︽ᠠᠷᠢᠭᠤᠨ ᠳᠠᠭᠰᠢᠨ ᠠᠷᠤ ᠬᠤᠷᠴᠢᠨ︾ 2023 ᠣᠨ ᠤ ᠠᠩᠬᠠᠳᠤᠭᠠᠷ ᠬᠤᠭᠤᠴᠠᠭᠠᠨ ᠤ ᠬᠠᠯᠠᠭᠤᠨ ᠬᠡᠶᠢᠲᠦ ᠪᠥᠮᠪᠦᠭᠡ ᠶᠢᠨ ᠣᠭᠲᠠᠷᠭᠤᠢ ᠳᠠᠬᠢ ᠠᠶᠠᠯᠠᠯ ᠤᠨ ᠠᠵᠢᠯᠯᠠᠭ᠎ᠠ ᠶᠢᠨ ᠬᠤᠭᠤᠴᠠᠭᠠᠨ ᠳᠤ ᠵᠢᠯᠤᠭᠤᠴᠢ ᠠᠴᠢᠭ᠎ᠠ ᠦᠭᠡᠢ ᠨᠢᠰᠳᠡᠭ ᠮᠠᠰᠢᠨ ᠵᠡᠷᠭᠡ ᠶᠢ ᠲᠦᠷ ᠴᠠᠭ ᠵᠠᠬᠢᠷᠤᠨ ᠬᠠᠮᠢᠶᠠᠷᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2023/8/11
ᠠᠷᠤ ᠬᠤᠷᠴᠢᠨ ᠬᠤᠰᠢᠭᠤᠨ ᠤ ᠥᠷᠭᠡᠨ ᠣᠯᠠᠨ ᠲᠦᠮᠡᠨ ᠳᠤ᠄      2023 ᠣᠨ ᠤ 8 ᠰᠠᠷ᠎ᠠ ᠶᠢᠨ 11~ 13 ᠤ ᠡᠳᠦᠷ ᠪᠣᠯᠳᠠᠯ᠎ᠠ᠂ ᠠᠷᠤ ᠬᠤᠷᠴᠢᠨ ᠬᠤᠰᠢᠭᠤᠨ ᠤ ᠴᠢᠪᠠᠭ᠎ᠠ ᠪᠠᠯᠭᠠᠰᠤ ᠶᠢᠨ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠠᠭᠤᠳᠠᠮ ᠲᠠᠯᠠᠪᠠᠢ᠂ ᠬᠠᠤᠯᠢ ᠪᠠᠷ ᠵᠠᠰᠠᠬᠤ ᠰᠣᠶᠣᠯ ᠤᠨ ᠠᠭᠤᠳᠠᠮ ᠲᠠᠯᠠᠪᠠᠢ ᠳᠤ ︽ᠠᠷᠢᠭᠤᠨ ᠲᠠᠭᠰᠢᠨ ᠠᠷᠤ ᠬᠤᠷᠴᠢᠨ︾ 2023 ᠣᠨ ᠤ ᠠᠩᠬᠠᠳᠤᠭᠠᠷ ᠬᠤᠭᠤᠴᠠᠭᠠᠨ ᠤ ᠬᠠᠯᠠᠭᠤᠨ ᠭᠡᠶᠢᠲᠦ ᠪᠥᠮᠪᠦᠭᠡ ᠶᠢᠨ ᠣᠭᠲᠠᠷᠭᠤᠢ ᠳ᠋ᠬᠢ ᠠᠶᠠᠯᠠᠯ ᠤᠨ ᠠᠵᠢᠯᠯᠠᠭ᠎ᠠ ᠶᠠᠪᠤᠭᠳᠠᠬᠤ ᠪᠣᠯᠣᠨ᠎ᠠ᠃ ᠠᠵᠢᠯᠯᠠᠭ᠎ᠠ ᠶᠢᠨ ᠤᠷᠤᠭᠰᠢᠳᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠠᠮᠢᠶ᠎ᠠ ᠪᠦᠬᠦᠢ ᠬᠠᠤᠯᠢ ᠴᠠᠭᠠᠵᠨ ᠬᠠᠤᠯᠢ ᠲᠣᠭᠲᠠᠭᠠᠯ ᠢ ᠦᠨᠳᠦᠰᠦᠯᠡᠨ᠂ ᠵᠢᠯᠤᠭᠤᠴᠢ ᠠᠴᠢᠭ᠎ᠠ ᠦᠭᠡᠢ ᠨᠢᠰᠳᠡᠭ ᠮᠠᠰᠢᠨ ᠬᠡᠷᠡᠭᠯᠡᠬᠦ  ᠶᠢ ᠴᠠᠭᠠᠵᠠᠯᠠᠬᠤ ᠲᠤᠬᠠᠢ ᠳᠣᠣᠷᠠᠬᠢ ᠮᠡᠲᠦ ᠵᠠᠷᠯᠠᠨ ᠮᠡᠳᠡᠭᠳᠡᠶ᠎ᠡ :      1. ᠬᠡᠷᠡᠭᠯᠡᠬᠦ ᠶᠢ ᠴᠠᠭᠠᠵᠠᠯᠠᠬᠤ ᠬᠤᠭᠤᠴᠠᠭ᠎ᠠ ᠵᠢᠴᠢ ᠣᠷᠣᠨ ᠵᠠᠢ᠄ 2023 ᠣᠨ ᠤ 8 ᠰᠠᠷ᠎ᠠ ᠶᠢᠨ 11 ᠤ ᠡᠳᠦᠷ ᠤᠨ 5 ᠴᠠᠭ ᠠᠴᠠ 8 ᠰᠠᠷ᠎ᠠ ᠶᠢᠨ 13 ᠤ ᠡᠳᠦᠷ ᠤᠨ 23 ᠴᠠᠭ ᠪᠣᠯᠲᠠᠯ᠎ᠠ᠃ ᠴᠢᠪᠠᠭ᠎ᠠ ᠪᠠᠯᠭᠠᠰᠤ ᠶᠢᠨ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠠᠭᠤᠳᠠᠮ ᠲᠠᠯᠠᠪᠠᠶ ᠶᠢᠨ ᠳᠡᠭᠡᠳᠦ ᠣᠭᠲᠠᠷᠭᠤᠢ ᠳ᠋ᠬᠢ ᠷᠠᠳᠢᠦ᠋ᠰ ᠨᠢ 7 K M ᠤᠨ ᠣᠷᠣᠨ ᠵᠠᠢ᠃      2. ᠬᠡᠷᠡᠭᠯᠡᠬᠦ ᠶᠢ ᠴᠠᠭᠠᠵᠠᠯᠠᠵᠤ ᠵᠠᠬᠢᠷᠤᠨ ᠬᠠᠮᠢᠶᠠᠷᠬᠤ ᠬᠤᠭᠤᠴᠠᠭᠠᠨ ᠳᠤ᠂ ᠬᠤᠰᠢᠭᠤᠨ ᠬᠠᠮ ᠵᠠᠭᠤᠴᠢᠯᠠᠭᠤᠷ  ᠤᠨ ᠲᠥᠪ ᠠᠴᠠ ︵ᠬᠢᠨᠡᠨ ᠵᠥᠪᠰᠢᠶᠡᠷᠡᠭᠦᠯᠦᠭᠰᠡᠨ ᠵᠠᠭᠤᠴᠢᠯᠠᠭᠤᠷ ᠨᠢᠭᠡᠴᠢ ᠵᠢᠴᠢ ᠬᠤᠪᠢ ᠬᠥᠮᠥᠨ ᠪᠠᠭᠲᠠᠨ᠎ᠠ︶ ᠠᠵᠢᠯᠯᠠᠭ᠎ᠠ ᠶᠢᠨ ᠠᠬᠤᠢ ᠲᠠᠯᠠᠪᠠᠶ ᠶᠢᠨ ᠰᠢᠭᠤᠳ ᠨᠡᠪᠲᠡᠷᠡᠭᠦᠯᠭᠡ ᠬᠢᠵᠦ᠂ ᠰᠣᠨᠢᠨ ᠮᠡᠳᠡᠭᠡᠨ ᠤ ᠪᠣᠷᠣ ᠮᠠᠲ᠋ᠧᠷᠢᠶᠠᠯ ᠴᠤᠭᠯᠠᠭᠤᠯᠬᠤ ᠳᠤ ᠵᠢᠯᠣᠭᠤᠴᠢ ᠠᠴᠢᠭ᠎ᠠ ᠦᠭᠡᠢ ᠨᠢᠰᠳᠡᠭ ᠮᠠᠰᠢᠨ ᠬᠡᠷᠡᠭᠯᠡᠵᠦ ᠪᠣᠯᠬᠤ ᠠᠴᠠ ᠪᠤᠰᠤᠳ ᠨᠢᠭᠡᠴᠢ ᠵᠢᠴᠢ ᠬᠤᠪᠢ ᠬᠥᠮᠥᠨ ᠡᠯ᠎ᠡ ᠳᠦᠷᠦᠯ ᠤᠨ ᠠᠭᠠᠷ ᠤᠨ ᠨᠢᠰᠦᠭᠦᠷ ᠬᠡᠷᠡᠭᠯᠡᠬᠦ ᠶᠢ ᠴᠠᠭᠠᠵᠠᠯᠠᠨ᠎ᠠ᠃      3. ᠵᠠᠬᠢᠷᠤᠨ ᠬᠠᠮᠢᠶᠠᠷᠬᠤ ᠬᠤᠭᠤᠴᠠᠭᠠᠨ ᠳᠤ᠂ ᠥᠷᠭᠡᠨ ᠣᠯᠠᠨ ᠲᠦᠮᠡᠨ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠲᠣᠰ ᠵᠠᠷᠯᠠᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠬᠤ ᠭᠡᠷᠡᠭᠲᠡᠢ᠃      4. ᠵᠠᠬᠢᠷᠤᠨ ᠬᠠᠮᠢᠶᠠᠷᠬᠤ ᠬᠤᠭᠤᠴᠠᠭ᠎ᠠ᠂ ᠣᠷᠣᠨ ᠪᠦᠰᠡ ᠶᠢᠨ ᠳᠣᠲᠣᠷ᠎ᠠ ᠳᠤᠷ᠎ᠠ ᠪᠠᠷ ᠬᠡᠷᠡᠭᠯᠡᠭᠰᠡᠳ ᠢ ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠶᠣᠰᠣᠭᠠᠷ ᠰᠢᠢᠳᠬᠡᠨ ᠳᠤᠷᠭᠠᠨ᠎ᠠ᠃ ᠦᠢᠯᠡ ᠠᠵᠢᠯᠯᠠᠭ᠎ᠠ ᠨᠢ ᠬᠦᠨᠳᠦ ᠨᠣᠴᠢᠲᠠᠢ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ      ᠡᠭᠦᠨ ᠤ ᠲᠤᠯᠠ ᠤᠨᠴᠠᠭᠠᠶᠢᠯᠠᠨ ᠵᠠᠷᠯᠠᠪᠠ᠃                            ᠠᠷᠤ ᠬᠤᠷᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                                              2023 ᠣᠨ ᠤ 8 ᠰᠠᠷ᠎ᠠ ᠶᠢᠨ 10 ᠤ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号