ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠬᠤᠶᠠᠳᠤᠭ᠋ᠷ ᠪᠦᠭᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/28
       1 ᠰᠠᠷ᠎ᠠ ᠶᠢᠨ 27 ᠤ ᠡᠳᠦᠷ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠬᠤᠶᠠᠳᠤᠭᠠᠷ ᠪᠦᠭᠦᠳᠡ ᠬᠤᠷᠠᠯ ᠬᠤᠷᠠᠯᠳᠤᠪᠠ᠃ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠲᠥᠯᠥᠭᠡᠯᠡᠭᠴᠢ 197 ᠪᠠᠶᠢᠵᠤ᠂ ᠬᠤᠷᠠᠯ ᠳᠤ 177 ᠲᠥᠯᠥᠭᠡᠯᠡᠭᠴᠢ ᠣᠷᠣᠯᠴᠠᠨ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠶᠢᠨ ᠲᠣᠭᠲᠠᠭᠠᠯ ᠳᠤ ᠨᠡᠶᠢᠴᠡᠨ᠎ᠠ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠸᠧᠢ ᠪᠢᠯᠢᠭ᠂ ᠵᠠᠩ ᠬᠤᠩ ᠰᠢᠨ᠂ ᠬᠥᠬᠡᠪᠡᠷᠰ᠂ ᠶᠠᠩ ᠾᠦᠢ ᠶᠠᠨ᠂ ᠴᠢᠨ ᠶᠤᠸᠠᠢ ᠭᠦᠸᠧ᠂ ᠸᠠᠩ ᠰᠢᠣᠢ ᠫᠧᠩ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠤᠯᠴᠠᠪᠠ᠃ ᠴᠧᠨ ᠬᠤ᠋ ᠨᠠᠨ᠂ ᠰᠡᠷᠭᠦᠯᠡᠩ ᠵᠡᠷᠭᠡ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠭᠦᠨ ᠪᠣᠯᠣᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠨ ᠪᠤᠰᠤ ᠬᠤᠰᠢᠭᠤᠨ ᠤᠳᠤᠷᠢᠳᠤᠯᠭ᠎ᠠ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠤᠯᠴᠠᠪᠠ᠃
       ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠴᠢᠨ ᠶᠣᠸᠠᠢ ᠭᠦᠸᠧ ᠬᠤᠷᠠᠯ ᠡᠷᠬᠢᠯᠡᠪᠡ᠃
       ᠶᠠᠩ ᠾᠦᠢ ᠶᠠᠨ ᠬᠤᠰᠢᠭᠤᠨ ᠠᠷᠪᠠᠨ ᠨᠠᠢᠮᠠᠳᠤᠭ᠋ᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ᠃ ᠲᠡᠷᠡ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ᠂ ᠮᠥᠨᠴᠦ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠡᠭᠦᠷᠭᠡ ᠲᠤᠰᠢᠶᠠᠯ ᠢᠶᠠᠨ ᠭᠦᠢᠴᠡᠳᠬᠡᠨ ᠴᠢᠨᠠᠷ ᠴᠢᠨᠰᠠᠭ᠎ᠠ ᠪᠠ ᠦᠷ᠎ᠡ ᠪᠦᠳᠦᠮᠵᠢ ᠶᠢ ᠳᠡᠭᠡᠭᠰᠢᠯᠡᠭᠦᠯᠦᠭᠰᠡᠨ ᠨᠢᠭᠡ ᠵᠢᠯ ᠪᠣᠯᠣᠨ᠎ᠠ᠃ ᠬᠤᠰᠢᠭᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠭᠤᠰᠢᠯᠠᠭᠤᠯᠤᠨ ᠨᠠᠶᠢᠲᠠᠪᠤᠷᠢᠴᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠨᠠᠮ ᠤᠨ ᠬᠤᠷᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠥᠨᠴᠡᠭᠡᠢ ᠰᠤᠷᠤᠯᠴᠠᠨ ᠲᠣᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠳᠠᠯᠠᠨ᠂ ᠪᠥᠬᠦ ᠶᠠᠪᠤᠴᠠ ᠳᠤ ᠠᠷᠠᠳ ᠤᠨ ᠠᠷᠠᠳᠴᠢᠯᠠᠯ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠬᠠᠤᠯᠢ ᠶᠣᠰᠣᠭᠠᠷ ᠲᠤᠰᠢᠶᠠᠯ ᠢᠶᠠᠨ ᠭᠦᠢᠴᠡᠳᠬᠡᠨ ᠡᠷᠬᠡ ᠪᠠᠨ ᠬᠡᠷᠡᠭᠵᠢᠭᠦᠯᠪᠡ᠃ ᠪᠥᠬᠦ ᠵᠢᠯ ᠳᠤ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠢ 9 ᠤᠳᠠᠭ᠎ᠠ᠂ ᠡᠷᠬᠢᠯᠡᠭᠴᠢ ᠶᠢᠨ ᠬᠤᠷᠠᠯ  ᠢ 9 ᠤᠳᠠᠭ᠎ᠠ᠂ ︽ᠨᠢᠭᠡ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠶᠢᠨ ᠲᠤᠰᠬᠠᠢ ᠳᠥᠷᠦᠯ ᠤᠨ ᠠᠵᠢᠯ ᠤᠨ ᠮᠡᠳᠡᠭᠦᠯᠦᠯᠲᠡ ᠶᠢ 25 ᠤᠳᠠᠭ᠎ᠠ ᠰᠣᠨᠣᠰᠴᠤ ᠬᠢᠨᠠᠨ ᠵᠥᠪᠯᠡᠵᠦ᠂ ᠲᠣᠭᠤᠷᠢᠨ ᠦᠵᠡᠬᠦ ᠪᠠᠶᠢᠴᠠᠭᠠᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 13 ᠤᠳᠠᠭ᠎ᠠ ᠥᠷᠨᠢᠭᠦᠯᠪᠡ ᠭᠡᠵᠡᠢ᠃ ᠶᠠᠩ ᠡᠾᠦ᠋ᠢ ᠶᠠᠨ᠂ ᠵᠥᠪ ᠤᠯᠤᠰ ᠲᠥᠷᠦ ᠶᠢᠨ ᠴᠢᠭᠯᠡᠯ ᠢ ᠪᠠᠷᠢᠮᠳᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠭᠰᠠᠨ︔ ᠪᠦᠬᠦ ᠬᠤᠰᠢᠭᠤᠨ ᠤ ᠭᠤᠣᠯ ᠶᠡᠭᠡ ᠲᠠᠯ᠎ᠠ ᠶᠢᠨ ᠲᠣᠭᠤᠷᠢᠨ‌‍ᠳᠤ᠂ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ︔ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠢᠳᠡᠪᠬᠢᠲᠡᠢ ᠪᠠᠷ ᠦᠢᠯᠡᠴᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠠᠶᠠᠴᠢ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠰᠠᠨ︔ ᠲᠣᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠠᠭᠤᠷᠢ ᠶᠢ ᠰᠠᠶᠢᠲᠤᠷ ᠪᠠᠬᠢᠵᠢᠭᠦᠯᠦᠭᠰᠡᠨ ᠵᠡᠷᠭᠡ ᠳᠥᠷᠪᠡᠨ ᠲᠠᠯ᠎ᠠ ᠪᠠᠷ 2023 ᠣᠨ ᠤ ᠬᠤᠰᠢᠭᠤᠨ ᠠᠷᠪᠠᠨ ᠨᠠᠢᠮᠠᠳᠤᠭᠠᠷ ᠬᠤᠭᠤᠴᠠᠭᠠᠨ  ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠢ ᠡᠷᠬᠢᠴᠡᠭᠦᠯᠦᠨ      ᠳ᠋ᠦᠩᠨᠡᠪᠡ᠃        2024 ᠣᠨ ᠤ ᠠᠵᠢᠯ ᠤᠨ ᠲᠣᠬᠢᠷᠠᠭᠤᠯᠤᠯᠲᠠ ᠶᠢᠨ ᠲᠠᠯ᠎ᠠ ᠪᠠᠷ ᠶᠠᠩ ᠡᠾᠦ᠋ᠢ ᠶᠠᠠ ᠶᠠᠷᠢᠬᠤ ᠳᠤ ᠪᠠᠨ᠂ 2024 ᠣᠨ ᠤ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ  ᠤᠨ ᠶᠡᠷᠦᠩᠬᠡᠢ ᠰᠡᠳᠬᠢᠮᠵᠢ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠳᠠᠯᠠᠨ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠨ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠠᠢ ᠨᠢᠭᠲᠠ ᠣᠶᠢᠷᠠᠳᠤᠭᠤᠯᠤᠨ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠵᠤ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠲᠠᠯ᠎ᠠ ᠪᠠᠷ ᠰᠢᠨ᠎ᠡ ᠳᠣᠭᠳᠠᠴᠠ ᠶᠢ ᠬᠠᠶᠢᠨ ᠰᠦᠪᠡᠭᠴᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ ᠲᠦᠪᠰᠢᠨ‌‍ᠢᠶ᠋ᠡᠨ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ᠣᠷᠣᠨ ᠨᠤᠲᠤᠭ ᠤᠨ ᠲᠥᠷᠥ ᠶᠢᠨ ᠡᠷᠭᠡᠲᠦ ᠪᠠᠶᠢᠭᠤᠯᠭ᠎ᠠ ᠶᠢᠨ ᠠᠷᠢᠭᠤᠨ ᠲᠠᠷᠬᠠᠨ ᠲᠣᠰᠢᠶᠠᠯ ᠬᠠᠷᠢᠭᠤᠴᠠᠯᠭ᠎ᠠ ᠪᠠ ᠡᠭᠦᠷᠭᠡ ᠪᠠᠨ ᠦᠨᠡᠨ ᠬᠦ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠳᠡᠭᠳᠡᠷ ᠲᠤ ᠭᠠᠷᠬᠤ ᠶᠢ ᠠᠬᠢᠭᠤᠯᠤᠨ᠎ᠠ ᠭᠡᠵᠡᠢ᠃        ᠶᠠᠩ ᠡᠾᠦ᠋ᠢ ᠶᠠᠨ ᠠᠴᠠ ᠬᠢᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠨᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ ᠤᠯᠤᠰ  ᠲᠦᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠥᠨᠳᠦᠷᠴᠠ ᠲᠠᠢ ᠪᠣᠯᠬᠤ︔ ᠬᠠᠤᠯᠢ ᠪᠠᠷ ᠲᠣᠭᠲᠠᠭᠠᠭᠰᠠᠨ ᠲᠣᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ ᠠᠵᠤ ᠠᠬᠤᠢ ᠨᠡᠶᠢᠬᠡᠮ ᠤᠨ ᠬᠥᠭᠵᠢᠯᠲᠡ ᠶᠢ ᠳᠦᠯᠬᠢᠨ ᠠᠬᠢᠭᠤᠯᠬᠤ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠭᠠᠷᠭᠠᠬᠤ︔ ᠲᠥᠯᠥᠭᠡᠯᠡᠭᠴᠢᠳ ᠤᠨ ᠪᠠᠶᠠᠴᠢ ᠴᠣᠭᠴᠠ  ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠢᠳᠤᠯᠢᠭ ᠬᠦᠴᠦᠨ ᠢ ᠬᠥᠭᠵᠢᠭᠡᠬᠦ ᠲᠠᠯ᠎ᠠ ᠪᠠᠷ ᠰᠢᠨ᠎ᠡ ᠠᠷᠭ᠎ᠠ ᠬᠡᠮᠵᠢᠶ᠎ᠡ ᠠᠪᠬᠤ︔ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠢᠮᠠᠭᠲᠠ ᠪᠠᠷᠢᠮᠳᠠᠯᠠᠵᠤ᠂ ᠳᠥᠷᠪᠡᠨ ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠵᠡᠷᠭᠡ ᠳᠥᠷᠪᠡᠨ ᠲᠠᠯ᠎ᠠ ᠠᠴᠠ 2024 ᠣᠨ ᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃        ᠶᠠᠩ ᠾᠦᠢ ᠶᠠᠨ᠂ ᠰᠢᠨ᠎ᠡ ᠴᠠᠭ ᠦᠶ᠎ᠡ ᠪᠢᠳᠠᠨ ᠢ ᠤᠷᠮᠠᠰᠢᠭᠤᠯᠤᠨ ᠵᠣᠷᠢᠭᠵᠢᠭᠤᠯᠵᠤ᠂ ᠰᠢᠨ᠎ᠡ ᠠᠶᠠᠨ ᠪᠢᠳᠠᠨ ᠢ ᠡᠷᠡᠯᠬᠡᠭᠯᠡᠨ ᠤᠷᠤᠭᠰᠢᠯᠠᠭᠤᠯᠪᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭ᠌ᠲᠡᠷᠡᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠳᠠᠯᠠᠵᠤ᠂ ᠬᠤᠰᠢᠭᠤᠨ ᠨᠠᠮ  ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠦᠯᠦ ᠬᠦᠰᠡᠷᠳᠡᠭᠦᠯᠦᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠷᠭᠦᠯᠵᠢᠯᠡᠨ ᠲᠡᠮᠡᠴᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠠᠷᠤ ᠬᠤᠷᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠪᠡ᠃
       ᠬᠤᠷᠠᠯ ᠠᠴᠠ ᠪᠠᠰᠠ ᠬᠤᠰᠢᠭᠤᠨ ᠠᠷᠠᠳ ᠤᠨ ᠰᠢᠬᠦᠬᠦ ᠬᠤᠷᠢᠶᠠᠨ ᠤ ᠠᠵᠢᠯ ᠤᠨ ᠮᠡᠳᠡᠭᠦᠯᠦᠯᠲᠡ᠂ ᠬᠤᠰᠢᠭᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠪᠠ᠃ ︵ᠬᠠᠮ ᠵᠠᠭᠤᠴᠢᠯᠠᠭᠤᠷ ᠤᠨ ᠪᠥᠬᠦ ᠰᠣᠷᠪᠤᠯᠵᠢᠯᠠᠭᠴᠢᠳ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号