ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠠᠷᠤ | ᠬᠤᠷᠴᠢᠨ ᠬᠤᠰᠢᠭᠤᠨ ᠤ ᠰᠢᠪᠠᠷᠲᠠᠶ ᠠᠴᠠ ᠬᠠᠨ ᠠᠭᠤᠯᠠ ᠣᠶ ᠰᠢᠭᠤᠶ ᠶᠢᠨ ᠲᠠᠯᠠᠪᠠᠶ ᠬᠥᠷᠬᠦ ᠬᠤᠤᠰ ᠴᠢᠭᠯᠡᠯ ᠢᠶᠠᠷ | ᠲᠡᠷᠭᠡ ᠨᠡᠪᠲᠡᠷᠡᠬᠦ ᠵᠠᠮ ᠢ ᠦᠭᠡᠷᠡᠴᠢᠯᠡᠨ ᠪᠠᠶᠢᠭᠤᠯᠬᠤ ᠢᠨᠵᠧᠨᠧᠷᠢᠩ ᠤᠨ AQ2023 SHGL ᠬᠡᠰᠡᠭ ᠤᠨ | ᠪᠠᠷᠢᠯᠭ᠎ᠠ ᠶᠢᠨ ᠠᠵᠢᠯ ᠢ ᠬᠢᠬᠦ ᠪᠠᠷ ᠪᠠᠶᠢᠨ᠎ᠠ᠃ ᠪᠠᠷᠢᠯᠭ᠎ᠠ ᠶᠢᠨ ᠠᠮᠤᠷ ᠲᠦᠪᠰᠢᠨ᠂ ᠤᠷᠤᠭᠰᠢᠲᠠᠶ ᠶᠠᠪᠤᠭᠳᠠᠬᠤ ᠶᠢ | ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ | ᠬᠠᠤᠯᠢ︾ ᠶᠢᠨ ᠭᠤᠴᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ 2023 ᠣᠨ ᠤ 6 ᠰᠠᠷ᠎ᠠ ᠶᠢᠨ | 5 ᠤ ᠡᠳᠦᠷ ᠠᠴᠠ 2023 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠠᠷᠤ ᠬᠤᠷᠴᠢᠨ ᠬᠤᠰᠢᠭᠤᠨ ᠤ | ᠰᠢᠪᠠᠷᠲᠠᠶ ᠠᠴᠠ ᠬᠠᠨ ᠠᠭᠤᠯᠠ ᠣᠶ ᠰᠢᠭᠤᠶ ᠶᠢᠨ ᠲᠠᠯᠠᠪᠠᠶ ᠬᠦᠷᠬᠦ ᠬᠤᠤᠰ ᠴᠢᠭᠯᠡᠯ ᠢᠶᠠᠷ ᠲᠡᠷᠭᠡ ᠨᠡᠪᠲᠡᠷᠡᠬᠦ ᠵᠠᠮ ᠢ | ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ AQ2023SHGL ᠬᠡᠰᠡᠭ ᠤᠨ ᠵᠠᠮ ᠢ ᠪᠢᠲᠡᠭᠦᠮᠵᠢᠯᠡᠵᠦ | ᠪᠠᠷᠢᠯᠭ᠎ᠠ ᠶᠢᠨ ᠠᠵᠢᠯ ᠬᠢᠬᠦ ᠪᠠᠷ ᠲᠣᠭᠲᠠᠯ᠎ᠠ᠃ ᠪᠣᠳᠠᠲᠠᠢ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ᠄ | ᠰᠢᠪᠠᠷᠲᠠᠶ᠂ ᠱᠣᠷᠤᠩ᠂ ᠤᠨᠠᠭᠠᠲᠦ ᠶᠢᠨ ᠬᠥᠨᠳᠡᠶ᠂ ᠬᠠᠨ ᠠᠭᠤᠯᠠ ᠶᠢᠨ ᠣᠶ ᠰᠢᠭᠤᠶ ᠶᠢᠨ ᠲᠠᠯᠠᠪᠠᠶ | ᠵᠡᠷᠭᠡ ᠶᠢ ᠪᠦᠬᠦᠨ ᠢ ᠪᠢᠲᠡᠭᠦᠮᠵᠢᠯᠡᠨ ᠪᠠᠷᠢᠯᠭ᠎ᠠ ᠪᠠᠷᠢᠵᠤ᠂ ᠠᠯᠢᠪᠠ ᠲᠡᠷᠭᠡ ᠬᠥᠰᠬᠡ ᠡᠳᠡᠭᠡᠷ ᠭᠠᠵᠠᠷ ᠣᠷᠣᠨ ᠢᠶᠠᠷ | ᠦᠩᠭᠡᠷᠡᠬᠦ ᠶᠢ ᠴᠠᠭᠠᠵᠠᠯᠠᠨ᠎ᠠ᠂ ᠦᠩᠭᠡᠷᠡᠨ ᠶᠠᠪᠤᠬᠤ ᠲᠡᠷᠭᠡ ᠬᠥᠰᠬᠡ ᠲᠣᠭᠤᠷᠢᠵᠤ ᠶᠠᠪᠤᠭᠠᠷᠠᠶ᠃ | ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ᠂ ᠵᠠᠮ ᠳᠠᠭᠠᠤ ᠶᠢᠨ ᠰᠠᠭᠤᠭᠠᠯᠢ ᠠᠷᠠᠳ ᠤᠨ ᠶᠠᠪᠤᠵᠤ ᠰᠠᠭᠤᠬᠤ ᠪᠠ | ᠠᠮᠢᠳᠤᠷᠠᠯ ᠳᠤ ᠳᠥᠭᠦᠮ ᠦᠭᠡᠢ ᠪᠤᠯᠬᠤ ᠨᠢ ᠮᠡᠳᠡᠭᠡᠵᠢ ᠂ ᠠᠭᠤᠴᠢᠯᠠᠬᠤ ᠪᠣᠯᠪᠠᠤ᠃ | | ᠠᠷᠤ ᠬᠤᠷᠴᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ | ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2023 ᠣᠨ ᠤ 6 ᠰᠠᠷ᠎ᠠ ᠶᠢᠨ 5 ᠤ ᠡᠳᠦᠷ | | |