᠤ 0.6 ︱ 0.8 ᠨᠡᠷᠡᠰ ᠬᠢᠷᠢ ᠲᠡᠩᠴᠡᠭᠰᠡᠨ ᠬᠢᠲᠠᠳ ᠡᠮᠨᠡᠯᠭᠡ ︵ᠮᠣᠩᠭᠤᠯ      ᠡᠮᠨᠡᠯᠭᠡ︶ ᠶᠢᠨ ᠲᠥᠷᠥᠯ ᠤᠨ ᠶᠡᠷᠦᠩᠬᠡᠢ ᠰᠠᠯᠠᠭᠠᠨ ᠤ ᠡᠮᠴᠢ ᠪᠠᠶᠢᠬᠤ ᠶᠢ  ᠪᠠᠳᠤᠯᠠᠨ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠲᠥᠷᠥᠯ ᠤᠨ ᠠᠵᠢᠯ ᠡᠷᠭᠢᠯᠡᠬᠦ ᠡᠮᠴᠢ ᠶᠢᠨ ᠳᠤᠮᠳᠠᠴᠢ ᠲᠤᠬᠠᠶᠢᠯᠠᠭᠰᠠᠨ ᠠᠵᠢᠯ ᠤᠨ ᠬᠠᠷᠢᠴᠠᠯ ᠢ 25% ᠠᠴᠠ ᠳᠡᠭᠡᠭᠰᠢ ᠳᠤ ᠬᠦᠷᠦᠭᠦᠯᠦᠨ᠎ᠡ᠃ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠵᠤ᠂ 30% ᠠᠴᠠ ᠳᠡᠭᠡᠭᠰᠢᠬᠢ ᠡᠷᠡᠭᠦᠯ ᠬᠠᠮᠠᠭᠠᠯᠠᠯ ᠤᠨ ᠲᠠᠰᠤᠭ ᠨᠢ ᠡᠪᠡᠰᠦᠨ ᠡᠮ ᠴᠢᠨᠠᠬᠤ ᠦᠢᠯᠡᠴᠢᠯᠡᠭᠡ  ᠬᠠᠩᠭᠠᠬᠤ ᠪᠣᠯᠣᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠠᠭᠰᠢ ᠤᠯᠠᠮᠵᠢᠯᠠᠬᠤ ᠰᠤᠷᠭᠠᠨ ᠬᠥᠮᠦᠵᠢᠯ ᠢ ᠥᠷᠨᠢᠭᠦᠯᠵᠦ᠂ ᠡᠸᠤᠷᠦ᠋ᠫᠠ ᠡᠮᠨᠡᠯᠭᠡ ᠨᠢ ᠬᠢᠲᠡᠳ ︵ᠮᠣᠩᠭᠤᠯ︶ ᠡᠮᠨᠡᠯᠭᠡ ᠰᠤᠷᠬᠤ ᠪᠣᠯᠪᠠᠰᠤᠷᠠᠭᠤᠯᠤᠯ ᠢ ᠠᠬᠢᠭᠤᠯᠤᠨ᠂ ᠡᠸᠤᠷᠦ᠋ᠫᠠ ᠡᠮᠨᠡᠯᠭᠡ ᠨᠢ ᠬᠢᠲᠡᠳ ︵ᠮᠣᠩᠭᠤᠯ︶ ᠡᠮᠨᠡᠯᠭᠡ ᠰᠤᠷᠬᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠣᠨᠣᠰᠢᠯᠠᠨ ᠡᠮᠨᠡᠬᠦ ᠬᠥᠮᠥᠨ ᠤᠳᠠᠭ᠎ᠠ ᠶᠢ ᠶᠡᠷᠦᠩᠬᠡᠢ ᠣᠨᠣᠰᠢᠯᠠᠨ ᠡᠮᠨᠡᠬᠦ ᠬᠥᠮᠥᠨ ᠤᠳᠠᠭ᠎ᠠ ᠶᠢᠨ 35% ᠠᠴᠠ ᠳᠡᠭᠡᠭᠰᠢ ᠳᠤ ᠬᠦᠷᠭᠡᠨ᠎ᠡ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠷᠭᠡᠵᠢᠯ ᠤᠨ ᠠᠵᠢᠯᠯᠠᠭᠠᠨ ᠤ ᠵᠢᠷᠤᠮᠵᠢᠯ ᠶᠣᠰᠣᠭᠠᠷ 6 ᠲᠥᠷᠥᠯ ᠤᠨ 10 ᠵᠦᠢᠯ ᠠᠴᠠ ᠳᠡᠭᠡᠭᠰᠢᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠤᠬᠢᠷᠠᠭᠰᠠᠨ ᠮᠡᠷᠭᠡᠵᠢᠯ ᠢ ᠨᠡᠭᠡᠭᠡᠵᠦ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠷᠭᠡᠵᠢᠯ ᠤᠨ ᠠᠵᠢᠯᠯᠠᠭᠠᠨ ᠤ ᠵᠢᠷᠤᠮᠵᠢᠯ ᠶᠣᠰᠣᠭᠠᠷ 4 ᠲᠥᠷᠥᠯ ᠤᠨ 6 ᠵᠦᠢᠯ ᠠᠴᠠ ᠳᠡᠭᠡᠭᠰᠢᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠣᠬᠢᠷᠠᠬᠤ ᠮᠡᠷᠭᠡᠵᠢᠯ ᠢ ᠨᠡᠭᠡᠭᠡᠨ᠎ᠡ᠃      ︵ᠳᠣᠯᠤᠭ᠎ᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠠᠬᠢ ᠦᠢᠯᠡᠳᠦᠯ ᠢ ᠪᠠᠳᠠᠷᠠᠭᠤᠯᠤᠨ᠎ᠠ᠃ ︽ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠢᠳᠡᠪᠬᠢᠲᠡᠢ ᠪᠠᠷ ᠠᠬᠢᠭᠤᠯᠤᠨ᠂ ᠭᠡᠷ ᠪᠦᠯᠢ ᠶᠢᠨ ᠡᠮᠴᠢ ᠶᠢᠨ ᠪᠦᠯᠬᠦᠮ ᠪᠠᠭ ᠨᠢᠭᠡᠪᠦᠷᠢ ᠳᠤ ᠴᠥᠮ ᠬᠢᠲᠠᠳ ᠡᠮ ᠡᠮᠨᠡᠯᠭᠡ ᠶᠢᠨ ᠦᠢᠯᠡᠴᠢᠯᠡᠭᠡ ᠬᠠᠩᠭᠠᠵᠤ ᠳᠡᠶᠢᠯᠬᠦ ᠡᠮᠴᠢ ᠪᠤᠶᠤ ᠬᠥᠳᠡᠭᠡ ᠲᠣᠰᠬᠤᠨ ᠤ ᠡᠮᠴᠢ ᠲᠠᠢ ᠪᠠᠶᠢᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︽ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠷᠭᠡᠵᠢᠯ ᠤᠨ ᠵᠢᠷᠤᠮᠵᠢᠯ︾ ᠵᠡᠷᠭᠡ ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠠᠬᠢ ᠬᠢᠲᠠᠳ ᠡᠮ ᠡᠮᠨᠡᠯᠭᠡ ᠶᠢᠨ ᠦᠢᠯᠡᠳᠦᠯ ᠢ ᠪᠠᠳᠠᠷᠠᠭᠤᠯᠵᠤ᠂ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠬᠤ ᠳᠤᠮᠳᠠ᠂ ᠬᠢᠲᠠᠳ ᠡᠮᠨᠡᠯᠭᠡ ᠶᠢᠨ ᠣᠨᠣᠯ ᠢ ᠬᠡᠷᠡᠭᠯᠡᠨ ᠰᠠᠭᠤᠭᠠᠯᠢ ᠠᠷᠠᠳ ᠤᠨ ᠪᠡᠶ᠎ᠡ ᠮᠠᠬᠠᠪᠤᠳ ᠤᠨ ᠲᠦᠷᠦᠯ ᠰᠢᠨᠵᠢ ᠴᠢᠨᠡᠷ ᠢ ᠤᠨᠤᠰᠢᠯᠠᠨ ᠲᠠᠨᠢᠬᠤ ᠠᠵᠢᠯ ᠢ  ᠦᠷᠨᠢᠭᠦᠯᠦᠨ᠎ᠡ  ᠃ ᠡᠯ᠎ᠡ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠢᠲᠠᠳ ᠡᠮ ᠡᠮᠨᠡᠯᠭᠡ ᠶᠢᠨ ᠮᠡᠳᠡᠯᠭᠡ ᠪᠣᠯᠣᠨ ᠮᠡᠷᠭᠡᠵᠢᠯ ᠴᠢᠳᠠᠪᠤᠷᠢ ᠶᠢ ᠠᠰᠢᠭᠯᠠᠨ ᠡᠪᠡᠳᠴᠢᠨ ᠰᠡᠷᠭᠡᠶᠢᠯᠡᠵᠦ ᠡᠪᠠᠳᠴᠢᠨ ᠵᠠᠰᠠᠬᠤ ᠠᠵᠢᠯ ᠥᠷᠨᠢᠭᠦᠯᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠬᠥᠮᠦᠵᠢᠯ ᠪᠠ ᠤᠬᠠᠭᠤᠯᠭ᠎ᠠ ᠯᠠᠪᠯᠠᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠢᠲᠠᠳ ᠡᠮ ᠡᠮᠨᠡᠯᠭᠡ ᠪᠠᠷ ᠤᠷᠢᠳᠴᠢᠯᠠᠨ ᠰᠡᠷᠭᠡᠶᠢᠯᠡᠵᠦ ᠡᠷᠡᠭᠦᠯᠵᠢᠨ ᠴᠢᠬᠢᠷᠠᠭᠵᠢᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠨᠴᠠᠯᠢᠬᠳᠦ ᠳᠠᠪᠠᠭᠤᠯᠢᠭ ᠢ ᠪᠠᠳᠠᠷᠠᠭᠤᠯᠬᠤ ᠶᠢ ᠴᠢᠬᠤᠯᠠᠴᠢᠯᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠷᠡᠭᠦᠯ ᠮᠡᠨᠳᠦ ᠶᠢᠨ ᠬᠥᠮᠦᠵᠢᠯ ᠤᠨ ᠵᠣᠷ ᠢ ᠲᠣᠭᠲᠠᠭᠠᠨ᠂ ᠨᠠᠰᠤᠲᠠᠶᠢᠴᠤᠳ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠬᠡᠦᠬᠡᠳ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠵᠢᠷᠦᠬᠡᠨ ᠲᠢᠲᠢᠮ ᠤᠨ ᠡᠪᠡᠳᠴᠢᠨ᠂ ᠲᠠᠷᠢᠬᠢᠨ ᠰᠠ ᠳᠠᠭᠠᠷᠢᠬᠤ᠂  ᠤᠳᠠᠭᠠᠨ ᠴᠢᠨᠠᠷᠲᠠᠢ ᠠᠭᠤᠰᠬᠢᠨ  ᠤ ᠲᠥᠭᠵᠢᠷᠡᠯ ᠡᠪᠡᠳᠴᠢᠨ ᠵᠡᠷᠭᠡ ᠭᠤᠣᠯᠳᠠᠯᠭ᠎ᠠ ᠲᠠᠢ ᠬᠥᠮᠥᠰ ᠪᠠ ᠳᠡᠳ᠋ ᠡᠷᠡᠭᠦᠯ ᠮᠡᠨᠳᠦ ᠶᠢᠨ ᠬᠥᠮᠥᠰ ᠲᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠦᠢᠯᠡᠴᠢᠯᠡᠭᠡ ᠬᠠᠩᠭᠠᠨ᠎ᠠ᠃ ᠣᠨ ᠤ ᠬᠢᠲᠠᠳ ᠡᠮ ᠡᠮᠨᠡᠯᠭᠡ     ︵ᠮᠣᠩᠭᠤᠯ ᠡᠮ ᠡᠮᠨᠡᠯᠭᠡ︶ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠬᠠᠷᠠᠯᠲᠠᠲᠤ ᠬᠥᠮᠥᠰ ᠢ ᠤᠯᠤᠰ ᠤᠨ ᠬᠥᠳᠡᠯᠦᠩᠭᠦᠢ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠳᠤ ᠬᠦᠷᠭᠡᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ᠂ ᠨᠡᠶᠢᠭᠡᠮ ᠲᠣᠭᠤᠷᠢᠭ ᠤᠨ ᠡᠷᠡᠭᠦᠯᠵᠢᠭᠦᠯᠬᠦ᠂ ᠣᠷᠳᠣ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ᠂  ᠲᠠᠶᠢᠪᠤᠰᠢᠷᠠᠭᠤᠯᠤᠨ ᠰᠤᠪᠢᠯᠠᠬᠤ ᠵᠡᠷᠭᠡ ᠦᠢᠯᠡᠴᠢᠯᠡᠭᠡᠨ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠷᠭ᠎ᠠ ᠶᠢ ᠠᠭᠤᠰᠬᠠᠨ ᠣᠷᠣᠭᠤᠯᠤᠨ᠎ᠠ᠃      ︵ᠨᠠᠢᠮᠠ︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠣᠳᠠᠲᠤ ᠦᠷ᠎ᠡ ᠪᠦᠲᠦᠮᠵᠢ ᠶᠢ ᠪᠠᠳᠠᠷᠠᠭᠤᠯᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠤᠰᠢᠭᠤᠨ ᠤ ᠬᠢᠲᠠᠳ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠪᠠ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠳᠠᠬᠢ ᠬᠠᠨᠤᠮᠵᠶ ᠶᠢᠨ ᠨᠣᠷᠮ᠎ᠠ 90% ᠠᠴᠠ ᠳᠡᠭᠡᠭᠰᠢ ᠪᠠᠶᠢᠬᠤ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠯᠭᠡ ᠶᠢ ᠣᠶᠢᠯᠠᠭᠠᠬᠤ ᠨᠣᠷᠮ᠎ᠠ 90% ᠠᠴᠠ ᠳᠡᠭᠡᠭᠰᠢ ᠪᠠᠶᠢᠬᠤ᠂ ᠬᠤᠰᠢᠭᠤᠨ ᠳᠣᠲᠣᠷᠠᠬᠢ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠠᠭᠤᠯᠭ᠎ᠠ ᠶᠢ ᠣᠶᠢᠯᠠᠭᠠᠬᠤ ᠨᠣᠷᠮ᠎ᠠ 85% ᠠᠴᠠ ᠳᠡᠭᠡᠭᠰᠢ ᠪᠠᠶᠢᠬᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮ ᠡᠮᠨᠡᠯᠭᠡ         ︵ᠮᠣᠩᠭᠤᠯ ᠡᠮ ᠡᠮᠨᠡᠯᠭᠡ︶ ᠶᠢᠨ ᠠᠵᠢᠯᠲᠠᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ 85% ᠠᠴᠠ ᠳᠡᠭᠡᠭᠰᠢ ᠪᠠᠶᠢᠬᠤ ᠶᠢ ᠪᠠᠳᠤᠯᠠᠨ᠎ᠠ᠃      ︵ᠶᠢᠰᠦ︶ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠤᠰᠢᠭᠤᠨ ᠤ ᠬᠢᠲᠠᠳ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠪᠠᠷ ᠳᠠᠭᠠᠭᠤᠯᠤᠭᠴᠢ ᠪᠣᠯᠭᠠᠵᠤ᠂ ᠰᠠᠭᠤᠷᠢ ᠪᠡᠯᠡᠳᠬᠡᠮᠵᠢ᠂ ᠭᠤᠣᠯᠳᠠᠯᠭ᠎ᠠ ᠲᠠᠢ ᠲᠤᠰᠬᠠᠢ ᠰᠠᠯᠠᠭ᠎ᠠ᠂ ᠮᠡᠳᠡᠭᠡ ᠵᠠᠩᠭᠢᠴᠢᠯᠠᠯᠳᠠ ᠶᠢᠨ ᠪᠠᠶᠢᠭᠤᠯᠤᠯᠲᠠ ᠶᠢ ᠴᠢᠩᠭᠠᠳᠬᠠᠨ᠂ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠬᠢᠭᠡᠳ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠢᠭᠲᠠ ᠬᠠᠮᠵᠢᠯᠴᠠᠭᠠᠨ ᠤ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠠᠮᠳᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠵᠢᠯᠤᠭᠤᠳᠬᠤ ᠰᠠᠯᠠᠭ᠎ᠠ ᠶᠢᠨ ᠦᠢᠯᠡᠳᠦᠯ ᠢ ᠪᠠᠳᠠᠷᠠᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠢᠲᠠᠳ ᠡᠮ ᠡᠮᠨᠡᠯᠭᠡ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠥᠷᠨᠢᠭᠦᠯᠵᠦ᠂ ᠬᠤᠣᠰ ᠴᠢᠭᠯᠡᠯ ᠢᠶᠠᠷ ᠰᠢᠯᠵᠢᠭᠦᠯᠦᠨ ᠡᠮᠨᠡᠬᠦ ᠪᠦᠲᠦᠮᠵᠢᠲᠡᠶ ᠳᠦᠷᠢᠮ ᠢ ᠪᠠᠶᠢᠭᠤᠯᠤᠨ᠎ᠠ᠃ ︽ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠬᠢᠲᠠᠳ ᠡᠮᠨᠡᠯᠭᠡ ᠶᠢᠨ ᠡᠮᠴᠢᠯᠡᠭᠡᠨ ᠤ ᠲᠠᠰᠤᠭ ᠤᠨ ᠦᠨᠳᠦᠰᠦᠨ ᠪᠠᠷᠢᠮᠵᠢᠶ᠎ᠠ︾ ᠪᠠ ︽ᠡᠮᠨᠡᠯᠭᠡ ᠶᠢᠨ ᠬᠤᠷᠢᠶ᠎ᠠ ᠶᠢᠨ ᠬᠢᠲᠠᠳ ᠡᠮ ᠤᠨ ᠲᠠᠰᠤᠭ ᠤᠨ ᠦᠨᠳᠦᠰᠦᠨ ᠪᠠᠷᠢᠮᠵᠢᠶ᠎ᠠ︾ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤᠨ ᠡᠮᠨᠡᠯᠭᠡ ᠶᠢᠨ ᠬᠤᠷᠢᠶ᠎ᠠ ᠶᠢᠨ ᠬᠢᠲᠠᠳ ᠡᠮᠨᠡᠯᠭᠡ ᠶᠢᠨ ᠲᠠᠰᠤᠭ ᠪᠠ ᠬᠢᠲᠠᠳ ᠡᠮ ᠤᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠢᠲᠠᠳ ᠡᠮᠨᠡᠯᠭᠡ ᠵᠢᠴᠢ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠨ ᠣᠨᠣᠰᠢᠯᠠᠨ ᠡᠮᠨᠡᠬᠦ ᠠᠵᠢᠯ ᠢ ᠥᠷᠨᠢᠭᠦᠯᠦᠨ᠎ᠡ︔ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠡᠷ ᠨᠢ ︽ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ  ᠶᠢ ᠪᠠᠷᠢᠮᠵᠢᠶᠠᠵᠢᠭᠤᠯᠤᠨ ᠪᠠᠶᠢᠭᠤᠯᠬᠤ ᠪᠠ ᠳᠦᠷᠢᠮᠵᠢᠭᠦᠯᠦᠨ ᠬᠠᠮᠢᠶᠠᠷᠬᠤ ᠲᠤᠬᠠᠢ ᠵᠢᠯᠤᠭᠤᠳᠬᠤ ᠰᠠᠨᠠᠯ︾ ᠪᠠ ︽ᠡᠯ᠎ᠡ ᠱᠠᠲᠤᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠪᠠᠶᠢᠷᠢᠯᠠᠭᠤᠯᠤᠯᠲᠠ ᠶᠢᠨ ᠵᠦᠭᠯᠡᠭᠦᠷ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠢᠲᠠᠳ ᠡᠮᠨᠡᠯᠭᠡ ᠶᠢᠨ ᠡᠮᠡᠭᠲᠡᠢ ᠶᠢᠨ ᠰᠠᠯᠠᠭ᠎ᠠ ᠮᠥᠴᠢᠷ ᠪᠠ ᠬᠢᠲᠠᠳ ᠡᠮᠨᠡᠯᠭᠡ ᠶᠢᠨ ᠬᠡᠦᠬᠡᠳ ᠤᠨ ᠰᠠᠯᠠᠭᠠᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠡᠯ᠎ᠡ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠳ ᠬᠢᠲᠠᠳ ᠡᠮ ᠡᠮᠨᠡᠯᠭᠡ ᠶᠢᠨ ᠰᠣᠶᠣᠯ ᠤᠨ ᠠᠭᠤᠯᠭ᠎ᠠ ᠪᠠᠶᠠᠯᠢᠭ ᠪᠥᠭᠡᠳ ᠲᠤᠰᠠᠭᠠᠷ ᠪᠠᠶᠢᠭᠤᠯᠤᠭᠰᠠᠨ ᠬᠢᠲᠠᠳ ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶  ᠤ ᠲᠠᠩᠰᠠ ᠡᠪᠬᠡᠮᠡᠯ ᠢ ᠲᠠᠰ      ᠳᠡᠪᠰᠢᠭᠦᠯᠦᠨ᠂ ᠬᠢᠲᠠᠳ ᠡᠮᠨᠡᠯᠭᠡ ᠶᠢᠨ ᠡᠮᠴᠢᠯᠡᠭᠡᠨ ᠤ ᠲᠠᠰᠤᠭ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠤᠨ᠂ ᠬᠢᠲᠠᠳ ᠡᠮᠨᠡᠯᠭᠡ ᠶᠢᠨ ᠣᠨᠣᠰᠢᠯᠠᠨ ᠡᠮᠨᠡᠬᠦ ᠲᠥᠬᠦᠭᠡᠷᠦᠮᠵᠢ᠂  ᠡᠪᠠᠰᠤᠨ ᠡᠮ ᠴᠢᠨᠠᠬᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠢᠲᠠᠳ ᠡᠮ ᠡᠮᠨᠡᠯᠭᠡ ᠪᠣᠯᠣᠨ ᠬᠢᠲᠠᠳ ᠡᠮᠨᠡᠯᠭᠡ ᠶᠢᠨ ᠲᠤᠬᠢᠷᠠᠭᠰᠠᠨ ᠮᠡᠷᠭᠡᠵᠢᠯ ᠤᠨ ᠦᠢᠯᠡᠴᠢᠯᠡᠭᠡ ᠶᠢ ᠰᠠᠶᠢᠲᠤᠷ  ᠬᠠᠩᠭᠠᠨ᠎ᠠ᠃      ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ      ︵ᠨᠢᠭᠡ︶  ᠴᠤᠭᠴᠠᠯᠠᠨ ᠪᠠᠶᠢᠭᠤᠯᠬᠤ ᠠᠵᠢᠯ ᠤᠨ ᠴᠠᠭ ᠤᠨ ᠬᠢᠵᠠᠭᠠᠷ      2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠴᠤᠭᠴᠠᠯᠠᠨ ᠪᠠᠶᠢᠭᠤᠯᠬᠤ ᠠᠵᠢᠯ ᠤᠨ  ᠡᠷᠡᠮᠡᠯᠵᠡᠯᠡᠨ ᠮᠡᠳᠡᠭᠦᠯᠬᠦ ᠮᠠᠲ᠋ᠧᠷᠢᠶᠠᠯ ᠢ ᠲᠤᠰᠢᠶᠠᠵᠤ᠂ 6 ᠳ᠋ᠤᠭᠠᠷ ᠰᠠᠷ᠎ᠠ ᠶᠢᠨ ᠡᠬᠢ ᠪᠠᠷ ᠴᠤᠭᠴᠠᠯᠠᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ᠎ᠡ᠃ 5 ᠳ᠋ᠤᠭᠠᠷ ᠰᠠᠷ᠎ᠠ ᠳᠤ ᠬᠤᠰᠢᠭᠤᠨ ᠤ ᠬᠢᠲᠠᠳ ᠡᠮᠨᠡᠯᠭᠡ ᠶᠢᠨ ᠬᠤᠷᠢᠶ᠎ᠠ ᠤᠯᠠᠭᠠᠨᠬᠠᠳᠠ ᠬᠤᠲᠠ ᠶᠢ ᠲᠥᠯᠥᠭᠡᠯᠡᠨ ︽ᠬᠠᠮᠤᠭ ᠤᠨ ᠭᠤᠶᠣ ᠵᠠᠭᠤᠨ ᠡᠪᠠᠰᠤᠳᠦ ᠴᠡᠴᠡᠷᠯᠢᠭ  ︾ ᠤᠨ ᠠᠵᠢᠯᠯᠠᠭ᠎ᠠ ᠶᠢ ᠡᠬᠢᠯᠡᠭᠦᠯᠤᠨ᠎ᠠ︔ ᠮᠣᠩᠭᠤᠯ ᠡᠮᠨᠡᠯᠭᠡ ᠶᠢᠨ ᠬᠤᠷᠢᠶ᠎ᠠ᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 2023 ᠣᠨ ᠤ ᠳᠣᠣᠷ᠎ᠠ ᠬᠠᠭᠠᠰ ᠵᠢᠯ ᠳᠤ ︽ᠨᠢᠭᠡ ᠬᠥᠮᠥᠨ ᠨᠢᠭᠡ  ᠵᠣᠷ︾ ᠤᠨ ᠠᠵᠢᠯ ᠢ ᠡᠬᠢᠯᠡᠭᠦᠯᠦᠨ᠎ᠡ︔ 2023 ᠣᠨ ᠳᠤ ᠡᠪᠡᠰᠦᠨ ᠡᠮ ᠴᠢᠨᠠᠬᠤ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠲᠦᠭᠡᠮᠡᠯᠵᠢᠭᠦᠯᠵᠦ᠂ ᠬᠢᠲᠠᠳ ᠡᠮᠨᠡᠯᠭᠡ ᠶᠢᠨ ᠲᠥᠷᠥᠯ ᠤᠨ ᠠᠵᠢᠯᠲᠠᠨ ᠢ ᠰᠢᠯᠭᠠᠨ ᠬᠢᠨᠠᠬᠤ ᠨᠡᠯᠢᠶᠡᠳ ᠪᠦᠷᠢᠨ ᠲᠡᠭᠦᠯᠳᠡᠷ ᠰᠢᠰᠲ᠋ᠧᠮ ᠢ ᠪᠠᠶᠢᠭᠤᠯᠤᠨ᠎ᠠ᠃ ᠮᠣᠩᠭᠤᠯ ᠡᠮᠨᠡᠯᠭᠡ ᠶᠢᠨ ᠬᠤᠷᠢᠶ᠎ᠠ ᠨᠢ ︽ᠨᠢᠭᠡ ᠬᠥᠮᠥᠨ ᠨᠢᠭᠡ ᠵᠣᠷ︾ ᠤᠨ ᠡᠮ ᠨᠠᠶᠢᠷᠠᠭᠤᠯᠬᠤ ᠲᠥᠪ ᠪᠠᠶᠢᠭᠤᠯᠵᠤ᠂ ᠪᠥᠬᠦ ᠬᠤᠰᠢᠭᠤᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠨᠥᠯᠥᠭᠡᠯᠡᠨ ᠳᠠᠶᠢᠴᠢᠯᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠳᠤᠮᠳᠠᠬᠢ ᠪᠣᠭᠤᠮᠢ ᠶᠢᠨ ᠠᠰᠠᠭᠤᠳᠠᠯ ᠢ ᠰᠢᠢᠳᠪᠦᠷᠢᠯᠡᠨ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ 2024 ᠣᠨ ᠪᠣᠯᠬᠤ ᠳᠤ ᠨᠡᠯᠢᠶᠡᠳ ᠳᠠᠪᠠᠭᠤᠯᠢᠭ ᠪᠦᠬᠦᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠤ ᠬᠦᠴᠦᠨ ᠢ ᠵᠣᠬᠢᠶᠠᠨ ᠪᠠᠶᠢᠭᠤᠯᠤᠨ ᠬᠥᠮᠥᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠣᠰᠢᠯᠠᠨ ᠡᠮᠨᠡᠬᠦ ᠬᠥᠮᠥᠨ ᠤᠳᠠᠭ᠎ᠠ ᠶᠢᠨ ᠬᠠᠷᠢᠴᠠᠯ ᠢ 40% ᠪᠣᠯᠲᠠᠯ᠎ᠠ ᠳᠡᠭᠡᠭᠰᠢᠯᠡᠭᠦᠯᠦᠨ᠎ᠡ︔ 2024 ᠣᠨ ᠪᠣᠯᠬᠤ ᠳᠤ ᠪᠥᠬᠦ ᠬᠤᠰᠢᠭᠤᠨ ᠳᠤ ᠬᠢᠲᠠᠳ ᠡᠮᠴᠢ ︵ᠮᠣᠩᠭᠤᠯ ᠡᠮᠴᠢ︶  ᠶᠢ  25 ᠨᠡᠷ᠎ᠡ ᠠᠴᠠ ᠳᠡᠭᠡᠭᠰᠢ ᠬᠦᠮᠦᠵᠭᠦᠯᠦᠨ᠎ᠡ︔ ᠬᠢᠲᠠᠳ ᠡᠮᠨᠡᠯᠭᠡ ᠶᠢᠨ ︵ᠮᠣᠩᠭᠤᠯ ᠡᠮᠨᠡᠯᠭᠡ︶ ᠶᠢᠨ ᠲᠦᠷᠦᠯ ᠤᠨ ᠮᠡᠷᠭᠡᠵᠢᠯ ᠤᠨ ᠡᠮᠴᠢ ᠪᠦᠬᠦᠨ ᠢᠶᠠᠷ ᠢᠶᠠᠨ ᠡᠪᠡᠰᠦᠨ ᠡᠮ ᠤᠨ ᠴᠢᠨᠠᠵᠦ ᠤᠤᠭᠤᠬᠤ ᠪᠡᠯᠡᠳᠤᠮᠡᠯ ᠢ ᠬᠡᠷᠡᠭᠯᠡᠵᠦ ᠴᠢᠳᠠᠭᠰᠠᠨ ᠪᠠᠶᠢᠬᠤ  ︔ 10 ᠵᠦᠢᠯ ᠠᠴᠠ ᠳᠡᠭᠡᠭᠰᠢ ᠬᠦᠴᠢᠷ ᠲᠦᠪᠡᠭᠲᠡᠢ ᠡᠪᠡᠳᠴᠢᠨ ᠡᠮᠭᠡᠭ ᠢ ᠰᠢᠢᠳᠪᠦᠷᠢᠯᠡᠵᠦ ᠲᠡᠶᠢᠯᠬᠦ ᠴᠢᠳᠠᠪᠤᠷᠢ ᠲᠠᠢ      ᠪᠠᠶᠢᠬᠤ᠂ ᠰᠢᠯᠢᠳᠡᠭ ᠰᠠᠶᠢᠨ ᠪᠣᠳᠠᠲᠤ ᠬᠦᠴᠦᠨ ᠢᠶᠠᠷ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠥᠷᠬᠦᠯᠵᠢᠯᠡᠬᠦᠶᠢᠴᠠ ᠬᠥᠭᠵᠢᠯᠲᠡ ᠶᠢ ᠪᠠᠲᠤᠯᠠᠨ᠎ᠠ᠃      ︵ᠬᠤᠶᠠᠷ︶ ᠭᠤᠣᠯ ᠡᠭᠦᠷᠭᠡ ᠶᠢᠨ ᠪᠠᠶᠢᠷᠢᠯᠠᠭᠤᠯᠤᠯᠲᠠ      1. ᠬᠤᠰᠢᠭᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠬᠥᠭᠵᠢᠯᠲᠡ ᠶᠢᠨ ᠬᠠᠷᠠᠯᠲᠠ      ︵1︶ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠵᠦ᠂ ︽ᠭᠤᠷᠪᠠᠳᠤᠭᠠᠷ ᠲᠡᠰ ᠤᠨ ᠬᠢᠲᠠᠳ ︵ᠮᠣᠩᠭᠤᠯ︶ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ︾ ᠶᠢᠨ ᠱᠠᠭᠠᠷᠳᠠᠯᠭ᠎ᠠ ᠶᠣᠰᠣᠭᠠᠷ᠂ ᠤᠯᠤᠰ ᠤᠨ ᠭᠤᠷᠪᠠᠳᠤᠭᠠᠷ ᠲᠡᠰ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠨᠠᠭᠰᠢᠳᠠ ᠠᠬᠢᠭᠤᠯᠤᠨ᠎ᠠ᠃      ︵2︶ ᠬᠤᠰᠢᠭᠤᠨ ᠤ ᠬᠢᠲᠠᠳ ᠡᠮᠨᠡᠯᠭᠡ ᠶᠢᠨ ᠬᠤᠷᠢᠶ᠎ᠠ ᠶᠢᠨ ᠬᠢᠲᠠᠳ ᠡᠮ ᠡᠮᠨᠡᠯᠭᠡ ᠶᠢᠨ ᠳᠠᠭᠠᠭᠤᠯᠤᠭᠴᠢ ᠦᠢᠯᠡᠳᠦᠯ ᠢ ᠪᠠᠳᠠᠷᠠᠭᠤᠯᠵᠤ᠂ ᠲᠡᠭᠦᠨ ᠢ ᠪᠥᠬᠦ ᠬᠤᠰᠢᠭᠤᠨ ᠤ ᠬᠢᠲᠠᠳ ᠡᠮ ᠡᠮᠨᠡᠯᠭᠡ ᠶᠢᠨ ᠡᠮᠴᠢᠯᠡᠭᠡ᠂ ᠰᠢᠨᠵᠢᠯᠡᠬᠦ ᠤᠬᠠᠭᠠᠨ ᠤ ᠰᠤᠳᠤᠯᠭᠠᠨ᠂ ᠵᠢᠭᠠᠨ ᠰᠤᠷᠭᠠᠯᠲᠠ ᠶᠢᠨ ᠲᠥᠪ ᠪᠣᠯᠭᠠᠵᠤ᠂ ᠪᠥᠬᠦ ᠬᠤᠰᠢᠭᠤᠨ ᠤ ᠬᠢᠲᠠᠳ ᠡᠮ ᠡᠮᠨᠡᠯᠭᠡ ᠶᠢᠨ ᠠᠵᠢᠯᠲᠠᠨ ᠢ ᠪᠤᠯᠪᠠᠰᠤᠷᠠᠭᠤᠯᠤᠨ᠂ ᠦᠨᠳᠦᠰᠦᠨ ᠱᠠᠲᠤᠨ ᠳᠤ ᠵᠢᠯ ᠪᠦᠷᠢ ᠨᠠᠭᠠᠲᠤ ᠵᠠᠬ᠎ᠠ ᠳᠠᠭᠠᠨ 20 ᠬᠢᠲᠠᠳ ᠡᠮ ᠡᠮᠨᠡᠯᠭᠡ ᠶᠢᠨ ᠠᠵᠢᠯᠲᠠᠨ ᠢ ᠪᠣᠯᠪᠠᠰᠤᠷᠠᠭᠤᠯᠵᠤ᠂ ᠵᠢᠯ ᠪᠦᠷᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ  5 ᠤᠳᠠᠭ᠎ᠠ ᠠᠴᠠ ᠳᠡᠭᠡᠭᠰᠢ ᠵᠢᠯᠤᠭᠤᠳᠤᠯᠭ᠎ᠠ ᠬᠢᠬᠦ   ᠶᠢ ᠱᠠᠭᠠᠷᠳᠠᠨ᠎ᠠ᠃      ︵3︶ ᠬᠢᠲᠠᠳ ᠡᠮᠨᠡᠯᠭᠡ ᠶᠢᠨ ᠡᠭᠦᠳᠡᠨ ᠡᠮᠨᠡᠯᠭᠡ ᠶᠢᠨ ᠰᠠᠯᠠᠭ᠎ᠠ ᠲᠠᠰᠤᠭ ᠢ ᠪᠠᠶᠢᠭᠤᠯᠤᠨ ᠲᠡᠭᠦᠯᠳᠡᠷᠵᠢᠭᠦᠯᠵᠦ᠂ ᠣᠨᠴᠠᠭᠠᠶᠢᠯᠠᠨ ᠬᠢᠲᠠᠳ ᠡᠮᠨᠡᠯᠭᠡ ᠶᠢᠨ ᠣᠨᠴᠠᠯᠢᠭ ᠪᠦᠬᠦᠢ ᠲᠤᠰᠬᠠᠢ ᠡᠪᠡᠳᠴᠢᠨ ᠤ ᠲᠤᠰᠬᠠᠢ ᠰᠠᠯᠠᠭᠠᠨ ᠤ ᠪᠠᠶᠢᠭᠤᠯᠤᠯᠲᠠ᠂ ᠡᠮᠨᠡᠯᠭᠡ ᠳᠤ ᠣᠷᠤᠬᠤ ᠠᠴᠠ ᠡᠮᠦᠨᠡᠬᠢ ᠲᠦᠷᠭᠡᠨ ᠠᠪᠤᠷᠠᠯᠲᠠ ᠵᠡᠷᠭᠡ ᠶᠢ ᠴᠢᠬᠤᠯᠠᠴᠢᠯᠠᠨ ᠬᠥᠭᠵᠢᠭᠦᠯᠵᠦ᠂ ᠲᠤᠰ ᠬᠤᠷᠢᠶᠠᠨ ᠤ ᠪᠠᠨ ᠪᠦᠬᠦᠯᠢ ᠴᠣᠭᠴᠠ ᠶᠢᠨ ᠴᠢᠳᠠᠮᠵᠢ ᠪᠠ ᠪᠠᠶᠢᠩᠭᠤ ᠲᠣᠬᠢᠶᠠᠯᠳᠤᠬᠤ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠡᠮᠨᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠠᠶᠢᠩᠭᠤ ᠲᠣᠬᠢᠶᠠᠯᠳᠤᠬᠤ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠡᠮᠨᠡᠨ ᠵᠠᠰᠠᠭᠠᠳ ᠠᠮᠵᠢᠯᠲᠠ ᠣᠯᠣᠭᠰᠠᠨ ᠨᠤᠷᠮ᠎ᠠ ᠶᠢ 80% ᠠᠴᠠ ᠳᠡᠭᠡᠭᠰᠢ ᠪᠠᠶᠢᠯᠭᠠᠬᠤ ᠶᠢ ᠪᠠᠳᠤᠯᠠᠨ᠎ᠠ᠃        ︵4︶ ᠡᠯ᠎ᠡ ᠵᠦᠢᠯ ᠤᠨ ᠠᠵᠢᠯ ᠤᠨ ᠭᠦᠢᠴᠡᠳᠬᠡᠯ ᠲᠤᠭ᠎ᠠ ᠶᠢ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠶᠢ ᠴᠤᠭᠴᠠᠯᠠᠨ ᠪᠠᠶᠢᠭᠤᠯᠬᠤ ᠠᠵᠢᠯ︾ ᠤᠨ ᠪᠠᠷᠢᠮᠵᠢᠶ᠎ᠠ ᠳᠤ ᠬᠦᠷᠭᠡᠨ᠎ᠡ᠃      ︵5︶ ᠡᠮᠨᠡᠯᠭᠡ ᠳᠤ ᠰᠠᠭᠤᠭᠰᠠᠨ ᠡᠪᠡᠳᠴᠢᠨ ᠤ ᠲᠡᠩᠰᠠ ᠶᠢᠨ ᠬᠥᠬᠡ ᠳᠡᠰ ᠤᠨ ᠨᠣᠷᠮ᠎ᠠ ᠶᠢ 90% ᠳᠤ ᠬᠦᠷᠭᠡᠵᠦ᠂ ᠬᠢᠲᠠᠳ ᠡᠮᠨᠡᠯᠭᠡ ᠶᠢᠨ ᠵᠣᠷ ᠤᠨ ᠪᠢᠴᠢᠯᠭᠡ ᠶᠢ ︽ᠵᠣᠷ ᠤᠨ ᠬᠠᠮᠢᠶᠠᠷᠤᠯᠲᠠ ᠶᠢᠨ ᠠᠷᠭ᠎ᠠ︾᠂          ︽ᠬᠢᠲᠠᠳ ᠡᠮ ᠤᠨ ᠵᠣᠷ ᠤᠨ ᠬᠡᠯᠪᠡᠷᠢ ᠵᠢᠴᠢ ᠪᠢᠴᠢᠯᠭᠡ ᠶᠢᠨ ᠳᠦᠷᠢᠮᠵᠢᠯ︾ ᠤᠨ ᠱᠠᠭᠠᠷᠳᠠᠯᠭ᠎ᠠ ᠳᠤ      ᠨᠡᠶᠢᠴᠡᠭᠦᠯᠦᠨ᠎ᠡ᠃      ︵6︶ ᠬᠢᠲᠠᠳ ᠡᠮᠨᠡᠯᠭᠡ ᠶᠢᠨ ᠡᠷᠡᠭᠦᠯᠵᠢᠯ ᠤᠨ ᠭᠤᠣᠯᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠬᠢᠲᠠᠳ ᠡᠮᠨᠡᠯᠭᠡ ᠶᠢᠨ ᠬᠤᠷᠢᠶ᠎ᠠ ᠶᠢᠨ ᠰᠢᠶᠠᠨ ᠤ ᠬᠡᠪᠴᠢᠶᠡᠨ ᠤ ᠡᠷᠡᠭᠦᠯᠵᠢᠯ ᠤᠨ ᠣᠨᠣᠰᠢᠯᠠᠨ ᠡᠮᠨᠡᠬᠦ ᠲᠥᠪ ᠢ ᠵᠢᠩᠬᠢᠨᠢ ᠪᠠᠷ ᠫᠠᠶᠢᠰᠠ ᠡᠯᠭᠦᠨ ᠠᠰᠢᠭᠯᠠᠯᠲᠠ ᠳᠤ ᠣᠷᠣᠭᠤᠯᠤᠨ᠎ᠠ᠃      ︵7︶ ᠬᠢᠲᠠᠳ ᠡᠪᠡᠰᠦᠨ ᠡᠮ ᠳᠠᠷᠢᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠬᠠᠮᠤᠭ ᠤᠨ ᠭᠤᠶᠣ ᠵᠠᠭᠤᠨ ᠡᠪᠠᠰᠤᠳᠤ ᠴᠡᠴᠡᠷᠯᠢᠭ︾ ᠢ ᠪᠠᠶᠢᠭᠤᠯᠤᠨ᠎ᠠ᠃      ︵8︶ ᠡᠪᠡᠳᠴᠢᠲᠡᠨ ᠤ ᠣᠷᠣ ᠶᠢᠨ ᠬᠡᠷᠡᠭᠯᠡᠬᠦ ᠨᠣᠷᠮ᠎ᠠ ᠶᠢ 95% ᠠᠴᠠ ᠳᠡᠭᠡᠭᠰᠢ ᠪᠠᠶᠢᠯᠭᠠᠵᠤ᠂ ᠡᠮᠨᠡᠯᠭᠡ ᠳᠤ ᠰᠠᠭᠤᠭᠰᠠᠨ ᠳᠤᠮᠳᠠᠴᠢ ᠡᠳᠦᠷ ᠢ ᠬᠢᠲᠠᠳ ᠡᠮ ᠡᠮᠨᠡᠯᠭᠡ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠬᠦᠷᠭᠡᠨ᠎ᠡ᠃      ︵9︶ ︽ᠬᠤᠶᠠᠷ ᠲᠥᠰᠤᠯ ᠨᠢᠭᠡ ᠳᠦᠷᠢᠮ︾ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠠᠷᠤ ᠬᠤᠷᠴᠢᠨ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ  2023 ᠣᠨ ᠤ ᠠᠬᠢᠭᠤᠯᠬᠤ ᠲᠥᠰᠥᠯ ᠤᠨ ᠱᠠᠭᠠᠷᠳᠠᠯᠭ᠎ᠠ ᠳᠤ ᠬᠦᠷᠭᠡᠨ᠎ᠡ᠃      2. ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠥᠭᠵᠢᠯᠲᠡ ᠶᠢᠨ ᠬᠠᠷᠠᠯᠲᠠ      ︵1︶ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠤᠨ᠂ ᠠᠵᠢᠯ ᠤᠨ ᠬᠢᠷᠢ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠵᠦ᠂ ︽ᠭᠤᠷᠪᠠᠳᠤᠭᠠᠷ ᠲᠡᠰ ᠤᠨ ᠬᠢᠲᠠᠳ ︵ᠮᠣᠩᠭᠤᠯ︶ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ︾ ᠶᠢᠨ ᠱᠠᠭᠠᠷᠳᠠᠯᠭ᠎ᠠ ᠶᠣᠰᠣᠭᠠᠷ᠂ ᠤᠯᠤᠰ ᠤᠨ ᠭᠤᠷᠪᠠᠳᠤᠭᠠᠷ ᠲᠡᠰ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠴᠢᠨᠠᠭᠰᠢᠳᠠ ᠲᠡᠭᠦᠯᠳᠡᠷᠵᠢᠭᠦᠯᠦᠨ᠎ᠡ᠃      ︵2︶ ᠬᠤᠰᠢᠭᠤᠨ ᠤ ᠬᠢᠲᠠᠳ ᠡᠮᠨᠡᠯᠭᠡ ᠶᠢᠨ ᠬᠤᠷᠢᠶ᠎ᠠ ᠶᠢᠨ ᠬᠢᠲᠠᠳ ᠡᠮ ᠡᠮᠨᠡᠯᠭᠡ ᠶᠢᠨ ᠳᠠᠭᠠᠭᠤᠯᠤᠭᠴᠢ ᠦᠢᠯᠡᠳᠦᠯ ᠢ ᠪᠠᠳᠠᠷᠠᠭᠤᠯᠵᠤ᠂ ᠲᠡᠭᠦᠨ ᠢ ᠪᠥᠬᠦ ᠬᠤᠰᠢᠭᠤᠨ ᠤ ᠬᠢᠲᠠᠳ ᠡᠮ ᠡᠮᠨᠡᠯᠭᠡ ᠶᠢᠨ ᠡᠮᠴᠢᠯᠡᠭᠡ᠂ ᠰᠢᠨᠵᠢᠯᠡᠬᠦ ᠤᠬᠠᠭᠠᠨ ᠤ ᠰᠤᠳᠤᠯᠭᠠᠨ᠂ ᠵᠢᠭᠠᠨ ᠰᠤᠷᠭᠠᠯᠲᠠ ᠶᠢᠨ ᠲᠥᠪ ᠪᠣᠯᠭᠠᠵᠤ᠂ ᠪᠥᠬᠦ ᠬᠤᠰᠢᠭᠤᠨ ᠤ ᠬᠢᠲᠠᠳ ᠡᠮ ᠡᠮᠨᠡᠯᠭᠡ ᠶᠢᠨ ᠠᠵᠢᠯᠲᠠᠨ ᠢ ᠪᠤᠯᠪᠠᠰᠤᠷᠠᠭᠤᠯᠤᠨ᠂ ᠦᠨᠳᠦᠰᠦᠨ ᠱᠠᠲᠤᠨ ᠳᠤ ᠵᠢᠯ ᠪᠦᠷᠢ ᠨᠠᠭᠠᠲᠤ ᠵᠠᠬ᠎ᠠ ᠳᠠᠭᠠᠨ 20 ᠬᠢᠲᠠᠳ ᠡᠮ ᠡᠮᠨᠡᠯᠭᠡ ᠶᠢᠨ ᠠᠵᠢᠯᠲᠠᠨ ᠢ ᠪᠣᠯᠪᠠᠰᠤᠷᠠᠭᠤᠯᠵᠤ᠂ ᠵᠢᠯ ᠪᠦᠷᠢ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ  5 ᠤᠳᠠᠭ᠎ᠠ ᠠᠴᠠ ᠳᠡᠭᠡᠭᠰᠢ ᠵᠢᠯᠤᠭᠤᠳᠤᠯᠭ᠎ᠠ ᠬᠢᠬᠦ   ᠶᠢ ᠱᠠᠭᠠᠷᠳᠠᠨ᠎ᠠ᠃      ︵3︶ ᠮᠣᠩᠭᠤᠯ ᠡᠮᠨᠡᠯᠭᠡ ᠶᠢᠨ ᠡᠭᠦᠳᠡᠨ ᠡᠮᠨᠡᠯᠭᠡ ᠶᠢᠨ ᠰᠠᠯᠠᠭ᠎ᠠ ᠲᠠᠰᠤᠭ ᠢ ᠪᠠᠶᠢᠭᠤᠯᠤᠨ ᠪᠦᠷᠢᠨᠰᠢᠭᠦᠯᠵᠦ᠂ ᠢᠯᠠᠩᠭᠤᠶ᠎ᠠ ᠮᠣᠩᠭᠤᠯ ᠡᠮᠨᠡᠯᠭᠡ ᠶᠢᠨ ᠤᠨᠴᠠᠯᠢᠭ ᠲᠠᠢ ᠲᠤᠰᠬᠠᠢ ᠡᠪᠡᠳᠴᠢᠨ ᠤ ᠲᠤᠰᠬᠠᠢ ᠰᠠᠯᠠᠭ᠎ᠠ ᠶᠢᠨ ᠪᠠᠶᠢᠭᠤᠯᠤᠯᠲᠠ᠂ ᠡᠮᠨᠡᠯᠭᠡ ᠳᠤ ᠤᠷᠣᠬᠤ ᠠᠴᠠ   ᠡᠮᠦᠨᠡᠬᠢ ᠲᠦᠷᠭᠡᠨ ᠠᠪᠤᠷᠠᠯᠲᠠ ᠵᠡᠷᠭᠡ ᠶᠢ ᠴᠢᠬᠤᠯᠠᠴᠢᠯᠠᠨ ᠬᠥᠭᠵᠢᠭᠦᠯᠵᠦ᠂ ᠲᠣᠰ ᠬᠤᠷᠢᠶ᠎ᠠ ᠶᠢᠨ ᠪᠦᠬᠦᠯᠢ ᠴᠣᠭᠴᠠ ᠶᠢᠨ ᠴᠢᠳᠠᠮᠵᠢ ᠪᠠ ᠪᠠᠶᠢᠩᠭᠤ ᠲᠣᠬᠢᠶᠠᠯᠳᠤᠬᠤ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠡᠮᠨᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠶᠢᠩᠭᠤ ᠲᠣᠬᠢᠶᠠᠯᠳᠤᠬᠤ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠡᠮᠨᠡᠨ ᠵᠠᠰᠠᠭᠠᠳ ᠠᠮᠵᠢᠯᠲᠠ ᠣᠯᠣᠭᠰᠠᠨ ᠨᠣᠷᠮ᠎ᠠ ᠶᠢ 80% ᠠᠴᠠ ᠳᠡᠭᠡᠭᠰᠢ ᠪᠠᠶᠢᠯᠭᠠᠬᠤ ᠶᠢ ᠪᠠᠳᠤᠯᠠᠨ᠎ᠠ᠃      ︵4︶ ᠡᠯ᠎ᠡ ᠵᠦᠢᠯ ᠤᠨ ᠠᠵᠢᠯ ᠤᠨ ᠭᠦᠢᠴᠡᠳᠬᠡᠯ ᠲᠤᠭ᠎ᠠ ᠶᠢ ︽ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠶᠢ ᠴᠤᠭᠴᠠᠯᠠᠨ ᠪᠠᠶᠢᠭᠤᠯᠬᠤ ᠠᠵᠢᠯ︾ ᠤᠨ ᠪᠠᠷᠢᠮᠵᠢᠶ᠎ᠠ ᠳᠤ ᠬᠦᠷᠭᠡᠨ᠎ᠡ᠃      ︵5︶ 2023 ᠣᠨ ᠤ ᠰᠡᠭᠦᠯᠴᠢ ᠪᠠᠷ ︽ᠨᠢᠭᠡ ᠬᠥᠮᠥᠨ ᠨᠢᠭᠡ ᠵᠣᠷ︾ ᠤᠨ ᠲᠣᠬᠢᠷᠠᠭᠤᠯᠬᠤ ᠲᠥᠪ ᠢ ᠪᠠᠶᠢᠭᠤᠯᠵᠤ᠂ ᠬᠢᠲᠠᠳ ᠮᠣᠩᠭᠤᠯ ᠡᠮ ᠤᠨ ᠴᠢᠨᠠᠬᠤ ᠡᠮ ᠪᠠ ᠬᠢᠲᠠᠳ ᠮᠣᠩᠭᠤᠯ ᠡᠮ ᠤᠨ ᠨᠠᠶᠢᠷᠠᠯᠲᠠ ᠶᠢ ᠢᠳᠡᠪᠬᠢᠲᠡᠢ ᠬᠡᠷᠡᠭᠯᠡᠨ᠂ ᠡᠭᠦᠳᠡᠨ ᠡᠮᠨᠡᠯᠭᠡ ᠶᠢᠨ ᠵᠣᠷ ᠤᠨ ᠳᠣᠲᠣᠷᠠᠬᠢ᠂ ᠬᠢᠲᠠᠳ ᠮᠣᠩᠭᠤᠯ ᠡᠮ ︵ᠬᠢᠲᠠᠳ ᠮᠣᠩᠭᠤᠯ ᠴᠢᠨᠠᠬᠤ ᠡᠮ᠂ ᠬᠢᠲᠠᠳ ᠮᠣᠩᠭᠤᠯ ᠪᠡᠯᠡᠨ ᠡᠮ᠂ ᠬᠢᠲᠠᠳ ᠮᠣᠩᠭᠤᠯ ᠡᠮ ᠤᠨ ᠨᠠᠶᠢᠷᠠᠯᠲᠠ︶ ᠤᠨ ᠵᠣᠷ ᠤᠨ ᠬᠠᠷᠢᠴᠠᠯ ᠢ 60% ᠠᠴᠠ ᠳᠡᠭᠡᠭᠰᠢ ᠪᠠᠶᠢᠯᠭᠠᠵᠤ᠂  ᠡᠭᠦᠨ ᠳᠤ᠂ ᠬᠢᠲᠠᠳ ᠮᠣᠩᠭᠤᠯ   ᠴᠢᠨᠠᠬᠤ ᠡᠮ ᠤᠨ ᠵᠣᠷ ᠤᠨ ᠬᠠᠷᠢᠴᠠᠯ ᠢ 65% ᠠᠴᠠ ᠳᠡᠭᠡᠭᠰᠢ ᠪᠠᠶᠢᠯᠭᠠᠨ᠎ᠠ᠃      ︵6︶ ︽ᠬᠤᠶᠠᠷ ᠲᠥᠰᠤᠯ ᠨᠢᠭᠡ ᠳᠦᠷᠢᠮ︾ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠠᠷᠤ ᠬᠤᠷᠴᠢᠨ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ  2023 ᠣᠨ ᠤ ᠠᠬᠢᠭᠤᠯᠬᠤ ᠲᠥᠰᠥᠯ ᠤᠨ ᠱᠠᠭᠠᠷᠳᠠᠯᠭ᠎ᠠ ᠳᠤ ᠬᠦᠷᠭᠡᠨ᠎ᠡ᠃      3. ᠬᠤᠰᠢᠭᠤᠨ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢᠨ ᠬᠠᠷᠠᠯᠲᠠ      ︵1︶ ᠡᠭᠦᠳᠡᠨ ᠡᠮᠨᠡᠯᠭᠡ᠂ ᠡᠪᠡᠳᠴᠢᠲᠡᠨ ᠤ ᠥᠷᠥᠭᠡ ᠵᠡᠷᠭᠡ ᠣᠨᠣᠰᠢᠯᠠᠨ ᠡᠮᠨᠡᠬᠦ ᠠᠵᠢᠯ ᠤᠨ ᠳᠤᠮᠳᠠ ᠬᠤᠯᠪᠣᠭᠳᠠᠯ ᠪᠦᠬᠦᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠠᠷᠢᠮᠵᠢᠶ᠎ᠠ ᠶᠢᠨ ᠵᠢᠷᠤᠮᠵᠢᠯ ᠢ ᠬᠡᠷᠡᠭᠵᠢᠭᠦᠯᠵᠦ ᠬᠢᠲᠠᠳ ᠴᠢᠨᠠᠵᠦ ᠤᠤᠭᠤᠬᠤ ᠡᠮ᠂ ᠬᠢᠲᠠᠳ ᠪᠡᠯᠡᠨ ᠡᠮ᠂ ᠵᠡᠭᠦᠦ ᠲᠥᠭᠡᠨᠡᠯᠭᠡ᠂ ᠢᠯᠢᠵᠦ ᠨᠤᠬᠤᠯᠠᠬᠤ ᠵᠡᠷᠭᠡ 10 ᠵᠦᠢᠯ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠶᠢ ᠥᠷᠨᠢᠭᠦᠯᠦᠨ᠎ᠡ᠃      ︵2︶ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠰᠠᠯᠠᠭ᠎ᠠ ᠲᠠᠰᠤᠭ ᠤᠨ ᠡᠪᠡᠳᠴᠢᠲᠡᠨ ᠤ ᠣᠷᠣ ᠶᠢᠨ ᠬᠡᠷᠡᠭᠯᠡᠬᠦ ᠨᠣᠷᠮ᠎ᠠ ᠶᠢ 80% ᠠᠴᠠ ᠳᠡᠭᠡᠭᠰᠢ ᠪᠠᠶᠢᠯᠭᠠᠵᠤ᠂ ᠡᠭᠦᠳᠡᠨ ᠡᠮᠨᠡᠯᠭᠡ ᠶᠢᠨ ᠡᠳᠦᠷ ᠳᠤᠮᠳᠠᠴᠢ ᠶᠢᠨ ᠴᠢᠨᠠᠵᠤ ᠤᠤᠭᠤᠬᠤ ᠪᠡᠯᠡᠳᠤᠮᠡᠯ  ᠤᠨ ᠵᠣᠷ ᠤᠨ ᠲᠤᠭ᠎ᠠ ᠪᠠ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮ ᠤᠨ ᠪᠤᠰᠤ ᠡᠮᠴᠢᠯᠡᠭᠡᠨ ᠤ ᠬᠥᠮᠥᠨ ᠤᠳᠠᠭ᠎ᠠ ᠶᠢ ᠲᠤᠰ ᠰᠠᠯᠠᠭ᠎ᠠ ᠶᠢᠨ ᠡᠭᠦᠳᠡᠨ ᠡᠮᠨᠡᠯᠭᠡ ᠶᠢᠨ ᠬᠥᠮᠥᠨ ᠤᠳᠠᠭ᠎ᠠ ᠳᠤ ᠡᠵᠡᠯᠡᠬᠦ ᠬᠠᠷᠢᠴᠠᠯ  ᠢ 70% ᠠᠴᠠ ᠳᠡᠭᠡᠭᠰᠢ  ᠪᠠᠶᠢᠯᠭᠠᠵᠤ  ᠂  ᠡᠳᠦᠷ ᠳᠤᠮᠳᠠᠴᠢ ᠶᠢᠨ ᠡᠭᠦᠳᠡᠨ ᠡᠮᠨᠡᠯᠭᠡ ᠶᠢᠨ ᠬᠥᠮᠥᠨ ᠤᠳᠠᠭ᠎ᠠ ᠶᠢᠨ ᠪᠥᠬᠦ ᠡᠮᠨᠡᠯᠭᠡ ᠶᠢᠨ ᠬᠤᠷᠢᠶ᠎ᠠ ᠶᠢᠨ ᠡᠳᠦᠷ ᠳᠤᠮᠳᠠᠴᠢ ᠶᠢᠨ ᠡᠭᠦᠳᠡᠨ ᠡᠮᠨᠡᠯᠭᠡ ᠶᠢᠨ ᠬᠥᠮᠥᠨ ᠤᠳᠠᠭ᠎ᠠ ᠳᠤ ᠡᠵᠡᠯᠡᠬᠦ ᠬᠠᠷᠢᠴᠠᠯ ᠢ 5% ᠠᠴᠠ ᠳᠡᠭᠡᠭᠰᠢ ᠪᠠᠶᠢᠯᠭᠠᠨ᠎ᠠ᠃        ︵3︶ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠰᠠᠯᠠᠭ᠎ᠠ ᠲᠠᠰᠤᠭ ᠬᠢᠭᠡᠳ ᠡᠸᠦ᠋ᠷᠦᠫᠡ ᠡᠮᠨᠡᠯᠭᠡ ᠶᠢᠨ ᠡᠮᠴᠢᠯᠡᠭᠡᠨ ᠤ ᠰᠠᠯᠠᠭ᠎ᠠ ᠲᠠᠰᠤᠭ ᠤᠨ ᠬᠠᠮᠲᠤᠷᠠᠨ ᠣᠨᠣᠰᠢᠯᠠᠵᠤ ᠰᠢᠯᠵᠢᠭᠦᠯᠦᠨ ᠡᠮᠨᠡᠬᠦ ᠳᠦᠷᠢᠮ ᠵᠢᠴᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠢ ᠢᠯᠡᠷᠡᠭᠦᠯᠦᠭᠰᠡᠨ ᠭᠤᠷᠪᠠᠳᠤᠭᠠᠷ ᠳᠡᠰ ᠤᠨ ᠡᠮᠴᠢ ᠶᠢᠨ ᠪᠠᠶᠢᠴᠠᠭᠠᠬᠤ ᠳᠦᠷᠢᠮ ᠢ ᠪᠠᠶᠢᠭᠤᠯᠬᠤ ᠶᠢᠨ ᠬᠠᠮᠲᠤ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ         ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠶᠢ ᠡᠸᠦ᠋ᠷᠦᠫᠡ ᠡᠮᠨᠡᠯᠭᠡ ᠶᠢᠨ ᠡᠮᠴᠢᠯᠡᠭᠡᠨ ᠤ ᠰᠠᠯᠠᠭ᠎ᠠ ᠲᠠᠰᠤᠭ ᠲᠤ ᠬᠦᠷᠲᠡᠯ᠎ᠡ ᠥᠷᠭᠡᠳᠬᠡᠨ᠎ᠡ᠃ ᠪᠥᠬᠦ ᠡᠮᠨᠡᠯᠭᠡ ᠶᠢᠨ ᠬᠤᠷᠢᠶᠠᠨ ᠤ ᠡᠸᠦ᠋ᠷᠦᠫᠡ ᠡᠮᠨᠡᠯᠭᠡ ᠶᠢᠨ ᠡᠮᠴᠢᠯᠡᠭᠡᠨ ᠤ ᠰᠠᠯᠠᠭ᠎ᠠ ᠲᠠᠰᠤᠭ ᠤᠨ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠬᠠᠮᠲᠤᠷᠠᠨ ᠣᠨᠣᠰᠢᠯᠠᠬᠤ ᠪᠠᠷ ᠭᠤᠶᠤᠴᠢᠯᠠᠬᠤ ᠤᠳᠠᠭ᠎ᠠ ᠶᠢ ᠰᠠᠷ᠎ᠠ ᠪᠦᠷᠢ ᠳᠤᠮᠳᠠᠴᠢ ᠪᠠᠷ 6 ᠤᠳᠠᠭ᠎ᠠ ᠠᠴᠠ ᠳᠡᠭᠡᠭᠰᠢ ᠪᠣᠯᠭᠠᠨ᠎ᠠ︔ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢ ᠤᠷᠢᠵᠤ ᠬᠠᠮᠲᠤᠷᠠᠨ ᠤᠨᠤᠰᠢᠯᠠᠯᠳᠠ ᠬᠢᠬᠦ ᠡᠸᠦ᠋ᠷᠦᠫᠡ ᠡᠮᠨᠡᠯᠭᠡ ᠶᠢᠨ ᠡᠮᠴᠢᠯᠡᠭᠡᠨ ᠤ ᠰᠠᠯᠠᠭ᠎ᠠ ᠲᠠᠰᠤᠭ ᠢ ᠪᠥᠬᠦ ᠡᠮᠨᠡᠯᠭᠡ ᠶᠢᠨ ᠬᠤᠷᠢᠶᠠᠨ ᠤ ᠡᠸᠦ᠋ᠷᠦᠫᠡ ᠡᠮᠨᠡᠯᠭᠡ ᠶᠢᠨ ᠡᠮᠴᠢᠯᠡᠭᠡᠨ ᠤ ᠰᠠᠯᠠᠭ᠎ᠠ ᠲᠠᠰᠤᠭ ᠲᠠᠬᠢ ᠡᠵᠡᠯᠡᠬᠦ ᠬᠠᠷᠢᠴᠠᠯ ᠢ 80% ᠠᠴᠠ ᠳᠡᠭᠡᠭᠰᠢ ᠪᠠᠶᠢᠯᠭᠠᠨ᠎ᠠ  ᠃      4. ᠬᠤᠰᠢᠭᠤᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠡᠷ ᠤᠨ ᠬᠥᠭᠵᠢᠯᠲᠡ ᠶᠢᠨ ᠬᠠᠷᠠᠯᠲᠠ      ᠠᠷᠤ ᠬᠤᠷᠴᠢᠨ ᠬᠤᠰᠢᠭᠤᠨ ᠤ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠬᠦᠷᠢᠶᠡᠨ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠢ ᠠᠬᠢᠭᠤᠯᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ  ᠮᠡᠳᠡᠭᠳᠡᠯ ︵ᠠᠷᠤ ᠬᠤᠷᠴᠢᠨ ᠬᠤᠰᠢᠭᠤᠨ ᠤ ᠡᠷᠡᠭᠦᠯ ᠮᠡᠨᠳᠦ ᠶᠢᠨ ᠵᠦᠪᠯᠠᠯ ᠲᠠᠷᠬᠠᠭᠠᠭᠰᠠᠨ〔2023〕18 ᠳ᠋ᠤᠭᠠᠷ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠦᠨ᠎ᠡ᠃      5. ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠥᠭᠵᠢᠯᠲᠡ ᠶᠢᠨ ᠬᠠᠷᠠᠯᠲᠠ      ︵1︶ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢᠭᠡᠪᠦᠷᠢ ᠳᠤ ᠬᠢᠲᠠᠳ ᠡᠮᠨᠡᠯᠭᠡ ᠶᠢᠨ ᠰᠠᠯᠠᠭ᠎ᠠ ︵ᠮᠣᠩᠭᠤᠯ ᠡᠮᠨᠡᠯᠭᠡ ᠶᠢᠨ ᠰᠠᠯᠠᠭ᠎ᠠ︶ ᠲᠣᠬᠢᠷᠠᠭᠤᠯᠵᠤ᠂ ᠬᠢᠲᠠᠳ ᠡᠮ ᠡᠮᠨᠡᠯᠭᠡ           ︵ᠮᠣᠩᠭᠤᠯ ᠡᠮ ᠡᠮᠨᠡᠯᠭᠡ︶ ᠶᠢᠨ ᠮᠡᠳᠡᠯᠭᠡ ᠪᠠ ᠠᠷᠭ᠎ᠠ ᠶᠢ ᠢᠳᠡᠪᠬᠢᠲᠡᠢ ᠬᠡᠷᠡᠭᠯᠡᠨ ᠪᠠᠶᠢᠩᠭᠤ ᠲᠣᠬᠢᠶᠠᠯᠳᠤᠬᠤ ᠡᠪᠡᠳᠴᠢᠨ ᠢ ᠡᠮᠨᠡᠨ ᠵᠠᠰᠠᠬᠤ ᠶᠢ ᠥᠷᠨᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠭᠦᠳᠡᠨ ᠡᠮᠨᠡᠯᠭᠡ ᠶᠢᠨ ᠤᠨᠤᠰᠢᠯᠠᠯᠳᠠ ᠶᠢᠨ ᠲᠤᠭ᠎ᠠ ᠶᠢ ᠡᠭᠦᠳᠡᠨ ᠡᠮᠨᠡᠯᠭᠡ ᠶᠢᠨ ᠶᠡᠷᠦᠩᠬᠡᠢ ᠤᠨᠤᠰᠢᠯᠠᠯᠳᠠ ᠶᠢᠨ 30% ᠠᠴᠠ ᠳᠡᠭᠡᠭᠰᠢ ᠪᠠᠶᠢᠯᠭᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠣᠷ ᠢ ᠶᠡᠷᠦᠩᠬᠡᠢ ᠡᠮ ᠤᠨ ᠵᠣᠷ ᠤᠨ 30% ᠠᠴᠠ ᠳᠡᠭᠡᠭᠰᠢ ᠪᠠᠶᠢᠯᠭᠠᠨ᠎ᠠ᠃      ︵2︶ ᠡᠯ᠎ᠡ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠲᠠᠳ ᠡᠮ ᠡᠮᠨᠡᠯᠭᠡ    ︵ᠮᠣᠩᠭᠤᠯ ᠡᠮ ᠡᠮᠨᠡᠯᠭᠡ︶ ᠶᠢᠨ ᠠᠵᠢᠯᠲᠠᠨ ᠢ ᠡᠮ ᠡᠮᠨᠡᠯᠭᠡ ᠶᠢᠨ ᠠᠵᠢᠯᠲᠠᠨ ᠤ ᠶᠡᠷᠦᠩᠬᠡᠢ ᠲᠣᠭᠠᠨ ᠤ 30%  ᠠᠴᠠ ᠳᠡᠭᠡᠭᠰᠢ ᠡᠵᠡᠯᠡᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯᠲᠠᠨ ᠢ ᠨᠠᠭᠠᠲᠤ ᠵᠠᠬ᠎ᠠ ᠳᠠᠭᠠᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠤᠶᠤ ᠮᠡᠷᠬᠡᠵᠢᠯ ᠤᠨ ᠲᠤᠰᠠᠯᠠᠬᠤ ᠡᠮᠴᠢ ᠠᠴᠠ ᠳᠡᠭᠡᠭᠰᠢᠬᠢ ᠬᠢᠷᠢ ᠬᠡᠮ ᠳᠤ  ᠭᠦᠷᠭᠡᠨ᠎ᠡ᠃      ︵3︶ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠢᠲᠠᠳ ᠡᠮ ᠤᠨ ᠲᠠᠰᠤᠭ    ︵ᠮᠣᠩᠭᠤᠯ ᠡᠮ ᠤᠨ ᠲᠠᠰᠤᠭ︶ ᠭᠠᠷᠭᠠᠵᠤ᠂ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ ᠨᠠᠶᠢᠷᠠᠭᠤᠯᠬᠤ ᠬᠤᠷᠭᠤ᠂ ᠡᠮ ᠤᠨ ᠲᠠᠯᠪᠢᠭᠤᠷ᠂ ᠲᠣᠬᠢᠷᠠᠭᠤᠯᠬᠤ ᠲᠠᠪᠴᠠᠩ᠂ ᠡᠮ ᠤᠨ ᠲᠠᠩᠰᠠ᠂ ᠡᠯᠧᠺᠲᠷᠣᠨ ᠵᠢᠩᠯᠡᠭᠦᠷ᠂ ᠠᠷᠢᠭᠤᠳᠬᠠᠬᠤ ᠲᠣᠭᠤᠭ᠎ᠠ᠂ ᠪᠠᠷᠢᠮᠵᠢᠶᠠᠲᠤ ᠰᠠᠶᠢᠵᠠ ᠵᠡᠷᠭᠡ ᠶᠢ ᠲᠣᠬᠢᠷᠠᠭᠤᠯᠵᠤ᠂ ᠴᠢᠨᠠᠵᠤ ᠤᠤᠭᠤᠬᠤ ᠬᠢᠲᠠᠳ ᠡᠮ ︵ᠮᠣᠩᠭᠤᠯ ᠡᠮ︶  ᠢ 300 ᠵᠦᠢᠯ ᠠᠴᠠ ᠳᠡᠭᠡᠭᠰᠢ ᠲᠣᠬᠢᠷᠠᠭᠤᠯᠤᠨ᠎ᠠ︔ ︽ᠨᠢᠭᠡ ᠬᠥᠮᠥᠨ ᠨᠢᠭᠡ  ᠵᠣᠷ︾ ᠪᠠ ᠡᠮ ᠴᠢᠨᠠᠬᠤ ᠦᠢᠯᠡᠴᠢᠯᠡᠭᠡ ᠶᠢ ᠬᠠᠩᠭᠠᠨ᠎ᠠ᠃      ︵4︶ ᠡᠯ᠎ᠡ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠢᠲᠠᠳ ᠡᠮᠨᠡᠯᠭᠡ      ︵ᠮᠣᠩᠭᠤᠯ ᠡᠮᠨᠡᠯᠭᠡ︶ ᠶᠢᠨ ᠵᠣᠷ ᠪᠢᠴᠢᠯᠭᠡ ᠶᠢᠨ ᠬᠢᠷᠢ ᠲᠡᠩᠴᠡᠭᠰᠡᠨ ᠨᠣᠷᠮ᠎ᠠ ᠶᠢ 90% ᠠᠴᠠ ᠳᠡᠭᠡᠭᠰᠢ      ᠪᠣᠯᠭᠠᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠭᠦᠳᠡᠨ ᠡᠮᠨᠡᠯᠭᠡ ᠶᠢᠨ ᠡᠪᠡᠳᠴᠢᠨ ᠤ ᠪᠠᠶᠢᠳᠠᠯ ᠤᠨ ᠪᠢᠴᠢᠯᠭᠡ ᠶᠢᠨ ᠬᠢᠷᠢ ᠲᠡᠩᠴᠡᠭᠰᠡᠨ ᠨᠣᠷᠮ᠎ᠠ ᠶᠢ 85% ᠠᠴᠠ ᠳᠡᠭᠡᠭᠰᠢ ᠬᠥᠷᠭᠡᠨ᠎ᠡ᠃      ︵5︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠳᠤ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠠᠵᠢᠯ ᠤᠨ ᠳᠦᠷᠢᠮ ᠪᠠ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠢ ᠲᠤᠭᠳᠠᠭᠠᠨ ᠪᠦᠷᠢᠨᠰᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠳᠤ ᠲᠡᠮᠳᠡᠭᠯᠡᠯ ᠲᠠᠢ᠂ ᠪᠦᠷᠢᠳᠬᠡᠯ ᠲᠠᠢ᠂ ᠲᠠᠩᠰᠠ ᠡᠪᠬᠡᠮᠡᠯ ᠲᠠᠢ᠂ ᠮᠠᠲ᠋ᠧᠷᠢᠶᠠᠯ ᠲᠠᠢ ᠪᠠᠶᠢᠬᠤ ᠶᠢ ᠭᠦᠢᠴᠡᠳᠬᠡᠨ᠎ᠡ᠃      ︵6︶ ᠡᠯ᠎ᠡ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠤᠭᠤᠳ ᠵᠢᠯ ᠪᠦᠷᠢ ᠬᠢᠲᠠᠳ ᠡᠮ ᠡᠮᠨᠡᠯᠭᠡ  ︵ᠮᠣᠩᠭᠤᠯ ᠡᠮ ᠡᠮᠨᠡᠯᠭᠡ︶ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠶᠢ ᠠᠳᠠᠭ ᠲᠠᠭᠠᠨ 4 ᠤᠳᠠᠭ᠎ᠠ ᠡᠷᠭᠢᠯᠡᠵᠦ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠬᠢᠲᠠᠳ ᠡᠮ ᠡᠮᠨᠡᠯᠭᠡ     ︵ᠮᠣᠩᠭᠤᠯ ᠡᠮ ᠡᠮᠨᠡᠯᠭᠡ︶ ᠶᠢᠨ ᠪᠡᠶ᠎ᠡ ᠰᠤᠪᠢᠯᠠᠯᠲᠠ ᠡᠷᠡᠭᠦᠯᠵᠢᠯ ᠤᠨ ᠮᠡᠳᠡᠯᠭᠡ ᠪᠠ ᠠᠷᠭ᠎ᠠ ᠶᠢ ᠰᠤᠷᠤᠯᠴᠠᠨ ᠡᠵᠡᠮᠰᠢᠭᠦᠯᠦᠨ᠎ᠡ᠃      ︵7︶ ᠡᠯ᠎ᠡ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠵᠢᠯ ᠤᠨ ᠡᠬᠢᠨ ᠳᠤ ᠳᠠᠷᠤᠮᠠᠯᠯᠠᠨ ᠲᠠᠷᠬᠠᠭᠠᠭᠰᠠᠨ ︽ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮᠨᠡᠯᠭᠡ ᠶᠢᠨ ᠣᠷᠳᠣᠨ ︵ᠮᠣᠩᠭᠤᠯ ᠡᠮᠨᠡᠯᠭᠡ ᠶᠢᠨ ᠣᠷᠳᠣᠨ︶ ᠤ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠠᠵᠢᠯ ᠢᠶᠠᠨ ᠥᠷᠨᠢᠭᠦᠯᠦᠨ᠎ᠡ᠃      6. ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠥᠭᠵᠢᠯᠲᠡ ᠶᠢᠨ ᠬᠠᠷᠠᠯᠲᠠ      ︵1︶ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢᠭᠡᠪᠦᠷᠢ ᠳᠤ ᠬᠢᠲᠠᠳ ᠡᠮᠨᠡᠯᠭᠡ         ︵ᠮᠣᠩᠭᠤᠯ ᠡᠮᠨᠡᠯᠭᠡ︶ ᠪᠤᠶᠤ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠡᠮᠴᠢ ᠲᠠᠢ ᠪᠠᠶᠢᠬᠤ ᠪᠤᠶᠤ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠬᠥᠳᠡᠭᠡ ᠲᠣᠰᠬᠤᠨ ᠤ ᠡᠮᠴᠢ ᠲᠠᠢ ᠪᠠᠶᠢᠵᠤ᠂ ᠵᠡᠭᠦᠦ ᠲᠥᠭᠡᠨᠡᠯᠭᠡ᠂ ᠰᠣᠷᠣᠭᠤᠯ ᠲᠠᠯᠪᠢᠬᠤ᠂ ᠢᠯᠢᠵᠦ ᠨᠤᠬᠤᠯᠠᠬᠤ  ᠵᠡᠷᠭᠡ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠤᠯᠠᠮᠵᠢᠯᠠᠯᠲᠤ ᠠᠷᠭ᠎ᠠ ᠪᠠᠷ ᠪᠠᠶᠢᠩᠭᠤ ᠲᠣᠬᠢᠶᠠᠯᠳᠤᠳᠠᠭ ᠡᠪᠡᠳᠴᠢᠨ ᠪᠠ ᠣᠯᠠᠨ ᠡᠭᠦᠰᠳᠡᠭ ᠡᠪᠡᠳᠴᠢᠨ ᠢ ᠡᠮᠨᠡᠵᠦ ᠳᠡᠶᠢᠯᠬᠦ ᠮᠦᠷᠳᠡᠭᠡᠨ ᠡᠭᠦᠳᠡᠨ ᠡᠮᠨᠡᠯᠭᠡ ᠳᠤ ᠲᠡᠩᠰᠠᠯᠠᠯ ᠲᠠᠢ᠂ ᠡᠮ ᠬᠡᠷᠡᠭᠯᠡᠭᠰᠡᠨ ᠵᠣᠷ ᠲᠠᠢ᠂ ᠰᠦᠢᠳᠬᠡᠯ ᠬᠤᠷᠢᠶᠡᠭ᠌ᠰᠠᠨ ᠪᠠᠷᠢᠮᠲᠠ ᠲᠠᠢ᠂ ᠡᠮᠴᠢᠯᠡᠭᠡᠨ ᠳᠤ ᠲᠡᠮᠳᠡᠭᠯᠡᠯ ᠲᠠᠢ ᠪᠠᠶᠢᠬᠤ ᠶᠢ ᠪᠡᠶᠡᠯᠡᠭᠦᠯᠵᠦ᠂ ᠬᠠᠯᠳᠠᠪᠤᠷᠢᠲᠤ ᠡᠪᠡᠳᠴᠢᠨ ᠢ ᠮᠡᠳᠡᠭᠦᠯᠬᠦ ᠳᠦᠷᠢᠮ ᠢ ᠪᠠᠶᠢᠭᠤᠯᠤᠨ᠎ᠠ᠃      ︵2︶ 80% ᠶᠢᠨ ᠡᠷᠡᠭᠦᠯ ᠬᠠᠮᠠᠭᠠᠯᠠᠯ ᠤᠨ ᠲᠠᠰᠤᠭ ᠲᠤ ᠪᠠᠶᠢᠩᠭᠤ ᠬᠡᠷᠡᠭᠯᠡᠬᠦ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ ᠢ ᠲᠣᠬᠢᠷᠠᠭᠤᠯᠵᠤ᠂ 100% ᠶᠢᠨ ᠡᠷᠡᠭᠦᠯ ᠬᠠᠮᠠᠭᠠᠯᠠᠯ ᠤᠨ ᠲᠠᠰᠤᠭ ᠲᠤ ᠬᠢᠲᠠᠳ         ︵ᠮᠣᠩᠭᠤᠯ︶ ᠡᠮ ᠤᠨ ᠪᠡᠯᠡᠨ ᠡᠮ ᠢ ᠲᠣᠬᠢᠷᠠᠭᠤᠯᠤᠨ᠎ᠠ᠃      ︵3︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠡᠷᠡᠭᠯᠡᠨ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠠᠵᠢᠯ ᠢ ᠥᠷᠨᠢᠭᠦᠯᠦᠨ᠎ᠡ᠃      ︵4︶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠶᠢ ᠢᠳᠡᠪᠬᠢᠲᠡᠢ ᠥᠷᠨᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠷᠢᠳᠴᠢᠯᠠᠨ ᠰᠡᠷᠭᠡᠶᠢᠯᠡᠵᠦ ᠡᠷᠡᠭᠦᠯᠵᠢᠭᠦᠯᠬᠦ ᠪᠠ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠮᠡᠳᠡᠯᠭᠡ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠭᠤᠣᠯᠯᠠᠨ ᠡᠷᠭᠢᠯᠡᠵᠦ᠂ ᠤᠬᠠᠭᠤᠯᠭ᠎ᠠ ᠶᠢᠨ ᠪᠤᠯᠤᠩ ᠢ ᠵᠢᠯ ᠪᠦᠷᠢ 4 ᠤᠳᠠᠭ᠎ᠠ ᠠᠴᠠ  ᠳᠡᠭᠡᠭᠰᠢ ᠰᠢᠨᠡᠳᠬᠡᠨ᠎ᠡ᠃      ︵5︶ ᠬᠥᠳᠡᠭᠡ ᠲᠣᠰᠬᠤᠨ ᠤ ᠡᠮᠴᠢ ᠨᠢᠭᠡᠪᠦᠷᠢ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠳᠡᠯᠭᠡ ᠶᠢᠨ ᠪᠣᠯᠪᠠᠰᠤᠷᠠᠭᠤᠯᠤᠯ ᠳᠤ ᠠᠳᠠᠭ ᠲᠠᠭᠠᠨ ᠨᠢᠭᠡ ᠤᠳᠠᠭ᠎ᠠ ᠣᠷᠣᠯᠴᠠᠬᠤ ᠬᠡᠷᠡᠭᠲᠡᠢ᠃      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ  ᠴᠢᠩᠭᠠᠳᠬᠠᠨ᠎ᠠ᠃ ︽ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠡ ᠶᠢᠨ ᠰᠠᠨᠠᠯ︾ ︽ᠬᠢᠲᠠᠳ ᠡᠮ ᠡᠮᠨᠡᠯᠭᠡ ᠶᠢᠨ ᠣᠨᠴᠠᠯᠢᠭᠲᠤ ᠬᠥᠭᠵᠢᠯᠲᠡ ᠶᠢ ᠲᠦᠷᠭᠡᠳᠬᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠲᠠᠷᠬᠠᠭᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾      ︽ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︽ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢᠶᠠᠷ ᠭᠠᠷᠳᠠᠴᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠬᠢᠲᠠᠳ ᠡᠮ ᠡᠮᠨᠡᠯᠭᠡ ᠶᠢᠨ ᠬᠠᠤᠯᠢ︾᠂ ︽ᠤᠯᠠᠭᠠᠨᠬᠠᠳᠠ ᠬᠤᠲᠠ ᠶᠢᠨ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠵᠡᠷᠭᠡ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ᠶᠢᠨ ᠠᠵᠢᠯ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠠᠵᠢᠯ ᠤᠨ ᠬᠠᠷᠠᠯᠲᠠ ᠳᠤ ᠦᠨᠡᠨᠬᠦ ᠣᠷᠣᠭᠤᠯᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠳᠠᠲᠠᠢ ᠪᠠᠷ ᠠᠳᠬᠤᠵᠤ᠂  ᠴᠤᠭᠴᠠᠯᠠᠨ ᠪᠠᠶᠢᠭᠤᠯᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠥᠮᠥᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠤ ᠲᠠᠯ᠎ᠠ ᠪᠠᠷ ᠡᠭᠦᠳᠦᠨ ᠪᠠᠶᠢᠭᠤᠯᠬᠤ ᠠᠵᠢᠯ ᠢ ᠤᠷᠤᠭᠰᠢᠲᠠᠢ ᠠᠬᠢᠭᠤᠯᠬᠤ ᠶᠢ ᠦᠨᠡᠨᠬᠦ ᠪᠠᠲᠤᠯᠠᠵᠤ᠂ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠪᠦᠲᠦᠭᠡᠨ ᠪᠠᠶᠢᠭᠤᠯᠬᠤ ᠡᠭᠦᠷᠭᠡ ᠶᠢ ᠴᠠᠭ ᠲᠤᠬᠠᠢ ᠳᠤᠨᠢ  ᠪᠡᠶᠡᠯᠡᠭᠦᠯᠦᠨ᠎ᠡ᠃      ︵ᠬᠤᠶᠠᠷ︶ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠬᠤᠰᠢᠭᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠳᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠣᠯᠠᠨ ᠰᠠᠯᠠᠭ᠎ᠠ ᠮᠥᠴᠢᠷ ᠢᠶᠠᠷ ᠪᠦᠷᠢᠯᠳᠦᠭᠦᠨ ᠪᠣᠯᠭᠠᠭᠰᠠᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠶᠢ  ᠴᠤᠭᠴᠠᠯᠠᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠲᠣᠬᠢᠷᠠᠭᠤᠯᠤᠨ᠂ ᠡᠳᠦᠷ ᠲᠤᠲᠤᠮ ᠤᠨ ᠠᠵᠢᠯ ᠢ ᠬᠠᠷᠢᠭᠤᠴᠠᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠬᠠᠷᠢᠯᠴᠠᠭ᠎ᠠ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠡᠭᠦᠳᠦᠨ ᠪᠠᠶᠢᠭᠤᠯᠬᠤ ᠠᠵᠢᠯ ᠢ ᠬᠠᠮᠲᠤᠪᠠᠷ ᠠᠬᠢᠭᠤᠯᠬᠤ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠪᠥᠬᠦ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠳᠤ ᠨᠢᠭᠡᠳᠦᠯᠲᠡᠢ ᠲᠥᠯᠦᠪᠵᠢᠭᠦᠯᠭᠡ ᠶᠢ ᠬᠡᠷᠡᠭᠵᠢᠭᠦᠯᠵᠦ᠂ ᠪᠠᠶᠢᠩᠭᠤ ᠶᠢᠨ ᠴᠢᠨᠠᠷᠲᠠᠢ ᠰᠢᠪᠠᠳᠠᠭᠤᠯᠤᠨ ᠪᠠᠶᠢᠴᠠᠭᠠᠵᠤ ᠵᠢᠭᠠᠨ ᠵᠢᠯᠤᠭᠤᠳᠴᠤ᠂ ᠬᠥᠭᠵᠢᠭᠦᠯᠦᠯᠲᠡ ᠥᠭᠡᠷᠡᠴᠢᠯᠡᠯᠲᠡ᠂  ᠡᠳ᠋ ᠤᠨ ᠵᠠᠰᠠᠭ᠂  ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂  ᠡᠮᠴᠢᠯᠡᠭᠡᠨ ᠤ ᠪᠠᠳᠤᠯᠠᠭ᠎ᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠦᠨ᠎ᠠ᠃      ︵ᠭᠤᠷᠪᠠ︶ ᠥᠷᠭᠡᠨ ᠳᠡᠯᠭᠡᠷ ᠤᠬᠠᠭᠤᠯᠭ᠎ᠠ ᠦᠷᠨᠢᠭᠦᠯᠦᠨ᠎ᠡ᠃ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠴᠤᠭᠴᠠᠯᠠᠨ ᠪᠠᠶᠢᠭᠤᠯᠬᠤ ᠠᠵᠢᠯ ᠢ ᠤᠭᠳᠤᠬᠤ ᠨᠢ ᠪᠥᠬᠦ ᠬᠤᠰᠢᠭᠤᠨ ᠤ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠬᠤ ᠶᠢ ᠥᠷᠭᠡᠨ ᠢᠶᠠᠷ ᠤᠬᠠᠭᠤᠯᠵᠤ᠂ ᠬᠤᠷᠠᠯ᠂ ᠲᠤᠰᠬᠠᠢ ᠪᠤᠯᠤᠩ᠂ ᠤᠬᠠᠭᠤᠯᠭ᠎ᠠ ᠶᠢᠨ ᠤᠷᠢᠶ᠎ᠠ᠂ ᠰᠣᠨᠢᠨ ᠮᠡᠳᠡᠭᠡᠨ ᠤ ᠵᠠᠭᠤᠴᠢᠯᠠᠭᠤᠷ᠂  ᠤᠯᠠᠨ ᠨᠡᠶᠢᠲᠡ ᠶᠢᠨ ᠳ᠋ᠤᠭᠠᠷ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠤᠬᠠᠭᠤᠯᠭ᠎ᠠ ᠶᠢᠨ ᠬᠡᠯᠪᠡᠷᠢ ᠪᠠᠷ      ᠳᠠᠮᠵᠢᠭᠤᠯᠤᠨ᠂ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ᠂ ᠡᠮᠨᠡᠯᠭᠡ ᠶᠢᠨ ᠠᠵᠢᠯᠲᠠᠳ ᠲᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠪᠣᠯ ᠮᠠᠨ ᠤ ᠤᠯᠤᠰ ᠤᠨ ᠠᠨᠠᠭᠠᠬᠤ ᠤᠬᠠᠭᠠᠨ ᠤ ᠬᠦᠷᠢᠶᠡᠨ ᠳᠠᠬᠢ ᠡᠷᠬᠢᠮ ᠨᠠᠨᠳᠢᠨ ᠥᠪ ᠬᠥᠷᠥᠩᠭᠡ ᠮᠥᠨ ᠭᠡᠳᠡᠭ ᠢ      ᠲᠠᠨᠢᠭᠤᠯᠵᠤ᠂ ᠪᠥᠬᠦ ᠠᠷᠠᠳ ᠢᠶᠠᠷ ᠢᠶᠠᠨ  ᠬᠦᠳᠡᠯᠤᠯᠴᠠᠵᠤ᠂ ᠪᠥᠬᠦ ᠠᠷᠠᠳ ᠢᠶᠠᠷ ᠢᠶᠠᠨ ᠣᠷᠣᠯᠴᠠᠬᠤ ᠶᠢ      ᠪᠡᠶᠡᠯᠡᠭᠦᠯᠦᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠥᠬᠦ ᠣᠷᠣᠨ ᠤ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ︵ᠳᠥᠷᠪᠡ︶ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠣᠳᠠᠲᠠᠢ ᠪᠠᠷ ᠠᠳᠬᠤᠵᠤ ᠦᠷ᠎ᠡ ᠪᠦᠲᠦᠮᠵᠢ ᠭᠠᠷᠭᠠᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠨᠢᠭᠡᠳᠦᠯᠲᠡᠢ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠬᠦ ᠪᠠᠨ ᠦᠨᠡᠨᠬᠦ ᠴᠢᠩᠭᠠᠳᠬᠠᠵᠤ᠂ ᠴᠤᠭᠴᠠᠯᠠᠨ ᠪᠠᠶᠢᠭᠤᠯᠬᠤ ᠠᠵᠢᠯ ᠤᠨ ᠪᠠᠶᠢᠳᠠᠯ ᠢ ᠤᠷᠢᠳᠴᠢᠯᠠᠨ ᠣᠶᠢᠯᠠᠭᠠᠵᠤ᠂ ᠠᠵᠢᠯ ᠤᠨ ᠲᠥᠯᠦᠪᠵᠢᠭᠦᠯᠭᠡ ᠪᠠᠨ ᠰᠠᠶᠢᠲᠤᠷ ᠬᠢᠵᠦ᠂ ᠡᠮᠬᠢ ᠵᠢᠷᠤᠮ ᠲᠠᠢ ᠵᠣᠬᠢᠶᠠᠨ ᠪᠠᠶᠢᠭᠤᠯᠤᠨ᠂ ᠵᠦᠢ ᠵᠣᠬᠢᠰᠲᠠᠢ ᠲᠣᠬᠢᠷᠠᠭᠤᠯᠵᠤ᠂ ᠴᠠᠭ ᠲᠤᠬᠠᠢ ᠳᠤᠨᠢ ᠲᠣᠬᠢᠷᠠᠭᠤᠯᠤᠨ᠂ ᠵᠢᠯᠣᠭᠤᠳᠤᠯᠭ᠎ᠠ ᠪᠠᠨ ᠴᠢᠩᠭᠠᠳᠬᠠᠵᠤ᠂ ᠴᠤᠭᠴᠠᠯᠠᠨ ᠪᠠᠶᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠪᠣᠳᠠᠲᠤ ᠪᠠᠶᠢᠳᠠᠯ ᠳᠤ ᠰᠠᠭᠤᠷᠢᠯᠠᠨ᠂ ᠣᠨᠴᠠᠯᠢᠭ ᠢᠶᠠᠨ ᠳᠣᠪᠤᠶᠢᠯᠭᠠᠵᠤ᠂ ᠴᠤᠭᠴᠠᠯᠠᠨ ᠪᠠᠶᠢᠭᠤᠯᠬᠤ ᠠᠵᠢᠯ ᠢᠶᠠᠷ      ᠳᠠᠮᠵᠢᠭᠤᠯᠤᠨ᠂ ᠰᠠᠭᠤᠷᠢ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠰᠢᠰᠲ᠋ᠧᠮ ᠤᠨ  ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠦᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠵᠦ᠂ ᠥᠨᠳᠥᠷ ᠬᠡᠪ ᠴᠢᠨᠠᠷ ᠪᠦᠬᠦᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢ ᠶᠡᠬᠡᠪᠡᠷ ᠪᠠᠳᠠᠷᠠᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠣᠶᠣᠯ ᠢ ᠡᠷᠡᠭᠦᠯᠵᠢᠯ ᠨᠠᠰᠤᠵᠢᠯ ᠤᠨ ᠦᠢᠯᠡᠰ ᠤᠨ ᠬᠥᠭᠵᠢᠯᠲᠡ ᠳᠤ ᠢᠳᠡᠪᠬᠢᠲᠡᠢ ᠠᠭᠤᠰᠤᠯᠴᠠᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠨᠥᠯᠥᠭᠡᠯᠡᠬᠦ ᠬᠦᠴᠦᠨ ᠪᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠪᠦᠬᠦᠯᠢ ᠴᠣᠭᠴᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ ᠪᠡᠶ᠎ᠡ ᠴᠢᠬᠢᠷᠠᠭᠵᠢᠭᠤᠯᠬᠤ᠂ ᠡᠷᠡᠭᠦᠯᠵᠢᠭᠦᠯᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠷᠠᠳ ᠣᠯᠠᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠦᠢᠯᠠᠭᠠᠨ ᠮᠡᠳᠡᠷᠡᠬᠦ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ᠳᠠᠭᠠᠯᠳᠤᠭᠤᠯᠤᠯ᠄ ᠠᠷᠤ ᠬᠤᠷᠴᠢᠨ ᠬᠤᠰᠢᠭᠤᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠴᠤᠭᠴᠠᠯᠠᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠᠳᠠᠭᠠᠯᠳᠤᠭᠤᠯᠤᠯ      ᠠᠷᠤ ᠬᠤᠷᠴᠢᠨ ᠬᠤᠰᠢᠭᠤᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ      ︵ᠮᠣᠩᠭᠤᠯ ᠡᠮ ᠡᠮᠨᠡᠯᠭᠡ︶ ᠶᠢᠨ ᠵᠢᠱᠢᠶ᠎ᠡ ᠦᠵᠡᠭᠦᠯᠬᠦ ᠰᠢᠶᠠᠨ ᠶᠢ ᠴᠤᠭᠴᠠᠯᠠᠨ ᠪᠠᠶᠢᠭᠤᠯᠬᠤ      ᠠᠵᠢᠯ ᠤᠨ ᠤᠳᠤᠷᠢᠳᠬᠤ ᠳᠤᠭᠤᠶᠢᠯᠠᠩ ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ      ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ      ᠳᠤᠭᠤᠶᠢᠯᠠᠩ ᠤᠨ ᠳᠠᠷᠤᠭ᠎ᠠ᠄ ᠯᠢᠦ ᡁᠢ ᠡᠾᠦ᠋ᠢ ︵ᠬᠤᠰᠢᠭᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ︶      ᠳᠤᠭᠤᠶᠢᠯᠠᠩ ᠤᠨ ᠳᠡᠳ᠋ ᠳᠠᠷᠤᠭ᠎ᠠ᠄ ᠬᠠᠨ ᠬᠤᠤ ᠳ᠋ᠦᠩ ︵ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ︶      ᠬᠤᠩ ᠢᠦᠢ ᠹᠦ᠋ ︵ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ︶      ᠬᠡᠰᠢᠭᠦᠨ᠄ ᠴᠧᠨ ᠬᠤᠸ ︵ᠬᠤᠰᠢᠭᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ︶      ᠳ᠋ᠢᠩ ᠬᠦᠶ ᠰᠢᠶᠠᠨ ︵ᠬᠤᠰᠢᠭᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠭᠡᠷ ᠤᠨ ᠳᠡᠳ᠋ ᠡᠷᠬᠢᠯᠡᠭᠴᠢ︶      ᠸᠠᠩ ᠯᠢ ᠬᠤᠩ ︵ᠬᠤᠰᠢᠭᠤᠨ ᠬᠠᠮ ᠵᠠᠭᠤᠴᠢᠯᠠᠭᠤᠷ ᠤᠨ ᠲᠥᠪ ᠤᠨ ᠳᠡᠳ᠋ ᠡᠷᠬᠢᠯᠡᠭᠴᠢ︶      ᠽᠠᠩ ᠹᠧᠩ ᠪᠢᠶᠣᠣ ︵ᠬᠤᠰᠢᠭᠤᠨ ᠬᠥᠭᠵᠢᠭᠦᠯᠦᠯᠲᠡ  ᠥᠭᠡᠷᠡᠴᠢᠯᠡᠯᠲᠡ  ᠶᠢᠨ  ᠵᠥᠪᠯᠡᠯ  ᠤᠨ  ᠳᠡᠳ᠋  ᠡᠷᠬᠢᠯᠡᠭᠴᠢ︶      ᠴᠢᠩ ᠱᠠᠨ ︵ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠳᠠᠷᠤᠭ᠎ᠠ︶      ᠸᠠᠩ ᠰᠢᠶᠣᠣ ᠮᠢᠨ ︵ᠬᠤᠰᠢᠭᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ︶      ᠵᠠᠩ ᠢ ᠴᠧᠩ ︵ᠬᠤᠰᠢᠭᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ︶      ᠢᠦᠢ ᠱᠠᠨ ︵ᠬᠤᠰᠢᠭᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠳᠡᠳ᠋ ᠡᠷᠬᠢᠯᠡᠭᠴᠢ︶      ᠴᠧᠨ ᠬᠦᠶ ᠮᠢᠨ ︵ᠬᠤᠰᠢᠭᠤᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ︶      ᠴᠧᠨ ᠳ᠋ᠢᠶᠠᠨ ᠡᠾᠦ᠋ᠢ ︵ᠬᠤᠰᠢᠭᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ︶      ᠨᠢᠶᠧ ᠰᠢᠨ ᠢᠦᠢ ︵ᠬᠤᠰᠢᠭᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ︶      ᠴᠧᠨ ᠯᠢ ᠮᠢᠨ ︵ᠬᠤᠰᠢᠭᠤᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ︶      ᠶᠠᠩ ᠬᠦᠶ ᠴᠤᠸ ︵ᠬᠤᠰᠢᠭᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ︶       ᠵᠠᠩ ᠱᠤ᠋ ᠬᠤᠸᠠ ︵ᠬᠤᠰᠢᠭᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠳᠡᠳ᠋ ᠡᠷᠬᠢᠯᠡᠭᠴᠢ︶              ᠯᠢᠦ ᡁᠢ ᠵᠢᠶᠦ᠋ᠨ ︵ᠬᠤᠰᠢᠭᠤᠨ ᠡᠮᠨᠡᠯᠭᠡ ᠶᠢᠨ ᠬᠤᠷᠢᠶᠠᠨ ᠤ ᠳᠠᠷᠤᠭ᠎ᠠ︶      ᠴᠢᠷᠮᠠᠶᠢᠯᠲᠦ ︵ᠬᠤᠰᠢᠭᠤᠨ ᠮᠣᠩᠭᠤᠯ ᠡᠮᠨᠡᠯᠭᠡ ᠶᠢᠨ ᠬᠤᠷᠢᠶᠠᠨ ᠤ ᠳᠠᠷᠤᠭ᠎ᠠ︶      ᠮᠠ ᠱᠢ ᠸᠠᠩ ︵ᠬᠤᠰᠢᠭᠤᠨ ᠬᠢᠲᠠᠳ ᠡᠮᠨᠡᠯᠭᠡ ᠶᠢᠨ ᠬᠤᠷᠢᠶᠠᠨ ᠤ ᠳᠠᠷᠤᠭ᠎ᠠ︶      ᠶᠠᠩ ᠬᠤᠤ ᠯᠢ ︵ᠬᠤᠰᠢᠭᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠡᠷ ᠤᠨ ᠳᠠᠷᠤᠭ᠎ᠠ︶      ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠡᠮᠴᠢᠯᠡᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠬᠤᠪᠢᠳᠠᠨ ᠬᠠᠮᠢᠶᠠᠷᠴᠤ ᠪᠦᠬᠦᠢ ᠬᠠᠷᠢᠭᠤᠴᠠᠯᠭᠠᠲᠠᠨ      ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠩ ᠢᠦᠢ ᠹᠦ᠋ ᠬᠠᠪᠰᠤᠷᠭᠠᠨ ᠬᠠᠷᠢᠭᠤᠴᠠᠨ᠎ᠠ᠃      ᠬᠤᠶᠠᠷ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠤᠳᠤᠷᠢᠳᠬᠤ ᠳᠤᠭᠤᠶᠢᠯᠠᠩ ᠤᠨ ᠭᠤᠣᠯ ᠡᠭᠦᠷᠭᠡ ᠬᠠᠷᠢᠭᠤᠴᠠᠯᠭ᠎ᠠ᠄      1. ᠪᠥᠬᠦ ᠬᠤᠰᠢᠭᠤᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ             ︵ᠮᠣᠩᠭᠤᠯ ᠡᠮ ᠡᠮᠨᠡᠯᠭᠡ︶ ᠶᠢᠨ ᠵᠢᠱᠢᠶ᠎ᠡ ᠦᠵᠡᠭᠦᠯᠬᠦ ᠰᠢᠶᠠᠨ ᠨᠢᠭᠡᠴᠢ ᠶᠢ ᠴᠤᠭᠴᠠᠯᠠᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠶᠡᠷᠦᠩᠬᠡᠢ ᠲᠥᠯᠦᠪᠵᠢᠭᠦᠯᠭᠡ᠂ ᠰᠤᠳᠤᠯᠤᠨ ᠪᠠᠶᠢᠷᠢᠯᠠᠭᠤᠯᠬᠤ ᠵᠡᠷᠭᠡ ᠠᠵᠢᠯ ᠢ ᠬᠠᠷᠢᠭᠤᠴᠠᠨ᠎ᠠ︔      2. ᠪᠥᠬᠦ ᠬᠤᠰᠢᠭᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ᠂ ᠥᠭᠡᠷᠡᠴᠢᠯᠡᠯᠲᠡ ᠶᠢᠨ ᠰᠠᠨᠠᠯ᠂  ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠠᠵᠢᠯᠲᠠᠨ ᠤ ᠪᠣᠯᠪᠠᠰᠤᠷᠠᠭᠤᠯᠤᠯ᠂ ᠡᠬᠢ ᠪᠠᠶᠠᠯᠢᠭ ᠤᠨ ᠬᠤᠪᠢᠶᠠᠷᠢᠯᠠᠯᠲᠠ ᠵᠡᠷᠭᠡ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠠᠵᠢᠯ ᠢ ᠬᠠᠷᠢᠭᠤᠴᠠᠨ᠎ᠠ︔      3. ᠴᠤᠭᠴᠠᠯᠠᠨ ᠪᠠᠶᠢᠭᠤᠯᠬᠤ ᠠᠵᠢᠯ ᠤᠨ ᠳᠤᠮᠳᠠᠬᠢ ᠠᠰᠠᠭᠤᠳᠠᠯ ᠪᠠ ᠬᠦᠴᠢᠷᠳᠡᠯ ᠢ ᠰᠤᠳᠤᠯᠤᠨ ᠰᠢᠢᠳᠪᠦᠷᠢᠯᠡᠬᠦ ᠶᠢ ᠬᠠᠷᠢᠭᠤᠴᠠᠨ᠎ᠠ︔      4. ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ ᠵᠣᠬᠢᠶᠠᠨ ᠪᠠᠶᠢᠭᠤᠯᠤᠨ ᠵᠣᠬᠢᠴᠠᠭᠤᠯᠬᠤ᠂ ᠮᠡᠳᠡᠭᠡ ᠵᠠᠩᠭᠢ ᠨᠡᠪᠲᠡᠷᠡᠯᠴᠡᠬᠦ᠂ ᠡᠭᠦᠷᠭᠡ ᠬᠤᠪᠢᠶᠠᠷᠢᠯᠠᠬᠤ᠂ ᠨᠤᠷᠮ᠎ᠡ ᠬᠤᠪᠢᠶᠠᠷᠢᠯᠠᠬᠤ ᠠᠵᠢᠯ ᠢ ᠬᠠᠷᠢᠭᠤᠴᠠᠨ᠎ᠠ︔      5. ᠪᠥᠬᠦ ᠬᠤᠰᠢᠭᠤᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠱᠢᠶ᠎ᠡ ᠦᠵᠡᠭᠦᠯᠬᠦ ᠰᠢᠶᠠᠨ ᠢ ᠴᠤᠭᠴᠠᠯᠠᠨ ᠪᠠᠶᠢᠭᠤᠯᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠶᠢ ᠬᠠᠷᠢᠭᠤᠴᠠᠨ᠎ᠠ︔      6. ᠬᠤᠰᠢᠭᠤᠨ ᠵᠠᠰᠠᠭ ᠤᠨ ᠣᠷᠳᠣᠨ ᠤ ᠲᠣᠬᠢᠷᠠᠭᠤᠯᠤᠭᠰᠠᠨ ᠪᠤᠰᠤᠳ ᠡᠭᠦᠷᠭᠡ ᠶᠢ ᠳᠠᠭᠠᠭᠠᠨ ᠭᠦᠢᠴᠡᠳᠬᠡᠨ᠎ᠡ᠃      ︵ᠬᠤᠶᠠᠷ︶ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ᠄      1. ︽ᠠᠷᠤ ᠬᠤᠷᠴᠢᠨ ᠬᠤᠰᠢᠭᠤᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ   ︵ᠮᠣᠩᠭᠤᠯ ᠡᠮ ᠡᠮᠨᠡᠯᠭᠡ︶  ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠢ ᠴᠤᠭᠴᠠᠯᠠᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠪᠠ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠵᠢᠴᠢ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠠᠵᠢᠯ ᠢ ᠥᠷᠨᠢᠭᠦᠯᠵᠦ᠂  ᠴᠤᠭᠴᠠᠯᠠᠨ ᠪᠠᠶᠢᠭᠤᠯᠤᠭᠰᠠᠨ ᠠᠵᠢᠯ ᠤᠨ ᠪᠠᠶᠢᠳᠠᠯ ᠢᠶᠠᠨ ᠤᠳᠤᠷᠢᠳᠬᠤ ᠳᠤᠭᠤᠶᠢᠯᠠᠩ ᠳᠤ ᠴᠠᠭ ᠲᠤᠬᠠᠢ ᠳᠤᠨᠢ ᠬᠠᠷᠢᠭᠤ ᠮᠡᠳᠡᠭᠦᠯᠬᠦ ᠬᠡᠷᠡᠭᠲᠡᠢ︔      2. ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ   ᠶᠢᠨ  ᠴᠤᠭᠴᠠᠠᠯᠨ  ᠪᠠᠶᠢᠭᠤᠯᠬᠤ  ᠠᠵᠢᠯ  ᠢ  ᠵᠢᠯᠣᠭᠤᠳᠤᠨ᠎ᠠ︔      3. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠢᠱᠢᠶ᠎ᠡ ᠦᠵᠡᠭᠦᠯᠬᠦ ᠰᠢᠶᠠᠨ ᠢ ᠴᠤᠭᠴᠠᠯᠠᠨ ᠪᠠᠶᠢᠭᠤᠯᠬᠤ ᠤᠬᠠᠭᠤᠯᠭ᠎ᠠ ᠶᠢᠨ ᠠᠵᠢᠯ ᠪᠠ ᠬᠢᠲᠠᠳ ᠡᠮᠨᠡᠯᠭᠡ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ︔      4. ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠬᠢᠲᠠᠳ ᠡᠮ ᠡᠮᠨᠡᠯᠭᠡ      ︵ᠮᠣᠩᠭᠤᠯ ᠡᠮ ᠡᠮᠨᠡᠯᠭᠡ︶ ᠶᠢᠨ ᠵᠢᠱᠢᠶ᠎ᠡ ᠦᠵᠡᠭᠦᠯᠬᠦ ᠰᠢᠶᠠᠨ ᠢ ᠴᠤᠭᠴᠠᠯᠠᠨ ᠪᠠᠶᠢᠭᠤᠯᠬᠤ᠂ ᠳᠠᠬᠢᠨ ᠬᠢᠨᠠᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ︔       5. ᠬᠠᠮᠢᠶ᠎ᠠ ᠪᠦᠬᠦᠢ ᠮᠠᠲ᠋ᠧᠷᠢᠶᠠᠯ ᠢ ᠴᠤᠭᠯᠠᠭᠤᠯᠬᠤ ᠪᠠ ᠡᠮᠬᠢᠳᠬᠡᠬᠦ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠦᠢᠯᠡᠳᠦᠨ ᠲᠠᠷᠬᠠᠭᠠᠨ᠎ᠠ᠃                                                        ᠣᠷᠴᠢᠭᠤᠯᠤᠭᠴᠢ᠄ ᠰᠠᠷᠠᠭᠤᠯ
 
ᠢᠷᠡᠯᠲᠡ᠄ ᠠᠷᠣ ᠬᠤᠷᠴᠢᠨ ᠬᠤᠰᠢᠭᠤᠨ ᠵᠠᠰᠠᠭ ᠤᠨ ᠣᠷᠳᠣᠨ ᠤ ᠠᠯᠪᠡᠨ ᠭᠡᠷ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号