ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠶᠡᠬᠡᠲᠡᠢ ᠬᠤᠭᠤᠴᠠᠭᠠᠨ ᠳᠤ ᠴᠢᠩᠭ᠎ᠠ ᠰᠡᠷᠭᠡᠶᠢᠯᠡᠯᠲᠡ ᠬᠢᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2023/9/26
     ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠡᠭᠦᠰᠬᠦ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ᠪᠥᠬᠦ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠬᠦ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠣᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ  ᠤᠨ ᠠᠶᠤᠯ ᠶᠡᠬᠡᠲᠡᠢ ᠬᠤᠭᠤᠴᠠᠭᠠᠨ ᠳᠤ ᠴᠢᠩᠭ᠎ᠠ ᠰᠡᠷᠭᠡᠶᠢᠯᠡᠯᠲᠡ ᠬᠠᠮᠢᠶᠠᠷᠤᠯᠲᠠ ᠶᠠᠪᠤᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠭᠠᠯ ᠬᠡᠷᠡᠭᠯᠡᠬᠦ ᠶᠢ ᠴᠠᠭᠠᠵᠠᠯᠠᠬᠤ ᠬᠤᠭᠤᠴᠠᠭ᠎ᠠ      2023 ᠣᠨ ᠤ 9 ᠰᠠᠷ᠎ᠠ ᠶᠢᠨ 15 ᠤ ᠡᠳᠦᠷ - 2024 ᠣᠨ ᠤ 3 ᠰᠠᠷ᠎ᠠ ᠶᠢᠨ 15 ᠤ ᠡᠳᠦᠷ      ᠬᠤᠶᠠᠷ᠂ ᠭᠠᠯ ᠬᠡᠷᠡᠭᠯᠡᠬᠦ ᠶᠢ ᠴᠠᠭᠠᠵᠠᠯᠠᠬᠤ ᠬᠡᠪᠴᠢᠶ᠎ᠡ      ᠠᠷᠤ ᠬᠤᠷᠴᠢᠨ ᠬᠤᠰᠢᠭᠤᠨ ᠤ ᠬᠢᠯᠢ ᠳᠣᠲᠣᠷᠠᠬᠢ ᠣᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠤᠨ ᠰᠡᠷᠭᠡᠶᠢᠯᠡᠯᠲᠡ ᠶᠢᠨ ᠣᠷᠣᠨ      ᠭᠤᠷᠪᠠ᠂ ᠭᠠᠯ ᠬᠡᠷᠡᠭᠯᠡᠬᠦ ᠶᠢ ᠴᠠᠭᠠᠵᠠᠯᠠᠬᠤ ᠱᠠᠭᠠᠷᠳᠠᠯᠭ᠎ᠠ      ︵ᠨᠢᠭᠡ︶ ᠡᠯ᠎ᠡ ᠳᠦᠷᠦᠯ ᠤᠨ ᠣᠩᠭᠤᠨ ᠤ ᠭᠠᠵᠠᠷ᠂ ᠣᠩᠭᠤᠨ ᠤ ᠬᠦᠷᠢᠶᠡᠯᠡᠩ ᠳᠤ ᠳᠠᠬᠢᠯᠭ᠎ᠠ ᠶᠢᠨ ᠡᠳ᠋ ᠰᠢᠳᠠᠭᠠᠬᠤ ᠶᠢ ᠴᠢᠩᠭ᠎ᠠ ᠴᠠᠭᠠᠵᠠᠯᠠᠵᠤ᠂ ᠵᠠᠮ᠂ ᠠᠭᠤᠳᠠᠮ ᠲᠠᠯᠠᠪᠠᠶ᠂ ᠰᠠᠭᠤᠭᠠᠯᠢ ᠠᠷᠠᠳ ᠤᠨ ᠲᠣᠭᠤᠷᠢᠭ᠂ ᠭᠤᠣᠯ  ᠤᠨ ᠵᠠᠮ᠂ ᠴᠡᠴᠡᠷᠯᠢᠭ ᠵᠡᠷᠭᠡ ᠭᠠᠵᠠᠷ ᠤᠳ ᠢᠶᠠᠷ ᠳᠠᠬᠢᠯᠭ᠎ᠠ ᠶᠢᠨ ᠡᠳ᠋ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃      ︵ᠬᠤᠶᠠᠷ︶ ᠭᠠᠯ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ ᠰᠠᠭᠤᠭᠠᠯᠢ ᠠᠷᠠᠳ ᠵᠤᠤᠬᠠᠨ ᠤ ᠦᠨᠡᠰᠦ  ᠪᠠᠨ ᠳᠤᠷ᠎ᠠ ᠪᠠᠷ ᠬᠠᠶᠠᠬᠤ ᠶᠢ ᠴᠢᠩᠭ᠎ᠠ ᠴᠠᠭᠠᠵᠠᠯᠠᠨ᠎ᠠ᠃      ︵ᠭᠤᠷᠪᠠ︶ ᠶᠠᠮᠠᠷᠪᠠ ᠨᠢᠭᠡ ᠬᠥᠮᠥᠨ ᠭᠠᠯ ᠠᠪᠴᠤ ᠠᠭᠤᠯᠠᠨ ᠳᠤ ᠭᠠᠷᠬᠤ᠂ ᠣᠢ ᠰᠢᠭᠤᠢ ᠳᠤ ᠣᠷᠣᠬᠤ᠂ ᠲᠠᠷᠢᠮᠠᠯ ᠤᠨ ᠡᠰᠢ ᠰᠦᠷᠡᠯ ᠰᠢᠲᠠᠭᠠᠬᠤ᠂ ᠬᠤᠭ ᠨᠣᠪᠰᠢ ᠰᠢᠲᠠᠭᠠᠬᠤ ᠶᠢ ᠴᠠᠭᠠᠵᠠᠯᠠᠵᠤ᠂ ᠬᠡᠭᠡᠷ᠎ᠡ ᠬᠤᠭᠤᠯᠠᠯᠠᠬᠤ ᠪᠠ ᠬᠤᠸᠠᠷ ᠫᠤᠤᠵᠢᠩ ᠲᠠᠯᠪᠢᠬᠤ᠂ ᠬᠡᠭᠡᠷ᠎ᠡ ᠭᠠᠳᠠᠨ᠎ᠠ ᠲᠠᠮᠡᠬᠢ ᠲᠠᠲᠠᠬᠤ᠂ ᠳᠡᠭᠳᠡᠭᠦᠷ ᠳ᠋ᠧᠩᠯᠤ ᠲᠠᠯᠪᠢᠬᠤ ᠮᠡᠲᠦ ᠶᠢᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠠᠭᠠᠵᠠᠯᠠᠨ᠎ᠠ᠃ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠰᠡᠷᠭᠡᠶᠢᠯᠡᠯᠲᠡ ᠶᠢᠨ ᠣᠷᠣᠨ ᠳᠤ ᠭᠠᠯ ᠰᠡᠷᠭᠡᠶᠢᠯᠡᠬᠦ ᠴᠠᠷᠠᠭ᠎ᠠ ᠭᠠᠷᠭᠠᠬᠤ᠂ ᠦᠢᠯᠡᠳᠪᠦᠷᠢᠯᠡᠯ ᠤᠨ ᠴᠢᠨᠠᠷᠲᠠᠢ ᠭᠠᠯ ᠬᠡᠷᠡᠭᠯᠡᠬᠦ ᠴᠢᠬᠤᠯᠠ ᠲᠠᠢ ᠪᠣᠯ ᠣᠢ ᠰᠢᠭᠤᠢ ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠭᠠᠯ ᠢ ᠰᠡᠷᠭᠡᠶᠢᠯᠡᠬᠦ ᠴᠢᠬᠤᠯᠠ ᠪᠦᠬᠦᠢ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠦᠷᠢᠵᠢᠭᠤᠯᠬᠤ ᠬᠡᠷᠡᠭᠳᠡᠢ᠃      ︵ᠳᠥᠷᠪᠡ︶  ᠪᠥᠬᠦ ᠬᠤᠰᠢᠭᠤᠨ ᠤ ᠭᠠᠯ ᠤᠨ ᠰᠡᠷᠭᠡᠶᠢᠯᠡᠯᠲᠡ ᠶᠢᠨ ᠪᠤᠢ ᠪᠦᠬᠦᠢ ᠪᠠᠶᠢᠴᠠᠭᠠᠬᠤ ᠥᠷᠲᠡᠭᠡ᠂ ᠴᠠᠭᠳᠠᠨ ᠪᠠᠷᠠᠯᠠᠬᠤ ᠲᠠᠭᠲᠤ᠂ ᠰᠢᠭᠤᠶᠢᠲᠤ ᠣᠷᠣᠨ ᠤ ᠠᠵᠢᠯᠲᠠᠳ ᠴᠥᠮ ᠠᠵᠢᠯ ᠤᠨ ᠪᠠᠶᠢᠷᠢ ᠳᠠᠭᠠᠨ ᠪᠠᠶᠢᠵᠤ᠂ ᠣᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠯᠲᠡ ᠬᠢᠬᠦ ᠪᠠ ᠭᠠᠯ ᠤᠨ ᠡᠬᠢ ᠰᠣᠷᠪᠤᠯᠵᠢ ᠶᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ︽ᠠᠭᠤᠯᠠ ᠶᠢ ᠴᠢᠩᠭ᠎ᠠ ᠪᠢᠳᠡᠭᠦᠮᠵᠢᠯᠡᠵᠦ᠂ ᠬᠥᠮᠥᠨ ᠢ ᠰᠠᠶᠢᠲᠤᠷ ᠬᠠᠷᠠᠵᠤ᠂ ᠭᠠᠯ ᠢ ᠴᠢᠩᠭ᠎ᠠ ᠰᠡᠷᠭᠡᠶᠢᠯᠡᠬᠦ︾ ᠶᠢ ᠦᠨᠡᠨ ᠬᠦ ᠪᠡᠶᠡᠯᠡᠭᠦᠯᠬᠦ ᠬᠡᠷᠡᠭᠲᠡᠢ᠃      ︵ᠳᠠᠪᠤ︶ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠲᠣᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠬᠡᠰᠡᠭ ᠬᠤᠪᠢᠶᠠᠨ ᠳᠠᠭᠠᠭᠠᠴᠢᠯᠠᠵᠤ᠂ ᠲᠣᠣᠷᠵᠢᠭᠤᠯᠤᠨ ᠬᠠᠮᠢᠶᠠᠷᠤᠨ ᠡᠵᠡᠮᠳᠡᠬᠦ︾ ᠪᠠ ︽ᠬᠡᠨ ᠳᠤ ᠬᠠᠷᠢᠶᠠᠯᠠᠪᠠᠯ ᠲᠡᠷᠡ ᠬᠠᠷᠢᠭᠤᠴᠠᠨ᠂ ᠬᠡᠨ ᠬᠠᠮᠢᠶᠠᠷᠪᠠᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ ᠲᠠᠪᠤᠨ ᠱᠠᠲᠤ ᠬᠤᠯᠪᠣᠭᠠᠯᠠᠨ ᠬᠠᠷᠢᠭᠤᠴᠠᠯᠭ᠎ᠠ ᠳᠠᠭᠠᠭᠠᠴᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠬᠥᠮᠥᠨ ᠳ᠋ᠤᠨᠠᠢ ᠨᠠᠶᠢᠳᠠᠪᠦᠷᠢᠵᠢᠭᠤᠯᠬᠤ ᠬᠡᠷᠡᠭᠳᠡᠢ᠃      ︵ᠵᠢᠷᠭᠤᠭ᠎ᠠ︶ ᠡᠯ᠎ᠡ ᠰᠤᠮᠤ ᠰᠢᠶᠠᠩ ᠪᠠᠯᠭᠠᠰᠤ᠂ ᠵᠡᠬᠡᠯᠢ ᠭᠤᠲᠣᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠤᠷᠢᠳᠴᠢᠯᠠᠨ ᠰᠡᠷᠭᠡᠶᠢᠯᠡᠵᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠡᠷ ᠢ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠥᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ ᠠᠵᠢᠯ ᠢ ᠰᠠᠶᠢᠲᠤᠷ ᠥᠷᠨᠢᠭᠦᠯᠬᠦ ᠬᠡᠷᠡᠭᠲᠡᠢ᠃ ᠠᠭᠤᠯᠠᠨ ᠳᠤ ᠣᠷᠣᠬᠤ ᠵᠠᠮ ᠤᠨ ᠠᠭᠤᠯᠵᠠᠷ ᠵᠠᠰᠠᠮᠠᠯ ᠵᠠᠮ ᠤᠨ ᠬᠤᠶᠠᠷ ᠬᠠᠵᠠᠭᠤ᠂ ᠦᠵᠡᠮᠵᠢ ᠶᠢᠨ ᠣᠷᠣᠨ ᠳᠤ ᠣᠷᠢᠶ᠎ᠠ ᠯᠤᠽᠦ᠋ᠩ᠂ ᠡᠯᠭᠦᠭᠡ ᠪᠢᠴᠢᠬᠡᠰᠦ ᠨᠠᠭᠠᠬᠤ᠂ ᠭᠠᠯ ᠢ ᠰᠡᠷᠭᠢᠶᠢᠯᠡᠬᠦ ᠣᠬᠠᠭᠤᠯᠭ᠎ᠠ ᠶᠢᠨ ᠲᠤᠭ ᠪᠣᠰᠬᠠᠬᠤ᠂ ᠤᠬᠠᠭᠤᠯᠭ᠎ᠠ ᠶᠢᠨ ᠫᠠᠶᠢᠰᠠ ᠪᠠᠶᠢᠷᠢᠯᠠᠭᠤᠯᠬᠤ ᠵᠡᠷᠭᠡ ᠠᠷᠭ᠎ᠠ ᠪᠠᠷ ᠭᠠᠯ ᠲᠤᠶᠢᠮᠠᠷ ᠢ ᠰᠡᠷᠭᠡᠶᠢᠯᠡᠬᠦ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠢ᠃      ︵ᠲᠤᠯᠤᠭ᠎ᠠ︶ ᠪᠦᠬᠦ ᠬᠤᠰᠢᠭᠤᠨ ᠤ ᠭᠤᠣᠯᠳᠠᠯᠭ᠎ᠠ ᠲᠠᠢ ᠣᠢ ᠰᠢᠭᠤᠢ ᠨᠣᠲᠤᠭ ᠪᠡᠯᠴᠢᠭᠡᠷ ᠤᠨ ᠭᠠᠯ ᠲᠦᠢᠮᠠᠷ ᠢ ᠴᠢᠩᠭ᠎ᠠ ᠰᠡᠷᠭᠡᠶᠢᠯᠡᠨ ᠬᠠᠮᠢᠶᠠᠷᠬᠤ ᠬᠤᠭᠤᠴᠠᠭᠠᠨ ᠳᠤ᠂ ᠲᠣᠭᠲᠠᠭᠠᠯ ᠢ ᠵᠥᠷᠢᠴᠡᠨ ᠰᠡᠷᠭᠡᠶᠢᠯᠡᠯᠲᠡ ᠶᠢᠨ ᠣᠷᠣᠨ ᠳᠤ ᠳᠤᠷ᠎ᠠ ᠪᠠᠷ ᠢᠶᠠᠨ ᠣᠷᠣᠵᠣ ᠭᠠᠯ ᠬᠡᠷᠡᠭᠯᠡᠬᠦ᠂ ᠭᠠᠯ ᠠᠯᠳᠠᠵᠤ ᠣᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠤᠨ ᠠᠶᠤᠯ ᠡᠭᠦᠰᠬᠡᠬᠦ᠂ ᠵᠣᠷᠢᠭᠤᠳᠠ ᠭᠠᠯ ᠲᠠᠯᠪᠢᠬᠤ᠂ ᠭᠠᠯ ᠤᠨᠲᠠᠷᠠᠭᠠᠬᠤ ᠠᠵᠢᠯᠳᠠᠨ ᠤ ᠵᠢᠯᠣᠭᠤᠳᠤᠯᠭ᠎ᠠ  ᠶᠢ ᠳᠠᠭᠠᠬᠤ ᠦᠭᠡᠢ᠂ ᠭᠠᠯ ᠤᠨᠲᠠᠷᠠᠭᠠᠬᠤ ᠶᠢ ᠨᠥᠯᠥᠭᠡᠯᠡᠬᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ  ᠤᠨ ᠭᠠᠮᠰᠢᠭ ᠡᠭᠦᠰᠬᠡᠭᠰᠡᠨ ᠪᠠᠶᠢᠪᠠᠯ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ︽ᠡᠷᠡᠭᠦᠦ ᠶᠢᠨ ᠬᠠᠤᠯᠢ︾᠂      ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ︽ᠣᠢ ᠰᠢᠭᠤᠢ ᠶᠢᠨ ᠭᠠᠯ ᠲᠦᠮᠠᠷ ᠢ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠨᠤᠲᠤᠭ ᠪᠡᠯᠴᠢᠭᠡᠷ  ᠤᠨ ᠭᠠᠯ ᠲᠦᠢᠮᠡᠷ ᠢ ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠭᠡᠮᠵᠢᠯᠡᠬᠦ ᠠᠷᠭ᠎ᠠ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ᠃      ︵ᠨᠠᠢᠮᠠ︶ ᠥᠷᠭᠡᠨ ᠣᠯᠠᠨ ᠺᠠᠳ᠋ᠷ ᠣᠯᠠᠨ ᠲᠦᠮᠡᠨ ᠣᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠬᠦ ᠲᠣᠭᠲᠠᠭᠠᠯ ᠢ ᠤᠠᠮᠰᠠᠷ ᠠᠴᠠ ᠪᠠᠨ ᠵᠢᠷᠤᠮᠯᠠᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠪᠠ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠦᠭᠰᠡᠨ ᠪᠠᠶᠢᠳᠠᠯ ᠢ ᠣᠯᠵᠤ ᠮᠡᠲᠡᠪᠡᠯ ᠲᠠᠷᠤᠢ ᠲᠦᠷᠭᠡᠨ 12119 ᠪᠤᠶᠤ 7231802 ᠲᠤ ᠣᠳᠠᠰᠤᠲᠠᠵᠤ ᠮᠡᠳᠡᠭᠳᠡᠭᠡᠷᠡᠢ᠃      ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                                  ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                           2023 ᠣᠨ ᠤ 9 ᠰᠠᠷ᠎ᠠ ᠶᠢᠨ 12 ᠤᠨ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号