ᠬᠦᠯᠢᠶᠡᠨ ᠰᠢᠢᠳᠪᠦᠷᠢᠯᠡᠬᠦ ᠨᠥᠬᠦᠴᠡᠯ | ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ 1. ᠲᠡᠷᠭᠡ ᠬᠥᠰᠬᠡ ᠨᠢ ᠰᠤᠷᠭᠠᠭᠤᠯᠢ ᠶᠢᠨ ᠲᠡᠷᠭᠡ ᠶᠢᠨ ᠠᠮᠤᠷ | ᠲᠦᠪᠰᠢᠨ ᠤ ᠤᠯᠤᠰ ᠤᠨ ᠪᠠᠷᠢᠮᠵᠢᠶ᠎ᠠ ᠳᠤ ᠨᠡᠶᠢᠴᠡᠵᠦ᠂ ᠮᠠᠰᠢᠨᠲᠤ ᠲᠡᠷᠭᠡ ᠶᠢᠨ ᠰᠢᠯᠭᠠᠨ ᠪᠠᠶᠢᠴᠠᠭᠠᠯᠲᠠ ᠳᠤ ᠬᠢᠷᠢ | ᠲᠡᠩᠴᠡᠭᠰᠡᠨ ᠭᠡᠷᠡᠴᠢ ᠶᠢ ᠣᠯᠣᠭᠰᠠᠨ ᠪᠥᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠨᠢᠭᠡᠨᠲᠡ ᠳᠠᠩᠰᠠᠯᠠᠭᠤᠯᠤᠨ ᠪᠦᠷᠢᠳᠬᠡᠭᠦᠯᠦᠭᠰᠡᠨ ᠪᠠᠶᠢᠬᠤ ᠬᠡᠷᠡᠭᠲᠡᠢ︔ 2. | ᠰᠤᠷᠭᠠᠭᠤᠯᠢ ᠶᠢᠨ ᠲᠡᠷᠭᠡ ᠵᠢᠯᠤᠭᠤᠳᠬᠤ ᠬᠢᠷᠢ ᠬᠡᠮ ᠣᠯᠣᠭᠰᠠᠨ ᠵᠢᠯᠣᠭᠤᠴᠢ ᠲᠠᠢ ᠪᠠᠶᠢᠬᠤ︔ 3. ᠶᠠᠪᠤᠬᠤ ᠵᠠᠮ ᠱᠤᠭᠤᠮ᠂ | ᠲᠡᠷᠭᠡ ᠬᠥᠳᠡᠯᠬᠦ ᠴᠠᠭ ᠪᠠ ᠵᠣᠭᠰᠣᠬᠤ ᠥᠷᠲᠡᠭᠡ ᠶᠢ ᠪᠠᠭᠲᠠᠭᠠᠭᠰᠠᠨ ᠵᠦᠢ ᠵᠣᠬᠢᠰᠲᠠᠢ ᠪᠥᠭᠡᠳ ᠪᠣᠯᠣᠮᠵᠢᠲᠠᠢ ᠰᠤᠷᠭᠠᠭᠤᠯᠢ | ᠶᠢᠨ ᠲᠡᠷᠭᠡ ᠶᠢᠨ ᠠᠵᠢᠯᠯᠠᠭᠠᠨ ᠤ ᠲᠥᠰᠥᠯ ᠲᠠᠢ ᠪᠠᠶᠢᠬᠤ︔ 4. ᠠᠮᠤᠷ ᠲᠦᠪᠰᠢᠨ ᠤ ᠬᠠᠮᠢᠶᠠᠷᠤᠯᠲᠠ ᠶᠢᠨ ᠪᠦᠷᠢᠨ | ᠭᠦᠢᠴᠡᠳ ᠳᠦᠷᠢᠮ ᠲᠠᠢ ᠪᠠᠶᠢᠬᠤ︔ 5. ᠮᠠᠰᠢᠨᠲᠤ ᠲᠡᠷᠭᠡᠨ ᠤ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ | ᠳᠠᠭᠠᠳᠬᠠᠯ ᠳᠤ ᠨᠢᠭᠡᠨᠲᠡ ᠣᠷᠣᠭᠰᠠᠨ ᠪᠠᠶᠢᠬᠤ᠃ | ᠲᠣᠭᠲᠠᠭᠠᠭᠰᠠᠨ ᠦᠨᠳᠦᠰᠦᠯᠡᠯ | ︽ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ︵2012 ᠣᠨ ᠤ 4 | ᠳ᠋ᠦ᠋ᠭᠡᠷ ᠰᠠᠷ᠎ᠠ ᠶᠢᠨ 5 ᠤ ᠡᠳᠦᠷ ᠲᠦᠷᠦ ᠶᠢᠨ ᠶᠠᠪᠤᠳᠠᠯ ᠤ ᠬᠤᠷᠢᠶᠠᠨ ᠤ ᠵᠠᠷᠯᠢᠭ 617 ᠳ᠋ᠤᠭᠠᠷ ᠲᠣᠭᠠᠲᠤ︶ ᠤᠨ ᠠᠷᠪᠠᠨ | ᠲᠠᠪᠤᠳᠤᠭᠠᠷ ᠵᠣᠷᠪᠣᠰ᠄ ᠰᠤᠷᠭᠠᠭᠤᠯᠢ ᠪᠤᠶᠤ ᠰᠤᠷᠭᠠᠭᠤᠯᠢ ᠶᠢᠨ ᠲᠡᠷᠭᠡ ᠶᠢᠨ ᠦᠢᠯᠡᠴᠢᠯᠡᠭᠡ ᠬᠠᠩᠭᠠᠭᠴᠢ ᠰᠤᠷᠭᠠᠭᠤᠯᠢ ᠶᠢᠨ | ᠲᠡᠷᠭᠡ ᠬᠡᠷᠡᠭᠯᠡᠬᠦ ᠵᠥᠪᠰᠢᠶᠡᠷᠡᠯ ᠢ ᠭᠤᠶᠤᠴᠢᠯᠠᠨ ᠣᠯᠬᠤ ᠳᠤ᠂ ᠰᠢᠶᠠᠨ ᠤ ᠱᠠᠲᠤᠨ ᠤ ᠪᠤᠶᠤ ᠲᠣᠭᠤᠷᠢᠭ ᠪᠠᠶᠢᠭᠤᠯᠤᠭᠰᠠᠨ | ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ ᠪᠢᠴᠢᠭ ᠤᠨ ᠬᠡᠯᠪᠡᠷᠢ ᠶᠢᠨ ᠭᠤᠶᠤᠴᠢᠯᠠᠯ ᠪᠣᠯᠣᠨ ᠲᠤᠰ ᠳᠦᠷᠢᠮ ᠤᠨ ᠠᠷᠪᠠᠨ ᠳᠥᠷᠪᠡᠳᠦᠭᠡᠷ ᠵᠣᠷᠪᠣᠰ ᠲᠤ | ᠲᠣᠭᠲᠠᠭᠠᠭᠰᠠᠨ ᠨᠥᠬᠦᠴᠡᠯ ᠳᠤ ᠨᠡᠶᠢᠴᠡᠬᠦ ᠭᠡᠷᠡᠴᠢᠯᠡᠯ ᠤᠨ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠤᠶᠤᠴᠢᠯᠠᠯ ᠤᠨ ᠮᠠᠲ᠋ᠧᠷᠢᠶᠠᠯ ᠢ ᠣᠯᠣᠭᠰᠠᠨ ᠡᠳᠦᠷ ᠠᠴᠠ ᠡᠬᠢᠯᠡᠨ | 3 ᠠᠵᠢᠯ ᠤᠨ ᠡᠳᠦᠷ ᠤᠨ ᠳᠣᠲᠣᠷ᠎ᠠ ᠠᠳᠠᠯᠢ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠲᠤ ᠲᠤᠰ ᠲᠤᠰ | ᠬᠦᠷᠭᠡᠵᠦ ᠰᠠᠨᠠᠯ ᠬᠤᠷᠢᠶᠠᠬᠤ ᠬᠡᠷᠡᠭᠲᠡᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ 3 ᠠᠵᠢᠯ ᠤᠨ ᠡᠳᠦᠷ ᠤᠨ ᠳᠣᠲᠣᠷ᠎ᠠ | ᠰᠠᠨᠠᠯ ᠢᠶᠠᠨ ᠬᠠᠷᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠠᠷᠢᠭᠤ | ᠥᠭᠭᠦᠭᠰᠡᠨ ᠰᠠᠨᠠᠯ ᠢ ᠣᠯᠣᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠬᠢᠨᠠᠨ ᠪᠠᠶᠢᠴᠠᠭᠠᠭᠰᠠᠨ | ᠰᠠᠨᠠᠯ ᠢᠶᠠᠨ ᠳᠤᠷᠠᠳᠴᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ ᠲᠤᠰ | ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠬᠦ ᠪᠠᠷ ᠲᠣᠭᠲᠠᠭᠠᠭᠰᠠᠨ ᠪᠠᠶᠢᠪᠠᠯ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠤᠷᠭᠠᠭᠤᠯᠢ ᠶᠢᠨ | ᠲᠡᠷᠭᠡᠨ ᠤ ᠲᠡᠮᠳᠡᠭ ᠫᠠᠶᠢᠰᠠ ᠣᠯᠭᠤᠬᠤ ᠶᠢᠨ ᠬᠠᠮᠲᠤ ᠮᠠᠰᠢᠨᠲᠤ ᠲᠡᠷᠭᠡᠨ ᠤ ᠠᠶᠠᠯᠠᠨ ᠶᠠᠪᠤᠬᠤ ᠦᠨᠡᠮᠯᠡᠯ ᠳᠡᠭᠡᠷ᠎ᠡ | ᠰᠤᠷᠭᠠᠭᠤᠯᠢ ᠶᠢᠨ ᠲᠡᠷᠭᠡᠨ ᠤ ᠲᠦᠷᠦᠯ ᠵᠦᠢᠯ ᠪᠣᠯᠣᠨ ᠠᠴᠢᠶᠠᠯᠠᠬᠤ ᠬᠦᠮᠦᠨ ᠤ ᠲᠤᠭ᠎ᠠ ᠶᠢ ᠴᠣᠬᠤᠬᠤ ᠬᠡᠷᠡᠭᠲᠡᠢ︔ᠡᠰᠡ | ᠵᠥᠪᠰᠢᠶᠡᠷᠡᠭᠰᠡᠨ ᠪᠠᠶᠢᠪᠠᠯ᠂ ᠤᠴᠢᠷ ᠰᠢᠯᠲᠠᠭᠠᠨ ᠢᠶᠠᠨ ᠪᠢᠴᠢᠭ ᠢᠶᠠᠷ ᠲᠣᠳᠤᠷᠬᠠᠶᠢᠯᠠᠬᠤ ᠬᠡᠷᠡᠭᠲᠡᠢ᠃ | ᠰᠦᠢᠳᠬᠡᠯ ᠬᠤᠷᠢᠶᠠᠬᠤ ᠪᠠᠷᠢᠮᠵᠢᠶ᠎ᠠ ᠪᠣᠯᠣᠨ ᠦᠨᠳᠦᠰᠦᠯᠡᠯ | ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ | ᠭᠦᠢᠴᠡᠳᠬᠡᠬᠦ ᠭᠠᠵᠠᠷ ᠪᠠ ᠭᠦᠢᠴᠡᠳᠬᠡᠬᠦ ᠴᠠᠭ | ᠭᠦᠢᠴᠡᠳᠬᠡᠬᠦ ᠭᠠᠵᠠᠷ᠄ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤᠨ ᠤ ᠵᠢᠢ ᠲᠦᠩ ᠵᠠᠮ ᠤᠨ ᠵᠡᠭᠦᠨ | ᠲᠠᠯ᠎ᠠ ᠶᠢᠨ ᠲᠢᠶᠠᠨ ᠶᠤᠸᠠᠨ ᠶᠡᠭᠡ ᠵᠡᠭᠡᠯᠢ ᠶᠢᠨ ᠬᠤᠶᠢᠲᠤ ᠲᠠᠯ᠎ᠠ ᠶᠢᠨ 45 ᠳ᠋ᠤᠭᠠᠷ ᠨᠣᠮᠧᠷ᠂ ᠠᠷᠤ ᠬᠤᠷᠴᠢᠨ ᠬᠤᠰᠢᠭᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠬᠤᠶᠠᠳᠤᠭᠠᠷ ᠳᠠᠪᠬᠤᠷᠯᠢᠭ ᠤᠨ 46 ︱ 49 ᠳ᠋ᠦ᠋ᠭᠡᠷ | ᠴᠣᠩᠬᠤᠪᠴᠢ | ᠭᠦᠢᠴᠡᠳᠬᠡᠬᠦ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 ︱ | 11᠄ 30᠂ ᠦᠳᠡ ᠶᠢᠨ ᠬᠤᠶᠢᠨᠠᠬᠢ 14᠄ 30 ︱ 17᠄ 30 ︵ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄ 2᠂ 3 ᠳ᠋ᠤᠭᠠᠷ ᠵᠠᠮ ᠤᠨ ᠨᠡᠶᠢᠲᠡ ᠶᠢᠨ ᠮᠠᠰᠢᠨ ᠲᠡᠷᠭᠡᠨ ᠳᠤ | ᠰᠠᠭᠤᠵᠤ ᠵᠠᠮ ᠬᠠᠷᠢᠯᠴᠠᠭᠠᠨ ᠤ ᠲᠣᠪᠴᠢᠶ᠎ᠠ ᠶᠢᠨ ᠥᠷᠲᠡᠭᠡᠨ ᠳᠤ ᠪᠠᠭᠤᠨ᠎ᠠ᠂ 1 ᠳ᠋ᠦ᠋ᠭᠡᠷ ᠵᠠᠮ ᠤᠨ ᠨᠡᠶᠢᠲᠡ ᠶᠢᠨ ᠮᠠᠰᠢᠨ | ᠲᠡᠷᠭᠡᠨ ᠳᠤ ᠰᠠᠭᠤᠵᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠥᠷᠲᠡᠭᠡᠨ ᠳᠤ ᠪᠠᠭᠤᠵᠤ᠂ ᠵᠡᠭᠦᠨᠰᠢ 100 ᠮᠧᠲᠷ ᠣᠷᠴᠢᠮ ᠶᠠᠪᠤᠪᠠᠯ ᠵᠠᠮ ᠤᠨ ᠬᠤᠶᠢᠲᠤ ᠲᠠᠯ᠎ᠠ ᠳᠤ ᠪᠣᠢ ᠃ | | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠰᠦᠯᠵᠢᠶ᠎ᠡ ᠠᠴᠠ ᠰᠢᠯᠵᠢᠭᠦᠯᠦᠨ ᠣᠷᠴᠢᠭᠤᠯᠪᠠ | |